ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠢ ᠦᠪᠣᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2020-05-21

      ᠦᠪᠦᠷ ᠵᠠᠰᠠᠭ ᠠᠯᠪᠠᠨ ᠦᠰᠦᠭ [2020] 26 ᠳ᠋ᠤᠭ᠋ᠠᠷ ᠲᠣᠭ᠋ᠠᠲᠤ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠲᠡᠭᠡᠨ ᠵᠠᠰᠠᠬᠤ ᠤᠷᠤᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠨᠢ ᠥᠭᠡᠷᠡᠴᠢᠯᠡᠯᠲᠡ ᠬᠥᠭᠵᠢᠯᠲᠡ ᠪᠠ ᠨᠡᠶ᠋ᠢᠭᠡᠮ᠎ᠤᠨ ᠲᠣᠭᠲᠠᠭᠤᠨ᠎ᠤ ᠶᠡᠭᠡ ᠲᠠᠯ᠎ᠠ᠎ᠳᠤ ᠬᠤᠯᠪᠣᠭᠳᠠᠵᠤ᠂ ᠥᠷᠭᠡᠨ ᠤᠯᠠᠨ ᠠᠷᠠᠳ ᠲᠦᠮᠡᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ ᠵᠡᠷᠭᠡ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠵᠤ ᠪᠠᠶ᠋ᠢᠳᠠᠭ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠳᠦᠷᠢᠮ》 《ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 87 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠭᠠᠯ ᠲᠦᠢ᠍ᠮᠡᠷ᠎ᠢ ᠪᠦᠲᠦᠮᠵᠢᠲᠡᠶ ᠰᠡᠷᠭᠡᠶ᠋ᠢᠯᠡᠬᠦ ᠪᠠ ᠭᠠᠯ ᠲᠦᠢ᠍ᠮᠡᠷ᠎ᠤᠨ ᠠᠶᠤᠯ ᠬᠥᠨᠥᠭᠡᠯ᠎ᠢ ᠪᠠᠭ᠋ᠠᠰᠬᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠪᠡ᠃

    ᠨᠢᠭᠡ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠣᠬᠢᠶᠠᠨ ᠪᠠᠶ᠋ᠢᠭᠤᠯᠵᠤ ᠤᠳᠤᠷᠢᠳᠬᠤ ᠵᠢ ᠴᠢᠩᠭ᠋ᠠᠳᠬᠠᠬᠤ ᠬᠡᠷᠡᠭᠲᠡᠢ

    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠨᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ᠎ᠤᠨ ᠣᠷᠳᠣᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠬᠠᠤᠯᠢ ᠶᠣᠰᠣᠭ᠋ᠠᠷ ᠬᠢᠨᠠᠨ ᠬᠠᠮᠢᠶᠠᠷᠬᠤ᠂ ᠨᠢᠭᠡᠴᠢ᠎ᠨᠦᠭᠦᠳ ᠪᠦᠬᠦ ᠲᠠᠯ᠎ᠠ᠎ᠪᠠᠷ ᠬᠠᠷᠢᠭᠤᠴᠠᠬᠤ᠂ ᠢᠷᠭᠡᠳ ᠢᠳᠡᠪᠬᠢᠲᠡᠢ ᠣᠷᠣᠯᠴᠠᠬᠤ ᠵᠠᠷᠴᠢᠮ ᠶᠣᠰᠣᠭ᠋ᠠᠷ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠠᠯ ᠰᠡᠷᠭᠡᠶ᠋ᠢᠯᠡᠵᠦ ᠤᠨᠳᠠᠷᠠᠭ᠋ᠠᠬᠤ ᠵᠠᠰᠠᠯᠳᠠ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠢᠰᠲ᠋ᠧᠮᠵᠢ᠎ᠳᠤ ᠣᠷᠣᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠯᠦᠭᠡ ᠲᠣᠬᠢᠷᠠᠯᠴᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ; ᠭᠤᠤᠯ ᠬᠠᠷᠢᠭᠤᠴᠠᠯᠭ᠋ᠠᠲᠠᠨ ᠪᠤᠶᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ ᠵᠶ᠋ᠠᠷ ᠲᠦᠷᠦᠭᠦᠯᠡᠭᠦᠯᠦᠭᠰᠡᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠶ; ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠴᠢᠬᠤᠯᠠ ᠶᠡᠭᠡ ᠵᠦᠢ᠍ᠯᠡᠰ᠎ᠢ ᠰᠤᠳᠤᠯᠵᠤ ᠪᠠᠶ᠋ᠢᠷᠢᠯᠠᠭᠤᠯᠬᠤ ᠬᠡᠷᠡᠭᠲᠡᠶ; ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠡᠳᠦᠷ ᠲᠤᠲᠤᠮ᠎ᠤᠨ ᠪᠠᠶ᠋ᠢᠴᠠᠭ᠋ᠠᠯᠲᠠ ᠪᠠ ᠵᠠᠰᠠᠭ᠎ᠤᠨ ᠶᠠᠪᠤᠳᠠᠯ᠎ᠤᠨ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠴᠢᠬᠤᠯᠠ ᠠᠭᠤᠯᠭ᠎ᠠ᠎ᠳᠤ ᠣᠷᠣᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠰᠢᠯᠭ᠋ᠠᠨ ᠬᠢᠨᠠᠬᠤ ᠵᠢ ᠵᠢᠯ ᠪᠦᠷᠢ ᠵᠣᠬᠢᠶᠠᠨ ᠪᠠᠶ᠋ᠢᠭᠤᠯᠵᠤ᠂ ᠰᠢᠯᠭ᠋ᠠᠵᠤ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠪᠠᠨ ᠠᠬᠢᠭᠤᠯᠬᠤ ᠬᠡᠷᠡᠭᠲᠡᠶ᠃

      ᠬᠤᠶᠠᠷ᠂ ᠠᠵᠢᠯ ᠲᠥᠷᠥᠯ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠶ᠋ᠢᠵᠢᠭᠤᠯᠬᠤ ᠬᠡᠷᠡᠭᠲᠡᠶ

