ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2020-10-22

ᠦᠪᠦᠷ ᠵᠠᠰᠠᠭ ᠲᠠᠷᠬᠠᠭ᠋ᠠᠨᠨᠰᠠᠨ [2020] 16 ᠳ᠋ᠤᠭ᠋ᠠᠷ ᠲᠤᠭ᠋ᠠᠳᠤ ᠡᠯ᠎ᠡ ᠬᠤᠯᠪᠣᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄

      ᠡᠳᠦᠭᠡ 《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ᠎ᠲᠠᠢ᠎ᠪᠠᠨ ᠤᠶᠠᠯᠳᠤᠭᠤᠯᠵᠤ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃

                                  2020 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ

                                   (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)



              ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ

              ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ

                         (ᠲᠤᠷᠰᠢᠨ ᠬᠡᠷᠡᠭᠵᠢᠭᠦᠯᠦᠨ᠎ᠡ)

      ᠨᠢᠭᠡᠳᠦᠭᠡᠷ ᠪᠦᠯᠦᠭ     ᠶᠡᠷᠦᠩᠬᠡᠶ ᠲᠦᠷᠢᠮ

      ᠨᠢᠬᠡᠳᠦᠬᠡᠷ ᠵᠦᠢ᠍ᠯ 【ᠵᠤᠷᠢᠵᠦ ᠬᠢᠭᠰᠡᠨ ᠦᠨᠳᠦᠰᠦᠯᠡᠯ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠰᠤᠷᠪᠤᠯᠵᠢ ᠵᠢ ᠨᠢᠭᠡᠳᠦᠯᠲᠡᠶ ᠲᠤᠬᠢᠷᠠᠭᠤᠯᠬᠤ ᠪᠠ ᠬᠠᠮᠢᠶᠠᠷᠬᠤ᠎ᠪᠠᠨ ᠴᠢᠩᠭ᠋ᠠᠳᠬᠠᠵᠦ᠂ ᠤᠰᠤᠨ᠎ᠤ ᠡᠬᠢ ᠰᠤᠷᠪᠤᠯᠵᠢ ᠵᠢ ᠵᠣᠬᠢᠰᠲᠠᠶ ᠲᠣᠬᠢᠷᠠᠭᠤᠯᠬᠤ ᠪᠠ ᠪᠦᠲᠦᠮᠵᠢᠲᠡᠶ ᠬᠠᠮᠠᠭ᠋ᠠᠯᠠᠨ᠂ ᠤᠰᠤᠨ᠎ᠤ ᠠᠮᠢ ᠠᠬᠤᠢ ᠣᠷᠴᠢᠨ ᠲᠣᠭᠤᠷᠢᠨ᠎ᠢ ᠰᠡᠷᠭᠦᠭᠡᠨ ᠵᠠᠰᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠶ᠋ᠢᠯᠡᠬᠦ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠩ᠎ᠲᠠᠢ ᠲᠡᠮᠡᠴᠡᠬᠦ ᠳᠦᠷᠢᠮ》 ᠪᠠ ᠤᠰᠤᠨ ᠠᠰᠢᠭᠯᠠᠯᠲᠠ ᠵᠢᠨ ᠶᠠᠮᠤᠨ᠎ᠤ 《ᠤᠰᠤᠨ᠎ᠤ ᠬᠡᠮᠵᠢᠶ᠎ᠡ ᠵᠢ ᠬᠤᠪᠢᠶᠠᠷᠢᠯᠠᠬᠠᠤ ᠲᠦᠷ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠲᠠᠲᠠᠢ᠎ᠲᠠᠢ᠎ᠪᠠᠨ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃

      ᠬ᠊ ᠊ᠤᠶᠠᠳᠤᠭ᠋ᠠᠷ ᠵᠦᠢ᠍ᠯ 【ᠲᠤᠬᠢᠷᠠᠭᠤᠯᠤᠨ ᠬᠡᠷᠡᠭᠯᠡᠬᠦ ᠬᠡᠪᠴᠢᠶ᠎ᠡ 】 ᠲᠣᠰ ᠠᠷᠭ᠎ᠠ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠭᠤᠤᠯ ᠪᠠ ᠰᠠᠯᠪᠤᠷᠢ ᠤᠷᠤᠰᠬᠠᠯ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠪᠠ ᠬᠠᠮᠢᠶᠠᠷᠬᠤ᠎ᠳᠤ ᠬᠡᠷᠡᠭᠯᠡᠭᠳᠡᠨ᠎ᠠ᠃

      ᠭᠤᠷᠪᠠᠳᠤᠭ᠋ᠠᠷ ᠵᠦᠢ᠍ᠯ 【ᠲᠤᠬᠢᠷᠠᠭᠤᠯᠬᠤ ᠵᠠᠷᠴᠢᠮ 】 ᠥᠪᠥᠷ ᠮᠣᠩᠭᠤᠯ᠎ᠤᠨ ᠪᠠᠷᠠᠭᠤᠨ ᠯᠢᠶᠤᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠣᠬᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠤᠰᠤᠨ᠎ᠤ ᠬᠡᠮᠵᠢᠶ᠎ᠡ ᠵᠢ ᠦᠵᠡᠵᠦ ᠲᠤᠬᠢᠷᠠᠭᠤᠯᠬᠤ᠂ ᠴᠢᠬᠤᠯᠠ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ ᠵᠢ ᠬᠢᠵᠠᠭ᠋ᠠᠷᠯᠠᠬᠤ᠂ ᠱᠠᠲᠤ ᠬᠤᠪᠢᠶᠠᠨ ᠬᠠᠮᠢᠶᠠᠷᠬᠤ ᠪᠠ ᠱᠠᠲᠤ ᠬᠤᠪᠢᠶᠠᠨ ᠬᠠᠷᠢᠭᠤᠴᠠᠬᠤ ᠵᠠᠷᠴᠢᠮ᠎ᠢ ᠵᠢᠷᠤᠮᠯᠠᠬᠤ ᠬᠡᠷᠡᠭᠲᠡᠶ᠃ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠳᠤ ᠯᠢᠶᠣᠤ ᠾᠧ ᠭᠤᠤᠯ᠎ᠤᠨ ᠭᠤᠤᠯ ᠤᠷᠤᠰᠬᠠᠯ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠱᠠᠭ᠋ᠠᠷᠳᠠᠯᠭ᠎ᠠ ᠵᠢ ᠵᠢᠷᠤᠮᠯᠠᠨ ᠳᠠᠭ᠋ᠠᠵᠤ᠂ ᠰᠠᠪᠠ ᠭᠠᠵᠠᠷ᠎ᠲᠠᠬᠢ ᠤᠰᠤᠨ ᠴᠥᠭᠦᠷᠥᠮ᠂ ᠤᠰᠤᠨ ᠠᠰᠢᠭᠯᠠᠯᠲᠠ ᠵᠢᠨ ᠭᠦᠢ᠍ᠰᠦ ᠵᠢᠴᠢ ᠤᠰᠤᠨ ᠴᠠᠬᠢᠯᠭ᠋ᠠᠨ᠎ᠤ ᠦᠷᠳᠡᠭᠡ ᠵᠢᠨ ᠴᠠᠬᠢᠯᠭ᠋ᠠᠨ ᠭᠠᠷᠭ᠋ᠠᠬᠤ᠎ᠳᠤ ᠬᠡᠷᠡᠭᠯᠡᠬᠦ ᠤᠰᠤ ᠵᠢᠴᠢ ᠲᠡᠭᠦᠨ᠎ᠢ ᠲᠤᠬᠢᠷᠠᠭᠤᠯᠤᠨ ᠬᠡᠷᠡᠭᠯᠡᠬᠦ᠎ᠳᠤ᠎ᠪᠠᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ᠂ ᠦᠶᠡᠷ᠎ᠢ ᠰᠡᠷᠭᠡᠶ᠋ᠢᠯᠡᠬᠦ᠎ᠳᠤ ᠲᠤᠬᠢᠷᠠᠭᠤᠯᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠠᠯ᠎ᠠ ᠵᠢᠨ ᠲᠤᠬᠢᠷᠠᠭᠤᠯᠵᠦ ᠬᠠᠮᠢᠶᠠᠷᠬᠤ ᠱᠠᠭ᠋ᠠᠷᠳᠠᠯᠭ᠎ᠠ ᠵᠢ ᠵᠢᠷᠤᠮᠯᠠᠨ ᠳᠠᠭ᠋ᠠᠬᠤ ᠬᠡᠷᠡᠭᠲᠡᠶ᠃ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ ᠵᠢ ᠬᠡᠷᠡᠭᠵᠢᠬᠦᠯᠬᠦ᠎ᠳᠤ᠎ᠪᠠᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠤ ᠬᠡᠷᠡᠭᠴᠡᠭᠡ ᠱᠠᠭ᠋ᠠᠷᠳᠠᠯᠭ᠎ᠠ ᠵᠢ ᠡᠩ ᠲᠡᠷᠢᠭᠦᠨ᠎ᠳᠤ ᠬᠠᠩᠭ᠋ᠠᠵᠤ᠂ ᠭᠤᠣᠯ᠎ᠤᠨ ᠵᠠᠮ᠎ᠤᠨ ᠠᠮᠢ ᠠᠬᠤᠢ᠎ᠳᠤ ᠬᠡᠷᠡᠭᠯᠡᠬᠦ ᠤᠰᠤ ᠵᠢ ᠨᠢᠭᠡᠳᠦᠯᠲᠡᠢ ᠲᠥᠯᠥᠪᠯᠡᠵᠦ᠂ ᠲᠠᠷᠢᠶᠠᠯᠠᠩ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ ᠵᠢ ᠵᠣᠬᠢᠰᠲᠠᠶ ᠲᠤᠬᠢᠷᠠᠭᠤᠯᠤᠨ᠂ ᠴᠠᠬᠢᠯᠭ᠋ᠠᠨ ᠭᠠᠷᠭ᠋ᠠᠬᠤ ᠵᠢ ᠬᠠᠮᠲᠤ᠎ᠳᠤ᠎ᠨᠢ ᠬᠠᠷᠠᠭ᠋ᠠᠯᠵᠠᠬᠤ ᠬᠡᠷᠡᠭᠳᠡᠢ᠃

      ᠳᠥᠷᠪᠡᠳᠦᠭᠡᠷ ᠵᠦᠢ᠍ᠯ 【ᠬᠠᠷᠢᠭᠤᠴᠠᠯᠭ᠎ᠠ ᠵᠢᠨ ᠲᠦᠷᠢᠮ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ᠎ᠳᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ ᠪᠠ ᠬᠠᠮᠢᠶ᠎ᠠ ᠪᠥᠬᠦᠶ ᠬᠡᠷᠡᠭᠵᠢᠭᠦᠯᠬᠦ ᠰᠠᠯᠠᠭ᠎ᠠ ᠮᠥᠴᠢᠷ᠂ ᠨᠢᠬᠡᠴᠢ ᠵᠢᠨ ᠭᠤᠤᠯ ᠤᠳᠤᠷᠢᠳᠤᠯᠭ᠎ᠠ ᠬᠠᠷᠢᠭᠤᠴᠠᠬᠤ ᠲᠦᠷᠢᠮ᠎ᠢ ᠬᠡᠷᠡᠭᠵᠢᠬᠦᠯᠬᠦ ᠬᠡᠷᠡᠭᠳᠡᠢ᠃ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠬᠠᠮᠢᠶ᠎ᠠ ᠪᠦᠬᠦᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠪᠠ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠤᠤᠯ ᠤᠳᠤᠷᠢᠳᠤᠯᠭ᠎ᠠ ᠵᠢᠴᠢ ᠤᠰᠤᠨ᠎ᠤ ᠬᠡᠮᠵᠢᠶ᠎ᠡ ᠵᠢ ᠲᠤᠬᠢᠷᠠᠭᠤᠯᠤᠯᠳᠠ ᠵᠢ ᠬᠡᠷᠡᠭᠵᠢᠭᠦᠯᠬᠦ ᠨᠢᠬᠡᠴᠢ ᠵᠢᠨ ᠭᠤᠤᠯ ᠬᠠᠷᠢᠭᠤᠴᠠᠯᠭ᠋ᠠᠲᠠᠨ ᠨᠠᠷ ᠪᠤᠯ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠠᠵᠢᠯ᠎ᠤᠨ ᠬᠠᠷᠢᠭᠤᠴᠠᠯᠭ᠋ᠠᠲᠠᠨ ᠪᠤᠯᠤᠨ᠎ᠠ᠃

