ᠥᠪᠥᠷ ᠵᠠᠰᠠᠭ ᠠᠯᠪᠠᠨ ᠲᠠᠷᠬᠠᠭ᠋ᠠᠭᠰᠠᠨ [2019] 24 ᠳ᠋ᠤᠭᠡᠷ ᠲᠤᠭ᠋ᠠᠳᠤ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠥᠪᠡᠷᠲᠡᠭᠡᠨ ᠵᠠᠰᠠᠬᠤ ᠤᠷᠤᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡ᠎ᠳᠤ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠲᠤᠭ ᠣᠯᠭᠤᠬᠤ᠎ᠳᠤ ᠶᠠᠷᠢᠭᠰᠠᠨ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠤᠷᠤᠨ᠎ᠤ ᠡᠯ᠎ᠡ ᠱᠠᠲᠤᠨ᠎ᠤ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ (ᠳᠤᠷᠤᠭᠰᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠭᠡᠵᠦ ᠲᠤᠪᠴᠢᠯᠠᠨ᠎ᠠ)᠎ᠤᠨ ᠠᠵᠢᠯ ᠮᠡᠷᠭᠡᠵᠢᠯ᠎ᠤᠨ ᠢᠷᠠᠭᠤ ᠠᠯᠲᠠᠷᠲᠤ ᠰᠡᠳᠭᠢᠯᠭᠡ ᠵᠢ ᠦᠨᠡᠨ ᠬᠦ᠌ ᠨᠡᠮᠡᠭᠳᠡᠭᠦᠯᠦᠨ᠂ ᠡᠷᠴᠢ ᠵᠣᠷᠢᠭ᠎ᠢ᠎ᠨᠢ ᠤᠯᠠᠮ ᠨᠢᠭᠡ ᠠᠯᠬᠤᠮ ᠬᠦᠪᠴᠢᠯᠡᠵᠦ᠂ ᠬᠦᠴᠦᠨ ᠴᠢᠳᠠᠯ᠎ᠢ᠎ᠨᠢ ᠤᠯᠠᠮ ᠨᠢᠭᠡ ᠠᠯᠬᠤᠮ ᠨᠢᠭᠲᠠᠷᠠᠭᠤᠯᠬᠤ ᠵᠢᠨ ᠲᠤᠰᠠᠲᠠ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠭᠡᠳ᠂ ᠡᠳᠦᠭᠡ ᠭᠠᠯ᠎ᠢ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠤᠨ ᠬᠤᠯᠪᠤᠭᠳᠠᠯ ᠪᠦᠬᠦᠢ ᠤᠴᠢᠷ᠎ᠢ ᠳᠤᠤᠷᠠᠬᠢ ᠮᠡᠲᠦ ᠮᠡᠳᠡᠭᠳᠡᠪᠡ᠄ ᠨᠢᠭᠡ᠂ ᠬᠠᠷᠠᠭ᠋ᠠᠯᠵᠠᠯ ᠦᠵᠡᠭᠦᠯᠬᠦ ᠡᠳᠡᠭᠡᠳ ᠪᠦᠬᠦ ᠤᠷᠤᠨ᠎ᠤ ᠡᠯ᠎ᠡ ᠱᠠᠲᠤᠨ᠎ᠤ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠠᠵᠢᠯ᠎ᠤᠨ ᠪᠠᠶ᠋ᠢᠷᠢᠨ᠎ᠳᠤ᠎ᠪᠠᠨ ᠪᠠᠶ᠋ᠢᠭ᠎ᠠ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠂ ᠵᠡᠮᠳᠡᠭ ᠪᠤᠯᠤᠭᠰᠠᠨ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠪᠤᠯᠤᠨ᠎ᠠ᠃ ᠬᠤᠶᠠᠷ᠂ ᠬᠠᠷᠠᠭ᠋ᠠᠯᠵᠠᠯ ᠦᠵᠡᠭᠦᠯᠬᠦ ᠠᠷᠭ᠎ᠠ ᠬᠡᠮᠵᠢᠶ᠎ᠡ (ᠨᠢᠭᠡ) ᠵᠠᠮ ᠬᠠᠷᠢᠯᠴᠠᠭ᠎ᠠ᠎ᠪᠠᠷ ᠶᠠᠪᠤᠵᠤ ᠰᠠᠭᠤᠬᠤ᠎ᠳᠤ ᠬᠠᠷᠠᠭ᠋ᠠᠯᠵᠠᠯ ᠦᠵᠡᠭᠦᠯᠦᠨ᠎ᠡ᠃ ᠵᠠᠮ ᠬᠠᠷᠢᠯᠴᠠᠭ᠋ᠠᠨ᠎ᠤ ᠬᠡᠷᠡᠭᠰᠡᠯ᠎ᠳᠤ ᠤᠷᠢᠳ ᠵᠶ᠋ᠠᠷ ᠰᠠᠭᠤᠵᠣ ᠪᠣᠯᠤᠨ᠎ᠠ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠭᠠᠯᠲᠤ ᠲᠡᠷᠭᠡ (ᠳᠡᠭᠡᠳᠦ ᠬᠤᠷᠳᠤ ᠵᠢᠨ ᠲᠡᠮᠦᠷ ᠵᠠᠮ)᠂ ᠠᠶᠠᠨᠴᠢᠳ᠎ᠤᠨ ᠲᠡᠭᠡᠭᠡᠪᠦᠷᠢ ᠵᠢᠨ ᠡᠭᠡᠯᠵᠢᠨ᠎ᠤ ᠲᠡᠷᠭᠡ ᠪᠣᠯᠤᠨ ᠠᠷᠠᠳ᠎ᠤᠨ ᠠᠭ᠋ᠠᠷ ᠠᠶᠠᠯᠠᠯ᠎ᠤᠨ ᠡᠭᠡᠯᠵᠢᠨ᠎ᠤ ᠨᠢᠰᠭᠡᠯ᠎ᠳᠤ ᠰᠠᠭᠤᠬᠤ᠎ᠳᠤ᠎ᠪᠠᠨ᠂ ᠪᠢᠯᠧᠲ ᠬᠤᠳᠠᠯᠳᠤᠨ ᠠᠪᠬᠤ ᠪᠠ ᠨᠢᠰᠭᠡᠯ᠎ᠳᠤ ᠰᠠᠭᠤᠬᠤ ᠭᠠᠷᠳᠠᠮ ᠭᠦᠢ᠍ᠴᠡᠳᠭᠡᠬᠦ᠂ ᠠᠶᠤᠯ ᠦᠭᠡᠢ ᠵᠢᠨ ᠪᠠᠶ᠋ᠢᠴᠠᠭ᠋ᠠᠯᠲᠠ ᠬᠢᠬᠦ᠂ ᠲᠡᠷᠭᠡ (ᠨᠢᠰᠭᠡᠯ) ᠬᠦᠯᠢᠶᠡᠬᠦ᠂ ᠲᠡᠷᠭᠡᠨ (ᠨᠢᠰᠭᠡᠯ)᠎ᠳᠤ ᠰᠠᠭᠤᠬᠤ ᠦᠢ᠍ᠯᠡᠴᠢᠯᠡᠭᠡ ᠵᠢ ᠤᠷᠢᠳ ᠵᠶ᠋ᠠᠷ ᠬᠦᠷᠲᠡᠵᠦ᠂ ᠤᠷᠢᠳ ᠵᠶ᠋ᠠᠷ ᠭᠦᠢ᠍ᠴᠡᠳᠭᠡᠬᠦ ᠨᠡᠪᠲᠡᠷᠡᠯ ᠵᠠᠮ (ᠴᠤᠩᠬᠤᠪᠴᠢ)᠎ᠢ ᠬᠡᠷᠡᠭᠯᠡᠵᠦ ᠪᠣᠯᠤᠨ᠎ᠠ᠂ ᠬᠠᠮᠲᠤ ᠶᠠᠪᠤᠭ᠎ᠠ ᠭᠡᠷ ᠪᠦᠯᠢ ᠵᠢᠨ᠎ᠬᠢᠨ ᠴᠦ᠍ (ᠵᠠᠷᠴᠢᠮ ᠳᠡᠭᠡᠷ᠎ᠡ᠎ᠪᠠᠨ 2 ᠬᠦᠮᠦᠨ᠎ᠠᠴᠠ ᠣᠯᠠᠨ ᠪᠠᠶ᠋ᠢᠵᠤ ᠪᠣᠯᠬᠤ ᠦᠭᠡᠢ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠨᠯᠤᠭᠠ ᠵᠢᠨ ᠬᠠᠷᠢᠴᠠᠭ᠋ᠠᠨ᠎ᠤ ᠭᠡᠷᠡᠴᠢ ᠭᠠᠷᠭ᠋ᠠᠬᠤ ᠴᠢᠬᠤᠯᠠ ᠦᠭᠡᠢ) ᠤᠷᠢᠳ ᠵᠶ᠋ᠠᠷ ᠭᠦᠢ᠍ᠴᠡᠳᠭᠡᠬᠦ ᠦᠢ᠍ᠯᠡᠴᠢᠯᠡᠭᠡ ᠬᠦᠷᠲᠡᠵᠦ ᠪᠣᠯᠤᠨ᠎ᠠ; ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠬᠤᠲᠠ ᠵᠢᠨ ᠨᠡᠶ᠋ᠢᠲᠡ ᠵᠢᠨ ᠮᠠᠰᠢᠨ᠂ ᠴᠠᠬᠢᠯᠭ᠋ᠠᠨ ᠲᠡᠷᠭᠡ ᠪᠤᠯᠤᠨ ᠲᠡᠮᠥᠷ ᠵᠢᠮᠲᠦ ᠵᠠᠮ ᠬᠠᠷᠢᠯᠴᠠᠭ᠋ᠠᠨ᠎ᠤ ᠬᠡᠷᠡᠭᠰᠡᠯ᠎ᠳᠤ ᠰᠠᠭᠤᠬᠤ᠎ᠳᠤ᠂ ᠠᠯᠪᠠᠨ ᠴᠡᠷᠢᠭᠯᠤᠭᠠ ᠠᠳᠠᠯᠢ ᠬᠠᠷᠠᠭ᠋ᠠᠯᠵᠠᠯ᠎ᠤᠨ ᠲᠥᠷᠥ ᠵᠢᠨ ᠪᠤᠳᠣᠯᠭ᠎ᠠ ᠵᠢ ᠬᠦᠷᠲᠡᠨ᠎ᠡ᠃ ᠠᠶᠠᠨᠴᠢᠳ᠎ᠤᠨ ᠲᠡᠷᠭᠡᠨ᠎ᠳᠤ ᠰᠠᠭᠤᠬᠤ᠎ᠳᠤ ᠪᠢᠯᠧᠲ ᠠᠪᠬᠤ ᠦᠭᠡᠢ ᠪᠤᠶᠤ ᠬᠢᠮᠳᠠᠷᠠᠯ᠎ᠲᠠᠢ ᠪᠢᠯᠧᠲ ᠵᠢᠨ ᠬᠠᠷᠠᠭ᠋ᠠᠯᠵᠠᠯ ᠬᠦᠷᠲᠡᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠵᠡᠮᠳᠡᠭ ᠠᠵᠢᠯᠲᠠᠳ ᠭᠠᠯᠲᠤ ᠲᠡᠷᠭᠡ (ᠳᠡᠭᠡᠳᠦ ᠬᠤᠷᠳᠤ ᠵᠢᠨ ᠲᠡᠮᠦᠷ ᠵᠠᠮ)᠂ ᠠᠶᠠᠨᠴᠢᠳ᠎ᠤᠨ ᠲᠡᠭᠡᠭᠡᠪᠦᠷᠢ ᠵᠢᠨ ᠡᠭᠡᠯᠵᠢᠨ᠎ᠤ ᠲᠡᠷᠭᠡ ᠪᠣᠯᠤᠨ ᠠᠷᠠᠳ᠎ᠤᠨ ᠠᠭ᠋ᠠᠷ ᠠᠶᠠᠯᠠᠯ᠎ᠤᠨ ᠡᠭᠡᠯᠵᠢᠨ᠎ᠤ ᠨᠢᠰᠭᠡᠯ᠎ᠳᠤ ᠰᠠᠭᠤᠬᠤ᠎ᠳᠤ᠂ ᠵᠡᠮᠳᠡᠭ ᠪᠤᠯᠤᠭᠰᠠᠨ ᠴᠡᠷᠢᠭᠯᠤᠭᠠ ᠠᠳᠠᠯᠢ ᠠᠶᠠᠨᠴᠢᠳ᠎ᠤᠨ ᠪᠢᠯᠧᠲ᠎ᠤᠨ ᠬᠠᠷᠠᠭ᠋ᠠᠯᠵᠠᠯ ᠬᠦᠷᠲᠡᠨ᠎ᠡ; ᠬᠤᠲᠠ ᠵᠢᠨ ᠨᠡᠶ᠋ᠢᠲᠡ ᠵᠢᠨ ᠮᠠᠰᠢᠨ᠂ ᠴᠠᠬᠢᠯᠭ᠋ᠠᠨ ᠲᠡᠷᠭᠡ ᠪᠤᠯᠤᠨ ᠲᠡᠮᠥᠷ ᠵᠢᠮᠲᠦ ᠵᠠᠮ ᠬᠠᠷᠢᠯᠴᠠᠭ᠋ᠠᠨ᠎ᠤ ᠬᠡᠷᠡᠭᠰᠡᠯ᠎ᠳᠤ ᠰᠠᠭᠤᠬᠤ᠎ᠳᠤ᠂ ᠪᠢᠯᠧᠲ ᠠᠪᠬᠤ ᠦᠭᠡᠢ ᠬᠠᠷᠠᠭ᠋ᠠᠯᠵᠠᠯ ᠬᠦᠷᠲᠡᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠬᠦᠷᠲᠡᠬᠦ ᠪᠢᠯᠧᠲ ᠠᠪᠬᠤ ᠦᠭᠡᠢ ᠪᠤᠶᠤ ᠬᠢᠮᠳᠠᠷᠠᠯ᠎ᠲᠠᠢ ᠪᠢᠯᠧᠲ ᠵᠢᠨ ᠬᠠᠷᠠᠭ᠋ᠠᠯᠵᠠᠯ ᠦᠵᠡᠭᠦᠯᠬᠦ ᠲᠥᠷᠥ ᠵᠢᠨ ᠪᠤᠳᠤᠯᠭ᠎ᠠ᠎ᠳᠤ ᠬᠡᠷᠡᠭᠰᠡᠬᠦ ᠵᠠᠷᠤᠳᠠᠯ᠎ᠢ ᠤᠤᠯ᠎ᠤᠨ ᠠᠷᠭ᠎ᠠ ᠵᠠᠮ ᠵᠶ᠋ᠠᠷ ᠪᠠᠲᠤᠯᠠᠬᠤ ᠬᠡᠷᠡᠭᠲᠡᠢ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠵᠠᠮ ᠬᠠᠷᠢᠯᠴᠠᠭ᠎ᠠ᠎ᠪᠠᠷ ᠶᠠᠪᠤᠵᠤ ᠰᠠᠭᠤᠬᠤ᠎ᠳᠤ ᠬᠠᠷᠠᠭ᠋ᠠᠯᠵᠠᠯ ᠦᠵᠡᠭᠦᠯᠬᠦ ᠪᠤᠲᠠᠲᠠᠢ ᠠᠷᠭ᠎ᠠ ᠬᠡᠮᠵᠢᠶ᠎ᠡ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠤᠯᠤᠰ᠎ᠤᠨ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠯᠤᠰ᠎ᠤᠨ ᠲᠡᠮᠦᠷ ᠵᠠᠮ᠎ᠤᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠤ ᠠᠭ᠋ᠠᠷ ᠠᠶᠠᠯᠠᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠶᠡᠷᠦᠩᠬᠡᠢ ᠺᠣᠮᠫᠠᠨᠢ ᠵᠢᠨ 《ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠵᠠᠮ ᠬᠠᠷᠢᠯᠴᠠᠭ᠎ᠠ᠎ᠪᠠᠷ ᠶᠠᠪᠤᠵᠤ ᠰᠠᠭᠤᠬᠤ᠎ᠳᠤ ᠬᠠᠷᠠᠭ᠋ᠠᠯᠵᠠᠯ ᠦᠵᠡᠭᠦᠯᠬᠦ ᠡᠷᠬᠡ ᠠᠰᠢᠭ᠎ᠢ ᠪᠠᠲᠤᠯᠠᠬᠤ ᠬᠤᠯᠪᠤᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》 (ᠵᠠᠮ ᠲᠡᠭᠡᠭᠡᠪᠦᠷᠢ ᠲᠣᠭᠲᠠᠭ᠋ᠠᠯ [2019] 4 ᠳ᠋ᠤᠭᠡᠷ ᠲᠣᠭ᠋ᠠᠲᠤ) ᠪᠠ ᠳᠤᠮᠳᠠᠳᠤ ᠤᠯᠤᠰ᠎ᠤᠨ ᠲᠡᠮᠦᠷ ᠵᠠᠮ᠎ᠤᠨ ᠶᠡᠷᠦᠩᠬᠡᠢ ᠺᠣᠮᠫᠠᠨᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ 《ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ᠎ᠤᠨ ᠭᠠᠯᠲᠤ ᠲᠡᠷᠭᠡ᠎ᠪᠠᠷ ᠶᠠᠪᠤᠵᠤ ᠰᠠᠭᠤᠬᠤ᠎ᠳᠤ ᠬᠠᠷᠠᠭ᠋ᠠᠯᠵᠠᠯ ᠦᠵᠡᠭᠦᠯᠬᠦ ᠵᠢ ᠪᠠᠲᠤᠯᠠᠬᠤ ᠲᠤᠬᠠᠢ ᠮᠡᠳᠡᠭᠳᠡᠯ》 (ᠲᠡᠮᠦᠷ ᠶᠡᠷᠦᠩᠬᠡᠢ ᠠᠶᠠᠨᠴᠢᠨ [2019] 92 ᠳ᠋ᠤᠭ᠋ᠠᠷ ᠲᠤᠭ᠋ᠠᠲᠤ)᠎ᠤᠨ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠬᠡᠷᠡᠭᠵᠢᠭᠦᠯᠦᠨ᠎ᠡ᠃ (ᠬᠤᠶᠠᠷ) ᠰᠤᠷᠭ᠋ᠠᠨ ᠬᠦᠮᠦᠵᠢᠯ ᠬᠦᠷᠲᠡᠬᠦ᠎ᠳᠤ ᠬᠠᠷᠠᠭ᠋ᠠᠯᠵᠠᠯ ᠦᠵᠡᠭᠦᠯᠦᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠵᠢᠴᠢ ᠲᠡᠳᠡᠨ᠎ᠤ ᠦᠷ᠎ᠡ ᠬᠡᠤᠬᠡᠳ᠎ᠨᠢ ᠰᠤᠷᠭ᠋ᠠᠨ ᠬᠦᠮᠦᠵᠢᠯ ᠬᠦᠷᠲᠡᠬᠦ ᠲᠠᠯ᠎ᠠ᠎ᠪᠠᠷ ᠠᠯᠪᠠᠨ ᠴᠡᠷᠢᠭ᠎ᠲᠠᠢ ᠠᠳᠠᠯᠢ ᠬᠠᠷᠠᠭ᠋ᠠᠯᠵᠠᠯ᠎ᠤᠨ ᠲᠥᠷᠥ ᠵᠢᠨ ᠪᠣᠳᠤᠯᠭ᠎ᠠ ᠬᠦᠷᠲᠡᠨ᠎ᠡ᠃ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠦᠷ᠎ᠡ ᠬᠡᠤᠬᠡᠳ᠎ᠤᠨ ᠰᠤᠷᠭ᠋ᠠᠨ ᠬᠦᠮᠦᠵᠢᠯ ᠬᠦᠷᠲᠡᠬᠦ᠎ᠳᠤ ᠬᠠᠷᠠᠭ᠋ᠠᠯᠵᠠᠯ ᠦᠵᠡᠭᠦᠯᠬᠦ ᠨᠠᠷᠢᠨ ᠳᠥᠷᠢᠮ (ᠲᠦᠷ ᠬᠡᠷᠡᠭᠵᠢᠭᠦᠯᠬᠦ)》᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠨᠠᠷᠢᠨ ᠳᠥᠷᠢᠮ᠎ᠳᠤ ᠳᠤᠳᠤᠷᠬᠠᠶ᠋ᠢᠯᠠᠭᠰᠠᠨ ᠦᠭᠡᠢ ᠵᠦᠢ᠍ᠯᠡᠰ᠎ᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠰᠤᠷᠭ᠋ᠠᠨ ᠬᠦᠮᠦᠵᠢᠯ᠎ᠤᠨ ᠶᠠᠮᠤᠨ᠎ᠤ 《ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ ᠵᠢᠴᠢ ᠲᠡᠳᠡᠨ᠎ᠤ ᠦᠷ᠎ᠡ ᠬᠡᠤᠬᠡᠳ᠎ᠤᠨ ᠰᠤᠷᠭ᠋ᠠᠨ ᠬᠦᠮᠦᠵᠢᠯ ᠬᠦᠷᠲᠡᠬᠦ᠎ᠳᠤ ᠬᠠᠷᠠᠭ᠋ᠠᠯᠵᠠᠯ ᠦᠵᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠪᠠᠴᠢᠮ ᠪᠠᠶ᠋ᠢᠳᠠᠯ᠎ᠢ ᠠᠷᠭ᠋ᠠᠴᠠᠭ᠋ᠠᠬᠤ [2019] 37 ᠳ᠋ᠤᠭ᠋ᠠᠷ ᠲᠤᠭ᠋ᠠᠲᠤ)᠎ᠤᠨ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠬᠡᠷᠡᠭᠵᠢᠭᠦᠯᠦᠨ᠎ᠡ᠃ (ᠭᠤᠷᠪᠠ) ᠡᠮᠴᠢᠯᠡᠭᠡᠨ᠎ᠤ ᠬᠠᠷᠠᠭ᠋ᠠᠯᠵᠠᠯ ᠦᠵᠡᠭᠦᠯᠦᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠡᠮᠴᠢᠯᠡᠭᠡᠨ᠎ᠤ ᠲᠠᠯ᠎ᠠ᠎ᠳᠤ ᠠᠯᠪᠠᠨ ᠴᠡᠷᠢᠭ᠎ᠲᠠᠢ ᠠᠳᠠᠯᠢ ᠬᠠᠷᠠᠭ᠋ᠠᠯᠵᠠᠯ᠎ᠤᠨ ᠲᠥᠷᠥ ᠵᠢᠨ ᠪᠣᠳᠤᠯᠭ᠎ᠠ ᠬᠦᠷᠲᠡᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠢ ᠪᠠᠴᠢᠮ ᠡᠮᠴᠢᠯᠡᠵᠦ ᠠᠪᠤᠷᠠᠬᠤ ᠰᠠᠭ᠋ᠠᠳ ᠦᠭᠡᠢ ᠨᠡᠪᠲᠡᠷᠡᠬᠦ ᠵᠠᠮ᠎ᠢ ᠪᠠᠶ᠋ᠢᠭᠤᠯᠵᠤ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠠᠯᠪᠠᠨ᠎ᠤ ᠠᠵᠢᠯ᠎ᠠᠴᠠ ᠪᠣᠯᠵᠤ ᠰᠢᠷᠬᠠᠲᠤᠬᠤ ᠪᠠ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ᠎ᠳᠤ ᠨᠡᠷᠪᠡᠭᠳᠡᠬᠦ ᠦᠶᠡᠰ ᠲᠡᠷᠡ ᠳᠠᠷᠤᠢ᠎ᠳᠤ᠎ᠨᠢ ᠪᠦᠲᠦᠮᠵᠢᠲᠡᠢ ᠡᠮᠴᠢᠯᠡᠭᠡᠨ᠎ᠤ ᠡᠮᠨᠡᠨ ᠠᠪᠤᠷᠠᠯᠲᠠ ᠣᠯᠵᠤ ᠬᠦᠷᠲᠡᠬᠦ ᠵᠢ ᠪᠠᠲᠤᠯᠠᠬᠤ ᠬᠡᠷᠡᠭᠲᠡᠢ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠬᠠᠮᠢᠶ᠎ᠠ ᠪᠦᠬᠦᠢ ᠭᠡᠷᠡᠴᠢ ᠲᠡᠮᠳᠡᠭ ᠵᠶ᠋ᠠᠷ ᠵᠶ᠋ᠠᠨ ᠤᠷᠢᠳ ᠵᠶ᠋ᠠᠷ ᠦᠢ᠍ᠯᠡᠴᠢᠯᠡᠬᠦ ᠴᠤᠪᠤᠷᠠᠯ ᠵᠶ᠋ᠠᠷ ᠣᠷᠤᠵᠤ᠂ ᠲᠡᠳᠡᠨ᠎ᠳᠤ ᠤᠷᠢᠳ ᠵᠶ᠋ᠠᠷ ᠡᠮᠨᠡᠨ ᠠᠪᠤᠷᠠᠵᠤ ᠳᠠᠷᠠᠭ᠎ᠠ᠎ᠳᠤ᠎ᠨᠢ ᠰᠦᠢ᠍ᠳᠬᠡᠯ ᠲᠤᠰᠢᠶᠠᠬᠤ ᠵᠢ ᠬᠡᠷᠡᠭᠵᠢᠭᠦᠯᠦᠨ᠎ᠡ᠃ (ᠳᠥᠷᠪᠡ) ᠣᠷᠣᠨ ᠰᠠᠭᠤᠴᠠ ᠵᠢᠨ ᠬᠠᠷᠠᠭ᠋ᠠᠯᠵᠠᠯ ᠦᠵᠡᠭᠦᠯᠦᠨ᠎ᠡ᠃ ᠨᠦᠬᠦᠴᠡᠯ᠎ᠳᠤ ᠨᠡᠶ᠋ᠢᠴᠡᠬᠦ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠢ (ᠵᠠᠰᠠᠭ᠎ᠤᠨ ᠤᠷᠳᠤᠨ᠎ᠤ ᠲᠤᠰᠬᠠᠢ ᠠᠵᠢᠯ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯᠲᠠᠳ᠎ᠢ ᠪᠠᠭᠲᠠᠭ᠋ᠠᠨ᠎ᠠ) ᠤᠷᠤᠨ ᠨᠤᠲᠤᠭ᠎ᠤᠨ ᠨᠡᠶ᠋ᠢᠲᠡ ᠵᠢᠨ ᠲᠦᠷᠢᠶᠡᠰᠦᠨ ᠭᠡᠷ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶᠡᠨ᠎ᠳᠤ ᠤᠷᠤᠭᠤᠯᠤᠨ᠂ ᠠᠳᠠᠯᠢ ᠨᠦᠬᠦᠴᠡᠯ᠎ᠤᠨ ᠳᠤᠤᠷ᠎ᠠ ᠤᠷᠤᠨ ᠨᠤᠲᠤᠭ᠎ᠤᠨ ᠤᠷᠤᠨ ᠰᠠᠭᠤᠴᠠ ᠵᠢᠨ ᠪᠠᠲᠤᠯᠠᠭ᠎ᠠ ᠵᠢᠨ ᠲᠥᠷᠥ ᠵᠢᠨ ᠪᠣᠳᠤᠯᠭ᠎ᠠ ᠵᠢ ᠤᠷᠢᠳ ᠵᠶ᠋ᠠᠷ ᠬᠦᠷᠲᠡᠭᠡᠨ᠎ᠡ᠃ (ᠲᠠᠪᠤ) ᠭᠡᠷ᠎ᠤᠨ ᠬᠦᠮᠦᠰ᠎ᠲᠤᠨᠢ ᠬᠠᠷᠠᠭ᠋ᠠᠯᠵᠠᠯ ᠦᠵᠡᠭᠦᠯᠦᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠭᠡᠷ᠎ᠤᠨ ᠬᠦᠮᠦᠰ᠎ᠨᠢ ᠠᠯᠪᠠᠨ ᠴᠡᠷᠢᠭ᠎ᠤᠨ ᠭᠡᠷ ᠪᠦᠯᠢ ᠵᠢᠨ᠎ᠬᠢᠨ᠎ᠲᠠᠢ ᠠᠳᠠᠯᠢ ᠬᠠᠷᠠᠭ᠋ᠠᠯᠵᠠᠯ᠎ᠤᠨ ᠲᠥᠷᠥ ᠵᠢᠨ ᠪᠣᠳᠤᠯᠭ᠎ᠠ ᠬᠦᠷᠲᠡᠵᠦ᠂ ᠨᠦᠬᠦᠴᠡᠯ᠎ᠳᠤ ᠨᠡᠶ᠋ᠢᠴᠡᠬᠦ ᠵᠢᠨ ᠭᠡᠷ᠎ᠤᠨ ᠬᠦᠮᠦᠰ᠎ᠨᠢ ᠳᠠᠭ᠋ᠠᠵᠤ ᠠᠵᠢᠯ ᠰᠢᠯᠵᠢᠵᠦ ᠪᠣᠯᠤᠨ᠎ᠠ᠂ ᠠᠵᠢᠯ ᠣᠯᠵᠤ ᠦᠢ᠍ᠯᠡᠰ ᠴᠤᠭᠴᠠᠯᠠᠬᠤ᠎ᠳᠤ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠴᠡᠷᠢᠭ᠎ᠤᠨ ᠴᠡᠷᠢᠭ ᠳᠠᠭ᠋ᠠᠭᠰᠠᠨ ᠭᠡᠷ ᠪᠦᠯᠢ ᠵᠢᠨ᠎ᠬᠢᠨ᠎ᠳᠤ ᠠᠵᠢᠯ ᠣᠯᠭᠤᠵᠤ ᠲᠥᠪᠬᠢᠨᠡᠭᠦᠯᠬᠦ ᠠᠵᠢᠯ᠎ᠢ ᠬᠡᠷᠡᠭᠵᠢᠭᠦᠯᠬᠦ ᠠᠷᠭ᠎ᠠ》 ᠵᠢᠨ ᠶᠤᠰᠤᠭ᠋ᠠᠷ ᠬᠡᠷᠡᠭᠵᠢᠭᠦᠯᠵᠦ᠂ ᠨᠦᠬᠦᠴᠡᠯ᠎ᠳᠤ ᠨᠡᠶ᠋ᠢᠴᠡᠬᠦ ᠠᠵᠢᠯ ᠣᠯᠤᠭ᠋ᠠᠳᠦᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠭᠡᠷ ᠪᠦᠯᠢ ᠵᠢᠨ᠎ᠬᠢᠨ ᠲᠥᠷᠢᠮ᠎ᠢ ᠦᠭᠡᠷᠡᠴᠢᠯᠡᠬᠦ᠎ᠠᠴᠠ ᠡᠮᠦᠨᠡᠬᠢ ᠡᠯ᠎ᠡ ᠱᠠᠲᠤᠨ᠎ᠤ ᠵᠠᠰᠠᠭ᠎ᠤᠨ ᠤᠷᠳᠤᠨ᠎ᠤ ᠳᠤᠭᠲᠠᠭ᠋ᠠᠭᠰᠠᠨ ᠠᠵᠢᠯ ᠤᠯᠤᠭ᠋ᠠᠳᠦᠢ ᠴᠡᠷᠢᠭ ᠳᠠᠭ᠋ᠠᠭᠰᠠᠳᠤᠨ ᠨᠦᠬᠦᠪᠦᠷᠢ ᠵᠢᠨ ᠲᠥᠷᠥ ᠵᠢᠨ ᠪᠣᠳᠤᠯᠭ᠎ᠠ ᠵᠢ ᠦᠷᠭᠦᠯᠵᠢᠯᠡᠨ ᠡᠳ᠋ᠯᠡᠨ᠎ᠡ᠃ ᠡᠯ᠎ᠡ ᠭᠠᠵᠠᠷ ᠤᠷᠤᠨ᠎ᠨᠢ ᠦᠷᠭᠦᠯᠵᠢᠯᠡᠨ ᠠᠵᠢᠯ᠎ᠳᠤ ᠤᠷᠤᠭ᠋ᠠᠳ 2 ᠵᠢᠯ᠎ᠤᠨ ᠬᠤᠭᠤᠴᠠᠭ᠋ᠠᠨ᠎ᠳᠠᠬᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠭᠡᠷ ᠪᠦᠯᠢ᠎ᠳᠤ ᠬᠠᠷᠠᠭ᠋ᠠᠯᠵᠠᠯ᠎ᠤᠨ ᠮᠦᠩᠭᠦ ᠥᠭᠬᠦ ᠪᠤᠶᠤ ᠪᠤᠰᠤᠳ ᠬᠠᠷᠠᠭ᠋ᠠᠯᠵᠠᠯ ᠦᠵᠡᠭᠦᠯᠦᠨ᠎ᠡ᠃ (ᠵᠢᠷᠭᠤᠭ᠎ᠠ) ᠠᠰᠠᠷᠠᠮᠵᠢ ᠵᠢᠨ ᠬᠠᠷᠠᠭ᠋ᠠᠯᠵᠠᠯ ᠦᠵᠡᠭᠦᠯᠦᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ ᠵᠢᠴᠢ ᠲᠡᠳᠡᠨ᠎ᠤ ᠭᠡᠷ ᠪᠦᠯᠢ ᠵᠢᠨ᠎ᠬᠢᠨ᠎ᠳᠤ ᠠᠰᠠᠷᠠᠮᠵᠢ ᠥᠭᠬᠦ ᠠᠵᠢᠯ᠎ᠢ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠴᠡᠷᠢᠭ᠎ᠤᠨ ᠠᠰᠠᠷᠠᠮᠵᠢ ᠵᠢᠨ ᠬᠠᠷᠠᠭ᠋ᠠᠯᠵᠠᠯ᠎ᠤᠨ ᠠᠷᠭ᠎ᠠ》 (ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ 215 ᠳ᠋ᠤᠭ᠋ᠠᠷ ᠲᠤᠭ᠋ᠠᠳᠤ)᠎ᠪᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃ (ᠳᠤᠯᠤᠭ᠎ᠠ) ᠪᠤᠰᠤᠳ ᠬᠠᠷᠠᠭ᠋ᠠᠯᠵᠠᠯ ᠦᠵᠡᠭᠦᠯᠦᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡ ᠪᠠ ᠠᠵᠢᠯᠲᠠᠳ᠎ᠢ ᠤᠷᠤᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷᠤᠨᠬᠢᠨᠤ ᠭᠡᠷ᠎ᠲᠤ᠎ᠨᠢ ᠪᠤᠯᠭᠤᠭ᠋ᠠᠵᠤ ᠲᠤᠬᠤᠨᠢᠭᠤᠯᠬᠤ ᠬᠡᠪᠴᠢᠶᠡᠨ᠎ᠳᠤ ᠨᠢᠭᠡᠳᠦᠯᠲᠡᠢ ᠤᠷᠤᠭᠤᠯᠵᠤ᠂ ᠠᠯᠪᠠᠨ ᠴᠡᠷᠢᠭᠯᠦᠭᠡ ᠠᠳᠠᠯᠢ ᠪᠤᠯᠭᠤᠭ᠋ᠠᠵᠤ ᠲᠤᠬᠤᠨᠢᠭᠤᠯᠬᠤ ᠬᠠᠷᠠᠭ᠋ᠠᠯᠵᠠᠯ ᠬᠦᠷᠲᠡᠨ᠎ᠡ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠨᠢ ᠬᠦᠴᠦᠨ ᠪᠦᠬᠦᠢ ᠭᠡᠷᠡᠴᠢ ᠲᠡᠮᠳᠡᠭ ᠵᠶ᠋ᠠᠷ ᠵᠶ᠋ᠠᠨ᠂ ᠵᠠᠰᠠᠭ᠎ᠤᠨ ᠤᠷᠳᠤᠨ᠎ᠠᠴᠠ ᠦᠨ᠎ᠡ ᠲᠤᠭᠲᠠᠭ᠋ᠠᠭᠰᠠᠨ ᠴᠡᠴᠡᠷᠯᠢᠭ᠂ ᠮᠦᠽᠧᠢ᠂ ᠦᠵᠡᠭᠦᠯᠭᠡ ᠵᠢᠨ ᠤᠷᠳᠤᠨ ᠪᠤᠯᠤᠨ ᠨᠡᠷᠡᠲᠦ ᠦᠵᠡᠮᠵᠢ ᠵᠢᠨ ᠤᠷᠤᠨ ᠵᠶ᠋ᠠᠷ ᠲᠤᠭᠤᠷᠢᠨ ᠵᠤᠭ᠋ᠠᠴᠠᠬᠤ ᠪᠠ ᠪᠤᠰᠤᠳ ᠨᠡᠶ᠋ᠢᠭᠡᠮ ᠨᠡᠶ᠋ᠢᠲᠡ ᠵᠢᠨ ᠦᠢ᠍ᠯᠡᠴᠢᠯᠡᠭᠡ ᠬᠦᠷᠲᠡᠬᠦ᠎ᠳᠤ᠎ᠪᠠᠨ ᠠᠯᠪᠠᠨ ᠴᠡᠷᠢᠭᠯᠦᠭᠡ ᠠᠳᠠᠯᠢ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠬᠦᠷᠲᠡᠨ᠎ᠡ᠃ ᠳᠡᠭᠡᠷᠡᠬᠢ ᠬᠠᠷᠠᠭ᠋ᠠᠯᠵᠠᠯ᠎ᠤᠨ ᠠᠷᠭ᠎ᠠ ᠬᠡᠮᠵᠢᠶ᠎ᠡ᠎ᠳᠤ ᠳᠤᠷᠠᠳᠤᠭᠰᠠᠨ ᠦᠭᠡᠢ ᠵᠦᠢ᠍ᠯᠡᠰ᠎ᠢ ᠤᠯᠤᠰ᠎ᠤᠨ ᠬᠤᠯᠪᠤᠭᠳᠠᠯ ᠪᠦᠬᠦᠢ ᠳᠤᠭᠲᠠᠭ᠋ᠠᠯ ᠪᠤᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠵᠡᠷᠭᠡ 13 ᠶᠠᠮᠤᠨ ᠵᠦᠪᠯᠡᠯ᠎ᠤᠨ 《ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠬᠤᠯᠪᠤᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠪᠠᠴᠢᠮ ᠪᠠᠶ᠋ᠢᠳᠠᠯ᠎ᠢ ᠠᠷᠭ᠋ᠠᠴᠠᠭ᠋ᠠᠬᠤ [2019] 84 ᠳ᠋ᠤᠭᠡᠷ ᠲᠤᠭ᠋ᠠᠲᠤ)᠎ᠤᠨ ᠶᠤᠰᠤᠭ᠋ᠠᠷ ᠬᠡᠷᠡᠭᠵᠢᠭᠦᠯᠦᠨ᠎ᠡ᠃ ᠡᠭᠦᠨ᠎ᠳᠤ ᠥᠪᠡᠷᠲᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠲᠤ ᠤᠷᠢᠳ ᠵᠶ᠋ᠠᠷ ᠬᠠᠷᠠᠭ᠋ᠠᠯᠵᠠᠯ ᠦᠵᠡᠭᠦᠯᠬᠦ ᠲᠥᠷᠥ ᠵᠢ ᠪᠣᠳᠤᠯᠭ᠎ᠠ ᠭᠠᠷᠭ᠋ᠠᠭᠰᠠᠨ ᠪᠠᠶ᠋ᠢᠪᠠᠯ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠨᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠵᠢᠵᠢᠭᠦᠷᠯᠡᠨ ᠠᠵᠢᠯᠯᠠᠵᠤ ᠪᠠᠴᠢᠮ ᠪᠠᠶ᠋ᠢᠳᠠᠯ᠎ᠳᠤ ᠪᠡᠯᠡᠳᠭᠡᠬᠦ᠂ ᠠᠶᠤᠯ ᠲᠥᠭᠰᠢᠭᠦᠷᠢ ᠶᠡᠭᠡ᠂ ᠬᠤᠤᠷᠳᠠᠭᠳᠠᠯ ᠶᠡᠭᠡ ᠪᠠᠶ᠋ᠢᠬᠤ ᠠᠵᠢᠯ᠎ᠤᠨ ᠤᠨᠴᠠᠯᠢᠭ᠎ᠢ ᠭᠦᠢ᠍ᠴᠡᠳ ᠪᠤᠳᠤᠯᠬᠢᠯᠠᠵᠤ᠂ ᠦᠨᠳᠦᠷ ᠲᠡᠰ ᠵᠶ᠋ᠠᠷ ᠯᠡ ᠪᠠᠷᠢᠮᠵᠢᠶ᠎ᠠ ᠪᠣᠯᠭ᠋ᠠᠬᠤ ᠵᠠᠷᠴᠢᠮ᠎ᠢ ᠪᠠᠷᠢᠮᠲᠠᠯᠠᠵᠤ᠂ ᠳᠤᠬᠠᠢ ᠵᠢᠨ ᠭᠠᠵᠠᠷ ᠤᠷᠤᠨ᠂ ᠲᠤᠰ ᠰᠠᠯᠠᠭ᠎ᠠ ᠮᠦᠴᠢᠷ᠎ᠤᠨ ᠪᠤᠲᠠᠲᠠᠢ᠎ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠬᠢᠨᠠᠮᠠᠭ᠋ᠠᠢ ᠰᠠᠶ᠋ᠢᠲᠤᠷ ᠠᠳᠬᠤᠬᠤ ᠬᠡᠷᠡᠭᠲᠡᠢ᠃ ᠭᠤᠷᠪᠠ᠂ ᠠᠵᠢᠯ᠎ᠤᠨ ᠱᠠᠭ᠋ᠠᠷᠳᠠᠯᠭ᠎ᠠ (ᠨᠢᠭᠡ) ᠤᠯᠤᠰ ᠲᠥᠷᠥ ᠵᠢᠨ ᠵᠤᠭᠰᠤᠯᠲᠠ᠎ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠢ ᠰᠠᠶ᠋ᠢᠲᠤᠷ ᠬᠢᠬᠦ ᠪᠣᠯ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡᠨ᠎ᠤ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠦᠭᠡᠷᠡᠴᠢᠯᠡᠯᠲᠡ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠬᠤ ᠵᠢᠨ ᠪᠤᠲᠠᠲᠠᠢ ᠠᠷᠭ᠎ᠠ ᠬᠡᠮᠵᠢᠶ᠎ᠡ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠲᠣᠰᠢᠶᠠᠯ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠤᠷᠮᠠᠰᠢᠭᠤᠯᠤᠨ ᠪᠠᠲᠤᠯᠠᠬᠤ ᠪᠤᠰᠤᠳᠴᠢ ᠬᠡᠷᠡᠭᠴᠡᠭᠡ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠤᠯᠤᠰ ᠲᠥᠷᠥ ᠵᠢᠨ ᠵᠣᠭᠰᠤᠯᠲᠠ᠎ᠪᠠᠨ ᠦᠨᠡᠨ ᠬᠦ᠌ ᠳᠡᠭᠡᠭᠰᠢᠯᠡᠭᠦᠯᠵᠦ᠂ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠠᠵᠢᠯ᠎ᠤᠨ ᠬᠠᠷᠢᠭᠤᠴᠠᠯᠭ᠎ᠠ ᠵᠢ ᠪᠤᠲᠠᠲᠠᠶ᠋ᠢᠵᠢᠭᠤᠯᠤᠨ ᠴᠢᠩᠭ᠋ᠠᠳᠬᠠᠵᠤ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡ᠎ᠳᠤ ᠬᠠᠷᠠᠭ᠋ᠠᠯᠵᠠᠯ ᠦᠵᠡᠭᠦᠯᠬᠦ ᠠᠵᠢᠯ᠎ᠢ ᠪᠤᠲᠠᠲᠠᠶ᠋ᠢᠵᠢᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠢ᠃ (ᠬᠤᠶᠠᠷ) ᠲᠥᠷᠥ ᠵᠢᠨ ᠪᠣᠳᠤᠯᠭ᠎ᠠ ᠵᠢᠨ ᠬᠡᠷᠡᠭᠵᠢᠭᠦᠯᠦᠯᠲᠡ ᠵᠢ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠵᠤ᠂ ᠨᠠᠷᠢᠯᠢᠬ ᠵᠣᠬᠢᠶᠠᠨ ᠪᠠᠶ᠋ᠢᠭᠤᠯᠵᠤ ᠲᠤᠬᠢᠷᠠᠭᠤᠯᠤᠨ᠂ ᠲᠥᠷᠥ ᠵᠢᠨ ᠪᠣᠳᠤᠯᠭ᠎ᠠ ᠵᠢ ᠥᠷᠭᠡᠨ ᠬᠡᠪᠴᠢᠶ᠎ᠡ᠎ᠪᠠᠷ ᠤᠬᠠᠭᠤᠯᠵᠤ᠂ ᠵᠢᠯᠤᠭᠤᠳᠴᠦ ᠪᠠᠶ᠋ᠢᠭ᠋ᠠᠳ ᠲᠥᠷᠥ ᠵᠢᠨ ᠪᠣᠳᠤᠯᠭ᠎ᠠ ᠵᠢ ᠨᠡᠶ᠋ᠢᠲᠡ᠎ᠳᠤ ᠵᠠᠷᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠂ ᠦᠢ᠍ᠯᠡᠴᠢᠯᠡᠭᠡᠨ᠎ᠤ ᠴᠣᠩᠬᠤᠪᠴᠢ᠎ᠳᠤ 《ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠲᠤ ᠤᠷᠢᠳ ᠵᠶ᠋ᠠᠷ ᠦᠢ᠍ᠯᠡᠴᠢᠯᠡᠬᠦ》 ᠲᠡᠮᠳᠡᠭ ᠲᠤᠬᠢᠷᠠᠭᠤᠯᠬᠤ ᠵᠢᠨ ᠬᠠᠮᠲᠤ ᠬᠠᠮᠢᠶ᠎ᠠ ᠪᠦᠬᠦᠢ ᠠᠵᠢᠯᠲᠠᠳ᠎ᠢ ᠪᠣᠯᠪᠠᠰᠤᠷᠠᠭᠤᠯᠵᠤ ᠬᠦᠮᠦᠵᠢᠭᠦᠯᠬᠦ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠤᠬᠠᠮᠰᠠᠷ ᠪᠤᠯᠤᠨ ᠬᠢᠷᠢ ᠲᠥᠪᠰᠢᠨ᠎ᠢ᠎ᠨᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠬᠠᠷᠠᠭ᠋ᠠᠯᠵᠠᠯ ᠦᠵᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠪᠠᠶ᠋ᠢᠴᠠᠭ᠋ᠠᠭᠰᠠᠨ ᠦᠷ᠎ᠡ ᠳ᠋ᠦ᠍ᠶ᠋ᠢᠩ ᠵᠶ᠋ᠠᠨ ᠣᠷᠤᠨ ᠨᠤᠲᠤᠭ᠎ᠤᠨ ᠬᠤᠶᠠᠷ᠎ᠢ ᠬᠦᠷᠢᠶᠡᠯᠡᠬᠦ ᠵᠢᠱ᠌ᠢᠶᠡᠴᠢ ᠬᠤᠲᠠ (ᠬᠤᠰᠢᠭᠤ ᠰᠢᠶᠠᠨ) ᠵᠢ ᠰᠢᠯᠭ᠋ᠠᠨ ᠦᠨᠡᠯᠡᠬᠦ ᠠᠭᠤᠯᠭ᠎ᠠ᠎ᠳᠤ ᠤᠷᠤᠭᠤᠯᠵᠤ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠲᠤ ᠦᠵᠡᠭᠦᠯᠬᠦ ᠡᠯ᠎ᠡ ᠲᠥᠷᠥᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠤᠯᠭ᠎ᠠ ᠵᠢ ᠪᠤᠳᠠᠲᠠᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ (ᠭᠤᠷᠪᠠ) ᠰᠢᠨ᠎ᠡ ᠵᠢ ᠡᠭᠦᠳᠦᠨ ᠬᠦᠭᠵᠢᠭᠦᠯᠬᠦ ᠵᠢ ᠪᠠᠷᠢᠮᠲᠠᠯᠠᠬᠤ ᠬᠡᠷᠡᠭᠲᠡᠢ᠃ ᠪᠦᠬᠦ ᠤᠷᠤᠨ᠎ᠤ ᠡᠯ᠎ᠡ ᠱᠠᠲᠤᠨ᠎ᠤ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠡᠩᠨᠡᠭᠡ᠎ᠨᠢ ᠤᠳᠤ ᠡᠭᠦᠳᠴᠦ ᠪᠠᠶ᠋ᠢᠭᠤᠯᠤᠭᠰᠠᠨ ᠠᠩᠬᠠᠨ᠎ᠤ ᠱᠠᠲᠤᠨ᠎ᠳᠤ ᠤᠷᠤᠰᠢᠵᠤ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠲᠤ ᠬᠠᠷᠠᠭ᠋ᠠᠯᠵᠠᠯ ᠦᠵᠡᠭᠦᠯᠬᠦ ᠠᠵᠢᠯ᠎ᠤᠨ ᠶᠠᠪᠤᠴᠠ᠎ᠳᠤ ᠢᠯᠡᠷᠡᠭᠰᠡᠨ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠰᠠᠶ᠋ᠢᠲᠤᠷ ᠬᠢᠬᠦ᠎ᠳᠤ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠪᠤᠲᠠᠲᠠᠢ᠎ᠲᠠᠢ᠎ᠪᠠᠨ ᠤᠶᠠᠯᠳᠤᠭᠤᠯᠤᠨ᠂ ᠬᠠᠷᠠᠭ᠋ᠠᠯᠵᠠᠯ ᠦᠵᠡᠭᠦᠯᠵᠦ ᠪᠠᠲᠤᠯᠠᠬᠤ ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠴᠦ᠂ ᠭᠠᠯ᠎ᠢ ᠰᠡᠷᠭᠡᠶ᠋ᠢᠯᠡᠨ ᠤᠨᠲᠠᠷᠠᠭ᠋ᠠᠵᠣ ᠠᠪᠤᠷᠠᠨ ᠲᠤᠰᠠᠯᠠᠬᠤ ᠠᠵᠢᠯᠲᠠᠳ᠎ᠤᠨ ᠬᠦᠴᠢᠷᠳᠡᠯ ᠪᠤᠯᠤᠨ ᠠᠰᠠᠭᠤᠳᠠᠯ᠎ᠢ᠎ᠨᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ᠃