
3 ᠰᠠᠷ᠎ᠠ ᠵᠢᠨ 20᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ

3 ᠰᠠᠷ᠎ᠠ ᠵᠢᠨ 20᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ ᠵᠢᠨ ᠫᠢᠩ ᠵᠡᠷᠭᠡ ᠨᠠᠮ ᠪᠠ ᠲᠥᠷᠥ ᠵᠢᠨ ᠤᠳᠤᠷᠢᠳᠬᠤ ᠬᠥᠮᠦᠰ ᠬᠠᠮᠲᠤ᠎ᠪᠠᠷ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠪᠠ᠃
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠰᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠳᠤ ᠡᠯ᠎ᠡ ᠵᠦᠢ᠍ᠯ᠎ᠤᠨ ᠵᠥᠪᠯᠡᠬᠦ ᠵᠦᠢ᠍ᠯ ᠵᠶ᠋ᠠᠨ ᠲᠡᠭᠦᠰ ᠪᠡᠶᠡᠯᠡᠭᠦᠯᠦᠭᠡᠳ᠂ ᠰᠢᠨ᠎ᠡ ᠨᠢᠭᠡ ᠬᠤᠭᠤᠴᠠᠭ᠋ᠠᠨ᠎ᠤ ᠲᠦᠷᠦ ᠵᠢᠨ ᠪᠠᠶ᠋ᠢᠭᠤᠯᠤᠮᠵᠢ ᠵᠢᠨ ᠪᠦᠷᠢᠯᠳᠦᠬᠦᠨ᠎ᠤ ᠳᠠᠷᠠᠭ᠎ᠠ᠂ 20᠎ᠤ ᠡᠳᠦᠷ᠎ᠤᠨ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃
ᠶᠡᠬᠡ ᠬᠤᠷᠠᠯ᠎ᠠᠴᠠ ᠤᠷᠢᠶᠠᠯᠠᠵᠤ᠂ ᠪᠢᠳᠡ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ᠂ ᠳᠣᠮᠳᠠᠳᠣ ᠡᠣᠯᠣᠰ᠎ᠤᠨ ᠡᠣᠠᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠦᠨᠳᠦᠷ ᠮᠠᠨᠳᠤᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ᠂ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠢᠭᠡ ᠰᠡᠳᠬᠢᠯ ᠵᠶ᠋ᠡᠷ ᠬᠦᠴᠦᠯᠡᠵᠦ᠂ ᠰᠡᠳᠬᠢᠯ ᠰᠢᠭᠤᠳᠠᠨ ᠴᠢᠷᠮᠠᠶ᠋ᠢᠬᠤ ᠬᠡᠷᠡᠭᠲᠡᠢ᠃ ᠲᠤᠰ ᠣᠳᠠᠭ᠋ᠠᠨ᠎ᠤ ᠬᠤᠷᠠᠯᠳᠤᠭ᠋ᠠᠨ᠎ᠠᠴᠠ ᠲᠣᠭᠲᠠᠭ᠋ᠠᠭᠰᠠᠨ ᠡᠭᠦᠷᠭᠡ ᠵᠢ ᠪᠡᠶᠡᠯᠡᠭᠦᠯᠦᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠵᠢ ᠤᠯᠬᠤ ᠵᠢᠨ ᠲᠦᠯᠦᠭᠡ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠢᠯᠠᠯᠲᠠ ᠵᠢ ᠲᠡᠮᠡᠴᠡᠨ ᠣᠯᠵᠣ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠵᠡᠭᠦᠳᠦ ᠵᠢ ᠪᠡᠶᠡᠯᠡᠭᠦᠯᠬᠦ ᠵᠢᠨ ᠲᠥᠯᠥᠭᠡ ᠴᠢᠷᠮᠠᠶ᠋ᠢᠨ ᠲᠡᠮᠡᠴᠡᠬᠦ ᠬᠡᠷᠡᠭᠲᠡᠶ᠃
ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ ᠬᠡᠯᠡᠭᠰᠡᠨ᠎ᠨᠢ᠂ ᠡᠨᠡ ᠤᠳᠠᠭ᠋ᠠᠨ᠎ᠤ ᠶᠡᠬᠡ ᠬᠤᠷᠠᠯ᠎ᠤᠨ ᠰᠣᠩᠭᠣᠭᠤᠯᠢ᠎ᠳᠤ ᠪᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠲᠤᠰᠢᠶᠠᠯ᠎ᠢ ᠦᠷᠭᠦᠯᠵᠢᠯᠡᠨ ᠬᠠᠷᠢᠭᠤᠴᠠᠵᠣ᠂ ᠡᠭᠦᠨ᠎ᠳᠤ ᠪᠢ ᠡᠯ᠎ᠡ ᠲᠥᠯᠥᠭᠡᠯᠡᠭᠴᠢᠳ ᠪᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠠᠴᠠ ᠨᠠᠮ᠎ᠠ ᠵᠢ ᠢᠲᠡᠭᠡᠵᠦ ᠪᠠᠶ᠋ᠢᠭ᠎ᠠ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠬᠡᠶ᠎ᠡ᠃ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠡᠨᠡ ᠬᠦ᠌ ᠡᠷᠬᠢᠮ ᠳᠡᠭᠡᠳᠦ ᠲᠤᠰᠢᠶᠠᠯ᠎ᠢ ᠡᠭᠦᠷᠭᠡᠯᠡᠬᠦ᠎ᠨᠢ ᠦᠨᠭᠭᠡ ᠬᠡᠷᠡᠯᠳᠠᠢ ᠪᠥᠭᠡᠳ ᠬᠠᠷᠢᠭᠤᠴᠠᠯᠭ᠎ᠠ ᠬᠦᠨᠳᠦ ᠶᠡᠬᠡ ᠶᠠᠪᠤᠳᠠᠯ ᠮᠥᠨ᠃ ᠪᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠦᠨᠳᠦᠰᠦᠨ ᠬᠠᠤᠯᠢ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠡᠭᠡ ᠤᠯᠤᠰ᠎ᠲᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠦᠨᠡᠨᠴᠢ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠣᠷᠭᠣ᠎ᠪᠠᠷ ᠭᠦᠢ᠍ᠴᠡᠳᠬᠡᠨ᠂ ᠪᠦᠬᠦ ᠬᠦᠴᠦ᠎ᠪᠠᠷ ᠵᠶ᠋ᠠᠨ ᠴᠢᠷᠮᠠᠢ᠌ᠨ᠂ ᠠᠵᠢᠯ᠎ᠳᠤ᠎ᠪᠠᠨ ᠴᠢᠷᠮᠠᠢ᠌ᠵᠤ᠂ ᠦᠨᠡᠨᠴᠢ ᠰᠢᠳᠤᠷᠭᠤ᠎ᠪᠠᠷ ᠵᠢᠳᠬᠦᠵᠤ᠂ ᠠᠷᠠᠳ ᠲᠦᠮᠡᠨ᠎ᠤ ᠦᠢ᠍ᠯᠡᠴᠢᠯᠡᠭᠴᠢ ᠪᠤᠯᠤᠨ᠂ ᠠᠷᠠᠳ ᠲᠦᠮᠡᠨ᠎ᠤ ᠬᠢᠨᠠᠯᠲᠠ ᠵᠢ ᠬᠦᠯᠢᠶᠡᠨ᠂ ᠶᠠᠭ᠋ᠠᠬᠢᠭᠰᠠᠨ ᠴᠤ᠌ ᠡᠯ᠎ᠡ ᠲᠥᠯᠥᠭᠡᠯᠡᠭᠴᠢᠳ ᠲᠠ ᠪᠦᠬᠦᠨ ᠪᠣᠯᠤᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠲᠡᠭᠡᠯ ᠪᠣᠯᠤᠨ ᠬᠦᠨᠳᠦ ᠨᠠᠶ᠋ᠢᠳᠠᠯᠭ᠎ᠠ ᠵᠢ ᠬᠥᠰᠡᠷᠳᠡᠭᠦᠯᠬᠦ ᠦᠭᠡᠢ᠃
ᠰᠢ ᠵᠢᠨ ᠫᠢᠩ ᠴᠢᠬᠤᠯᠠᠴᠢᠯᠠᠭᠰᠠᠨ᠎ᠨᠢ᠄ ᠲᠥᠷᠦ ᠵᠢᠨ ᠪᠠᠶ᠋ᠢᠭᠤᠯᠭ᠎ᠠ ᠵᠢᠨ ᠠᠯᠢᠪᠠ ᠠᠵᠢᠯᠲᠠᠳ᠂ ᠬᠠᠮᠢᠭ᠎ᠠ ᠪᠠᠶ᠋ᠢᠭᠰᠠᠨ ᠴᠤ᠌ ᠬᠡᠳᠦᠢ ᠥᠨᠳᠥᠷ ᠵᠡᠷᠭᠡ ᠲᠤᠰᠢᠶᠠᠯ᠎ᠳᠤ ᠪᠠᠢ᠌ᠭᠰᠠᠨ ᠴᠦ᠍ ᠬᠠᠮᠢᠶ᠎ᠠ ᠦᠭᠡᠢ᠂ ᠮᠠᠨ᠎ᠤ ᠪᠥᠬᠥᠳᠡ ᠨᠠᠶ᠋ᠢᠷᠠᠮᠳᠠᠬᠤ ᠤᠯᠤᠰ ᠪᠣᠯ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠭᠡᠰᠡᠨ᠎ᠢ ᠪᠦᠬᠦᠳᠡᠭᠡᠷ ᠡᠷᠬᠡᠪᠰᠢ ᠪᠠᠲᠤ ᠴᠡᠭᠡᠵᠢᠯᠡᠬᠦ ᠬᠡᠷᠡᠭᠲᠡᠶ᠂ ᠢᠮᠠᠭᠲᠠ ᠠᠷᠠᠳ ᠲᠦᠮᠡᠨ᠎ᠢ ᠰᠡᠳᠬᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠶ᠋ᠢᠷᠢᠨ᠎ᠳᠤ ᠲᠠᠯᠪᠢᠵᠤ᠂ ᠢᠮᠠᠭᠲᠠ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠵᠦ᠂ ᠢᠮᠠᠭᠲᠠ ᠠᠷᠠᠳ ᠲᠦᠮᠡᠨ᠎ᠤ ᠠᠰᠢᠭ ᠲᠤᠰᠠ ᠪᠠ ᠵᠣᠯ ᠵᠢᠷᠭ᠋ᠠᠯ᠎ᠤᠨ ᠲᠥᠯᠥᠭᠡ ᠴᠢᠷᠮᠠᠶ᠋ᠢᠨ ᠠᠵᠢᠯᠯᠠᠬᠤ ᠬᠡᠷᠡᠭᠲᠡᠶ᠃