    ᠲᠠᠪᠤᠳᠤᠭ᠋ᠠᠷ ᠵᠦᠢ᠍ᠯ 【ᠬᠠᠷᠢᠭᠤᠴᠠᠯᠭ᠎ᠠ ᠵᠢᠨ ᠭᠤᠤᠯ ᠴᠤᠨᠨᠴᠠ 】 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠠᠵᠢᠯ᠎ᠤᠨ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ ᠵᠢᠭ᠋ᠠᠨ ᠵᠢᠯᠣᠭᠤᠳᠬᠤ ᠵᠢ ᠬᠠᠷᠢᠭᠤᠴᠠᠬᠤ ᠬᠡᠷᠡᠭᠳᠡᠢ᠃ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠬᠠᠮᠢᠶ᠎ᠠ ᠪᠦᠬᠦᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ᠂ ᠲᠤᠰ ᠬᠠᠷᠢᠶ᠎ᠠ ᠣᠷᠣᠨ᠎ᠤ ᠬᠡᠪᠴᠢᠶᠡᠨ᠎ᠳᠠᠬᠢ ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ ᠵᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠠᠵᠢᠯ᠎ᠢ ᠬᠠᠷᠢᠭᠤᠴᠠᠬᠤ ᠬᠡᠷᠡᠭᠳᠡᠢ᠃ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠲᠠᠬᠢ ᠤᠰᠤᠨ ᠴᠥᠭᠦᠷᠥᠮ᠂ ᠤᠰᠤᠨ ᠠᠰᠢᠭᠯᠠᠯᠲᠠ ᠵᠢᠨ ᠬᠦᠢ᠍ᠰᠦ᠂ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ ᠪᠠ ᠰᠢᠭᠤᠳ ᠤᠰᠤ ᠵᠠᠯᠠᠵᠦ ᠬᠡᠷᠡᠭᠯᠡᠬᠦ ᠪᠤᠰᠤᠳ ᠨᠢᠭᠡᠴᠢ ᠪᠤᠯ ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ ᠵᠢ ᠬᠡᠷᠡᠭᠵᠢᠭᠦᠯᠬᠦ ᠨᠢᠬᠡᠴᠢ ᠪᠠᠶ᠋ᠢᠵᠤ᠂ ᠲᠣᠰ ᠲᠣᠰ᠎ᠤᠨ ᠬᠡᠪᠴᠢᠶᠡᠨ᠎ᠳᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠵᠠᠷᠯᠢᠭ᠎ᠤᠨ ᠪᠣᠳᠠᠲᠠᠶ ᠬᠡᠷᠡᠭᠵᠢᠭᠦᠯᠬᠦ ᠵᠢ ᠬᠠᠷᠢᠭᠤᠴᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠬᠡᠨ᠎ᠤ ᠪᠠᠶ᠋ᠢᠭᠤᠯᠤᠮᠵᠢ᠎ᠨᠢ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ ᠰᠢᠨᠵᠢᠯᠡᠬᠡᠨ᠎ᠤ ᠮᠡᠳᠡᠭᠡ ᠴᠢᠮᠡᠭᠡ ᠵᠢ ᠤᠷᠢᠳᠴᠢᠯᠠᠨ ᠮᠡᠳᠡᠬᠡᠯᠡᠬᠦ ᠵᠢᠴᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠶᠠᠪᠤᠴᠠ᠎ᠳᠠᠬᠢ ᠡᠯ᠎ᠡ ᠴᠢᠬᠤᠯᠠ ᠣᠭᠲᠣᠯᠤᠭ᠋ᠠᠰᠤ ᠵᠢᠨ ᠤᠰᠤᠨ ᠰᠢᠨᠵᠢᠯᠡᠬᠡᠨ᠎ᠤ ᠬᠢᠨᠠᠨ ᠰᠢᠨᠵᠢᠬᠦ ᠠᠵᠢᠯ᠎ᠢ ᠬᠠᠷᠢᠭᠤᠴᠠᠬᠤ ᠬᠡᠷᠡᠭᠳᠡᠢ᠃

    ᠵᠢᠷᠭᠤᠳᠤᠭ᠋ᠠᠷ ᠵᠦᠢ᠍ᠯ 【ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠳᠠ 】 ᠥᠪᠡᠷᠲᠡᠭᠡᠨ ᠵᠠᠰᠠᠬᠤ ᠣᠷᠣᠨ ᠵᠢᠴᠢ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤᠨ᠎ᠤ ᠬᠡᠮᠵᠢᠶ᠎ᠡ ᠵᠢᠨ ᠳᠣᠭᠢᠷᠠᠭᠤᠯᠤᠨ ᠬᠠᠮᠢᠶᠠᠷᠬᠤ ᠰᠢᠰᠲ᠋ᠧᠮ᠂ ᠤᠰᠤᠨ᠎ᠤ ᠬᠡᠮᠵᠢᠶ᠎ᠡ ᠵᠢᠨ ᠬᠢᠨᠠᠨ ᠰᠢᠨᠵᠢᠬᠦ᠂ ᠤᠷᠢᠳᠴᠢᠯᠠᠨ ᠮᠡᠳᠡᠭᠡᠯᠡᠬᠦ ᠰᠢᠰᠲ᠋ᠧᠮ ᠵᠡᠷᠭᠡ ᠰᠠᠭᠤᠷᠢ ᠪᠡᠯᠡᠳᠭᠡᠮᠵᠢ ᠵᠢᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠰᠦᠯᠵᠢᠶ᠎ᠡ᠎ᠪᠠᠷ ᠬᠢᠨᠠᠨ ᠰᠢᠨᠵᠢᠬᠦ ᠪᠠ ᠮᠡᠳᠡᠭᠡ ᠵᠠᠩᠭᠢ ᠵᠢ ᠬᠠᠮᠳᠤ᠎ᠳᠤ᠎ᠪᠠᠨ ᠬᠦᠷᠲᠡᠬᠦ ᠵᠢ ᠪᠡᠶᠡᠯᠡᠬᠦᠯᠬᠦ ᠬᠡᠷᠡᠭᠳᠡᠢ᠃

    ᠬᠤᠶᠠᠳᠤᠭ᠋ᠠᠷ ᠪᠦᠯᠦᠭ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ

    ᠳᠣᠯᠣᠳᠤᠭ᠋ᠠᠷ ᠵᠦᠢ᠍ᠯ 【ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠪᠤᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠵᠥᠪᠳᠡᠯᠴᠡᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠦᠪᠰᠢᠶᠡᠷᠡᠬᠦᠯᠦᠭᠰᠡᠨ᠎ᠤ ᠳᠠᠷᠠᠭ᠎ᠠ ᠬᠡᠷᠡᠭᠵᠢᠬᠦᠯᠬᠦ ᠬᠡᠷᠡᠭᠳᠡᠢ᠃ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠤᠤᠯ᠎ᠤᠨ ᠬᠢᠨᠠᠨ ᠵᠥᠪᠰᠢᠶᠡᠷᠡᠭᠰᠡᠨ ᠨᠢᠬᠡᠴᠢ᠎ᠳᠤ ᠮᠡᠳᠡᠭᠦᠯᠵᠦ ᠳᠠᠬᠢᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠤᠯ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠦᠨᠳᠦᠰᠦᠯᠡᠯ ᠪᠣᠯᠣᠨ᠎ᠠ᠂ ᠬᠤᠯᠪᠤᠨᠨᠳᠠᠯ ᠪᠦᠭᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠬᠠᠮᠢᠶᠠᠷᠤᠯᠲᠠ ᠵᠢᠨ ᠪᠠᠶ᠋ᠢᠭᠤᠯᠤᠮᠵᠢ ᠎ᠨᠢ ᠡᠷᠬᠡᠪᠰᠢ ᠬᠡᠷᠡᠭᠵᠢᠭᠦᠯᠬᠦ ᠬᠡᠷᠡᠭᠲᠡᠶ᠃

    ᠨᠠᠢ᠍ᠮᠠᠳᠤᠭ᠋ᠠᠷ ᠵᠦᠢ᠍ᠯ 【ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠤᠨ ᠲᠤᠨᠨᠳᠠᠭ᠋ᠠᠯᠳᠠ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠲᠤᠨᠨᠳᠠᠭ᠋ᠠᠬᠤ᠎ᠳᠤ ᠳᠣᠤᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠶ᠄

     (ᠨᠢᠭᠡ) ᠡᠷᠬᠡ ᠲᠡᠭᠰᠢ᠂ ᠲᠥᠪ ᠭᠤᠤᠯᠴᠢ᠂ ᠰᠢᠨᠵᠢᠯᠡᠬᠦ ᠤᠬᠠᠭ᠋ᠠᠨᠴᠢ ᠪᠦᠭᠡᠳ ᠵᠦᠶ ᠵᠣᠬᠢᠰᠲᠠᠶ ᠪᠠᠶ᠋ᠢᠬᠤ;

     (ᠬᠤᠶᠠᠷ) ᠠᠮᠢ ᠠᠬᠤᠶ ᠵᠢ ᠬᠠᠮᠠᠭ᠋ᠠᠯᠠᠵᠦ᠂ ᠦᠷᠭᠦᠯᠵᠢᠳᠡ ᠠᠰᠢᠭᠯᠠᠵᠤ ᠪᠣᠯᠬᠤ;

     (ᠭᠤᠷᠪᠠ) ᠰᠢᠯᠢᠳᠡᠭᠵᠢᠭᠦᠯᠦᠨ ᠲᠤᠬᠢᠷᠠᠭᠤᠯᠵᠦ᠂ ᠠᠷᠪᠢᠯᠠᠨ ᠭᠠᠮᠨᠠᠬᠤ ᠵᠢ ᠠᠬᠢᠭᠤᠯᠬᠤ;

     (ᠳᠥᠷᠪᠡ) ᠭᠠᠵᠠᠷ ᠣᠷᠣᠨ᠎ᠤ ᠪᠠᠶ᠋ᠢᠳᠠᠯ᠎ᠳᠤ᠎ᠨᠢ ᠲᠤᠬᠢᠷᠠᠭᠤᠯᠵᠦ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤ ᠎ᠨᠢ ᠬᠠᠷᠠᠭ᠋ᠠᠯᠵᠠᠬᠤ;

     (ᠲᠠᠪᠤ) ᠤᠷᠤᠰᠬᠠᠯ ᠰᠠᠶ᠋ᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ᠎ᠳᠤ ᠪᠠᠭ᠋ᠠᠰᠬᠠᠵᠦ᠂ ᠬᠠᠩᠭ᠋ᠠᠯᠭ᠎ᠠ᠎ᠪᠠᠷ ᠬᠡᠷᠡᠭᠴᠡᠭᠡ ᠵᠢ ᠲᠣᠭᠲᠠᠭ᠋ᠠᠬᠤ;

     (ᠵᠢᠷᠭᠤᠭ᠎ᠠ) ᠠᠷᠠᠳᠴᠢᠯᠠᠯ ᠵᠶ᠋ᠠᠷ ᠵᠦᠪᠳᠡᠯᠴᠡᠵᠦ᠂ ᠵᠠᠰᠠᠭ᠎ᠤᠨ ᠣᠷᠳᠣᠨ᠎ᠠᠴᠠ ᠰᠶ᠋ᠢᠳᠪᠦᠷᠢᠳᠦ ᠪᠣᠳᠣᠯᠭ᠎ᠠ ᠲᠣᠭᠲᠠᠭ᠋ᠠᠬᠤ᠃

      ᠭᠤᠷᠪᠠᠳᠤᠭ᠋ᠠᠷ ᠪᠦᠯᠦᠭ   ᠶᠡᠷᠦᠳᠡ ᠵᠢᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ

      ᠶᠢᠰᠦᠳᠦᠭᠡᠷ ᠵᠦᠢ᠍ᠯ 【ᠲᠤᠬᠢᠷᠠᠭᠤᠯᠬᠤ ᠠᠷᠭ᠎ᠠ ᠮᠠᠶᠢᠭ ᠬᠢᠬᠡᠳ ᠲᠤᠨᠨᠳ᠋ᠬᠠᠰᠠᠨ ᠴᠠᠭ 】

      ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ᠎ᠳᠤ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠣᠨ᠎ᠤ ᠲᠥᠯᠥᠪᠯᠡᠭᠡ᠂ ᠳᠣᠭᠢᠷᠠᠭᠤᠯᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠰᠠᠷ᠎ᠠ ᠳᠠᠷᠠᠭ᠋ᠠᠯᠠᠨ ᠲᠤᠬᠢᠷᠠᠭᠤᠯᠵᠦ ᠡᠵᠡᠮᠳᠡᠬᠦ ᠪᠠ ᠲᠤᠬᠠᠢ ᠵᠢᠨ ᠴᠠᠭ᠎ᠲᠤ᠎ᠨᠢ ᠳᠣᠭᠢᠷᠠᠭᠤᠯᠬᠤ᠎ᠪᠠᠷ ᠵᠠᠷᠯᠢᠨᠨᠳᠠᠬᠤ ᠵᠢ ᠤᠶᠠᠯᠳᠤᠭᠤᠯᠤᠭᠰᠠᠨ ᠲᠤᠬᠢᠷᠠᠭᠤᠯᠬᠤ ᠠᠷᠭ᠎ᠠ ᠮᠠᠶᠢᠭ᠎ᠢ ᠬᠡᠷᠡᠭᠵᠢᠬᠦᠯᠬᠦ ᠬᠡᠷᠡᠭᠳᠡᠢ᠃ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠤᠨ ᠪᠣᠯ ᠲᠣᠰ ᠵᠢᠯ᠎ᠤᠨ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠢᠷᠡᠬᠦ ᠵᠢᠯ᠎ᠤᠨ 2 ᠳ᠋ᠤᠭ᠋ᠠᠷ ᠰᠠᠷ᠎ᠠ ᠵᠢᠨ 28᠎ᠤ ᠡᠳᠦᠷ ᠪᠣᠯᠣᠨ᠎ᠠ᠃    

      ᠠᠷᠪᠠᠳᠤᠭ᠋ᠠᠷ ᠵᠦᠢ᠍ᠯ 【ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠣᠨ᠎ᠤ ᠲᠥᠯᠥᠪᠯᠡᠭᠡ 】 ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠣᠨ᠎ᠤ ᠲᠥᠯᠥᠪᠯᠡᠭᠡ ᠵᠢ ᠦᠶᠡᠷ᠎ᠤᠨ ᠬᠤᠭᠤᠴᠠᠭ᠋ᠠᠨ᠎ᠳᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠦᠯᠦᠪᠯᠡᠭᠡ (ᠬᠠᠪᠤᠷ᠎ᠤᠨ ᠦᠶᠡᠷ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 15᠎ᠤ ᠡᠳᠦᠷ᠂ ᠵᠤᠨ᠎ᠤ ᠦᠶᠡᠷ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 9 ᠳ᠋ᠤᠬᠡᠷ ᠰᠠᠷ᠎ᠠ ᠵᠢᠨ 20᠎ᠤ ᠡᠳᠦᠷ) ᠪᠠ ᠦᠶᠡᠷ᠎ᠤᠨ ᠪᠤᠰᠤ ᠬᠤᠭᠤᠴᠠᠭ᠋ᠠᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠯᠥᠪᠯᠡᠭᠡ (9 ᠳ᠋ᠤᠬᠡᠷ ᠰᠠᠷ᠎ᠠ ᠵᠢᠨ 21᠎ᠤ ᠡᠳᠦᠷ᠎ᠠᠴᠠ ᠢᠷᠡᠬᠦ ᠵᠢᠯ᠎ᠤᠨ 3 ᠳ᠋ᠤᠭ᠋ᠠᠷ ᠰᠠᠷ᠎ᠠ ᠵᠢᠨ 14᠎ᠤ ᠡᠳᠦᠷ) ᠬᠡᠵᠦ ᠬᠤᠪᠢᠶᠠᠨ᠎ᠠ᠃ ᠦᠶᠡᠷ᠎ᠤᠨ ᠬᠤᠭᠤᠴᠠᠭ᠋ᠠᠨ᠎ᠳᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠯᠥᠪᠯᠡᠭᠡ᠎ᠨᠢ ᠦᠶᠡᠷ᠎ᠢ ᠰᠡᠷᠭᠡᠶ᠋ᠢᠯᠡᠬᠦ ᠲᠤᠬᠢᠷᠠᠭᠤᠯᠤᠯᠳᠠ ᠵᠢ ᠵᠢᠷᠤᠮᠯᠠᠨ ᠳᠠᠭ᠋ᠠᠬᠤ ᠬᠡᠷᠡᠭᠲᠡᠶ᠃

    ᠠᠷᠪᠠᠨ ᠨᠢᠭᠡᠳᠦᠭᠡᠷ ᠵᠦᠢ᠍ᠯ 【ᠲᠦᠯᠦᠪᠯᠡᠭᠡ ᠵᠢᠨ ᠰᠠᠨᠠᠭᠤᠯᠭ᠎ᠠ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠤᠩᠱ᠌ᠠᠨ ᠤᠰᠤᠨ ᠴᠥᠭᠦᠷᠥᠮ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠲᠣᠬᠢᠷᠠᠭᠤᠯᠤᠯᠲᠠ ᠬᠠᠮᠢᠶᠠᠷᠤᠯᠲᠠ ᠵᠢᠨ ᠡᠷᠬᠡ ᠮᠡᠳᠡᠯ᠎ᠤᠨ ᠵᠶ᠋ᠠᠨ ᠬᠡᠪᠴᠢᠶᠡᠨ᠎ᠳᠤ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠣᠨ᠎ᠤ ᠪᠠ ᠰᠠᠷ᠎ᠠ ᠵᠢᠨ ᠤᠰᠤ ᠬᠡᠷᠡᠭᠯᠡᠬᠦ ᠲᠥᠯᠥᠪᠯᠡᠭᠡ ᠵᠢᠨ ᠰᠠᠨᠠᠭᠤᠯᠭ᠎ᠠ ᠵᠢᠴᠢ ᠤᠰᠤᠨ ᠴᠥᠭᠦᠷᠥᠮ᠎ᠤᠨ ᠠᠵᠢᠯᠯᠠᠭ᠋ᠠᠨ᠎ᠤ ᠲᠦᠯᠦᠪᠯᠡᠭᠡ ᠵᠢᠨ ᠰᠠᠨᠠᠭᠤᠯᠭ᠎ᠠ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃

    ᠠᠷᠪᠠᠨ ᠬᠤᠶᠠᠳᠤᠭ᠋ᠠᠷ ᠵᠦᠢ᠍ᠯ 【ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠤᠨ᠎ᠤ ᠲᠦᠯᠦᠪᠯᠡᠭᠡ ᠵᠢ ᠨᠠᠶ᠋ᠢᠷᠠᠭᠤᠯᠤᠨ ᠵᠤᠬᠢᠶᠠᠬᠤ 】 ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠤᠨ᠎ᠤ ᠲᠥᠯᠥᠪᠯᠡᠭᠡ ᠵᠢ ᠪᠣᠯ ᠵᠥᠪᠰᠢᠶᠡᠷᠡᠭᠦᠯᠦᠭᠰᠡᠨ ᠥᠪᠥᠷ ᠮᠣᠩᠭᠤᠯ᠎ᠤᠨ ᠪᠠᠷᠠᠭᠤᠨ ᠯᠢᠶᠤᠤ ᠡᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠲᠦᠰᠦᠬᠡᠯᠡᠭᠰᠡᠨ ᠤᠰᠤᠨ᠎ᠤ ᠬᠡᠮᠵᠢᠶ᠎ᠡ᠂ ᠤᠰᠤᠨ ᠴᠥᠭᠦᠷᠥᠮ᠎ᠤᠨ ᠤᠰᠤᠨ᠎ᠤ ᠬᠠᠳᠠᠭ᠋ᠠᠯᠠᠭᠳᠠᠴᠠ᠎ᠪᠠᠷ ᠦᠨᠳᠦᠰᠦᠯᠡᠯ ᠪᠤᠯᠭ᠋ᠠᠵᠦ᠂ ᠠᠳᠠᠯᠢ ᠬᠠᠷᠢᠴᠠᠯ ᠵᠶ᠋ᠠᠷ ᠤᠷᠤᠰᠬᠠᠯ ᠰᠠᠶ᠋ᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ᠎ᠳᠤ ᠪᠠᠭ᠋ᠠᠰᠬᠠᠬᠤ ᠵᠠᠷᠴᠢᠮ ᠶᠤᠰᠤᠭ᠋ᠠᠷ ᠤᠰᠤ ᠬᠡᠷᠡᠭᠯᠡᠬᠦ ᠤᠨ᠎ᠤ ᠲᠦᠯᠦᠪᠯᠡᠭᠡ ᠵᠢᠨ ᠰᠠᠨᠠᠭᠤᠯᠭ᠎ᠠ ᠪᠠ ᠤᠰᠤᠨ ᠴᠦᠭᠦᠷᠦᠮ᠎ᠤᠨ ᠠᠵᠢᠯᠯᠠᠭ᠋ᠠᠨ᠎ᠤ ᠲᠦᠯᠦᠪᠯᠡᠭᠡ ᠵᠢᠨ ᠰᠠᠨᠠᠭᠤᠯᠭ᠎ᠠ ᠵᠢᠨ ᠰᠠᠭᠤᠷᠢᠨ ᠲᠡᠬᠡᠷ᠎ᠡ ᠲᠤᠨᠨᠳᠠᠭ᠋ᠠᠬᠤ ᠬᠡᠷᠡᠭᠳᠡᠢ᠃ ᠲᠦᠩᠯᠢᠶᠤᠤ ᠬᠤᠳᠠ᠂ ᠤᠯᠠᠭ᠋ᠠᠨᠬᠠᠳᠠ ᠬᠤᠳᠠ ᠵᠢᠨ ᠬᠠᠮᠢᠶ᠎ᠠ ᠪᠦᠭᠦᠢ ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠤᠨ᠎ᠤ ᠲᠦᠯᠦᠪᠯᠡᠭᠡ᠎ᠪᠠᠨ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ᠎ᠳᠤ ᠬᠤᠪᠢᠶᠠᠷᠢᠯᠠᠵᠦ ᠪᠠᠭᠤᠯᠭ᠋ᠠᠬᠤ ᠬᠡᠷᠡᠭᠳᠡᠢ᠃ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ᠎ᠨᠢ ᠤᠰᠤ ᠬᠡᠷᠡᠭᠯᠡᠬᠦ ᠲᠦᠯᠦᠪᠯᠡᠬᠡᠨ᠎ᠤ ᠭᠦᠢ᠍ᠴᠡᠳᠬᠡᠯ ᠲᠤᠭ᠎ᠠ᠎ᠪᠠᠷ ᠤᠰᠤ ᠵᠠᠯᠠᠵᠦ ᠬᠡᠷᠡᠭᠯᠡᠨ᠂ ᠭᠦᠢ᠍ᠴᠡᠳᠬᠡᠯ ᠲᠤᠭ᠎ᠠ᠎ᠠᠴᠠ ᠲᠠᠪᠠᠭᠤᠯᠤᠨ ᠤᠰᠤ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠳᠡᠢ᠃

