ᠡᠯ᠎ᠡ ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠤᠰᠤᠨ ᠠᠰᠢᠭᠯᠠᠯᠲᠠ (ᠶᠠᠪᠤᠳᠠᠯ) ᠵᠢᠨ ᠲᠣᠪᠴᠢᠶ᠎ᠠ᠎ᠳᠤ᠄
ᠡᠳᠦᠭᠡ 〈ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠳᠠᠪᠠᠭᠤᠯᠢᠭ ᠣᠷᠣᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)〉 ᠵᠢ ᠤᠯᠠᠮᠵᠢᠯᠠᠨ ᠶᠠᠪᠤᠭᠤᠯᠬᠤ ᠲᠤᠬᠠᠶ 《ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠬᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠠᠯᠪᠠᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠲᠠᠷᠢᠶᠠᠯᠠᠩ ᠠᠯᠪᠠᠨ ᠵᠠᠬ᠎ᠠ [2020] 9 ᠳ᠋ᠦ᠍ᠭᠡᠷ ᠲᠣᠭ᠋ᠠᠲᠤ)᠎ᠢ ᠲᠠᠨᠠᠷ᠎ᠲᠤ ᠤᠯᠠᠮᠵᠢᠯᠠᠨ ᠶᠠᠪᠤᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠳᠣᠤᠷᠠᠬᠢ ᠱᠠᠭ᠋ᠠᠷᠳᠠᠯᠭ᠎ᠠ᠎ᠨᠤᠭᠤᠳ᠎ᠢ ᠳᠤᠷᠠᠳᠪᠠ᠂ ᠬᠠᠮᠲᠤᠳᠤᠨᠢ ᠳᠤᠭᠤᠰᠢᠯᠠᠭᠤᠯᠤᠨ ᠬᠡᠷᠡᠭᠵᠢᠭᠦᠯᠲᠦᠭᠡᠶ᠃
ᠨᠢᠭᠡ᠂ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠢ ᠪᠦᠲᠦᠭᠡᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠢ ᠰᠠᠶ᠋ᠢᠲᠤᠷ ᠪᠦᠲᠦᠭᠡᠨ ᠪᠠᠶ᠋ᠢᠭᠤᠯᠬᠤ᠎ᠨᠢ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠪᠠ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠯ᠎ᠡ ᠠᠶ᠋ᠢᠮᠠᠭ ᠬᠤᠲᠠ᠎ᠨᠤᠭᠤᠳ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠤ ᠪᠠᠶ᠋ᠢᠭ᠎ᠠ ᠭᠠᠵᠠᠷ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠵᠢ᠎ᠨᠢ ᠰᠢᠮᠳᠠᠭᠤᠯᠤᠨ᠂ ᠵᠠᠰᠠᠭ᠎ᠤᠨ ᠣᠷᠳᠣᠨ᠎ᠤ ᠭᠤᠤᠯ ᠣᠳᠣᠷᠢᠳᠤᠯᠭ᠎ᠠ ᠲᠦᠷᠦᠭᠦᠯᠦᠭᠰᠡᠨ᠂ ᠠᠵᠢᠯ ᠲᠥᠷᠥᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠪᠣᠳᠠᠲᠠᠶ ᠨᠠᠶ᠋ᠢᠳᠠᠪᠤᠷᠢᠵᠢᠭᠤᠯᠤᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠳᠡᠮᠵᠢᠵᠦ ᠬᠠᠮᠵᠢᠯᠴᠠᠭᠰᠠᠨ ᠵᠣᠬᠢᠶᠠᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠨ᠂ ᠮᠠᠯ ᠠᠵᠤ ᠠᠬᠤᠶ ᠲᠠᠷᠢᠶᠠᠯᠠᠩ ᠣᠢ ᠰᠢᠭᠤᠶ ᠵᠢᠨ ᠠᠵᠤ ᠠᠬᠤᠶ᠋ᠢᠯᠠᠯ᠂ ᠮᠠᠯᠴᠢᠨ ᠲᠠᠷᠢᠶᠠᠴᠢᠳ᠎ᠤᠨ ᠬᠤᠷᠰᠢᠶ᠎ᠠ ᠵᠡᠷᠭᠡ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠣᠷᠣᠯᠴᠠᠬᠤ ᠵᠢ ᠬᠥᠲᠥᠯᠥᠨ ᠵᠢᠯᠣᠭᠤᠳᠬᠤ ᠪᠠ ᠳᠠᠮᠵᠢᠵᠤ᠂ ᠳᠤᠮᠳᠠᠳᠤ ᠣᠯᠣᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠤ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠨᠡᠮᠡᠭᠳᠡᠭᠦᠯᠬᠦ ᠬᠡᠷᠡᠭᠲᠡᠢ᠃