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠬᠤᠷᠢᠶᠠᠨ ᠲᠠᠷᠤᠭ᠎ᠠ ᠯᠢ ᠵᠠᠨ ᠱᠦ᠍ ᠪᠤᠯᠤᠨ ᠲᠡᠳ᠋ ᠬᠤᠷᠢᠶᠠᠨ ᠲᠠᠷᠤᠭ᠎ᠠ ᠨᠠᠷ᠂ ᠨᠠᠷᠢᠨ ᠪᠢᠴᠢᠭ᠎ᠤᠨ ᠲᠠᠷᠤᠭ᠎ᠠ ᠶᠡᠭᠡ ᠬᠤᠷᠠᠯ᠎ᠤᠨ ᠬᠦᠢ᠍ᠴᠡᠳᠭᠡᠭᠴᠢ ᠲᠡᠷᠢᠬᠦᠯᠡᠭᠴᠢ ᠪᠤᠯᠤᠭᠰᠠᠨ ᠪᠦᠭᠡᠳ ᠲᠡᠷᠢᠬᠦᠯᠡᠭᠴᠢ ᠵᠢᠨ ᠲᠠᠢ᠌ᠰᠠᠨ᠎ᠤ ᠡᠮᠦᠨ᠎ᠡ ᠮᠦᠷ᠎ᠲᠤ ᠰᠠᠭ᠋ᠠᠲᠠᠪᠠ᠃
ᠯᠢ ᠺᠧ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠠ ᠲᠦᠷᠦ ᠵᠢᠨ ᠤᠳᠤᠷᠢᠳᠬᠤ ᠬᠦᠮᠦᠰ ᠬᠤᠷᠠᠯᠳᠤᠭ᠋ᠠᠨ᠎ᠳᠤ ᠤᠷᠤᠯᠴᠠᠪᠠ᠃
ᠵᠠᠩ ᠳ᠋ᠧ ᠵᠢᠶᠠᠩ᠂ ᠢᠤᠢ ᠵᠧᠩ ᠱᠧᠩ᠂ ᠵᠠᠩ ᠭᠤᠤ ᠯᠢ ᠨᠠᠷ ᠲᠡᠷᠢᠬᠦᠯᠡᠭᠴᠢ ᠵᠢᠨ ᠲᠠᠢ᠌ᠰᠠᠨ᠎ᠠ ᠰᠠᠭ᠋ᠠᠳᠠᠪᠠ᠃
ᠬᠤᠷᠠᠯ᠎ᠳᠤ ᠤᠷᠤᠯᠴᠠᠬᠤ ᠶᠤᠰᠤᠲᠠᠢ 2980 ᠲᠦᠯᠦᠭᠡᠯᠡᠭᠴᠢ᠎ᠠᠴᠠ 2962 ᠬᠦᠮᠦᠨ ᠤᠷᠤᠯᠴᠠᠵᠤ᠂ 18 ᠬᠦᠮᠦᠨ ᠤᠷᠤᠯᠴᠠᠭᠰᠠᠨ ᠦᠭᠡᠢ᠂ ᠤᠷᠤᠯᠴᠠᠭᠰᠠᠨ ᠬᠦᠮᠦᠨ᠎ᠤ ᠲᠤᠭ᠎ᠠ᠎ᠨᠢ ᠬᠠᠤᠯᠢ᠎ᠳᠤ ᠲᠤᠭᠲᠠᠭ᠋ᠠᠭᠰᠠᠨ ᠬᠦᠮᠦᠨ᠎ᠤ ᠲᠤᠭᠠᠳᠤ ᠨᠡᠢ᠌ᠴᠡᠵᠠᠢ᠃
ᠶᠡᠭᠡ ᠬᠤᠷᠠᠯ᠎ᠤᠨ ᠬᠦᠢ᠍ᠴᠡᠳᠭᠡᠭᠴᠢ ᠲᠡᠷᠢᠬᠦᠯᠡᠭᠴᠢ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠬᠤᠷᠢᠶᠠᠨ ᠲᠠᠷᠤᠭ᠎ᠠ ᠯᠢ ᠵᠠᠨ ᠱᠦ᠍ ᠲᠡᠬᠦᠰᠬᠦ ᠬᠤᠷᠠᠯ᠎ᠢ ᠡᠷᠬᠢᠯᠡᠪᠡ᠃
ᠦᠳᠡ ᠵᠢᠨ ᠡᠮᠦᠨᠡᠬᠢ 9 ᠴᠠᠭ᠎ᠲᠤ ᠯᠢ ᠵᠠᠨ ᠱᠦ᠍ ᠬᠤᠷᠠᠯᠳᠤᠭ᠋ᠠᠨ ᠡᠬᠢᠯᠡᠬᠦ ᠵᠢ ᠵᠠᠷᠯᠠᠪᠠ᠃ ᠬᠤᠷᠠᠯᠳᠤᠭ᠋ᠠᠨ᠎ᠠᠴᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ ᠵᠢ ᠪᠠᠲᠤᠯᠠᠪᠠ᠃ ᠰᠢᠢ᠍ᠳᠪᠤᠷᠢᠳᠤ᠂ ᠬᠤᠷᠠᠯᠳᠤᠭ᠋ᠠᠨ᠎ᠨᠢ ᠦᠩᠭᠡᠷᠡᠭᠰᠡᠨ ᠲᠠᠪᠤᠨ ᠵᠢᠯ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠦᠭᠵᠢᠯᠲᠡ ᠵᠢᠨ ᠲᠠᠯ᠎ᠠ ᠵᠢᠨ ᠲᠡᠦᠭᠡᠳᠤ ᠴᠢᠨᠠᠷᠲᠠᠢ ᠠᠮᠵᠢᠯᠲᠠ᠂ ᠲᠡᠦᠭᠡᠳᠤ ᠴᠢᠨᠠᠷᠲᠠᠢ ᠬᠤᠪᠢᠰᠤᠯᠲᠠ ᠵᠢ ᠲᠡᠭᠡᠳᠤ ᠬᠡᠮᠵᠢᠶ᠎ᠡ᠎ᠪᠠᠷ ᠦᠨᠡᠯᠡᠵᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠩᠭᠡᠷᠡᠭᠰᠡᠨ ᠲᠠᠪᠤᠨ ᠵᠢᠯ᠎ᠤᠨ ᠠᠵᠢᠯ᠎ᠢ ᠲᠡᠭᠡᠳᠤ ᠬᠡᠮᠵᠢᠶ᠎ᠡ᠎ᠪᠠᠷ ᠨᠤᠲᠠᠯᠠᠵᠤ᠂ ᠢᠯᠡᠳᠭᠡᠯ᠎ᠳᠤ ᠲᠤᠷᠠᠳᠤᠭᠰᠠᠨ 2018 ᠤᠨ᠎ᠤ ᠠᠵᠤ ᠠᠬᠤᠢ ᠨᠡᠢ᠌ᠭᠡᠮ᠎ᠤᠨ ᠬᠦᠭᠵᠢᠯᠲᠡ ᠵᠢᠨ ᠶᠡᠷᠦᠩᠭᠡᠢ ᠱᠠᠭ᠋ᠠᠷᠳᠠᠯᠭ᠎ᠠ᠂ ᠲᠦᠷᠦ ᠵᠢᠨ ᠪᠤᠳᠤᠯᠭ᠎ᠠ ᠵᠢᠨ ᠬᠠᠨᠳᠤᠰᠢ ᠪᠤᠯᠤᠨ ᠵᠠᠰᠠᠭ᠎ᠤᠨ ᠤᠷᠳᠤᠨ᠎ᠤ ᠠᠵᠢᠯ᠎ᠤᠨ ᠲᠠᠯ᠎ᠠ᠎ᠪᠠᠷ᠎ᠬᠢ ᠰᠠᠨᠠᠠᠭᠤᠯᠭᠠ ᠵᠢ ᠵᠦᠪᠰᠢᠶᠡᠷᠡᠵᠤ᠂ ᠡᠨᠡ ᠬᠦ᠌ ᠢᠯᠡᠳᠭᠡᠯ᠎ᠢ ᠵᠦᠪᠰᠢᠶᠡᠷᠡᠬᠦ᠎ᠪᠠᠷ ᠲᠤᠭᠲᠠᠪᠠ ᠭᠡᠰᠡᠨ ᠪᠠᠢ᠌ᠨ᠎ᠠ᠃ ᠬᠤᠷᠠᠯᠳᠤᠭ᠋ᠠᠨ᠎ᠠᠴᠠ ᠬᠢᠨᠠᠨ ᠪᠠᠢ᠌ᠴᠠᠭ᠋ᠠᠬᠤ ᠬᠠᠤᠯᠢ ᠵᠢ ᠪᠠᠲᠤᠯᠠᠵᠤ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠭᠤᠷᠪᠠᠳᠤᠭ᠋ᠠᠷ ᠲᠤᠭ᠋ᠠᠳᠤ ᠲᠡᠷᠢᠬᠦᠯᠡᠭᠴᠢ ᠵᠢᠨ ᠵᠠᠷᠯᠢᠭ᠎ᠲᠤ ᠭᠠᠷᠤᠨ ᠦᠰᠦᠭ ᠵᠢᠷᠤᠵᠤ ᠨᠡᠢ᠌ᠲᠡᠯᠡᠪᠡ᠃
ᠬᠤᠷᠠᠯᠳᠤᠭ᠋ᠠᠨ᠎ᠠᠴᠠ 2017 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠦᠭᠵᠢᠯᠲᠡ ᠵᠢᠨ ᠲᠦᠯᠦᠪᠯᠡᠭᠡ ᠵᠢ ᠬᠦᠢ᠍ᠴᠡᠳᠭᠡᠭᠰᠡᠨ ᠪᠠᠢ᠌ᠳᠠᠯ ᠪᠠ 2018 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠦᠭᠵᠢᠯᠲᠡ ᠵᠢᠨ ᠲᠦᠯᠦᠪᠯᠡᠭᠡ ᠵᠢᠨ ᠲᠤᠬᠠᠢ ᠰᠢᠢ᠍ᠳᠪᠤᠷᠢ ᠵᠢ ᠪᠠᠲᠤᠯᠠᠵᠤ᠂ 2018 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠦᠭᠵᠢᠯᠲᠡ ᠵᠢᠨ ᠲᠦᠯᠦᠪᠯᠡᠭᠡ ᠵᠢ ᠵᠦᠪᠰᠢᠶᠡᠷᠡᠪᠡ; 2017 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠦᠢ᠍ᠴᠡᠳᠭᠡᠭᠰᠡᠨ ᠪᠠᠢ᠌ᠳᠠᠯ ᠬᠢᠭᠡᠳ 2018 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠲᠤᠬᠠᠢ ᠰᠢᠢ᠍ᠳᠪᠤᠷᠢ ᠵᠢ ᠪᠠᠲᠤᠯᠠᠵᠤ᠂ 2018 ᠤᠨ᠎ᠤ ᠲᠦᠪ᠎ᠤᠨ ᠲᠦᠰᠦᠪ᠎ᠢ ᠵᠦᠪᠰᠢᠶᠡᠷᠡᠪᠡ᠃
