ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0348 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ (ᠲᠣᠪᠴᠢᠯᠠᠯ)
ᠨᠡᠶ᠋ᠢᠲᠡᠯᠡᠭᠰᠡᠨ ᠴᠠᠭ᠄ 2018-10-08

      ᠦᠪᠡᠷᠳᠡᠭᠡᠨ ᠵᠠᠰᠠᠭᠤᠯ ᠤᠷᠤᠨ᠎ᠤ   ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0348 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ (ᠲᠣᠪᠴᠢᠯᠠᠯ)
      ᠤᠳᠤ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠰᠠᠨᠠᠯ ᠳᠤᠷᠠᠳᠤᠯᠭ᠎ᠠ》 (0348 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠠᠰᠠᠭᠤᠯᠳᠠ᠎ᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄
      ᠨᠢᠭᠡ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠲᠡᠭᠦᠯᠳᠡᠷᠵᠢᠭᠦᠯᠬᠦ᠂   ᠠᠵᠢᠯᠲᠠᠨ᠎ᠤ ᠣᠷᠣᠨ ᠲᠣᠭ᠎ᠠ ᠵᠢ ᠨᠠᠢ᠌ᠳᠠᠪᠤᠷᠢᠵᠢᠭᠤᠯᠬᠤ ᠲᠤᠬᠠᠶ  
      ᠤᠳᠤᠬᠠᠨ᠎ᠳᠤ᠂ ᠮᠠᠨ᠎ᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠴᠢᠩᠭ᠋ᠠᠷᠠᠵᠤ᠂ ᠪᠥᠬᠥ ᠣᠷᠣᠨ᠎ᠤ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠤᠰᠬᠠᠶ ᠪᠠᠶ᠋ᠢᠭᠤᠯᠤᠮᠵᠢ ᠪᠠᠶ᠋ᠢᠭᠤᠯᠵᠤ᠂ ᠠᠵᠢᠯᠳᠠᠨ ᠲᠣᠬᠢᠷᠠᠭᠤᠯᠵᠤ᠂ ᠨᠡᠯᠢᠶᠡᠳ ᠪᠦᠷᠢᠨ ᠲᠡᠭᠦᠯᠳᠡᠷ ᠬᠠᠮᠠᠭ᠋ᠠᠯᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠯᠳᠦᠭᠦᠯᠦᠭᠰᠡᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠤᠷᠤᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠳᠠᠨ᠎ᠤ ᠣᠷᠣᠨ ᠲᠣᠭ᠎ᠠ ᠵᠢ ᠨᠠᠶ᠋ᠢᠳᠠᠪᠤᠷᠢᠵᠢᠭᠤᠯᠵᠤ᠂ ᠦᠨᠡᠨ ᠬᠦ᠌ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
      ᠬᠣᠶᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠵᠠᠷᠤᠳᠠᠯ᠎ᠤᠨ ᠪᠡᠯᠡ ᠣᠷᠣᠭᠤᠯᠤᠯᠲᠠ ᠵᠢᠨ ᠲᠤᠬᠠᠶ
      ᠤᠯᠤᠰ᠎ᠠᠴᠠ ᠨᠢᠭᠡᠨᠳᠠ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠥᠪ᠎ᠤᠨ ᠪᠡᠯᠡ ᠮᠦᠩᠬᠦ ᠵᠢ ᠤᠷᠤᠭᠤᠯᠤᠨ᠂ ᠬᠠᠮᠠᠭ᠋ᠠᠯᠠᠯᠳᠠ ᠬᠠᠮᠢᠶᠠᠷᠤᠯᠳᠠ ᠵᠢᠨ ᠡᠷᠴᠢᠮ ᠵᠶ᠋ᠠᠨ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠣᠭᠲᠠᠮᠠᠯ ᠵᠠᠷᠤᠳᠠᠯ᠎ᠢ ᠪᠠᠰᠠ ᠣᠷᠣᠨ ᠨᠤᠲᠤᠭ᠎ᠤᠨ ᠵᠠᠰᠠᠭ᠎ᠤᠨ ᠣᠷᠳᠣᠨ ᠡᠭᠦᠷᠭᠡᠯᠡᠨ᠎ᠡ᠂ ᠲᠠᠷᠠᠭ᠋ᠠᠴᠢ ᠵᠢᠨ ᠠᠯᠬᠤᠮ᠎ᠳᠤ ᠡᠳᠦᠷ ᠲᠤᠲᠤᠮ᠎ᠤᠨ ᠬᠠᠮᠢᠶᠠᠷᠤᠯᠲᠠ ᠵᠢᠨ ᠵᠠᠷᠤᠳᠠᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠥᠰᠦᠪ᠎ᠲᠤ ᠤᠷᠤᠭᠤᠯᠬᠤ ᠵᠢ ᠲᠡᠮᠡᠴᠡᠨ ᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠤᠯᠤᠰ᠎ᠤᠨ ᠲᠠᠰ᠎ᠲᠤ ᠳᠡᠪᠰᠢᠬᠦ ᠵᠢ ᠠᠬᠢᠭᠤᠯᠤᠨ᠂ ᠤᠯᠤᠰ᠎ᠤᠨ ᠪᠡᠯᠡ ᠣᠷᠣᠭᠤᠯᠤᠯᠲᠠ᠎ᠢ ᠲᠡᠮᠡᠴᠡᠨ ᠤᠯᠤᠨ᠎ᠠ᠃

      ᠭᠤᠷᠪᠠ᠂ ᠣᠷᠣᠨ ᠨᠤᠲᠤᠭ᠎ᠤᠨ ᠠᠮᠢ ᠠᠬᠤᠶ ᠵᠢᠨ ᠨᠥᠬᠥᠪᠥᠷᠢ ᠥᠭᠬᠦ ᠲᠣᠭᠲᠠᠴᠠ ᠵᠢ ᠪᠠᠶ᠋ᠢᠭᠤᠯᠬᠤ ᠲᠤᠬᠠᠶ
      ᠤᠯᠤᠰ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠪᠡᠯᠡ ᠮᠥᠩᠭᠥ ᠵᠢ ᠬᠡᠷᠡᠭᠵᠢᠬᠦᠯᠵᠦ᠂ ᠡᠬᠦᠨ᠎ᠤ ᠬᠠᠮᠳᠤ ᠠᠳᠠᠯᠢ ᠪᠤᠰᠤ ᠲᠥᠷᠥᠯ ᠬᠡᠯᠪᠡᠷᠢ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠠᠢ᠌ᠭ᠋ᠠᠯᠢᠯᠢᠭ ᠤᠢ ᠵᠢᠨ ᠬᠠᠮᠠᠭ᠋ᠠᠯᠠᠯᠲᠠ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠢ ᠵᠡᠷᠭᠡᠪᠡᠷ ᠬᠡᠷᠡᠭᠵᠢᠭᠦᠯᠦᠨ᠎ᠡ᠃

      ᠲᠦᠷᠪᠠ᠂   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠳᠠᠭ᠋ᠠᠳᠤ ᠣᠷᠴᠢᠨ᠎ᠤ ᠬᠡᠪᠴᠢᠶ᠎ᠡ ᠵᠢ ᠵᠦᠢ ᠵᠣᠬᠢᠰᠲᠠᠶ ᠲᠤᠬᠢᠷᠠᠭᠤᠯᠬᠤ ᠲᠤᠬᠠᠢ

      ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠵᠦᠪᠰᠢᠶᠡᠷᠡᠭᠰᠡᠨ 《ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠲᠣᠬᠢᠷᠠᠭᠤᠯᠬᠤ ᠬᠠᠮᠢᠶᠠᠷᠤᠯᠲᠠ ᠵᠢᠨ ᠲᠣᠭᠲᠠᠭ᠋ᠠᠯ》᠎ᠤᠨ ᠶᠤᠰᠤᠭ᠋ᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠨᠡᠷ᠎ᠡ᠂ ᠬᠡᠪᠴᠢᠶ᠎ᠡ᠂ ᠳᠣᠲᠣᠭ᠋ᠠᠳᠤ ᠴᠢᠳᠠᠮᠵᠢ ᠵᠢᠨ ᠣᠷᠣᠨ ᠬᠤᠪᠢᠶᠠᠷᠢᠯᠠᠯ᠎ᠢ ᠨᠢᠭᠡᠨᠲᠡ ᠲᠣᠭᠲᠠᠭ᠋ᠠᠭᠰᠠᠨ᠎ᠤ ᠬᠣᠶ᠋ᠢᠨ᠎ᠠ᠂   ᠵᠠᠷᠴᠢᠮ ᠳᠡᠭᠡᠷ᠎ᠡ᠎ᠪᠠᠨ ᠲᠤᠬᠢᠷᠠᠭᠤᠯᠤᠯᠳᠠ ᠬᠢᠬᠦ ᠥᠭᠡᠢ᠃ ᠪᠠᠶ᠋ᠢᠭ᠋ᠠᠯᠢ ᠵᠢᠨ ᠨᠥᠬᠥᠴᠡᠯ ᠬᠤᠪᠢᠷᠠᠯᠲᠠ᠎ᠨᠢ ᠬᠠᠮᠠᠭ᠋ᠠᠯᠠᠬᠤ ᠡᠲᠡᠭᠡᠳ᠎ᠤᠨ ᠣᠷᠣᠰᠢᠨ ᠲᠣᠭᠲᠠᠨᠢᠵᠤ ᠪᠠᠶ᠋ᠢᠭ᠎ᠠ ᠣᠷᠴᠢᠨ ᠨᠥᠬᠥᠴᠡᠯ᠎ᠳᠤ ᠴᠢᠬᠤᠯᠠ ᠶᠡᠬᠡ ᠬᠤᠪᠢᠷᠠᠯᠲᠠ ᠭᠠᠷᠭ᠋ᠠᠭᠰᠠᠨ; ᠵᠦᠪᠰᠢᠶᠡᠷᠡᠬᠦᠯᠦᠨ ᠪᠠᠢ᠌ᠭᠤᠯᠬᠤ᠎ᠠᠴᠠ ᠡᠮᠦᠨ᠎ᠡ ᠤᠷᠤᠨ᠎ᠤ ᠲᠤᠳᠤᠷ᠎ᠠ ᠲᠦᠷᠦ ᠵᠢᠨ ᠪᠠᠢ᠌ᠭᠤᠯᠭ᠎ᠠ᠎ᠠᠴᠠ ᠵᠦᠪᠰᠢᠶᠡᠷᠡᠨ ᠪᠠᠢ᠌ᠭᠤᠯᠤᠭᠰᠠᠨ ᠪᠠᠯᠭ᠋ᠠᠰᠤ ᠪᠤᠶᠤ ᠬᠤᠳᠠ ᠵᠢᠨ ᠭᠣᠣᠯ ᠪᠣᠯᠬᠤ ᠤᠷᠤᠨ ᠲᠣᠭᠣᠷᠢᠭ ᠵᠡᠷᠭᠡ ᠬᠥᠮᠦᠨ ᠠᠮᠠ ᠨᠢᠭᠲᠠᠷᠠᠨ ᠲᠥᠪᠯᠡᠷᠡᠭᠰᠡᠨ ᠣᠷᠣᠨ ᠤᠷᠤᠰᠢᠵᠦ ᠪᠠᠢ᠌ᠪᠠᠯ᠂ ᠬᠠᠮᠠᠭ᠋ᠠᠯᠠᠬᠤ ᠦᠷᠳᠡᠭ ᠪᠦᠷᠢᠯᠳᠦᠭᠦᠯᠦᠭᠰᠡᠨ ᠦᠭᠡᠢ; ᠤᠯᠤᠰ᠎ᠤᠨ ᠴᠢᠬᠤᠯᠠ ᠶᠡᠬᠡ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠬᠡᠷᠡᠭᠴᠡᠭᠡ ᠵᠡᠷᠭᠡ᠎ᠠᠴᠠ ᠰᠢᠯᠲᠠᠭ᠋ᠠᠯᠠᠭᠰᠠᠨ ᠪᠠᠢ᠌ᠪᠠᠯ ᠲᠣᠬᠢᠷᠠᠭᠤᠯᠤᠯᠲᠠ ᠬᠢᠬᠦ ᠵᠢ ᠮᠡᠳᠡᠭᠦᠯᠵᠦ ᠪᠤᠯᠬᠤ ᠵᠢᠨ ᠬᠠᠮᠲᠤ ᠬᠦᠢ᠍ᠴᠡᠳᠬᠡᠬᠦ ᠳᠠᠷᠠᠭ᠋ᠠᠯᠠᠯ᠎ᠤᠨ ᠶᠣᠰᠣᠭ᠋ᠠᠷ ᠰᠢᠢ᠍ᠳᠪᠤᠷᠢᠯᠡᠨ᠎ᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠪᠣᠯᠤᠨ ᠵᠠᠭ᠋ᠠᠭ᠎ᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠪᠠᠢ᠌ᠭᠤᠯᠬᠤ ᠵᠢ ᠵᠦᠪᠰᠢᠶᠡᠷᠡᠭᠰᠡᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠭᠳᠠᠭ᠋ᠠᠵᠤ᠂   ᠡᠬᠦᠨ᠎ᠤ ᠬᠠᠮᠳᠤ ᠵᠠᠭ᠋ᠠᠭ ᠱᠤᠭᠤᠮ᠎ᠢ ᠲᠤᠳᠤᠷᠬᠠᠢ᠌ᠯᠠᠨ᠂ ᠵᠠᠷᠯᠠᠨ ᠨᠡᠶ᠋ᠢᠲᠡᠯᠡᠬᠦ ᠬᠡᠷᠡᠭᠲᠡᠶ᠃
      ᠲᠠᠪᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠲᠦᠪᠰᠢᠨ᠎ᠢ ᠤᠯᠠᠮ ᠨᠢᠭᠡ ᠠᠯᠬᠤᠮ ᠲᠡᠬᠡᠭᠰᠢᠯᠡᠬᠦᠯᠬᠦ
      ᠣᠶ᠋ᠢᠷ᠎ᠠ ᠵᠢᠨ ᠵᠢᠯ᠎ᠳᠤ᠂ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠡᠯᠳᠡᠰ᠂ ᠤᠯᠤᠰ᠎ᠤᠨ ᠤᠢ ᠰᠢᠭᠤᠢ ᠵᠢᠨ ᠲᠤᠪᠴᠢᠶ᠎ᠠ ᠵᠢᠨ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠮᠠᠨ᠎ᠤ ᠤᠷᠤᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠥᠮᠦᠨ ᠲᠥᠷᠥᠯᠬᠢᠲᠡᠨ᠎ᠤ ᠠᠵᠢᠯᠯᠠᠭ᠎ᠠ ᠵᠢ ᠮᠡᠳᠡᠭᠡᠯᠡᠬᠦ ᠠᠯᠤᠰ ᠰᠡᠷᠡᠯ᠎ᠤᠨ ᠬᠢᠨᠠᠨ ᠬᠡᠮᠵᠢᠯᠳᠡ ᠪᠠ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠪᠠᠰᠠ ᠪᠦᠬᠦ ᠣᠷᠣᠨ᠎ᠤ ᠤᠢ ᠰᠢᠭᠤᠶ ᠵᠢᠨ ᠰᠢᠰᠲ᠋ᠧᠮ᠎ᠤᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠳᠠᠷᠬᠠᠨ ᠣᠷᠣᠨ᠎ᠤ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠪᠣᠯᠤᠨ ᠰᠢᠭᠤᠶ᠋ᠢᠲᠤ ᠭᠠᠵᠠᠷ ᠵᠢᠴᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠎ᠢ ᠬᠠᠤᠯᠢ ᠪᠤᠰᠤ᠎ᠪᠠᠷ ᠡᠵᠡᠯᠡᠨ ᠠᠪᠴᠤ ᠬᠠᠤᠯᠢ ᠲᠣᠭᠲᠠᠭ᠋ᠠᠯ᠎ᠠᠴᠠ ᠵᠥᠷᠢᠴᠡᠵᠦ ᠨᠡᠭᠡᠭᠡᠨ ᠠᠰᠢᠭᠯᠠᠭᠰᠠᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠦᠷᠨᠢᠬᠦᠯᠪᠡ᠃   ᠡᠯ᠎ᠡ ᠭᠠᠵᠠᠷ ᠪᠠᠶ᠋ᠢᠷᠢᠯᠠᠭᠤᠯᠤᠯᠲᠠ ᠶᠣᠰᠣᠭ᠋ᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠦᠯᠢ ᠬᠡᠷᠡᠭᠵᠢᠬᠦᠯᠬᠦ ᠪᠠᠢ᠌ᠴᠠᠭ᠋ᠠᠯᠳᠠ ᠵᠢᠨ ᠲᠤᠰᠬᠠᠢ ᠠᠵᠢᠯᠯᠠᠭ᠎ᠠ ᠪᠠ ᠬᠤᠯᠪᠤᠭ᠋ᠠᠯᠠᠭᠰᠠᠨ ᠬᠠᠤᠯᠢ ᠬᠡᠷᠡᠭᠵᠢᠬᠦᠯᠦᠯᠳᠡ ᠵᠢ ᠦᠷᠨᠢᠬᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ   ᠲᠤᠳᠤᠷᠠᠬᠢ ᠤᠢ ᠰᠢᠭᠤᠶ ᠪᠣᠯᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠦᠯᠢ ᠶᠤᠰᠤᠭ᠋ᠠᠷ ᠴᠢᠩᠭ᠎ᠠ ᠴᠤᠬᠢᠯᠳᠠ ᠦᠭᠪᠡ᠃   ᠬᠠᠮᠠᠭ᠋ᠠᠯᠠᠯᠲᠠ ᠵᠢᠨ ᠣᠷᠣᠨ ᠪᠣᠯᠤᠨ ᠨᠡᠶ᠋ᠢᠭᠡᠮ ᠲᠣᠭᠣᠷᠢᠭ᠎ᠤᠨ ᠭᠠᠯ ᠰᠡᠷᠭᠡᠶ᠋ᠢᠯᠡᠬᠦ᠂ ᠳᠤᠷ᠎ᠠ᠎ᠪᠠᠷ ᠪᠠᠷᠢᠵᠦ ᠠᠩᠨᠠᠬᠤ ᠵᠢ ᠰᠡᠷᠬᠡᠢ᠌ᠯᠡᠬᠦ ᠵᠡᠷᠭᠡ ᠬᠤᠯᠪᠤᠭ᠋ᠠᠯᠠᠭᠰᠠᠨ ᠰᠡᠡᠷᠬᠡᠢ᠌ᠯᠡᠯᠳᠡ ᠵᠢᠨ ᠬᠠᠪᠰᠤᠷᠤᠨ ᠲᠡᠳᠬᠦᠬᠦ ᠠᠵᠢᠯ᠎ᠢ ᠦᠷᠨᠢᠬᠦᠯᠵᠦ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠢ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠨ ᠬᠠᠮᠠᠭ᠋ᠠᠯᠠᠬᠤ ᠠᠵᠢᠯ᠎ᠳᠤ ᠥᠷᠭᠡᠨ ᠳᠡᠯᠭᠡᠷᠡᠩᠭᠦᠶ᠎ᠪᠠᠷ ᠤᠷᠤᠯᠴᠠᠭᠤᠯᠤᠨ᠂ ᠠᠵᠢᠯ᠎ᠤᠨ ᠨᠥᠬᠥᠪᠥᠷᠢ ᠵᠢᠨ ᠪᠠᠷᠢᠮᠵᠢᠶ᠎ᠠ ᠵᠢ ᠲᠤᠰ ᠭᠠᠵᠠᠷ᠎ᠤᠨ ᠠᠳᠠᠯᠢ ᠲᠦᠷᠦᠯ᠎ᠤᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠳᠠᠨ᠎ᠤ ᠣᠷᠣᠯᠭ᠎ᠠ ᠵᠢᠨ ᠲᠦᠪᠰᠢᠨ᠎ᠳᠤ ᠠᠯᠬᠤᠮ ᠠᠯᠬᠤᠮ ᠵᠶ᠋ᠠᠷ ᠬᠦᠷᠭᠡᠬᠦ ᠵᠢᠨ ᠬᠠᠮᠳᠤ ᠬᠣᠯᠪᠣᠭᠳᠠᠯ ᠪᠦᠬᠦᠢ ᠨᠡᠶ᠋ᠢᠭᠡᠮ᠎ᠤᠨ ᠪᠠᠲᠤᠯᠠᠭ᠎ᠠ᠎ᠳᠤ ᠤᠷᠤᠯᠴᠠᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0225 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
 ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠤᠨ ᠬᠤᠯᠪᠤᠭᠳᠠᠯ ᠪᠦᠬᠦᠢ ᠤᠴᠢᠷ᠎ᠢ ᠰᠠᠶ᠋ᠢᠲᠤᠷ ᠬᠢᠬᠦ ᠲᠤᠬᠠᠢ
ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠢ ᠦᠪᠣᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠦᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠬᠡᠷ ᠣᠢ ᠰᠢᠭᠤᠶ ᠵᠢᠨ ᠡᠷᠬᠡ ᠵᠢᠨ ᠲᠥᠷᠥᠯ᠎ᠤᠨ ᠲᠤᠭᠳᠠᠮᠠᠯ ᠬᠥᠷᠥᠩᠭᠡ ᠵᠢ ᠳᠠᠩᠰᠠᠯᠠᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ ᠨᠡᠢ᠌ᠲᠡᠯᠡᠪᠡ
 
             蒙ICP备05000248号