ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠨ᠎ᠤ ᠲᠠᠪᠤᠳᠤᠭ᠋ᠠᠷ ᠬᠤᠷᠠᠯ᠎ᠤᠨ 0547 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
ᠨᠡᠶ᠋ᠢᠲᠡᠯᠡᠭᠰᠡᠨ ᠴᠠᠭ᠄ 2018-10-08

      ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠨ᠎ᠤ ᠲᠠᠪᠤᠳᠤᠭ᠋ᠠᠷ ᠬᠤᠷᠠᠯ᠎ᠤᠨ 0547 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
      ᠤᠳᠤ 《ᠳ᠋ᠸᠩᠺᠸᠦ ᠰᠢᠶᠠᠨ᠎ᠤ ᠬᠠᠳᠤᠨ ᠳᠤᠬᠤᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢ ᠵᠦᠢ ᠵᠤᠬᠢᠰ ᠦᠭᠡᠢ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠢ ᠨᠦᠯᠦᠭᠡᠯᠡᠭᠰᠡᠨ ᠬᠦᠴᠢᠷ ᠠᠰᠠᠭᠤᠳᠠᠯ᠎ᠤᠨ ᠲᠤᠬᠠᠢ ᠰᠠᠨᠠᠯ ᠳᠤᠷᠠᠳᠤᠯᠭ᠎ᠠ》᠎ᠳᠤ ᠴᠢᠭᠯᠡᠬᠦᠯᠦᠨ᠂ ᠬᠣᠯᠪᠣᠭᠳᠠᠯ ᠪᠦᠬᠦᠢ ᠠᠰᠠᠭᠤᠯᠳᠠ᠎ᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄
     《ᠤᠢ ᠰᠢᠭᠤᠶ ᠬᠢᠭᠡᠳ ᠵᠡᠷᠯᠢᠭ ᠠᠮᠢᠳᠠᠨ᠎ᠤ ᠲᠦᠷᠦᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ᠂ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ᠎ᠳᠤ ᠬᠤᠯᠪᠤᠭᠳᠠᠭᠤᠯᠤᠨ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠨᠡᠶ᠋ᠢᠭᠡᠮ ᠲᠣᠭᠣᠷᠢᠭ᠎ᠤᠨ ᠬᠠᠮᠳᠤ ᠵᠢᠨ ᠬᠠᠮᠢᠶᠠᠷᠤᠯᠳᠠ ᠵᠢᠨ ᠬᠠᠷᠢᠴᠠᠭ᠎ᠠ ᠵᠢ ᠪᠠᠢ᠌ᠭᠤᠯᠬᠤ ᠵᠢ ᠰᠠᠨᠠᠭ᠋ᠠᠴᠢᠯᠠᠪᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠣᠷᠣᠨ ᠲᠤᠳᠤᠷᠠᠬᠢ ᠡᠬᠢ ᠪᠠᠶᠠᠯᠢᠭ᠎ᠤᠨ ᠬᠠᠮᠠᠭ᠋ᠠᠯᠠᠯᠳᠠ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠵᠢᠨ ᠡᠷᠬᠡ ᠵᠢ ᠨᠢᠭᠡᠳᠦᠯᠲᠡᠶ ᠬᠡᠷᠡᠭᠵᠢᠬᠦᠯᠬᠦ ᠤᠷᠢᠲᠠᠯ ᠳᠣᠣᠷ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠡᠬᠢ ᠪᠠᠶᠠᠯᠢᠭ᠎ᠤᠨ ᠲᠡᠦᠬᠡ ᠪᠠ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠠᠷᠢᠶᠠᠯᠠᠯ᠎ᠤᠨ ᠬᠠᠷᠢᠴᠠᠭ᠎ᠠ ᠵᠢ ᠬᠦᠨᠳᠦᠳᠬᠡᠵᠦ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠢ ᠬᠠᠪᠰᠤᠷᠤᠨ ᠦᠢ᠍ᠯᠡᠳᠪᠦᠷᠢᠯᠡᠯ᠎ᠤᠨ ᠠᠷᠭ᠎ᠠ ᠵᠠᠮ᠎ᠢ ᠨᠡᠭᠡᠭᠡᠵᠦ ᠦᠭᠭᠦᠨ᠎ᠡ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠰᠠᠭᠤᠭ᠋ᠠᠯᠢ ᠠᠷᠠᠳ᠎ᠠᠴᠠ ᠬᠠᠮᠠᠭ᠋ᠠᠯᠠᠯᠲᠠ ᠵᠢᠨ ᠣᠷᠣᠨ᠎ᠳᠠᠬᠢ ᠲᠤᠷᠰᠢᠯᠲᠠ ᠵᠢᠨ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠵᠢᠵᠢᠭ ᠬᠣᠷᠢᠶᠠᠯᠠᠯ᠎ᠳᠤ ᠤᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠰᠢᠭᠯᠠᠬᠤ ᠬᠡᠯᠪᠡᠷᠢ ᠵᠢ ᠬᠤᠪᠢᠷᠠᠭᠤᠯᠬᠤ ᠦᠭᠡᠢ᠂ ᠤᠤᠯ᠎ᠤᠨ ᠪᠠᠶ᠋ᠢᠭᠰᠠᠨ ᠠᠰᠢᠭᠯᠠᠵᠤ ᠪᠣᠯᠬᠤ ᠬᠡᠪᠴᠢᠶ᠎ᠡ᠂ ᠬᠦᠴᠦᠯᠡᠴᠡ᠎ᠠᠴᠠ ᠬᠡᠲᠦᠷᠡᠬᠦ ᠦᠭᠡᠢ ᠤᠷᠢᠲᠠᠯ ᠳᠣᠣᠷ᠎ᠠ᠂ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠠᠵᠢᠯ ᠦᠢ᠍ᠯᠡᠰ᠎ᠢ ᠡᠷᠬᠢᠯᠡᠵᠦ ᠪᠤᠯᠤᠨ᠎ᠠ᠃ ᠡᠬᠦᠨ᠎ᠤ ᠬᠠᠮᠲᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠨᠡᠶ᠋ᠢᠭᠡᠮ ᠲᠣᠭᠣᠷᠢᠭ᠎ᠤᠨ ᠬᠠᠮᠲᠤᠷᠠᠭᠰᠠᠨ ᠰᠡᠷᠭᠡᠶ᠋ᠢᠯᠡᠯᠲᠡ ᠵᠢ ᠪᠠᠶ᠋ᠢᠭᠤᠯᠵᠤ᠂ ᠡᠷᠭᠢᠨ ᠲᠣᠭᠣᠷᠢᠨ᠎ᠤ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠢ ᠡᠯᠰᠠᠨ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠬᠠᠮᠢᠶᠠᠷᠤᠯᠳᠠ ᠬᠠᠮᠠᠭ᠋ᠠᠯᠠᠯᠳᠠ᠎ᠳᠤ ᠤᠷᠤᠯᠴᠠᠭᠤᠯᠤᠨ᠎ᠠ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ   ᠬᠠᠮᠢᠶᠠᠷᠤᠨ ᠬᠠᠮᠠᠭ᠋ᠠᠯᠠᠬᠤ ᠠᠵᠢᠯ᠎ᠳᠤ ᠥᠷᠭᠡᠨ ᠵᠶ᠋ᠠᠷ ᠤᠷᠤᠯᠴᠠᠭᠤᠯᠬᠤ᠎ᠪᠠᠷ ᠳᠠᠮᠵᠢᠨ᠂ ᠠᠵᠤ ᠠᠬᠤᠶ ᠵᠢᠨ ᠣᠷᠣᠯᠭ᠎ᠠ ᠵᠢ ᠨᠡᠮᠡᠭᠳᠡᠭᠦᠯᠦᠨ᠎ᠡ᠃
ᠬᠠᠳᠤᠨ ᠳᠤᠬᠤᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠲᠠᠬᠢᠨ ᠬᠤᠪᠢᠶᠠᠷᠢᠯᠠᠬᠤ᠎ᠳᠤ 《ᠲᠦᠷᠦ ᠵᠢᠨ ᠶᠠᠪᠤᠳᠠᠯ᠎ᠤᠨ ᠬᠣᠷᠢᠶᠠᠨ᠎ᠤ 〈ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠳᠠᠷᠬᠠᠨ ᠣᠷᠣᠨ᠎ᠢ ᠲᠣᠬᠢᠷᠠᠭᠤᠯᠬᠤ ᠬᠠᠮᠢᠶᠠᠷᠤᠯᠲᠠ ᠵᠢᠨ ᠲᠣᠭᠲᠠᠭ᠋ᠠᠯ〉᠎ᠢ ᠲᠠᠷᠬᠠᠭ᠋ᠠᠬᠤ ᠲᠤᠬᠠᠶ ᠮᠡᠳᠡᠭᠳᠡᠯ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠬᠢᠳᠠᠯ [2013] 129   ᠳ᠋ᠤᠬᠡᠷ ᠲᠤᠭ᠋ᠠᠳᠤ)᠎ᠢ ᠦᠨᠳᠦᠰᠦᠯᠡᠨ᠂ ᠳᠣᠣᠷ᠎ᠠ ᠵᠢᠭᠰᠠᠭ᠋ᠠᠭᠰᠠᠨ ᠪᠠᠢ᠌ᠳᠠᠯ᠎ᠲᠠᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠲᠣᠬᠢᠷᠠᠭᠤᠯᠤᠯᠲᠠ ᠬᠢᠬᠦ ᠭᠤᠶᠤᠴᠢᠯᠠᠯ ᠭᠠᠷᠭ᠋ᠠᠵᠤ ᠪᠣᠯᠤᠨ᠎ᠠ᠄ ᠨᠢᠭᠡ᠎ᠳᠤ ᠪᠠᠶ᠋ᠢᠭ᠋ᠠᠯᠢ ᠵᠢᠨ ᠨᠥᠬᠥᠴᠡᠯ᠎ᠤᠨ ᠬᠤᠪᠢᠷᠠᠯᠲᠠ᠎ᠨᠢ ᠭᠤᠤᠯᠳᠠᠯᠭ᠎ᠠ᠎ᠲᠠᠢ ᠬᠠᠮᠠᠭ᠋ᠠᠯᠠᠬᠤ ᠡᠲᠡᠭᠡᠳ᠎ᠤᠨ ᠣᠷᠣᠰᠢᠨ ᠲᠣᠭᠲᠠᠨᠢᠵᠤ ᠪᠠᠶ᠋ᠢᠭ᠎ᠠ ᠣᠷᠴᠢᠨ ᠨᠥᠬᠥᠴᠡᠯ᠎ᠳᠤ ᠴᠢᠬᠤᠯᠠ ᠶᠡᠬᠡ ᠬᠤᠪᠢᠷᠠᠯᠲᠠ ᠭᠠᠷᠭ᠋ᠠᠭᠰᠠᠨ; ᠬᠣᠶᠠᠷ᠎ᠲᠤ᠂ ᠵᠦᠪᠰᠢᠶᠡᠷᠡᠬᠦᠯᠦᠨ ᠪᠠᠢ᠌ᠭᠤᠯᠬᠤ᠎ᠠᠴᠠ ᠡᠮᠦᠨ᠎ᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠦᠷᠦ ᠵᠢᠨ ᠪᠠᠢ᠌ᠭᠤᠯᠭ᠎ᠠ᠎ᠠᠴᠠ ᠪᠠᠢ᠌ᠭᠤᠯᠤᠭᠰᠠᠨ ᠪᠠᠯᠭ᠋ᠠᠰᠤ ᠪᠤᠶᠤ ᠬᠤᠳᠠ ᠵᠢᠨ ᠭᠣᠣᠯ ᠪᠣᠯᠬᠤ ᠤᠷᠤᠨ ᠲᠣᠭᠣᠷᠢᠭ ᠵᠡᠷᠭᠡ ᠬᠥᠮᠦᠨ ᠠᠮᠠ ᠨᠢᠭᠲᠠᠷᠠᠨ ᠲᠥᠪᠯᠡᠷᠡᠭᠰᠡᠨ ᠣᠷᠣᠨ ᠪᠠᠢ᠌ᠪᠠᠯ᠂ ᠳᠠᠷᠤᠢ ᠬᠠᠮᠠᠭ᠋ᠠᠯᠠᠯᠳᠠ ᠵᠢᠨ ᠦᠷᠳᠡᠭ᠎ᠢ ᠪᠦᠷᠢᠯᠳᠦᠭᠦᠯᠦᠭᠰᠡᠨ ᠦᠭᠡᠢ᠎ᠳᠤ ᠪᠠᠭᠳᠠᠨ᠎ᠠ; ᠭᠤᠷᠪᠠ᠎ᠳᠤ᠂ ᠤᠯᠤᠰ᠎ᠤᠨ ᠴᠢᠬᠤᠯᠠ ᠶᠡᠬᠡ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠠᠴᠠ ᠪᠤᠯᠤᠭᠰᠠᠨ᠃ ᠡᠶ᠋ᠢᠮᠦ᠎ᠠᠴᠠ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠪᠠᠨ ᠲᠡᠭᠦᠯᠳᠡᠷᠵᠢᠬᠦᠯᠦᠨ᠂ ᠭᠦᠢ᠍ᠴᠡᠳ ᠨᠤᠳᠠᠯᠠᠵᠦ᠂ ᠴᠢᠩᠭ᠎ᠠ ᠬᠢᠨᠠᠨ ᠵᠦᠪᠰᠢᠶᠡᠷᠡᠭᠰᠡᠨ ᠰᠠᠭᠤᠷᠢᠨ ᠳᠡᠭᠡᠷ᠎ᠡ᠂ ᠱᠠᠲᠤ ᠳᠠᠷᠠᠭ᠋ᠠᠯᠠᠨ ᠮᠡᠳᠡᠬᠦᠯᠦᠨ ᠵᠤᠬᠢᠴᠠᠭᠤᠯᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠢᠩᠬᠢᠮ᠎ᠤᠨ ᠠᠯᠪᠠᠨ ᠭᠡᠷ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0348 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ (ᠲᠣᠪᠴᠢᠯᠠᠯ)
ᠦᠪᠡᠷᠳᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0225 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
 ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠤᠨ ᠬᠤᠯᠪᠤᠭᠳᠠᠯ ᠪᠦᠬᠦᠢ ᠤᠴᠢᠷ᠎ᠢ ᠰᠠᠶ᠋ᠢᠲᠤᠷ ᠬᠢᠬᠦ ᠲᠤᠬᠠᠢ
ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠢ ᠦᠪᠣᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠦᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号