6 ᠰᠠᠷ᠎ᠠ ᠵᠢᠨ 6᠎ᠤ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠣᠯᠤᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠰᠤᠷᠭ᠋ᠠᠭᠤᠯᠢ ᠬᠠᠮᠲᠤᠷᠠᠨ 《ᠤᠷᠭᠤᠮᠠᠯ᠎ᠢ ᠦᠬᠦᠯᠡᠬᠦᠢ》 ᠭᠤᠤᠯ ᠰᠡᠳᠦᠪᠲᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠰᠤᠷᠭ᠋ᠠᠭᠤᠯᠢ ᠵᠢᠨ ᠠᠩᠭᠢ ᠵᠢᠨ ᠡᠷᠬᠢᠯᠡᠭᠴᠢ ᠸᠠᠩ ᠮᠧᠶ ᠴᠢᠩ ᠪᠠᠭᠰᠢ 53 ᠰᠣᠷᠣᠭᠴᠢ᠎ᠪᠠᠨ ᠳᠠᠭ᠋ᠠᠭᠤᠯᠤᠨ ᠬᠥᠬᠡᠬᠣᠲᠠ ᠵᠢᠨ ᠤᠢ ᠮᠣᠳᠣᠨ ᠬᠦᠷᠢᠶᠡᠯᠡᠩ᠎ᠳᠤ ᠬᠦᠷᠴᠦ ᠠᠵᠢᠯᠯᠠᠭ᠎ᠠ᠎ᠳᠤ ᠣᠷᠣᠯᠴᠠᠪᠠ᠃
ᠬᠥᠳᠡᠯᠭᠡᠭᠡᠨ ᠳᠤᠮᠳᠠ ᠬᠣᠶᠠᠷ (1) ᠠᠩᠭᠢ ᠵᠢᠨ ᠲᠠᠪᠤᠨ ᠬᠠᠮᠲᠤ ᠰᠤᠷᠤᠭᠴᠢ᠂ ᠭᠠᠷ᠎ᠲᠠᠭᠠᠨ ᠮᠢᠺᠷᠣᠹᠣᠨ ᠪᠠᠷᠢᠵᠤ᠂ ᠰᠤᠷᠤᠭᠴᠢᠳ᠎ᠲᠤ ᠤᠷᠭᠤᠮᠠᠯ᠎ᠤᠨ ᠮᠡᠳᠡᠯᠭᠡ ᠵᠢ ᠠᠮᠢᠳᠤᠯᠢᠭ᠂ ᠰᠤᠨᠢᠷᠬᠠᠯᠳᠠᠢ ᠲᠠᠢ᠌ᠯᠪᠤᠷᠢᠯᠠᠨ ᠲᠠᠨᠢᠯᠴᠠᠭᠤᠯᠪᠠ᠃ ᠲᠤᠤᠷᠠᠢ ᠮᠤᠳᠤᠨ᠎ᠤ ᠨᠡᠷᠡᠢ᠌ᠳᠦᠯ᠎ᠤᠨ ᠢᠷᠡᠯᠲᠠ᠎ᠨᠢ ᠶᠠᠭᠤ ᠪᠤᠢ? ᠪᠦᠬᠦ ᠳᠡᠯᠡᠬᠡᠶ ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠬᠠᠳᠠᠭ᠋ᠠᠯᠠᠭᠳᠠᠵᠤ ᠪᠠᠶ᠋ᠢᠭ᠎ᠠ ᠡᠷᠲᠡᠨ᠎ᠤ ᠠᠷᠴᠠᠨ ᠮᠤᠳᠤᠨ᠎ᠤ ᠰᠦᠷᠦᠭ ᠬᠠᠮᠢᠭ᠎ᠠ ᠪᠠᠶ᠋ᠢᠬᠤ ᠪᠤᠶ? ᠰᠤᠯᠤᠩᠭ᠋ᠠᠨ ᠴᠡᠴᠡᠭ᠎ᠨᠢ ᠶᠠᠮᠠᠷ ᠬᠢᠲᠠᠳ ᠡᠮ᠎ᠤᠨ ᠭᠤᠤᠯ ᠪᠦᠷᠢᠯᠳᠦᠬᠦᠨ ᠪᠣᠶ? ᠤᠢ ᠮᠣᠳᠣᠨ᠎ᠤ ᠬᠦᠷᠢᠶᠡᠯᠡᠩ᠎ᠤᠨ ᠮᠥᠩᠭᠥᠨ ᠭᠦᠢ᠍ᠯᠡᠰᠦ ᠶᠠᠭ᠋ᠠᠬᠢᠵᠤ ᠪᠦᠲᠦᠭᠰᠡᠨ ᠪᠤᠢ? ᠨᠠᠷᠠᠰᠤ᠂ ᠠᠷᠴᠠ᠂ ᠭᠠᠴᠤᠷ᠎ᠠ ᠪᠠᠰᠠ ᠨᠠᠪᠴᠢ ᠵᠤᠯᠭ᠋ᠠᠷᠠᠨᠠ ᠦᠦ? ᠵᠡᠷᠭᠡ ᠵᠢᠨ ᠲᠤᠬᠠᠢ ᠨᠠᠷᠢᠯᠢᠭ ᠲᠠᠢ᠌ᠯᠪᠤᠷᠢᠯᠠᠭᠰᠠᠨ ᠪᠠᠢ᠌ᠨ᠎ᠠ᠃
