ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠦᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2020-05-21

      ᠥᠪᠥᠷ ᠵᠠᠰᠠᠭ ᠠᠯᠪᠠᠨ ᠲᠠᠷᠬᠠᠭ᠋ᠠᠭᠰᠠᠨ [2019] 33 ᠳ᠋ᠤᠭ᠋ᠠᠷ ᠲᠤᠭ᠋ᠠᠳᠤ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠡ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃

      ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ

     2025 ᠣᠨ᠎ᠳᠤ ᠮᠠᠨ᠎ᠤ ᠣᠷᠣᠨ᠎ᠤ ᠰᠠᠭ᠋ᠠᠯᠢ ᠵᠢᠨ ᠮᠠᠯ᠎ᠤᠨ ᠲᠤᠭ᠎ᠠ ᠲᠣᠯᠣᠭ᠋ᠠᠢ ᠵᠢ 350 ᠲᠦᠮᠡ ᠪᠣᠯᠭ᠋ᠠᠬᠤ ᠪᠠ ᠰᠦ ᠰᠠᠭ᠋ᠠᠯᠢ ᠵᠢᠨ ᠭᠠᠷᠤᠯᠲᠠ ᠵᠢ 1000 ᠲᠦᠮᠡᠨ ᠳᠤᠨ᠎ᠳᠤ ᠬᠦᠷᠭᠡᠬᠦ ᠬᠠᠷᠠᠯᠲᠠ ᠵᠢ ᠪᠠᠲᠤᠯᠠᠬᠤ ᠵᠢᠨ ᠲᠤᠰᠠᠳᠠ᠂ ᠡᠳᠦᠭᠡ ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ᠎ᠪᠠᠷ ᠳᠣᠣᠷᠠᠬᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃

      ᠨᠢᠭᠡ᠂ ᠲᠠᠷᠢᠵᠤ ᠤᠷᠭᠤᠭᠤᠯᠬᠤ ᠪᠠ ᠠᠷᠠᠴᠢᠯᠠᠨ ᠲᠡᠵᠢᠭᠡᠬᠦ ᠵᠢ ᠤᠶᠠᠯᠳᠤᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ

      ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠵᠢᠨ ᠡᠷᠳᠡᠨᠢ ᠰᠢᠰᠢ᠂ ᠴᠠᠷᠭ᠋ᠠᠰᠤ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠵᠤ ᠬᠠᠳᠤᠵᠤ ᠬᠤᠷᠢᠶᠠᠨ ᠬᠠᠳᠠᠭ᠋ᠠᠯᠠᠵᠤ ᠳᠠᠷᠤᠰᠢᠭᠤᠯᠬᠤ ᠵᠢ ᠢᠳᠡᠪᠬᠢᠲᠡᠢ ᠳᠡᠮᠵᠢᠨ᠎ᠡ᠃ ᠤᠯᠤᠰ᠎ᠠᠴᠠ ᠠᠮᠤ ᠪᠤᠳᠠᠭ᠎ᠠ ᠵᠢ ᠲᠡᠵᠢᠭᠡᠯ ᠪᠣᠷᠳᠤᠭ᠎ᠠ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭ᠋ᠠᠯᠢ ᠵᠢᠨ ᠮᠠᠯᠴᠢᠨ᠎ᠤ ᠬᠤᠷᠰᠢᠶᠠᠯᠠᠯ᠎ᠳᠤ ᠡᠩ ᠲᠡᠷᠢᠭᠦᠨ᠎ᠳᠤ ᠨᠡᠮᠡᠭᠦᠷᠢ ᠥᠭᠭᠦᠨ᠎ᠡ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠥᠯᠥ ᠬᠠᠮᠤᠷᠤᠭᠳᠠᠬᠤ ᠪᠣᠰᠣᠳ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠪᠣᠯᠣᠨ ᠰᠠᠭ᠋ᠠᠯᠢ ᠵᠢᠨ ᠮᠠᠯᠴᠢᠨ᠎ᠤ ᠬᠤᠷᠰᠢᠶᠠᠯᠠᠯ᠂ ᠬᠠᠳᠤᠵᠤ ᠬᠤᠷᠢᠶᠠᠨ ᠬᠠᠳᠠᠭ᠋ᠠᠯᠠᠬᠤ ᠲᠡᠵᠢᠭᠡᠯ ᠡᠪᠡᠰᠦ ᠪᠣᠷᠳᠤᠭ᠎ᠠ ᠵᠢᠨ ᠳᠤᠨ ᠪᠦᠷᠢ᠎ᠳᠤ 50 ᠲᠥᠭᠦᠷᠢᠭ᠎ᠤᠨ ᠨᠡᠮᠡᠭᠦᠷᠢ ᠥᠭᠭᠦᠨ᠎ᠡ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠠᠴᠠ ᠳᠤᠨ ᠪᠦᠷᠢ᠎ᠳᠤ 30 ᠲᠥᠭᠦᠷᠢᠭ᠎ᠤᠨ ᠨᠡᠮᠡᠭᠦᠷᠢ ᠥᠭᠴᠦ᠂ ᠠᠶ᠋ᠢᠮᠠᠭ ᠬᠤᠲᠠ᠎ᠠᠴᠠ 20 ᠲᠥᠭᠦᠷᠢᠭ᠎ᠤᠨ ᠨᠡᠮᠡᠭᠦᠷᠢ ᠲᠥᠬᠦᠷᠵᠢᠭᠦᠯᠦᠨ ᠥᠭᠭᠦᠨ᠎ᠡ᠃ ᠰᠢᠯᠢᠳᠡᠭ ᠴᠢᠨᠠᠷᠲᠠᠢ ᠴᠠᠷᠭ᠋ᠠᠰᠤ ᠵᠢ 500 ᠮᠦ᠍᠎ᠠᠴᠠ ᠳᠡᠭᠡᠭᠰᠢ ᠲᠥᠪᠯᠡᠷᠡᠭᠦᠯᠦᠨ ᠵᠠᠯᠭ᠋ᠠᠯᠳᠤᠭᠤᠯᠵᠤ ᠲᠠᠷᠢᠭᠰᠠᠨ᠂ ᠤᠰᠤ ᠠᠷᠪᠢᠯᠠᠬᠤ ᠤᠰᠤᠯᠠᠯᠲᠠ ᠪᠣᠯᠣᠨ ᠮᠧᠬᠠᠨᠢᠬ᠍ᠵᠢᠭᠤᠯᠤᠭᠰᠠᠨ ᠬᠠᠳᠤᠵᠤ ᠬᠤᠷᠢᠶᠠᠨ ᠬᠠᠳᠠᠭ᠋ᠠᠯᠠᠬᠤ ᠨᠦᠬᠦᠴᠡᠯ ᠪᠦᠷᠢᠯᠳᠦᠭᠦᠯᠦᠭᠰᠡᠨ᠎ᠤ ᠬᠠᠮᠲᠤ᠂ ᠣᠷᠣᠨ᠎ᠤ ᠳᠣᠲᠣᠷᠠᠬᠢ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ᠎ᠯᠦᠭᠡ ᠬᠤᠳᠠᠯᠳᠤᠨ ᠠᠪᠴᠤ ᠪᠣᠷᠤᠯᠠᠭᠤᠯᠬᠤ ᠭᠡᠷ᠎ᠡ ᠪᠠᠶ᠋ᠢᠭᠤᠯᠤᠭᠰᠠᠨ ᠲᠠᠷᠢᠵᠤ ᠤᠷᠭᠤᠭᠤᠯᠬᠤ ᠡᠷᠦᠬᠡ᠂ ᠲᠠᠷᠢᠵᠤ ᠲᠡᠵᠢᠭᠡᠬᠦ ᠵᠢ ᠤᠶᠠᠯᠳᠤᠭᠤᠯᠤᠭᠰᠠᠨ ᠡᠷᠦᠬᠡ ᠵᠢᠴᠢ ᠲᠠᠷᠢᠵᠤ ᠤᠷᠭᠤᠭᠤᠯᠬᠤ ᠠᠵᠤ ᠠᠬᠤᠶ᠋ᠢᠯᠠᠯ᠎ᠳᠤ᠂ ᠮᠦ᠍ ᠪᠦᠷᠢ᠎ᠳᠤ 600 ᠲᠥᠭᠦᠷᠢᠭ᠎ᠤᠨ ᠪᠠᠷᠢᠮᠵᠢᠶ᠎ᠠ ᠶᠣᠰᠤᠭ᠋ᠠᠷ ᠨᠡᠮᠡᠭᠦᠷᠢ ᠣᠯᠭᠤᠨ᠎ᠠ᠃

      ᠬᠤᠶᠠᠷ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠪᠡᠯᠡᠳᠭᠡᠮᠵᠢ ᠲᠣᠨᠤᠭ ᠲᠥᠬᠦᠭᠡᠷᠦᠮᠵᠢ ᠵᠢᠨ ᠨᠡᠮᠡᠭᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ

      ᠲᠠᠷᠢᠶᠠᠯᠠᠩ᠎ᠤᠨ ᠮᠠᠰᠢᠨ᠎ᠤ ᠨᠡᠮᠡᠭᠦᠷᠢ ᠥᠭᠬᠦ ᠭᠠᠷᠴᠠᠭ᠎ᠢ ᠲᠣᠬᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠎ᠳᠤ ᠪᠦᠬᠦᠯᠢ ᠡᠳᠦᠷ᠎ᠤᠨ ᠬᠤᠯᠢᠮᠠᠭ ᠠᠮᠤ ᠪᠣᠷᠳᠣᠭ᠋ᠠᠨ (TMR)᠎ᠤ ᠲᠦᠬᠦᠭᠡᠷᠦᠮᠵᠢ ᠬᠤᠳᠠᠯᠳᠤᠨ ᠠᠪᠬᠤ ᠵᠢᠴᠢ ᠪᠣᠰᠣᠳ ᠲᠡᠵᠢᠭᠡᠨ ᠦᠷᠡᠵᠢᠭᠦᠯᠬᠦ᠂ ᠲᠡᠵᠢᠭᠡᠯ ᠡᠪᠡᠰᠦ ᠪᠣᠷᠳᠤᠭ᠎ᠠ ᠬᠠᠳᠤᠵᠤ ᠬᠤᠷᠢᠶᠠᠨ ᠠᠪᠴᠤ ᠡᠳ᠋ᠰᠢᠭᠦᠯᠦᠨ ᠨᠦᠬᠡᠴᠡᠯᠡᠬᠦ ᠮᠧᠬᠠᠨᠢᠭ᠂ ᠰᠢᠬᠢᠭ ᠰᠠᠩᠭ᠋ᠠᠰᠤ ᠵᠢ ᠰᠢᠢ᠍ᠳᠪᠦᠷᠢᠯᠡᠬᠦ ᠲᠣᠨᠤᠭ ᠲᠦᠬᠦᠭᠡᠷᠦᠮᠵᠢ ᠮᠠᠰᠢᠨ ᠬᠡᠷᠡᠭᠰᠡᠯ ᠵᠡᠷᠭᠡ ᠪᠦᠬᠦ ᠶᠠᠪᠤᠴᠠ᠎ᠪᠠᠷ ᠠᠵᠢᠯᠯᠠᠬᠤ ᠮᠠᠰᠢᠨ ᠬᠡᠷᠡᠭᠰᠡᠯ᠎ᠢ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠢᠨ ᠭᠠᠷᠴᠠᠭ᠎ᠤᠨ ᠬᠡᠪᠴᠢᠶᠡᠨ᠎ᠳᠤ ᠣᠷᠤᠭᠤᠯᠵᠤ᠂ ᠴᠢᠯᠦᠭᠡᠲᠡᠢ ᠨᠡᠮᠡᠭᠦᠷᠢ ᠥᠭᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠰᠠᠭ᠋ᠠᠬᠤ ᠮᠧᠬᠠᠨᠢᠭ᠎ᠤᠨ ᠭᠠᠭᠴᠠ ᠬᠡᠷᠡᠭᠯᠡᠭᠡᠨ᠎ᠲᠠᠢ ᠮᠠᠰᠢᠨ᠎ᠤ ᠨᠡᠮᠡᠭᠦᠷᠢ ᠵᠢ ᠬᠠᠮᠤᠭ ᠦᠨᠳᠦᠷ᠎ᠲᠤ᠎ᠪᠠᠨ 12 ᠲᠦᠮᠡᠨ ᠲᠦᠭᠦᠷᠢᠭ ᠪᠣᠯᠲᠠᠯ᠎ᠠ ᠳᠡᠭᠡᠭᠰᠢᠯᠡᠭᠦᠯᠵᠦ᠂ ᠳᠠᠷᠤᠰᠢᠭᠤᠯᠬᠤ᠎ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ᠎ᠤᠨ ᠭᠠᠭᠴᠠ ᠬᠡᠷᠡᠭᠯᠡᠭᠡᠨ᠎ᠲᠠᠢ ᠮᠠᠰᠢᠨ᠎ᠤ ᠨᠡᠮᠡᠭᠦᠷᠢ ᠵᠢ ᠬᠠᠮᠤᠭ ᠦᠨᠳᠦᠷ᠎ᠲᠤ᠎ᠪᠠᠨ 15 ᠲᠦᠮᠡᠨ ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ᠎ᠤ ᠰᠠᠭ᠋ᠠᠯᠢ ᠵᠢᠨ ᠮᠠᠯ ᠠᠷᠠᠴᠢᠯᠠᠨ ᠲᠡᠵᠢᠭᠡᠬᠦ ᠭᠡᠷ ᠪᠦᠯᠢ ᠵᠢᠨ ᠮᠠᠯᠵᠢᠯ᠎ᠤᠨ ᠲᠠᠯᠠᠪᠠᠢ᠂ ᠰᠠᠭ᠋ᠠᠯᠢ ᠵᠢᠨ ᠮᠠᠯᠴᠢᠨ᠎ᠤ ᠬᠤᠷᠰᠢᠶᠠᠯᠠᠯ᠎ᠤᠨ ᠮᠠᠯ ᠠᠵᠤ ᠠᠬᠤᠢ ᠵᠢᠨ ᠮᠠᠰᠢᠨ ᠬᠡᠷᠡᠭᠰᠡᠯ ᠬᠤᠳᠠᠯᠳᠤᠨ ᠠᠪᠬᠤ ᠨᠡᠮᠡᠭᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠲᠥᠪ᠎ᠤᠨ ᠡᠳ᠋᠎ᠤᠨ ᠵᠠᠰᠠᠭ᠎ᠠᠴᠠ ᠥᠭᠬᠦ ᠨᠡᠮᠡᠭᠦᠷᠢ ᠵᠢᠨ 30 % ᠵᠢᠨ ᠰᠠᠭᠤᠷᠢᠨ ᠳᠡᠭᠡᠷ᠎ᠡ᠂ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ᠎ᠤ ᠰᠠᠭ᠋ᠠᠬᠤ ᠮᠧᠬᠠᠨᠢᠭ ᠪᠠ ᠳᠠᠷᠤᠰᠢᠭᠤᠯᠬᠤ᠎ᠪᠠᠷ ᠬᠠᠳᠤᠵᠤ ᠬᠤᠷᠢᠶᠠᠨ ᠠᠪᠬᠤ ᠮᠠᠰᠢᠨ ᠬᠡᠷᠡᠭᠰᠡᠯ᠎ᠤᠨ ᠭᠠᠭᠴᠠ ᠬᠡᠷᠡᠭᠯᠡᠭᠡᠨ᠎ᠲᠠᠢ ᠮᠠᠰᠢᠨ᠎ᠤ ᠬᠠᠮᠤᠭ ᠦᠨᠳᠦᠷ ᠨᠡᠮᠡᠭᠦᠷᠢ ᠵᠢᠨ ᠬᠡᠮᠵᠢᠶ᠎ᠡ ᠵᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃

