《ᠥᠭᠡᠷᠡᠴᠢᠯᠡᠯᠲᠡ ᠬᠢᠬᠦ᠎ᠳᠤ ᠠᠷᠠᠳ ᠲᠦᠮᠡᠨ ᠪᠠ ᠠᠵᠤ ᠠᠬᠤᠶ᠋ᠢᠯᠠᠯ᠎ᠤᠨ ᠳᠡᠷᠭᠡᠳᠡᠬᠢ ᠡᠳᠦᠷ ᠲᠤᠲᠤᠮ᠎ᠤᠨ ᠬᠠᠮᠤᠭ᠎ᠤᠨ ᠢᠯᠡᠭᠦᠦ ᠰᠡᠳᠬᠢᠯ ᠲᠠᠯᠪᠢᠵᠤ ᠪᠠᠶ᠋ᠢᠭ᠎ᠠ ᠶᠠᠪᠤᠳᠠᠯ᠎ᠠᠴᠠ ᠭᠠᠷᠳᠠᠨ ᠬᠢᠬᠦ ᠬᠡᠷᠡᠭᠲᠡᠶ᠃ ᠤᠳᠤ ᠮᠠᠰᠢ ᠤᠯᠠᠨ ᠶᠠᠷᠰᠢᠭ ᠲᠦᠪᠡᠭᠲᠡᠶ ᠭᠡᠷᠡᠴᠢ᠂ ᠠᠭᠢᠨ ᠳᠠᠬᠢᠨ ᠭᠡᠷᠡᠴᠢᠯᠡᠬᠦ᠂ ᠲᠡᠷᠡ ᠴᠦ᠍ ᠪᠠᠶ᠋ᠢᠲᠤᠭ᠋ᠠᠶ 〈ᠬᠠᠴᠢᠨ ᠰᠣᠨᠢᠨ〉 ᠭᠡᠷᠡᠴᠢ᠂ ᠤᠯᠠᠨ ᠲᠦᠮᠡᠨ᠎ᠤ ᠰᠡᠳᠬᠢᠯ᠎ᠢ ᠵᠤᠪᠠᠭ᠋ᠠᠵᠣ ᠪᠠᠢ᠌ᠬᠤ᠎ᠪᠠᠷ ᠪᠠᠷᠠᠬᠤ ᠦᠭᠡᠢ᠂ ᠮᠥᠨ ᠴᠦ᠍ ᠠᠵᠤ ᠠᠬᠤᠶ᠋ᠢᠯᠠᠯ᠎ᠤᠨ ᠪᠤᠬᠢᠨᠢᠳᠤᠯ᠂ ᠡᠷᠬᠡᠪᠰᠢ ᠵᠣᠷᠢᠭ ᠰᠢᠭᠤᠳᠴᠤ ᠡᠯ᠎ᠡ ᠲᠦᠷᠦᠯ᠎ᠤᠨ ᠭᠡᠷᠡᠴᠢᠯᠡᠬᠦ ᠤᠴᠢᠷ ᠶᠠᠪᠤᠳᠠᠯ᠎ᠢ ᠪᠦᠬᠦ ᠲᠠᠯ᠎ᠠ᠎ᠪᠠᠷ ᠴᠢᠩᠳᠠᠯᠠᠨ ᠴᠡᠭᠴᠡᠯᠡᠵᠦ᠂ ᠤᠯᠠᠨ ᠲᠦᠮᠡᠨ ᠪᠠ ᠠᠵᠤ ᠠᠬᠤᠶ᠋ᠢᠯᠠᠯ᠎ᠢ ᠳᠠᠬᠢᠨ ᠥᠴᠦᠬᠡᠨ ᠴᠦ᠍ ᠴᠢᠬᠤᠯᠠ ᠦᠭᠡᠢ ᠶᠠᠪᠤᠳᠠᠯ᠎ᠳᠤ ᠭᠦᠶᠦᠯᠭᠡᠬᠦ ᠦᠭᠡᠢ》 ᠭᠡᠵᠤ ᠶᠡᠷᠦᠩᠬᠡᠶ ᠰᠠᠶ᠋ᠢᠳ ᠯᠢ ᠺᠸ ᠴᠢᠶᠠᠩ 6 ᠰᠠᠷ᠎ᠠ ᠵᠢᠨ 6᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ ᠳᠡᠭᠡᠷ᠎ᠡ ᠬᠡᠯᠡᠪᠡ᠃
