ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ (2018-2020 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠠᠴᠠ ᠬᠡᠷᠡᠭᠵᠢᠭᠦᠯᠬᠦ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠥᠰᠦᠯ》 ᠵᠢᠴᠢ ᠨᠠᠶ᠋ᠢᠷᠠᠭᠤᠯᠤᠨ ᠵᠤᠬᠢᠶᠠᠬᠤ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ ᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2018-09-14

      ᠠᠵᠢᠯᠯᠠᠬᠤ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ  

      ᠬᠠᠷᠢᠯᠴᠠᠬᠤ ᠤᠲᠠᠰᠤ᠄     0471-2280222
      ᠬᠡᠯᠬᠢᠶᠡᠰᠦᠯᠡᠬᠦ ᠲᠣᠭ᠎ᠠ      01151242-3/2018-00012
      ᠮᠡᠳᠡᠭᠡ ᠵᠠᠩᠭᠢ ᠵᠢᠨ ᠲᠥᠷᠥᠯ       ᠲᠤᠬᠠᠶ᠋ᠢᠯᠠᠭᠰᠠᠨ ᠠᠵᠢᠯ / ᠮᠡᠳᠡᠭᠳᠡᠯ
      ᠠᠯᠪᠠᠨ ᠪᠢᠴᠢᠭ ᠲᠠᠷᠬᠠᠭ᠋ᠠᠭᠰᠠᠨ ᠪᠠᠶ᠋ᠢᠭᠤᠯᠭ᠎ᠠ     ᠤᠢ ᠰᠢᠭᠤᠶ ᠵᠢᠨ ᠲᠢᠩᠬᠢᠮ
      ᠭᠠᠷᠴᠠᠭ     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ (2018-2020 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠠᠴᠠ ᠬᠡᠷᠡᠭᠵᠢᠭᠦᠯᠬᠦ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠥᠰᠦᠯ》 ᠵᠢᠴᠢ ᠨᠠᠶ᠋ᠢᠷᠠᠭᠤᠯᠤᠨ ᠵᠤᠬᠢᠶᠠᠬᠤ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ ᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
      ᠠᠯᠪᠠᠨ ᠪᠢᠴᠢᠭ ᠲᠠᠷᠬᠠᠭ᠋ᠠᠬᠤ ᠦᠰᠦᠭ᠎ᠤᠨ ᠳ᠋ᠤᠭ᠋ᠠᠷ       ᠦᠪᠦᠷ ᠤᠢ ᠲᠥᠯᠥᠪᠯᠡᠭᠡ ᠲᠠᠷᠬᠠᠭ᠋ᠠᠬᠤ