      ᠭᠤᠷᠪᠠ᠂ ᠦᠷ᠎ᠡ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ

      ᠭᠤᠣᠯᠯᠠᠠᠬᠤ ᠦᠷ᠎ᠡ ᠡᠭᠦᠯᠳᠡᠷ ᠪᠤᠶ᠋ᠢᠵᠢᠭᠤᠯᠬᠤ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠡᠭᠦᠯᠳᠡᠷ ᠪᠤᠶ᠋ᠢᠵᠢᠭᠤᠯᠬᠤ ᠠᠵᠤ ᠠᠬᠤᠶ᠋ᠢᠯᠠᠯ᠎ᠤᠨ ᠪᠣᠬ᠎ᠠ ᠠᠷᠠᠴᠢᠯᠠᠬᠤ ᠦᠷᠲᠡᠭᠡ ᠬᠢᠭᠡᠳ ᠡᠭᠦᠯᠳᠡᠷ᠎ᠤᠨ ᠦᠨᠢᠶ᠎ᠡ ᠠᠷᠠᠴᠢᠯᠠᠬᠤ ᠲᠠᠯᠠᠪᠠᠢ ᠬᠤᠯᠪᠣᠭ᠋ᠠᠯᠠᠨ ᠡᠭᠦᠯᠳᠡᠷ ᠪᠤᠶ᠋ᠢᠵᠢᠭᠤᠯᠬᠤ ᠵᠢ᠎ᠨᠢ ᠳᠡᠮᠵᠢᠵᠦ᠂ ᠡᠭᠦᠯᠳᠡᠷ ᠪᠤᠶ᠋ᠢᠵᠢᠭᠤᠯᠬᠤ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠎ᠡ᠃ ᠰᠠᠭ᠋ᠠᠯᠢ ᠵᠢᠨ ᠦᠨᠢᠶ᠎ᠡ ᠪᠣᠯᠣᠨ ᠰᠦ ᠠᠯᠠᠰᠢᠨ᠎ᠤ ᠬᠤᠣᠰ ᠬᠡᠷᠡᠭᠴᠡᠭᠡᠨ᠎ᠤ ᠦᠬᠡᠷ ᠡᠭᠦᠯᠳᠡᠷ᠎ᠤᠨ ᠮᠠᠯ ᠵᠢᠭᠦᠷᠲᠡᠨ ᠦᠢ᠍ᠯᠡᠳᠪᠦᠷᠢᠯᠡᠵᠦ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠲᠠᠢ᠂ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠰᠠᠶ᠋ᠢᠨ ᠡᠭᠦᠯᠳᠡᠷ᠎ᠲᠤ ᠲᠣᠭ᠋ᠠᠴᠠᠭᠳᠠᠬᠤ ᠪᠣᠬ᠎ᠠ ᠵᠢ ᠪᠤᠶ᠋ᠢᠵᠢᠭᠤᠯᠤᠭᠰᠠᠨ ᠪᠠᠶ᠋ᠢᠬᠤ ᠵᠢᠨ ᠬᠠᠮᠲᠤ᠂ ᠰᠢᠯᠭ᠋ᠠᠨ ᠬᠢᠨᠠᠬᠤ᠎ᠪᠠᠷ ᠳᠠᠮᠵᠢᠭᠤᠯᠵᠤ ᠪᠠᠷᠢᠮᠵᠢᠶ᠎ᠠ᠎ᠳᠤ ᠨᠡᠶ᠋ᠢᠴᠡᠭᠦᠯᠵᠦ ᠡᠭᠦᠯᠳᠡᠷ ᠪᠤᠶ᠋ᠢᠵᠢᠭᠤᠯᠤᠭᠰᠠᠨ ᠠᠵᠤ ᠠᠬᠤᠶ᠋ᠢᠯᠠᠯ ᠪᠦᠷᠢ᠎ᠳᠤ᠂ ᠵᠢᠯ ᠪᠦᠷᠢ ᠳᠤᠮᠳᠠᠴᠢ᠎ᠪᠠᠷ 1000 ᠲᠦᠮᠡᠨ ᠲᠥᠭᠦᠷᠢᠭ᠎ᠤᠨ ᠨᠦᠬᠦᠪᠦᠷᠢ ᠥᠭᠴᠦ ᠱᠠᠩᠨᠠᠨ᠎ᠠ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ᠎ᠳᠤ ᠪᠣᠳᠤᠭᠲᠤ ᠴᠣᠭᠴᠠ᠎ᠪᠠᠷ᠎ᠨᠢ ᠡᠵᠡᠮᠰᠢᠭᠰᠡᠨ ᠰᠢᠯᠢᠳᠡᠭ ᠴᠢᠨᠠᠷᠲᠠᠢ ᠢᠴᠡᠭᠡᠯ ᠦᠷ᠎ᠡ ᠵᠢ ᠠᠰᠢᠭᠯᠠᠨ ᠬᠡᠷᠡᠭᠯᠡᠪᠡᠯ ᠨᠡᠮᠡᠭᠦᠷᠢ ᠥᠭᠴᠦ᠂ ᠦᠨᠢᠶᠡᠨ᠎ᠤ ᠦᠷᠡᠵᠢᠯᠲᠡ ᠵᠢ ᠲᠦᠷᠭᠡᠳᠭᠡᠨ᠂ ᠰᠠᠭ᠋ᠠᠯᠢ ᠵᠢᠨ ᠦᠨᠢᠶᠡᠨ ᠰᠦᠷᠦᠭ᠎ᠤᠨ ᠨᠡᠮᠡᠭᠳᠡᠬᠦ ᠵᠢ ᠠᠬᠢᠭᠤᠯᠤᠨ᠎ᠠ᠂ ᠨᠡᠮᠡᠭᠦᠷᠢ ᠥᠭᠬᠦ ᠠᠷᠭ᠎ᠠ ᠮᠠᠶᠢᠭ᠎ᠨᠢ ᠪᠣᠯ 《ᠤᠷᠢᠳ ᠵᠶ᠋ᠠᠷ ᠨᠡᠮᠡᠭᠳᠡᠭᠦᠯᠵᠦ ᠳᠠᠷᠠᠭ᠎ᠠ᠎ᠳᠤ᠎ᠨᠢ ᠨᠡᠮᠡᠭᠦᠷᠢ ᠥᠭᠬᠦ》 ᠪᠣᠯᠣᠨ᠎ᠠ᠂ ᠳᠠᠷᠤᠢ 《ᠪᠤᠳᠤᠭᠲᠤ ᠴᠣᠭᠴᠠ ᠵᠢ᠎ᠨᠢ ᠡᠵᠡᠮᠰᠢᠭᠰᠡᠨ ᠢᠴᠡᠭᠡᠯ ᠦᠷ᠎ᠡ ᠵᠢᠨ ᠨᠠᠷᠢᠨ ᠭᠤᠤᠷᠰᠤ᠎ᠲᠠᠢ᠂ ᠲᠤᠭᠤᠯ᠎ᠲᠠᠢ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ᠎ᠲᠠᠢ᠂ ᠲᠡᠵᠢᠭᠡᠨ ᠦᠷᠡᠵᠢᠭᠦᠯᠦᠭᠰᠡᠨ ᠳᠠᠩᠰᠠ ᠡᠪᠬᠡᠮᠡᠯ᠎ᠲᠠᠢ》 ᠪᠠᠶ᠋ᠢᠪᠠᠯ᠂ ᠦᠷᠡᠵᠢᠬᠦ ᠦᠨᠢᠶᠡᠨ᠎ᠤ ᠲᠤᠭ᠎ᠠ ᠲᠣᠯᠣᠭ᠋ᠠᠢ᠎ᠪᠠᠷ᠎ᠨᠢ ᠵᠢᠯ ᠪᠦᠷᠢ 120 ᠲᠥᠭᠦᠷᠢᠭ᠎ᠤᠨ ᠨᠡᠮᠡᠭᠦᠷᠢ ᠥᠭᠭᠦᠨ᠎ᠡ᠃ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠣᠯᠣᠨ ᠰᠠᠭ᠋ᠠᠯᠢ ᠵᠢᠨ ᠮᠠᠯᠴᠢᠨ᠎ᠤ ᠲᠡᠵᠢᠭᠡᠨ ᠦᠷᠡᠵᠢᠭᠦᠯᠬᠦ ᠬᠤᠷᠰᠢᠶᠠᠯᠠᠯ᠎ᠳᠤ ᠭᠠᠳᠠᠭ᠋ᠠᠳᠤ᠎ᠠᠴᠠ ᠣᠷᠤᠭᠤᠯᠤᠭᠰᠠᠨ ᠰᠠᠶ᠋ᠢᠨ ᠡᠭᠦᠯᠳᠡᠷ᠎ᠤᠨ ᠦᠨᠢᠶᠡᠨ᠎ᠤ ᠨᠡᠮᠡᠭᠦᠷᠢ ᠥᠭᠴᠦ᠂ ᠨᠡᠮᠡᠭᠦᠷᠢ ᠥᠭᠬᠦ ᠠᠷᠭ᠎ᠠ ᠮᠠᠶᠢᠭ᠎ᠨᠢ ᠪᠣᠯ 《ᠤᠷᠢᠳ ᠵᠶ᠋ᠠᠷ ᠲᠤᠭ᠎ᠠ ᠲᠣᠯᠣᠭ᠋ᠠᠢ ᠵᠢ᠎ᠨᠢ ᠬᠠᠷᠭᠤᠭᠤᠯᠵᠤ ᠳᠠᠷᠠᠭ᠎ᠠ᠎ᠳᠤ᠎ᠨᠢ ᠨᠡᠮᠡᠭᠦᠷᠢ ᠥᠭᠬᠦ》 ᠪᠣᠯᠣᠨ᠎ᠠ᠂ ᠳᠠᠷᠤᠢ 《ᠭᠠᠳᠠᠭ᠋ᠠᠳᠤ᠎ᠠᠴᠠ ᠣᠷᠤᠭᠤᠯᠤᠭᠰᠠᠨ ᠦᠬᠡᠷ᠎ᠲᠠᠢ᠂ ᠭᠠᠳᠠᠭ᠋ᠠᠳᠤ᠎ᠠᠴᠠ ᠣᠷᠣᠭᠤᠯᠤᠭᠰᠠᠨ ᠭᠠᠷᠳᠠᠮ᠎ᠲᠠᠢ᠂ ᠭᠠᠳᠠᠭ᠋ᠠᠳᠤ᠎ᠠᠴᠠ ᠣᠷᠤᠭᠤᠯᠤᠭᠰᠠᠨ ᠦᠬᠡᠷ᠎ᠤᠨ ᠤᠳᠤᠮ᠎ᠤᠨ ᠳᠠᠩᠰᠠ ᠡᠪᠬᠡᠮᠡᠯ᠎ᠲᠠᠢ᠂ ᠬᠤᠳᠠᠯᠳᠤᠨ ᠠᠪᠤᠭᠰᠠᠨ ᠬᠦᠮᠦᠨ᠎ᠲᠠᠢ》 ᠵᠡᠷᠭᠡ 《ᠳᠥᠷᠪᠡ᠎ᠲᠠᠢ ᠪᠠᠶ᠋ᠢᠬᠤ》 ᠵᠢ ᠬᠠᠷᠭᠤᠭᠤᠯᠤᠭᠰᠠᠨ᠎ᠤ ᠳᠠᠷᠠᠭ᠎ᠠ ᠨᠡᠮᠡᠭᠦᠷᠢ ᠥᠭᠴᠦ᠂ ᠭᠠᠳᠠᠭ᠋ᠠᠳᠤ᠎ᠠᠴᠠ ᠣᠷᠤᠭᠤᠯᠤᠭᠰᠠᠨ ᠰᠠᠶ᠋ᠢᠨ ᠡᠭᠦᠯᠳᠡᠷ᠎ᠤᠨ ᠦᠨᠢᠶᠡᠨ᠎ᠤ ᠲᠤᠭ᠎ᠠ ᠲᠣᠯᠣᠭ᠋ᠠᠢ᠎ᠪᠠᠷ᠎ᠨᠢ 5000 ᠲᠥᠭᠦᠷᠢᠭ᠎ᠤᠨ ᠨᠡᠮᠡᠭᠦᠷᠢ ᠥᠭᠭᠦᠨ᠎ᠡ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 3000 ᠲᠥᠭᠦᠷᠢᠭ᠎ᠤᠨ ᠨᠡᠮᠡᠭᠦᠷᠢ ᠥᠭᠴᠦ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠠᠴᠠ 2000 ᠲᠥᠭᠦᠷᠢᠭ᠎ᠤᠨ ᠨᠡᠮᠡᠭᠦᠷᠢ ᠥᠭᠭᠦᠨ᠎ᠡ᠃

      ᠳᠥᠷᠪᠡ᠂ ᠳᠤᠮᠳᠠ ᠵᠢᠵᠢᠭ ᠬᠡᠪᠴᠢᠶᠡᠨ᠎ᠤ ᠲᠡᠵᠢᠭᠡᠨ ᠦᠷᠡᠵᠢᠭᠦᠯᠬᠦ ᠲᠠᠯᠠᠪᠠᠢ ᠵᠢᠨ ᠥᠭᠡᠷᠡᠴᠢᠯᠡᠨ ᠰᠢᠨᠡᠳᠬᠡᠵᠦ ᠳᠡᠰ ᠳᠡᠪᠰᠢᠬᠦ ᠵᠢ ᠠᠬᠢᠭᠤᠯᠤᠨ᠎ᠠ

      ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ ᠪᠡᠯᠡ ᠮᠦᠩᠭᠦ ᠲᠣᠬᠢᠷᠠᠭᠤᠯᠤᠨ᠂ ᠤᠯᠤᠰ᠎ᠤᠨ ᠳᠤᠮᠳᠠ ᠵᠢᠵᠢᠭ ᠬᠡᠪᠴᠢᠶᠡᠨ᠎ᠤ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠵᠢᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠤᠨ ᠪᠡᠯᠡ ᠮᠦᠩᠭᠦ᠎ᠯᠦᠭᠡ ᠲᠥᠬᠦᠷᠵᠢᠭᠦᠯᠦᠨ ᠬᠡᠷᠡᠭᠯᠡᠵᠦ᠂ ᠲᠡᠵᠢᠭᠡᠵᠦ ᠪᠠᠶ᠋ᠢᠭ᠎ᠠ ᠮᠠᠯ᠎ᠤᠨ ᠲᠤᠭ᠎ᠠ ᠲᠣᠯᠣᠭ᠋ᠠᠢ᠎ᠨᠢ 50 — 800 ᠰᠠᠭ᠋ᠠᠯᠢ ᠵᠢᠨ ᠮᠠᠯ᠎ᠲᠠᠢ ᠪᠠᠶ᠋ᠢᠭ᠎ᠠ ᠭᠡᠷ ᠪᠦᠯᠢ ᠵᠢᠨ ᠮᠠᠯᠵᠢᠯ᠎ᠤᠨ ᠲᠠᠯᠠᠪᠠᠢ ᠪᠣᠯᠣᠨ ᠰᠠᠭ᠋ᠠᠯᠢ ᠵᠢᠨ ᠮᠠᠯᠴᠢᠨ᠎ᠤ ᠬᠤᠷᠰᠢᠶᠠᠯᠠᠯ᠎ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠡᠮᠡᠭᠦᠷᠢ ᠥᠭᠬᠦ》 ᠪᠣᠶᠣ 《ᠱᠠᠩᠨᠠᠬᠤ᠎ᠪᠠᠷ ᠨᠦᠬᠦᠪᠦᠷᠢᠯᠡᠬᠦ ᠵᠢ ᠣᠷᠤᠯᠠᠭᠤᠯᠬᠤ》 ᠠᠷᠭ᠎ᠠ ᠮᠠᠶᠢᠭ᠎ᠢ ᠬᠡᠷᠡᠭᠯᠡᠵᠦ᠂ ᠳᠤᠮᠳᠠ ᠵᠢᠵᠢᠭ ᠬᠡᠪᠴᠢᠶᠡᠨ᠎ᠤ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠦᠷᠢ ᠵᠢᠨ ᠳᠡᠰ ᠳᠡᠪᠰᠢᠵᠦ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠳᠤ ᠳᠤᠮᠳᠠᠴᠢ᠎ᠪᠠᠷ 60 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠂ ᠡᠭᠦᠨ᠎ᠳᠤ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠠᠴᠠ 80% ᠵᠢᠨ ᠨᠡᠮᠡᠭᠦᠷᠢ ᠥᠭᠴᠦ᠂ ᠠᠶ᠋ᠢᠮᠠᠭ ᠬᠤᠲᠠ᠎ᠠᠴᠠ 20% ᠵᠢ ᠲᠥᠬᠦᠷᠵᠢᠭᠦᠯᠦᠨ ᠥᠭᠴᠦ᠂ ᠨᠡᠮᠡᠭᠦᠷᠢ ᠵᠢᠨ ᠪᠡᠯᠡ ᠮᠦᠩᠭᠦ ᠵᠢ ᠲᠡᠵᠢᠭᠡᠨ ᠦᠷᠡᠵᠢᠭᠦᠯᠬᠦ ᠪᠡᠯᠡᠳᠭᠡᠮᠵᠢ ᠲᠥᠬᠦᠭᠡᠷᠦᠮᠵᠢ ᠵᠢᠨ ᠥᠭᠡᠷᠡᠴᠢᠯᠡᠨ ᠰᠢᠨᠡᠳᠬᠡᠬᠦ᠂ ᠲᠡᠵᠢᠭᠡᠯ ᠡᠪᠡᠰᠦ ᠪᠣᠷᠳᠤᠭ᠎ᠠ ᠵᠢᠨ ᠦᠢ᠍ᠯᠡᠳᠪᠦᠷᠢᠯᠡᠵᠦ ᠪᠣᠯᠪᠠᠰᠤᠷᠠᠭᠤᠯᠬᠤ᠂ ᠰᠢᠭᠢᠭ ᠰᠠᠩᠭ᠋ᠠᠰᠤ ᠵᠢᠨ ᠡᠬᠢ ᠪᠠᠶᠠᠯᠢᠬ᠍ᠵᠢᠭᠤᠯᠤᠨ ᠠᠰᠢᠭᠯᠠᠬᠤ ᠵᠢᠴᠢ ᠳᠤᠮᠳᠠ ᠵᠢᠵᠢᠭ ᠬᠡᠪᠴᠢᠶᠠᠨ᠎ᠤ ᠰᠦ ᠴᠠᠭ᠋ᠠᠨ ᠢᠳᠡᠭᠡ ᠪᠣᠯᠪᠠᠰᠤᠷᠠᠭᠤᠯᠬᠤ ᠦᠢ᠍ᠯᠡᠳᠪᠦᠷᠢ ᠵᠢ ᠬᠤᠪᠢ᠎ᠪᠠᠷ ᠵᠶ᠋ᠠᠨ ᠡᠷᠬᠢᠯᠡᠬᠦ ᠵᠡᠷᠭᠡ᠎ᠳᠤ ᠬᠡᠷᠡᠭᠯᠡᠨ᠎ᠡ᠃

