ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-26

   
   ᠣᠶ᠋ᠢᠷ᠎ᠠ᠎ᠳᠤ᠂ ᠪᠥᠬᠥ ᠣᠷᠣᠨ᠎ᠤ 2025 ᠣᠨ᠎ᠤ ᠣᠶ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠡᠭᠦᠷᠭᠡ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠴᠢ ᠳᠠᠪᠠᠭ᠋ᠠᠨ᠎ᠤ ᠡᠮᠦᠨᠡᠬᠢ ᠨᠠᠢ᠍ᠮᠠᠨ ᠲᠣᠪᠴᠢᠶ᠎ᠠ ᠵᠢ ᠵᠣᠬᠢᠶᠠᠨ ᠪᠠᠶ᠋ᠢᠭᠤᠯᠵᠤ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠲᠠᠢ ᠶᠠᠭᠰᠢ ᠬᠣᠲᠠ᠎ᠳᠤ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
    ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ᠎ᠬᠢᠨ ᠣᠶ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠰᠢᠨ᠎ᠡ ᠲᠥᠷᠥ ᠵᠢᠨ ᠪᠣᠳᠣᠯᠭ᠎ᠠ ᠰᠢᠨ᠎ᠡ ᠣᠶ᠋ᠢᠯᠠᠭ᠋ᠠᠭᠳᠠᠬᠤᠨ᠎ᠢ ᠬᠤᠪᠢᠶᠠᠯᠴᠠᠵᠤ᠂ ᠣᠶ ᠰᠢᠭᠤᠶ ᠵᠢᠨ ᠡᠵᠡᠩᠨᠡᠯᠲᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ᠂ ᠤᠢ ᠮᠤᠳᠤ ᠣᠭᠲᠣᠯᠬᠤ ᠣᠷᠣᠨ᠎ᠤ ᠪᠠᠶ᠋ᠢᠴᠠᠭ᠋ᠠᠯᠲᠠ ᠵᠢᠨ ᠵᠢᠷᠤᠭ ᠲᠥᠯᠥᠪᠯᠡᠭᠡ᠂ ᠤᠢ ᠮᠤᠳᠤ ᠣᠭᠲᠣᠯᠬᠤ ᠣᠷᠣᠨ᠎ᠤ  ᠦᠢ᠍ᠯᠡᠳᠪᠦᠷᠢᠯᠡᠯ᠎ᠤᠨ ᠠᠵᠢᠯ ᠵᠡᠷᠭᠡ ᠲᠠᠯ᠎ᠠ ᠵᠢᠨ ᠬᠠᠮᠢᠶ᠎ᠠ ᠪᠥᠬᠥᠶ ᠠᠵᠢᠯ᠂ ᠠᠩᠬᠠᠷᠬᠤ ᠵᠦᠢ᠍ᠯ ᠵᠢᠴᠢ ᠣᠶ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠪᠠ ᠠᠷᠭ᠎ᠠ ᠬᠢᠳᠡᠯ᠎ᠢ ᠨᠠᠷᠢᠨ ᠲᠠᠨᠢᠯᠴᠠᠭᠤᠯᠵᠤ᠂ ᠳᠠᠪᠠᠭ᠋ᠠᠨ ᠡᠮᠦᠨᠡᠬᠢ ᠨᠠᠢ᠍ᠮᠠᠨ ᠲᠣᠪᠴᠢᠶᠠᠨ᠎ᠤ ᠲᠤᠬᠠᠶ᠋ᠢᠯᠠᠭᠰᠠᠨ ᠠᠵᠢᠯ᠎ᠤᠨ ᠠᠵᠢᠯᠲᠠᠨ᠎ᠤ ᠳᠤᠷᠠᠳᠤᠭᠰᠠᠨ ᠠᠰᠠᠭᠤᠳᠠᠯ᠎ᠢ ᠨᠢᠭᠡᠳ ᠨᠢᠭᠡ᠎ᠪᠠᠷ ᠲᠠᠶ᠋ᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠣᠨ᠎ᠤ ᠣᠶ ᠰᠢᠭᠤᠶ ᠵᠢᠨ ᠦᠷᠭᠦᠯᠵᠢᠯᠡᠨ ᠡᠵᠡᠩᠨᠡᠬᠦ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠵᠢ ᠳᠤᠷᠠᠳᠪᠠ᠃ ᠨᠢᠭᠡ᠎ᠳᠤ᠂ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠵᠣᠭᠰᠣᠴᠠ᠎ᠪᠠᠨ ᠳᠡᠭᠡᠭᠰᠢᠯᠡᠭᠦᠯᠦᠨ᠂ ᠭᠣᠣᠯ᠎ᠢ᠎ᠨᠢ ᠤᠷᠬᠢᠵᠦ ᠠᠳᠠᠭ᠎ᠢ᠎ᠨᠢ ᠡᠷᠢᠵᠦ᠂ ᠨᠢᠳᠤᠨ ᠡᠮᠦᠨᠡᠬᠢ ᠠᠰᠢᠭ ᠲᠤᠰᠠ ᠵᠢ ᠬᠥᠭᠡᠭᠡᠴᠡᠯᠳᠦᠵᠦ ᠪᠣᠯᠬᠤ ᠦᠭᠡᠢ᠃ ᠤᠯᠤᠰ᠎ᠠᠴᠠ ᠣᠶ ᠰᠢᠭᠤᠶ ᠵᠢᠨ ᠦᠷᠭᠦᠯᠵᠢᠯᠡᠨ ᠡᠵᠡᠩᠨᠡᠬᠦ ᠠᠵᠢᠯ᠎ᠢ ᠡᠬᠢᠯᠡᠭᠦᠯᠦᠨ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠬᠤ ᠬᠡᠷᠡᠭᠲᠡᠶ᠃ ᠬᠣᠶᠠᠷ᠎ᠲᠤ᠂ ᠤᠷᠢᠳᠴᠢᠯᠠᠨ  ᠲᠦᠯᠦᠪᠵᠢᠬᠦᠯᠦᠨ ᠪᠠᠶ᠋ᠢᠷᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠠᠵᠢᠯ᠎ᠤᠨ ᠠᠷᠭ᠎ᠠ ᠬᠡᠮᠵᠢᠶ᠎ᠡ᠎ᠪᠠᠨ ᠪᠡᠬᠢᠵᠢᠭᠦᠯᠦᠨ᠎ᠡ᠃ 《ᠴᠠᠭ ᠬᠤᠭᠤᠴᠠᠭ᠎ᠠ᠂ ᠵᠠᠮ ᠱᠤᠭᠤᠮ᠎ᠤᠨ ᠵᠢᠷᠤᠭ》᠎ᠢ ᠰᠠᠶ᠋ᠢᠲᠤᠷ ᠲᠥᠯᠥᠪᠵᠢᠭᠦᠯᠵᠦ᠂ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠭᠰᠠᠨ ᠴᠠᠭ ᠬᠤᠭᠤᠴᠠᠭ᠎ᠠ ᠪᠠ ᠪᠠᠷᠢᠮᠵᠢᠶ᠎ᠠ ᠶᠣᠰᠣᠭ᠋ᠠᠷ ᠣᠨ᠎ᠤ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠶ᠃ ᠭᠤᠷᠪᠠ᠎ᠳᠤ ᠦᠷᠭᠦᠯᠵᠢᠯᠡᠬᠦ ᠡᠵᠡᠩᠨᠡᠯᠲᠡ ᠵᠢᠨ ᠣᠶ᠋ᠢᠯᠠᠭ᠋ᠠᠭᠳᠠᠬᠤᠨ᠎ᠢ ᠭᠦᠨᠵᠡᠭᠡᠢ ᠲᠤᠭᠤᠰᠢᠯᠠᠭᠤᠯᠵᠤ᠂ 《ᠨᠢᠭᠡ ᠬᠥᠯᠭᠡ ᠰᠢᠳᠠᠷ᠎ᠠ》 ᠵᠢᠨ ᠦᠵᠡᠯ ᠰᠠᠨᠠᠭ᠎ᠠ ᠵᠢ ᠪᠠᠲᠤᠳᠬᠠᠨ᠎ᠠ᠃ ᠤᠢ ᠰᠢᠭᠤᠢ ᠵᠢᠨ ᠦᠷᠭᠦᠯᠵᠢᠯᠡᠬᠦ ᠡᠵᠡᠩᠨᠡᠯᠲᠡ ᠵᠢ ᠤᠷᠳᠤ ᠬᠤᠭᠤᠴᠠᠭ᠋ᠠᠨ᠎ᠤ ᠴᠢᠨᠠᠷᠲᠠᠢ ᠠᠵᠢᠯ ᠪᠣᠯᠭ᠋ᠠᠵᠤ᠂ ᠬᠠᠷᠠᠯᠲᠠ᠎ᠪᠠᠨ ᠪᠠᠲᠤ ᠡᠵᠡᠮᠳᠡᠨ ᠠᠵᠢᠯᠯᠠᠵᠤ᠂ ᠤᠢ ᠰᠢᠭᠤᠢ ᠵᠢᠨ ᠠᠵᠢᠯ᠎ᠢ ᠠᠬᠢᠭᠤᠯᠬᠤ ᠬᠡᠷᠡᠭᠲᠡᠢ᠃ ᠲᠦᠷᠪᠡ᠎ᠳᠤ᠂ ᠠᠮᠤᠷ ᠲᠦᠪᠰᠢᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢ ᠪᠠᠭᠤᠷᠠᠭᠤᠯᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠶᠠᠭ᠋ᠠᠬᠢᠭᠰᠠᠨ ᠴᠤ᠌ ᠣᠮᠲᠣᠭ᠋ᠠᠶ᠋ᠢᠯᠠᠵᠤ ᠪᠣᠯᠬᠤ ᠦᠭᠡᠢ᠃ ᠠᠶᠤᠯ ᠦᠭᠡᠶ ᠦᠢ᠍ᠯᠡᠳᠪᠦᠷᠢᠯᠡᠯ᠎ᠤᠨ ᠠᠵᠢᠯ᠎ᠢ ᠴᠢᠩᠭ᠎ᠠ ᠠᠳᠬᠤᠵᠤ᠂ ᠡᠯ᠎ᠡ ᠠᠶ᠋ᠢᠮᠠᠭ ᠬᠣᠲᠠ᠂  ᠦᠢ᠍ᠯᠡᠳᠪᠦᠷᠢᠯᠡᠯ᠎ᠤᠨ ᠰᠠᠯᠠᠭ᠎ᠠ ᠮᠥᠴᠢᠷ᠎ᠤᠳ ᠣᠶ ᠰᠢᠭᠤᠶ ᠵᠢᠨ ᠦᠷᠭᠦᠯᠵᠢᠯᠡᠨ ᠡᠵᠡᠩᠨᠡᠬᠦ ᠠᠵᠢᠯ᠎ᠤᠨ ᠲᠣᠭᠣᠷᠢᠨ᠎ᠳᠤ᠂ ᠠᠶᠤᠯ ᠦᠭᠡᠶ ᠵᠢᠨ ᠤᠬᠠᠭᠤᠯᠭ᠎ᠠ ᠬᠥᠮᠦᠵᠢᠯ ᠪᠣᠯᠤᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠭᠤᠯᠤᠯ᠎ᠢ ᠬᠢᠨᠠᠮᠠᠭ᠋ᠠᠶ ᠥᠷᠨᠢᠭᠦᠯᠵᠦ᠂ ᠠᠶᠤᠯ ᠦᠭᠡᠶ  ᠦᠢ᠍ᠯᠡᠳᠪᠦᠷᠢᠯᠡᠯ᠂ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠦᠨᠡᠨᠬᠦ ᠪᠣᠳᠠᠲᠠᠶ ᠪᠥᠭᠡᠳ ᠰᠠᠶ᠋ᠢᠲᠤᠷ ᠠᠳᠬᠤᠵᠤ᠂ ᠠᠶᠤᠯ ᠦᠭᠡᠶ ᠪᠠᠢ᠌ᠬᠤ ᠵᠢ ᠪᠠᠲᠤᠯᠠᠬᠤ ᠬᠡᠷᠡᠭᠲᠡᠶ᠃
    2025 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠯᠢᠩᠨᠠᠨ᠎ᠤ ᠨᠠᠢ᠍ᠮᠠᠳᠤᠭ᠋ᠠᠷ ᠲᠣᠪᠴᠢᠶ᠎ᠠ ᠵᠢᠴᠢ ᠤᠤᠯ᠎ᠤᠨ ᠣᠶ ᠰᠢᠭᠤᠶ ᠵᠢᠨ ᠦᠷᠭᠦᠯᠵᠢᠯᠡᠬᠦ ᠡᠵᠡᠩᠨᠡᠯᠲᠡ ᠵᠢᠨ ᠲᠤᠷᠰᠢᠯᠲᠠ ᠵᠢᠨ ᠨᠢᠭᠡᠴᠢ ᠵᠢᠨ ᠡᠭᠦᠷᠭᠡ ᠵᠢ 23 . 8 ᠲᠦᠮᠡᠨ ᠮᠥ᠍ ᠤᠷᠢᠳᠴᠢᠯᠠᠨ ᠪᠠᠭᠤᠯᠭ᠋ᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 9917 ᠲᠦᠮᠡᠨ ᠲᠥᠭᠥᠷᠢᠭ᠎ᠲᠤ ᠬᠦᠷᠴᠡᠶ᠃