                                                [ 2018]165 ᠳ᠋ᠤᠭ᠋ᠠᠷ ᠲᠣᠭ᠋ᠠᠲᠤ

      ᠪᠢᠴᠢᠭᠰᠡᠨ ᠡᠳᠦᠷ ᠬᠤᠭᠤᠴᠠᠭ᠎ᠠ                        2018-05-31

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ   ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ (2018-2020 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠠᠴᠠ ᠬᠡᠷᠡᠭᠵᠢᠭᠦᠯᠬᠦ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ   ᠲᠥᠰᠦᠯ》 ᠵᠢᠴᠢ ᠨᠠᠶ᠋ᠢᠷᠠᠭᠤᠯᠤᠨ ᠵᠤᠬᠢᠶᠠᠬᠤ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ ᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
                ᠦᠪᠦᠷ ᠤᠢ ᠲᠥᠯᠥᠪᠯᠡᠭᠡ ᠲᠠᠷᠬᠠᠭ᠋ᠠᠬᠤ [2018) 165 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠤᠳᠠ ᠵᠢᠨ ᠤᠢ ᠰᠢᠭᠤᠶ ᠵᠢᠨ ᠲᠣᠪᠴᠢᠶ᠎ᠠ᠄
      ᠤᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ   ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠊ ᠭᠤᠷᠪᠠᠨ ᠵᠢᠯ᠎ᠤᠨ ᠲᠥᠯᠥᠪᠵᠢᠭᠦᠯᠭᠡ (2018-2020 ᠣᠨ)》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ 2018 ᠣᠨ᠎ᠠᠴᠠ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠬᠡᠷᠡᠭᠵᠢᠬᠦᠯᠳᠦᠭᠡᠢ᠃ ᠲᠤᠰ ᠲᠥᠯᠥᠪᠵᠢᠭᠦᠯᠭᠡ ᠪᠠ ᠣᠨ᠎ᠤ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠤᠰ ᠭᠠᠵᠠᠷ ᠣᠷᠣᠨ᠎ᠤ᠎ᠪᠠᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠠᠶ᠋ᠢᠮᠠᠭ ᠬᠤᠳᠠ ᠵᠢᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ 2018 ᠣᠨ᠎ᠤ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠤᠬᠢᠶᠠᠬᠤ ᠬᠡᠷᠡᠭᠳᠡᠢ᠃ ᠡᠭᠦᠨ᠎ᠤ ᠵᠡᠷᠭᠡᠴᠡᠭᠡᠪᠡᠷ᠂ ᠬᠠᠷᠢᠶ᠎ᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠢ ᠲᠤᠰ ᠤᠷᠤᠨ᠎ᠤ ᠵᠶ᠋ᠠᠨ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ 2018 ᠣᠨ᠎ᠤ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢ ᠱᠠᠭ᠋ᠠᠷᠳᠠᠬᠤ ᠬᠡᠷᠡᠭᠳᠡᠢ᠃
      ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠭᠰᠠᠨ ᠴᠢᠬᠤᠯᠠ ᠠᠵᠢᠯ ᠮᠥᠨ᠂ ᠪᠦᠬᠦ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠡᠯ᠎ᠡ ᠠᠶ᠋ᠢᠮᠠᠭ ᠬᠣᠲᠠ᠂ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠤᠢ ᠰᠢᠭᠤᠶ ᠵᠢᠨ ᠲᠣᠪᠴᠢᠶ᠎ᠠ ᠵᠢᠨ ᠤᠳᠤᠷᠢᠳᠤᠯᠭ᠎ᠠ᠎ᠠᠴᠠ 《ᠲᠥᠯᠥᠪᠵᠢᠭᠦᠯᠭᠡ》 ᠪᠠ 《ᠵᠢᠯ᠎ᠤᠨ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ》 ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠯᠣᠭᠣᠳᠬᠤ ᠦᠵᠡᠯ ᠰᠠᠨᠠᠭ᠎ᠠ ᠪᠣᠯᠤᠨ ᠶᠡᠷᠦᠩᠬᠡᠶ ᠱᠠᠭ᠋ᠠᠷᠳᠠᠯᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠩᠬᠠᠳᠤᠭ᠋ᠠᠷ ᠪᠥᠬᠥᠳᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠶᠠᠷᠢᠯᠴᠠᠬᠤ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ 《ᠬᠦᠬᠡ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠥᠨ ᠠᠭᠤᠯᠠ ᠮᠥᠨ》 ᠭᠡᠰᠡᠨ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠨᠠᠷᠢᠯᠢᠭ ᠣᠨᠣᠴᠠᠲᠠᠶ᠎ᠪᠠᠷ ᠶᠠᠳᠠᠭᠤ ᠵᠢ ᠲᠡᠳᠬᠦᠬᠦ ᠦᠨᠳᠦᠰᠦᠨ ᠪᠤᠳᠤᠯᠭ᠎ᠠ ᠵᠢ ᠪᠠᠷᠢᠮᠲᠠᠯᠠᠵᠤ᠂ ᠶᠠᠳᠠᠭᠤ ᠵᠢ ᠲᠡᠳᠬᠦᠬᠦ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠶ ᠵᠢᠨ ᠬᠠᠮᠠᠭ᠋ᠠᠯᠠᠯᠲᠠ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠠᠮᠢ ᠠᠬᠤᠶ ᠵᠢᠨ ᠢᠨᠵᠧᠨᠧᠷᠢᠩ᠎ᠤᠨ ᠪᠦᠲᠦᠬᠡᠨ ᠪᠠᠢ᠌ᠭᠤᠯᠤᠯᠳᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠠᠮᠢ ᠠᠬᠤᠶ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠷᠭ᠎ᠠ ᠮᠠᠶᠢᠭ᠎ᠢ ᠰᠢᠨᠡᠴᠢᠯᠡᠨ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠶᠠᠳᠠᠭᠤ ᠵᠢ ᠲᠡᠳᠬᠦᠬᠦ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠶ ᠵᠢᠨ ᠬᠠᠮᠠᠭ᠋ᠠᠯᠠᠯᠲᠠ ᠵᠢ ᠤᠶᠠᠯᠳᠤᠭᠤᠯᠬᠤ ᠵᠢ ᠦᠨᠡᠨ ᠬᠦ᠌ ᠠᠬᠢᠭᠤᠯᠵᠤ᠂ ᠶᠠᠳᠠᠭᠤ ᠬᠦᠴᠢᠷᠳᠡᠯ᠎ᠲᠠᠢ ᠬᠥᠮᠦᠨ ᠠᠮᠠ᠎ᠳᠤ ᠠᠮᠢ ᠠᠬᠤᠶ ᠵᠢᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢᠨ ᠳᠤᠮᠳᠠ ᠨᠡᠩ ᠤᠯᠠᠨ ᠪᠣᠳᠠᠲᠤ ᠠᠰᠢᠭ ᠬᠦᠷᠳᠡᠭᠡᠨ᠂ ᠪᠤᠬᠢᠷᠳᠤᠯ ᠦᠭᠡᠢ ᠪᠠᠶᠠᠵᠢᠯ ᠬᠠᠮᠲᠤ ᠵᠢᠨ ᠠᠰᠢᠭ ᠬᠦᠷᠳᠡᠭᠡᠬᠦ ᠭᠡᠬᠦ ᠦᠨᠳᠦᠷ ᠴᠢᠨᠰᠠᠭ᠋ᠠᠳᠤ ᠬᠥᠭᠵᠢᠯᠲᠡ ᠵᠢᠨ ᠬᠠᠷᠠᠯᠲᠠ ᠵᠢ ᠪᠡᠶᠡᠯᠡᠬᠦᠯᠦᠨ᠎ᠠ᠃
      ᠲᠥᠯᠥᠪᠵᠢᠭᠦᠯᠭᠡ᠎ᠨᠢ ᠡᠷᠦᠬᠡ᠎ᠳᠤ ᠬᠦᠨᠵᠡᠭᠡᠢ᠌ᠷᠡᠨ ᠪᠦᠬᠦ ᠲᠠᠯ᠎ᠠ ᠵᠢ ᠤᠢ᠌ᠯᠭ᠋ᠠᠨ᠂ ᠰᠠᠭᠤᠷᠢ ᠲᠣᠭ᠎ᠠ ᠪᠠᠷᠢᠮᠲᠠ᠎ᠨᠢ ᠣᠨᠣᠪᠴᠢᠲᠠᠶ᠂ ᠬᠠᠷᠠᠯᠲᠠ᠎ᠨᠢ ᠦᠨᠨᠡᠬᠦ ᠨᠠᠢ᠌ᠳᠠᠪᠤᠷᠢᠳᠠᠢ᠂ ᠬᠠᠷᠢᠭᠤᠴᠠᠯᠭ᠎ᠠ᠎ᠨᠢ ᠲᠣᠳᠣᠷᠬᠠᠶ᠂ ᠠᠷᠭ᠎ᠠ ᠬᠡᠮᠵᠢᠶ᠎ᠡ᠎ᠨᠢ ᠬᠦᠴᠦᠲᠡᠶ᠂ ᠰᠢᠨᠵᠢᠯᠡᠬᠦ ᠤᠬᠠᠭ᠋ᠠᠨᠴᠢ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ ᠪᠠᠢ᠌ᠬᠤ ᠬᠡᠷᠡᠭᠳᠡᠢ᠃
      ᠡᠯ᠎ᠡ ᠠᠶ᠋ᠢᠮᠠᠭ ᠬᠤᠳᠠ 6 ᠰᠠᠷ᠎ᠠ ᠵᠢᠨ 20᠎ᠠᠴᠠ ᠡᠮᠦᠨ᠎ᠡ᠂ ᠲᠤᠰ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠥᠯᠥᠪᠵᠢᠭᠦᠯᠭᠡ ᠪᠣᠯᠤᠨ ᠣᠨ᠎ᠤ ᠬᠡᠷᠡᠭᠵᠢᠭᠦᠯᠬᠦ ᠲᠥᠰᠦᠯ᠎ᠢ ᠬᠠᠮᠲᠤ ᠤᠢ ᠰᠢᠭᠤᠶ ᠵᠢᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠳᠡᠢ᠃