ᠲᠤᠰ ᠡᠳᠦᠷ᠎ᠲᠤ ᠬᠤᠷᠠᠯ᠎ᠠᠴᠠ ᠡᠯ᠎ᠡ ᠵᠦᠢ᠍ᠯ᠎ᠤᠨ ᠭᠡᠷᠡᠴᠢ ᠠᠪᠬᠤ ᠵᠦᠢ᠍ᠯ᠎ᠳᠤ ᠪᠦᠬᠦ ᠲᠠᠯ᠎ᠠ᠎ᠪᠠᠷ ᠡᠮᠬᠢᠯᠡᠨ ᠲᠢᠭᠯᠡᠬᠦ ᠲᠤᠬᠠᠢ ᠲᠤᠭᠲᠠᠭ᠋ᠠᠪᠠ᠃ ᠡᠨᠡ ᠵᠢᠯ᠎ᠤᠨ 3 ᠳ᠋ᠣᠭ᠋ᠠᠷ ᠰᠠᠷ᠎ᠠ᠎ᠳᠤ᠂ ᠯᠢ ᠺᠸ ᠴᠢᠶᠠᠩ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠪᠣᠯᠤᠨ ᠲᠡᠭᠦᠨ᠎ᠤ ᠳᠠᠷᠠᠭ᠎ᠠ᠎ᠪᠠᠷ ᠶᠡᠷᠦᠩᠬᠡᠶ ᠰᠠᠶ᠋ᠢᠳ᠎ᠤᠨ ᠰᠣᠷᠪᠣᠯᠵᠢᠯᠠᠭᠴᠢᠳ᠎ᠤᠨ ᠬᠤᠷᠠᠯ ᠳᠡᠭᠡᠷ᠎ᠡ ᠲᠣᠳᠣᠷᠬᠠᠶ ᠢᠯᠡᠷᠬᠡᠶ᠋ᠢᠯᠡᠭᠰᠡᠨ ᠵᠶ᠋ᠠᠷ᠂ ᠡᠨᠡ ᠵᠢᠯ ᠤᠯᠠᠨ ᠲᠦᠮᠡᠨ ᠪᠣᠯᠤᠨ ᠠᠵᠤ ᠠᠬᠤᠶ᠋ᠢᠯᠠᠯ᠎ᠤᠨ ᠬᠡᠷᠡᠭ ᠡᠷᠬᠢᠯᠡᠬᠦ ᠡᠯ᠎ᠡ ᠲᠥᠷᠥᠯ᠎ᠤᠨ ᠭᠡᠷᠡᠴᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦ ᠪᠠᠷᠢᠮᠲᠠ ᠦᠭᠡᠢ ᠭᠡᠷᠡᠴᠢ ᠵᠢ ᠴᠥᠮ᠎ᠢ ᠬᠦᠴᠦᠨ ᠦᠭᠡᠢ ᠪᠣᠯᠭ᠋ᠠᠬᠤ ᠬᠡᠷᠡᠭᠲᠡᠶ᠃
6 ᠰᠠᠷ᠎ᠠ ᠵᠢᠨ 6᠎ᠤ ᠪᠠᠶ᠋ᠢᠩᠭᠤ ᠵᠢᠨ ᠬᠤᠷᠠᠯ ᠳᠡᠭᠡᠷ᠎ᠡ᠂ ᠯᠢ ᠺᠸ ᠴᠢᠶᠠᠩ ᠡᠨᠡ ᠬᠦ᠌ ᠠᠵᠢᠯ᠎ᠳᠤ ᠨᠠᠷᠢᠨ ᠲᠣᠳᠣᠷᠬᠠᠶ 《ᠵᠠᠮ᠎ᠤᠨ ᠲᠠᠶ᠋ᠢᠯᠪᠤᠷᠢ ᠵᠢᠷᠤᠭ》 ᠪᠠ 《ᠴᠠᠭ᠎ᠤᠨ ᠬᠤᠪᠢᠶᠠᠷᠢ》 ᠲᠣᠭᠲᠠᠭ᠋ᠠᠵᠤ᠄ ᠨᠢᠭᠡ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲᠸᠷᠢᠶᠠᠯ ᠵᠡᠷᠭᠡ ᠵᠢ ᠲᠤᠭᠲᠠᠭ᠋ᠠᠭᠰᠠᠨ ᠭᠡᠷᠡᠴᠢᠯᠡᠬᠦ ᠤᠴᠢᠷ ᠶᠠᠪᠤᠳᠠᠯ᠎ᠤᠨ ᠰᠢᠭᠤᠳ ᠬᠦᠴᠦᠨ ᠦᠭᠡᠶ ᠪᠣᠯᠭ᠋ᠠᠭᠰᠠᠨ᠎ᠢ ᠲᠡᠷᠡ ᠳᠣᠣᠷ᠎ᠠ᠎ᠨᠢ ᠭᠦᠢ᠍ᠴᠡᠳᠬᠡᠯᠲᠡ ᠵᠢ ᠵᠣᠭᠰᠣᠭ᠋ᠠᠯᠭ᠋ᠠᠵᠤ᠂ ᠡᠭᠦᠨ᠎ᠤ ᠬᠠᠮᠲᠤ ᠲᠣᠭᠲᠠᠭ᠋ᠠᠯ᠂ ᠮᠠᠲᠸᠷᠢᠶᠠᠯ᠎ᠢ ᠱᠠᠯᠠᠪᠳᠠᠨ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭ᠋ᠠᠬᠤ; ᠬᠣᠶᠠᠷ᠎ᠲᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠯ᠎ᠲᠠᠢ ᠪᠤᠯᠪᠠᠴᠣ ᠬᠠᠤᠯᠢ᠎ᠳᠤ ᠲᠣᠭᠲᠠᠭ᠋ᠠᠭᠰᠠᠨ ᠭᠡᠷᠡᠴᠢ ᠦᠨᠡᠮᠯᠡᠯ᠂ ᠪᠢᠴᠢᠭ ᠵᠶ᠋ᠠᠷ ᠮᠡᠳᠡᠭᠳᠡᠭᠰᠡᠨ ᠠᠮᠠᠯᠠᠯᠲᠠ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠣᠭᠣᠷᠣᠨᠳᠣᠬᠢ ᠬᠢᠨᠠᠨ ᠪᠠᠶ᠋ᠢᠴᠠᠭ᠋ᠠᠬᠤ ᠵᠡᠷᠭᠡ ᠭᠡᠷᠡᠴᠢᠯᠡᠬᠦ ᠤᠴᠢᠷ ᠶᠠᠪᠤᠳᠠᠯ᠎ᠢ ᠬᠠᠮᠤᠷᠤᠭᠰᠠᠨ ᠪᠤᠶᠤ ᠣᠷᠣᠯᠠᠬᠤ ᠵᠡᠷᠭᠡ ᠬᠡᠷᠡᠭ ᠶᠠᠪᠤᠳᠠᠯ᠂ ᠬᠠᠤᠯᠢ ᠵᠢ ᠵᠠᠰᠠᠬᠤ ᠰᠠᠨᠠᠭᠤᠯᠭ᠎ᠠ᠎ᠪᠠᠨ ᠳᠡᠪᠰᠢᠭᠦᠯᠦᠨ᠂ ᠮᠡᠳᠡᠭᠡ ᠵᠠᠩᠭᠢ᠎ᠳᠤ ᠲᠦᠰᠢᠭᠯᠡᠨ ᠬᠠᠮᠲᠤ᠎ᠪᠠᠷ ᠡᠳ᠋ᠯᠡᠬᠦ ᠪᠠ ᠢᠲᠡᠭᠡᠮᠵᠢ ᠵᠢᠨ ᠰᠢᠰᠲ᠋ᠧᠮ᠎ᠢ ᠬᠦᠴᠦᠨ ᠦᠭᠡᠶ ᠪᠣᠯᠭ᠋ᠠᠬᠤ ᠬᠡᠷᠡᠭᠲᠡᠶ᠃ ᠭᠤᠷᠪᠠ᠎ᠳᠤ᠂ ᠡᠯ᠎ᠡ ᠭᠠᠵᠠᠷ᠎ᠤᠨ ᠥᠪᠡᠷ ᠵᠶ᠋ᠠᠨ ᠲᠣᠭᠲᠠᠭ᠋ᠠᠬᠰᠠᠨ ᠭᠡᠷᠡᠴᠢᠯᠡᠬᠦ ᠤᠴᠢᠷ ᠶᠠᠪᠤᠳᠠᠯ᠎ᠳᠤ᠂ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠠᠴᠠ ᠭᠠᠳᠠᠨ᠎ᠠ᠂ ᠬᠠᠮᠤᠭ ᠤᠷᠤᠢ᠎ᠳᠤ᠎ᠪᠠᠨ ᠵᠢᠯ᠎ᠤᠨ ᠡᠴᠦᠰ᠎ᠠᠴᠠ ᠡᠮᠦᠨ᠎ᠡ ᠦᠭᠡᠢ᠌ᠰᠭᠡᠬᠦ ᠬᠡᠷᠡᠭᠲᠡᠢ; ᠳᠦᠷᠪᠡ᠎ᠳᠤ᠂ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠴᠠᠭ ᠲᠤᠬᠠᠶ᠎ᠳᠤ᠎ᠪᠠᠨ ᠨᠡᠶ᠋ᠢᠲᠡᠯᠡᠵᠦ᠂ ᠬᠦᠴᠦᠨ ᠦᠭᠡᠢ ᠪᠣᠯᠭ᠋ᠠᠬᠤ ᠪᠠ ᠭᠡᠷᠡᠴᠢᠯᠡᠬᠦ ᠤᠴᠢᠷ ᠶᠠᠪᠤᠳᠠᠯ᠎ᠳᠤ ᠲᠣᠳᠣᠷᠬᠠᠶ ᠬᠠᠭᠤᠳᠠᠰᠤ ᠦᠯᠡᠳᠡᠭᠡᠵᠦ᠂ ᠲᠡᠷᠡ ᠶᠣᠰᠣᠭ᠋ᠠᠷ ᠦᠨᠡᠬᠡᠷ ᠦᠯᠡᠳᠡᠭᠡᠬᠦ ᠴᠢᠬᠤᠯᠠᠲᠠᠶ ᠶᠠᠪᠤᠳᠠᠯ᠎ᠳᠤ ᠦᠨᠳᠦᠰᠦ ᠪᠠᠷᠢᠮᠲᠠ᠂ ᠵᠦᠭᠯᠡᠭᠦᠷ᠎ᠢ ᠵᠢᠬᠰᠠᠭ᠋ᠠᠨ ᠲᠣᠭᠲᠠᠭ᠋ᠠᠬᠤ ᠵᠢ ᠪᠠᠲᠤᠯᠠᠬᠣ ᠬᠡᠷᠡᠭᠲᠡᠢ᠃
ᠶᠡᠷᠦᠩᠬᠡᠶ ᠰᠠᠶ᠋ᠢᠳ ᠥᠪᠡᠷ ᠵᠶ᠋ᠠᠨ ᠦᠨᠳᠦᠰᠦᠨ ᠱᠠᠲᠤᠨ᠎ᠳᠤ ᠬᠦᠷᠴᠦ ᠠᠵᠢᠯ ᠪᠠᠶ᠋ᠢᠴᠠᠭ᠋ᠠᠬᠤ᠎ᠳᠠᠭᠠᠨ ᠣᠢ᠌ᠯᠠᠭ᠋ᠠᠭᠰᠠᠨ ᠵᠦᠢ᠍ᠯ ᠵᠢᠰᠦᠮ᠎ᠤᠨ ᠭᠡᠷᠡᠴᠢ ᠣᠯᠠᠨ᠂ ᠤᠴᠢᠷ ᠭᠦᠢ᠍ᠴᠡᠳᠭᠡᠬᠦ᠎ᠳᠤ ᠬᠦᠴᠢᠷᠲᠡᠶ ᠬᠡᠷᠡᠭ᠎ᠤᠨ ᠵᠢᠱ᠌ᠢᠶ᠎ᠡ ᠵᠢ ᠡᠬᠢᠯᠡᠨ ᠶᠠᠷᠢᠯ᠎ᠠ᠄ ᠨᠢᠭᠡᠨ ᠰᠠᠭᠤᠭ᠋ᠠᠯᠢ ᠠᠷᠠᠳ᠎ᠤᠨ ᠵᠥᠪᠯᠡᠯ᠎ᠤᠨ ᠬᠠᠷᠢᠭᠤᠴᠠᠯᠭ᠋ᠠᠲᠠᠨ ᠲᠤᠰᠬᠠᠬᠰᠠᠨ ᠵᠶ᠋ᠠᠷ᠂ ᠡᠯ᠎ᠡ ᠰᠠᠯᠠᠭ᠎ᠠ ᠮᠥᠴᠢᠷ ᠰᠠᠭᠤᠭ᠋ᠠᠯᠢ ᠠᠷᠠᠳ᠎ᠤᠨ ᠵᠥᠪᠯᠡᠯ᠎ᠠᠴᠠ ᠬᠢᠵᠦ ᠥᠭᠭᠦᠭᠰᠡᠨ ᠭᠡᠷᠡᠴᠢᠯᠡᠬᠦ ᠭᠡᠷᠡᠴᠢᠯᠡᠬᠦ᠎ᠨᠢ ᠵᠠᠭᠤᠭ᠋ᠠᠳ ᠵᠦᠢ᠍ᠯ᠎ᠤᠨ ᠪᠠᠶ᠋ᠢᠵᠤ᠂ ᠵᠠᠷᠢᠮ ᠵᠦᠢ᠍ᠯᠡᠰ᠎ᠢ ᠭᠡᠷᠡᠴᠢᠯᠡᠵᠦ ᠴᠢᠳᠠᠬᠤ ᠦᠭᠡᠶ ᠪᠤᠯᠪᠠᠴᠣ ᠭᠡᠷᠡᠴᠢ ᠬᠢᠯᠭᠡᠬᠦ ᠦᠭᠡᠢ ᠪᠤᠯ ᠪᠠᠰᠠ ᠪᠣᠯᠬᠤ ᠦᠭᠡᠢ᠂ ᠤᠴᠢᠷ᠎ᠨᠢ ᠰᠠᠭᠤᠭ᠋ᠠᠯᠢ ᠠᠷᠠᠳ᠎ᠤᠨ ᠭᠡᠷᠡᠴᠢ ᠭᠠᠷᠠᠭ᠋ᠠᠬᠣ ᠦᠭᠡᠢ ᠪᠤᠯ ᠤᠴᠢᠷ ᠭᠦᠢ᠍ᠴᠡᠳᠭᠡᠵᠤ ᠳᠡᠢ᠌ᠯᠬᠦ ᠦᠭᠡᠢ᠂ ᠵᠠᠷᠢᠮ ᠰᠠᠭᠤᠭ᠋ᠠᠯᠢ ᠠᠷᠠᠳ ᠴᠢᠨᠠᠭᠰᠢᠯᠠᠭ᠋ᠠᠳ 《ᠰᠥᠭᠥᠳᠴᠤ ᠪᠠᠢ᠌ᠭ᠋ᠠᠳ》 ᠭᠡᠷᠡᠴᠢ ᠭᠤᠶᠤᠴᠢᠯᠠᠵᠣ ᠪᠠᠢ᠌ᠪᠠ᠃
《ᠰᠠᠭᠤᠭ᠋ᠠᠯᠢ ᠠᠷᠠᠳ᠎ᠤᠨ ᠵᠥᠪᠯᠡᠯ ᠪᠣᠯ ᠦᠨᠳᠦᠰᠦᠨ ᠱᠠᠲᠤᠨ᠎ᠤ ᠤᠯᠡᠠ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠮᠥᠨ᠂ ᠲᠡᠭᠦᠨ᠎ᠠᠴᠠ ᠥᠭᠭᠦᠭᠰᠡᠨ ᠭᠡᠷᠡᠴᠢ᠎ᠨᠢ ᠤᠬᠳᠤ ᠬᠦᠴᠦᠨ ᠦᠭᠡᠢ》 ᠭᠡᠵᠦ ᠯᠢ ᠺᠸ ᠴᠢᠶᠠᠩ ᠰᠡᠳᠬᠢᠯ ᠬᠥᠳᠡᠯᠦᠨ ᠬᠡᠯᠡᠬᠦ᠎ᠳᠡᠭᠡᠨ 《ᠡᠳᠡᠭᠡᠷ ᠵᠢᠭᠲᠡᠶ ᠦᠵᠡᠭᠳᠡᠯ᠎ᠤᠨ ᠠᠷᠤᠳᠤᠨᠢ ᠦᠨᠡᠨ᠎ᠳᠡᠭᠡᠨ ᠵᠠᠷᠢᠮ ᠰᠠᠯᠠᠭ᠎ᠠ ᠮᠥᠴᠢᠷ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠬᠣᠭᠣᠷᠣᠨᠳᠣ᠎ᠪᠠᠨ ᠬᠠᠷᠢᠯᠴᠠᠨ ᠲᠦᠯᠬᠢᠯᠴᠡᠵᠣ ᠬᠠᠷᠢᠭᠤᠴᠠᠯᠭ᠎ᠠ᠎ᠠᠴᠠ ᠵᠠᠶ᠋ᠢᠯᠠᠨ᠂ ᠦᠷ᠎ᠡ ᠳ᠋ᠦᠩ᠎ᠨᠢ ᠳᠠᠷᠤᠶ ᠠᠷᠠᠳ᠎ᠢ ᠳᠡᠩᠰᠡᠯᠭᠡᠵᠤ ᠭᠠᠵᠠᠷ ᠰᠠᠢ ᠦᠭᠡᠢ ᠨᠠᠰᠢ ᠴᠠᠰᠢ ᠭᠦᠶᠦᠯᠭᠡᠵᠦ ᠪᠠᠢ᠌ᠭ᠋ᠠᠳ ᠭᠡᠷᠡᠴᠢ ᠭᠠᠷᠭ᠋ᠠᠵᠣ ᠪᠠᠢ᠌ᠪᠠ》 ᠭᠡᠪᠡ᠃
《ᠬᠦᠴᠦᠨ ᠦᠭᠡᠢ ᠪᠣᠯᠭ᠋ᠠᠬᠤ᠎ᠨᠢ ᠲᠤᠶ᠋ᠢᠯᠪᠤᠷᠢᠲᠠᠶ ᠰᠤᠯᠠ ᠲᠠᠯᠪᠢᠵᠤ ᠬᠠᠮᠢᠶᠠᠷᠬᠤ ᠦᠬᠡᠢ ᠪᠢᠰᠢ᠂ ᠬᠠᠷᠢᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠤᠶᠤ ᠠᠵᠢᠯ ᠲᠥᠷᠥᠯ᠎ᠤᠨ ᠳᠣᠲᠣᠭ᠋ᠠᠳᠤ ᠵᠢᠨ ᠰᠢᠰᠲ᠋ᠧᠮ᠎ᠲᠠᠢ ᠬᠢᠨᠠᠨ ᠪᠠᠶ᠋ᠢᠴᠠᠭ᠋ᠠᠯᠲᠠ᠎ᠪᠠᠷ ᠳᠠᠮᠵᠢᠨ᠂ ᠬᠡᠷᠡᠭ ᠡᠷᠬᠢᠯᠡᠬᠦ ᠲᠤᠰ ᠬᠥᠮᠦᠨ ᠵᠶ᠋ᠡᠷ ᠭᠠᠵᠠᠷ ᠪᠤᠯᠭ᠋ᠠᠨ᠎ᠳᠤ ᠬᠦᠷᠴᠦ ᠭᠡᠷᠡᠴᠢ ᠪᠢᠴᠢᠭᠦᠯᠬᠦ᠎ᠪᠠᠨ ᠪᠤᠯᠢᠵᠠᠢ》 ᠭᠡᠵᠤ ᠯᠢ ᠺᠸ ᠴᠢᠶᠠᠩ ᠶᠠᠷᠢᠵᠤ᠂ 《ᠡᠯ᠎ᠡ ᠰᠠᠯᠠᠭ᠎ᠠ ᠮᠥᠴᠢᠷ᠎ᠨᠢ ᠨᠢᠭᠡᠯᠡ ᠵᠠᠰᠠᠭ᠎ᠤᠨ ᠣᠷᠳᠣᠨ᠎ᠤ ᠬᠠᠷᠢᠶᠠᠳᠤ ᠪᠠᠢ᠌ᠵᠣ᠂ ᠠᠷᠠᠳ ᠣᠯᠠᠨ ᠪᠠ ᠠᠵᠣ ᠠᠬᠣᠢ᠌ᠯᠠᠯ᠎ᠨᠢ ᠠᠠᠳᠠᠯᠢᠬᠠᠨ ᠦᠢ᠍ᠯᠡᠴᠢᠯᠡᠭᠡᠨ᠎ᠤ ᠭᠠᠵᠠᠷ᠎ᠲᠤ ᠬᠡᠷᠡᠭ ᠰᠢᠢ᠍ᠳᠪᠦᠷᠢᠯᠡᠬᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠳᠣᠲᠣᠭ᠋ᠠᠳᠤ᠎ᠳᠤ ᠬᠠᠷᠢᠯᠴᠠᠨ ᠭᠡᠷᠡᠴᠢᠯᠡᠵᠦ ᠳᠡᠶ᠋ᠢᠯᠬᠦ ᠤᠴᠢᠷ ᠶᠠᠪᠤᠳᠠᠯ᠎ᠲᠠᠢ ᠪᠤᠯ ᠵᠠᠰᠠᠭ᠎ᠤᠨ ᠣᠷᠳᠣᠨ ᠥᠪᠡᠷ ᠵᠶ᠋ᠠᠨ ᠬᠢᠨᠠᠨ ᠪᠠᠶ᠋ᠢᠴᠠᠭ᠋ᠠᠬᠤ ᠬᠠᠷᠢᠭᠤᠴᠠᠯᠭ᠎ᠠ᠎ᠪᠠᠨ ᠡᠭᠦᠷᠭᠡᠯᠡᠵᠦ ᠡᠬᠢᠯᠡᠬᠦ ᠬᠡᠷᠡᠭᠲᠡᠢ》 ᠭᠡᠪᠡ᠃
6 ᠰᠠᠷ᠎ᠠ ᠵᠢᠨ 6᠎ᠤ ᠡᠳᠦᠷ᠎ᠲᠤ᠂ ᠪᠠᠶ᠋ᠢᠩᠭᠤ ᠵᠢᠨ ᠬᠤᠷᠠᠯ᠎ᠤᠨ ᠪᠠᠰᠠ ᠨᠢᠭᠡ ᠵᠥᠪᠯᠡᠬᠦ ᠵᠦᠢ᠍ᠯ᠎ᠨᠢ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠢ ᠤᠯᠠᠮ ᠨᠢᠭᠡ ᠠᠯᠬᠤᠮ ᠪᠠᠶ᠋ᠢᠭᠤᠯᠤᠨ ᠲᠡᠭᠦᠯᠳᠡᠷᠵᠢᠭᠦᠯᠵᠦ᠂ ᠯᠢ ᠺᠸ ᠴᠢᠶᠠᠩ ᠬᠡᠯᠡᠭᠰᠡᠨ᠎ᠨᠢ ᠡᠨᠡ ᠬᠣᠶᠠᠷ ᠵᠥᠪᠯᠡᠬᠦ ᠵᠦᠢ᠍ᠯ᠎ᠨᠢ ᠬᠣᠭᠣᠷᠣᠨᠳᠣ᠎ᠪᠠᠨ ᠬᠠᠷᠢᠯᠴᠠᠨ ᠰᠢᠯᠲᠠᠭ᠋ᠠᠨ ᠦᠷ᠎ᠡ ᠳ᠋ᠦᠩ᠎ᠤᠨ ᠬᠠᠷᠢᠴᠠᠭ᠎ᠠ᠎ᠲᠠᠢ ᠪᠠᠢ᠌ᠳᠠᠭ᠃ ᠯᠢ ᠺᠧ ᠴᠢᠶᠠᠩ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ᠎ᠨᠢ᠂ ᠡᠯ᠎ᠡ ᠰᠠᠯᠠᠭ᠎ᠠ ᠮᠥᠴᠢᠷ᠎ᠤᠨ᠎ᠬᠢᠨ ᠴᠥᠮ ᠥᠪᠡᠷ᠎ᠤᠨ ᠬᠠᠷᠢᠶᠠᠨ᠎ᠳᠠᠬᠢ ᠡᠯ᠎ᠡ ᠲᠥᠷᠥᠯ᠎ᠤᠨ ᠭᠡᠷᠡᠴᠢ ᠵᠦᠢ᠍ᠯᠡᠰ᠎ᠢ ᠪᠦᠬᠦ ᠲᠠᠯ᠎ᠠ᠎ᠪᠠᠷ ᠢᠯᠭ᠋ᠠᠷᠠᠭᠤᠯᠤᠨ ᠴᠡᠭᠴᠡᠯᠡᠵᠦ᠂ ᠡᠭᠦᠨ᠎ᠤ ᠬᠠᠮᠲᠤ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠱᠠᠯᠠᠪᠳᠠᠨ ᠲᠥᠯᠬᠢᠨ ᠠᠬᠢᠭᠤᠯᠬᠤ ᠬᠡᠷᠡᠭᠲᠡᠢ᠃
ᠯᠢ ᠺᠸ ᠴᠢᠶᠠᠩ ᠰᠡᠳᠬᠢᠯ ᠲᠥᠪᠯᠡᠭᠦᠨ ᠵᠶ᠋ᠠᠷ᠄ 《ᠤᠯᠠᠨ ᠵᠶ᠋ᠠᠷ ᠵᠶ᠋ᠠᠨ ᠴᠥᠮ ᠣᠯᠠᠨ ᠲᠦᠮᠡᠨ᠎ᠤ ᠲᠦᠯᠦᠭᠡ ᠪᠡᠶ᠎ᠡ᠎ᠲᠠᠢ᠎ᠪᠠᠨ ᠠᠳᠠᠯᠢᠳᠬᠠᠨ ᠢᠯᠡᠭᠦᠭᠡᠨ ᠪᠤᠳᠣᠯᠬᠢᠯᠠᠵᠣ᠂ ᠰᠢᠭᠤᠳ ᠬᠦᠴᠦᠨ ᠦᠭᠡᠢ ᠪᠣᠯᠭ᠋ᠬᠤ ᠭᠡᠷᠡᠴᠢ ᠵᠢᠨ ᠭᠦᠢ᠍ᠴᠡᠳᠬᠡᠯᠲᠡ ᠵᠢ ᠲᠡᠷᠡ ᠳᠣᠣᠷ᠎ᠠ᠎ᠨᠢ ᠵᠣᠭᠰᠣᠭ᠋ᠠᠵᠤ᠂ ᠦᠨᠡᠨᠬᠦ ᠬᠢᠨᠠᠨ ᠪᠠᠶ᠋ᠢᠴᠠᠭ᠋ᠠᠬᠤ ᠴᠢᠬᠤᠯᠠᠲᠠᠢ ᠪᠣᠯ ᠵᠠᠰᠠᠭ᠎ᠤᠨ ᠣᠷᠳᠣᠨ᠎ᠤ ᠳᠣᠲᠣᠭ᠋ᠠᠳᠤ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠶᠠᠪᠤᠳᠠᠯ᠎ᠢ ᠰᠢᠢᠳᠪᠦᠷᠢᠯᠡᠬᠦ᠎ᠪᠠᠷ ᠳᠠᠮᠵᠢᠭᠤᠯᠤᠨ᠂ ᠭᠡᠷᠡᠴᠢ ᠵᠢᠨ ᠲᠦᠯᠦᠭᠡ ᠠᠷᠠᠳ ᠣᠯᠠᠨ᠎ᠢ ᠳᠠᠬᠢᠨ ᠨᠠᠰᠢ ᠴᠠᠰᠢ ᠭᠦᠶᠦᠯᠭᠡᠵᠦ ᠪᠤᠯᠬᠤ ᠦᠭᠡᠢ》 ᠭᠡᠵᠤ ᠬᠡᠯᠡᠪᠡ᠃