ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠵᠢᠯ᠎ᠤᠨ ᠶᠡᠷᠦᠩᠬᠡᠶ ᠥᠷᠲᠡᠭᠡ ᠪᠣᠯᠤᠨ ᠳ᠋ᠦᠩ ᠹᠸᠩ ᠨᠡᠶ᠋ᠢᠭᠡᠮ ᠲᠣᠭᠣᠷᠢᠭ᠎ᠤᠨ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠥᠷᠲᠡᠭᠡ ᠬᠠᠮᠲᠤᠷᠠᠨ 《ᠨᠣᠭᠣᠭ᠋ᠠᠷᠠᠭᠤᠯᠤᠯᠲᠠ ᠵᠢ ᠬᠠᠮᠲᠤ᠎ᠪᠠᠷ ᠬᠠᠮᠠᠭ᠋ᠠᠯᠠᠶ᠎ᠠ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-05-30


    ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠨ᠂ ᠪᠦᠯᠬᠦᠮᠳᠡᠯ᠎ᠤᠨ ᠬᠠᠶ᠋ᠢᠷ᠎ᠠ ᠰᠡᠳᠬᠢᠯᠭᠡ᠎ᠪᠠᠨ ᠵᠤᠵᠠᠭ᠋ᠠᠳᠬᠠᠬᠤ ᠵᠢᠨ ᠲᠥᠯᠥᠭᠡ᠂ 5 ᠰᠠᠷ᠎ᠠ ᠵᠢᠨ 28᠎ᠤ ᠡᠳᠦᠷ᠂ ᠠᠵᠢᠯ᠎ᠤᠨ ᠶᠡᠷᠦᠩᠬᠡᠶ ᠥᠷᠲᠡᠭᠡ ᠳ᠋ᠦᠩ ᠹᠸᠩ ᠨᠡᠶ᠋ᠢᠭᠡᠮ ᠲᠣᠭᠣᠷᠢᠭ᠎ᠤᠨ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠥᠷᠲᠡᠭᠡ᠎ᠲᠠᠢ ᠬᠠᠮᠲᠤᠷᠠᠨ᠂ ᠬᠣᠲᠣᠩ ᠠᠷᠠᠳ᠎ᠤᠨ ᠲᠣᠭᠣᠷᠢᠭ᠎ᠤᠨ ᠵᠡᠭᠦᠨ ᠤᠰᠤᠲᠤ ᠲᠣᠰᠬᠣᠨ᠎ᠳᠤ ᠭᠦᠨᠵᠡᠭᠡᠶ᠋ᠢᠷᠡᠨ 《ᠨᠣᠭᠣᠭ᠋ᠠᠷᠠᠭᠤᠯᠤᠯᠲᠠ ᠵᠢ ᠬᠠᠮᠲᠤ᠎ᠪᠠᠷ ᠬᠠᠮᠠᠭ᠋ᠠᠯᠠᠶ᠎ᠠ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠣᠯᠠᠨ ᠲᠦᠮᠡᠨ᠎ᠳᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠪᠠ᠃ ᠠᠵᠢᠯᠯᠠᠭ᠎ᠠ ᠵᠢᠨ ᠠᠬᠤᠶ ᠲᠠᠯᠠᠪᠠᠶ ᠵᠢᠨ ᠠᠭᠤᠷ ᠠᠮᠢᠰᠬᠤᠯ ᠬᠥᠷ ᠬᠥᠭᠵᠢᠶᠡᠨ ᠵᠶ᠋ᠠᠷ ᠪᠢᠯᠬᠠᠵᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠲᠣᠬᠢᠷᠠᠭᠤᠯᠬᠤ᠂ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠲᠣᠰᠬᠣᠨ᠎ᠤ ᠠᠷᠠᠳ᠎ᠲᠤ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠴᠢᠬᠤᠯᠠ ᠠᠴᠢ ᠬᠣᠯᠪᠣᠭᠳᠠᠯ ᠵᠢᠴᠢ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠠᠭᠤᠯᠭ᠎ᠠ ᠵᠢ ᠨᠠᠷᠢᠨ ᠨᠢᠮᠪᠠᠶ ᠲᠠᠶ᠋ᠢᠯᠪᠤᠷᠢᠯᠠᠵᠤ᠂ ᠣᠯᠠᠨ ᠲᠦᠮᠡᠨ ᠢᠳᠡᠪᠬᠢᠲᠡᠶ ᠣᠷᠣᠯᠴᠠᠪᠠ᠃ ᠠᠵᠢᠯᠯᠠᠭ᠎ᠠ᠎ᠨᠢ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠤᠬᠠᠢ ᠤᠢ᠌ᠯᠠᠭ᠋ᠠᠯᠳᠠ ᠪᠠ ᠲᠦᠷᠦ ᠵᠢᠨ ᠪᠤᠳᠤᠯᠭ᠎ᠠ ᠵᠢᠨ ᠨᠥᠯᠥᠭᠡᠯᠡᠬᠦ ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠦᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠡᠯ᠎ᠡ ᠦᠨᠳᠦᠰᠦᠲᠡᠨ᠎ᠤ ᠪᠦᠯᠬᠦᠮᠳᠡᠨ ᠤᠷᠤᠭᠰᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠠᠵᠢᠯ᠎ᠤᠨ ᠶᠡᠷᠦᠩᠬᠡᠶ ᠥᠷᠲᠡᠭᠡ ᠬᠢᠭᠡᠳ ᠳ᠋ᠦᠩ ᠹᠸᠩ ᠨᠡᠶ᠋ᠢᠭᠡᠮ ᠲᠣᠭᠣᠷᠢᠭ᠎ᠤᠨ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠤᠨ ᠲᠠᠯ᠎ᠠ᠎ᠪᠠᠷ ᠢᠳᠡᠪᠬᠢᠲᠡᠶ ᠬᠠᠶ᠋ᠢᠨ ᠰᠦᠪᠡᠭᠴᠢᠯᠡᠪᠡ᠃


