ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠢᠨ ᠡᠩᠨᠡᠭᠡ ᠵᠢᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠮᠠᠨ᠎ᠤ ᠣᠷᠣᠨ᠎ᠤ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠢᠨ ᠡᠩᠨᠡᠭᠡ ᠵᠢᠨ ᠲᠤᠰᠬᠠᠶ᠋ᠢᠵᠢᠭᠰᠠᠨ᠂ ᠵᠢᠷᠤᠮᠵᠢᠭᠰᠠᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ ᠪᠥᠬᠥ ᠣᠷᠣᠨ᠎ᠤ 1.7 ᠲᠦᠮᠡᠨ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ᠎ᠳᠤ ᠲᠣᠭᠣᠷᠢᠨ ᠬᠠᠮᠠᠭ᠋ᠠᠯᠠᠬᠤ ᠲᠡᠮᠳᠡᠭ᠎ᠢ ᠨᠢᠭᠡᠳᠦᠯᠲᠡᠶ ᠲᠣᠭᠲᠠᠭ᠋ᠠᠨ ᠥᠭᠭᠦᠭᠰᠡᠨ ᠪᠥᠭᠡᠳ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠠᠵᠢᠯ᠎ᠤᠨ ᠪᠠᠶ᠋ᠢᠷᠢ᠎ᠳᠤ ᠭᠠᠷᠴᠤ ᠲᠣᠭᠣᠷᠢᠨ ᠬᠠᠮᠠᠭ᠋ᠠᠯᠠᠬᠤ ᠦᠶ᠎ᠡ᠎ᠳᠤ ᠵᠢᠷᠤᠮᠵᠢᠭᠤᠯᠤᠨ ᠵᠡᠭᠦᠬᠦ ᠵᠢ ᠱᠠᠭ᠋ᠠᠷᠳᠠᠪᠠ᠃

ᠡᠭᠦᠨ᠎ᠳᠤ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠢᠨ ᠬᠤᠪᠢ ᠬᠥᠮᠦᠨ᠎ᠤ ᠦᠨᠳᠦᠰᠦᠨ ᠮᠡᠳᠡᠭᠡ ᠵᠠᠩᠭᠢ ᠪᠠ ᠲᠣᠭᠣᠷᠢᠨ ᠬᠠᠮᠠᠭ᠋ᠠᠯᠠᠬᠤ ᠬᠡᠪᠴᠢᠶ᠎ᠡ ᠵᠢ ᠲᠡᠮᠳᠡᠭᠯᠡᠭᠰᠡᠨ ᠠᠵᠢᠯ᠎ᠤᠨ ᠱᠤᠰᠢᠭ᠎ᠠ ᠪᠠ 《ᠥᠪᠥᠷ ᠮᠣᠩᠭᠣᠯ᠎ᠤᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ》 ᠭᠡᠬᠦ ᠥᠰᠥᠭ᠎ᠲᠠᠢ ᠲᠣᠭᠣᠷᠢᠨ ᠬᠠᠮᠠᠭ᠋ᠠᠯᠠᠬᠤ ᠲᠡᠮᠳᠡᠭ ᠪᠠᠭᠲᠠᠨ᠎ᠠ᠃ ᠲᠣᠭᠣᠷᠢᠨ ᠬᠠᠮᠠᠭ᠋ᠠᠯᠠᠬᠤ ᠲᠡᠮᠳᠡᠭ ᠵᠡᠷᠭᠡ ᠵᠢ ᠱᠠᠲᠤ ᠳᠠᠷᠠᠭ᠋ᠠᠯᠠᠨ ᠳᠣᠷᠣᠭᠰᠢ ᠪᠠᠭᠤᠯᠭ᠋ᠠᠬᠤ ᠵᠢᠨ ᠬᠠᠮᠲᠤ ᠬᠣᠯᠪᠣᠭᠳᠠᠯ ᠪᠥᠬᠥᠶ ᠬᠣᠰᠢᠭᠤ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠶᠠᠩ ᠪᠠᠯᠭ᠋ᠠᠰᠤ ᠵᠢᠨ ᠣᠶ ᠰᠢᠭᠤᠶ ᠵᠢᠨ ᠠᠵᠢᠯ᠎ᠤᠨ ᠪᠠᠶ᠋ᠢᠭᠤᠯᠤᠮᠵᠢ ᠵᠢ ᠰᠢᠮᠳᠠᠭᠤᠯᠵᠤ᠂ ᠣᠶ ᠰᠢᠭᠤᠶ ᠵᠢᠨ ᠬᠠᠮᠠᠭ᠋ᠠᠯᠠᠭᠴᠢ ᠵᠢ ᠠᠵᠢᠯ᠎ᠤᠨ ᠱᠤᠰᠢᠭ᠎ᠠ᠂ ᠲᠡᠮᠳᠡᠭ᠎ᠤᠨ ᠬᠠᠮᠢᠶ᠎ᠠ ᠪᠥᠬᠥᠶ ᠠᠭᠤᠯᠭ᠎ᠠ ᠵᠢ ᠦᠨᠡᠨ ᠪᠣᠳᠠᠲᠠᠶ᠂ ᠪᠦᠷᠢᠨ ᠪᠦᠲᠦᠨ᠂ ᠵᠥᠪ ᠣᠨᠣᠪᠴᠢᠲᠠᠶ ᠲᠠᠭᠯᠠᠬᠤ ᠵᠢ ᠬᠢᠨᠠᠨ ᠵᠢᠯᠤᠭᠤᠳᠴᠤ᠂ ᠣᠶ ᠰᠢᠭᠤᠶ ᠵᠢᠨ ᠬᠠᠮᠠᠭ᠋ᠠᠯᠠᠭᠴᠢ ᠵᠢ ᠠᠵᠢᠯ᠎ᠤᠨ ᠪᠠᠶ᠋ᠢᠷᠢ᠎ᠳᠤ᠎ᠪᠠᠨ ᠠᠵᠢᠯ᠎ᠤᠨ ᠱᠤᠰᠢᠭ᠎ᠠ ᠪᠠ ᠲᠣᠭᠣᠷᠢᠨ ᠬᠠᠮᠠᠭ᠋ᠠᠯᠠᠬᠤ ᠲᠡᠮᠳᠡᠭ ᠵᠶ᠋ᠠᠨ ᠵᠡᠭᠦᠬᠦ ᠬᠡᠷᠡᠭᠳᠡᠢ ᠭᠡᠵᠦ ᠱᠠᠭ᠋ᠠᠷᠳᠠᠭᠰᠠᠨ ᠪᠠᠢ᠌ᠨ᠎ᠠ᠃ ᠬᠠᠮᠢᠶᠠᠷᠴᠤ ᠬᠠᠮᠠᠭ᠋ᠠᠯᠠᠬᠤ ᠣᠷᠣᠨ᠎ᠳᠤ ᠡᠭᠦᠰᠦᠭᠰᠡᠨ ᠡᠯ᠎ᠡ ᠲᠥᠷᠥᠯ᠎ᠤᠨ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠴᠦᠯᠯᠡᠷᠬᠡᠭ ᠭᠠᠵᠠᠷ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ ᠵᠢᠴᠢ ᠬᠠᠮᠢᠶᠠᠷᠴᠤ ᠬᠠᠮᠠᠭ᠋ᠠᠯᠠᠬᠤ ᠲᠥᠬᠥᠭᠡᠷᠦᠮᠵᠢ ᠵᠢ ᠡᠪᠳᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠢᠯᠡᠷᠡᠭᠦᠯᠬᠦ ᠪᠤᠶᠤ ᠰᠢᠢ᠍ᠳᠪᠦᠷᠢᠯᠡᠬᠦ ᠶᠠᠪᠤᠴᠠ᠎ᠳᠤ᠂ ᠣᠶ ᠰᠢᠭᠤᠢ ᠵᠢᠨ ᠬᠠᠮᠠᠭ᠋ᠠᠯᠠᠭᠴᠢ᠎ᠨᠢ ᠲᠡᠷᠡ ᠳᠠᠷᠤᠶᠳᠤᠨᠢ ᠠᠵᠢᠯ᠎ᠤᠨ ᠫᠠᠶ᠋ᠢᠰᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠨ ᠦᠵᠡᠭᠦᠯᠵᠦ᠂ ᠠᠮᠢ ᠠᠬᠤᠶ ᠵᠢᠨ ᠣᠶ ᠰᠢᠭᠤᠢ ᠵᠢᠨ ᠬᠠᠮᠠᠭ᠋ᠠᠯᠠᠭᠴᠢ ᠵᠢᠨ ᠪᠡᠶ᠎ᠡ ᠭᠠᠷᠤᠯ ᠵᠶ᠋ᠠᠨ ᠢᠯᠡ ᠦᠵᠡᠭᠦᠯᠵᠦ᠂ ᠠᠵᠢᠯ ᠵᠶ᠋ᠠᠨ ᠵᠢᠷᠤᠮᠵᠢᠭᠤᠯᠤᠨ ᠥᠷᠨᠢᠭᠦᠯᠬᠦ ᠵᠢᠨ ᠬᠠᠮᠲᠤ᠂ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ᠎ᠤ ᠬᠢᠨᠠᠯᠲᠠ ᠵᠢ ᠬᠦᠯᠢᠶᠡᠬᠦ ᠬᠡᠷᠡᠭᠲᠡᠶ᠃ ᠠᠮᠢ ᠠᠬᠤᠶ ᠵᠢᠨ ᠣᠶ ᠰᠢᠭᠤᠢ ᠵᠢᠨ ᠬᠠᠮᠠᠭ᠋ᠠᠯᠠᠭᠴᠢ᠎ᠨᠢ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠲᠣᠭᠣᠷᠢᠨ ᠬᠠᠮᠠᠭ᠋ᠠᠯᠠᠬᠤ ᠬᠠᠷᠠᠭᠤᠯᠴᠢᠨ ᠪᠣᠯᠤᠭᠰᠠᠨ᠎ᠤ ᠬᠤᠪᠢ᠎ᠳᠤ᠂ ᠬᠠᠮᠢᠶᠠᠷᠴᠤ ᠬᠠᠮᠠᠭ᠋ᠠᠯᠠᠬᠤ ᠣᠷᠣᠨ᠎ᠤ ᠳᠣᠲᠣᠷᠠᠬᠢ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠴᠦᠯᠯᠡᠷᠬᠡᠭ ᠭᠠᠵᠠᠷ᠂ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠡᠬᠢ ᠪᠠᠶᠠᠯᠢᠭ᠎ᠢ ᠡᠳᠦᠷ ᠲᠤᠲᠤᠮ᠎ᠤᠨ ᠲᠣᠭᠣᠷᠢᠨ ᠬᠠᠮᠠᠭ᠋ᠠᠯᠠᠬᠤ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠳᠠᠭ᠃

ᠮᠠᠨ᠎ᠤ ᠣᠷᠣᠨ ᠶᠠᠳᠠᠭᠤ᠎ᠠᠴᠠ ᠠᠩᠭᠢᠵᠢᠷᠠᠭᠤᠯᠬᠤ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ᠎ᠳᠤ ᠴᠢᠬᠤᠯᠠ ᠪᠥᠬᠥᠶ ᠲᠣᠨᠣᠭ ᠲᠥᠬᠥᠭᠡᠷᠦᠮᠵᠢ ᠬᠠᠩᠭ᠋ᠠᠬᠤ᠎ᠪᠠᠷ ᠳᠠᠮᠵᠢᠭᠤᠯᠤᠨ᠂ 《ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠦᠷᠭᠦᠯᠵᠢᠯᠡᠨ ᠳᠡᠭᠡᠭᠰᠢᠯᠡᠭᠦᠯᠬᠦ ᠪᠠ ᠦᠢ᠍ᠯᠡᠳᠦᠯ᠎ᠢ᠎ᠨᠢ ᠪᠠᠳᠠᠷᠠᠭᠤᠯᠬᠤ》 ᠠᠵᠢᠯ᠎ᠤᠨ ᠬᠠᠷᠠᠯᠲᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠭᠤᠤᠯᠳᠠᠯᠭ᠎ᠠ᠎ᠲᠠᠢ ᠠᠩᠬᠠᠷᠴᠤ᠂ ᠲᠣᠭᠣᠷᠢᠨ ᠬᠠᠮᠠᠭ᠋ᠠᠯᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠳᠤᠮᠳᠠᠬᠢ ᠶᠠᠳᠠᠭᠤ᠎ᠠᠴᠠ ᠠᠩᠭᠢᠵᠢᠷᠠᠭᠤᠯᠬᠤ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ᠎ᠳᠤ ᠬᠤᠪᠢ ᠨᠡᠮᠡᠷᠢ ᠦᠵᠡᠬᠦᠯᠦᠨ᠎ᠡ᠃