《ᠲᠦᠮᠡᠨ ᠪᠣᠳᠠᠰ᠎ᠢ ᠴᠥᠮ ᠲᠠᠨᠢᠵᠤ ᠲᠠᠶ᠋ᠢᠯᠪᠤᠷᠢᠯᠠᠵᠤ ᠪᠣᠯᠤᠨ᠎ᠠ》 ᠭᠡᠳᠡᠭ ᠵᠶ᠋ᠠᠷ ᠦᠨᠳᠦᠰᠦᠨ ᠣᠶ᠋ᠢᠯᠠᠭ᠋ᠠᠭᠳᠠᠬᠤᠨ ᠪᠣᠯᠭ᠋ᠠᠵᠤ᠂ ᠬᠣᠶᠠᠳᠤᠭ᠋ᠠᠷ ᠣᠨ᠎ᠤ ᠬᠠᠮᠲᠤ ᠰᠤᠷᠤᠭᠴᠢᠳ᠎ᠤᠨ ᠬᠡᠯᠡ ᠪᠢᠴᠢᠭ ᠪᠢᠴᠢᠵᠦ ᠰᠤᠷᠬᠤ ᠣᠨᠴᠠᠯᠢᠭ᠎ᠲᠠᠢ ᠤᠶᠠᠯᠳᠤᠭᠤᠯᠤᠨ᠂ ᠲᠠᠪᠤᠨ ᠰᠤᠷᠤᠭᠴᠢ ᠵᠢᠨ ᠲᠤᠬᠠᠶ ᠵᠢᠨ ᠲᠠᠯᠠᠪᠠᠶ ᠵᠢᠨ ᠲᠠᠶ᠋ᠢᠯᠤᠮᠵᠢ᠎ᠪᠠᠷ ᠵᠢᠱ᠌ᠢᠶ᠎ᠡ ᠪᠣᠯᠭ᠋ᠠᠵᠤ᠂ ᠰᠤᠷᠤᠭᠴᠢ ᠨᠢᠭᠡᠪᠦᠷᠢ ᠵᠢ ᠰᠠᠶ᠋ᠢᠲᠤᠷ ᠪᠣᠯᠪᠠᠰᠤᠷᠠᠵᠤ᠂ ᠨᠢᠭᠡ ᠵᠦᠶᠯ᠎ᠤᠨ ᠤᠷᠭᠤᠮᠠᠯ ᠪᠤᠶᠤ ᠠᠮᠢᠲᠠᠨ᠎ᠢ ᠰᠠᠶ᠋ᠢᠲᠤᠷ ᠲᠠᠨᠢᠵᠤ ᠲᠠᠢ᠌ᠯᠪᠤᠷᠢᠯᠠᠬᠤ᠎ᠪᠠᠷ ᠡᠬᠢᠯᠡᠯᠲᠡ ᠪᠣᠯᠭ᠋ᠠᠵᠤ᠂ ᠦᠭᠡ ᠬᠡᠯᠡᠨ᠎ᠤ ᠢᠯᠡᠳᠬᠡᠬᠦ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠢᠲᠡᠭᠡᠯ ᠪᠠ ᠠᠮᠢᠵᠢᠷᠠᠯ᠎ᠤᠨ ᠬᠦᠴᠦᠨ ᠵᠶ᠋ᠠᠨ ᠴᠢᠩᠭ᠋ᠠᠷᠠᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃
ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠲᠠᠨ᠄ 《ᠬᠥᠬᠡᠬᠣᠲᠠ ᠵᠢᠨ ᠤᠢ ᠮᠣᠳᠣᠨ᠎ᠤ ᠬᠦᠷᠢᠶᠡᠯᠡᠩ᠎ᠨᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠨᠢᠭᠡᠨᠲᠡ ᠳᠠᠯ᠎ᠠ ᠰᠢᠬᠠᠮ ᠵᠢᠯ᠎ᠤᠨ ᠲᠡᠦᠬᠡ᠎ᠲᠠᠢ ᠪᠣᠯᠵᠠᠶ᠃ ᠲᠤᠶ᠋ᠢᠯ ᠵᠶ᠋ᠠᠷ ᠨᠠᠨᠳᠢᠩᠨᠠᠬᠤ ᠬᠡᠷᠡᠭᠳᠡᠢ᠃ ᠮᠠᠨ᠎ᠤ ᠠᠵᠢᠯ᠎ᠤᠨ ᠬᠠᠷᠠᠯᠲᠠ ᠪᠣᠯ ᠤᠢ ᠮᠣᠳᠣᠨ᠎ᠤ ᠬᠦᠷᠢᠶᠡᠯᠡᠩ᠎ᠤᠨ ᠪᠠᠢ᠌ᠳᠠᠯ᠎ᠢ ᠰᠠᠶ᠋ᠢᠲᠤᠷ ᠲᠠᠨᠢᠯᠴᠠᠭᠤᠯᠤᠨ ᠲᠠᠢ᠌ᠯᠪᠤᠷᠢᠯᠠᠵᠤ᠂ ᠠᠮᠢ ᠠᠬᠤᠶ ᠵᠢᠨ ᠪᠣᠯᠪᠠᠰᠤᠨ᠎ᠢ ᠲᠠᠨᠢᠭᠤᠯᠬᠤ ᠶᠠᠪᠤᠳᠠᠯ ᠪᠣᠯᠤᠨ᠎ᠠ᠃ ᠬᠠᠮᠲᠤ ᠰᠤᠷᠤᠭᠴᠢ ᠪᠣᠯᠭ᠋ᠠᠨ ᠬᠥᠳᠡᠯᠭᠡᠭᠡᠨ᠎ᠤ ᠳᠤᠮᠳᠠ ᠪᠦᠷ ᠣᠯᠤᠯᠲᠠ᠎ᠲᠠᠢ ᠭᠡᠳᠡᠭ᠎ᠢ ᠢᠲᠡᠭᠡᠵᠦ ᠪᠠᠢ᠍ᠨ᠎ᠠ》 ᠭᠡᠵᠡᠢ᠃