ᠦᠨᠡᠨᠴᠢ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠷᠠᠳ ᠣᠯᠠᠨ᠎ᠤ ᠦᠨᠡᠨᠴᠢ ᠢᠲᠡᠭᠡᠮᠵᠢ ᠵᠢᠨ ᠤᠬᠠᠮᠰᠠᠷ᠎ᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠦ ᠰᠠᠶ᠋ᠢᠨ ᠰᠠᠶ᠋ᠢᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠤᠰᠠᠳᠠ᠂ 8 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠣᠶ ᠮᠣᠳᠣᠨ᠎ᠤ ᠬᠦᠷᠢᠶᠡᠯᠡᠩ᠎ᠳᠤ 《ᠦᠨᠡᠨᠴᠢ ᠢᠲᠡᠭᠡᠮᠵᠢ ᠵᠢᠨ ᠢᠨᠵᠧᠨᠧᠷᠢᠩ᠎ᠤᠨ ᠪᠠᠶ᠋ᠢᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠴᠢᠨᠠᠷ ᠰᠠᠶ᠋ᠢᠲᠠᠶ ᠬᠦᠭᠵᠢᠬᠦᠯᠬᠦ》᠎ᠪᠠᠷ ᠭᠤᠤᠯ ᠰᠡᠳᠦᠪ ᠪᠣᠯᠭ᠋ᠠᠭᠰᠠᠨ ᠦᠨᠡᠨᠴᠢ ᠢᠲᠡᠭᠡᠮᠵᠢ ᠵᠢᠨ ᠤᠬᠠᠭᠤᠯᠭ᠎ᠠ ᠵᠢᠨ ᠠᠵᠢᠯᠯᠠᠭ᠎ᠠ ᠶᠠᠪᠤᠭᠳᠠᠭᠤᠯᠪᠠ᠃
ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠤᠬᠠᠭᠤᠯᠭ᠎ᠠ ᠵᠢᠨ ᠬᠠᠭᠤᠳᠠᠰᠤ ᠡᠯᠭᠦᠬᠦ᠂ ᠤᠬᠠᠭᠤᠯᠭ᠎ᠠ ᠵᠢᠨ ᠰᠠᠮᠪᠠᠷ᠎ᠠ ᠭᠠᠷᠭ᠋ᠠᠬᠤ᠂ ᠵᠠᠷ ᠰᠤᠷᠲᠠᠯᠴᠢᠯᠠᠭ᠎ᠠ ᠨᠠᠭ᠋ᠠᠬᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠦᠷᠢᠮ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠢᠨ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠢᠲᠡᠭᠡᠮᠵᠢ ᠵᠢᠨ ᠮᠡᠳᠡᠭᠡ ᠵᠠᠩᠭᠢ ᠵᠢᠴᠢ ᠬᠠᠮᠢᠶᠠᠷᠤᠯᠲᠠ᠂ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ ᠵᠡᠷᠭᠡ ᠬᠠᠮᠢᠶ᠎ᠠ ᠪᠥᠬᠥᠶ ᠮᠡᠳᠡᠯᠭᠡ ᠵᠢ ᠤᠬᠠᠭᠤᠯᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ᠂ ᠦᠨᠡᠨᠴᠢ ᠢᠲᠡᠭᠡᠮᠵᠢ ᠵᠢᠨ ᠮᠡᠳᠡᠯᠭᠡ ᠵᠢ ᠣᠶ᠋ᠢᠯᠠᠭ᠋ᠠᠭᠤᠯᠵᠤ᠂ ᠬᠤᠪᠢ ᠬᠥᠮᠦᠨ᠎ᠤ ᠦᠨᠡᠨᠴᠢ ᠢᠲᠡᠭᠡᠮᠵᠢ ᠵᠢ ᠴᠢᠬᠤᠯᠠᠴᠢᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠠᠯ ᠰᠡᠷᠭᠡᠶ᠋ᠢᠯᠡᠬᠦ ᠭᠤᠷᠪᠠᠳᠤᠭ᠋ᠠᠷ ᠭᠠᠵᠠᠷ᠂ ᠭᠠᠯ ᠰᠡᠷᠭᠡᠶ᠋ᠢᠯᠡᠬᠦ ᠬᠣᠶᠠᠳᠤᠭ᠋ᠠᠷ ᠭᠠᠵᠠᠷ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠠᠵᠠᠷ᠂ ᠣᠶ ᠰᠢᠭᠤᠶ ᠵᠢᠨ ᠲᠠᠯᠠᠪᠠᠶ ᠵᠢᠨ ᠦᠷ᠎ᠡ ᠴᠢᠬᠢ ᠵᠢᠨ ᠭᠠᠵᠠᠷ᠂ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠠᠵᠠᠷ᠎ᠤᠨ ᠨᠠᠮ᠎ᠤᠨ ᠭᠡᠰᠢᠭᠦᠨ ᠺᠠᠳ᠋ᠷᠴᠤᠳ ᠲᠤᠬᠠᠶ ᠵᠢᠨ ᠲᠠᠯᠠᠪᠠᠶ ᠵᠢᠨ ᠤᠬᠠᠭᠤᠯᠭ᠎ᠠ᠎ᠳᠤ ᠣᠷᠣᠯᠴᠠᠵᠤ᠂ ᠡᠯ᠎ᠡ ᠲᠥᠷᠥᠯ᠎ᠤᠨ ᠤᠬᠠᠭᠤᠯᠭ᠎ᠠ ᠵᠢᠨ ᠮᠠᠲ᠋ᠧᠷᠢᠶᠠᠯ᠎ᠢ 200 ᠭᠠᠷᠤᠶ ᠬᠤᠪᠢ ᠲᠠᠷᠬᠠᠭ᠋ᠠᠪᠠ᠃ ᠲᠣᠰ ᠤᠳᠠᠭ᠋ᠠᠨ᠎ᠤ 《ᠦᠨᠡᠨᠴᠢ ᠢᠲᠡᠭᠡᠮᠵᠢ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠦᠭᠰᠡᠨ᠎ᠨᠢ ᠣᠯᠠᠨ ᠲᠦᠮᠡᠨ᠎ᠤ ᠦᠨᠡᠨᠴᠢ ᠢᠲᠡᠭᠡᠮᠵᠢ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶ᠋ᠢᠭᠡᠮ ᠳᠠᠶᠠᠭ᠋ᠠᠷ᠎ᠲᠤ ᠢᠲᠡᠭᠡᠮᠵᠢ ᠵᠢᠨ ᠶᠣᠰᠣ ᠰᠤᠷᠲᠠᠬᠤᠨ᠎ᠤ ᠵᠢᠷᠤᠮᠵᠢᠯ᠎ᠢ ᠰᠠᠨᠠᠭ᠋ᠠᠴᠢᠯᠠᠨ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠵᠡᠩᠨᠠᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠨᠡᠨᠴᠢ ᠢᠲᠡᠭᠡᠮᠵᠢ ᠵᠢᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠰᠢᠰᠲ᠋ᠧᠮ᠎ᠤᠨ ᠢᠲᠡᠭᠡᠮᠵᠢ ᠵᠢᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠪᠦᠲᠦᠮᠵᠢᠲᠡᠶ ᠠᠬᠢᠭᠤᠯᠬᠤ ᠵᠢᠨ ᠲᠥᠯᠥᠭᠡ ᠶᠤᠮ᠃