      ᠡᠯ᠎ᠡ ᠰᠠᠯᠠᠭ᠎ᠠ ᠮᠥᠴᠢᠷ᠎ᠨᠢ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠬᠠᠮᠢᠶ᠎ᠠ ᠪᠦᠬᠦᠢ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠬᠠᠤᠯᠢ ᠶᠣᠰᠣᠭ᠋ᠠᠷ ᠨᠠᠶ᠋ᠢᠳᠠᠪᠤᠷᠢᠵᠢᠭᠤᠯᠤᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠲᠠᠯ᠎ᠠ᠎ᠪᠠᠷ᠎ᠬᠢ ᠪᠠᠶ᠋ᠢᠴᠠᠭ᠋ᠠᠯᠲᠠ ᠵᠠᠰᠠᠯᠲᠠ ᠵᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠤᠨ ᠬᠠᠨᠳᠤᠯᠭ᠋ᠠᠳᠤ ᠴᠢᠨᠠᠷᠲᠠᠶ᠎ᠪᠠᠷ ᠥᠷᠨᠢᠭᠦᠯᠵᠦ᠂ ᠭᠠᠯ ᠲᠦᠢ᠍ᠮᠡᠷ ᠭᠠᠷᠬᠤ ᠳᠠᠯᠳᠠ ᠭᠡᠮ᠎ᠢ ᠴᠠᠭ ᠲᠤᠬᠠᠶ᠎ᠳᠤ᠎ᠨᠢ ᠠᠷᠢᠯᠭ᠋ᠠᠬᠤ ᠬᠡᠷᠡᠭᠲᠡᠶ᠃ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠳᠤ ᠲᠤᠯᠭ᠋ᠠᠷᠠᠭᠰᠠᠨ ᠳᠤᠪᠤᠶ᠋ᠢᠮ᠎ᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠶ᠃ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠰᠣᠶᠣᠯ ᠪᠠ ᠵᠢᠭᠤᠯᠴᠢᠯᠠᠯ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ ᠰᠠᠯᠠᠭ᠎ᠠ ᠮᠥᠴᠢᠷ ᠵᠢᠴᠢ ᠴᠢᠯᠠᠭᠤᠨ ᠲᠣᠰᠣ ᠬᠢᠮᠢ᠂ ᠴᠠᠬᠢᠯᠭ᠋ᠠᠨ ᠬᠦᠴᠦᠨ ᠵᠡᠷᠭᠡ ᠠᠵᠢᠯ ᠲᠥᠷᠥᠯ᠎ᠤᠨ ᠬᠠᠮᠢᠶᠠᠷᠤᠯᠲᠠ ᠵᠢᠨ ᠰᠢᠨᠵᠢ ᠴᠢᠨᠠᠷ᠎ᠲᠠᠢ ᠠᠵᠤ ᠠᠬᠤᠶ᠋ᠢᠯᠠᠯ᠎ᠤᠳ ᠲᠣᠰ ᠠᠵᠢᠯ ᠲᠥᠷᠥᠯ᠎ᠤᠨ ᠰᠢᠰᠲ᠋ᠧᠮ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠪᠠᠷᠢᠮᠵᠢᠶ᠎ᠠ᠎ᠳᠤ ᠬᠦᠷᠦᠭᠦᠯᠵᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠥᠷᠨᠢᠭᠦᠯᠦᠨ᠂ ᠬᠡᠪ ᠳᠠᠭᠤᠷᠢᠶᠠᠯ ᠪᠣᠯᠬᠤ ᠨᠢᠭᠡ ᠪᠦᠯᠦᠭ ᠨᠢᠭᠡᠴᠢ ᠵᠢ ᠪᠣᠢ ᠪᠣᠯᠭ᠋ᠠᠬᠤ ᠬᠡᠷᠡᠭᠲᠡᠶ᠃

      ᠭᠤᠷᠪᠠ᠂ ᠦᠨᠳᠦᠰᠦᠨ ᠱᠠᠲᠤᠨ᠎ᠤ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ

      ᠡᠯ᠎ᠡ ᠭᠠᠵᠠᠷ ᠣᠷᠣᠨ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠲᠠᠯ᠎ᠠ᠎ᠪᠠᠷ᠎ᠬᠢ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠶᠣᠰᠣᠭ᠋ᠠᠷ᠂ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠢ 《ᠣᠯᠠᠨ ᠰᠦᠯᠵᠢᠶ᠎ᠡ ᠵᠢ ᠨᠡᠶ᠋ᠢᠯᠡᠭᠦᠯᠦᠨ ᠨᠢᠭᠡ ᠪᠣᠯᠭ᠋ᠠᠬᠤ》 ᠶᠡᠷᠦᠩᠬᠡᠶ᠋ᠢᠯᠡᠭᠰᠡᠨ ᠲᠣᠤᠷ ᠰᠦᠯᠵᠢᠶ᠎ᠡ ᠵᠢᠨ ᠬᠠᠮᠢᠶᠠᠷᠤᠯᠲᠠ ᠪᠠ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢᠨ ᠠᠭᠤᠯᠭ᠎ᠠ᠎ᠳᠤ ᠣᠷᠣᠭᠤᠯᠵᠤ᠂ ᠰᠤᠮᠤ ᠰᠢᠶᠠᠩ ᠪᠠᠯᠭ᠋ᠠᠰᠤᠨ᠎ᠤ ᠱᠠᠲᠤᠨ᠎ᠠᠴᠠ ᠳᠣᠷᠣᠭᠰᠢᠬᠢ ᠭᠠᠯ ᠲᠦᠢ᠍ᠮᠡᠷ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠰᠦᠪᠡᠭᠴᠢᠯᠡᠨ ᠲᠡᠭᠦᠯᠳᠡᠷᠵᠢᠭᠦᠯᠵᠦ᠂ ᠣᠨ᠎ᠤ ᠠᠵᠢᠯ᠎ᠤᠨ ᠲᠥᠯᠥᠪᠯᠡᠭᠡ ᠲᠣᠭᠲᠠᠭ᠋ᠠᠨ᠂ ᠵᠢᠯ ᠳᠠᠷᠠᠭ᠋ᠠᠯᠠᠨ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠬᠥᠳᠡᠭᠡ ᠲᠣᠰᠬᠤᠨ᠎ᠤ ᠭᠠᠯ ᠲᠦᠢ᠍ᠮᠡᠷ᠎ᠢ ᠳᠠᠷᠤᠵᠤ ᠬᠤᠷᠢᠬᠤ ᠪᠦᠭᠦ ᠲᠠᠯ᠎ᠠ ᠵᠢᠨ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃ ᠤᠶᠤᠲᠠᠳ᠎ᠤᠨ ᠰᠠᠶ᠋ᠢᠨ ᠳᠤᠷ᠎ᠠ᠎ᠠᠴᠠ᠎ᠪᠠᠨ ᠪᠠᠷᠠᠭᠤᠨ ᠣᠷᠣᠨ᠎ᠤ ᠲᠥᠯᠥᠪᠯᠡᠭᠡ᠎ᠳᠠᠬᠢ ᠣᠷᠣᠨ ᠨᠤᠲᠤᠭ᠎ᠤᠨ ᠲᠥᠷᠥᠯ ᠵᠦᠢ᠍ᠯ᠎ᠳᠤ ᠦᠢ᠍ᠯᠡᠴᠢᠯᠡᠬᠦ᠎ᠯᠦᠭᠡ ᠤᠶᠠᠯᠳᠤᠭᠤᠯᠤᠨ᠂ ᠭᠠᠯ ᠲᠦᠢ᠍ᠮᠡᠷ ᠰᠡᠷᠭᠡᠶ᠋ᠢᠯᠡᠵᠦ ᠤᠨᠲᠠᠷᠠᠭ᠋ᠠᠬᠤ ᠰᠠᠶ᠋ᠢᠨ ᠳᠤᠷᠠᠴᠤᠳ᠎ᠤᠨ ᠡᠩᠨᠡᠭᠡ ᠵᠢ ᠰᠦᠪᠡᠭᠴᠢᠯᠡᠨ ᠪᠠᠶ᠋ᠢᠭᠤᠯᠵᠤ᠂ ᠨᠡᠶ᠋ᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ᠎ᠳᠤ ᠭᠠᠯ ᠲᠦᠢ᠍ᠮᠡᠷ ᠭᠠᠷᠬᠤ ᠳᠠᠯᠳᠠ ᠭᠡᠮ᠎ᠢ ᠪᠠᠶ᠋ᠢᠩᠭᠤ ᠴᠠᠭᠳᠠᠨ ᠪᠠᠶ᠋ᠢᠴᠠᠭ᠋ᠠᠬᠤ ᠪᠠ ᠡᠨᠡ ᠲᠠᠯ᠎ᠠ᠎ᠪᠠᠷ᠎ᠬᠢ ᠤᠬᠠᠭᠤᠯᠬᠤ ᠪᠣᠯᠪᠠᠰᠤᠷᠠᠭᠤᠯᠬᠤ ᠬᠥᠮᠥᠵᠢᠭᠦᠯᠬᠦ ᠠᠵᠢᠯ᠎ᠢ ᠥᠷᠨᠢᠭᠦᠯᠦᠨ᠂ ᠬᠠᠮᠤᠭ᠎ᠤᠨ ᠳᠣᠣᠷ᠎ᠠ ᠱᠠᠲᠤᠨ᠎ᠳᠤ ᠬᠦᠷᠲᠡᠯ᠎ᠡ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠮᠢᠶᠠᠷᠤᠯᠲᠠ ᠵᠢᠨ ᠠᠵᠢᠯ᠎ᠢ ᠥᠷᠭᠡᠨ ᠬᠡᠪᠴᠢᠶ᠎ᠡ᠎ᠲᠠᠢ ᠬᠢᠬᠦ ᠬᠡᠷᠡᠭᠲᠡᠶ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ ᠵᠢᠨ ᠲᠣᠮᠢᠯᠠᠭᠰᠠᠨ ᠰᠠᠯᠪᠤᠷᠢ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠲᠠᠯ᠎ᠠ᠎ᠪᠠᠷ᠎ᠬᠢ ᠡᠳᠦᠷ ᠲᠤᠲᠤᠮ᠎ᠤᠨ ᠬᠢᠨᠠᠯᠲᠠ ᠪᠠᠶ᠋ᠢᠴᠠᠭ᠋ᠠᠯᠲᠠ ᠪᠠ ᠤᠬᠠᠭᠤᠯᠭ᠎ᠠ ᠬᠥᠮᠦᠵᠢᠯ᠎ᠢ ᠥᠷᠨᠢᠭᠦᠯᠵᠦ ᠪᠣᠯᠤᠨ᠎ᠠ᠃

