ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠪᠤᠯᠪᠠᠰᠤᠷᠠᠭᠤᠯᠤᠯ᠎ᠤᠨ ᠠᠩᠭᠢ ᠪᠤᠭᠤᠲᠤ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-05-24


   5 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠂ ᠪᠤᠭᠤᠲᠤ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠳᠠᠭ᠋ᠠᠭ᠋ᠠᠨ ᠡᠷᠭᠢᠯᠡᠭᠰᠡᠨ ᠪᠥᠬᠥ ᠣᠷᠣᠨ᠎ᠤ ᠣᠶ ᠰᠢᠭᠤᠶ  ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠪᠤᠯᠪᠠᠰᠤᠷᠠᠭᠤᠯᠤᠯ᠎ᠤᠨ ᠠᠩᠭᠢ ᠪᠤᠭᠤᠲᠤ ᠬᠣᠲᠠ᠎ᠳᠤ ᠶᠠᠪᠤᠭᠳᠠᠪᠠ᠃ ᠲᠣᠰ ᠤᠳᠠᠭ᠋ᠠᠨ᠎ᠤ ᠪᠣᠯᠪᠠᠰᠤᠷᠠᠭᠤᠯᠤᠯ᠎ᠨᠢ ᠤᠯᠤᠰ᠎ᠤᠨ 《ᠬᠤᠤᠰ ᠨᠡᠭᠦᠷᠡᠰᠦᠳᠦᠷᠦᠭᠴᠢ》 ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠷᠠᠯᠵᠢᠶ᠎ᠠ ᠵᠢ ᠲᠦᠷᠭᠡᠳᠬᠡᠨ ᠠᠬᠢᠭᠤᠯᠬᠤ᠂ ᠠᠮᠢ ᠠᠬᠤᠶ ᠵᠢᠨ ᠦᠨ᠎ᠡ ᠥᠷᠲᠡᠭ᠎ᠢ ᠤᠯᠠᠷᠢᠭᠤᠯᠬᠤ ᠵᠢ ᠠᠬᠢᠭᠤᠯᠬᠤ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠲᠤᠰᠬᠠᠶ ᠮᠡᠷᠭᠡᠵᠢᠯ᠎ᠤᠨ ᠬᠦᠴᠦᠨ᠎ᠢ ᠬᠥᠮᠦᠵᠢᠭᠦᠯᠵᠤ᠂ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠨᠡᠭᠡᠭᠡᠯᠲᠡ ᠪᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠠᠮᠢᠶ᠎ᠠ ᠪᠥᠬᠥᠶ ᠲᠢᠩᠬᠢᠮ ᠲᠣᠪᠴᠢᠶ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠤᠨ ᠬᠠᠷᠢᠭᠤᠴᠠᠯᠭ᠋ᠠᠲᠠᠨ ᠨᠥᠬᠥᠳ ᠪᠠ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ 100 ᠰᠢᠬᠠᠮ ᠬᠦᠮᠦᠨ ᠤᠷᠤᠯᠴᠠᠪᠠ᠃


W020240522390642177816_ORIGIN.jpg


   ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠮᠢ ᠠᠬᠤᠶ ᠵᠢᠨ ᠬᠠᠮᠠᠭ᠋ᠠᠯᠠᠯᠲᠠ ᠰᠡᠷᠭᠦᠭᠡᠯᠲᠡ ᠵᠢᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠭᠦᠸᠧ ᠴᠢᠩ ᠵᠢᠶᠦ᠋ᠨ ᠤᠷᠢᠯᠭ᠎ᠠ᠎ᠪᠠᠷ ᠪᠤᠯᠪᠠᠰᠤᠷᠠᠭᠤᠯᠤᠯ ᠡᠬᠢᠯᠡᠬᠦ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠨᠥᠬᠥᠷ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠵᠠᠩ ᠪᠢᠨ ᠨᠥᠬᠥᠷ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠶᠡᠷᠦᠩᠬᠡᠶ ᠢᠨᠵᠧᠨᠧᠷ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠲᠣᠪᠴᠢᠶ᠎ᠠ ᠵᠢᠨ ᠬᠠᠷᠢᠭᠤᠴᠠᠯᠭ᠋ᠠᠲᠠᠨ ᠺᠠᠩ ᠬᠣᠩ ᠨᠥᠬᠥᠷ ᠬᠤᠷᠠᠯ᠎ᠢ ᠡᠷᠭᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠲᠢᠩᠬᠢᠮ ᠲᠣᠪᠴᠢᠶ᠎ᠠ᠂ ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ᠂ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠨᠥᠬᠥᠳ ᠬᠤᠷᠠᠯ᠎ᠳᠤ ᠤᠷᠤᠯᠴᠠᠪᠠ᠃
   ᠪᠤᠯᠪᠠᠰᠤᠷᠠᠭᠤᠯᠤᠯ ᠡᠬᠢᠯᠡᠬᠦ ᠶᠣᠰᠣᠯᠠᠯ ᠳᠡᠭᠡᠷ᠎ᠡ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠵᠠᠩ ᠪᠢᠨ ᠢᠯᠡᠷᠬᠡᠶ᠋ᠢᠯᠡᠬᠦ᠎ᠳᠡᠭᠡᠨ᠂ ᠪᠤᠭᠤᠲᠤ ᠬᠣᠲᠠ ᠤᠯᠤᠰ᠎ᠤᠨ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠲᠤᠷᠰᠢᠯᠲᠠ ᠵᠢᠨ ᠬᠣᠲᠠ ᠪᠠ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ  ᠬᠤᠷᠠᠭᠤᠯᠬᠤ ᠠᠷᠠᠯᠵᠢᠶᠠᠨ᠎ᠤ ᠲᠤᠷᠰᠢᠯᠲᠠ ᠵᠢᠨ ᠴᠢᠭ ᠪᠣᠯᠤᠭᠰᠠᠨ᠎ᠤ ᠬᠤᠪᠢ᠎ᠳᠤ᠂ ᠬᠣᠶᠠᠷ ᠵᠢᠯ ᠭᠠᠷᠤᠶ ᠵᠢᠨ ᠬᠠᠶ᠋ᠢᠨ ᠰᠥᠪᠡᠭᠴᠢᠯᠡᠯᠲᠡ ᠵᠢᠨ ᠦᠢ᠍ᠯᠡᠳᠦᠯᠭᠡ᠎ᠪᠠᠷ ᠳᠡᠮᠵᠢᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠬᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠬᠡᠮᠵᠢᠶ᠎ᠡ ᠵᠢ ᠬᠢᠨᠠᠨ ᠬᠡᠮᠵᠢᠬᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠡᠳ᠋ ᠬᠥᠷᠥᠩᠭᠡ ᠵᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠤᠷᠠᠭᠤᠯᠬᠤ ᠮᠥᠩᠭᠥᠨ  ᠭᠦᠢ᠍ᠯᠭᠡᠭᠡᠨ᠎ᠤ ᠳᠠᠭ᠋ᠠᠳᠬᠠᠯ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠣᠷᠣᠨ ᠪᠦᠰᠡ ᠠᠯᠤᠰᠯᠠᠨ ᠬᠠᠮᠲᠤᠷᠠᠯᠴᠠᠬᠤ ᠵᠡᠷᠭᠡ ᠲᠠᠯ᠎ᠠ᠎ᠪᠠᠷ ᠤᠷᠢᠳ ᠵᠶ᠋ᠠᠷ ᠲᠤᠷᠰᠢᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠱᠠᠲᠤ ᠦᠶᠡᠴᠢ ᠴᠢᠨᠠᠷᠳᠠᠢ ᠠᠬᠢᠴᠠ᠎ᠲᠠᠢ ᠪᠤᠯᠪᠠ᠃
    ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠲᠤᠷᠰᠢᠯᠲᠠ ᠵᠢᠨ ᠴᠢᠭ᠎ᠤᠨ ᠳᠠᠶ᠋ᠢᠴᠢᠯᠠᠬᠤ  ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠢᠯᠣᠭᠣᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ᠃

 

 W020240522390642205673_ORIGIN.jpg

 
    ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠮᠠ ᠴᠢᠶᠠᠩ ᠵᠢᠭ᠋ᠠᠵᠤ ᠭᠠᠷᠭ᠋ᠠᠭᠰᠠᠨ᠎ᠨᠢ᠂ ᠪᠥᠬᠥ ᠣᠷᠣᠨ᠎ᠤ ᠣᠶ ᠰᠢᠭᠤᠶ ᠵᠢᠨ ᠲᠠᠯᠠᠪᠠᠶ 3.57 ᠳ᠋ᠦᠩᠰᠢᠭᠤᠷ ᠮᠥ᠍᠂ ᠨᠤᠲᠤᠭ ᠪᠡᠯᠴᠢᠭᠡᠷ 8.15 ᠳ᠋ᠦᠩᠰᠢᠭᠤᠷ ᠮᠥ᠍᠂ ᠴᠢᠭᠢᠭᠯᠢᠭ ᠭᠠᠵᠠᠷ 7300 ᠲᠦᠮᠡᠨ ᠮᠥ᠍ ᠪᠠᠶ᠋ᠢᠵᠤ᠂ ᠲᠣᠰ ᠲᠣᠰ ᠪᠥᠬᠥ ᠤᠯᠤᠰ᠎ᠤᠨ ᠨᠢᠭᠡᠳᠦᠭᠡᠷ᠂ ᠬᠣᠶᠠᠳᠤᠭ᠋ᠠᠷ᠂ ᠳᠥᠷᠪᠡᠳᠦᠭᠡᠷ᠎ᠲᠤ ᠣᠷᠣᠵᠤ᠂ ᠮᠠᠨ᠎ᠤ ᠤᠯᠤᠰ᠎ᠤᠨ ᠤᠮᠠᠷᠠᠲᠤ ᠵᠢᠨ ᠬᠠᠮᠤᠭ᠎ᠤᠨ ᠶᠡᠬᠡ ᠠᠮᠢ ᠠᠬᠤᠶ ᠵᠢᠨ ᠨᠡᠭᠦᠷᠡᠰᠦᠲᠥ᠋ᠷᠥᠭᠴᠢ ᠵᠢᠨ ᠬᠥᠮᠥᠷᠭᠡ ᠪᠣᠯᠵᠠᠶ᠃ ᠣᠶ᠋ᠢᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠨᠡ ᠵᠢᠯ᠎ᠤᠨ 2 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠣᠪᠴᠢᠶ᠎ᠠ ᠪᠠᠶ᠋ᠢᠭᠤᠯᠬᠤ ᠵᠢ ᠵᠥᠪᠰᠢᠶᠡᠷᠡᠵᠦ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠡᠨᠡ ᠪᠣᠯ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠣᠪᠴᠢᠶ᠎ᠠ ᠪᠠᠶ᠋ᠢᠭᠤᠯᠤᠭᠳᠠᠭᠰᠠᠨ᠎ᠠᠴᠠ ᠨᠠᠰᠢᠬᠢ ᠠᠩᠬᠠᠳᠠᠭᠴᠢ ᠠᠵᠢᠯ ᠲᠥᠷᠥᠯ᠎ᠤᠨ ᠪᠣᠯᠪᠠᠰᠤᠷᠠᠭᠤᠯᠤᠯ ᠪᠣᠯᠤᠨ᠎ᠠ᠂ ᠡᠨᠡ᠎ᠨᠢ ᠲᠤᠰᠬᠠᠶ᠋ᠢᠯᠠᠨ ᠤᠯᠤᠰ᠎ᠤᠨ ᠳᠣᠲᠣᠭ᠋ᠠᠳᠤ ᠵᠢᠨ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠬᠦᠷᠢᠶᠡᠨ᠎ᠳᠠᠬᠢ ᠠᠵᠢᠯ ᠲᠥᠷᠥᠯ᠎ᠤᠨ ᠤᠳᠤᠷᠢᠳᠤᠯᠭ᠎ᠠ ᠪᠠ ᠨᠠᠷᠠᠲᠤ ᠲᠤᠰᠬᠠᠶ ᠮᠡᠷᠭᠡᠵᠢᠯᠲᠡᠨ᠎ᠢ ᠤᠷᠢᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠎ᠲᠠᠢ ᠬᠢᠭᠰᠡᠨ ᠪᠦᠭᠡᠳ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ᠂ ᠬᠢᠨᠠᠨ ᠲᠣᠭᠲᠠᠭ᠋ᠠᠵᠤ ᠬᠢᠨᠠᠨ ᠬᠠᠷᠭᠤᠭᠤᠯᠬᠤ᠂ ᠬᠢᠨᠠᠨ ᠬᠡᠮᠵᠢᠬᠦ ᠪᠠ ᠳᠠᠩᠰᠠᠯᠠᠭᠤᠯᠵᠤ ᠠᠷᠠᠯᠵᠢᠶᠠᠯᠠᠬᠤ ᠪᠥᠬᠥ ᠶᠠᠪᠤᠴᠠ ᠵᠢᠨ ᠲᠠᠨᠢᠯᠴᠠᠭᠤᠯᠭ᠎ᠠ ᠬᠢᠵᠦ᠂ ᠨᠢᠭᠡ ᠤᠳᠠᠭ᠋ᠠᠨ᠎ᠤ  ᠦᠨᠳᠦᠷ ᠲᠦᠪᠰᠢᠨ ᠪᠦᠬᠦᠢ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠪᠤᠯᠤᠭᠰᠠᠨ ᠪᠠᠢ᠌ᠨ᠎ᠠ᠃
    ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠮᠢ ᠠᠬᠤᠶ ᠵᠢᠨ ᠬᠠᠮᠠᠭ᠋ᠠᠯᠠᠯᠲᠠ ᠰᠡᠷᠭᠦᠭᠡᠯᠲᠡ ᠵᠢᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠭᠦᠸᠧ ᠴᠢᠩ ᠵᠢᠶᠦ᠋ᠨ᠂ ᠬᠤᠤᠰ ᠨᠡᠭᠦᠷᠡᠰᠦᠲᠥ᠋ᠷᠥᠭᠴᠢ ᠵᠢᠨ ᠬᠠᠷᠠᠯᠲᠠ ᠵᠢ ᠪᠡᠶᠡᠯᠡᠭᠦᠯᠬᠦ ᠪᠣᠯ ᠨᠠᠮ᠎ᠤᠨ ᠲᠥᠪ ᠬᠣᠷᠢᠶ᠎ᠠ᠎ᠠᠴᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠶ ᠲᠥᠯᠥᠪᠵᠢᠭᠦᠯᠦᠨ ᠭᠠᠷᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠤ ᠪᠣᠳᠣᠯᠭ᠎ᠠ ᠮᠥᠨ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠠᠶ᠋ᠢᠯᠠᠰᠢ ᠥᠬᠡᠶ ᠱᠠᠭ᠋ᠠᠷᠳᠠᠯᠭ᠎ᠠ ᠮᠥᠨ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠴᠢᠳᠠᠪᠤᠷᠢ ᠵᠢ ᠪᠡᠬᠢᠵᠢᠭᠦᠯᠬᠦ ᠠᠵᠢᠯᠯᠠᠭ᠎ᠠ ᠵᠢ ᠢᠳᠡᠪᠬᠢᠲᠡᠶ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠬᠢᠨᠠᠨ ᠬᠡᠮᠵᠢᠬᠦ ᠰᠢᠰᠲ᠋ᠧᠮᠵᠢ ᠵᠢ ᠪᠠᠶ᠋ᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠵᠦ᠂ ᠨᠡᠯᠢᠶᠡᠳ ᠰᠠᠶ᠋ᠢᠨ ᠠᠮᠵᠢᠯᠲᠠ ᠪᠦᠲᠦᠮᠵᠢ ᠣᠯᠵᠠᠶ᠂ ᠡᠭᠦᠨ᠎ᠢ ᠨᠤᠲᠠᠯᠠᠭᠤᠰᠢᠲᠠᠶ ᠶᠤᠮ᠃
     ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠨᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ  ᠬᠤᠷᠠᠭᠤᠯᠬᠤ ᠪᠠᠶ᠋ᠢᠯᠳᠤᠬᠤ ᠪᠣᠳᠣᠯᠭ᠎ᠠ᠎ᠳᠠᠬᠢ 《ᠰᠠᠭᠤᠷᠢ ᠴᠢᠯᠠᠭᠤ》 ᠵᠢᠨ ᠦᠢ᠍ᠯᠡᠳᠦᠯ᠎ᠢ ᠪᠠᠳᠠᠷᠠᠭᠤᠯᠬᠤ᠎ᠪᠠᠷ ᠡᠭᠦᠷᠭᠡ ᠪᠣᠯᠭ᠋ᠠᠵᠤ᠂ 《ᠰᠠᠭᠤᠷᠢ ᠲᠠᠯᠪᠢᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ᠂ ᠡᠳ᠋ ᠬᠥᠷᠥᠩᠭᠡ᠎ᠪᠠᠨ ᠲᠣᠳᠣᠷᠬᠠᠶ᠋ᠢᠯᠠᠬᠤ᠂ ᠲᠥᠷᠥᠯ ᠵᠦᠢ᠍ᠯ ᠭᠠᠷᠭ᠋ᠠᠬᠤ》 ᠵᠢᠨ ᠲᠣᠭᠣᠷᠢᠨ᠎ᠳᠤ᠂ ᠨᠡᠭᠦᠷᠡᠰᠦᠲᠥ᠋ᠷᠥᠭᠴᠢ ᠵᠢ ᠰᠢᠩᠭᠡᠭᠡᠨ ᠠᠪᠬᠤ ᠠᠵᠢᠯ᠎ᠤᠨ ᠬᠥᠭᠵᠢᠯᠲᠡ ᠵᠢ ᠪᠥᠬᠥ ᠬᠦᠴᠦᠨ ᠵᠶ᠋ᠠᠷ ᠳᠥᠯᠭᠢᠨ ᠠᠬᠢᠭᠤᠯᠪᠠ᠃ 
    2023 ᠣᠨ᠎ᠠᠴᠠ ᠨᠠᠰᠢ ᠪᠥᠬᠥ ᠣᠷᠣᠨ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠲᠥᠷᠥᠯ ᠵᠦᠢ᠍ᠯ᠎ᠢ ᠨᠡᠶ᠋ᠢᠲᠡ 17 ᠨᠡᠭᠡᠭᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠷᠠᠯᠵᠢᠶ᠎ᠠ ᠵᠢ 103.5 ᠲᠦᠮᠡᠨ ᠲᠣᠨ ᠪᠡᠶᠡᠯᠡᠭᠦᠯᠵᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ 3209.5 ᠲᠦᠮᠡᠨ ᠲᠥᠭᠥᠷᠢᠭ᠎ᠲᠤ ᠬᠦᠷᠴᠦ᠂ ᠰᠢᠨ᠎ᠡ ᠰᠢᠪᠲᠤᠯᠤᠯᠲᠠ ᠪᠠ ᠨᠡᠯᠢᠶᠡᠳ ᠰᠠᠶ᠋ᠢᠨ ᠠᠮᠵᠢᠯᠲᠠ ᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠮᠡᠷᠭᠡᠵᠢᠯ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ》 ᠲᠤᠰᠬᠠᠶ ᠰᠡᠳᠦᠪᠲᠦ ᠲᠠᠶ᠋ᠢᠯᠤᠮᠵᠢ ᠶᠠᠪᠤᠭᠳᠠᠭᠤᠯᠪᠠ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
                      
 
             蒙ICP备05000248号