ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠣᠶ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠳᠠ ᠵᠢᠨ ᠭᠠᠵᠠᠷ
ᠨᠡᠶ᠋ᠢᠲᠡᠯᠡᠭᠰᠡᠨ ᠴᠠᠭ᠄ 2018-08-27

     ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠳᠦᠷᠦ ᠵᠢᠨ ᠪᠤᠲᠤᠯᠭ᠎ᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠤᠢ ᠰᠢᠭᠤᠶ ᠵᠢ ᠣᠭᠲᠣᠯᠬᠤ ᠬᠢᠵᠠᠭ᠋ᠠᠷ ᠲᠣᠭ᠎ᠠ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠵᠢᠨ ᠡᠬᠢ ᠪᠠᠶᠠᠯᠢᠭ᠎ᠢ ᠬᠥᠳᠡᠯᠦᠩᠭᠦᠶ᠎ᠪᠠᠷ ᠬᠢᠨᠠᠨ ᠰᠢᠨᠵᠢᠬᠦ ᠬᠢᠭᠡᠳ ᠦᠨᠡᠯᠡᠬᠦ ᠬᠠᠮᠢᠶ᠎ᠠ ᠪᠥᠬᠥᠶ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠶ ᠰᠢᠭᠤᠶ ᠵᠢᠨ ᠡᠬᠢ ᠪᠠᠶᠠᠯᠢᠭ᠎ᠢ ᠬᠢᠨᠠᠨ  ᠬᠠᠮᠢᠶᠠᠷᠤᠨ᠎ᠠ᠃ ᠣᠶ᠋ᠢᠲᠤ ᠭᠠᠵᠠᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃  ᠤᠢ᠌ᠲᠤ ᠭᠠᠵᠠᠷ᠎ᠢ ᠬᠠᠮᠠᠭ᠋ᠠᠯᠠᠨ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠶ ᠵᠢᠨ ᠡᠵᠡᠩᠨᠡᠯᠲᠡ ᠵᠢᠨ ᠲᠥᠯᠥᠪᠵᠢᠭᠦᠯᠭᠡ ᠪᠣᠯᠤᠨ ᠣᠶ ᠰᠢᠭᠤᠶ ᠵᠢᠨ ᠡᠵᠡᠩᠨᠡᠯᠲᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠮᠣᠳᠣ ᠵᠢ ᠵᠦᠪᠰᠢᠶᠡᠷᠡᠯ᠎ᠤᠨ ᠦᠨᠡᠮᠯᠡᠯ᠎ᠲᠠᠢ᠎ᠪᠠᠷ ᠣᠭᠲᠣᠯᠬᠤ᠂ ᠲᠡᠭᠡᠭᠡᠪᠦᠷᠢᠯᠡᠬᠦ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ᠎ᠤ ᠣᠶ ᠰᠢᠭᠤᠶ ᠵᠢᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠠᠳᠬᠤᠨ᠎ᠠ᠃ ᠣᠶ ᠰᠢᠭᠤᠶ᠂ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠ ᠣᠶ ᠰᠢᠭᠤᠶ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠣᠳᠤᠨ᠎ᠠ᠃ 
       ᠬᠠᠷᠢᠯᠴᠠᠬᠤ ᠤᠲᠠᠰᠤ᠄ 0471 - 3381404 
       ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ
      ᠠᠵᠢᠯᠯᠠᠬᠤ ᠴᠠᠭ᠄ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠶ᠋ᠢᠨ᠎ᠠ 1᠄ 30—5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠥᠮᠴᠢᠯᠡᠯᠲᠦ ᠣᠶ ᠰᠢᠭᠤᠶ ᠵᠵᠡ ᠲᠠᠯᠠᠪᠠᠶ ᠪᠠ ᠦᠷ᠎ᠡ ᠴᠢᠬᠢ ᠵᠢᠨ ᠬᠠᠮᠢᠶᠠᠷᠤᠯᠲᠠ ᠵᠵᠡ ᠭᠠᠵᠠᠷ
ᠠᠯᠪᠠᠨ ᠭᠡᠷ
ᠠᠵᠢᠯᠲᠠᠨ᠎ᠤ ᠶᠠᠪᠤᠳᠠᠯ᠎ᠤᠨ ᠭᠠᠵᠠᠷ
ᠠᠵᠢᠯ᠎ᠠᠴᠠ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠢᠶᠠᠷᠤᠯᠲᠠ ᠵᠢᠨ ᠭᠠᠵᠠᠷ
 
             蒙ICP备05000248号