      ᠳᠥᠷᠪᠡ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠬᠦᠨᠳᠦ ᠶᠡᠭᠡ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ

      ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠭᠤᠷᠪᠠᠨ ᠵᠢᠯ᠎ᠤᠨ ᠲᠤᠰᠬᠠᠶ ᠴᠡᠭᠴᠡᠯᠡᠨ ᠵᠠᠰᠠᠬᠤ ᠠᠵᠢᠯ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠪᠠᠶ᠋ᠢᠳᠠᠯ᠎ᠳᠤ ᠵᠠᠳᠠᠯᠤᠨ ᠰᠤᠳᠤᠯᠵᠤ ᠮᠠᠭ᠋ᠠᠳᠯᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠲᠠᠯ᠎ᠠ᠎ᠪᠠᠷ᠎ᠬᠢ ᠲᠣᠪᠤᠶ᠋ᠢᠮ᠎ᠠ ᠠᠰᠠᠭᠤᠳᠠᠯ᠎ᠢ ᠣᠨᠣᠪᠴᠢᠲᠠᠶ᠎ᠪᠠᠷ ᠵᠠᠰᠠᠬᠤ ᠬᠡᠷᠡᠭᠲᠡᠢ᠃ 《ᠠᠮᠢ ᠨᠠᠰᠤᠨ᠎ᠤ ᠠᠪᠤᠷᠠᠯᠲᠠ ᠵᠢᠨ ᠵᠠᠮ᠎ᠢ ᠨᠡᠪᠲᠡᠷᠡᠭᠦᠯᠬᠦ》 ᠠᠵᠢᠯ᠎ᠤᠨ ᠰᠢᠪᠲᠤᠯᠤᠯᠲᠠ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠦᠨ᠂ ᠳᠣᠲᠣᠭ᠋ᠠᠳᠤ ᠵᠢ ᠬᠠᠮᠠᠭ᠋ᠠᠯᠠᠬᠤ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠬᠤᠲᠠ ᠵᠢᠨ ᠬᠠᠮᠢᠶᠠᠷᠤᠯᠲᠠ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠵᠤ᠂ ᠭᠠᠯ ᠤᠨᠲᠠᠷᠠᠭ᠋ᠠᠬᠤ ᠲᠡᠷᠭᠡᠨ᠎ᠤ ᠵᠠᠮ᠎ᠳᠤ ᠰᠠᠭ᠋ᠠᠳ᠎ᠲᠠᠢ ᠪᠣᠯᠭ᠋ᠠᠭᠰᠠᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠭᠠᠯ ᠤᠨᠲᠠᠷᠠᠭ᠋ᠠᠬᠤ ᠲᠡᠷᠭᠡᠨ᠎ᠤ ᠵᠠᠮ᠎ᠳᠤ ᠰᠡᠷᠡᠮᠵᠢᠯᠡᠭᠦᠯᠬᠦ ᠵᠢᠷᠤᠭ᠋ᠠᠰᠤ ᠪᠠ ᠲᠡᠮᠳᠡᠭ ᠵᠢᠷᠤᠵᠤ ᠲᠠᠯᠪᠢᠬᠤ ᠠᠵᠢᠯ᠎ᠢ ᠳᠠᠭᠤᠰᠬᠠᠵᠤ᠂ 2021 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠭᠠᠯ ᠤᠨᠲᠠᠷᠠᠭ᠋ᠠᠬᠤ ᠲᠡᠷᠭᠡᠨ᠎ᠤ ᠵᠠᠮ᠎ᠳᠤ ᠰᠠᠭ᠋ᠠᠳ᠎ᠲᠠᠢ ᠪᠣᠯᠭ᠋ᠠᠭᠰᠠᠨ ᠪᠠ ᠲᠦᠭᠵᠢᠵᠦ ᠪᠥᠭᠯᠡᠭᠰᠡᠨ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠵᠦ ᠳᠠᠭᠤᠰᠬᠠᠬᠤ ᠬᠡᠷᠡᠭᠲᠡᠶ᠃ ᠭᠠᠯ ᠭᠠᠷᠬᠤ ᠲᠦᠭᠰᠢᠭᠦᠷᠢ ᠶᠡᠬᠡᠲᠡᠶ ᠭᠠᠵᠠᠷ ᠲᠠᠯᠠᠪᠤᠷ᠎ᠲᠠᠬᠢ ᠬᠠᠮᠢᠶᠠᠷᠤᠯᠲᠠ ᠵᠢ ᠴᠢᠩᠭ᠋ᠠᠳᠬᠠᠵᠤ᠂ ᠭᠠᠯ ᠭᠠᠷᠬᠤ ᠲᠦᠭᠰᠢᠭᠦᠷᠢ ᠶᠡᠬᠡᠲᠡᠶ ᠨᠢᠭᠡᠴᠢ᠂ ᠭᠠᠯ ᠰᠡᠷᠭᠡᠶ᠋ᠢᠯᠡᠵᠦ ᠠᠮᠤᠷ ᠲᠦᠪᠰᠢᠨ᠎ᠢ ᠪᠠᠲᠤᠯᠠᠬᠤ ᠭᠤᠤᠯᠳᠠᠯᠭ᠎ᠠ᠎ᠲᠠᠢ ᠨᠢᠭᠡᠴᠢ᠎ᠳᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠪᠠᠷᠢᠮᠵᠢᠶᠠᠵᠢᠨᠨᠰᠠᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠬᠤᠳᠠᠯᠳᠤᠭ᠋ᠠᠨ᠎ᠤ ᠲᠣᠮᠣ ᠬᠡᠯᠪᠡᠷᠢ ᠵᠢᠨ ᠶᠡᠷᠦᠩᠬᠡᠶ᠋ᠢᠯᠡᠭᠰᠡᠨ ᠴᠣᠭᠴᠠ ᠵᠡᠷᠭᠡ ᠲᠦᠭᠰᠢᠭᠦᠷᠢ ᠶᠡᠬᠡᠲᠡᠶ ᠨᠢᠭᠡᠴᠢ ᠵᠢ ᠵᠣᠷᠢᠭᠵᠢᠭᠤᠯᠵᠤ ᠪᠠᠶ᠋ᠢᠭ᠋ᠠᠳ ᠭᠠᠯ ᠰᠡᠷᠭᠡᠶ᠋ᠢᠯᠡᠬᠦ ᠬᠠᠮᠢᠶᠠᠷᠤᠯᠲᠠ ᠵᠢᠨ ᠲᠤᠰᠬᠠᠶ ᠪᠦᠯᠬᠦᠮ ᠨᠡᠶ᠋ᠢᠲᠡ ᠵᠢ ᠣᠷᠣᠭᠤᠯᠤᠨ ᠠᠪᠴᠢᠷᠠᠵᠤ᠂ ᠭᠠᠯ ᠰᠡᠷᠭᠡᠶ᠋ᠢᠯᠡᠵᠦ ᠠᠮᠤᠷ ᠲᠦᠪᠰᠢᠨ᠎ᠢ ᠪᠠᠲᠤᠯᠠᠬᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠬᠦ ᠬᠡᠷᠡᠭᠲᠡᠶ᠃ ᠣᠯᠠᠨ ᠨᠡᠶ᠋ᠢᠲᠡ ᠵᠢᠨ ᠠᠮᠤᠷ ᠲᠦᠪᠰᠢᠨ᠎ᠢ ᠨᠥᠯᠥᠭᠡᠯᠡᠬᠦ ᠬᠥᠨᠳᠥ ᠶᠡᠭᠡ ᠭᠠᠯ ᠭᠠᠷᠬᠤ ᠳᠠᠯᠳᠠ ᠭᠡᠮ ᠵᠶ᠋ᠠᠨ ᠠᠷᠢᠯᠭ᠋ᠠᠬᠤ ᠵᠢ᠎ᠨᠢ ᠬᠠᠤᠯᠢ ᠶᠣᠰᠣᠭ᠋ᠠᠷ ᠨᠡᠷ᠎ᠡ ᠵᠢᠭ᠋ᠠᠨ ᠰᠢᠮᠳᠠᠭᠤᠯᠤᠨ ᠭᠦᠢ᠍ᠴᠡᠳᠬᠡᠯᠬᠡᠵᠦ᠂ ᠬᠦᠨᠳᠦ ᠶᠡᠭᠡ ᠭᠠᠯ ᠭᠠᠷᠬᠤ ᠳᠠᠯᠳᠠ ᠭᠡᠮ ᠵᠶ᠋ᠠᠨ ᠬᠠᠷᠠᠬᠠᠨ ᠴᠡᠭᠴᠡᠯᠡᠵᠦ ᠰᠠᠶ᠋ᠢᠵᠢᠷᠠᠭᠤᠯᠤᠨ ᠳᠠᠭᠤᠰᠬᠠᠭ᠋ᠠᠳᠤᠢ ᠬᠠᠮᠢᠶ᠎ᠠ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠰᠢᠮᠳᠠᠭᠤᠯᠵᠤ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ᠎ᠨᠢ ᠨᠠᠶ᠋ᠢᠳᠠᠪᠤᠷᠢᠵᠢᠭᠤᠯᠤᠨ᠂ ᠰᠢᠮᠳᠠᠭᠤᠯᠵᠤ ᠴᠡᠭᠴᠡᠯᠡᠨ ᠰᠠᠶ᠋ᠢᠵᠢᠷᠠᠭᠤᠯᠬᠤ ᠡᠷᠴᠢᠮ᠎ᠢ᠎ᠨᠢ ᠴᠢᠩᠭ᠋ᠠᠷᠠᠭᠤᠯᠵᠤ᠂ ᠲᠣᠭᠲᠠᠭᠰᠠᠨ ᠴᠠᠭ᠎ᠲᠤ᠎ᠪᠠᠨ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠨᠠᠰᠤᠵᠢᠯ᠎ᠤᠨ ᠪᠠᠶ᠋ᠢᠭᠤᠯᠤᠮᠵᠢ᠂ ᠵᠢᠵᠢᠭ ᠪᠠᠭᠤᠳᠠᠯ᠂ 《ᠣᠯᠠᠨ ᠵᠦᠢ᠍ᠯ᠎ᠢ ᠬᠠᠮᠲᠤᠷᠠᠭᠤᠯᠤᠭᠰᠠᠨ》 ᠵᠡᠷᠭᠡ ᠲᠠᠯᠠᠪᠤᠷ ᠭᠠᠵᠠᠷ᠎ᠢ ᠦᠷᠭᠦᠯᠵᠢᠯᠡᠨ ᠬᠥᠲᠥᠯᠦᠨ ᠵᠢᠯᠣᠭᠤᠳᠴᠤ ᠪᠠᠶ᠋ᠢᠭ᠋ᠠᠳ ᠳᠥᠭᠦᠮ ᠰᠦᠷᠴᠢᠭᠦᠷ᠂ ᠲᠤᠰᠠᠭ᠋ᠠᠷ ᠲᠦᠭᠰᠢᠭᠦᠷᠢ ᠮᠡᠳᠡᠭᠦᠯᠬᠦ ᠲᠦᠬᠦᠭᠡᠷᠦᠮᠵᠢ ᠤᠭᠰᠠᠷᠠᠭᠤᠯᠤᠭᠰᠠᠨ ᠪᠠᠶ᠋ᠢᠬᠤ ᠬᠡᠷᠡᠭᠲᠡᠢ᠃ ᠴᠢᠬᠤᠯᠠ ᠶᠡᠭᠡ ᠠᠵᠢᠯᠯᠠᠭ᠎ᠠ᠂ ᠴᠢᠬᠤᠯᠠ ᠪᠠᠶᠠᠷ᠎ᠤᠨ ᠡᠳᠦᠷ ᠵᠢᠴᠢ ᠭᠠᠯ᠎ᠤᠨ ᠠᠶᠤᠯ ᠡᠭᠦᠰᠬᠦ ᠤᠯᠠᠷᠢᠯ᠎ᠳᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ ᠵᠶ᠋ᠠᠨ ᠦᠨᠡᠨ ᠬᠦ᠌ ᠰᠠᠶ᠋ᠢᠲᠤᠷ ᠬᠢᠵᠦ᠂ ᠴᠢᠬᠤᠯᠠ ᠵᠠᠩᠭᠢᠯᠠᠭ᠎ᠠ ᠵᠢᠨ ᠦᠶ᠎ᠡ᠎ᠳᠠᠬᠢ ᠭᠠᠯ ᠰᠡᠷᠭᠡᠶ᠋ᠢᠯᠡᠵᠤ ᠠᠮᠤᠷ ᠲᠦᠪᠰᠢᠨ᠎ᠢ ᠬᠠᠮᠠᠭ᠋ᠠᠯᠠᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠶ᠃

      ᠲᠠᠪᠤ᠂ ᠵᠠᠷᠤᠳᠠᠯ ᠮᠦᠩᠭᠦ ᠣᠷᠣᠭᠤᠯᠬᠤ ᠪᠠ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠢ

      ᠡᠯ᠎ᠡ ᠭᠠᠵᠠᠷ ᠣᠷᠣᠨ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠣᠷᠣᠭᠤᠯᠬᠤ ᠵᠠᠷᠤᠳᠠᠯ ᠮᠦᠩᠭᠦ᠎ᠪᠠᠨ ᠨᠡᠮᠡᠭᠳᠡᠭᠦᠯᠵᠦ᠂ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠵᠢ ᠲᠤᠰ ᠱᠠᠲᠤᠨ᠎ᠤ ᠡᠳ᠋᠎ᠤᠨ ᠵᠠᠰᠠᠭ᠎ᠤᠨ ᠨᠢᠭᠡᠳᠦᠭᠡᠷ ᠳᠡᠰ᠎ᠤᠨ ᠲᠥᠰᠦᠪ᠎ᠤᠨ ᠨᠢᠭᠡᠴᠢ᠎ᠳᠤ ᠵᠢᠭᠰᠠᠭ᠋ᠠᠨ ᠣᠷᠣᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠶᠣᠰᠣᠭ᠋ᠠᠷ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠠᠷᠤᠳᠠᠯ᠎ᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠬᠡᠷᠡᠭᠲᠡᠶ᠃ ᠬᠤᠲᠠ ᠪᠠᠯᠭ᠋ᠠᠰᠤᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠰᠬᠠᠶ ᠲᠥᠯᠥᠪᠵᠢᠭᠦᠯᠭᠡ ᠵᠢ ᠴᠠᠭ ᠲᠤᠬᠠᠶ᠎ᠳᠤ᠎ᠨᠢ ᠨᠠᠶ᠋ᠢᠷᠠᠭᠤᠯᠤᠨ ᠵᠠᠰᠠᠵᠤ᠂ ᠣᠨ᠎ᠤ ᠠᠵᠢᠯ᠎ᠤᠨ ᠲᠥᠯᠥᠪᠯᠡᠭᠡ ᠲᠣᠭᠲᠠᠭ᠋ᠠᠬᠤ ᠵᠢᠨ ᠬᠠᠮᠲᠤ ᠰᠢᠮᠳᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠎ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠭᠠᠯ ᠲᠦᠢ᠍ᠮᠡᠷ ᠰᠡᠷᠭᠡᠶ᠋ᠢᠯᠡᠵᠦ ᠤᠨᠲᠠᠷᠠᠭ᠋ᠠᠬᠤ ᠲᠥᠯᠥᠪᠵᠢᠭᠦᠯᠭᠡ ᠨᠠᠶ᠋ᠢᠷᠠᠭᠤᠯᠤᠨ ᠵᠣᠬᠢᠶᠠᠬᠤ ᠪᠠ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠵᠢ ᠠᠬᠢᠭᠤᠯᠬᠤ ᠬᠡᠷᠡᠭᠲᠡᠢ᠃ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠲᠡᠭᠡ ᠵᠢ ᠵᠦᠶ ᠵᠣᠬᠢᠰᠲᠠᠶ ᠲᠥᠯᠥᠪᠵᠢᠭᠦᠯᠦᠨ ᠪᠠᠶ᠋ᠢᠭᠤᠯᠵᠤ᠂ ᠲᠥᠯᠥᠪᠵᠢᠭᠦᠯᠦᠨ ᠪᠠᠶ᠋ᠢᠭᠤᠯᠬᠤ᠎ᠳᠤ ᠦᠷᠢᠲᠦᠭᠰᠡᠨ ᠥᠷᠢ ᠰᠢᠷᠢ ᠵᠢ᠎ᠨᠢ ᠳᠠᠷᠦ᠋ᠢ᠍ᠬᠠᠨ ᠭᠦᠢ᠍ᠴᠡᠳ ᠨᠥᠬᠦᠪᠦᠷᠢᠯᠡᠨ᠂ ᠬᠤᠲᠠ ᠪᠠᠯᠭ᠋ᠠᠰᠤᠨ᠎ᠤ ᠭᠤᠤᠯ ᠪᠣᠯᠬᠤ ᠬᠤᠲᠠ ᠲᠣᠭᠤᠷᠢᠭ᠂ ᠬᠤᠳᠠᠯᠳᠤᠭ᠋ᠠᠨ᠎ᠤ ᠬᠥᠭᠵᠢᠶᠡᠨ ᠶᠡᠬᠡᠲᠡᠢ ᠵᠡᠭᠡᠯᠢ ᠲᠣᠭᠤᠷᠢᠭ᠎ᠲᠤ ᠬᠡᠪᠴᠢᠶ᠎ᠡ᠎ᠪᠠᠷ ᠪᠠᠭ᠎ᠠ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠲᠡᠭᠡ ᠵᠢ ᠪᠠᠶ᠋ᠢᠷᠢᠯᠠᠭᠤᠯᠤᠨ ᠪᠠᠶ᠋ᠢᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠲᠡᠭᠡ ᠵᠢᠨ ᠪᠦᠲᠦᠭᠡᠨ ᠪᠠᠶ᠋ᠢᠭᠤᠯᠤᠯᠲᠠ᠎ᠪᠠᠷ 《ᠲᠤᠲᠠᠮᠠᠭ ᠪᠠᠶ᠋ᠢᠭ᠎ᠠ》 ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ᠃ ᠬᠤᠲᠠ ᠵᠢᠨ ᠶᠠᠪᠤᠳᠠᠯ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠤᠰᠤᠨ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠠᠷᠭ᠎ᠠ ᠵᠢ ᠲᠦᠷᠭᠡᠳᠬᠡᠨ ᠲᠣᠭᠲᠠᠭ᠋ᠠᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠤᠰᠤᠨ ᠰᠤᠷᠪᠤᠯᠵᠢ ᠵᠢ ᠪᠠᠲᠤᠯᠠᠵᠤ ᠬᠠᠮᠠᠭ᠋ᠠᠯᠠᠬᠤ᠎ᠪᠠᠨ ᠴᠢᠩᠭ᠋ᠠᠳᠬᠠᠨ᠂ ᠰᠢᠨ᠎ᠡ᠎ᠪᠠᠷ ᠪᠠᠶ᠋ᠢᠭᠤᠯᠵᠤ ᠪᠠᠶ᠋ᠢᠭ᠎ᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠨᠡᠭᠡᠭᠡᠯᠲᠡ ᠵᠢᠨ ᠲᠣᠭᠤᠷᠢᠭ ᠵᠡᠷᠭᠡ᠎ᠳᠤ ᠭᠠᠯ ᠤᠨᠲᠠᠷᠠᠭ᠋ᠠᠬᠤ ᠤᠰᠤᠨ ᠰᠤᠷᠪᠤᠯᠵᠢ ᠵᠢ ᠵᠡᠷᠭᠡ᠎ᠳᠤ᠎ᠨᠢ ᠪᠠᠶ᠋ᠢᠭᠤᠯᠬᠤ ᠬᠡᠷᠡᠭᠲᠡᠶ᠃ ᠵᠠᠰᠠᠭ᠎ᠤᠨ ᠣᠷᠳᠣᠨ ᠪᠠ ᠠᠵᠤ ᠠᠬᠤᠶ᠋ᠢᠯᠠᠯ᠎ᠤᠨ ᠲᠤᠰᠬᠠᠶ ᠠᠵᠢᠯ᠎ᠤᠨ ᠠᠩᠭᠢ᠂ ᠬᠥᠳᠡᠭᠡ ᠲᠣᠰᠬᠤᠨ᠎ᠤ ᠰᠠᠶ᠋ᠢᠨ ᠳᠤᠷᠠᠴᠤᠳ᠎ᠤᠨ ᠠᠩᠭᠢ ᠵᠡᠷᠭᠡ ᠣᠯᠠᠨ ᠬᠡᠯᠪᠡᠷᠢ ᠪᠦᠬᠦᠢ ᠭᠠᠯ ᠰᠡᠷᠬᠡᠶ᠋ᠢᠯᠡᠵᠦ ᠤᠨᠲᠠᠷᠠᠭ᠋ᠠᠬᠤ ᠡᠩᠨᠡᠭᠡ ᠵᠢ ᠢᠳᠡᠪᠬᠢᠲᠡᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ 2022 ᠣᠨ᠎ᠳᠤ ᠨᠡᠶ᠋ᠢᠭᠡᠮ ᠲᠣᠭᠤᠷᠢᠭ᠎ᠤᠨ 《ᠨᠢᠭᠡ ᠲᠣᠭᠤᠷᠢᠭ᠎ᠲᠤ ᠨᠢᠭᠡ ᠥᠷᠲᠡᠭᠡ᠎ᠲᠠᠢ》 ᠪᠠ ᠮᠠᠯᠵᠢᠬᠤ ᠲᠠᠷᠢᠶᠠᠯᠠᠬᠤ ᠣᠷᠣᠨ᠎ᠤ 《ᠨᠢᠭᠡ ᠲᠣᠰᠬᠤᠨ᠎ᠳᠤ ᠨᠢᠭᠡ ᠥᠷᠲᠡᠭᠡ᠎ᠲᠠᠢ》 ᠪᠣᠯᠭ᠋ᠠᠬᠤ ᠵᠢ ᠪᠡᠶᠡᠯᠡᠭᠦᠯᠬᠦ ᠬᠡᠷᠡᠭᠲᠡᠢ᠃