      ᠠᠷᠪᠠᠨ ᠭᠤᠷᠪᠠᠳᠤᠭ᠋ᠠᠷ ᠵᠦᠢ᠍ᠯ 【ᠲᠤᠬᠠᠢ ᠵᠢᠨ ᠴᠠᠭ᠎ᠲᠤ᠎ᠨᠢ ᠲᠤᠬᠢᠷᠠᠭᠤᠯᠬᠤ 】 ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ ᠵᠢ ᠬᠡᠷᠡᠭᠵᠢᠬᠦᠯᠬᠦ ᠶᠠᠪᠤᠴᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠬᠠᠢ ᠵᠢᠨ ᠴᠠᠭ᠎ᠤᠨ ᠤᠰᠤ ᠪᠣᠷᠣᠭ᠋ᠠᠨ ᠭᠠᠩ ᠴᠢᠭᠢᠭ᠎ᠤᠨ ᠪᠠᠶ᠋ᠢᠳᠠᠯ᠂ ᠤᠰᠤᠨ ᠴᠥᠭᠦᠷᠥᠮ᠎ᠤᠨ ᠤᠰᠤ ᠬᠠᠳᠠᠭ᠋ᠠᠯᠠᠬᠤ ᠬᠡᠮᠵᠢᠶ᠎ᠡ ᠵᠢᠴᠢ ᠤᠰᠤ ᠬᠡᠷᠡᠭᠯᠡᠭᠰᠡᠨ ᠪᠠᠶ᠋ᠢᠳᠠᠯ᠎ᠢ ᠦᠨᠳᠦᠰᠦᠯᠡᠨ᠂ ᠨᠢᠭᠡᠨᠲᠡ ᠪᠠᠭᠤᠯᠭ᠋ᠠᠭᠰᠠᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠣᠨ᠎ᠤ ᠲᠥᠯᠥᠪᠯᠡᠭᠡ᠂ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠰᠠᠷ᠎ᠠ ᠬᠤᠨᠤᠭ᠎ᠤᠨ ᠲᠥᠰᠦᠯ᠎ᠳᠤ ᠲᠣᠬᠢᠷᠠᠭᠤᠯᠤᠯᠲᠠ ᠬᠢᠵᠦ ᠪᠣᠯᠬᠤ ᠪᠦᠭᠡᠳ ᠲᠤᠬᠠᠢ ᠵᠢᠨ ᠴᠠᠭ᠎ᠲᠤ᠎ᠨᠢ ᠲᠣᠬᠢᠷᠠᠭᠤᠯᠬᠤ ᠵᠠᠷᠯᠢᠭ ᠪᠠᠭᠤᠯᠭ᠋ᠠᠬᠤ ᠬᠡᠷᠡᠭᠳᠡᠢ᠃

    ᠠᠷᠪᠠᠨ ᠲᠦᠷᠪᠡᠳᠦᠬᠡᠷ ᠵᠦᠢ᠍ᠯ 【ᠵᠤᠬᠢᠶᠠᠨ ᠪᠠᠶ᠋ᠢᠭᠤᠯᠵᠦ ᠬᠡᠷᠡᠭᠵᠢᠬᠦᠯᠬᠦ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠬᠠᠮᠢᠶ᠎ᠠ ᠪᠥᠬᠦᠶ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ᠎ᠤ ᠬᠡᠮᠵᠢᠶ᠎ᠡ ᠵᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ᠎ᠨᠢ ᠪᠠᠭᠤᠯᠭ᠋ᠠᠭᠰᠠᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠣᠨ᠎ᠤ ᠲᠥᠯᠥᠪᠯᠡᠭᠡ᠂ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠰᠠᠷ᠎ᠠ ᠬᠤᠨᠤᠭ᠎ᠤᠨ ᠲᠥᠰᠦᠯ ᠪᠤᠶᠤ ᠲᠤᠬᠠᠢ ᠵᠢᠨ ᠴᠠᠭ᠎ᠲᠤ᠎ᠨᠢ ᠲᠤᠬᠢᠷᠠᠭᠤᠯᠬᠤ ᠵᠠᠷᠯᠢᠭ ᠵᠶ᠋ᠠᠷ ᠦᠨᠳᠦᠰᠦᠯᠡᠯ ᠪᠤᠯᠭ᠋ᠠᠵᠦ᠂ ᠬᠠᠷᠢᠶ᠎ᠠ ᠬᠡᠪᠴᠢᠶᠡᠨ ᠎ᠳᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠠᠵᠢᠯ ᠵᠶ᠋ᠠᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃ ᠤᠰᠤᠨ ᠴᠥᠭᠦᠷᠥᠮ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠳᠤ ᠤᠰᠤᠨ ᠴᠥᠭᠦᠷᠥᠮ᠎ᠤᠨ ᠨᠦᠬᠡᠴᠡᠯᠡᠬᠦ ᠪᠠ ᠲᠠᠳᠠᠭᠤᠷᠠᠬᠤ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠤᠰᠤᠨ ᠴᠦᠭᠦᠷᠦᠮ᠎ᠤᠨ ᠤᠰᠤ ᠲᠣᠬᠢᠷᠠᠭᠤᠯᠬᠤ ᠵᠥᠪᠰᠢᠶᠡᠷᠡᠭᠦᠯᠦᠭᠰᠡᠨ ᠲᠥᠰᠦᠯ᠎ᠤᠨ ᠶᠣᠰᠣᠭ᠋ᠠᠷ ᠬᠠᠮᠳᠤᠷᠠᠨ ᠰᠢᠯᠢᠳᠡᠭᠵᠢᠬᠦᠯᠵᠦ ᠲᠣᠬᠢᠷᠠᠭᠤᠯᠬᠤ ᠬᠡᠷᠡᠭᠲᠡᠶ᠃

    ᠠᠷᠪᠠᠨ ᠲᠠᠪᠤᠳᠤᠭ᠋ᠠᠷ ᠵᠦᠢ᠍ᠯ 【ᠦᠶᠡᠷ᠎ᠤᠨ ᠬᠤᠭᠤᠴᠠᠭ᠋ᠠᠨ᠎ᠳᠤ ᠲᠤᠬᠢᠷᠠᠭᠤᠯᠬᠤ 】 ᠦᠶᠡᠷ᠎ᠤᠨ ᠬᠤᠭᠤᠴᠠᠭ᠋ᠠᠨ ᠎ᠳᠠᠬᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠳᠤ ᠦᠶᠡᠷ᠎ᠢ ᠰᠡᠷᠭᠡᠶ᠋ᠢᠯᠡᠬᠦ ᠪᠠ ᠪᠠᠷᠢᠯᠭ᠎ᠠ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠤᠷ᠎ᠠ᠂ ᠦᠶᠡᠷ᠎ᠤᠨ ᠪᠤᠰᠤ ᠬᠤᠭᠤᠴᠠᠭ᠋ᠠᠨ᠎ᠤ ᠤᠰᠤ ᠬᠠᠩᠭ᠋ᠠᠬᠤ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠤᠳᠤᠯᠬᠢᠯᠠᠵᠦ᠂ ᠪᠣᠷᠣᠭ᠋ᠠᠨ᠎ᠤ ᠦᠶᠡᠷ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠬᠤ ᠬᠡᠷᠡᠭᠳᠡᠢ᠃

      ᠠᠷᠪᠠᠨ ᠵᠢᠷᠭᠤᠳᠤᠭ᠋ᠠᠷ ᠵᠦᠢ᠍ᠯ 【ᠵᠠᠩᠬᠢᠯᠠᠭ᠎ᠠ ᠵᠢ ᠬᠢᠵᠠᠭ᠋ᠠᠷᠯᠠᠬᠤ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠳᠤ ᠪᠤᠬᠢᠷᠳᠤᠯ᠎ᠢ ᠡᠵᠡᠮᠳᠡᠬᠦ ᠴᠢᠬᠤᠯᠠ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ (ᠤᠷᠤᠰᠬᠠᠯ) ᠵᠢ ᠬᠢᠵᠠᠭ᠋ᠠᠷᠯᠠᠬᠤ ᠪᠤᠳᠤᠯᠭ᠎ᠠ ᠬᠡᠷᠡᠭᠵᠢᠬᠦᠯᠵᠦ᠂ ᠬᠢᠵᠠᠭ᠋ᠠᠷᠯᠠᠬᠤ ᠭᠦᠢ᠍ᠴᠡᠳᠬᠡᠯ ᠲᠤᠭ᠎ᠠ ᠵᠢ ᠪᠤᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠨᠨᠳᠠᠭ᠋ᠠᠬᠤ ᠬᠡᠷᠡᠭᠳᠡᠢ᠃

      ᠠᠷᠪᠠᠨ ᠳᠣᠯᠣᠳᠤᠭ᠋ᠠᠷ ᠵᠦᠢ᠍ᠯ 【ᠤᠰᠤᠨ ᠰᠢᠨᠵᠢᠯᠡᠬᠡᠨ᠎ᠤ ᠬᠢᠨᠠᠨ ᠰᠢᠨᠵᠢᠯᠳᠠ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ᠎ᠳᠤ ᠪᠤᠬᠢᠷᠳᠤᠯ᠎ᠢ ᠡᠵᠡᠮᠳᠡᠬᠦ ᠴᠢᠬᠤᠯᠠ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ (ᠤᠷᠤᠰᠬᠠᠯ) ᠵᠢᠨ ᠮᠤᠵᠢ ᠣᠷᠣᠨ᠎ᠤ ᠵᠠᠭ᠋ᠠᠭ᠎ᠤᠨ ᠣᠭᠲᠣᠯᠤᠭ᠋ᠠᠰᠤ ᠵᠢ ᠤᠯᠤᠰ᠎ᠤᠨ ᠪᠠᠶ᠋ᠢᠭᠤᠯᠤᠭᠰᠠᠨ ᠤᠰᠤᠨ ᠰᠢᠨᠵᠢᠯᠡᠬᠡᠨ᠎ᠤ ᠥᠷᠲᠡᠭᠡ ᠵᠢᠨ ᠬᠢᠨᠠᠨ ᠰᠢᠨᠵᠢᠭᠰᠡᠨ ᠲᠤᠭ᠎ᠠ ᠪᠠᠷᠢᠮᠲᠠ᠎ᠪᠠᠷ ᠪᠠᠷᠢᠮᠵᠢᠶ᠎ᠠ ᠪᠤᠯᠭ᠋ᠠᠵᠦ᠂ ᠠᠶ᠋ᠢᠮᠠᠭ ᠬᠤᠲᠠ ᠵᠢᠨ ᠵᠠᠭ᠋ᠠᠭ᠎ᠤᠨ ᠣᠭᠲᠣᠯᠤᠭ᠋ᠠᠰᠤ ᠵᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠭᠰᠠᠨ ᠤᠰᠤᠨ ᠰᠢᠨᠵᠢᠯᠡᠬᠡᠨ᠎ᠤ ᠥᠷᠲᠡᠭᠡ ᠵᠢᠨ ᠬᠢᠨᠠᠨ ᠰᠢᠨᠵᠢᠭᠰᠡᠨ ᠲᠤᠭ᠎ᠠ ᠪᠠᠷᠢᠮᠲᠠ᠎ᠪᠠᠷ ᠪᠠᠷᠢᠮᠵᠢᠶ᠎ᠠ ᠪᠤᠯᠭ᠋ᠠᠬᠤ ᠬᠡᠷᠡᠭᠳᠡᠢ᠃ ᠤᠰᠤᠨ ᠰᠢᠨᠵᠢᠯᠡᠬᠡᠨ᠎ᠤ ᠬᠢᠨᠠᠨ ᠰᠢᠨᠵᠢᠭᠰᠡᠨ ᠲᠤᠭ᠎ᠠ ᠪᠠᠷᠢᠮᠲᠠ᠎ᠳᠤ ᠮᠠᠷᠭᠤᠭ᠋ᠠᠨ᠎ᠲᠠᠢ ᠪᠣᠯ᠂ ᠲᠡᠬᠡᠳᠦ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠤᠲᠠᠯᠠᠭᠰᠠᠨ ᠤᠰᠤᠨ ᠰᠢᠨᠵᠢᠯᠡᠬᠡᠨ᠎ᠤ ᠬᠢᠨᠠᠨ ᠰᠢᠨᠵᠢᠭᠰᠡᠨ ᠲᠤᠭ᠎ᠠ ᠪᠠᠷᠢᠮᠲᠠ᠎ᠪᠠᠷ ᠪᠠᠷᠢᠮᠵᠢᠶ᠎ᠠ ᠪᠤᠯᠭ᠋ᠠᠬᠤ ᠬᠡᠷᠡᠭᠳᠡᠢ᠃