W020250225574310177003_ORIGIN.jpg

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 1.7 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠴᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠬᠦᠨᠦᠭᠡᠯᠷᠦ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢᠨ ᠤᠷᠤᠯᠳᠤᠭ᠋ᠠᠨ᠎ᠢ ᠠᠮᠵᠢᠯᠲᠠ᠎ᠲᠠᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥᠯᠥᠨ ᠪᠣᠶ᠋ᠢᠷ ᠬᠣᠲᠠ᠎ᠳᠤ ᠬᠦᠷᠴᠦ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ
ᠠᠵᠢᠯ᠎ᠤᠨ ᠶᠡᠷᠦᠩᠬᠡᠶ ᠥᠷᠲᠡᠭᠡ ᠪᠣᠯᠤᠨ ᠳ᠋ᠦᠩ ᠹᠸᠩ ᠨᠡᠶ᠋ᠢᠭᠡᠮ ᠲᠣᠭᠣᠷᠢᠭ᠎ᠤᠨ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠥᠷᠲᠡᠭᠡ ᠬᠠᠮᠲᠤᠷᠠᠨ 《ᠨᠣᠭᠣᠭ᠋ᠠᠷᠠᠭᠤᠯᠤᠯᠲᠠ ᠵᠢ ᠬᠠᠮᠲᠤ᠎ᠪᠠᠷ ᠬᠠᠮᠠᠭ᠋ᠠᠯᠠᠶ᠎ᠠ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠷᠭᠤᠮᠠᠯ᠎ᠤᠨ ᠬᠤᠴᠢᠯᠭ᠎ᠠ ᠬᠢᠭᠡᠳ ᠬᠥᠷᠥᠰᠥ ᠰᠢᠷᠣᠶ ᠵᠢᠨ ᠬᠠᠷᠢᠴᠠᠭ᠎ᠠ᠎ᠨᠢ ᠨᠢᠭᠡᠨᠲᠡ ᠬᠠᠭ᠋ᠠᠯᠪᠤᠷᠢᠯᠠᠭᠰᠠᠨ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠮᠢ ᠠᠬᠤᠶ ᠵᠢ ᠰᠡᠷᠭᠦᠭᠡᠬᠦ ᠵᠠᠩᠭᠢᠯᠠᠭ᠎ᠠ ᠵᠢᠨ ᠲᠣᠭᠲᠠᠴᠠ ᠵᠢ ᠢᠯᠡᠷᠡᠭᠦᠯᠪᠡ
 
             蒙ICP备05000248号