                          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
                                     2018 ᠣᠨ᠎ᠤ 5   ᠰᠠᠷ᠎ᠠ ᠵᠢᠨ 31᠎ᠤ ᠡᠳᠦᠷ


ᠳᠠᠭ᠋ᠠᠯᠳᠤᠭᠤᠯᠤᠯ᠄ :
165 ᠳ᠋ᠤᠭ᠋ᠠᠷ ᠲᠤᠭ᠋ᠠᠳᠤ ᠳᠠᠭ᠋ᠠᠯᠳᠤᠭᠤᠯᠤᠯ ᠮᠠᠲ᠋ᠧᠷᠢᠶᠠᠯ     ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ 
165 ᠳ᠋ᠤᠭ᠋ᠠᠷ ᠲᠤᠭ᠋ᠠᠳᠤ ᠳᠠᠭ᠋ᠠᠯᠳᠤᠭᠤᠯᠤᠯ ᠮᠠᠲ᠋ᠧᠷᠢᠶᠠᠯ     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠶᠠᠳᠠᠭᠤ ᠵᠢ ᠲᠡᠳᠬᠦᠬᠦ 2018 ᠣᠨ᠎ᠠᠴᠠ ᠬᠡᠷᠡᠭᠵᠢᠭᠦᠯᠬᠦ ᠲᠥᠰᠦᠯ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠨ᠎ᠤ ᠲᠠᠪᠤᠳᠤᠭ᠋ᠠᠷ ᠬᠤᠷᠠᠯ᠎ᠤᠨ 0547 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0348 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ (ᠲᠣᠪᠴᠢᠯᠠᠯ)
ᠦᠪᠡᠷᠳᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0225 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
 ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠤᠨ ᠬᠤᠯᠪᠤᠭᠳᠠᠯ ᠪᠦᠬᠦᠢ ᠤᠴᠢᠷ᠎ᠢ ᠰᠠᠶ᠋ᠢᠲᠤᠷ ᠬᠢᠬᠦ ᠲᠤᠬᠠᠢ
ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠢ ᠦᠪᠣᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号