      ᠠᠷᠪᠠᠨ ᠨᠠᠢ᠍ᠮᠠᠳᠤᠭ᠋ᠠᠷ ᠵᠦᠢ᠍ᠯ 【ᠤᠰᠤᠨ᠎ᠤ ᠬᠡᠮᠵᠢᠶ᠎ᠡ ᠵᠢ ᠮᠡᠳᠡᠭᠦᠯᠦᠨ ᠬᠦᠷᠭᠡᠬᠦ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠬᠠᠮᠢᠶ᠎ᠠ ᠪᠥᠬᠦᠶ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ᠎ᠤ ᠬᠡᠮᠵᠢᠶ᠎ᠡ ᠵᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ᠎ᠨᠢ ᠱᠠᠭ᠋ᠠᠷᠳᠠᠯᠭ᠎ᠠ ᠶᠣᠰᠣᠭ᠋ᠠᠷ ᠬᠠᠷᠢᠶ᠎ᠠ ᠬᠡᠪᠴᠢᠶᠡᠨ᠎ᠳᠠᠬᠢ ᠵᠠᠯᠠᠵᠦ (ᠪᠤᠴᠠᠭ᠋ᠠᠵᠦ) ᠬᠡᠷᠡᠭᠯᠡᠭᠰᠡᠨ ᠤᠰᠤᠨ᠎ᠤ ᠬᠡᠮᠵᠢᠶ᠎ᠡ ᠵᠢᠨ ᠪᠠᠶ᠋ᠢᠳᠠᠯ ᠵᠶ᠋ᠠᠨ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠬᠡᠷᠡᠭᠲᠡᠶ᠃

      ᠳᠥᠷᠪᠡᠳᠦᠭᠡᠷ ᠪᠦᠯᠦᠭ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠤᠰᠤᠨ᠎ᠤ ᠬᠡᠮᠵᠢᠶ᠎ᠡ ᠵᠢ ᠲᠣᠬᠢᠷᠠᠭᠤᠯᠬᠤ

      ᠠᠷᠪᠠ ᠶᠢᠰᠦᠳᠦᠭᠡᠷ ᠵᠦᠢ᠍ᠯ 【ᠠᠷᠭ᠋ᠠᠴᠠᠭ᠋ᠠᠬᠤ ᠪᠠᠴᠢᠮ ᠪᠠᠶ᠋ᠢᠳᠠᠯ᠎ᠤᠨ ᠨᠦᠭᠦᠴᠡᠯ 】 ᠲᠤᠤᠷᠠᠬᠢ ᠪᠠᠶ᠋ᠢᠳᠠᠯ᠎ᠤᠨ ᠨᠢᠭᠡ᠎ᠨᠢ ᠭᠠᠷᠪᠠᠯ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠵᠦ᠂ ᠦᠪᠡᠷᠳᠡᠬᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠤᠰᠤᠨ᠎ᠤ ᠵᠠᠰᠠᠭ ᠵᠠᠬᠢᠷᠭ᠋ᠠᠨ᠂ ᠠᠮᠢ ᠠᠬᠤᠢ ᠣᠷᠴᠢᠨ ᠲᠣᠭᠤᠷᠢᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠵᠢᠭ᠋ᠠᠨ ᠵᠢᠯᠣᠭᠤᠳᠬᠤ ᠬᠡᠷᠡᠭᠲᠡᠶ᠃

     (ᠨᠢᠭᠡ) ᠤᠰᠤ ᠵᠢ ᠭᠦᠨᠳᠦ ᠨᠤᠴᠢᠳᠠᠢ ᠪᠤᠬᠢᠷᠳᠤᠭᠤᠯᠤᠨᠨᠰᠠᠨ ᠵᠡᠷᠭᠡ ᠤᠰᠤ ᠬᠠᠩᠭ᠋ᠠᠬᠤ ᠲᠠᠯ᠎ᠠ᠎ᠪᠠᠷ ᠠᠮᠤᠷ ᠲᠦᠪᠰᠢᠨ᠎ᠤ ᠠᠳᠡᠯ ᠭᠠᠷᠴᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠤᠭᠰᠠᠨ;

     (ᠬᠤᠶᠠᠷ) ᠤᠰᠤᠨ ᠴᠥᠭᠦᠷᠥᠮ᠎ᠳᠤ ᠠᠵᠢᠯᠯᠠᠭ᠋ᠠᠨ᠎ᠤ ᠭᠦᠨᠳᠦ ᠶᠡᠭᠡ ᠰᠠᠭ᠋ᠠᠳ ᠵᠡᠷᠭᠡ ᠭᠡᠨᠡᠳᠲᠡ ᠵᠢᠨ ᠴᠢᠨᠠᠷᠲᠠᠶ ᠠᠳᠡᠯ ᠭᠠᠷᠴᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠤᠬᠢᠷᠠᠭᠤᠯᠤᠯᠳᠠ ᠬᠢᠬᠦ ᠴᠢᠬᠤᠯᠠᠲᠠᠶ ᠪᠣᠯᠤᠭᠰᠠᠨ;

     (ᠭᠤᠷᠪᠠ) ᠣᠨᠴᠠ ᠲᠤᠨᠨᠳ᠋ᠬᠠᠰᠠᠨ ᠣᠷᠣᠨ ᠪᠦᠰᠡ᠎ᠳᠠᠬᠢ ᠤᠰᠤ ᠬᠠᠩᠭ᠋ᠠᠬᠤ ᠲᠦᠭᠰᠢᠭᠦᠷᠢ ᠪᠤᠶᠤ ᠠᠮᠢ ᠠᠬᠤᠢ ᠵᠢᠨ ᠲᠦᠭᠰᠢᠭᠦᠷᠢ ᠵᠡᠷᠭᠡ ᠣᠨᠴᠠ ᠲᠤᠨᠨᠳ᠋ᠬᠠᠰᠠᠨ ᠬᠡᠷᠡᠭ᠎ᠢ ᠲᠦᠷ ᠴᠠᠭ ᠰᠢᠢ᠍ᠳᠪᠦᠷᠢᠯᠡᠬᠦ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠤᠭᠰᠠᠨ;

     (ᠲᠦᠷᠪᠡ) ᠬᠦᠨᠳᠦ ᠶᠡᠭᠡ ᠭᠠᠩ᠎ᠤᠨ ᠭᠠᠮᠰᠢᠭ ᠪᠤᠯᠤᠨᠨᠰᠠᠨ᠎ᠠᠴᠠ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠩ᠎ᠲᠠᠢ ᠲᠡᠮᠡᠴᠡᠬᠦ ᠲᠦᠷᠢᠮ》᠎ᠤᠨ ᠬᠠᠮᠢᠶ᠎ᠠ ᠪᠥᠬᠦᠶ ᠲᠤᠨᠨᠳᠠᠭ᠋ᠠᠯ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠨᠨᠰᠠᠨ;

     (ᠲᠠᠪᠤ) ᠪᠤᠰᠤᠳ ᠪᠠᠴᠢᠮ ᠪᠠᠶ᠋ᠢᠳᠠᠯ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠨᠨᠰᠠᠨ᠃

      ᠬᠤᠷᠢᠳᠤᠭ᠋ᠠᠷ ᠵᠦᠢ᠍ᠯ 【ᠦᠪᠡᠷᠳᠡᠬᠡᠨ ᠵᠠᠰᠠᠬᠤ ᠤᠷᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠦᠰᠦᠯ 】 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤᠨ᠎ᠤ ᠬᠡᠮᠵᠢᠶ᠎ᠡ ᠵᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ᠎ᠲᠠᠢ ᠵᠦᠪᠳᠡᠯᠴᠡᠵᠦ᠂ ᠪᠠᠴᠢᠮ ᠪᠠᠶ᠋ᠢᠳᠠᠯ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠶ᠃

      ᠬᠤᠷᠢᠨ ᠨᠢᠭᠡᠳᠦᠭᠡᠷ ᠵᠦᠢ᠍ᠯ 【ᠬᠤᠳᠠ ᠵᠢᠨ ᠲᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠦᠰᠦᠯ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ᠎ᠤ ᠬᠡᠮᠵᠢᠶ᠎ᠡ ᠵᠢᠨ ᠲᠤᠬᠢᠷᠠᠭᠤᠯᠤᠯᠳᠠ ᠵᠢ ᠬᠡᠷᠡᠭᠵᠢᠭᠦᠯᠬᠦ ᠨᠢᠬᠡᠴᠢ᠎ᠨᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠵᠢᠨ ᠪᠡᠯᠡᠳᠬᠡᠯ ᠲᠥᠰᠦᠯ᠎ᠢ ᠦᠨᠳᠦᠰᠦᠯᠡᠵᠦ᠂ ᠬᠠᠷᠢᠶ᠎ᠠ ᠬᠡᠪᠴᠢᠶᠡᠨ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃

    ᠬᠤᠷᠢᠨ ᠬᠤᠶᠠᠳᠤᠭ᠋ᠠᠷ ᠵᠦᠢ᠍ᠯ 【ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠬᠢᠨᠠᠨ ᠰᠢᠨᠵᠢᠬᠦ ᠬᠢᠬᠡᠳ ᠮᠡᠳᠡᠭᠡ ᠵᠠᠩᠬᠢ ᠵᠢ ᠮᠡᠳᠡᠭᠦᠯᠦᠨ ᠭᠦᠷᠬᠡᠬᠦ 】 ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠬᠡᠨ᠎ᠤ ᠪᠠᠶ᠋ᠢᠭᠤᠯᠤᠮᠵᠢ᠎ᠨᠢ ᠤᠰᠤᠨ ᠰᠢᠨᠵᠢᠯᠡᠬᠡᠨ᠎ᠤ ᠬᠢᠨᠠᠨ ᠰᠢᠨᠵᠢᠬᠦ ᠪᠠ ᠤᠷᠢᠳᠴᠢᠯᠠᠨ ᠮᠡᠳᠡᠭᠡᠯᠡᠬᠦ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠰᠤᠨ ᠰᠢᠨᠵᠢᠯᠡᠬᠡᠨ᠎ᠤ ᠬᠢᠨᠠᠨ ᠰᠢᠨᠵᠢᠭᠰᠡᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠡᠳᠦᠷ ᠪᠦᠷᠢ ᠮᠡᠳᠡᠭᠦᠯᠦᠨ ᠬᠦᠷᠭᠡᠬᠦ ᠬᠡᠷᠡᠭᠲᠡᠶ᠃ ᠲᠦᠩᠯᠢᠶᠣᠤ ᠬᠤᠳᠠ᠂ ᠤᠯᠠᠭ᠋ᠠᠨᠬᠠᠳᠠ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ᠎ᠤ ᠬᠡᠮᠵᠢᠶ᠎ᠡ ᠵᠢ ᠲᠤᠬᠢᠷᠠᠭᠤᠯᠤᠨ ᠬᠡᠷᠡᠭᠵᠢᠭᠦᠯᠬᠦ ᠨᠢᠬᠡᠴᠢ᠎ᠨᠢ ᠤᠰᠤ ᠵᠠᠯᠠᠵᠦ (ᠪᠤᠴᠠᠭ᠋ᠠᠵᠦ) ᠬᠡᠷᠡᠭᠯᠡᠬᠦ ᠬᠡᠮᠵᠢᠶ᠎ᠡ ᠪᠠ ᠤᠰᠤᠨ ᠴᠥᠭᠦᠷᠥᠮ᠎ᠤᠨ ᠤᠰᠤ ᠬᠠᠳᠠᠭ᠋ᠠᠯᠠᠬᠤ (ᠤᠷᠤᠰᠬᠠᠬᠤ) ᠬᠡᠮᠵᠢᠶ᠎ᠡ᠂ ᠬᠠᠰᠢᠯᠭ᠎ᠠ ᠵᠢᠨ ᠲᠡᠭᠰᠢᠳᠬᠡᠭᠰᠡᠨ ᠤᠰᠤᠨ ᠲᠦᠪᠰᠢᠨ ᠵᠢᠴᠢ ᠴᠦᠭᠦᠷᠦᠮ᠎ᠳᠤ ᠣᠷᠣᠭᠤᠯᠬᠤ (ᠭᠠᠷᠭ᠋ᠠᠬᠤ) ᠤᠷᠤᠰᠬᠠᠯ᠎ᠤᠨ ᠬᠡᠮᠵᠢᠶ᠎ᠡ ᠵᠢ ᠲᠤᠬᠢᠷᠠᠭᠤᠯᠬᠤ᠎ᠳᠤ ᠤᠷᠤᠯᠴᠬᠠᠰᠠᠨ ᠮᠠᠲ᠋ᠧᠷᠢᠶᠠᠯ ᠵᠶ᠋ᠠᠨ ᠡᠳᠦᠷ ᠪᠦᠷᠢ ᠮᠡᠳᠡᠭᠦᠯᠦᠨ ᠬᠦᠷᠭᠡᠬᠦ ᠬᠡᠷᠡᠭᠲᠡᠢ᠃

      ᠬᠤᠷᠢᠨ ᠭᠤᠷᠪᠠᠳᠤᠭ᠋ᠠᠷ ᠵᠦᠢ᠍ᠯ 【ᠤᠰᠤ ᠬᠠᠩᠭ᠋ᠠᠬᠤ ᠲᠠᠯ᠎ᠠ᠎ᠪᠠᠷ ᠠᠮᠤᠷ ᠲᠦᠪᠰᠢᠨ᠎ᠤ ᠠᠳᠡᠯ ᠭᠠᠷᠤᠭᠰᠠᠨ ᠪᠠᠶ᠋ᠢᠳᠠᠯ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ 】 ᠠᠳᠡᠯ ᠪᠤᠶᠤ ᠪᠤᠰᠤᠳ ᠭᠡᠨᠡᠳᠲᠡ ᠵᠢᠨ ᠬᠡᠷᠡᠭ ᠭᠠᠷᠴᠤ᠂ ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠠᠳᠡᠯ ᠭᠠᠷᠭ᠋ᠠᠭᠰᠠᠨ ᠪᠤᠶᠤ ᠭᠠᠷᠴᠤ ᠮᠡᠳᠡᠬᠦ᠂ ᠡᠰᠡᠬᠦᠯ᠎ᠡ ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠬᠡᠷᠡᠭ ᠭᠠᠷᠤᠭᠰᠠᠨ᠎ᠠᠴᠠ ᠤᠰᠤ ᠬᠠᠩᠭ᠋ᠠᠬᠤ ᠲᠠᠯ᠎ᠠ ᠵᠢᠨ ᠠᠮᠤᠷ ᠲᠦᠪᠰᠢᠨ᠎ᠢ ᠬᠦᠨᠳᠦ ᠨᠣᠴᠢᠲᠠᠶ ᠨᠥᠯᠥᠭᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ ᠴᠢᠬᠤᠯᠠᠲᠠᠶ ᠪᠤᠯᠤᠨᠨᠰᠠᠨ ᠪᠠᠶ᠋ᠢᠪᠠᠯ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠂ ᠠᠮᠢ ᠠᠬᠤᠶ ᠣᠷᠴᠢᠨ ᠲᠣᠭᠤᠷᠢᠨ ᠵᠡᠷᠭᠡ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠪᠤᠬᠢᠷᠳᠤᠭᠤᠯᠤᠨᠨᠰᠠᠨ ᠠᠳᠡᠯ (ᠬᠡᠷᠡᠭ)᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ ᠪᠡᠯᠡᠳᠬᠡᠯ ᠲᠥᠰᠦᠯ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠬᠢᠷᠠᠭᠤᠯᠤᠯᠲᠠ ᠬᠢᠬᠦ ᠬᠡᠷᠡᠭᠳᠡᠢ; ᠴᠢᠬᠤᠯᠠᠳᠠᠢ ᠦᠶ᠎ᠡ᠎ᠳᠤ᠂ ᠤᠰᠤ ᠵᠠᠯᠠᠵᠦ ᠬᠡᠷᠡᠭᠯᠡᠬᠦ ᠬᠡᠮᠵᠢᠶ᠎ᠡ ᠵᠢ ᠬᠠᠰᠤᠵᠤ ᠪᠠᠭ᠋ᠠᠰᠬᠠᠬᠤ᠂ ᠤᠰᠤᠨ ᠴᠥᠭᠦᠷᠥᠮ᠎ᠤᠨ ᠲᠤᠤᠷᠠᠳᠤ ᠤᠷᠤᠰᠬᠠᠯ ᠤᠷᠤᠭᠤ ᠤᠷᠤᠰᠬᠠᠬᠤ ᠤᠷᠤᠰᠬᠠᠯ᠎ᠢ ᠨᠡᠮᠡᠭᠳᠡᠭᠦᠯᠬᠦ᠂ ᠤᠰᠤᠨ ᠰᠢᠨᠵᠢᠯᠡᠬᠡᠨ᠎ᠤ ᠬᠢᠨᠠᠨ ᠰᠢᠨᠵᠢᠯᠳᠡ ᠵᠢ ᠴᠢᠩᠭ᠋ᠠᠳᠬᠠᠬᠤ ᠵᠡᠷᠬᠡ ᠰᠶ᠋ᠢᠳᠪᠦᠷᠢᠯᠡᠬᠦ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠬᠡᠷᠡᠭᠯᠡᠵᠦ ᠪᠣᠯᠤᠨ᠎ᠠ᠃

    ᠬᠤᠷᠢᠨ ᠳᠥᠷᠪᠡᠳᠦᠭᠡᠷ ᠵᠦᠢ᠍ᠯ 【ᠪᠠᠷᠢᠯᠭ᠎ᠠ ᠵᠢᠨ ᠭᠦᠨᠳᠦ ᠶᠡᠭᠡ ᠠᠳᠡᠯ ᠭᠠᠷᠤᠨᠨᠰᠠᠨ ᠪᠠᠶ᠋ᠢᠳᠠᠯ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ 】 ᠤᠰᠤᠨ ᠴᠥᠭᠦᠷᠥᠮ᠎ᠳᠤ ᠬᠦᠨᠳᠦ ᠶᠡᠭᠡ ᠠᠵᠢᠯᠯᠠᠭ᠋ᠠᠨ᠎ᠤ ᠰᠠᠭ᠋ᠠᠳ ᠵᠡᠷᠭᠡ ᠭᠡᠨᠡᠳᠲᠡ ᠵᠢᠨ ᠴᠢᠨᠠᠷᠲᠠᠶ ᠠᠳᠡᠯ ᠭᠠᠷᠤᠭᠰᠠᠨ ᠦᠶ᠎ᠡ᠎ᠳᠤ᠂ ᠤᠰᠤᠨ ᠴᠥᠭᠦᠷᠥᠮ᠎ᠤᠨ ᠬᠠᠮᠢᠶᠠᠷᠤᠯᠲᠠ ᠵᠢᠨ ᠨᠢᠬᠡᠴᠢ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ ᠵᠢᠨ ᠬᠡᠷᠡᠭᠵᠢᠭᠦᠯᠬᠦ ᠲᠥᠰᠦᠯ᠎ᠢ ᠳᠠᠷᠦ᠋ᠢ᠍ᠬᠠᠨ ᠡᠬᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ᠂ ᠠᠳᠡᠯ ᠭᠠᠷᠤᠭᠰᠠᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠠᠳᠡᠯ ᠭᠠᠷᠤᠭᠰᠠᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠡᠳᠡᠭᠦᠯᠦᠯᠲᠡ ᠵᠢ ᠲᠤᠰᠤᠨᠨᠰᠠᠨ᠎ᠤ ᠳᠠᠷᠠᠭ᠎ᠠ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠴᠠᠭ ᠲᠤᠬᠠᠶ᠎ᠳᠤ᠎ᠨᠢ ᠮᠡᠳᠡᠭᠦᠯᠬᠦ ᠵᠢᠨ ᠬᠠᠮᠲᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ ᠪᠡᠯᠡᠳᠬᠡᠯ ᠲᠥᠰᠦᠯ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠠᠵᠢᠯ ᠵᠶ᠋ᠠᠨ ᠵᠣᠬᠢᠶᠠᠨ ᠪᠠᠶ᠋ᠢᠭᠤᠯᠵᠦ ᠥᠷᠨᠢᠭᠦᠯᠬᠦ ᠬᠡᠷᠡᠭᠲᠡᠶ᠃

      ᠬᠤᠷᠢᠨ ᠲᠠᠪᠤᠳᠤᠭ᠋ᠠᠷ ᠵᠦᠢ᠍ᠯ 【ᠤᠨᠴᠠ ᠲᠤᠨᠨᠳ᠋ᠬᠠᠰᠠᠨ ᠤᠷᠤᠨ ᠪᠦᠰᠡ᠎ᠳᠤ ᠭᠠᠷᠤᠨᠨᠰᠠᠨ ᠤᠨᠴᠠ ᠲᠤᠨᠨᠳ᠋ᠬᠠᠰᠠᠨ ᠬᠡᠷᠡᠭ᠎ᠢ ᠲᠦᠷ ᠴᠠᠭ ᠰᠶ᠋ᠢᠳᠪᠦᠷᠢᠯᠡᠬᠦ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ 】 ᠤᠰᠤ ᠬᠠᠩᠭ᠋ᠠᠬᠤ ᠲᠦᠭᠰᠢᠭᠦᠷᠢ ᠪᠤᠶᠤ ᠠᠮᠢ ᠠᠬᠤᠶ ᠵᠢᠨ ᠲᠦᠭᠰᠢᠬᠦᠷᠢ ᠵᠡᠷᠭᠡ ᠣᠨᠴᠠ ᠲᠤᠨᠨᠳ᠋ᠬᠠᠰᠠᠨ ᠬᠡᠷᠡᠭ᠎ᠢ ᠲᠦᠷ ᠴᠠᠭ ᠰᠶ᠋ᠢᠳᠪᠦᠷᠢᠯᠡᠬᠦ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠪᠤᠯᠤᠨᠨᠰᠠᠨ ᠪᠠᠶ᠋ᠢᠪᠠᠯ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠤᠬᠢᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠵᠦ ᠬᠡᠷᠡᠭᠵᠢᠬᠦᠯᠬᠦ ᠬᠡᠷᠡᠭᠳᠡᠢ᠃