ᠬᠤᠶᠠᠷ᠂ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠤ ᠬᠢᠨᠠᠨ ᠬᠡᠮᠵᠢᠬᠦ ᠪᠠ ᠦᠨᠡᠯᠡᠨ ᠵᠢᠱ᠌ᠢᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠳᠤ 《ᠬᠢᠨᠠᠨ ᠬᠡᠮᠵᠢᠵᠦ ᠦᠨᠡᠯᠡᠨ ᠵᠢᠱ᠌ᠢᠬᠦ᠂ ᠬᠥᠳᠡᠯᠦᠩᠭᠦᠶ ᠪᠠᠶ᠋ᠢᠳᠠᠯ ᠵᠶ᠋ᠠᠷ ᠬᠠᠮᠢᠶᠠᠷᠬᠤ》 ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠦᠨ᠂ ᠵᠢᠯ ᠪᠦᠷᠢ ᠬᠦᠳᠡᠯᠦᠩᠭᠦᠢ ᠪᠠᠶ᠋ᠢᠳᠠᠯ ᠵᠶ᠋ᠠᠷ ᠬᠢᠨᠠᠨ ᠬᠡᠮᠵᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠥᠷᠪᠡᠨ ᠵᠢᠯ ᠪᠣᠯᠬᠤ ᠪᠦᠷᠢ ᠨᠢᠭᠡ ᠤᠳᠠᠭ᠎ᠠ ᠦᠨᠡᠯᠡᠨ ᠵᠢᠱ᠌ᠢᠨ᠎ᠡ᠃ ᠦᠨᠡᠯᠡᠨ ᠵᠢᠱ᠌ᠢᠯᠲᠡ᠎ᠳᠤ ᠪᠠᠷᠢᠮᠵᠢᠶ᠎ᠠ᠎ᠳᠤ ᠬᠦᠷᠦᠭᠰᠡᠨ ᠦᠭᠡᠢ ᠪᠣᠯ ᠰᠡᠷᠡᠮᠵᠢᠯᠡᠭᠦᠯᠬᠦ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ᠎ᠪᠠᠷ ᠱᠠᠭ᠋ᠠᠷᠳᠠᠵᠤ᠂ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠮᠥᠨ ᠯᠡ ᠪᠠᠷᠢᠮᠵᠢᠶ᠎ᠠ᠎ᠳᠤ ᠬᠦᠷᠦᠭᠰᠡᠨ ᠦᠭᠡᠢ ᠪᠠᠶ᠋ᠢᠪᠠᠯ᠂ 《ᠳᠤᠮᠳᠠᠳᠤ ᠤᠯᠣᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ》᠎ᠤ ᠴᠣᠯᠠ ᠵᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ ᠵᠠᠭᠤᠴᠢᠯᠠᠭᠤᠷ ᠵᠶ᠋ᠠᠷ ᠳᠠᠮᠵᠢᠭᠤᠯᠤᠨ ᠵᠠᠷᠯᠠᠨ ᠨᠡᠶ᠋ᠢᠲᠡᠯᠡᠨ᠎ᠡ᠃ ᠡᠯ᠎ᠡ ᠠᠶ᠋ᠢᠮᠠᠭ ᠬᠤᠲᠠ ᠵᠢᠨ ᠲᠠᠷᠢᠶᠠᠯᠠᠩ ᠮᠠᠯ ᠠᠵᠤ ᠠᠬᠤᠶ᠂ ᠣᠢ ᠰᠢᠭᠤᠶ ᠪᠠ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ᠎ᠤᠳ 《ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ》᠎ᠤ ᠴᠣᠯᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠷᠢᠶ᠎ᠠ ᠣᠷᠣᠨ᠎ᠳᠠᠬᠢ ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ ᠵᠶ᠋ᠠᠨ ᠵᠣᠬᠢᠶᠠᠨ ᠪᠠᠶ᠋ᠢᠭᠤᠯᠤᠨ ᠬᠢᠨᠠᠨ ᠬᠡᠮᠵᠢᠵᠦ ᠦᠨᠡᠯᠡᠨ ᠵᠢᠱ᠌ᠢᠬᠦ ᠪᠠᠷᠢᠮᠵᠢᠶ᠎ᠠ᠎ᠯᠤᠭ᠎ᠠ ᠨᠠᠷᠢᠨ ᠬᠢᠨᠠᠮᠠᠭ᠋ᠠᠶ ᠬᠠᠷᠢᠴᠠᠭᠤᠯᠤᠨ᠂ ᠳᠤᠲᠠᠭᠳᠠᠯ ᠵᠶ᠋ᠠᠨ ᠪᠠᠶ᠋ᠢᠴᠠᠭ᠋ᠠᠵᠤ ᠳᠤᠲᠠᠭᠤ ᠵᠢ᠎ᠨᠢ ᠨᠥᠬᠦᠪᠥᠷᠢᠯᠡᠨ᠂ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠲᠠᠪᠠᠭᠤᠯᠢᠭ ᠣᠷᠣᠨ᠎ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ᠎ᠪᠠᠷ ᠴᠢᠷᠮᠠᠶ᠋ᠢᠬᠤ ᠬᠡᠷᠡᠭᠲᠡᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
2020 ᠣᠨ᠎ᠤ 12 ᠰᠠᠷ᠎ᠠ ᠵᠢᠨ 1᠎ᠤ ᠡᠳᠦᠷ