
6 ᠰᠠᠷ᠎ᠠ ᠵᠢᠨ 29᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠵᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠨᠠᠮ᠎ᠤᠨ ᠰᠠᠬᠢᠯᠭ᠎ᠠ ᠪᠠᠲᠤ ᠵᠢᠨ ᠬᠢᠴᠢᠶᠡᠯ᠎ᠢ ᠡᠷᠬᠢᠯᠡᠪᠡ᠃

ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠪᠥᠬᠥ ᠬᠥᠮᠦᠰ 《ᠰᠠᠬᠢᠯᠭ᠎ᠠ ᠪᠠᠲᠤ ᠪᠠ ᠶᠣᠰᠣ ᠲᠦᠷᠢᠮ᠎ᠢ ᠲᠡᠷᠢᠭᠦᠨ᠎ᠳᠤ ᠲᠠᠯᠪᠢᠬᠤ ᠬᠡᠷᠡᠭᠲᠡᠶ》 ᠭᠡᠬᠦ ᠰᠡᠷᠡᠮᠵᠢᠯᠡᠭᠦᠯᠦᠨ ᠬᠥᠮᠦᠵᠢᠭᠦᠯᠬᠦ ᠹᠢᠯᠢᠮ᠎ᠢ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠰᠢᠤᠢ ᠬᠣᠶ ᠮᠢᠩ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠪᠡ᠃

ᠸᠠᠩ ᠵᠣᠣ ᠱᠧᠩ ᠶᠠᠭᠤᠨ᠎ᠤ ᠡᠮᠦᠨ᠎ᠡ ᠰᠤᠷᠭ᠋ᠠᠨ ᠬᠥᠮᠦᠵᠢᠯ᠎ᠤᠨ ᠹᠢᠯᠢᠮ᠎ᠳᠠᠬᠢ ᠡᠰᠡᠷᠭᠦ ᠲᠠᠯ᠎ᠠ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠵᠡᠶ᠃ ᠲᠡᠷᠡ᠂ ᠡᠭᠦᠨ᠎ᠠᠴᠠ ᠭᠦᠨᠵᠡᠭᠡᠶ ᠰᠤᠷᠭ᠋ᠠᠮᠵᠢ ᠠᠪᠴᠤ᠂ ᠬᠡᠷᠡᠭ ᠵᠶ᠋ᠠᠷ ᠲᠣᠯᠢ ᠪᠣᠯᠭ᠋ᠠᠵᠤ᠂ ᠰᠡᠷᠡᠮᠵᠢ᠎ᠲᠠᠢ ᠪᠠᠢ᠌ᠵᠤ᠂ ᠲᠦᠷᠢᠮ ᠲᠣᠭᠲᠠᠭ᠋ᠠᠯ᠎ᠢ ᠵᠢᠷᠤᠮᠯᠠᠵᠤ ᠰᠠᠬᠢᠯᠭ᠎ᠠ ᠪᠠᠲᠤ ᠵᠢ ᠰᠠᠬᠢᠬᠤ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠪᠡᠬᠢᠵᠢᠭᠦᠯᠵᠦ᠂ 《ᠰᠠᠬᠢᠯᠭ᠎ᠠ ᠪᠠᠲᠤ ᠵᠢ ᠴᠢᠩᠳᠠᠯᠠᠪᠠᠯ ᠬᠤᠪᠢᠰᠬᠠᠯ᠎ᠤᠨ ᠢᠯᠡᠯᠳᠠ ᠵᠢ ᠤᠯᠤᠨ᠎ᠠ》 ᠭᠡᠳᠡᠭ ᠲᠤᠷᠰᠢᠯᠭ᠎ᠠ ᠵᠢ ᠭᠦᠨᠵᠡᠭᠡᠶ ᠣᠶ᠋ᠢᠯᠠᠭ᠋ᠠᠵᠤ᠂ ᠰᠠᠬᠢᠯᠭ᠎ᠠ ᠪᠠᠲᠤ ᠵᠢ ᠴᠢᠩᠳᠠᠯᠠᠬᠤ ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠨᠠᠮ᠎ᠤᠨ ᠵᠠᠭᠤᠨ ᠵᠢᠯ᠎ᠤᠨ ᠬᠥᠭᠵᠢᠯᠲᠡ ᠵᠢᠨ ᠲᠡᠦᠬᠡ᠎ᠠᠴᠠ ᠦᠵᠡᠪᠡᠯ᠂ ᠮᠠᠨ᠎ᠤ ᠨᠠᠮ ᠪᠠᠭ᠎ᠠ᠎ᠠᠴᠠ ᠶᠡᠬᠡ ᠪᠣᠯᠲᠠᠯ᠎ᠠ᠂ ᠪᠠᠭᠤᠷᠠᠢ᠎ᠠᠴᠠ ᠬᠦᠴᠦᠷᠬᠡᠭ ᠪᠣᠯᠲᠠᠯ᠎ᠠ᠂ ᠬᠤᠪᠢᠰᠬᠠᠯ᠎ᠠᠴᠠ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠬᠦᠷᠲᠡᠯ᠎ᠡ ᠴᠥᠮ ᠲᠥᠪ ᠴᠢᠩᠭ᠎ᠠ ᠰᠠᠬᠢᠯᠭ᠎ᠠ ᠪᠠᠲᠤ ᠪᠣᠯᠤᠨ ᠶᠣᠰᠣ ᠳᠦᠷᠢᠮ᠎ᠳᠤ ᠲᠦᠰᠢᠭᠯᠡᠨ ᠢᠯᠠᠯᠲᠠ ᠣᠯᠤᠭᠰᠠᠨ ᠭᠡᠳᠡᠭ᠎ᠢ ᠭᠦᠨᠵᠡᠭᠡᠢ ᠣᠶ᠋ᠢᠯᠠᠭ᠋ᠠᠵᠤ ᠪᠣᠯᠤᠨ᠎ᠠ᠃ ᠪᠢᠳᠡ ᠡᠷᠬᠡᠪᠰᠢ ᠡᠨᠡ ᠬᠦ᠌ ᠢᠷᠠᠭᠤ ᠠᠯᠳᠠᠷᠲᠤ ᠤᠯᠠᠮᠵᠢᠯᠠᠯ᠎ᠢ ᠡᠷᠡᠰ ᠭᠤᠶ᠋ᠢᠪᠢᠰᠢ ᠦᠭᠡᠢ᠎ᠪᠠᠷ ᠵᠠᠯᠭ᠋ᠠᠮᠵᠢᠯᠠᠨ ᠪᠠᠳᠠᠷᠠᠭᠤᠯᠵᠤ᠂ ᠴᠠᠭ ᠦᠶ᠎ᠡ ᠵᠢᠨ ᠣᠨᠴᠠᠯᠢᠭ ᠪᠠ ᠪᠣᠳᠠᠲᠤ ᠱᠠᠭ᠋ᠠᠷᠳᠠᠯᠭ᠎ᠠ ᠵᠢ ᠡᠵᠡᠮᠳᠡᠨ᠂ ᠰᠠᠬᠢᠯᠭ᠎ᠠ ᠪᠠᠲᠤ ᠶᠣᠰᠣ ᠲᠦᠷᠢᠮ ᠭᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠤᠬᠠᠮᠰᠠᠷ᠎ᠠᠴᠠ᠎ᠪᠠᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠵᠢᠷᠤᠮᠵᠢᠭᠤᠯᠤᠨ᠎ᠠ᠃
ᠸᠠᠩ ᠵᠤᠤ ᠱᠧᠩ᠂ ᠰᠢᠨ᠎ᠡ ᠴᠠᠭ ᠦᠶ᠎ᠡ ᠵᠢᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠪᠠᠷ ᠪᠦᠬᠦ ᠲᠠᠯ᠎ᠠ᠎ᠪᠠᠷ ᠪᠠᠷᠢᠮᠵᠢᠶᠠᠯᠠᠵᠤ᠂ ᠦᠨᠡᠨᠴᠢ ᠰᠢᠳᠤᠷᠭᠤ᠂ ᠡᠭᠦᠷᠭᠡᠯᠡᠯ᠎ᠲᠠᠢ᠂ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ》 ᠵᠢᠨ ᠭᠣᠣᠯ ᠵᠣᠷᠢᠯᠲᠠ ᠪᠠ ᠲᠤᠭᠲᠠᠭ᠋ᠠᠯ᠎ᠢ ᠣᠨᠣᠪᠴᠢᠲᠠᠢ ᠡᠵᠡᠮᠰᠢᠵᠦ᠂ ᠤᠯᠤᠰ ᠲᠦᠷᠦᠴᠢ ᠤᠬᠠᠮᠰᠠᠷ᠂ ᠶᠣᠰᠣ ᠳᠦᠷᠢᠮᠴᠢ ᠤᠬᠠᠮᠰᠠᠷ᠂ ᠠᠷᠢᠭᠤᠨ ᠴᠢᠭᠡᠴᠢ ᠤᠬᠠᠮᠰᠠᠷ᠂ ᠠᠷᠠᠳ ᠲᠦᠮᠡᠨ᠎ᠳᠤ ᠦᠢ᠍ᠯᠡᠴᠢᠯᠡᠬᠦ ᠤᠬᠠᠮᠰᠠᠷ᠂ ᠬᠠᠷᠢᠭᠤᠴᠠᠯᠭ᠋ᠠᠲᠤ ᠤᠬᠠᠮᠰᠠᠷ᠂ ᠥᠪᠡᠷ᠎ᠢ᠎ᠪᠠᠨ ᠱᠠᠭ᠋ᠠᠷᠳᠠᠬᠤ ᠤᠬᠠᠮᠰᠠᠷ ᠵᠡᠷᠭᠡ ᠲᠠᠯ᠎ᠠ᠎ᠠᠴᠠ ᠰᠠᠬᠢᠯᠭ᠎ᠠ ᠪᠠᠲᠤ ᠵᠢᠨ ᠬᠢᠵᠠᠭ᠋ᠠᠷᠯᠠᠯ ᠳᠣᠣᠷ᠎ᠠ ᠠᠵᠢᠯᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠬᠤ ᠵᠢ ᠢᠮᠠᠭᠲᠠ ᠪᠡᠶᠡᠯᠡᠭᠦᠯᠬᠦ ᠬᠡᠷᠡᠭᠲᠡᠢ ᠭᠡᠵᠡᠢ᠃
ᠸᠠᠩ ᠵᠤᠤ ᠱᠧᠩ᠂ ᠤᠬᠠᠮᠰᠠᠷ᠎ᠠᠴᠠ᠎ᠪᠠᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠠᠴᠠ ᠤᠷᠤᠭᠰᠢᠯᠠᠨ ᠲᠠᠪᠰᠢᠬᠤ ᠬᠦᠴᠦᠨ ᠴᠢᠳᠠᠯ ᠣᠯᠵᠤ᠂ ᠤᠢ ᠰᠢᠭᠤᠢ ᠨᠤᠲᠤᠭ ᠪᠡᠯᠴᠢᠭᠡᠷ᠎ᠤᠨ ᠡᠯ᠎ᠡ ᠵᠦᠢ᠍ᠯ᠎ᠤᠨ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠭᠡᠬᠦ ᠡᠨᠡ ᠬᠦ᠌ ᠡᠭᠦᠷᠭᠡ ᠵᠢ ᠰᠠᠶ᠋ᠢᠲᠤᠷ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠥᠷᠨᠢᠭᠦᠯᠵᠦ᠂ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠠᠷ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠰᠢᠯᠭ᠋ᠠᠬᠤ ᠬᠡᠷᠡᠭᠲᠡᠢ᠃ ᠤᠯᠤᠰ ᠲᠦᠷᠦ ᠵᠢ ᠡᠷᠬᠢᠮᠯᠡᠬᠦ᠂ ᠰᠢᠷᠭ᠋ᠠᠭᠤ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ᠂ ᠠᠷᠢᠭᠤᠨ ᠴᠢᠬᠡᠴᠢ ᠪᠠᠶ᠋ᠢᠬᠤ ᠵᠢ ᠢᠮᠠᠭᠲᠠ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠪᠠᠷᠢᠮᠵᠢᠶᠠᠯᠠᠬᠤ᠂ ᠪᠠᠷᠢᠮᠵᠢᠶ᠎ᠠ ᠵᠢ ᠴᠢᠩᠭ᠎ᠠ ᠠᠳᠬᠤᠬᠤ᠂ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ 《ᠬᠣᠶᠠᠷ ᠶᠡᠬᠡ ᠶᠠᠪᠤᠳᠠᠯ》 ᠪᠣᠯᠤᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠴᠢᠩᠭ᠎ᠠ ᠠᠩᠬᠠᠷᠴᠤ᠂ ᠲᠡᠷᠡ ᠶᠣᠰᠣᠭ᠋ᠠᠷ᠎ᠨᠢ ᠬᠡᠷᠡᠭᠵᠢᠬᠦᠯᠦᠨ ᠨᠠᠶ᠋ᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ᠎ᠤᠨ ᠬᠦᠷᠢᠶᠡᠨ᠎ᠳᠤ ᠬᠦᠨᠵᠡᠭᠡᠢ ᠬᠦᠭᠵᠢᠬᠦ ᠬᠡᠷᠡᠭᠳᠡᠢ ᠭᠡᠵᠡᠢ᠃
ᠸᠠᠩ ᠵᠣᠣ ᠱᠧᠩ ᠬᠠᠮᠤᠭ ᠡᠴᠦᠰ᠎ᠲᠤ ᠴᠢᠬᠤᠯᠠᠴᠢᠯᠠᠭᠰᠠᠨ᠎ᠨᠢ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ᠎ᠳᠤ ᠵᠥᠪᠬᠡᠨ ᠶᠠᠪᠤᠭᠳᠠᠬᠤ ᠴᠠᠭ ᠪᠠᠶ᠋ᠢᠬᠤ᠎ᠠᠴᠠ ᠪᠢᠰᠢ ᠳᠠᠭᠤᠰᠬᠤ ᠴᠠᠭ ᠪᠠᠶ᠋ᠢᠬᠤ ᠥᠬᠡᠶ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠥᠬᠥᠷᠡᠰᠢ ᠦᠭᠡᠢ ᠰᠠᠶ᠋ᠢᠲᠤᠷ ᠠᠳᠬᠤᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠣᠶ᠋ᠢᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠲᠠᠯ᠎ᠠ᠎ᠪᠠᠷ ᠬᠦᠴᠦ ᠣᠷᠣᠭᠤᠯᠵᠤ᠂ ᠪᠠᠲᠤ ᠴᠢᠩᠭ᠎ᠠ ᠰᠠᠬᠢᠯᠭ᠎ᠠ ᠪᠠᠲᠤ᠎ᠪᠠᠷ ᠤᠢ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠯ᠎ᠡ ᠭᠠᠵᠠᠷ᠂ ᠡᠯ᠎ᠡ ᠨᠢᠭᠡᠴᠡ ᠵᠢᠨ ᠳᠡᠳ᠋ ᠭᠠᠵᠠᠷ᠎ᠤᠨ ᠳᠡᠰ ᠵᠢᠴᠢ ᠲᠡᠭᠦᠨ᠎ᠠᠴᠠ ᠳᠡᠭᠡᠭᠰᠢᠬᠢ ᠠᠵᠢᠯ᠎ᠳᠤ ᠪᠠᠢ᠌ᠭ᠎ᠠ ᠨᠠᠮ᠎ᠤᠨ ᠭᠡᠰᠢᠭᠦᠨ᠂ ᠺᠠᠳ᠋ᠷ ᠪᠣᠯᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