ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠬᠡᠷ ᠣᠢ ᠰᠢᠭᠤᠶ ᠵᠢᠨ ᠡᠷᠬᠡ ᠵᠢᠨ ᠲᠥᠷᠥᠯ᠎ᠤᠨ ᠲᠤᠭᠳᠠᠮᠠᠯ ᠬᠥᠷᠥᠩᠭᠡ ᠵᠢ ᠳᠠᠩᠰᠠᠯᠠᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2020-06-22

      ᠲᠦᠷᠦᠭᠦᠬᠡᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠬᠡᠷ ᠬᠠᠮᠲᠤᠷᠠᠨ 《ᠣᠶ ᠰᠢᠭᠤᠶ ᠵᠢᠨ ᠡᠷᠬᠡ ᠵᠢᠨ ᠲᠥᠷᠥᠯ᠎ᠤᠨ ᠲᠤᠭᠳᠠᠮᠠᠯ ᠬᠥᠷᠥᠩᠭᠡ ᠵᠢ ᠳᠡᠩᠰᠡᠯᠡᠨ ᠲᠡᠮᠳᠡᠭᠯᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠶ ᠰᠢᠭᠤᠶ ᠵᠢᠨ ᠡᠷᠬᠡ ᠵᠢᠨ ᠳᠡᠩᠰᠠᠯᠠᠯᠳᠠ ᠬᠢᠭᠡᠳ ᠣᠶ ᠰᠢᠭᠤᠶ ᠵᠢᠨ ᠬᠠᠮᠢᠶᠠᠷᠤᠯᠲᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠬᠦ ᠲᠤᠬᠠᠶ ᠮᠡᠳᠡᠭᠳᠡᠯ》 (《ᠮᠡᠳᠡᠭᠳᠡᠯ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠪᠣᠳᠠᠰ᠎ᠤᠨ ᠡᠷᠬᠡ ᠵᠢ ᠬᠠᠤᠯᠢ᠎ᠪᠠᠷ ᠲᠣᠭᠲᠠᠭ᠋ᠠᠬᠤ᠂ 《ᠬᠤᠪᠢᠷᠠᠯᠳᠠ ᠦᠭᠡᠢ ᠪᠤᠯ ᠤᠤᠯ ᠬᠡᠪ ᠵᠶ᠋ᠡᠷ᠎ᠨᠢ ᠪᠠᠢ᠌ᠯᠭ᠋ᠠᠬᠤ》᠂ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭᠲᠠᠶ ᠪᠠᠶ᠋ᠢᠯᠭ᠋ᠠᠬᠤ ᠵᠠᠷᠴᠢᠮ᠎ᠢ ᠪᠠᠷᠢᠮᠳᠠᠯᠠᠵᠤ᠂ ᠳᠠᠩᠰᠠᠯᠠᠨ ᠲᠡᠮᠳᠡᠭᠯᠡᠬᠦ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠤᠨ ᠬᠦᠯᠢᠶᠡᠨ ᠠᠪᠴᠤ ᠰᠢᠢ᠍ᠳᠪᠦᠷᠢᠯᠡᠬᠦ᠂   ᠳᠠᠩᠰᠠᠯᠠᠨ ᠲᠡᠮᠳᠡᠭᠯᠡᠬᠦ ᠡᠷᠬᠡ ᠵᠢᠨ ᠲᠥᠷᠥᠯ ᠵᠦᠢ᠍ᠯ᠎ᠢ ᠬᠠᠤᠯᠢ ᠶᠣᠰᠣᠭ᠋ᠠᠷ ᠲᠣᠳᠣᠷᠬᠠᠶ᠋ᠢᠯᠠᠬᠤ᠂ ᠣᠢ ᠰᠢᠭᠤᠶ ᠵᠢᠨ ᠡᠷᠬᠡ ᠵᠢᠨ ᠭᠠᠵᠠᠷ ᠰᠢᠷᠣᠶ ᠵᠢᠨ ᠬᠠᠷᠢᠶ᠎ᠠ ᠵᠢᠨ ᠰᠢᠨ᠎ᠡ ᠵᠢ ᠡᠭᠦᠳᠬᠦ ᠪᠠᠶ᠋ᠢᠴᠠᠭ᠋ᠠᠯᠲᠠ ᠵᠢ ᠥᠷᠨᠢᠭᠦᠯᠬᠦ᠂ ᠬᠦᠴᠢᠷ ᠠᠰᠠᠭᠤᠳᠠᠯ᠎ᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠰᠢᠢ᠍ᠳᠪᠦᠷᠢᠯᠡᠬᠦ᠂ ᠲᠣᠭ᠎ᠠ ᠪᠠᠷᠢᠮᠲᠠ ᠵᠢᠨ ᠮᠠᠲ᠋ᠧᠷᠢᠶᠠᠯ᠎ᠢ ᠡᠮᠬᠢᠯᠡᠨ ᠨᠡᠶ᠋ᠢᠯᠡᠭᠦᠯᠵᠦ ᠰᠢᠯᠵᠢᠭᠦᠯᠦᠨ ᠲᠤᠰᠢᠶᠠᠬᠤ ᠵᠢ ᠲᠦᠷᠭᠡᠳᠬᠡᠬᠦ᠂ ᠣᠢ ᠰᠢᠭᠤᠶ ᠵᠢᠨ ᠡᠷᠬᠡ ᠵᠢ ᠳᠠᠩᠰᠠᠯᠠᠨ ᠲᠡᠮᠳᠡᠭᠯᠡᠬᠦ ᠪᠠ ᠣᠢ ᠰᠢᠭᠤᠶ ᠵᠢᠨ ᠬᠠᠮᠢᠶᠠᠷᠤᠯᠲᠠ ᠵᠢᠨ ᠠᠵᠢᠯ᠎ᠢ ᠵᠣᠯᠭ᠋ᠠᠭᠤᠯᠬᠤ ᠵᠢ ᠴᠢᠩᠭ᠋ᠠᠳᠬᠠᠬᠤ ᠵᠡᠷᠭᠡ ᠵᠢᠷᠭᠤᠭ᠋ᠠᠨ ᠲᠠᠯ᠎ᠠ᠎ᠪᠠᠷ ᠵᠢᠯᠣᠭᠣᠳᠬᠤ ᠴᠢᠨᠠᠷᠲᠠᠶ ᠰᠠᠨᠠᠯ ᠳᠤᠷᠠᠳᠪᠠ᠃ ᠤᠢ ᠰᠢᠭᠤᠶ ᠵᠢᠨ ᠦᠢ᠍ᠯᠡᠰ᠎ᠤᠨ ᠬᠥᠭᠵᠢᠯᠲᠡ ᠥᠭᠡᠷᠡᠴᠢᠯᠡᠯᠲᠡ ᠵᠢᠨ ᠬᠡᠷᠡᠭᠴᠡᠭᠡ᠎ᠳᠤ ᠵᠣᠬᠢᠴᠠᠭᠤᠯᠤᠨ᠂ ᠤᠢ ᠮᠣᠳᠣᠨ᠎ᠤ ᠡᠷᠬᠡ ᠵᠢᠨ ᠳᠠᠨᠭ᠌ᠰᠠᠯᠠᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠭᠳᠠᠮᠠᠯ ᠬᠦᠷᠦᠨᠭᠭᠡ ᠵᠢᠨ ᠲᠠᠩᠰᠠᠯᠠᠯᠳᠠ ᠵᠢᠨ ᠲᠤᠰᠢᠶᠠᠯ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠬᠦᠢ᠍ᠴᠡᠳᠬᠡᠨ᠎ᠡ᠃
