ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠨᠡᠶ᠋ᠢᠲᠡᠯᠡᠭᠰᠡᠨ ᠴᠠᠭ᠄ 2025-02-11

 
    
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
    ᠥᠪᠥᠷ ᠵᠠᠰᠠᠭ ᠠᠯᠪᠠᠨ ᠲᠠᠷᠬᠠᠭ᠋ᠠᠭᠰᠠᠨ [2024] 62 ᠳ᠋ᠤᠭ᠋ᠠᠷ ᠲᠣᠭ᠋ᠠᠲᠤ
    《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ

   

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠲᠦᠷᠭᠡᠬᠡᠨ ᠳᠡᠭᠡᠭᠰᠢᠯᠡᠭᠦᠯᠵᠦ᠂ ᠳ᠋ᠢᠭᠢᠲ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠬᠡᠷᠡᠭᠯᠡᠯᠲᠡ᠎ᠪᠠᠷ ᠳᠠᠮᠵᠢᠨ ᠲᠤᠬᠠᠶ᠋ᠢᠯᠠᠭᠰᠠᠨ ᠠᠵᠢᠯ᠎ᠤᠨ ᠴᠤᠪᠤᠷᠠᠯ ᠪᠠ ᠠᠵᠢᠯ᠎ᠤᠨ ᠬᠡᠪ ᠵᠠᠭᠪᠤᠷ᠎ᠲᠤ ᠥᠭᠡᠷᠡᠴᠢᠯᠡᠯᠲᠡ ᠬᠢᠵᠦ ᠰᠢᠨ᠎ᠡ ᠡᠭᠦᠳᠦᠯᠲᠡ ᠭᠠᠷᠭ᠋ᠠᠬᠤ ᠵᠢ ᠬᠥᠲᠥᠯᠥᠨ ᠳᠠᠭ᠋ᠠᠭᠤᠯᠵᠤ᠂ ᠪᠥᠬᠦ ᠣᠷᠣᠨ᠎ᠤ ᠳ᠋ᠢᠬᠢᠳ᠋ᠴᠢᠯᠡᠭᠰᠡᠨ᠂ ᠣᠶᠤᠨᠴᠢᠯᠠᠭᠰᠠᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠵᠠᠰᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠳᠣᠣᠷᠠᠬᠢ ᠮᠡᠲᠦ ᠰᠠᠨᠠᠯ᠎ᠢ ᠳᠤᠷᠠᠳᠪᠠ᠃
    ᠨᠢᠭᠡ᠂ ᠶᠡᠷᠦᠩᠬᠡᠢ ᠱᠠᠭ᠋ᠠᠷᠳᠠᠯᠭ᠎ᠠ
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠴᠢᠩᠭ᠎ᠠ ᠨᠢᠭᠲᠠᠷᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠳᠤ ᠬᠦᠴᠦᠨ ᠴᠢᠳᠠᠮᠵᠢ ᠡᠷᠴᠢᠮᠯᠡᠨ᠂ ᠬᠠᠮᠲᠤ᠎ᠪᠠᠷ ᠵᠥᠪᠳᠡᠯᠴᠡᠬᠦ᠂ ᠬᠠᠮᠲᠤ᠎ᠪᠠᠷ ᠪᠠᠶ᠋ᠢᠭᠤᠯᠬᠤ᠂ ᠬᠠᠮᠲᠤ᠎ᠳᠤ᠎ᠪᠠᠨ ᠭᠦᠷᠲᠡᠬᠦ ᠪᠠ ᠡᠷᠴᠢᠮᠵᠢᠭᠦᠯᠦᠨ ᠪᠦᠲᠦᠭᠡᠨ ᠪᠠᠶ᠋ᠢᠭᠤᠯᠬᠤ ᠵᠠᠷᠴᠢᠮ ᠶᠣᠰᠣᠭ᠋ᠠᠷ᠂ 3 ᠵᠢᠯ᠎ᠤᠨ ᠴᠠᠭ ᠬᠤᠭᠤᠴᠠᠭ᠎ᠠ ᠵᠢ ᠠᠰᠢᠭᠯᠠᠨ ᠪᠦᠬᠦ ᠣᠷᠣᠨ᠎ᠤ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠬᠦᠷᠢᠶ᠎ᠡ ᠴᠠᠷᠠᠭ᠋ᠠᠨ᠎ᠳᠠᠬᠢ ᠲᠣᠮᠣ ᠳ᠋ᠠᠶ᠋ᠢᠲ᠋ᠠ᠂ ᠪᠣᠳᠠᠰᠯᠢᠭ ᠬᠤᠯᠪᠣᠭ᠋ᠠᠲᠤ ᠰᠦᠯᠵᠢᠶ᠎ᠡ᠂ ᠵᠣᠬᠢᠶᠠᠮᠠᠯ ᠣᠶᠤᠨ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠲᠠᠪᠴᠠᠩ᠎ᠤᠨ ᠳ᠋ᠠᠶ᠋ᠢᠲ᠋ᠠ ᠵᠢ ᠬᠤᠷᠠᠮᠳᠤᠭᠤᠯᠬᠤ ᠪᠠ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢᠨ ᠡᠬᠢ ᠪᠠᠶᠠᠯᠢᠭ᠎ᠢ ᠬᠤᠷᠠᠮᠳᠤᠭᠤᠯᠵᠤ᠂ ᠭᠠᠯ ᠲᠦᠢ᠍ᠮᠡᠷ ᠤᠨᠲᠠᠷᠠᠭ᠋ᠠᠵᠤ ᠠᠪᠤᠷᠠᠨ ᠲᠤᠰᠠᠯᠠᠬᠤ ᠮᠡᠳᠡᠭᠡ ᠵᠠᠩᠭᠢ ᠵᠢᠨ ᠰᠢᠰᠲ᠋ᠧ᠊ᠮ᠎ᠢ ᠪᠦᠳᠦᠮᠵᠢᠳᠡᠢ ᠡᠮᠬᠢᠯᠡᠨ ᠨᠡᠶ᠋ᠢᠯᠡᠭᠦᠯᠵᠦ᠂ ᠭᠠᠯ ᠲᠦᠢ᠍ᠮᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠣᠶᠤᠨᠲᠤ ᠵᠠᠭᠪᠤᠷ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠮᠤᠷ ᠲᠦᠪᠰᠢᠨ᠎ᠢ ᠬᠠᠮᠠᠭ᠋ᠠᠯᠠᠬᠤ ᠲᠤᠰᠬᠠᠢ ᠰᠡᠳᠦᠪᠲᠦ ᠳ᠋ᠠᠶ᠋ᠢᠲ᠋ᠠ ᠬᠥᠮᠥᠷᠭᠡ ᠵᠢ ᠴᠣᠭᠴᠠᠯᠠᠨ ᠪᠠᠶ᠋ᠢᠭᠤᠯᠵᠤ᠂ ᠳ᠋ᠠᠶ᠋ᠢᠲ᠋ᠠ᠎ᠪᠠᠷ ᠵᠠᠰᠠᠬᠤ᠂ ᠬᠤᠯᠪᠣᠯᠳᠤᠭᠤᠯᠤᠨ ᠠᠭᠤᠰᠤᠯᠴᠠᠭᠤᠯᠬᠤ ᠪᠠ ᠭᠤᠣᠯᠯᠠᠬᠤ ᠲᠤᠬᠠᠶ᠋ᠢᠯᠠᠭᠰᠠᠨ ᠠᠵᠢᠯ᠎ᠤᠨ ᠳ᠋ᠠᠶ᠋ᠢᠲ᠋ᠠ ᠵᠢ ᠨᠠᠷᠢᠯᠢᠭᠵᠢᠭᠤᠯᠬᠤ᠎ᠪᠠᠨ ᠠᠬᠢᠭᠤᠯᠵᠤ᠂ ᠭᠠᠯ ᠲᠦᠢ᠍ᠮᠡᠷ ᠰᠡᠷᠭᠡᠶ᠋ᠢᠯᠡᠬᠦ᠂ ᠭᠠᠯ ᠲᠦᠢ᠍ᠮᠡᠷ ᠤᠨᠲᠠᠷᠠᠭ᠋ᠠᠬᠤ ᠪᠦᠷᠢᠨ ᠵᠠᠩᠭᠢ ᠵᠢᠨ ᠳ᠋ᠠᠶ᠋ᠢᠲ᠋ᠠ ᠵᠢ ᠴᠠᠭ ᠲᠤᠬᠠᠢ᠎ᠳᠤ᠎ᠨᠢ ᠬᠤᠷᠠᠮᠳᠤᠭᠤᠯᠬᠤ ᠪᠠ ᠨᠢᠭᠡᠳᠦᠯᠲᠡᠢ ᠠᠰᠢᠭᠯᠠᠬᠤ ᠵᠢ ᠪᠡᠶᠡᠯᠡᠭᠦᠯᠦᠨ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠮᠤᠷ ᠲᠦᠪᠰᠢᠨ᠎ᠢ ᠬᠠᠮᠠᠭ᠋ᠠᠯᠠᠬᠤ ᠵᠠᠰᠠᠯᠲᠠ ᠵᠢᠨ ᠬᠡᠪ ᠵᠠᠭᠪᠤᠷ᠎ᠤᠨ ᠲᠠᠯ᠎ᠠ᠎ᠪᠠᠷ 《ᠬᠡᠷᠡᠭ ᠤᠴᠢᠷ ᠡᠭᠦᠰᠬᠦ᠎ᠠᠴᠠ ᠡᠮᠦᠨ᠎ᠡ ᠰᠡᠷᠭᠡᠶ᠋ᠢᠯᠡᠬᠦ》 ᠲᠡᠶ᠋ᠢᠰᠢ ᠬᠡᠯᠪᠡᠷᠢ᠎ᠪᠠᠨ ᠬᠤᠪᠢᠷᠠᠭ᠋ᠠᠬᠤ ᠵᠢ ᠠᠬᠢᠭᠤᠯᠤᠨ᠎ᠠ᠃