ᠬᠤᠷᠠᠯᠳᠤᠭ᠋ᠠᠨ᠎ᠠᠴᠠ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ᠂ ᠠᠷᠠᠳ᠎ᠤᠨ ᠲᠡᠭᠡᠳᠤ ᠰᠢᠬᠦᠬᠦ ᠬᠤᠷᠢᠶᠠᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ᠂ ᠠᠷᠠᠳ᠎ᠤᠨ ᠲᠡᠭᠡᠳᠤ ᠪᠠᠢ᠌ᠴᠠᠭ᠋ᠠᠬᠤ ᠬᠤᠷᠢᠶᠠᠨ᠎ᠤ ᠠᠵᠢᠯ᠎ᠤᠨ ᠢᠯᠡᠳᠭᠡᠯ᠎ᠤᠨ ᠲᠤᠬᠠᠢ ᠰᠢᠢ᠍ᠳᠪᠤᠷᠢ ᠵᠢ ᠪᠠᠲᠤᠯᠠᠵᠤ᠂ ᠡᠨᠡ ᠭᠤᠷᠪᠠᠨ ᠢᠯᠡᠳᠭᠡᠯ᠎ᠢ ᠵᠦᠪᠰᠢᠶᠡᠷᠡᠬᠦ᠎ᠪᠠᠷ ᠲᠤᠭᠲᠠᠪᠠ᠃
ᠲᠡᠭᠡᠷ᠎ᠡ ᠲᠤᠷᠠᠳᠤᠭᠰᠠᠨ ᠵᠦᠪᠯᠡᠬᠦ ᠵᠦᠢ᠍ᠯ᠎ᠢ ᠲᠠᠭᠤᠰᠬᠠᠭᠰᠠᠨᠤ ᠲᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
ᠬᠠᠮᠤᠭ᠎ᠤᠨ ᠡᠴᠦᠰ᠎ᠲᠤ ᠯᠢ ᠵᠠᠨ ᠱᠦ᠍ ᠪᠠᠰᠠ ᠶᠠᠷᠢᠶ᠎ᠠ ᠲᠠᠯᠪᠢᠪᠠ᠃
10 ᠴᠠᠭ 20 ᠮᠢᠨᠦ᠋ᠲ᠎ᠤᠨ ᠦᠶ᠎ᠡ᠎ᠪᠠᠷ ᠯᠢ ᠵᠠᠨ ᠱᠦ᠍ ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ ᠲᠡᠬᠦᠰᠦᠭᠰᠡᠨᠢ ᠵᠠᠷᠯᠠᠪᠠ᠃
20᠎ᠤ ᠡᠳᠦᠷ᠎ᠤᠨ ᠦᠳᠡ ᠵᠢᠨ ᠬᠣᠶ᠋ᠢᠨ᠎ᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ ᠠᠷᠠᠳ᠎ᠤᠨ ᠶᠡᠬᠡ ᠬᠤᠷᠠᠯ᠎ᠤᠨ ᠲᠢᠩᠭᠢᠮ᠎ᠳᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠣᠷᠣᠯᠴᠠᠬᠰᠠᠨ ᠤᠯᠤᠰ᠎ᠤᠨ ᠬᠣᠷᠢᠶᠠᠨ᠎ᠤ ᠠᠩᠬᠠᠳᠤᠭ᠋ᠠᠷ ᠣᠳᠠᠭ᠋ᠠᠨ᠎ᠤ ᠬᠤᠷᠠᠯᠳᠤᠭ᠋ᠠᠨ᠎ᠳᠠᠬᠢ ᠪᠦᠬᠦ ᠲᠥᠯᠥᠭᠡᠯᠡᠭᠴᠢᠳ᠎ᠲᠠᠢ ᠬᠠᠮᠲᠤ᠎ᠪᠠᠷ ᠰᠡᠭᠦᠳᠡᠷ ᠲᠠᠲᠠᠵᠠᠶ᠃