      ᠲᠠᠪᠤᠳᠤᠭ᠋ᠠᠷ ᠪᠦᠯᠦᠭ   ᠬᠢᠨᠠᠯᠲᠠ ᠬᠠᠮᠢᠶᠠᠷᠤᠯᠲᠠ

      ᠬᠤᠷᠢᠨ ᠵᠢᠷᠭᠤᠳᠤᠭ᠋ᠠᠷ ᠵᠦᠢ᠍ᠯ 【ᠰᠢᠮᠳᠠᠭᠤᠯᠤᠨ ᠪᠠᠶ᠋ᠢᠴᠠᠭ᠋ᠠᠬᠤ ᠲᠦᠷᠢᠮ 】 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠲᠦᠩᠯᠢᠶᠣᠤ ᠬᠤᠳᠠ᠂ ᠤᠯᠠᠭ᠋ᠠᠨᠬᠠᠳᠠ ᠬᠤᠲᠠ ᠵᠢᠨ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠷᠢᠶ᠎ᠠ ᠬᠡᠪᠴᠢᠶᠡᠨ᠎ᠳᠠᠬᠢ ᠤᠰᠤᠨ᠎ᠤ ᠬᠡᠮᠵᠢᠶ᠎ᠡ ᠵᠢ ᠳᠣᠭᠢᠷᠠᠭᠤᠯᠤᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠠᠵᠢᠯ᠎ᠢ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠮᠥᠷᠡᠨ ᠨᠠᠭᠤᠷ ᠴᠦᠬᠦᠷᠦᠮ᠎ᠤᠨ ᠳᠠᠷᠤᠭ᠎ᠠ ᠵᠢᠨ ᠲᠦᠷᠢᠮ᠂ ᠤᠰᠤᠨ᠎ᠤ ᠡᠬᠢ ᠰᠤᠷᠪᠤᠯᠵᠢ ᠵᠢᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ ᠵᠡᠷᠭᠡ ᠬᠠᠮᠢᠶ᠎ᠠ ᠪᠥᠬᠦᠶ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠭᠤᠯᠭ᠎ᠠ᠎ᠳᠤ ᠤᠷᠤᠭᠤᠯᠬᠤ ᠬᠡᠷᠡᠭᠳᠡᠢ᠃  

      ᠬᠤᠷᠢᠨ ᠳᠣᠯᠣᠳᠤᠭ᠋ᠠᠷ ᠵᠦᠢ᠍ᠯ 【ᠰᠢᠮᠳᠠᠭᠤᠯᠤᠨ ᠪᠠᠶ᠋ᠢᠴᠠᠭ᠋ᠠᠬᠤ ᠡᠷᠬᠡ ᠮᠡᠳᠡᠯ 】 ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠳᠠᠳ ᠲᠣᠰ ᠠᠷᠭ᠎ᠠ ᠵᠢᠨ ᠲᠣᠭᠲᠠᠭ᠋ᠠᠯ᠎ᠢ ᠭᠦᠢ᠍ᠴᠡᠳᠬᠡᠬᠦ᠎ᠳᠤ᠎ᠪᠠᠨ ᠳᠣᠤᠷᠠᠬᠢ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠄

     (ᠨᠢᠭᠡ) ᠪᠠᠶ᠋ᠢᠴᠠᠭ᠋ᠠᠭᠳᠠᠬᠤ ᠨᠢᠭᠡᠴᠢ ᠵᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠵᠦ᠂ ᠲᠡᠳᠡᠬᠡᠷ᠎ᠢ᠎ᠨᠢ ᠪᠠᠶ᠋ᠢᠴᠠᠭ᠋ᠠᠨ ᠦᠵᠡᠬᠦ ᠪᠤᠶᠤ ᠬᠠᠭᠤᠯᠠᠪᠤᠷᠢᠯᠠᠬᠤ;

     (ᠬᠤᠶᠠᠷ) ᠪᠠᠶ᠋ᠢᠴᠠᠭ᠋ᠠᠭᠳᠠᠬᠤ ᠨᠢᠭᠡᠴᠢ᠎ᠳᠤ ᠲᠤᠰ ᠠᠷᠭ᠎ᠠ ᠵᠢ ᠬᠡᠷᠡᠭᠵᠢᠬᠦᠯᠦᠭᠰᠡᠨ ᠬᠤᠯᠪᠣᠭᠳᠠᠯ ᠪᠦᠬᠦᠢ ᠠᠰᠠᠭᠤᠳᠠᠯ᠎ᠳᠤ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;

     (ᠭᠤᠷᠪᠠ) ᠪᠠᠶ᠋ᠢᠴᠠᠭ᠋ᠠᠭᠳᠠᠬᠤ ᠨᠢᠭᠡᠴᠢ ᠵᠢᠨ ᠦᠢ᠍ᠯᠡᠳᠪᠦᠷᠢᠯᠡᠬᠦ ᠲᠠᠯᠠᠪᠤᠷ ᠭᠠᠵᠠᠷ᠎ᠲᠤ᠎ᠨᠢ ᠣᠷᠣᠵᠤ ᠲᠤᠬᠠᠶ ᠵᠢᠨ ᠲᠠᠯᠠᠪᠤᠷ᠎ᠲᠤ᠎ᠨᠢ ᠪᠠᠶ᠋ᠢᠴᠠᠭ᠋ᠠᠬᠤ ᠪᠠ ᠪᠠᠶ᠋ᠢᠴᠠᠭ᠋ᠠᠯᠲᠠ ᠬᠢᠬᠦ;

     (ᠳᠥᠷᠪᠡ) ᠤᠰᠤ ᠵᠠᠯᠠᠵᠦ (ᠪᠤᠴᠠᠭ᠋ᠠᠵᠦ) ᠬᠡᠷᠡᠭᠯᠡᠬᠦ ᠠᠮᠠᠰᠠᠷ᠎ᠢ ᠨᠡᠭᠡᠭᠡᠵᠦ ᠬᠠᠭ᠋ᠠᠬᠤ ᠵᠢᠴᠢ ᠤᠰᠤ ᠵᠠᠯᠠᠵᠦ (ᠪᠤᠴᠠᠭ᠋ᠠᠵᠦ) ᠬᠡᠷᠡᠭᠯᠡᠭᠰᠡᠨ ᠪᠠᠶ᠋ᠢᠳᠠᠯ᠎ᠢ ᠲᠤᠬᠠᠶ ᠵᠢᠨ ᠭᠠᠵᠠᠷ᠎ᠲᠤ᠎ᠨᠢ ᠬᠢᠨᠠᠨ ᠰᠢᠨᠵᠢᠬᠦ;

     (ᠲᠠᠪᠤ) ᠪᠠᠶ᠋ᠢᠴᠠᠭ᠋ᠠᠭᠳᠠᠬᠤ ᠨᠢᠬᠡᠴᠢ ᠵᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠪᠠᠨ ᠵᠣᠭᠰᠤᠭ᠋ᠠᠬᠤ ᠵᠢᠨ ᠬᠠᠮᠳᠤ ᠵᠠᠯᠠᠷᠠᠭᠤᠯᠵᠤ᠂ ᠬᠠᠤᠯᠢ᠎ᠳᠤ ᠲᠤᠨᠨᠳᠠᠭ᠋ᠠᠨᠨᠰᠠᠨ ᠡᠭᠦᠷᠭᠡ᠎ᠪᠠᠨ ᠭᠦᠢ᠍ᠴᠡᠳᠬᠡᠬᠦ ᠵᠢ ᠵᠠᠷᠯᠢᠨᠨᠳᠠᠬᠤ᠃

    ᠬᠤᠷᠢᠨ ᠨᠠᠢ᠍ᠮᠠᠳᠤᠭ᠋ᠠᠷ ᠵᠦᠢ᠍ᠯ 【ᠰᠢᠮᠳᠠᠭᠤᠯᠤᠨ ᠪᠠᠶ᠋ᠢᠴᠠᠭ᠋ᠠᠬᠤ ᠵᠢ ᠵᠢᠷᠤᠮᠵᠢᠭᠤᠯᠬᠤ 】 ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠳᠠᠳ ᠬᠢᠨᠠᠯᠲᠠ ᠲᠠᠯᠪᠢᠵᠤ ᠪᠠᠶ᠋ᠢᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠶ᠎ᠡ᠎ᠳᠤ᠂ ᠪᠠᠶ᠋ᠢᠴᠠᠭ᠋ᠠᠭᠳᠠᠬᠤ ᠨᠢᠭᠡᠴᠢ᠎ᠨᠢ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠬᠦᠯᠢᠶᠡᠨ ᠠᠪᠬᠤ ᠪᠠ ᠲᠡᠭᠦᠨ᠎ᠳᠤ ᠬᠠᠮᠵᠢᠯᠴᠠᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠳᠠᠨ᠎ᠤ ᠬᠠᠤᠯᠢ ᠶᠣᠰᠣᠭ᠋ᠠᠷ ᠠᠯᠪᠠᠨ ᠠᠵᠢᠯ ᠵᠶ᠋ᠠᠨ ᠭᠦᠢ᠍ᠴᠡᠳᠬᠡᠬᠦ ᠵᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃

    ᠬᠤᠷᠢ ᠶᠢᠰᠦᠳᠦᠭᠡᠷ ᠵᠦᠢ᠍ᠯ 【ᠵᠠᠰᠠᠭ ᠵᠠᠬᠢᠷᠭ᠋ᠠᠨ᠎ᠤ ᠤᠷᠤᠨ ᠪᠦᠰᠡ ᠵᠢ ᠰᠢᠮᠳᠠᠭᠤᠯᠤᠨ ᠪᠠᠶ᠋ᠢᠴᠠᠭ᠋ᠠᠬᠤ 】 ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠲᠥᠯᠥᠪᠯᠡᠭᠡ ᠪᠠ ᠲᠣᠬᠢᠷᠠᠭᠤᠯᠬᠤ ᠵᠠᠷᠯᠢᠭ᠎ᠢ ᠬᠡᠷᠡᠭᠵᠢᠭᠦᠯᠬᠦ ᠦᠭᠡᠢ ᠤᠰᠤ ᠵᠠᠯᠠᠵᠦ ᠬᠡᠷᠡᠭᠯᠡᠬᠦ ᠨᠢᠬᠡᠴᠢ ᠵᠢ ᠲᠡᠬᠡᠳᠦ ᠨᠢᠭᠡ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠡᠪᠳᠡᠷᠡᠭᠦᠯᠦᠨ ᠮᠡᠳᠡᠬᠡᠯᠡᠬᠦ ᠵᠢᠨ ᠬᠠᠮᠲᠤ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃

    ᠭᠤᠴᠢᠳᠤᠭ᠋ᠠᠷ ᠵᠦᠢ᠍ᠯ 【ᠲᠤᠬᠢᠷᠠᠭᠤᠯᠤᠨᠨᠰᠠᠨ᠎ᠢ ᠨᠡᠪᠳᠡᠷᠡᠭᠦᠯᠦᠨ ᠮᠡᠳᠡᠬᠡᠯᠡᠬᠦ 】 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠤᠭᠰᠠᠨ ᠪᠠᠶ᠋ᠢᠳᠠᠯ ᠵᠶ᠋ᠠᠨ ᠵᠢᠯ ᠪᠦᠷᠢ ᠨᠡᠪᠳᠡᠷᠡᠭᠦᠯᠦᠨ ᠮᠡᠳᠡᠭᠡᠯᠡᠨ᠎ᠡ᠃