    ᠬᠤᠶᠠᠷ᠂ ᠭᠤᠣᠯᠳᠠᠯᠭ᠎ᠠ᠎ᠲᠠᠢ ᠡᠭᠦᠷᠭᠡ
    (ᠨᠢᠭᠡ) ᠬᠤᠳᠠ ᠵᠢᠨ ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠣᠶᠤᠨᠴᠢ ᠲᠠᠪᠴᠠᠩ᠎ᠢ ᠪᠦᠲᠦᠭᠡᠨ ᠪᠠᠶ᠋ᠢᠭᠤᠯᠤᠨ᠎ᠠ
    1. ᠭᠠᠯ ᠲᠦᠢ᠍ᠮᠡᠷ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠭᠠᠯ ᠲᠦᠢ᠍ᠮᠡᠷ᠂ ᠨᠢᠭᠡᠴᠢ᠂ ᠪᠠᠷᠢᠯᠭ᠎ᠠ᠂ ᠭᠠᠵᠠᠷ ᠵᠦᠢ ᠵᠢᠨ ᠮᠡᠳᠡᠭᠡ ᠵᠠᠩᠭᠢ᠂ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠨᠢᠭᠡᠴᠢ᠎ᠠᠴᠠ ᠲᠣᠭᠤᠷᠢᠨ ᠪᠠᠶ᠋ᠢᠴᠠᠭ᠋ᠠᠬᠤ᠂ ᠬᠡᠮ ᠰᠣᠭᠤᠭ ᠵᠢᠴᠢ ᠴᠡᠭᠴᠡᠯᠡᠨ ᠰᠠᠶ᠋ᠢᠵᠢᠷᠠᠭᠤᠯᠬᠤ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶ᠎ᠡ ᠵᠡᠷᠭᠡ ᠵᠢ ᠪᠠᠭᠲᠠᠭ᠋ᠠᠭᠰᠠᠨ ᠳᠣᠲᠣᠷ ᠭᠠᠳᠠᠷ ᠲᠠᠯ᠎ᠠ ᠵᠢᠨ ᠤᠯᠠᠨ ᠡᠬᠢᠲᠦ ᠲᠤᠬᠠᠶ᠋ᠢᠯᠠᠭᠰᠠᠨ ᠠᠵᠢᠯ᠎ᠤᠨ ᠳ᠋ᠠᠶ᠋ᠢᠲ᠋ᠠ ᠵᠢ ᠬᠤᠷᠠᠮᠳᠤᠭᠤᠯᠤᠨ᠂ ᠮᠠᠰᠢᠨ ᠵᠶ᠋ᠠᠷ ᠰᠣᠷᠣᠯᠴᠠᠭᠤᠯᠬᠤ ᠵᠢᠴᠢ ᠵᠣᠬᠢᠶᠠᠮᠠᠯ ᠤᠶᠤᠨ᠎ᠤ ᠮᠡᠷᠭᠡᠵᠢᠯ᠎ᠢ ᠠᠰᠢᠭᠯᠠᠵᠤ ᠪᠠᠶ᠋ᠢᠭ᠋ᠠᠳ ᠨᠢᠭᠡᠴᠢ ᠵᠢᠨ ᠪᠠᠷᠢᠯᠭ᠎ᠠ ᠵᠢᠨ ᠭᠠᠯ ᠲᠦᠢ᠍ᠮᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠵᠠᠭᠪᠤᠷ ᠵᠢᠴᠢ ᠣᠷᠣᠨ ᠰᠠᠭᠤᠴᠠ ᠵᠢᠨ ᠰᠠᠭᠤᠭ᠋ᠠᠯᠢ ᠲᠣᠭᠤᠷᠢᠭ᠎ᠤᠨ ᠭᠠᠯ ᠲᠦᠢ᠍ᠮᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠵᠠᠭᠪᠤᠷ᠎ᠲᠤ ᠰᠤᠷᠭ᠋ᠠᠭᠤᠯᠢᠯᠠᠯ ᠬᠢᠵᠦ᠂ ᠲᠦᠭᠰᠢᠭᠦᠷᠢ ᠵᠢ ᠬᠥᠳᠡᠯᠦᠩᠭᠦᠢ ᠦᠨᠡᠯᠡᠨ ᠵᠢᠱ᠌ᠢᠬᠦ᠂ ᠤᠨᠤᠪᠴᠢᠳᠠᠢ ᠰᠡᠷᠡᠮᠵᠢᠯᠡᠬᠦᠯᠬᠦ ᠠᠵᠢᠯ᠎ᠢ ᠥᠷᠨᠢᠭᠦᠯᠦᠨ᠂ 《ᠬᠤᠶᠠᠷ᠎ᠢ ᠲᠠᠰᠢᠷᠠᠮ ᠵᠶ᠋ᠠᠷ ᠰᠤᠭᠤᠴᠢᠵᠤ ᠨᠢᠭᠡ ᠵᠢ ᠢᠯᠡ ᠪᠣᠯᠭ᠋ᠠᠬᠤ》 ᠰᠢᠰᠲ᠋ᠧᠮ᠎ᠲᠠᠢ ᠵᠣᠯᠭ᠋ᠠᠭᠤᠯᠵᠤ᠂ ᠨᠡᠶ᠋ᠢᠭᠡᠮ᠎ᠤᠨ ᠨᠢᠭᠡᠴᠢ ᠵᠢ ᠰᠤᠭᠤᠴᠢᠨ ᠪᠠᠶ᠋ᠢᠴᠠᠭ᠋ᠠᠬᠤ ᠬᠠᠷᠢᠴᠠᠯ ᠪᠠ ᠪᠠᠶ᠋ᠢᠴᠠᠭ᠋ᠠᠬᠤ ᠤᠳᠠᠭ᠎ᠠ ᠳᠠᠷᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠬᠢᠨᠠᠯᠲᠠ ᠬᠠᠮᠢᠶᠠᠷᠤᠯᠲᠠ ᠵᠢᠨ ᠬᠦᠴᠦᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠭᠠᠯ ᠲᠦᠢ᠍ᠮᠡᠷ᠎ᠤᠨ ᠲᠦᠭᠰᠢᠭᠦᠷᠢ ᠶᠡᠬᠡᠲᠡᠢ ᠲᠠᠯᠠᠪᠤᠷ ᠭᠠᠵᠠᠷ᠎ᠲᠤ ᠠᠩᠬᠠᠷᠤᠯ ᠲᠥᠪᠯᠡᠷᠡᠭᠦᠯᠵᠦ᠂ ᠮᠡᠳᠡᠭᠡ ᠵᠠᠩᠭᠢ ᠨᠡᠶ᠋ᠢᠲᠡᠯᠡᠬᠦ ᠪᠠᠷᠢᠮᠵᠢᠶᠠᠵᠢᠭᠤᠯᠤᠭᠰᠠᠨ ᠵᠠᠯᠭ᠋ᠠᠭ᠋ᠠᠰᠤ ᠬᠠᠩᠭ᠋ᠠᠨ᠂ ᠠᠵᠢᠯ ᠲᠥᠷᠥᠯ᠎ᠤᠨ ᠰᠠᠯᠠᠭ᠎ᠠ ᠮᠥᠴᠢᠷ ᠵᠢᠴᠢ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠬᠠᠨᠳᠤᠯᠭ᠋ᠠᠲᠤ ᠴᠢᠨᠠᠷᠲᠠᠢ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃ 2026 ᠣᠨ᠎ᠤ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠭᠠᠯ ᠲᠦᠢ᠍ᠮᠡᠷ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠤᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠬᠤᠲᠠ (ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ)᠎ᠨᠤᠭᠤᠳ᠎ᠲᠤ ᠭᠠᠯ ᠲᠦᠢ᠍ᠮᠡᠷ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠤᠨ ᠬᠠᠮᠢᠶ᠎ᠠ ᠪᠦᠬᠦᠢ ᠳ᠋ᠠᠶ᠋ᠢᠲ᠋ᠠ ᠵᠢ ᠵᠠᠯᠭ᠋ᠠᠨ ᠣᠷᠣᠭᠤᠯᠬᠤ ᠵᠢᠨ ᠬᠠᠮᠲᠤ ᠳᠡᠯᠭᠡᠷᠡᠭᠦᠯᠦᠨ ᠬᠡᠷᠡᠭᠯᠡᠬᠦ ᠠᠵᠢᠯ᠎ᠢ ᠥᠷᠨᠢᠭᠦᠯᠦᠨ᠎ᠡ; 2027 ᠣᠨ᠎ᠤ ᠰᠡᠭᠦᠯᠴᠢ᠎ᠠᠴᠠ ᠡᠮᠦᠨ᠎ᠡ ᠪᠤᠰᠤᠳ ᠠᠶ᠋ᠢᠮᠠᠭ ᠬᠤᠲᠠ᠎ᠨᠤᠭᠤᠳ᠎ᠲᠤ ᠵᠠᠯᠭ᠋ᠠᠵᠤ ᠣᠷᠣᠭᠤᠯᠬᠤ ᠠᠵᠢᠯ ᠵᠶ᠋ᠠᠨ ᠪᠡᠶᠡᠯᠡᠭᠦᠯᠦᠨ᠎ᠡ᠃