      ᠲᠠᠪᠤ᠂ ᠦᠨᠳᠦᠰᠦᠲᠡᠨ᠎ᠤ ᠣᠨᠴᠠᠯᠢᠭᠲᠤ ᠴᠠᠭ᠋ᠠᠨ ᠢᠳᠡᠭᠡ ᠪᠣᠯᠪᠠᠰᠤᠷᠠᠭᠤᠯᠬᠤ ᠵᠢ ᠳᠡᠮᠵᠢᠨ᠎ᠡ

      ᠦᠨᠳᠦᠰᠦᠲᠡᠨ᠎ᠤ ᠣᠨᠴᠠᠯᠢᠭᠲᠤ ᠴᠠᠭ᠋ᠠᠨ ᠢᠳᠡᠭᠡ ᠪᠣᠯᠪᠠᠰᠤᠷᠠᠭᠤᠯᠬᠤ ᠵᠢ ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠬᠦ ᠲᠤᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠦᠨ᠂ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠳᠤ᠎ᠨᠢ ᠨᠡᠮᠡᠭᠦᠷᠢ ᠥᠭᠬᠦ》 ᠪᠣᠶᠣ 《ᠱᠠᠩᠨᠠᠬᠤ᠎ᠪᠠᠷ ᠨᠦᠬᠦᠪᠦᠷᠢᠯᠡᠬᠦ ᠵᠢ ᠣᠷᠤᠯᠠᠭᠤᠯᠬᠤ》 ᠠᠷᠭ᠎ᠠ ᠮᠠᠶᠢᠭ᠎ᠢ ᠬᠡᠷᠡᠭᠯᠡᠵᠦ ᠪᠠᠶ᠋ᠢᠭ᠋ᠠᠳ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ ᠪᠦᠷᠢ᠎ᠳᠤ ᠳᠤᠮᠳᠠᠴᠢ᠎ᠪᠠᠷ 50 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠠᠴᠠ 60% ᠨᠦᠬᠦᠪᠦᠷᠢᠯᠡᠵᠦ᠂ ᠠᠶ᠋ᠢᠮᠠᠭ ᠬᠤᠲᠠ᠎ᠠᠴᠠ 40% ᠵᠢ ᠲᠦᠬᠦᠷᠵᠢᠭᠦᠯᠦᠨ ᠥᠭᠭᠦᠨ᠎ᠡ᠃ ᠨᠡᠮᠡᠭᠦᠷᠢ ᠵᠢᠨ ᠪᠡᠯᠡ ᠮᠦᠩᠭᠦ ᠵᠢ ᠦᠢ᠍ᠯᠡᠳᠪᠦᠷᠢᠯᠡᠯ᠎ᠤᠨ ᠪᠡᠯᠡᠳᠭᠡᠮᠵᠢ᠂ ᠪᠣᠯᠪᠠᠰᠤᠷᠠᠭᠤᠯᠤᠨ ᠦᠢ᠍ᠯᠡᠳᠬᠦ᠂ ᠭᠦᠯᠳᠡᠬᠦᠦ᠎ᠪᠠᠷ ᠬᠡᠯᠬᠢᠶᠡᠵᠢᠭᠦᠯᠦᠨ ᠳᠡᠭᠡᠭᠡᠪᠦᠷᠢᠯᠡᠬᠦ᠂ ᠠᠷᠢᠭᠤᠨ ᠴᠡᠪᠡᠷ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠪᠠᠷᠢᠮᠵᠢᠶᠠᠵᠢᠭᠰᠠᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠨ᠂ ᠦᠨᠳᠦᠰᠦᠲᠡᠨ᠎ᠤ ᠣᠨᠴᠠᠯᠢᠭᠲᠤ ᠴᠠᠭ᠋ᠠᠨ ᠢᠳᠡᠭᠡ ᠪᠣᠯᠪᠠᠰᠤᠷᠠᠭᠤᠯᠬᠤ ᠵᠢᠨ ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠨ ᠳᠡᠰ ᠳᠡᠪᠰᠢᠬᠦ ᠵᠢ᠎ᠨᠢ ᠠᠬᠢᠭᠤᠯᠵᠤ᠂ ᠪᠦᠲᠦᠭᠡᠭᠳᠡᠬᠦᠨ᠎ᠤ ᠶᠠᠰᠤ ᠴᠢᠨᠠᠷ ᠵᠶ᠋ᠠᠷ ᠰᠢᠯᠢᠳᠡᠭ᠂ ᠰᠣᠶᠣᠯ᠎ᠤᠨ ᠣᠨᠴᠠᠯᠢᠭ ᠵᠶ᠋ᠠᠷ ᠢᠯᠡᠷᠬᠡᠢ᠂ ᠨᠡᠷᠡᠲᠦ ᠲᠡᠮᠳᠡᠭᠲᠦ ᠵᠢᠨ ᠢᠲᠡᠭᠡᠮᠵᠢ᠎ᠪᠠᠷ ᠰᠠᠶ᠋ᠢᠨ ᠪᠠᠶ᠋ᠢᠳᠠᠭ ᠦᠨᠳᠦᠰᠦᠲᠡᠨ᠎ᠤ ᠴᠠᠭ᠋ᠠᠨ ᠢᠳᠡᠭᠡ ᠪᠣᠯᠪᠠᠰᠤᠷᠤᠭᠤᠯᠬᠤ ᠨᠢᠭᠡ ᠪᠥᠯᠥᠭ ᠦᠢ᠍ᠯᠡᠳᠪᠦᠷᠢ ᠵᠢᠨ ᠴᠡᠭ᠎ᠢ ᠪᠣᠢ ᠪᠣᠯᠭ᠋ᠠᠨ᠎ᠠ᠃

      ᠵᠢᠷᠭᠤᠭ᠎ᠠ᠂ ᠭᠠᠵᠠᠷ ᠬᠡᠷᠡᠭᠯᠡᠬᠦ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠨ᠎ᠠ

      ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠢ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠭᠰᠠᠨ᠎ᠤ ᠬᠤᠪᠢ᠎ᠳᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠶᠣᠰᠤᠭ᠋ᠠᠷ ᠬᠠᠮᠢᠶᠠᠷᠬᠤ ᠪᠣᠯᠬᠤᠷ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠵᠶ᠋ᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢ᠍ᠴᠡᠳᠭᠡᠬᠦ ᠴᠢᠬᠤᠯᠠ ᠦᠭᠡᠢ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠦᠭᠡᠢ ᠪᠠᠶ᠋ᠢᠬᠤ ᠤᠷᠢᠳᠠᠯ ᠳᠣᠣᠷ᠎ᠠ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ᠎ᠳᠤ ᠡᠩ᠎ᠤᠨ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ ᠵᠶ᠋ᠠᠷ ᠬᠡᠷᠡᠭᠯᠡᠬᠦ ᠵᠢ ᠵᠦᠪᠰᠢᠶᠡᠷᠡᠨ᠂ ᠲᠡᠵᠢᠭᠡᠨ ᠦᠷᠡᠵᠢᠭᠦᠯᠬᠦ ᠬᠡᠷᠡᠭᠴᠡᠭᠡ᠎ᠪᠠᠷ ᠬᠡᠷᠡᠭᠯᠡᠬᠦ ᠪᠣᠯᠣᠭᠰᠠᠨ᠎ᠤ ᠬᠤᠪᠢ᠎ᠳᠤ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ᠎ᠢ ᠡᠵᠡᠯᠡᠵᠦ ᠬᠡᠷᠡᠭᠯᠡᠭᠰᠡᠨ ᠪᠠ ᠲᠡᠭᠦᠨ᠎ᠢ᠎ᠨᠢ ᠨᠦᠬᠦᠪᠦᠷᠢᠯᠡᠬᠦ᠎ᠪᠠᠷ ᠲᠡᠩᠴᠡᠭᠦᠯᠬᠦ ᠴᠢᠬᠤᠯᠠ ᠦᠭᠡᠢ᠃ ᠣᠶ᠋ᠢᠵᠢᠭᠤᠯᠬᠤ᠎ᠳᠤ ᠲᠣᠬᠢᠷᠠᠬᠤ ᠭᠠᠵᠠᠷ ᠪᠣᠯᠣᠨ ᠡᠵᠡᠭᠦᠢ ᠠᠭᠤᠯᠠ ᠭᠤᠤ ᠳᠣᠪᠣᠴᠠᠭ ᠰᠠᠶ᠋ᠢᠷᠭ᠋ᠠᠯ ᠵᠢᠴᠢ ᠬᠦᠳᠡᠭᠡ ᠲᠤᠰᠬᠤᠨ᠎ᠤ ᠬᠠᠮᠲᠤ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠳ᠎ᠢ ᠠᠰᠢᠭᠯᠠᠨ ᠰᠠᠭ᠋ᠠᠯᠢ ᠵᠢᠨ ᠮᠠᠯ᠎ᠤᠨ ᠦᠢ᠍ᠯᠡᠳᠪᠦᠷᠢᠯᠡᠯ᠎ᠳᠤ ᠲᠣᠬᠢᠷᠠᠭᠤᠯᠤᠨ ᠬᠡᠷᠡᠭᠯᠡᠬᠦ ᠵᠢ᠎ᠨᠢ ᠵᠣᠷᠢᠬ᠍ᠵᠢᠭᠤᠯᠤᠨ᠎ᠠ᠃ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠬᠠᠰᠢᠶ᠎ᠠ ᠬᠤᠷᠢᠶ᠎ᠠ᠂ ᠲᠠᠯᠠᠪᠠᠢ ᠲᠣᠭᠤᠷᠢᠭ᠎ᠲᠠᠬᠢ ᠨᠡᠪᠲᠡᠷᠡᠬᠦ ᠵᠠᠮ ᠵᠢᠴᠢ ᠨᠣᠭᠤᠭ᠋ᠠᠷᠠᠭᠤᠯᠵᠤ ᠲᠤᠰᠠᠭ᠋ᠠᠷᠯᠠᠭᠰᠠᠨ ᠭᠠᠵᠠᠷ ᠵᠡᠷᠭᠡ ᠦᠢ᠍ᠯᠡᠳᠪᠦᠷᠢᠯᠡᠯ᠎ᠤᠨ ᠪᠡᠯᠡᠳᠭᠡᠮᠵᠢ᠎ᠳᠤ ᠬᠡᠷᠡᠭᠯᠡᠬᠦ ᠭᠠᠵᠠᠷ᠎ᠢ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠨ ᠦᠨᠳᠦᠰᠦᠯᠡᠵᠦ ᠳᠠᠭ᠋ᠠᠯᠳᠤᠭᠤᠯᠤᠨ ᠪᠠᠶ᠋ᠢᠭᠤᠯᠬᠤ ᠪᠡᠯᠡᠳᠭᠡᠮᠵᠢ᠎ᠳᠤ ᠬᠡᠷᠡᠭᠯᠡᠬᠦ ᠭᠠᠵᠠᠷ ᠵᠶ᠋ᠠᠷ ᠬᠡᠪᠴᠢᠶ᠎ᠡ ᠵᠢ᠎ᠨᠢ ᠨᠡᠮᠡᠭᠳᠡᠭᠦᠯᠦᠨ᠎ᠡ᠂ 15 ᠮᠦ᠍᠎ᠪᠠᠷ ᠳᠡᠭᠡᠲᠥ ᠬᠢᠵᠠᠭ᠋ᠠᠷ ᠪᠣᠯᠭ᠋ᠠᠵᠤ ᠪᠠᠶ᠋ᠢᠭᠰᠠᠨ ᠲᠣᠭᠲᠠᠭ᠋ᠠᠯ᠎ᠢ ᠬᠦᠴᠦᠨ ᠦᠭᠡᠢ ᠪᠣᠯᠭ᠋ᠠᠨ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠦᠢ᠍ᠯᠡᠳᠪᠦᠷᠢᠯᠡᠯ᠎ᠠᠴᠠ ᠪᠣᠢ ᠪᠣᠯᠣᠭᠰᠠᠨ ᠢᠯᠭ᠋ᠠᠳᠠᠰᠤ ᠵᠢ ᠰᠢᠢ᠍ᠳᠪᠦᠷᠢᠯᠡᠬᠦ ᠵᠡᠷᠭᠡ ᠪᠡᠯᠡᠳᠭᠡᠮᠵᠢ ᠪᠠᠶ᠋ᠢᠭᠤᠯᠬᠤ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠎ᠠ᠃ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ᠎ᠢ ᠲᠡᠵᠢᠭᠡᠨ ᠦᠷᠡᠵᠢᠭᠦᠯᠬᠦ ᠲᠠᠯᠠᠪᠠᠢ (ᠡᠷᠦᠬᠡ)᠎ᠨᠢ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠬᠦᠳᠡᠭᠡ ᠲᠤᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠎ᠲᠠᠢ ᠵᠥᠪᠳᠡᠯᠴᠡᠬᠦ ᠵᠢᠨ ᠳᠠᠭ᠋ᠠᠤ᠎ᠳᠤ ᠭᠠᠵᠠᠷ ᠬᠡᠷᠡᠭᠯᠡᠬᠦ ᠵᠥᠪᠯᠡᠯᠴᠡᠭᠡᠷ ᠲᠣᠬᠢᠷᠠᠯᠴᠠᠬᠤ ᠠᠷᠭ᠎ᠠ ᠮᠠᠶᠢᠭ ᠵᠶ᠋ᠠᠷ ᠬᠡᠷᠡᠭᠯᠡᠬᠦ ᠭᠠᠵᠠᠷ ᠵᠶ᠋ᠠᠨ ᠣᠯᠵᠤ ᠪᠣᠯᠣᠨ᠎ᠠ᠃