W020250529418511430715_ORIGIN.jpg



    ᠬᠣᠶ᠋ᠢᠰᠢᠳᠠ᠂ ᠠᠵᠢᠯ᠎ᠤᠨ ᠶᠡᠷᠦᠩᠬᠡᠶ ᠥᠷᠲᠡᠭᠡ ᠣᠯᠠᠨ ᠶᠠᠩᠵᠤ ᠬᠡᠯᠪᠡᠷᠢ ᠵᠢᠨ ᠦᠨᠳᠦᠰᠦᠲᠡᠨ᠎ᠤ ᠪᠦᠯᠬᠦᠮᠳᠡᠯ᠎ᠤᠨ ᠭᠤᠤᠯ ᠰᠡᠳᠦᠪᠲᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠬᠢᠭᠡᠳ ᠡᠶ᠎ᠡ ᠵᠣᠬᠢᠴᠠᠩᠭᠤᠶ ᠬᠥᠭᠵᠢᠯᠲᠡ ᠵᠢᠨ ᠰᠠᠶ᠋ᠢᠨ ᠰᠠᠶ᠋ᠢᠬᠠᠨ ᠬᠠᠭᠤᠳᠠᠰᠤ ᠵᠢ ᠬᠠᠮᠲᠤ᠎ᠪᠠᠷ ᠵᠢᠷᠤᠭᠯᠠᠵᠤ᠂ ᠦᠨᠳᠦᠰᠦᠲᠡᠨ᠎ᠤ ᠪᠦᠯᠬᠦᠮᠳᠡᠯ᠎ᠢ ᠪᠠᠲᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ᠃



W020250529418511467182_ORIGIN.jpg


 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠷᠭᠤᠮᠠᠯ᠎ᠤᠨ ᠬᠤᠴᠢᠯᠭ᠎ᠠ ᠬᠢᠭᠡᠳ ᠬᠥᠷᠥᠰᠥ ᠰᠢᠷᠣᠶ ᠵᠢᠨ ᠬᠠᠷᠢᠴᠠᠭ᠎ᠠ᠎ᠨᠢ ᠨᠢᠭᠡᠨᠲᠡ ᠬᠠᠭ᠋ᠠᠯᠪᠤᠷᠢᠯᠠᠭᠰᠠᠨ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠮᠢ ᠠᠬᠤᠶ ᠵᠢ ᠰᠡᠷᠭᠦᠭᠡᠬᠦ ᠵᠠᠩᠭᠢᠯᠠᠭ᠎ᠠ ᠵᠢᠨ ᠲᠣᠭᠲᠠᠴᠠ ᠵᠢ ᠢᠯᠡᠷᠡᠭᠦᠯᠪᠡ
ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠰᠤᠷᠭ᠋ᠠᠭᠤᠯᠢ ᠵᠢᠨ ᠪᠠᠭᠰᠢ ᠰᠤᠷᠤᠭᠴᠢᠳ 《ᠤᠷᠭᠤᠮᠠᠯ᠎ᠢ ᠦᠬᠦᠯᠡᠬᠦᠢ》 ᠭᠤᠤᠯ ᠰᠡᠳᠦᠪᠲᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠳᠤ ᠣᠷᠣᠯᠴᠠᠪᠠ
ᠬᠤᠩᠭᠤᠯᠵᠢ ᠵᠢᠭ᠋ᠠᠷᠲᠤ ᠨᠠᠷᠠᠰᠤᠨ ᠤᠯᠤᠰ᠎ᠤᠨ ᠣᠶ ᠰᠢᠭᠤᠶ ᠵᠢᠨ ᠴᠡᠴᠡᠷᠯᠢᠭ
ᠤᠯᠠᠨ ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠨ᠎ᠤ ᠲᠦᠷᠦᠯ ᠥᠪᠥᠷ ᠮᠣᠩᠭᠣᠯ᠎ᠤᠨ ᠬᠠᠨ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠡᠭᠦᠷᠭᠡᠯᠡᠵᠦ ᠪᠠᠢ᠌ᠨ᠎ᠠ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ (ᠡᠦ ᠴᠠ ᠭᠧᠤ) ᠠᠭ᠋ᠠᠷ ᠠᠶᠠᠯᠠᠯ᠎ᠤᠨ ᠤᠢ ᠰᠢᠭᠤᠶ ᠬᠠᠮᠠᠭ᠋ᠠᠯᠠᠬᠤ ᠦᠷᠲᠡᠭᠡ ᠶᠡᠬᠡ ᠬᠢᠩᠭ᠋ᠠᠨ ᠳᠠᠪᠠᠭ᠎ᠠ ᠵᠢᠨ ᠲᠦᠢ᠍ᠮᠡᠷ ᠭᠠᠷᠤᠭᠰᠠᠨ ᠭᠠᠵᠠᠷ᠎ᠢ ᠲᠤᠰᠠᠯᠠᠪᠠ
 
             蒙ICP备05000248号