    2. ᠨᠡᠶ᠋ᠢᠭᠡᠮ᠎ᠤᠨ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠮᠤᠷ ᠲᠦᠪᠰᠢᠨ᠎ᠢ ᠬᠠᠮᠠᠭ᠋ᠠᠯᠠᠬᠤ ᠡᠵᠡ ᠮᠡᠳᠡᠭᠰᠡᠨ ᠬᠠᠮᠢᠶᠠᠷᠤᠯᠲᠠ ᠵᠢᠨ ᠰᠢᠰᠲ᠋ᠧ᠊ᠮ᠎ᠢ ᠪᠦᠲᠦᠭᠡᠨ ᠪᠠᠶ᠋ᠢᠭᠤᠯᠤᠨ᠎ᠠ᠃ ᠨᠡᠶ᠋ᠢᠭᠡᠮ᠎ᠤᠨ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠮᠤᠷ ᠲᠦᠪᠰᠢᠨ᠎ᠢ ᠬᠠᠮᠠᠭ᠋ᠠᠯᠠᠬᠤ ᠡᠵᠡ ᠮᠡᠳᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠰᠤᠳᠤᠯᠤᠨ ᠨᠡᠭᠡᠭᠡᠵᠦ᠂ ᠡᠳᠦᠷ ᠲᠤᠲᠤᠮ᠎ᠤᠨ ᠪᠣᠯᠪᠠᠰᠤᠷᠠᠯ ᠰᠣᠷᠢᠯᠲᠠ᠂ ᠭᠠᠯ ᠲᠦᠢ᠍ᠮᠡᠷ᠎ᠤᠨ ᠬᠡᠷᠡᠭ᠎ᠤᠨ ᠵᠢᠱ᠌ᠢᠶ᠎ᠡ ᠵᠢ ᠬᠠᠨᠳᠤᠯᠭ᠎ᠠ᠎ᠲᠠᠢ᠎ᠪᠠᠷ ᠳᠠᠮᠵᠢᠭᠤᠯᠤᠨ ᠬᠦᠷᠭᠡᠬᠦ ᠵᠡᠷᠭᠡ ᠦᠢ᠍ᠯᠡᠳᠦᠯ ᠴᠢᠳᠠᠮᠵᠢ ᠵᠢ᠎ᠨᠢ ᠳᠡᠮᠵᠢᠵᠦ᠂ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠬᠠᠮᠢᠶᠠᠷᠤᠯᠲᠠ ᠵᠢᠨ ᠠᠵᠢᠯᠲᠠᠨ᠎ᠳᠤ ᠦᠨᠡᠨ ᠨᠡᠷ᠎ᠡ ᠵᠢᠨ ᠳᠦᠷᠢᠮ ᠵᠶ᠋ᠠᠷ ᠬᠠᠮᠢᠶᠠᠷᠤᠯᠲᠠ ᠬᠢᠬᠦ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠠᠭᠤᠯᠭ᠎ᠠ ᠵᠢ ᠪᠠᠷᠢᠮᠵᠢᠶᠠᠵᠢᠭᠤᠯᠤᠨ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢ ᠵᠢᠷᠤᠮᠵᠢᠭᠤᠯᠬᠤ ᠪᠠ ᠨᠠᠷᠢᠯᠢᠭᠵᠢᠭᠤᠯᠬᠤ ᠬᠢᠷᠢ ᠲᠦᠪᠰᠢᠨ᠎ᠢ᠎ᠨᠢ ᠳᠡᠭᠡᠭᠰᠢᠯᠡᠭᠦᠯᠬᠦ ᠵᠢᠨ ᠬᠠᠮᠲᠤ᠂ ᠨᠡᠶ᠋ᠢᠭᠡᠮ᠎ᠤᠨ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠡᠵᠡ ᠮᠡᠳᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠰᠢᠰᠲ᠋ᠧᠮ᠎ᠯᠦᠭᠡ ᠵᠣᠯᠭ᠋ᠠᠭᠤᠯᠬᠤ ᠵᠢ ᠪᠡᠶᠡᠯᠡᠭᠦᠯᠵᠦ᠂ ᠬᠥᠮᠥᠨ ᠪᠠ ᠮᠡᠷᠭᠡᠵᠢᠯ ᠵᠶ᠋ᠠᠷ ᠰᠡᠷᠭᠡᠶ᠋ᠢᠯᠡᠬᠦ ᠵᠢᠨ ᠣᠷᠭ᠋ᠠᠨᠢᠭ ᠨᠢᠭᠡᠳᠦᠯ᠎ᠢ ᠪᠦᠷᠢᠯᠳᠦᠭᠦᠯᠦᠨ᠂ ᠨᠡᠶ᠋ᠢᠭᠡᠮ᠎ᠤᠨ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠩ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ 2026 ᠣᠨ᠎ᠤ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ᠎ᠬᠢᠨ ᠨᠡᠶ᠋ᠢᠭᠡᠮ᠎ᠤᠨ ᠨᠢᠭᠡᠴᠢ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠡᠵᠡ ᠮᠡᠳᠡᠭᠰᠡᠨ ᠬᠠᠮᠢᠶᠠᠷᠤᠯᠲᠠ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠬᠦ ᠵᠢᠨ ᠬᠠᠮᠲᠤ᠂ ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠭᠤᠣᠯᠳᠠᠯᠭ᠎ᠠ ᠪᠣᠯᠬᠤ ᠨᠢᠭᠡᠴᠢ᠎ᠳᠤ ᠳᠡᠯᠭᠡᠷᠡᠭᠦᠯᠦᠨ ᠬᠡᠷᠡᠭᠯᠡᠵᠦ᠂ 2027 ᠣᠨ᠎ᠤ ᠰᠡᠭᠦᠯᠴᠢ᠎ᠠᠴᠠ ᠡᠮᠦᠨ᠎ᠡ ᠪᠥᠬᠦ ᠣᠷᠣᠨ᠎ᠤ 10 ᠲᠦᠮᠡ ᠭᠠᠷᠤᠢ ᠨᠡᠶ᠋ᠢᠭᠡᠮ᠎ᠤᠨ ᠨᠢᠭᠡᠴᠢ ᠵᠢ ᠰᠢᠰᠲ᠋ᠧᠮ᠎ᠳᠤ ᠵᠠᠯᠭ᠋ᠠᠨ ᠣᠷᠣᠭᠤᠯᠬᠤ᠎ᠪᠠᠷ ᠬᠦᠴᠦᠯᠡᠨ ᠴᠢᠷᠮᠠᠶ᠋ᠢᠨ᠎ᠠ᠃
    3. ᠬᠤᠲᠠ ᠬᠥᠳᠡᠭᠡ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢ ᠵᠠᠯᠭ᠋ᠠᠨ ᠣᠷᠣᠭᠤᠯᠬᠤ ᠲᠠᠪᠴᠠᠩ᠎ᠢ ᠪᠦᠲᠦᠭᠡᠨ ᠪᠠᠶ᠋ᠢᠭᠤᠯᠤᠨ᠎ᠠ᠃ 2026 ᠣᠨ᠎ᠤ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢ ᠵᠠᠯᠭ᠋ᠠᠨ ᠣᠷᠣᠭᠤᠯᠬᠤ ᠪᠠᠷᠢᠮᠵᠢᠶ᠎ᠠ᠎ᠪᠠᠨ ᠵᠢᠷᠤᠮᠵᠢᠭᠤᠯᠵᠤ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢ ᠠᠭᠤᠰᠤᠯᠴᠠᠭᠤᠯᠤᠨ ᠬᠠᠮᠲᠤ᠎ᠳᠤ᠎ᠪᠠᠨ ᠭᠥᠷᠳᠡᠬᠦ᠂ ᠬᠤᠣᠰ ᠴᠢᠭᠯᠡᠯ ᠵᠶ᠋ᠠᠷ ᠬᠦᠴᠦᠨ ᠴᠢᠳᠠᠮᠵᠢ ᠡᠷᠴᠢᠮᠯᠡᠬᠦ ᠵᠢ ᠠᠬᠢᠭᠤᠯᠤᠨ ᠪᠡᠶᠡᠯᠡᠭᠦᠯᠵᠦ᠂ ᠬᠤᠲᠠ ᠵᠢᠨ ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ᠂ ᠭᠠᠯ ᠲᠦᠢ᠍ᠮᠡᠷ ᠤᠨᠲᠠᠷᠠᠭ᠋ᠠᠵᠤ ᠠᠪᠤᠷᠠᠨ ᠲᠤᠰᠠᠯᠠᠬᠤ ᠠᠵᠢᠯ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃ ᠥᠨᠳᠥᠷ ᠳᠠᠪᠬᠤᠷᠭ᠋ᠠᠲᠤ ᠣᠯᠠᠨ ᠨᠡᠶ᠋ᠢᠲᠡ ᠵᠢᠨ ᠪᠠᠷᠢᠯᠭ᠎ᠠ᠂ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠴᠣᠭᠴᠠ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠲᠠᠭᠲᠤ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ ᠵᠢᠴᠢ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠰᠤᠷᠭ᠋ᠠᠭᠤᠯᠢ ᠵᠡᠷᠭᠡ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ᠎ᠤᠨ ᠪᠠᠷᠢᠯᠭ᠎ᠠ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠡᠯᠡᠳᠬᠡᠮᠵᠢ ᠵᠢᠨ ᠮᠡᠳᠡᠭᠡ ᠵᠠᠩᠭᠢ ᠵᠢ ᠤᠷᠢᠳ ᠵᠶ᠋ᠠᠷ ᠵᠠᠯᠭ᠋ᠠᠨ ᠣᠷᠣᠭᠤᠯᠵᠤ᠂ ᠡᠵᠡᠮᠳᠡᠯ᠎ᠤᠨ ᠲᠠᠰᠤᠭ᠎ᠤᠨ ᠵᠢᠵᠢᠭᠦᠷᠯᠡᠬᠦ ᠲᠣᠭᠲᠠᠭ᠋ᠠᠯ᠎ᠢ ᠢᠵᠢ ᠪᠦᠷᠢᠳᠦᠭᠦᠯᠵᠦ ᠰᠢᠯᠢᠳᠡᠭᠵᠢᠭᠦᠯᠦᠨ ᠲᠣᠭᠲᠠᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠨᠡᠶ᠋ᠢᠭᠡᠮ᠎ᠤᠨ ᠨᠢᠭᠡᠴᠢ ᠵᠢᠨ ᠪᠠᠷᠢᠯᠭ᠎ᠠ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠡᠯᠡᠳᠬᠡᠮᠵᠢ ᠵᠢᠨ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠤᠨ᠎ᠠ; ᠬᠤᠲᠠ ᠪᠠᠯᠭ᠋ᠠᠰᠤᠨ᠎ᠤ ᠭᠤᠣᠨᠢ ᠭᠠᠭᠴᠠᠭ᠋ᠠᠷ ᠰᠠᠭᠤᠭ᠎ᠠ ᠨᠠᠰᠤᠲᠠᠶ᠋ᠢᠴᠤᠳ᠎ᠲᠤ ᠢᠨᠲ᠋ᠧᠷ ᠰᠦᠯᠵᠢᠶᠡᠨ᠎ᠳᠤ ᠬᠤᠯᠪᠣᠭᠰᠠᠨ ᠬᠡᠯᠪᠡᠷᠢ ᠪᠦᠬᠦᠢ ᠣᠲᠤᠭ᠎ᠠ ᠮᠡᠳᠡᠷᠡᠵᠦ ᠭᠠᠯ ᠲᠦᠢ᠍ᠮᠡᠷ᠎ᠤᠨ ᠲᠦᠭᠰᠢᠭᠦᠷᠢ ᠮᠡᠳᠡᠭᠡᠯᠡᠬᠦ ᠲᠤᠰᠠᠭ᠋ᠠᠷ ᠮᠠᠰᠢᠨ ᠤᠭᠰᠠᠷᠠᠨ ᠥᠭᠴᠦ᠂ ᠬᠤᠲᠠ ᠪᠠᠯᠭ᠋ᠠᠰᠤ ᠵᠢᠴᠢ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠣᠷᠣᠨ ᠰᠠᠭᠤᠴᠠ᠎ᠳᠤ ᠣᠲᠤᠭ᠎ᠠ ᠮᠡᠳᠡᠷᠡᠬᠦ ᠲᠤᠰᠠᠭ᠋ᠠᠷ ᠮᠠᠶᠢᠭ᠎ᠤᠨ ᠣᠶᠤᠨᠴᠢ ᠬᠠᠶ᠋ᠢᠭᠤᠷ ᠪᠤᠶᠤ ᠠᠯᠤᠰ᠎ᠠᠴᠠ ᠬᠢᠨᠠᠨ ᠡᠵᠡᠮᠳᠡᠵᠦ ᠪᠣᠯᠬᠤ ᠰᠡᠭᠦᠳᠡᠷᠯᠡᠬᠦ ᠮᠠᠰᠢᠨ ᠤᠭᠰᠠᠷᠠᠵᠤ ᠥᠭᠬᠦ ᠵᠢ ᠠᠬᠢᠭᠤᠯᠤᠨ᠎ᠠ᠃ 2026 ᠣᠨ᠎ᠤ ᠰᠡᠭᠦᠯᠴᠢ᠎ᠠᠴᠠ ᠡᠮᠦᠨ᠎ᠡ᠂ ᠭᠤᠣᠯᠳᠠᠯᠭ᠎ᠠ ᠪᠣᠯᠬᠤ ᠬᠤᠲᠠ (ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ)᠎ᠨᠤᠭᠤᠳ᠎ᠲᠤ ᠬᠤᠲᠠ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠳ᠋ᠠᠶ᠋ᠢᠲ᠋ᠠ ᠵᠢ ᠵᠠᠯᠭ᠋ᠠᠨ ᠣᠷᠣᠭᠤᠯᠬᠤ ᠠᠵᠢᠯ ᠵᠶ᠋ᠠᠨ ᠪᠡᠶᠡᠯᠡᠭᠦᠯᠦᠨ᠎ᠡ; 2027 ᠣᠨ᠎ᠤ ᠰᠡᠭᠦᠯᠴᠢ᠎ᠠᠴᠠ ᠡᠮᠦᠨ᠎ᠡ ᠪᠤᠰᠤᠳ ᠠᠶ᠋ᠢᠮᠠᠭ ᠬᠤᠲᠠ᠎ᠨᠤᠭᠤᠳ᠎ᠲᠤ ᠵᠠᠯᠭ᠋ᠠᠵᠤ ᠣᠷᠣᠭᠤᠯᠬᠤ ᠠᠵᠢᠯ ᠵᠶ᠋ᠠᠨ ᠪᠡᠶᠡᠯᠡᠭᠦᠯᠦᠨ᠎ᠡ᠃
    (ᠬᠤᠶᠠᠷ) ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ᠎ᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠨ᠎ᠡ
    1. ᠲᠣᠮᠣ ᠳ᠋ᠠᠶ᠋ᠢᠲ᠋ᠠ᠂ ᠡᠭᠦᠯᠡᠨ ᠪᠣᠳᠣᠯᠲᠠ᠂ ᠳ᠋ᠢᠬᠢᠲ ᠢᠬᠢᠷ᠎ᠡ ᠲᠦᠰᠦᠬᠡᠳᠦᠯᠭᠡ᠂ ᠰᠢᠯᠵᠢᠭᠡ ᠢᠨᠲ᠋ᠧᠷ ᠰᠦᠯᠵᠢᠶ᠎ᠡ ᠵᠡᠷᠭᠡ ᠮᠡᠷᠭᠡᠵᠢᠯ᠎ᠢ ᠭᠦᠢ᠍ᠴᠡᠳ ᠬᠡᠷᠡᠭᠯᠡᠨ᠂ ᠣᠲᠣ ᠵᠢᠨ ᠪᠠᠶ᠋ᠢᠭ᠎ᠠ ᠲᠠᠪᠴᠠᠩ ᠵᠶ᠋ᠠᠨ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠪᠥᠬᠦ ᠣᠷᠣᠨ᠎ᠤ ᠣᠳᠣᠬᠢᠴᠢᠯᠠᠭᠰᠠᠨ 119 ᠵᠢᠯᠤᠭᠤᠳᠬᠤ ᠲᠥᠪ᠎ᠢ ᠴᠣᠭᠴᠠᠯᠠᠨ ᠪᠠᠶ᠋ᠢᠭᠤᠯᠵᠤ᠂ ᠴᠠᠭᠳᠠᠭ᠋ᠠᠨ᠎ᠤ ᠪᠠᠶ᠋ᠢᠳᠠᠯ᠎ᠢ ᠲᠤᠬᠠᠢ ᠵᠢᠨ ᠴᠠᠭ᠎ᠲᠤ᠎ᠨᠢ ᠰᠦᠯᠵᠢᠶᠡᠵᠢᠭᠦᠯᠦᠨ ᠬᠤᠷᠠᠮᠳᠤᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠠᠯ᠎ᠠ᠎ᠳᠤ ᠨᠢᠭᠡ᠎ᠪᠠᠷ ᠨᠢᠭᠡᠳᠬᠡᠭᠰᠡᠨ ᠵᠢᠷᠤᠭ᠎ᠲᠠᠢ ᠪᠠᠶ᠋ᠢᠯᠭ᠋ᠠᠬᠤ ᠵᠡᠷᠭᠡ ᠦᠢ᠍ᠯᠡᠳᠦᠯ ᠴᠢᠳᠠᠮᠵᠢ ᠵᠢ ᠪᠡᠶᠡᠯᠡᠭᠦᠯᠦᠨ᠎ᠡ᠃ ᠣᠲᠣ ᠵᠢᠨ ᠪᠠᠶ᠋ᠢᠭ᠎ᠠ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠴᠢᠮᠡᠭᠡ ᠬᠤᠯᠪᠣᠭ᠋ᠠᠨ᠎ᠤ ᠲᠣᠣᠷ ᠰᠦᠯᠵᠢᠶ᠎ᠡ ᠵᠢ ᠪᠣᠶ᠋ᠢᠳᠠ ᠪᠥᠭᠯᠡᠭᠦᠦ ᠭᠠᠵᠠᠷ ᠣᠷᠣᠨ᠎ᠳᠤ ᠬᠦᠷᠲᠡᠯ᠎ᠡ ᠤᠷᠲᠤᠳᠬᠠᠨ᠎ᠠ᠃ ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠨᠤᠭ ᠲᠥᠬᠦᠭᠡᠷᠦᠮᠵᠢ ᠵᠢᠨ ᠪᠠᠶ᠋ᠢᠷᠢ ᠲᠣᠭᠲᠠᠭ᠋ᠠᠯᠲᠠ᠂ PDT ᠶᠠᠷᠢᠯᠴᠠᠭᠤᠷ᠂ ᠵᠢᠯᠣᠭᠤᠴᠢ ᠦᠭᠡᠢ ᠨᠢᠰᠬᠡᠯ ᠵᠢᠴᠢ ᠭᠠᠭᠴᠠ ᠴᠡᠷᠢᠭ᠎ᠤᠨ ᠸᠢᠳᠢᠤ᠋ ᠵᠡᠷᠭᠡ ᠣᠳᠣ ᠵᠢᠨ ᠪᠠᠶ᠋ᠢᠭ᠎ᠠ ᠡᠬᠢ ᠪᠠᠶᠠᠯᠢᠭ ᠵᠶ᠋ᠠᠨ ᠡᠮᠬᠢᠯᠡᠨ ᠨᠡᠶ᠋ᠢᠯᠡᠭᠦᠯᠵᠦ᠂ ᠭᠠᠯ ᠲᠦᠢ᠍ᠮᠡᠷ ᠤᠨᠲᠠᠷᠠᠭ᠋ᠠᠵᠤ ᠠᠪᠤᠷᠠᠨ ᠲᠤᠰᠠᠯᠠᠬᠤ ᠪᠦᠷᠢᠨ ᠵᠠᠩᠭᠢ ᠵᠢᠨ ᠳ᠋ᠠᠶ᠋ᠢᠲ᠋ᠠ ᠵᠢ ᠲᠤᠬᠠᠢ ᠵᠢᠨ ᠴᠠᠭ᠎ᠲᠤ᠎ᠨᠢ ᠬᠤᠷᠠᠮᠳᠤᠭᠤᠯᠤᠨ᠂ ᠨᠢᠭᠡᠳᠦᠯᠲᠡᠢ ᠠᠰᠢᠭᠯᠠᠬᠤ ᠵᠢ ᠪᠡᠶᠡᠯᠡᠭᠦᠯᠦᠨ᠎ᠡ; ᠰᠡᠷᠡᠮᠵᠢ ᠵᠢᠨ ᠳᠣᠬᠢᠶ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠴᠤᠪᠤᠷᠠᠯ᠎ᠢ ᠵᠢᠷᠤᠮᠵᠢᠭᠤᠯᠤᠨ ᠲᠤᠯᠭ᠋ᠠᠭᠤᠷᠢᠯᠠᠬᠤ ᠪᠠᠭ᠋ᠠᠵᠢ ᠵᠢ ᠰᠤᠳᠤᠯᠤᠨ ᠨᠡᠭᠡᠭᠡᠵᠦ᠂ ᠣᠶᠤᠨᠴᠢᠯᠠᠭᠰᠠᠨ᠂ ᠪᠣᠰᠤᠭ᠎ᠠ ᠴᠣᠭᠴᠠᠵᠢᠭᠰᠠᠨ ᠲᠣᠬᠢᠷᠠᠭᠤᠯᠤᠯᠲᠠ ᠬᠢᠵᠦ ᠭᠦᠢ᠍ᠴᠡᠳᠬᠡᠨ ᠳᠠᠭ᠋ᠠᠬᠤ ᠬᠢᠭᠡᠳ ᠵᠢᠯᠤᠭᠤᠳᠴᠤ ᠦᠢ᠍ᠯᠡᠴᠢᠯᠡᠬᠦ ᠲᠣᠭᠲᠠᠯᠴᠠᠭ᠎ᠠ ᠵᠢ ᠪᠠᠶ᠋ᠢᠭᠤᠯᠤᠨ᠎ᠠ᠃ 2026 ᠣᠨ᠎ᠤ ᠰᠡᠭᠦᠯᠴᠢ᠎ᠠᠴᠠ ᠡᠮᠦᠨ᠎ᠡ ᠥᠭᠡᠷᠡᠴᠢᠯᠡᠨ ᠰᠢᠨᠡᠳᠬᠡᠵᠦ ᠳᠠᠭᠤᠰᠬᠠᠨ᠎ᠠ᠃
    2. ᠳᠣᠬᠢᠭᠤᠷ ᠲᠤᠯᠤᠭ᠎ᠠ ᠳᠠᠭ᠋ᠠᠭᠤᠯᠢ ᠣᠳᠣᠨ᠎ᠤ ᠵᠠᠮᠴᠢᠯᠠᠭᠤᠷ᠂ ᠠᠯᠤᠰ᠎ᠠᠴᠠ ᠸᠢᠳᠢᠤ᠋᠎ᠪᠠᠷ ᠬᠢᠨᠠᠨ ᠡᠵᠡᠮᠳᠡᠬᠦ᠂ ᠣᠶᠤᠨᠴᠢ᠎ᠪᠠᠷ ᠬᠢᠨᠠᠨ ᠰᠢᠨᠵᠢᠵᠦ ᠲᠦᠭᠰᠢᠭᠦᠷᠢ ᠮᠡᠳᠡᠭᠡᠯᠡᠬᠦ ᠵᠡᠷᠭᠡ ᠮᠡᠷᠭᠡᠵᠢᠯ᠎ᠲᠠᠢ ᠤᠶᠠᠯᠳᠤᠭᠤᠯᠤᠨ᠂ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ᠎ᠢ ᠦᠨᠳᠦᠰᠦᠨ ᠱᠠᠲᠤ ᠲᠡᠶ᠋ᠢᠰᠢ ᠤᠷᠲᠤᠳᠬᠠᠬᠤ ᠵᠢ ᠠᠬᠢᠭᠤᠯᠤᠨ᠎ᠠ᠃ ᠬᠤᠲᠠ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠣᠳᠠᠰᠯᠢᠭ ᠬᠤᠯᠪᠣᠭ᠋ᠠᠲᠤ ᠰᠦᠯᠵᠢᠶᠡᠨ᠎ᠤ ᠲᠠᠪᠴᠠᠩ᠎ᠤᠨ ᠡᠷᠲᠡᠨ᠎ᠤ ᠬᠤᠭᠤᠴᠠᠭ᠋ᠠᠨ᠎ᠤ ᠭᠠᠯ ᠲᠦᠢ᠍ᠮᠡᠷ᠎ᠢ ᠰᠡᠷᠡᠮᠵᠢᠯᠡᠭᠦᠯᠬᠦ ᠵᠢᠴᠢ ᠰᠢᠰᠲ᠋ᠧᠮ᠎ᠤᠨ ᠪᠠᠶ᠋ᠢᠷᠢ ᠲᠣᠭᠲᠠᠭ᠋ᠠᠬᠤ ᠦᠢ᠍ᠯᠡᠳᠦᠯ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠣᠶᠤᠨᠴᠢ᠎ᠪᠠᠷ ᠰᠡᠷᠡᠮᠵᠢᠯᠡᠭᠦᠯᠦᠨ ᠲᠦᠭᠰᠢᠭᠦᠷᠢ ᠮᠡᠳᠡᠭᠦᠯᠬᠦ ᠪᠠ ᠠᠦ᠋ᠲ᠋ᠣ᠋᠎ᠪᠠᠷ ᠭᠠᠮᠰᠢᠭᠳᠠᠭᠰᠠᠨ ᠭᠠᠵᠠᠷ᠎ᠲᠤ ᠵᠠᠮᠴᠢᠯᠠᠬᠤ ᠵᠢᠴᠢ ᠡᠷᠬᠢᠨ ᠲᠣᠭᠤᠷᠢᠨ᠎ᠤ ᠬᠥᠷᠰᠢ ᠵᠡᠷᠭᠡᠯᠡᠳᠡᠭᠡ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ᠎ᠢ ᠠᠦ᠋ᠲ᠋ᠣ᠋ ᠰᠢᠯᠵᠢᠭᠦᠯᠦᠨ ᠲᠣᠮᠢᠯᠠᠵᠤ ᠭᠠᠮᠰᠢᠭᠳᠠᠭᠰᠠᠨ ᠲᠤᠬᠠᠢ ᠵᠢᠨ ᠲᠠᠯᠠᠪᠤᠷ᠎ᠲᠤ ᠲᠡᠷᠡ ᠳᠠᠷᠤᠢ᠎ᠳᠤ᠎ᠨᠢ ᠬᠦᠷᠴᠦ ᠰᠢᠢ᠍ᠳᠪᠦᠷᠢᠯᠡᠭᠦᠯᠬᠦ ᠵᠢ ᠪᠡᠶᠡᠯᠡᠭᠦᠯᠦᠨ᠎ᠡ᠃ ᠭᠠᠮᠰᠢᠭ᠎ᠤᠨ ᠪᠠᠶ᠋ᠢᠳᠠᠯ᠎ᠤᠨ ᠶᠡᠭᠡ ᠪᠠᠭ᠎ᠠ᠂ ᠠᠳᠡᠯ᠎ᠤᠨ ᠲᠥᠷᠥᠯ ᠢᠯᠭ᠋ᠠᠯ᠎ᠲᠠᠢ ᠤᠶᠠᠯᠳᠤᠭᠤᠯᠤᠨ ᠵᠣᠬᠢᠬᠤ ᠬᠦᠷᠢᠶ᠎ᠡ ᠬᠡᠪᠴᠢᠶᠡᠨ᠎ᠳᠠᠬᠢ ᠠᠪᠤᠷᠠᠨ ᠲᠤᠰᠠᠯᠠᠬᠤ ᠬᠦᠴᠦᠨ᠎ᠢ ᠠᠦ᠋ᠲ᠋ᠣ᠋ ᠰᠢᠯᠵᠢᠭᠦᠯᠦᠨ ᠲᠣᠮᠢᠯᠠᠵᠤ᠂ ᠭᠠᠯ ᠲᠦᠢ᠍ᠮᠡᠷ ᠤᠨᠲᠠᠷᠠᠭ᠋ᠠᠵᠤ ᠠᠪᠤᠷᠠᠨ ᠲᠤᠰᠠᠯᠠᠬᠤ ᠠᠵᠢᠯ᠎ᠤᠨ ᠪᠡᠯᠡᠳᠬᠡᠯ ᠲᠥᠰᠥᠯ᠎ᠢ ᠰᠢᠯᠢᠳᠡᠭᠵᠢᠭᠦᠯᠦᠨ᠂ ᠬᠠᠷᠢᠶ᠎ᠠ ᠭᠠᠵᠠᠷ᠎ᠤᠨ ᠭᠠᠮᠰᠢᠭ᠎ᠤᠨ ᠪᠠᠶ᠋ᠢᠳᠠᠯ᠎ᠢ ᠰᠢᠢ᠍ᠳᠪᠦᠷᠢᠯᠡᠬᠦ ᠪᠠ ᠠᠵᠢᠯ᠎ᠢ ᠵᠢᠯᠤᠭᠤᠳᠬᠤ ᠲᠠᠯ᠎ᠠ᠎ᠪᠠᠷ ᠣᠨᠣᠪᠴᠢᠲᠠᠶ ᠬᠠᠮᠢᠶᠠᠷᠤᠨ ᠡᠵᠡᠮᠳᠡᠬᠦ᠎ᠪᠠᠨ ᠳᠣᠪᠤᠶ᠋ᠢᠯᠭ᠋ᠠᠨ᠎ᠠ᠃ 2026 ᠣᠨ᠎ᠤ ᠰᠡᠭᠦᠯᠴᠢ᠎ᠠᠴᠠ ᠡᠮᠦᠨ᠎ᠡ ᠵᠠᠯᠭ᠋ᠠᠵᠤ ᠤᠷᠤᠭᠤᠯᠬᠤ ᠠᠵᠢᠯ ᠵᠶ᠋ᠠᠨ ᠪᠡᠶᠡᠯᠡᠭᠦᠯᠦᠨ᠎ᠡ᠃
    (ᠭᠤᠷᠪᠠ) ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ᠎ᠢ ᠪᠦᠲᠦᠭᠡᠨ ᠪᠠᠶ᠋ᠢᠭᠤᠯᠤᠨ᠎ᠠ
    1. ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ᠎ᠢ ᠵᠠᠷᠴᠢᠮ ᠳᠡᠭᠡᠷ᠎ᠡ᠎ᠪᠠᠨ ᠨᠢᠭᠡᠳᠦᠯᠲᠡᠢ ᠪᠦᠲᠦᠭᠡᠨ ᠪᠠᠶ᠋ᠢᠭᠤᠯᠬᠤ᠂ ᠳᠡᠰ ᠬᠤᠪᠢᠶᠠᠨ ᠬᠡᠷᠡᠭᠯᠡᠬᠦ ᠶᠣᠰᠣᠭ᠋ᠠᠷ ᠴᠣᠭᠴᠠᠯᠠᠨ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ ᠡᠬᠢ ᠪᠠᠶᠠᠯᠢᠭ ᠬᠠᠩᠭ᠋ᠠᠯᠲᠠᠲᠠᠢ ᠪᠠᠶ᠋ᠢᠳᠠᠯ ᠳᠣᠣᠷ᠎ᠠ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ ᠳᠡᠭᠡᠷ᠎ᠡ ᠲᠥᠪᠯᠡᠷᠡᠭᠦᠯᠦᠨ ᠪᠠᠶ᠋ᠢᠷᠢᠯᠠᠭᠤᠯᠬᠤ ᠵᠢ ᠡᠩ ᠲᠡᠷᠢᠭᠦᠨ᠎ᠳᠤ ᠪᠣᠳᠣᠯᠬᠢᠯᠠᠬᠤ ᠬᠡᠷᠡᠭᠲᠡᠢ᠃
    2. ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ᠎ᠨᠢ ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠳᠣᠲᠣᠭ᠋ᠠᠳᠤ ᠵᠢᠨ ᠲᠤᠬᠠᠶ᠋ᠢᠯᠠᠭᠰᠠᠨ ᠠᠵᠢᠯ᠎ᠤᠨ ᠳ᠋ᠠᠶ᠋ᠢᠲ᠋ᠠ ᠵᠢ ᠡᠮᠬᠢᠯᠡᠨ ᠨᠡᠶ᠋ᠢᠯᠡᠭᠦᠯᠵᠦ᠂ ᠳᠡᠭᠡᠭᠰᠢ᠎ᠪᠠᠨ ᠤᠯᠤᠰ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠲᠣᠪᠴᠢᠶ᠎ᠠ᠎ᠯᠤᠭ᠎ᠠ ᠬᠤᠯᠪᠤᠭ᠋ᠠᠯᠠᠨ᠂ ᠬᠥᠨᠳᠡᠯᠡᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ ᠲᠣᠮᠣ ᠳ᠋ᠠᠶ᠋ᠢᠲ᠋ᠠ ᠵᠢᠨ ᠲᠠᠪᠴᠠᠩ᠎ᠯᠤᠭ᠎ᠠ ᠵᠣᠯᠭ᠋ᠠᠭᠤᠯᠵᠤ᠂ ᠬᠠᠮᠢᠶ᠎ᠠ ᠪᠦᠬᠦᠢ ᠳ᠋ᠠᠶ᠋ᠢᠲ᠋ᠠ ᠵᠢ ᠬᠤᠷᠠᠮᠳᠤᠭᠤᠯᠤᠨ ᠵᠠᠰᠠᠬᠤ ᠠᠵᠢᠯ᠎ᠢ ᠥᠷᠨᠢᠭᠦᠯᠦᠨ᠂ ᠡᠭᠦᠷᠭᠡ ᠵᠢᠨ ᠲᠣᠬᠢᠷᠠᠭᠤᠯᠤᠯᠲᠠ᠂ ᠳ᠋ᠠᠶ᠋ᠢᠲ᠋ᠠ ᠵᠢᠨ ᠡᠬᠢ ᠪᠠᠶᠠᠯᠢᠭ᠎ᠤᠨ ᠬᠠᠮᠢᠶᠠᠷᠤᠯᠲᠠ᠂ ᠶᠠᠰᠤ ᠴᠢᠨᠠᠷ᠎ᠤᠨ ᠬᠠᠮᠢᠶᠠᠷᠤᠯᠲᠠ᠂ ᠳ᠋ᠠᠶ᠋ᠢᠲ᠋ᠠ ᠵᠢ ᠬᠠᠮᠲᠤ᠎ᠳᠤ᠎ᠪᠠᠨ ᠭᠥᠷᠳᠡᠬᠦ ᠪᠠ ᠠᠵᠢᠯᠯᠠᠭᠤᠯᠤᠨ ᠬᠠᠮᠠᠭ᠋ᠠᠯᠠᠵᠤ ᠬᠢᠨᠠᠨ ᠡᠵᠡᠮᠳᠡᠬᠦ ᠵᠡᠷᠭᠡ ᠰᠠᠭᠤᠷᠢᠯᠠᠬᠤ ᠦᠢ᠍ᠯᠡᠳᠦᠯ ᠴᠢᠳᠠᠮᠵᠢ ᠵᠢ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠨᠢ ᠬᠤᠷᠸ᠎ᠠ ᠪᠠᠶ᠋ᠢᠳᠠᠯ᠎ᠢ ᠰᠤᠳᠤᠯᠤᠨ ᠮᠠᠭ᠋ᠠᠳᠯᠠᠵᠤ ᠵᠠᠳᠠᠯᠤᠨ ᠰᠢᠨᠵᠢᠬᠦ᠎ᠪᠠᠷ ᠭᠤᠣᠯᠳᠠᠭᠤᠯᠤᠨ᠂ ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠲᠤᠬᠠᠶ᠋ᠢᠯᠠᠭᠰᠠᠨ ᠠᠵᠢᠯ᠎ᠳᠤ ᠲᠤᠯᠭ᠋ᠠᠭᠤᠷᠢᠯᠠᠵᠤ᠂ ᠪᠥᠬᠦ ᠣᠷᠣᠨ᠎ᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠤᠬᠠᠶ᠋ᠢᠯᠠᠭᠰᠠᠨ ᠠᠵᠢᠯ᠎ᠤᠨ ᠳ᠋ᠠᠶ᠋ᠢᠲ᠋ᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠎ᠪᠠᠨ ᠵᠣᠬᠢᠴᠠᠭᠤᠯᠤᠨ ᠵᠢᠷᠤᠮᠵᠢᠭᠤᠯᠬᠤ ᠵᠢᠨ ᠬᠠᠮᠲᠤ᠂ ᠠᠶ᠋ᠢᠮᠠᠭ ᠬᠤᠲᠠ᠎ᠳᠤ ᠳ᠋ᠠᠶ᠋ᠢᠲ᠋ᠠ ᠵᠢᠨ ᠦᠢ᠍ᠯᠡᠴᠢᠯᠡᠭᠡ ᠬᠠᠩᠭ᠋ᠠᠨ᠎ᠠ᠃ ᠠᠶ᠋ᠢᠮᠠᠭ ᠬᠤᠳᠠ᠎ᠤᠨ᠎ᠬᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠪᠣᠳᠠᠲᠠᠢ ᠠᠵᠢᠯ᠎ᠳᠠᠬᠢ ᠬᠡᠷᠡᠭᠯᠡᠯᠲᠡ᠎ᠪᠠᠷ ᠭᠤᠣᠯᠳᠠᠭᠤᠯᠵᠤ᠂ ᠦᠨᠳᠦᠰᠦᠨ ᠱᠠᠲᠤᠨ᠎ᠤ ᠭᠠᠯ ᠲᠦᠢ᠍ᠮᠡᠷ ᠰᠡᠷᠭᠡᠶ᠋ᠢᠯᠡᠬᠦ ᠠᠵᠢᠯ᠎ᠳᠤ ᠬᠢᠨᠠᠯᠲᠠ ᠲᠠᠯᠪᠢᠬᠤ᠂ ᠭᠠᠯ ᠲᠦᠢ᠍ᠮᠡᠷ ᠤᠨᠲᠠᠷᠠᠭ᠋ᠠᠵᠤ ᠠᠪᠤᠷᠠᠨ ᠲᠤᠰᠠᠯᠠᠬᠤ ᠵᠢᠴᠢ ᠲᠤᠨᠤᠭ ᠲᠥᠬᠦᠭᠡᠷᠦᠮᠵᠢ ᠵᠢ ᠬᠠᠮᠢᠶᠠᠷᠬᠤ ᠵᠡᠷᠭᠡ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ ᠥᠷᠨᠢᠭᠦᠯᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃
    3. ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠶᠡᠷᠦᠩᠬᠡᠶ᠋ᠢᠯᠡᠭᠰᠡᠨ ᠰᠤᠳᠤᠯᠤᠨ ᠮᠠᠭ᠋ᠠᠳᠯᠠᠬᠤ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠶᠡᠷᠦᠩᠬᠡᠶ᠋ᠢᠯᠡᠨ ᠪᠠᠶ᠋ᠢᠴᠠᠭ᠋ᠠᠨ ᠯᠠᠪᠯᠠᠬᠤ᠂ ᠴᠠᠭ ᠬᠤᠭᠤᠴᠠᠭ᠎ᠠ ᠪᠠ ᠣᠷᠣᠨ ᠵᠠᠢ ᠵᠢᠨ ᠦᠵᠡᠭᠳᠡᠮᠡᠯ ᠵᠠᠳᠠᠯᠤᠯᠲᠠ ᠬᠢᠬᠦ᠂ ᠶᠡᠷᠦᠩᠬᠡᠶ᠋ᠢᠯᠡᠭᠰᠡᠨ ᠦᠵᠡᠭᠳᠡᠮᠡᠯ ᠵᠠᠳᠠᠯᠤᠯᠲᠠ (ᠲᠣᠮᠣ ᠳᠡᠯᠭᠡᠴᠡ) ᠬᠢᠬᠦ ᠵᠡᠷᠭᠡ ᠳ᠋ᠠᠶ᠋ᠢᠲ᠋ᠠ ᠵᠢᠨ ᠬᠡᠷᠡᠭᠯᠡᠯᠲᠡ ᠵᠢᠨ ᠪᠠᠭ᠋ᠠᠵᠢ ᠵᠢ ᠰᠤᠳᠤᠯᠤᠨ ᠨᠡᠭᠡᠭᠡᠬᠦ ᠵᠢᠨ ᠬᠠᠮᠲᠤ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ ᠲᠤᠬᠠᠶ᠋ᠢᠯᠠᠭᠰᠠᠨ ᠠᠵᠢᠯ᠎ᠤᠨ ᠳ᠋ᠠᠶ᠋ᠢᠲ᠋ᠠ ᠵᠢᠨ ᠬᠡᠪ᠎ᠤᠨ ᠪᠤᠰᠤ ᠬᠡᠯᠪᠡᠯᠵᠡᠯ᠎ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠮᠡᠳᠡᠭᠦᠯᠦᠯᠲᠡ ᠵᠢᠨ ᠬᠦᠰᠦᠨᠦᠭᠲᠦ᠎ᠳᠤ ᠬᠥᠳᠡᠯᠦᠩᠭᠦᠢ ᠵᠠᠳᠠᠯᠤᠯᠲᠠ ᠬᠢᠬᠦ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠪᠠᠶ᠋ᠢᠳᠠᠯ ᠬᠠᠨᠳᠤᠰᠢ ᠵᠢ ᠰᠤᠳᠤᠯᠤᠨ ᠮᠠᠭ᠋ᠠᠳᠯᠠᠵᠤ ᠮᠡᠳᠡᠭᠦᠯᠬᠦ ᠵᠡᠷᠭᠡ ᠰᠢᠷᠢᠰ ᠰᠤᠳᠤᠯᠤᠨ ᠮᠠᠭ᠋ᠠᠳᠯᠠᠵᠤ ᠵᠠᠳᠠᠯᠤᠯᠲᠠ ᠬᠢᠬᠦ ᠪᠠᠭ᠋ᠠᠵᠢ ᠵᠢ ᠰᠤᠳᠤᠯᠤᠨ ᠨᠡᠭᠡᠭᠡᠵᠦ᠂ ᠡᠳᠦᠷ ᠲᠤᠳᠤᠮ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠰᠤᠳᠤᠯᠤᠨ ᠮᠠᠭ᠋ᠠᠳᠯᠠᠬᠤ ᠠᠵᠢᠯ᠎ᠳᠤ ᠬᠠᠪᠰᠤᠷᠤᠮᠵᠢ ᠪᠣᠯᠭ᠋ᠠᠨ᠎ᠠ᠃ ᠣᠷᠣᠨ ᠪᠦᠰᠡ ᠵᠢᠨ ᠠᠮᠤᠷ ᠲᠦᠪᠰᠢᠨ᠎ᠢ ᠦᠨᠡᠯᠡᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠰᠤᠳᠤᠯᠤᠨ ᠪᠠᠶ᠋ᠢᠭᠤᠯᠵᠤ᠂ ᠡᠯ᠎ᠡ ᠠᠶ᠋ᠢᠮᠠᠭ ᠬᠤᠲᠠ ᠵᠢᠨ ᠣᠳᠣᠬᠠᠨ᠎ᠤ ᠣᠷᠣᠨ ᠪᠦᠰᠡ ᠵᠢᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠴᠢᠨᠠᠷ᠎ᠤᠨ ᠪᠠᠶ᠋ᠢᠳᠠᠯ᠎ᠤᠨ ᠬᠢᠷᠢ ᠲᠦᠪᠰᠢᠨ᠎ᠢ ᠪᠤᠰᠤᠳᠴᠢ᠎ᠪᠠᠷ ᠲᠤᠰᠬᠠᠨ᠎ᠠ᠃
    2026 ᠣᠨ᠎ᠤ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠲᠣᠮᠣ ᠳ᠋ᠠᠶ᠋ᠢᠲ᠋ᠠ ᠵᠢᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃
    (ᠳᠥᠷᠪᠡ) ᠰᠢᠯᠵᠢᠭᠡ ᠦᠵᠦᠭᠦᠷ᠎ᠤᠨ ᠭᠠᠷ ᠤᠲᠠᠰᠤᠨ᠎ᠤ APP ᠵᠢ ᠰᠤᠳᠤᠯᠤᠨ ᠨᠡᠭᠡᠭᠡᠨ᠎ᠡ
    《ᠮᠥᠩᠬᠡ ᠰᠤᠪᠠᠭ》 APP᠎ᠳᠤ ᠲᠦᠰᠢᠭᠯᠡᠨ᠂ ᠨᠡᠶ᠋ᠢᠭᠡᠮ ᠨᠡᠶ᠋ᠢᠲᠡ᠂ ᠠᠵᠤ ᠠᠬᠤᠶ᠋ᠢᠯᠠᠯ ᠪᠠ ᠬᠢᠨᠠᠯᠲᠠ ᠬᠠᠮᠢᠶᠠᠷᠤᠯᠲᠠ ᠵᠢᠨ ᠨᠢᠭᠡᠴᠢ᠎ᠳᠤ ᠬᠠᠨᠳᠤᠭᠤᠯᠤᠭᠰᠠᠨ 《ᠲᠠᠯ᠎ᠠ ᠨᠤᠲᠤᠭ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠦᠢ᠍ᠯᠡᠳᠦᠯ ᠴᠢᠳᠠᠮᠵᠢ ᠵᠢᠨ ᠬᠡᠰᠡᠭ᠎ᠢ ᠰᠤᠳᠤᠯᠤᠨ ᠨᠡᠭᠡᠭᠡᠵᠦ᠂ ᠲᠣᠮᠣ ᠳ᠋ᠠᠶ᠋ᠢᠲ᠋ᠠ ᠵᠢᠨ ᠲᠠᠪᠴᠠᠩ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠯᠤᠭ᠎ᠠ ᠵᠣᠯᠭ᠋ᠠᠭᠤᠯᠤᠨ᠂ ᠬᠡᠮ ᠰᠣᠭᠤᠭ᠎ᠢ 《ᠭᠠᠷ᠎ᠤᠨ ᠠᠶ᠎ᠠ᠎ᠪᠠᠷ ᠰᠡᠭᠦᠳᠡᠷᠯᠡᠬᠦ》᠂ ᠲᠠᠪᠴᠠᠩ ᠵᠶ᠋ᠠᠷ ᠳᠠᠮᠵᠢᠭᠤᠯᠤᠨ ᠣᠷᠣᠭᠤᠯᠬᠤ᠂ ᠲᠦᠭᠰᠢᠭᠦᠷᠢ ᠵᠢᠨ ᠬᠡᠮ ᠰᠣᠭᠤᠭ᠎ᠢ ᠰᠢᠯᠵᠢᠭᠦᠯᠦᠨ ᠲᠤᠰᠢᠶᠠᠬᠤ᠂ ᠨᠢᠭᠡ ᠦᠷᠲᠡᠬᠡᠴᠢᠯᠡᠭᠰᠡᠨ ᠮᠠᠶᠢᠭ ᠵᠶ᠋ᠠᠷ ᠳ᠋ᠠᠶ᠋ᠢᠲ᠋ᠠ᠎ᠳᠤ ᠵᠠᠳᠠᠯᠤᠯᠲᠠ ᠬᠢᠬᠦ ᠵᠡᠷᠭᠡ ᠦᠢ᠍ᠯᠡᠳᠦᠯ ᠴᠢᠳᠠᠮᠵᠢ ᠵᠢ ᠪᠡᠶᠡᠯᠡᠭᠦᠯᠦᠨ᠎ᠡ᠃ ᠭᠠᠷ ᠤᠲᠠᠰᠤᠨ᠎ᠤ APP᠎ᠤᠨ ᠤᠬᠠᠭᠤᠯᠭ᠎ᠠ ᠪᠣᠯᠪᠠᠰᠤᠷᠠᠯ᠎ᠤᠨ ᠬᠡᠰᠡᠭ ᠵᠶ᠋ᠠᠷ ᠳᠠᠮᠵᠢᠭᠤᠯᠤᠨ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠰᠠᠨᠠᠭᠤᠯᠤᠮᠵᠢ ᠵᠢ ᠳᠠᠮᠵᠢᠭᠤᠯᠤᠨ ᠬᠦᠷᠭᠡᠨ᠎ᠡ᠃ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠮᠡᠷᠭᠡᠵᠢᠯ᠎ᠤᠨ ᠬᠠᠪᠰᠤᠷᠤᠯᠭ᠎ᠠ ᠲᠡᠳᠬᠦᠯᠭᠡ ᠭᠤᠶᠤᠴᠢᠯᠠᠬᠤ ᠪᠠ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠵᠥᠪᠰᠢᠶᠡᠷᠡᠯ ᠭᠤᠶᠤᠴᠢᠯᠠᠬᠤ ᠵᠡᠷᠭᠡ ᠵᠦᠢ᠍ᠯᠡᠰ᠎ᠢ ᠰᠦᠯᠵᠢᠶ᠎ᠡ᠎ᠪᠠᠷ ᠪᠡᠶᠡᠯᠡᠭᠦᠯᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠵᠢ ᠬᠠᠩᠭ᠋ᠠᠵᠤ ᠪᠠᠶ᠋ᠢᠭ᠋ᠠᠳ ᠣᠯᠠᠨ ᠲᠦᠮᠡᠨ᠎ᠤ ᠰᠤᠷᠤᠯᠴᠠᠨ ᠬᠡᠷᠡᠭᠯᠡᠬᠦ᠎ᠳᠤ ᠲᠥᠬᠦᠮ ᠦᠵᠡᠭᠦᠯᠦᠨ᠎ᠡ᠃ ᠰᠢᠯᠵᠢᠭᠡ ᠦᠵᠦᠭᠦᠷ᠎ᠤᠨ ᠣᠨᠴᠠᠯᠢᠭ ᠰᠢᠨᠵᠢ ᠵᠢᠨ ᠲᠣᠭᠤᠷᠢᠨ᠎ᠳᠤ ᠬᠠᠨᠳᠤᠯᠭ᠋ᠠᠲᠤ ᠴᠢᠨᠠᠷᠲᠠᠢ ᠪᠠᠶ᠋ᠢᠷᠢᠰᠢᠭᠤᠯᠤᠯᠲᠠ ᠵᠢᠨ ᠵᠢᠷᠤᠭ ᠲᠥᠯᠥᠪᠯᠡᠭᠡ ᠭᠠᠷᠭ᠋ᠠᠵᠤ᠂ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ ᠬᠥᠮᠥᠰ᠎ᠲᠤ ᠪᠥᠬᠦ ᠭᠠᠵᠠᠷ ᠣᠷᠣᠨ᠂ ᠣᠯᠠᠨ ᠴᠠᠭ ᠬᠤᠭᠤᠴᠠᠭ᠎ᠠ ᠪᠠ ᠣᠷᠣᠨ ᠵᠠᠢ ᠵᠢᠨ ᠮᠡᠳᠡᠭᠡ ᠵᠠᠩᠭᠢᠴᠢᠯᠠᠭᠰᠠᠨ ᠲᠤᠯᠭ᠋ᠠᠭᠤᠷᠢᠯᠠᠯ ᠬᠠᠩᠭ᠋ᠠᠵᠤ᠂ ᠬᠡᠵᠢᠶ᠎ᠡ ᠬᠠᠮᠢᠭ᠎ᠠ ᠴᠤ᠌ ᠭᠡᠰᠡᠨ ᠳ᠋ᠠᠶ᠋ᠢᠲ᠋ᠠ᠎ᠢ ᠰᠤᠷᠪᠤᠯᠵᠢᠯᠠᠨ ᠦᠵᠡᠵᠦ ᠲᠡᠶ᠋ᠢᠯᠬᠦ ᠵᠢ ᠪᠡᠶᠡᠯᠡᠭᠦᠯᠦᠨ᠎ᠡ᠃ 2025 ᠣᠨ᠎ᠤ ᠰᠡᠭᠦᠯᠴᠢ᠎ᠠᠴᠠ ᠡᠮᠦᠨ᠎ᠡ 《ᠲᠠᠯ᠎ᠠ ᠨᠤᠲᠤᠭ᠎ᠤᠨ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠦᠢ᠍ᠯᠡᠳᠦᠯ ᠴᠢᠳᠠᠮᠵᠢ ᠵᠢᠨ ᠬᠡᠰᠡᠭ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠬᠦ ᠵᠢᠨ ᠬᠠᠮᠲᠤ ᠪᠥᠬᠦ ᠣᠷᠣᠨ᠎ᠳᠤ ᠳᠡᠯᠭᠡᠷᠡᠭᠦᠯᠦᠨ ᠬᠡᠷᠡᠭᠯᠡᠨ᠎ᠡ᠃
    ᠭᠤᠷᠪᠠ᠂ ᠠᠵᠢᠯ᠎ᠤᠨ ᠱᠠᠭ᠋ᠠᠷᠳᠠᠯᠭ᠎ᠠ
    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢ ᠳ᠋ᠢᠭᠢᠲ᠋ᠠᠯ ᠵᠠᠰᠠᠭ᠎ᠤᠨ ᠣᠷᠳᠣᠨ᠂ ᠣᠶᠤᠨᠲᠤ ᠬᠤᠲᠠ ᠵᠢᠨ ᠪᠦᠬᠦᠯᠢ ᠴᠣᠭᠴᠠᠲᠤ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ᠎ᠳᠤ ᠣᠷᠣᠭᠤᠯᠵᠤ᠂ ᠨᠡᠶ᠋ᠢᠭᠡᠮ᠎ᠤᠨ ᠬᠥᠷᠥᠩᠭᠡ ᠵᠢᠨ᠎ᠬᠢᠨ᠎ᠤ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ᠎ᠨᠤᠭᠤᠳ 《ᠲᠤᠷᠰᠢᠯᠲᠠ ᠵᠢᠨ ᠴᠡᠭ ᠵᠶ᠋ᠠᠷ ᠳᠡᠯᠭᠡᠷᠡᠭᠦᠯᠦᠨ ᠬᠡᠷᠡᠭᠵᠢᠭᠦᠯᠬᠦ᠂ ᠯᠠᠪᠳᠠᠭᠤᠨ ᠪᠠᠲᠤᠲᠠᠢ ᠠᠬᠢᠭᠤᠯᠬᠤ》 ᠵᠠᠷᠴᠢᠮ ᠶᠣᠰᠣᠭ᠋ᠠᠷ᠂ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢᠨ ᠭᠤᠣᠯᠳᠠᠯᠭ᠎ᠠ ᠪᠣᠯᠬᠤ ᠡᠭᠦᠷᠭᠡ ᠵᠢ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠠᠵᠤ ᠠᠬᠤᠢ ᠵᠢᠨ ᠬᠥᠭᠵᠢᠯᠲᠡ᠎ᠪᠠᠷ ᠨᠡᠯᠢᠶᠡᠳ ᠰᠠᠶ᠋ᠢᠨ᠂ ᠲᠤᠷᠰᠢᠯᠲᠠ ᠵᠢᠨ ᠴᠡᠭ ᠪᠣᠯᠭ᠋ᠠᠬᠤ ᠨᠥᠬᠦᠴᠡᠯ᠎ᠢ ᠪᠦᠷᠢᠳᠦᠭᠦᠯᠦᠭᠰᠡᠨ ᠭᠠᠵᠠᠷ ᠣᠷᠣᠨ᠎ᠢ ᠰᠣᠩᠭᠤᠵᠤ ᠪᠠᠶ᠋ᠢᠭ᠋ᠠᠳ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠲᠤᠷᠰᠢᠯᠲᠠ ᠵᠢᠨ ᠴᠡᠭ᠎ᠤᠨ ᠳᠡᠯᠭᠡᠷᠡᠭᠦᠯᠬᠦ ᠠᠵᠢᠯ᠎ᠢ ᠥᠷᠨᠢᠭᠦᠯᠵᠦ᠂ ᠲᠤᠰ ᠭᠠᠵᠠᠷ ᠣᠷᠣᠨ᠎ᠤ᠎ᠪᠠᠨ ᠨᠤᠲᠤᠭ ᠪᠦᠰᠡ ᠵᠢᠨ ᠣᠨᠴᠠᠯᠢᠭ᠎ᠲᠤ ᠨᠡᠶ᠋ᠢᠴᠡᠭᠰᠡᠨ 《ᠣᠶᠤᠨᠲᠤ ᠭᠠᠯ ᠲᠦᠢ᠍ᠮᠡᠷ ᠰᠡᠷᠭᠡᠶ᠋ᠢᠯᠡᠨ ᠤᠨᠲᠠᠷᠠᠭ᠋ᠠᠬᠤ》 ᠪᠦᠲᠦᠭᠡᠨ ᠪᠠᠶ᠋ᠢᠭᠤᠯᠤᠯᠲᠠ ᠵᠢᠨ ᠬᠡᠪ ᠵᠠᠭᠪᠤᠷ᠎ᠢ ᠪᠠᠶ᠋ᠢᠭᠤᠯᠤᠨ᠂ ᠡᠯ᠎ᠡ ᠵᠦᠢ᠍ᠯ᠎ᠤᠨ ᠭᠤᠣᠯᠳᠠᠯᠭ᠎ᠠ ᠪᠣᠯᠬᠤ ᠡᠭᠦᠷᠭᠡ ᠵᠢ ᠴᠠᠭ ᠲᠤᠬᠠᠢ᠎ᠳᠤ᠎ᠨᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃
         2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ
    (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
    2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
             蒙ICP备05000248号