      ᠳᠣᠯᠤᠭ᠎ᠠ᠂ ᠮᠦᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ

      ᠰᠠᠭ᠋ᠠᠯᠢ ᠵᠢᠨ ᠮᠠᠯ᠎ᠢ ᠠᠮᠢᠳᠤ᠎ᠪᠠᠷ᠂ ᠪᠠᠷᠢᠴᠠᠭ᠋ᠠᠯᠠᠬᠤ ᠡᠷᠬᠡ ᠬᠠᠷᠢᠶᠠᠯᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠡᠵᠢᠭᠡᠵᠦ ᠦᠷᠡᠵᠢᠭᠦᠯᠬᠦ ᠲᠠᠯᠠᠪᠠᠢ᠎ᠪᠠᠷ ᠵᠶ᠋ᠠᠨ ᠪᠠᠷᠢᠴᠠᠭ᠎ᠠ ᠪᠣᠯᠭ᠋ᠠᠭᠰᠠᠨ ᠪᠠᠷᠢᠴᠠᠭ᠋ᠠᠲᠤ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠦᠷᠨᠢᠭᠦᠯᠦᠨ᠂ ᠨᠦᠬᠦᠴᠡᠯ᠎ᠳᠤ ᠨᠡᠶ᠋ᠢᠴᠡᠭᠰᠡᠨ ᠳᠤᠮᠳᠠ ᠵᠢᠵᠢᠭ ᠬᠡᠪᠴᠢᠶᠡᠨ᠎ᠤ ᠮᠠᠯᠵᠢᠯ᠎ᠤᠨ ᠲᠠᠯᠠᠪᠠᠢ ᠵᠢᠨ ᠵᠢᠭᠡᠯᠡᠯᠭᠡ ᠵᠢ ᠲᠠᠷᠢᠶᠠᠯᠠᠩ᠎ᠤᠨ ᠢᠲᠡᠭᠡᠮᠵᠢᠲᠦ ᠵᠢᠭᠡᠯᠡᠯᠭᠡ ᠵᠢᠨ ᠳᠠᠭ᠋ᠠᠭ᠋ᠠᠯᠲᠠ ᠵᠢᠨ ᠰᠢᠰᠲ᠋ᠧᠮᠵᠢ᠎ᠳᠤ ᠣᠷᠣᠭᠤᠯᠵᠤ ᠲᠡᠮᠵᠢᠯᠬᠡ ᠦᠵᠡᠭᠦᠯᠦᠨ᠎ᠡ᠃ ᠰᠦ ᠰᠠᠭ᠋ᠠᠯᠢ ᠵᠢᠨ ᠦᠢ᠍ᠯᠡᠰ᠎ᠤᠨ ᠭᠤᠣᠯ ᠭᠠᠷᠤᠯᠲᠠ ᠵᠢᠨ ᠣᠷᠣᠨ᠂ ᠲᠠᠷᠢᠶᠠᠯᠠᠩ ᠮᠠᠯ ᠠᠵᠤ ᠠᠬᠤᠢ ᠵᠢᠨ ᠢᠲᠡᠭᠡᠮᠵᠢᠲᠦ ᠵᠢᠭᠡᠯᠡᠯᠭᠡ ᠵᠢᠨ ᠳᠠᠭ᠋ᠠᠭ᠋ᠠᠯᠲᠠ ᠵᠢᠨ ᠺᠣᠮᠫᠠᠨᠢ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠣᠯᠣᠨ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ᠎ᠢ ᠬᠤᠯᠪᠣᠭ᠋ᠠᠯᠠᠬᠤ ᠠᠷᠭ᠎ᠠ ᠬᠡᠯᠪᠡᠷᠢ᠎ᠪᠠᠷ ᠳᠠᠮᠵᠢᠭᠤᠯᠵᠤ᠂ 《ᠵᠠᠰᠠᠭ ᠪᠠᠩᠬᠢ ᠳᠠᠭ᠋ᠠᠭ᠋ᠠᠯᠲᠠ》 ᠵᠢᠨ ᠲᠤᠬᠠᠶ᠋ᠢᠯᠠᠭᠰᠠᠨ ᠠᠵᠢᠯ᠎ᠤᠨ ᠵᠠᠭᠪᠤᠷ᠎ᠢ ᠬᠡᠷᠡᠭᠯᠡᠵᠦ ᠪᠠᠶ᠋ᠢᠭ᠋ᠠᠳ ᠳᠠᠭ᠋ᠠᠭ᠋ᠠᠯᠲᠠ᠎ᠪᠠᠷ ᠢᠲᠡᠭᠡᠮᠵᠢ ᠵᠢ᠎ᠨᠢ ᠨᠡᠮᠡᠭᠳᠡᠭᠦᠯᠬᠦ ᠲᠡᠮᠵᠢᠯᠬᠡ ᠦᠵᠡᠭᠦᠯᠦᠨ᠎ᠡ᠃ ᠲᠥᠭᠰᠢᠭᠦᠷᠢ ᠵᠢᠨ ᠲᠦᠯᠦᠪᠦᠷᠢ ᠥᠭᠬᠦ᠂ ᠳᠠᠮ ᠬᠦᠦ ᠮᠦᠩᠭᠦ ᠲᠥᠯᠥᠬᠦ᠂ ᠨᠡᠮᠡᠭᠦᠷᠢ ᠵᠢᠨ ᠳᠠᠭ᠋ᠠᠭ᠋ᠠᠯᠲᠠ ᠵᠢᠨ ᠵᠠᠷᠤᠳᠠᠯ ᠵᠡᠷᠭᠡ ᠲᠥᠷᠥᠯ ᠵᠦᠢ᠍ᠯ᠎ᠤᠨ ᠲᠤᠷᠰᠢᠯᠲᠠ ᠵᠢᠨ ᠴᠡᠭ᠎ᠢ ᠰᠦᠪᠡᠭᠴᠢᠯᠡᠨ ᠦᠷᠨᠢᠭᠦᠯᠵᠦ᠂ ᠲᠥᠭᠰᠢᠭᠦᠷᠢ ᠵᠢᠨ ᠲᠥᠯᠥᠪᠦᠷᠢ ᠵᠢᠨ ᠪᠡᠯᠡ ᠮᠦᠩᠭᠦ ᠵᠢᠨ ᠳᠠᠬᠢᠨ ᠲᠤᠭ᠎ᠠ ᠵᠢ᠎ᠨᠢ ᠠᠭᠤᠵᠢᠭᠤ ᠪᠣᠯᠭ᠋ᠠᠵᠤ᠂ ᠡᠳ᠋᠎ᠤᠨ ᠵᠠᠰᠠᠭ᠎ᠤᠨ ᠪᠡᠯᠡ ᠮᠦᠩᠭᠦ ᠵᠢᠨ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠦᠯᠦᠨ ᠶᠠᠳᠠᠭᠤ ᠵᠢ ᠳᠡᠳᠬᠦᠬᠦ ᠪᠡᠯᠡ ᠮᠥᠩᠭᠦ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠣᠮᠤ ᠬᠡᠯᠪᠡᠷᠢ ᠵᠢᠨ ᠰᠦ ᠰᠠᠭ᠋ᠠᠯᠢ ᠵᠢᠨ ᠪᠣᠯᠪᠠᠰᠤᠷᠠᠭᠤᠯᠬᠤ ᠠᠵᠤ ᠠᠬᠤᠶ᠋ᠢᠯᠠᠯ ᠪᠣᠯᠣᠨ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠠᠵᠤ ᠠᠬᠤᠶ᠋ᠢᠯᠠᠯ᠎ᠳᠤ ᠪᠡᠯᠡ ᠣᠷᠤᠭᠤᠯᠤᠯᠲᠠ᠎ᠪᠠᠨ ᠨᠡᠮᠡᠭᠳᠡᠭᠦᠯᠵᠦ᠂ ᠰᠦ ᠰᠠᠭ᠋ᠠᠯᠢ ᠵᠢᠨ ᠦᠢ᠍ᠯᠡᠰ᠎ᠤᠨ ᠵᠣᠬᠢᠴᠠᠩᠭᠤᠢ ᠬᠦᠭᠵᠢᠬᠦ ᠵᠢ ᠠᠬᠢᠭᠤᠯᠤᠨ᠎ᠠ᠃ (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠬᠡᠷ ᠣᠢ ᠰᠢᠭᠤᠶ ᠵᠢᠨ ᠡᠷᠬᠡ ᠵᠢᠨ ᠲᠥᠷᠥᠯ᠎ᠤᠨ ᠲᠤᠭᠳᠠᠮᠠᠯ ᠬᠥᠷᠥᠩᠭᠡ ᠵᠢ ᠳᠠᠩᠰᠠᠯᠠᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ ᠨᠡᠢ᠌ᠲᠡᠯᠡᠪᠡ
ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠣᠷᠣᠨ ᠪᠦᠰᠡ᠎ᠳᠤ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠵᠠᠷᠯᠢᠭ
《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
《ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠤᠯᠠᠮᠵᠢᠯᠠᠨ ᠶᠠᠪᠤᠭᠤᠯᠬᠤ ᠲᠤᠬᠠᠶ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号