      ᠵᠢᠷᠭᠤᠭ᠎ᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ

      ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠴᠠᠭ ᠠᠭᠤᠷ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠤᠰᠤ ᠴᠠᠬᠢᠯᠭ᠋ᠠᠨ ᠬᠡᠢ ᠬᠠᠩᠭ᠋ᠠᠬᠤ ᠵᠡᠷᠭᠡ ᠣᠯᠠᠨ ᠰᠠᠯᠠᠭ᠎ᠠ ᠮᠥᠴᠢᠷ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠠᠮᠵᠢᠯᠴᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠣᠯᠠᠨ ᠰᠠᠯᠠᠭ᠎ᠠ ᠮᠥᠴᠢᠷ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠣᠳᠠᠲᠠᠢ ᠰᠣᠷᠢᠯᠲᠠ ᠵᠢ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠵᠣᠬᠢᠶᠠᠨ ᠪᠠᠶ᠋ᠢᠭᠤᠯᠵᠦ ᠥᠷᠨᠢᠭᠦᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠠᠯ᠎ᠠ᠎ᠪᠠᠷ᠎ᠬᠢ ᠬᠠᠮᠲᠤᠷᠠᠨ ᠬᠥᠳᠡᠯᠦᠯᠴᠡᠬᠦ ᠪᠠ ᠡᠬᠢ ᠪᠠᠶᠠᠯᠢᠭ᠎ᠢ ᠬᠠᠮᠲᠤ᠎ᠪᠠᠷ ᠬᠦᠷᠲᠡᠬᠦ ᠵᠢ᠎ᠨᠢ ᠴᠢᠩᠭ᠋ᠠᠷᠠᠭᠤᠯᠬᠤ ᠬᠡᠷᠡᠭᠲᠡᠶ᠃ ᠲᠤᠰᠬᠠᠶ ᠮᠡᠷᠭᠡᠵᠢᠯ᠎ᠤᠨ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠠᠮᠰᠢᠭ ᠠᠳᠡᠯ᠎ᠤᠨ ᠣᠨᠴᠠᠯᠢᠭ᠎ᠲᠠᠢ᠎ᠨᠢ ᠤᠶᠠᠯᠳᠤᠭᠤᠯᠤᠨ᠂ ᠥᠨᠳᠥᠷ ᠪᠠᠷᠢᠯᠭ᠎ᠠ᠂ ᠬᠢᠮᠢ ᠵᠢᠨ ᠠᠵᠤ ᠦᠢ᠍ᠯᠡᠳᠪᠦᠷᠢ᠂ ᠪᠠᠶ᠋ᠢᠭ᠋ᠠᠯᠢ ᠵᠢᠨ ᠭᠠᠮᠰᠢᠭ᠂ ᠪᠠᠷᠢᠯᠭ᠎ᠠ ᠵᠢᠨ ᠬᠦᠨᠳᠦ ᠬᠡᠯᠪᠡᠷᠢ ᠵᠢᠨ ᠮᠧᠬᠠᠨᠢᠭ᠂ ᠭᠠᠯ ᠤᠨᠲᠠᠷᠠᠭ᠋ᠠᠵᠦ ᠠᠪᠤᠷᠠᠬᠤ᠎ᠳᠤ ᠲᠤᠰᠠᠯᠠᠭᠤᠯᠬᠤ ᠨᠣᠬᠠᠶ ᠵᠢᠴᠢ ᠶᠡᠷᠦᠩᠬᠡᠶ᠋ᠢᠯᠡᠭᠰᠡᠨ ᠴᠢᠨᠠᠷᠲᠠᠶ ᠠᠪᠤᠷᠠᠨ ᠲᠤᠰᠠᠯᠠᠬᠤ ᠵᠡᠷᠭᠡ ᠲᠤᠰᠬᠠᠶ ᠠᠪᠤᠷᠠᠨ ᠲᠤᠰᠠᠯᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠲᠣᠨᠤᠭ ᠲᠥᠬᠦᠭᠡᠷᠦᠮᠵᠢ ᠪᠠᠭ᠋ᠠᠵᠢ ᠬᠡᠷᠡᠭᠰᠡᠯ᠎ᠢ᠎ᠨᠢ ᠪᠦᠷᠢᠨ ᠲᠣᠬᠢᠷᠠᠭᠤᠯᠬᠤ ᠬᠡᠷᠡᠭᠲᠡᠶ᠃ ᠡᠯ᠎ᠡ ᠱᠠᠲᠤᠨ᠎ᠤ ᠭᠠᠯ ᠰᠡᠷᠭᠡᠶ᠋ᠢᠯᠡᠵᠦ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡ᠎ᠨᠢ 《ᠭᠤᠤᠯ ᠬᠦᠴᠦᠨ》᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠮᠡᠷᠭᠡᠵᠢᠯ᠎ᠤᠨ ᠲᠠᠯ᠎ᠠ᠎ᠪᠠᠷ᠎ᠬᠢ ᠪᠠᠶ᠋ᠢᠯᠳᠤᠬᠤ ᠠᠷᠭ᠎ᠠ ᠵᠢᠨ ᠰᠤᠳᠤᠯᠤᠯ᠎ᠢ ᠴᠢᠩᠭ᠋ᠠᠳᠬᠠᠵᠤ᠂ ᠲᠤᠰᠬᠠᠶ᠋ᠢᠵᠢᠭᠰᠠᠨ ᠪᠣᠯᠪᠠᠰᠤᠷᠠᠯ ᠪᠣᠯᠤᠨ ᠪᠣᠳᠠᠲᠠᠢ ᠰᠣᠷᠢᠯᠲᠠ ᠵᠢ ᠢᠳᠡᠪᠬᠢᠲᠡᠶ ᠥᠷᠨᠢᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠵᠦ᠂ ᠡᠯ᠎ᠡ ᠲᠥᠷᠥᠯ᠎ᠤᠨ ᠭᠠᠯ ᠲᠦᠢ᠍ᠮᠡᠷ᠎ᠤᠨ ᠠᠳᠡᠯ᠎ᠢ ᠴᠠᠭ ᠲᠤᠬᠠᠶ᠎ᠳᠤ᠎ᠨᠢ ᠪᠦᠲᠦᠮᠵᠢᠲᠡᠶ ᠰᠢᠢ᠍ᠳᠪᠦᠷᠢᠯᠡᠬᠦ ᠬᠡᠷᠡᠭᠲᠡᠶ᠃

