ᠦᠪᠡᠷᠳᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0225 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠥᠪᠥᠷ ᠮᠣᠩᠭᠣᠯ᠎ᠤᠨ ᠣᠷᠣᠨ᠎ᠤ ᠵᠦᠪᠯᠡᠯ᠄
ᠡᠷᠬᠢᠮ ᠵᠦᠪᠯᠡᠯ᠎ᠠᠴᠠ ᠲᠤᠷᠠᠳᠤᠭᠰᠠᠨ 《ᠮᠠᠨ᠎ᠤ ᠣᠷᠣᠨ᠎ᠤ ᠡᠯᠡᠰᠦᠷᠭᠡᠭᠵᠢᠬᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ ᠳᠤᠷᠠᠳᠤᠯᠭ᠎ᠠ》 (0225 ᠳ᠋ᠤᠭ᠋ᠠᠷ ᠲᠣᠭ᠋ᠠᠲᠤ) ᠵᠢ ᠬᠤᠷᠢᠶᠠᠵᠦ ᠤᠯᠪᠠ᠃ ᠤᠷᠳᠤ ᠬᠤᠭᠤᠴᠠᠭ᠋ᠠᠨ᠎ᠤ ᠲᠤᠷᠰᠢ ᠮᠠᠨ᠎ᠤ ᠣᠷᠣᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠳᠠᠬᠢ ᠳᠡᠮᠵᠢᠯᠭᠡ ᠪᠠ ᠠᠩᠬᠠᠷᠤᠯ᠎ᠳᠤ ᠮᠠᠰᠢ ᠪᠠᠶᠠᠷᠯᠠᠵᠤ ᠪᠠᠶ᠋ᠢᠨ᠎ᠠ᠃ ᠰᠤᠳᠤᠯᠤᠭᠰᠠᠨ ᠰᠠᠭᠤᠷᠢᠨ᠎ᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄
ᠮᠠᠨ᠎ᠤ ᠣᠷᠣᠨ ᠪᠣᠯ ᠪᠦᠬᠦ ᠤᠯᠤᠰ᠎ᠤᠨ ᠡᠯᠡᠰᠦᠷᠬᠡᠭᠵᠢᠨ ᠲᠠᠴᠢᠷᠳᠡᠭ᠍ᠰᠠᠨ ᠪᠠ ᠡᠯᠡᠰᠦᠷᠬᠡᠭᠵᠢᠭᠰᠡᠨ ᠭᠠᠵᠠᠷ ᠬᠠᠮᠤᠭ᠎ᠠᠴᠠ ᠲᠥᠪᠯᠡᠷᠡᠭᠰᠡᠨ᠂ ᠬᠣᠣᠷ ᠬᠥᠨᠥᠭᠡᠯ ᠵᠶ᠋ᠠᠷ ᠬᠠᠮᠤᠭ᠎ᠤᠨ ᠬᠦᠨᠳᠦ ᠨᠣᠴᠢᠲᠠᠢ ᠮᠤᠵᠢ ᠣᠷᠣᠨ᠎ᠤ ᠨᠢᠭᠡ᠎ᠨᠢ ᠪᠤᠯᠤᠨ᠎ᠠ᠃ ᠣᠨᠴᠠᠭ᠋ᠠᠶ ᠪᠠᠶ᠋ᠢᠭ᠋ᠠᠯᠢ ᠵᠢᠨ ᠣᠷᠴᠢᠨ ᠲᠣᠭᠣᠷᠢᠨ ᠪᠠ ᠭᠠᠵᠠᠷ ᠵᠦᠶ ᠵᠢᠨ ᠪᠠᠶ᠋ᠢᠷᠢᠯᠠᠯ᠎ᠨᠢ ᠮᠠᠨ᠎ᠤ ᠣᠷᠣᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠤᠨ ᠴᠢᠬᠤᠯᠠ ᠴᠢᠨᠠᠷ᠎ᠢ ᠲᠤᠭᠳᠠᠭ᠋ᠠᠭᠰᠠᠨ ᠶᠤᠮ᠂ ᠮᠦᠨ ᠬᠦ᠌ ᠡᠯᠡᠰᠦᠷᠬᠡᠭᠵᠢᠨ ᠲᠠᠴᠢᠷᠳᠡᠭ᠍ᠰᠠᠨᠢ ᠰᠡᠷᠭᠡᠶ᠋ᠢᠯᠡᠨ ᠵᠠᠰᠠᠬᠤ ᠪᠡᠷᠬᠡ ᠬᠠᠳᠠᠭᠤᠵᠢᠯᠳᠤ ᠴᠢᠨᠠᠷ ᠪᠣᠯᠤᠨ ᠤᠷᠳᠤ ᠬᠤᠭᠤᠴᠠᠭ᠋ᠠᠲᠤ ᠴᠢᠨᠠᠷ᠎ᠢ ᠲᠤᠭᠳᠠᠭ᠋ᠠᠪᠠ᠃ ᠤᠳᠠᠭ᠋ᠠᠨ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠮᠠᠨ᠎ᠤ ᠣᠷᠣᠨ᠎ᠤ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠲᠠᠯᠠᠪᠠᠢ᠎ᠨᠢ ᠦᠷᠭᠦᠯᠵᠢᠯᠡᠨ 《ᠬᠣᠣᠰ ᠪᠠᠭᠤᠷᠠᠯᠲᠠ》᠎ᠲᠠᠢ᠃ ᠬᠣᠶ᠋ᠢᠰᠢᠳᠠ᠎ᠶᠢᠨ ᠪᠣᠳᠠᠲᠤ ᠠᠵᠢᠯ ᠳᠤᠮᠳᠠ᠂ ᠮᠠᠨ᠎ᠤ ᠲᠢᠩᠬᠢᠮ᠎ᠠᠴᠠ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠠᠩᠭᠢᠯᠠᠭ᠎ᠠ ᠵᠢᠨ ᠠᠰᠠᠭᠤᠳᠠᠯ᠎ᠢ ᠵᠥᠪ ᠣᠨᠣᠪᠴᠢᠲᠠᠢ ᠡᠵᠡᠮᠳᠠᠨᠠ᠃
ᠨᠢᠭᠡ᠎ᠳᠤ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠡᠭᠦᠷᠭᠡ ᠵᠢᠨ ᠲᠤᠬᠠᠶ ᠠᠰᠠᠭᠤᠳᠠᠯ᠎ᠳᠤ᠄ ᠤᠯᠤᠰ᠎ᠤᠨ ᠵᠢᠷᠭᠤᠭ᠋ᠠᠨ ᠶᠡᠬᠡ ᠤᠢ ᠰᠢᠭᠤᠢ ᠵᠢᠨ ᠭᠣᠣᠯᠳᠠᠯᠭ᠎ᠠ᠎ᠲᠠᠢ ᠢᠨᠵᠧᠨᠧᠷᠢᠩ᠂ ᠲᠤᠬᠠᠢ᠌ᠯᠠᠪᠠᠯ᠂ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠢᠨᠵᠧᠨᠧᠷᠢᠩ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ ᠢᠨᠵᠧᠨᠧᠷᠢᠩ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠰᠤᠷᠪᠤᠯᠵᠢ ᠵᠢ ᠵᠠᠰᠠᠬᠤ ᠢᠨᠵᠧᠨᠧᠷᠢᠩ᠂ 《ᠭᠤᠷᠪᠠᠨ ᠤᠮᠠᠷᠠᠲᠤ》 ᠵᠢᠨ ᠬᠠᠯᠬᠠᠪᠴᠢ ᠣᠶ ᠵᠢ ᠪᠠᠶ᠋ᠢᠭᠤᠯᠬᠤ ᠢᠨᠵᠧᠨᠧᠷᠢᠩ᠂ ᠲᠦᠷᠭᠡᠨ ᠤᠷᠭᠤᠬᠤ ᠡᠯᠪᠡᠭ ᠭᠠᠷᠤᠯᠲᠠ᠎ᠲᠠᠢ ᠤᠢ ᠵᠢᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠣᠯᠤᠨ ᠬᠡᠭᠡᠷ᠎ᠡ ᠵᠢᠨ ᠠᠮᠢᠲᠠᠨ ᠤᠷᠭᠤᠮᠠᠯ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠳᠠᠶ᠋ᠢᠴᠢᠯᠠᠬᠤ ᠦᠢ᠍ᠯᠡᠳᠦᠯ᠎ᠢ ᠦᠷᠭᠦᠯᠵᠢᠯᠡᠨ ᠭᠦᠢ᠍ᠴᠡᠳ ᠪᠠᠳᠠᠷᠠᠭᠤᠯᠬᠤ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ᠂ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠪᠠ ᠨᠡᠶ᠋ᠢᠭᠡᠮ᠎ᠤᠨ ᠤᠢ᠌ᠵᠢᠭᠤᠯᠤᠯᠳᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠯᠬᠤᠴᠠ ᠵᠢ ᠲᠦᠷᠭᠡᠳᠬᠡᠨ᠎ᠡ᠃ ᠬᠡᠷᠡᠭᠵᠢᠭᠦᠯᠬᠦ ᠶᠠᠪᠤᠴᠠ᠎ᠳᠤ᠂ ᠪᠠᠴᠢᠮ ᠪᠠᠢ᠌ᠳᠠᠯ᠎ᠢ ᠤᠷᠢᠳᠠᠪᠠᠷ ᠪᠠᠴᠢᠮ ᠪᠠᠢ᠌ᠳᠠᠯ᠎ᠢ ᠠᠷᠠᠭ᠋ᠠᠴᠠᠨ ᠳᠠᠷᠠᠭ᠎ᠠ᠎ᠳᠤ᠎ᠨᠢ ᠠᠯᠭᠤᠷ ᠰᠢᠢ᠍ᠳᠪᠤᠷᠢᠯᠡᠬᠦ᠂ ᠭᠣᠣᠯᠳᠠᠯᠭ᠎ᠠ ᠵᠢ ᠲᠤᠪᠤᠢ᠌ᠯᠭ᠋ᠠᠬᠤ᠂ ᠦᠷ᠎ᠡ ᠠᠰᠢᠭ᠎ᠢ ᠡᠷᠬᠢᠮᠯᠡᠬᠦ ᠵᠠᠷᠴᠢᠮ᠎ᠢ ᠦᠨᠳᠦᠰᠦᠯᠡᠨ᠂ ᠰᠠᠯᠬᠢ ᠡᠯᠡᠰᠦᠲᠦ ᠠᠮᠠ᠂ ᠡᠯᠡᠰᠦᠷᠬᠡᠭᠵᠢᠯ᠎ᠤᠨ ᠦᠷᠭᠡᠵᠢᠯ᠎ᠤᠨ ᠬᠥᠭᠵᠢᠶᠡᠨᠲᠡᠶ ᠣᠷᠣᠨ᠂ ᠰᠠᠯᠬᠢ ᠡᠯᠡᠰᠦᠨ᠎ᠤ ᠡᠬᠢ ᠣᠷᠣᠨ᠂ ᠡᠯᠡᠰᠦᠨ ᠵᠠᠮ᠎ᠤᠨ ᠣᠷᠣᠨ᠎ᠢ ᠭᠣᠣᠯᠳᠠᠯᠭ᠎ᠠ᠎ᠲᠠᠢ ᠰᠢᠪᠲᠤᠯᠤᠯᠲᠠ ᠵᠢᠨ ᠣᠷᠣᠨ ᠪᠦᠰᠡ ᠪᠣᠯᠭ᠋ᠠᠵᠤ᠂ ᠤᠳᠤᠬᠢ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠲᠤ ᠲᠦᠰᠢᠭᠯᠡᠨ᠂ ᠭᠣᠣᠯᠳᠠᠯᠭ᠎ᠠ᠎ᠲᠠᠢ ᠲᠦᠯᠬᠢᠨ ᠠᠬᠢᠭᠤᠯᠵᠦ ᠰᠢᠪᠲᠤᠯᠤᠯᠲᠠ ᠬᠢᠨ᠎ᠡ᠃
ᠬᠣᠶᠠᠷ᠎ᠲᠤ᠂ ᠪᠡᠯᠡ ᠣᠷᠣᠭᠤᠯᠤᠯᠲᠠ ᠬᠦᠷᠦᠯᠴᠡᠬᠦ ᠦᠭᠡᠢ᠎ᠠᠴᠠ ᠪᠤᠯᠤᠭᠰᠠᠨ ᠠᠰᠠᠭᠤᠳᠠᠯ᠎ᠳᠤ᠄ ᠵᠠᠰᠠᠭ ᠵᠠᠬᠢᠷᠭ᠋ᠠᠨ ᠵᠶ᠋ᠠᠷ ᠠᠬᠢᠭᠤᠯᠬᠤ᠂ ᠠᠵᠤ ᠦᠢ᠍ᠯᠡᠰ ᠵᠶ᠋ᠠᠷ ᠳᠠᠶ᠋ᠢᠴᠢᠯᠠᠬᠤ᠂ ᠲᠥᠷᠥ ᠵᠢᠨ ᠪᠣᠳᠣᠯᠭ᠎ᠠ᠎ᠪᠠᠷ ᠠᠬᠢᠭᠤᠯᠬᠤ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠬᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠭᠰᠠᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠣᠭᠲᠠᠴᠠ ᠵᠢ ᠦᠷᠭᠦᠯᠵᠢᠯᠡᠨ ᠪᠠᠷᠢᠮᠲᠠᠯᠠᠵᠤ᠂ ᠨᠡᠶ᠋ᠢᠭᠡᠮ᠎ᠤᠨ ᠡᠯ᠎ᠡ ᠵᠦᠢ᠍ᠯ᠎ᠤᠨ ᠬᠦᠴᠦᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠳᠤᠮᠳᠠᠬᠢ ᠦᠢ᠍ᠯᠡᠳᠦᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ᠎ᠪᠠᠷ ᠲᠠᠪᠴᠠᠩ ᠪᠠᠢ᠌ᠭᠤᠯᠤᠨ᠂ ᠦᠢ᠍ᠯᠡᠴᠢᠯᠡᠭᠡ ᠬᠠᠩᠭ᠋ᠠᠵᠦ᠂ ᠪᠦᠬᠥ ᠨᠡᠶ᠋ᠢᠭᠡᠮ ᠵᠶ᠋ᠠᠷ ᠵᠶ᠋ᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠦᠢ᠍ᠯᠡᠰ᠎ᠲᠤ ᠢᠳᠡᠪᠬᠢᠲᠡᠶ ᠣᠷᠣᠯᠴᠠᠬᠤ ᠵᠢ ᠬᠥᠲᠥᠯᠥᠨ ᠵᠢᠯᠤᠭᠤᠳᠤᠨ᠎ᠠ᠃ ᠡᠬᠦᠨ᠎ᠤ ᠬᠠᠮᠲᠤ᠂ ᠡᠯᠡᠰᠦᠷᠬᠡᠭ ᠣᠷᠣᠨ᠎ᠤ ᠤᠯᠠᠨ ᠲᠦᠮᠡᠨ᠎ᠤ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠶ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨ᠎ᠡ ᠲᠣᠭᠲᠠᠴᠠ ᠵᠢ ᠭᠦᠨᠵᠡᠭᠡᠶ ᠦᠷᠨᠢᠬᠦᠯᠬᠦ ᠵᠢ ᠬᠠᠶ᠋ᠢᠨ ᠰᠦᠪᠡᠭᠴᠢᠯᠡᠵᠦ᠂ ᠡᠯᠡᠰᠦᠷᠬᠡᠭ ᠣᠷᠣᠨ᠎ᠤ ᠤᠯᠠᠨ ᠲᠦᠮᠡᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠦᠢ᠍ᠯᠡᠰ᠎ᠲᠤ ᠢᠳᠡᠪᠬᠢᠲᠡᠢ᠎ᠪᠠᠷ ᠤᠷᠤᠯᠴᠠᠬᠤ ᠵᠢ ᠵᠣᠷᠢᠭᠵᠢᠭᠤᠯᠵᠤ᠂ ᠥᠪᠡᠷ᠎ᠤᠨ ᠬᠦᠴᠦ᠎ᠪᠠᠷ ᠵᠶ᠋ᠠᠨ ᠲᠡᠭᠵᠢᠷᠡᠨ᠂ ᠠᠮᠢᠳᠤᠷᠠᠯ᠎ᠤᠨ ᠨᠥᠬᠥᠴᠡᠯ ᠵᠶ᠋ᠠᠨ ᠰᠠᠢ᠌ᠵᠢᠷᠠᠭᠤᠯᠤᠨ᠎ᠠ᠃
ᠭᠤᠷᠪᠠ᠎ᠳᠤ᠂ ᠡᠯᠡᠰᠦᠨ᠎ᠤ ᠠᠵᠤ ᠦᠢ᠍ᠯᠡᠰ᠎ᠤᠨ ᠬᠣᠴᠣᠷᠤᠩᠭᠤᠢ ᠪᠠᠶ᠋ᠢᠭ᠎ᠠ ᠠᠰᠠᠭᠤᠳᠠᠯ᠎ᠳᠤ᠄ ᠴᠢᠩᠭ᠎ᠠ ᠬᠠᠮᠠᠭ᠋ᠠᠯᠠᠬᠤ ᠪᠠ ᠪᠦᠲᠦᠮᠵᠢᠲᠡᠶ᠎ᠪᠠᠷ ᠵᠠᠰᠠᠬᠤ ᠤᠷᠢᠲᠠᠯ ᠳᠣᠣᠷ᠎ᠠ᠂ ᠨᠢᠭᠡ ᠪᠦᠯᠦᠭ ᠣᠨᠴᠠᠯᠢᠭ ᠪᠦᠬᠥᠢ ᠤᠢ ᠰᠢᠭᠤᠶ ᠵᠢᠮᠢᠰ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠨᠠᠷᠢᠯᠢᠭ ᠪᠣᠯᠪᠠᠰᠤᠷᠠᠭᠤᠯᠬᠤ ᠠᠵᠤ ᠦᠢ᠍ᠯᠡᠳᠪᠦᠷᠢ᠂ ᠡᠨ᠋ᠸᠷᠬᠢ᠂ ᠡᠯᠡᠰᠦ ᠮᠠᠩᠬᠠᠨ᠎ᠤ ᠵᠢᠭᠤᠯᠴᠢᠯᠠᠯ᠎ᠤᠨ ᠦᠢ᠍ᠯᠡᠰ᠎ᠢ ᠬᠦᠭᠵᠢᠬᠦᠯᠦᠨ᠎ᠡ᠃ ᠠᠯᠠᠱ᠌ᠠ ᠵᠢᠨ ᠥᠨᠳᠥᠷᠯᠢᠭ᠂ ᠤᠷᠳᠦᠰ᠎ᠤᠨ ᠥᠨᠳᠥᠷᠯᠢᠭ᠂ ᠬᠣᠷᠴᠢᠨ᠎ᠤ ᠡᠯᠡᠰᠦᠷᠬᠡᠭ ᠭᠠᠵᠠᠷ ᠵᠡᠷᠭᠡ ᠨᠢᠭᠡ ᠪᠦᠯᠦᠭ ᠡᠯᠡᠰᠦᠨ᠎ᠤ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠵᠤ᠂ ᠠᠵᠤ ᠦᠢ᠍ᠯᠡᠰ᠎ᠤᠨ ᠪᠦᠯᠦᠭᠯᠡᠯ᠎ᠢ ᠪᠤᠢ ᠪᠤᠯᠭ᠋ᠠᠨ᠎ᠠ᠃ ᠨᠢᠭᠡ ᠪᠦᠯᠦᠭ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠢᠳᠡᠪᠬᠢᠲᠡᠶ ᠪᠣᠶ᠋ᠢᠵᠢᠭᠤᠯᠵᠤ᠂ ᠡᠯᠡᠰᠦᠷᠬᠡᠭ ᠣᠷᠣᠨ᠎ᠢ ᠲᠠᠢ᠌ᠴᠢᠯᠠᠨ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠬᠦᠯᠦᠨ ᠲᠤᠬᠢᠷᠠᠭᠤᠯᠵᠦ᠂ ᠡᠯᠡᠰᠦᠨ᠎ᠤ ᠠᠵᠤ ᠦᠢ᠍ᠯᠡᠰ᠎ᠤᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠨᠡᠩ ᠰᠠᠶ᠋ᠢᠲᠤᠷ ᠠᠬᠢᠭᠤᠯᠤᠨ᠎ᠠ᠃
ᠲᠦᠷᠪᠡ᠎ᠳᠤ᠂ ᠠᠮᠢ ᠠᠬᠤᠢ ᠵᠢᠨ ᠨᠡᠭᠦᠳᠡᠯ ᠠᠷᠠᠳ (ᠠᠮᠢ ᠠᠬᠤᠶ ᠵᠢᠨ ᠰᠢᠯᠲᠠᠭ᠋ᠠᠨ ᠵᠶ᠋ᠠᠷ ᠠᠷᠠᠳ᠎ᠢ ᠨᠡᠭᠦᠯᠭᠡᠬᠦ)᠎ᠤᠨ ᠠᠰᠠᠭᠤᠳᠠᠯ᠎ᠳᠤ᠄ ᠨᠡᠭᠦᠯᠭᠡᠵᠦ ᠭᠠᠷᠭ᠋ᠠᠬᠤ᠂ ᠲᠣᠭᠲᠠᠭᠤᠨ ᠪᠠᠶ᠋ᠢᠯᠭ᠋ᠠᠬᠤ᠂ ᠪᠠᠶᠠᠵᠢᠭᠤᠯᠬᠤ ᠵᠠᠷᠴᠢᠮ᠎ᠢ ᠪᠠᠷᠢᠮᠲᠠᠯᠠᠵᠤ᠂ ᠠᠮᠢ ᠠᠬᠤᠶ ᠵᠢᠨ ᠨᠡᠭᠦᠳᠡᠯ ᠠᠷᠠᠳ᠎ᠤᠨ ᠣᠷᠣᠨ ᠬᠣᠲᠠ ᠪᠠᠯᠭ᠋ᠠᠰᠤᠨ᠎ᠤ ᠠᠵᠤ ᠠᠬᠤᠶ ᠵᠢ ᠠᠮᠢᠳᠤᠯᠢᠭᠵᠢᠭᠤᠯᠬᠤ᠎ᠪᠠᠷ ᠬᠦᠴᠦᠯᠡᠵᠦ᠂ ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠡᠭ᠎ᠢ ᠬᠥᠮᠦᠵᠢᠭᠦᠯᠦᠨ ᠭᠠᠷᠭ᠋ᠠᠵᠤ᠂ ᠥᠷᠭᠡᠨ ᠤᠯᠠᠨ ᠨᠡᠬᠦᠳᠡᠯ ᠤᠯᠠᠨ ᠲᠦᠮᠡᠨ᠎ᠳᠤ ᠠᠵᠢᠯ ᠤᠯᠬᠤ ᠲᠣᠬᠢᠶᠠᠯ ᠣᠯᠭᠣᠵᠤ᠂ ᠨᠡᠩ ᠤᠯᠠᠨ ᠬᠥᠳᠡᠯᠮᠦᠷᠢ ᠵᠢᠨ ᠪᠠᠶ᠋ᠢᠷᠢ ᠬᠠᠩᠭ᠋ᠠᠵᠤ᠂ ᠠᠯᠬᠤᠮ ᠠᠯᠬᠤᠮ ᠵᠶ᠋ᠠᠷ ᠪᠠᠶᠠᠵᠢᠭᠤᠯᠬᠤ ᠵᠠᠮ᠎ᠳᠤ ᠤᠷᠤᠭᠤᠯᠤᠨ᠎ᠠ᠃