    ᠭᠤᠴᠢᠨ ᠨᠢᠭᠡᠳᠦᠭᠡᠷ ᠵᠦᠢ᠍ᠯ 【ᠲᠤᠬᠢᠷᠠᠭᠤᠯᠤᠨᠨᠰᠠᠨ ᠳ᠋ᠦᠩᠨᠡᠯᠲᠡ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠤᠩᠱ᠌ᠠᠨ ᠤᠰᠤᠨ ᠴᠥᠭᠦᠷᠥᠮ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠡᠬᠡᠷ᠎ᠡ ᠨᠢᠬᠡ ᠲᠣᠬᠢᠷᠠᠭᠤᠯᠤᠭᠰᠠᠨ ᠵᠢᠯ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠤᠭᠰᠠᠨ ᠲᠠᠯ᠎ᠠ᠎ᠪᠠᠷ᠎ᠬᠢ ᠳ᠋ᠦᠩᠨᠡᠯᠲᠡ ᠵᠢᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃

      ᠵᠢᠷᠭᠤᠳᠤᠭ᠋ᠠᠷ ᠪᠦᠯᠦᠭ   ᠲᠣᠭᠲᠠᠭ᠋ᠠᠯ᠎ᠠᠴᠠ ᠵᠦᠷᠢᠴᠡᠭᠰᠡᠨ᠎ᠢ ᠰᠶ᠋ᠢᠳᠪᠦᠷᠢᠯᠡᠬᠦ

      ᠭᠤᠴᠢᠨ ᠬᠤᠶᠠᠳᠤᠭ᠋ᠠᠷ ᠵᠦᠢ᠍ᠯ 【ᠨᠡᠪᠳᠡᠷᠡᠭᠦᠯᠦᠨ ᠮᠡᠳᠡᠬᠡᠯᠡᠵᠦ ᠰᠢᠭᠦᠮᠵᠢᠯᠡᠬᠦ ᠬᠢᠬᠡᠳ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ 】 ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠲᠤᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠠᠷᠢᠭᠤᠴᠠᠯᠭ᠎ᠠ᠎ᠲᠠᠢ ᠭᠤᠤᠯ ᠬᠠᠮᠢᠶᠠᠷᠤᠨᠨᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠴᠦ᠂ ᠶᠠᠯ᠎ᠠ᠎ᠳᠤ ᠬᠦᠷᠦᠭᠰᠡᠨ ᠪᠠᠶ᠋ᠢᠪᠠᠯ᠂ ᠡᠷᠡᠭᠦᠤ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠳᠡᠢ᠃

     (ᠨᠢᠭᠡ) ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠣᠨ᠎ᠤ ᠲᠥᠯᠥᠪᠯᠡᠭᠡ᠂ ᠤᠰᠤᠨ ᠴᠥᠭᠦᠷᠥᠮ ᠪᠠ ᠤᠰᠤᠨ ᠴᠠᠬᠢᠯᠭ᠋ᠠᠨ ᠦᠷᠳᠡᠬᠡᠨ᠎ᠤ ᠠᠵᠢᠯᠯᠠᠭ᠋ᠠᠨ᠎ᠤ ᠲᠥᠯᠥᠪᠯᠡᠭᠡ ᠵᠢᠨ ᠰᠠᠨᠠᠭᠤᠯᠭ᠎ᠠ ᠵᠢ ᠴᠠᠭ ᠲᠤᠬᠠᠢ᠎ᠳᠤ᠎ᠨᠢ ᠳᠡᠭᠡᠭᠰᠢ ᠮᠡᠳᠡᠭᠦᠯᠦᠭᠰᠡᠨ ᠥᠭᠡᠢ;

     (ᠬᠤᠶᠠᠷ) ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠣᠨ᠎ᠤ ᠲᠥᠯᠥᠪᠯᠡᠭᠡ ᠪᠠ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠪᠠᠷ ᠪᠠᠭᠤᠯᠭ᠋ᠠᠭᠰᠠᠨ ᠰᠠᠷ᠎ᠠ ᠬᠤᠨᠤᠭ᠎ᠤᠨ ᠲᠥᠰᠦᠯ᠂ ᠲᠤᠬᠠᠢ ᠵᠢᠨ ᠴᠠᠭ᠎ᠲᠤ᠎ᠨᠢ ᠲᠣᠬᠢᠷᠠᠭᠤᠯᠬᠤ ᠵᠠᠷᠯᠢᠭ ᠵᠢᠴᠢ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠶ᠋ᠢᠳᠪᠦᠷᠢᠯᠡᠬᠦ ᠠᠷᠭ᠎ᠠ ᠬᠡᠮᠵᠢᠶ᠎ᠡ ᠵᠢ ᠬᠡᠷᠡᠭᠵᠢᠬᠦᠯᠦᠭᠰᠡᠨ ᠦᠭᠡᠢ;

     (ᠭᠤᠷᠪᠠ) ᠤᠰᠤᠨ ᠰᠢᠨᠵᠢᠯᠡᠬᠡᠨ᠎ᠤ ᠬᠢᠨᠠᠨ ᠰᠢᠨᠵᠢᠭᠰᠡᠨ ᠲᠤᠭ᠎ᠠ ᠪᠠᠷᠢᠮᠲᠠ᠂ ᠤᠰᠤ ᠵᠠᠯᠠᠵᠦ ᠬᠡᠷᠡᠭᠯᠡᠭᠰᠡᠨ ᠬᠡᠮᠵᠢᠶᠡᠨ᠎ᠤ ᠲᠤᠭ᠎ᠠ ᠪᠠᠷᠢᠮᠲᠠ ᠪᠤᠶᠤ ᠪᠤᠰᠤᠳ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠦᠭᠰᠡᠨ ᠦᠭᠡᠢ᠂ ᠬᠤᠳᠠᠯ ᠬᠠᠭᠤᠷᠮᠠᠭ ᠵᠶ᠋ᠠᠷ ᠲᠠᠭᠯᠠᠭᠰᠠᠨ ᠪᠤᠶᠤ ᠦᠬᠡᠷᠡᠳᠦᠬᠦᠯᠵᠦ᠂ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠎ᠳᠤ ᠬᠦᠨᠳᠦ ᠬᠡᠴᠡᠭᠦᠦ ᠨᠥᠯᠥᠭᠡ ᠪᠣᠯᠣᠭᠰᠠᠨ;

     (ᠳᠥᠷᠪᠡ) ᠬᠢᠨᠠᠯᠲᠠ ᠲᠠᠯᠪᠢᠵᠤ ᠪᠠᠶ᠋ᠢᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠥᠬᠡᠶ ᠪᠤᠶᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠡᠳ ᠪᠠᠶ᠋ᠢᠴᠠᠭ᠋ᠠᠨ ᠰᠶ᠋ᠢᠳᠪᠦᠷᠢᠯᠡᠭᠰᠡᠨ ᠥᠬᠡᠶ;

     (ᠲᠠᠪᠤ) ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠡᠭᠦᠷᠬᠡ ᠲᠤᠰᠢᠶᠠᠯ᠎ᠳᠤ᠎ᠪᠠᠨ ᠠᠯᠮᠠᠢ᠍ᠷᠠᠨ ᠤᠰᠤᠯᠳ᠋ᠬᠠᠰᠠᠨ᠂ ᠬᠤᠪᠢ ᠵᠢᠨ ᠨᠠᠶ᠋ᠢᠷ ᠲᠠᠯ᠎ᠠ ᠬᠠᠷᠠᠵᠦ ᠬᠠᠤᠯᠢ ᠶᠤᠰᠤ ᠵᠢ ᠵᠦᠷᠢᠴᠡᠭᠰᠡᠨ ᠵᠡᠷᠭᠡ ᠪᠤᠰᠤᠳ ᠦᠢ᠍ᠯᠡ ᠠᠵᠢᠯᠯᠠᠭ᠎ᠠ᠃

      ᠳᠣᠯᠣᠳᠤᠭ᠋ᠠᠷ ᠪᠦᠯᠦᠭ

      ᠲᠠᠭ᠋ᠠᠯᠳᠤᠭᠤᠯᠤᠯ

      ᠭᠤᠴᠢᠨ ᠭᠤᠷᠪᠠᠳᠤᠭ᠋ᠠᠷ ᠵᠦᠢ᠍ᠯ 【ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠢ ᠵᠤᠯᠭ᠋ᠠᠯᠳᠤᠭᠤᠯᠬᠤ 】 ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠠᠵᠢᠯ᠎ᠨᠢ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ᠂ ᠤᠰᠤᠨ᠎ᠤ ᠡᠬᠢ ᠰᠤᠷᠪᠤᠯᠵᠢ ᠵᠢᠨ ᠬᠠᠮᠢᠶᠠᠷᠤᠯᠲᠠ᠂ ᠦᠶᠡᠷ᠎ᠢ ᠰᠡᠷᠭᠡᠶ᠋ᠢᠯᠡᠬᠦ᠂ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ᠂ ᠭᠤᠤᠯ᠎ᠤᠨ ᠵᠠᠮ᠎ᠤᠨ ᠬᠠᠮᠢᠶᠠᠷᠤᠯᠲᠠ ᠪᠠ ᠤᠰᠤᠨ ᠰᠢᠨᠵᠢᠯᠡᠬᠡᠨ ᠵᠡᠷᠭᠡ ᠵᠦᠢ᠍ᠯᠡᠰ᠎ᠲᠤ ᠬᠤᠯᠪᠣᠭᠳᠠᠭᠰᠠᠨ ᠪᠠᠶ᠋ᠢᠪᠠᠯ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠤᠨ ᠲᠣᠭᠲᠠᠭ᠋ᠠᠯ ᠶᠣᠰᠣᠭ᠋ᠠᠷ ᠬᠡᠷᠡᠭᠵᠢᠬᠦᠯᠬᠦ ᠬᠡᠷᠡᠭᠳᠡᠢ᠃

    ᠭᠤᠴᠢᠨ ᠳᠥᠷᠪᠡᠳᠦᠭᠡᠷ ᠵᠦᠢ᠍ᠯ 【ᠬᠡᠷᠡᠭᠵᠢᠭᠦᠯᠬᠦ ᠨᠠᠷᠢᠨ ᠲᠦᠷᠢᠮ 】 ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠢᠨ ᠬᠠᠮᠢᠶ᠎ᠠ ᠪᠥᠬᠦᠶ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤᠨ ᠴᠥᠭᠦᠷᠥᠮ᠂ ᠤᠰᠤᠨ ᠴᠠᠬᠢᠯᠭ᠋ᠠᠨ ᠥᠷᠲᠡᠭᠡ ᠵᠡᠷᠭᠡ ᠬᠠᠮᠢᠶᠠᠷᠤᠯᠲᠠ ᠵᠢᠨ ᠨᠢᠬᠡᠴᠢ᠎ᠨᠢ ᠲᠣᠰ ᠠᠷᠭ᠎ᠠ ᠵᠢ ᠦᠨᠳᠦᠰᠦᠯᠡᠨ ᠬᠠᠷᠢᠶ᠎ᠠ ᠬᠡᠪᠴᠢᠶᠡᠨ᠎ᠳᠠᠬᠢ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠵᠢᠨ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ ᠪᠣᠯᠤᠨ᠎ᠠ᠃

      ᠭᠤᠴᠢᠨ ᠲᠠᠪᠤᠳᠤᠭ᠋ᠠᠷ ᠵᠦᠢ᠍ᠯ 【ᠠᠷᠭ᠎ᠠ ᠵᠢ ᠬᠡᠷᠡᠭᠵᠢᠭᠦᠯᠬᠦ 】 ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠤᠯᠠᠮᠵᠢᠯᠠᠨ ᠶᠠᠪᠤᠭᠤᠯᠬᠤ ᠲᠤᠬᠠᠶ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2021 ᠣᠨ᠎ᠤ ᠭᠤᠤᠯᠳᠠᠯᠭ᠎ᠠ᠎ᠲᠠᠢ ᠰᠡᠳᠦᠪ᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 
             蒙ICP备05000248号