      ᠳᠣᠯᠤᠭ᠎ᠠ᠂ ᠮᠠᠯᠵᠢᠬᠤ ᠲᠠᠷᠢᠶᠠᠯᠠᠬᠤ ᠣᠷᠣᠨ᠎ᠳᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ

      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠵᠶ᠋ᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠪᠡ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠤᠨ᠂ ᠮᠠᠯᠵᠢᠬᠤ ᠲᠠᠷᠢᠶᠠᠯᠠᠬᠤ ᠣᠷᠣᠨ᠎ᠳᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠲᠠᠯ᠎ᠠ᠎ᠪᠠᠷ᠎ᠬᠢ ᠴᠢᠬᠤᠯᠠ ᠶᠡᠭᠡ ᠠᠰᠠᠭᠤᠳᠠᠯ᠎ᠢ ᠴᠠᠭ ᠲᠤᠬᠠᠶ᠎ᠳᠤ᠎ᠨᠢ ᠰᠤᠳᠤᠯᠤᠨ ᠰᠢᠢ᠍ᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠳᠠᠬᠢ ᠭᠠᠯ ᠤᠨᠲᠠᠷᠠᠭ᠋ᠠᠬᠤ ᠬᠦᠴᠦᠨ᠎ᠤ ᠪᠠᠶ᠋ᠢᠭᠤᠯᠤᠯᠲᠠ ᠵᠢ ᠬᠦᠴᠦᠲᠡᠢ ᠠᠬᠢᠭᠤᠯᠤᠨ᠂ ᠭᠠᠴᠠᠭ᠎ᠠ ᠲᠣᠰᠬᠤᠨ᠎ᠳᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠯᠣᠭᠤᠳᠤᠨ ᠳᠠᠮᠵᠢᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠲᠤᠰᠢᠶᠠᠯ ᠬᠠᠪᠰᠤᠷᠭ᠋ᠠᠭᠰᠠᠨ ᠬᠠᠮᠢᠶᠠᠷᠤᠭᠴᠢ ᠵᠢ ᠲᠣᠬᠢᠷᠠᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ᠎ᠳᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠢ ᠪᠠᠲᠤᠯᠠᠬᠤ ᠨᠥᠬᠦᠴᠡᠯ᠎ᠢ᠎ᠨᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠤᠰᠤᠨ ᠰᠤᠷᠪᠤᠯᠵᠢ ᠪᠠ ᠭᠠᠯ ᠰᠡᠷᠭᠡᠶ᠋ᠢᠯᠡᠵᠦ ᠤᠨᠲᠠᠷᠠᠭ᠋ᠠᠬᠤ ᠲᠡᠷᠭᠡᠨ᠎ᠤ ᠵᠠᠮ ᠵᠡᠷᠭᠡ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ᠎ᠯᠦᠭᠡ ᠵᠡᠷᠭᠡ᠎ᠳᠤ᠎ᠨᠢ ᠪᠦᠲᠦᠭᠡᠨ ᠪᠠᠶ᠋ᠢᠭᠤᠯᠬᠤ ᠵᠢ ᠪᠠᠷᠢᠮᠲᠠᠯᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠡᠩᠨᠡᠭᠡ ᠵᠢ ᠪᠠᠶ᠋ᠢᠭᠤᠯᠤᠨ᠂ ᠭᠠᠯ ᠤᠨᠲᠠᠷᠠᠭ᠋ᠠᠬᠤ ᠠᠵᠢᠯ ᠡᠭᠦᠷᠭᠡ ᠵᠢ ᠭᠦᠢ᠍ᠴᠡᠳᠬᠡᠵᠦ ᠪᠡᠯᠡᠳᠬᠡᠬᠦ ᠲᠠᠯᠠᠪᠤᠷ ᠭᠠᠵᠠᠷ᠎ᠢ᠎ᠨᠢ ᠲᠣᠭᠲᠠᠪᠤᠷᠢᠲᠠᠢ ᠪᠠᠶ᠋ᠢᠯᠭ᠋ᠠᠵᠤ᠂ 《ᠨᠢᠭᠡ ᠲᠣᠰᠬᠤᠨ᠎ᠳᠤ ᠨᠢᠭᠡ ᠡᠩᠨᠡᠭᠡ ᠨᠢᠭᠡ ᠲᠡᠷᠭᠡ ᠨᠢᠭᠡ ᠤᠨᠳᠠᠷᠠᠭ᠋ᠠᠭᠤᠷ ᠨᠢᠭᠡ ᠬᠥᠭᠡᠷᠭᠡ ᠨᠢᠭᠡ ᠫᠠᠶ᠋ᠢᠰᠠ》᠎ᠲᠠᠢ ᠪᠠᠶ᠋ᠢᠯᠭ᠋ᠠᠬᠤ ᠱᠠᠭ᠋ᠠᠷᠳᠠᠯᠭ᠎ᠠ ᠶᠣᠰᠣᠭ᠋ᠠᠷ ᠲᠣᠨᠤᠭ ᠲᠥᠬᠦᠭᠡᠷᠦᠮᠵᠢ ᠪᠠᠭ᠋ᠠᠵᠢ ᠬᠡᠷᠡᠭᠰᠡᠯ ᠲᠣᠬᠢᠷᠠᠭᠤᠯᠤᠨ᠂ ᠪᠣᠯᠪᠠᠰᠤᠷᠠᠭᠤᠯᠤᠯ ᠪᠠ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠭᠠᠯ ᠤᠨᠲᠠᠷᠠᠭ᠋ᠠᠵᠤ ᠠᠶᠤᠯ᠎ᠠᠴᠠ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃

      ᠨᠠᠢ᠍ᠮᠠ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠵᠶ᠋ᠠᠨ ᠨᠡᠶ᠋ᠢᠭᠡᠮ ᠨᠡᠶ᠋ᠢᠲᠡ᠎ᠳᠤ ᠤᠬᠠᠭᠤᠯᠬᠤ ᠵᠢ ᠪᠡᠶᠡᠯᠡᠭᠦᠯᠬᠦ ᠬᠡᠷᠡᠭᠲᠡᠢ

      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ᠎ᠨᠢ ᠣᠷᠣᠨ ᠪᠦᠰᠡ᠂ ᠤᠯᠠᠷᠢᠯ ᠵᠡᠷᠭᠡ ᠵᠢᠨ ᠣᠨᠴᠠᠯᠢᠭ᠎ᠲᠠᠢ ᠤᠶᠠᠯᠳᠤᠭᠤᠯᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠤᠬᠠᠭᠤᠯᠭ᠎ᠠ ᠬᠥᠮᠦᠵᠢᠯ᠎ᠢ ᠪᠠᠶ᠋ᠢᠩᠭᠤ ᠵᠢᠨ ᠴᠢᠨᠠᠷᠲᠠᠶ ᠬᠢᠵᠦ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠠᠮᠤᠷ ᠲᠦᠪᠰᠢᠨ᠎ᠤ ᠮᠡᠳᠡᠯᠬᠡ ᠵᠢ ᠠᠵᠤ ᠠᠬᠤᠶ᠋ᠢᠯᠠᠯ᠂ ᠬᠥᠳᠡᠭᠡ ᠲᠣᠰᠬᠤᠨ᠂ ᠨᠡᠶ᠋ᠢᠭᠡᠮ ᠲᠣᠭᠤᠷᠢᠭ᠂ ᠰᠤᠷᠭ᠋ᠠᠭᠤᠯᠢ᠂ ᠭᠡᠷ ᠪᠦᠯᠢ ᠪᠦᠬᠦᠨ᠎ᠳᠤ ᠤᠶ᠋ᠢᠯᠠᠭ᠋ᠠᠵᠦ ᠡᠵᠡᠮᠰᠢᠬᠦᠯᠬᠦ ᠠᠵᠢᠯᠯᠠᠭ᠎ᠠ ᠵᠢ ᠬᠠᠨᠳᠤᠯᠭ᠋ᠠᠳᠤ ᠴᠢᠨᠠᠷᠲᠠᠶ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠭᠠᠯ ᠰᠡᠷᠭᠡᠶ᠋ᠢᠯᠡᠵᠦ ᠤᠨᠲᠠᠷᠠᠭ᠋ᠠᠬᠤ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠯᠠᠪᠤᠷ ᠣᠷᠳᠣᠨ᠂ ᠭᠠᠯ ᠤᠨᠲᠠᠷᠠᠭ᠋ᠠᠬᠤ ᠨᠡᠭᠡᠭᠡᠯᠲᠡ᠎ᠲᠠᠢ ᠥᠷᠲᠡᠭᠡ ᠪᠠ ᠳᠤᠮᠳᠠᠳᠤ ᠪᠠᠭ᠎ᠠ ᠰᠤᠷᠭ᠋ᠠᠭᠤᠯᠢ᠂ ᠨᠡᠶ᠋ᠢᠭᠡᠮ ᠲᠣᠭᠤᠷᠢᠭ᠎ᠲᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠤᠬᠠᠭᠤᠯᠬᠤ ᠭᠠᠵᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠰᠣᠨᠢᠨ ᠮᠡᠳᠡᠭᠡᠨ᠎ᠤ ᠵᠠᠭᠤᠴᠢ ᠪᠣᠯᠤᠨ ᠲᠠᠪᠴᠠᠩ᠎ᠢ ᠭᠦᠢ᠍ᠴᠡᠳ ᠠᠰᠢᠭᠯᠠᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠤᠬᠠᠭᠤᠯᠭ᠎ᠠ ᠪᠣᠯᠤᠨ ᠬᠡᠷᠡᠭ᠎ᠤᠨ ᠵᠢᠱ᠌ᠢᠶ᠎ᠡ᠎ᠪᠠᠷ ᠰᠡᠷᠡᠮᠵᠢᠯᠡᠭᠦᠯᠵᠦ ᠬᠥᠮᠥᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠤᠬᠠᠭᠤᠯᠬᠤ ᠬᠡᠪᠴᠢᠶ᠎ᠡ ᠵᠢ ᠥᠷᠭᠡᠳᠬᠡᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠬᠡᠴᠢ᠎ᠨᠦᠭᠦᠳ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠨᠢᠭᠡᠴᠢ᠎ᠳᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠬᠥᠮᠦᠵᠢᠯ ᠪᠣᠯᠪᠠᠰᠤᠷᠠᠭᠤᠯᠤᠯ ᠵᠶ᠋ᠠᠨ ᠴᠢᠩᠭ᠋ᠠᠳᠬᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠵᠢᠯ ᠪᠦᠷᠢ ᠵᠣᠬᠢᠶᠠᠨ ᠪᠠᠶ᠋ᠢᠭᠤᠯᠵᠤ᠂ ᠠᠵᠢᠯ ᠲᠥᠷᠥᠯ᠎ᠤᠨ ᠠᠵᠢᠭᠯᠠᠭᠰᠠᠳ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠲᠠᠯ᠎ᠠ᠎ᠪᠠᠷ᠎ᠬᠢ ᠠᠮᠤᠷ ᠲᠦᠪᠰᠢᠨ᠎ᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠶ᠃ 2020 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠦ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠦᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠬᠡᠷ ᠣᠢ ᠰᠢᠭᠤᠶ ᠵᠢᠨ ᠡᠷᠬᠡ ᠵᠢᠨ ᠲᠥᠷᠥᠯ᠎ᠤᠨ ᠲᠤᠭᠳᠠᠮᠠᠯ ᠬᠥᠷᠥᠩᠭᠡ ᠵᠢ ᠳᠠᠩᠰᠠᠯᠠᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ ᠨᠡᠢ᠌ᠲᠡᠯᠡᠪᠡ
ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠣᠷᠣᠨ ᠪᠦᠰᠡ᠎ᠳᠤ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠵᠠᠷᠯᠢᠭ
《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
《ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠤᠯᠠᠮᠵᠢᠯᠠᠨ ᠶᠠᠪᠤᠭᠤᠯᠬᠤ ᠲᠤᠬᠠᠶ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
             蒙ICP备05000248号