     《ᠮᠡᠳᠡᠭᠳᠡᠯ》᠎ᠳᠤ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ ᠲᠤᠭᠳᠠᠮᠠᠯ ᠬᠥᠷᠥᠩᠭᠡ ᠵᠢ ᠳᠠᠩᠰᠠᠯᠠᠬᠤ ᠪᠠᠢ᠌ᠭᠤᠯᠤᠮᠵᠢ (ᠳᠣᠷᠣᠭᠰᠢ 《ᠳᠠᠩᠰᠠᠯᠠᠬᠤ ᠪᠠᠶ᠋ᠢᠭᠤᠯᠤᠮᠵᠢ》 ᠭᠡᠵᠦ ᠲᠣᠪᠴᠢᠯᠠᠨ᠎ᠠ)᠎ᠨᠢ ᠣᠶ ᠮᠣᠳᠣᠨ᠎ᠤ ᠡᠷᠬᠡ ᠵᠢᠨ ᠳᠡᠩᠰᠡᠯᠡᠯᠲᠡ ᠵᠢ ᠲᠤᠭᠳᠠᠮᠠᠯ ᠬᠥᠷᠥᠩᠭᠡ ᠵᠢᠨ ᠳᠡᠩᠰᠡᠯᠡᠯᠲᠡ ᠎ᠳᠤ ᠭᠥᠯᠢᠶᠡᠨ ᠠᠪᠴᠤ ᠰᠢᠢ᠍ᠳᠪᠦᠷᠢᠯᠡᠬᠦ᠎ᠳᠤ ᠣᠷᠣᠭᠤᠯᠬᠤ ᠬᠡᠷᠡᠭᠲᠡᠶ᠃ ᠬᠠᠤᠯᠢ᠎ᠪᠠᠷ ᠲᠣᠭᠲᠠᠭ᠋ᠠᠭᠰᠠᠨ ᠬᠦᠯᠢᠶᠡᠨ ᠠᠪᠴᠤ ᠰᠢᠢ᠍ᠳᠪᠦᠷᠢᠯᠡᠬᠦ ᠦᠭᠡᠶ ᠪᠠᠶ᠋ᠢᠳᠠᠯ᠎ᠠᠴᠠ ᠭᠠᠳᠠᠨ᠎ᠠ᠂ ᠲᠠᠩᠰᠠᠯᠠᠭᠤᠯᠤᠭᠰᠠᠨ ᠮᠠᠲ᠋ᠧᠷᠢᠶᠠᠯ᠎ᠢ ᠰᠢᠯᠵᠢᠭᠦᠯᠦᠨ ᠲᠤᠰᠢᠶᠠᠭᠰᠠᠨ ᠦᠭᠡᠶ᠂ ᠲᠣᠭ᠎ᠠ ᠪᠠᠷᠢᠮᠲᠠ ᠵᠢ ᠡᠮᠬᠢᠯᠡᠨ ᠨᠡᠢ᠌ᠯᠡᠬᠦᠯᠦᠭᠰᠡᠨ ᠦᠭᠡᠶ᠂ ᠪᠠᠶ᠋ᠢᠴᠠᠭ᠋ᠠᠨ ᠨᠠᠷᠢᠪᠴᠢᠯᠠᠭᠰᠠᠨ ᠬᠡᠮᠵᠢᠶ᠎ᠡ ᠬᠦᠷᠦᠯᠴᠡᠬᠦ ᠦᠭᠡᠶ᠂ ᠭᠠᠵᠠᠷ ᠰᠢᠷᠤᠢ ᠵᠢᠨ ᠲᠥᠷᠥᠯ ᠳᠠᠪᠬᠤᠴᠠᠭᠰᠠᠨ ᠵᠡᠷᠭᠡ ᠰᠢᠯᠲᠠᠭ᠋ᠠᠨ ᠵᠶ᠋ᠠᠷ ᠬᠦᠯᠢᠶᠡᠨ ᠠᠪᠴᠤ ᠰᠢᠢ᠍ᠳᠪᠦᠷᠢᠯᠡᠬᠦ ᠵᠢ ᠲᠡᠪᠴᠢᠵᠦ ᠪᠣᠯᠬᠤ ᠦᠭᠡᠶ᠃ ᠤᠤᠯ᠎ᠤᠨ ᠡᠷᠬᠡᠲᠦ ᠪᠠᠶ᠋ᠢᠭᠤᠯᠭ᠎ᠠ ᠵᠢᠨ ᠬᠠᠤᠯᠢ ᠶᠣᠰᠣᠭ᠋ᠠᠷ ᠣᠯᠭᠣᠭᠰᠠᠨ ᠤᠢ ᠮᠣᠳᠣᠨ᠎ᠤ ᠡᠷᠬᠡ ᠵᠢᠨ ᠦᠨᠡᠮᠯᠡᠯ᠎ᠤᠨ   ᠪᠢᠴᠢᠭ᠎ᠨᠢ ᠦᠷᠭᠦᠯᠵᠢᠯᠡᠨ ᠬᠦᠴᠦᠨ᠎ᠲᠠᠢ᠂ ᠬᠤᠪᠢᠷᠠᠯᠳᠠ ᠦᠬᠡᠢ ᠪᠣᠯ   ᠤᠤᠯ ᠬᠡᠪ ᠵᠶ᠋ᠡᠷ᠎ᠨᠢ ᠪᠠᠢ᠌ᠯᠭ᠋ᠠᠨ᠎ᠠ᠃
      ᠳᠠᠩᠰᠠᠯᠠᠬᠤ ᠪᠠᠶ᠋ᠢᠭᠤᠯᠤᠮᠵᠢ᠎ᠨᠢ ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠳᠤ ᠵᠣᠬᠢᠴᠠᠵᠤ᠂ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《ᠣᠢ ᠰᠢᠭᠤᠢ ᠵᠢᠨ ᠬᠠᠤᠯᠢ》᠂ 《ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠠᠤᠯᠢ》 ᠵᠡᠷᠭᠡ᠎ᠳᠤ ᠲᠣᠳᠣᠷᠬᠠᠢ ᠲᠣᠭᠲᠠᠭ᠋ᠠᠭᠰᠠᠨ ᠡᠷᠬᠡ ᠵᠢᠨ ᠲᠥᠷᠥᠯ ᠵᠦᠢ᠍ᠯ᠎ᠢ ᠦᠨᠳᠦᠰᠦᠯᠡᠨ᠂ ᠤᠯᠤᠰ᠎ᠤᠨ ᠥᠮᠴᠢᠯᠡᠯ᠎ᠤᠨ ᠣᠶ᠋ᠢᠲᠤ ᠭᠠᠵᠠᠷ ᠪᠠ ᠣᠶ᠋ᠢᠲᠤ ᠭᠠᠵᠠᠷ ᠳᠡᠭᠡᠷᠡᠬᠢ ᠣᠢ ᠰᠢᠭᠤᠢ᠂ ᠣᠢ ᠮᠤᠳᠤ᠂ ᠲᠠᠷᠢᠶᠠᠴᠢᠳ᠎ᠤᠨ ᠬᠠᠤᠯᠢ ᠶᠣᠰᠣᠭ᠋ᠠᠷ ᠬᠠᠮᠲᠤ᠎ᠪᠠᠷ ᠬᠡᠷᠡᠭᠯᠡᠵᠦ ᠪᠠᠶ᠋ᠢᠭ᠎ᠠ ᠬᠠᠮᠲᠤ ᠵᠢᠨ ᠥᠮᠴᠢᠯᠡᠯ᠎ᠤᠨ ᠪᠤᠶᠤ ᠤᠯᠤᠰ᠎ᠤᠨ ᠥᠮᠴᠢᠯᠡᠯ᠎ᠤᠨ ᠣᠶ᠋ᠢᠲᠤ ᠭᠠᠵᠠᠷ ᠪᠠ ᠣᠶ᠋ᠢᠲᠤ ᠭᠠᠵᠠᠷ ᠳᠡᠭᠡᠷᠡᠬᠢ ᠣᠢ ᠮᠣᠳᠣ ᠵᠢ ᠬᠠᠦᠯᠢ ᠶᠤᠰᠤᠭ᠋ᠠᠷ ᠳᠠᠩᠰᠠᠯᠠᠭᠤᠯᠤᠨ᠎ᠠ᠃ ᠡᠭᠦᠨ᠎ᠤ᠎ᠳᠤ ᠬᠠᠮᠲᠤ᠂ ᠬᠠᠮᠢᠶ᠎ᠠ ᠪᠦᠬᠦᠢ ᠪᠠᠷᠢᠮᠵᠢᠶ᠎ᠠ ᠶᠣᠰᠣᠭ᠋ᠠᠷ᠂ ᠨᠢᠭᠡᠨᠲᠡ   ᠪᠠᠢ᠌ᠭ᠎ᠠ ᠦᠷ᠎ᠡ ᠪᠦᠲᠦᠭᠡᠯ ᠵᠶ᠋ᠠᠨ ᠬᠦᠢ᠍ᠴᠡᠳ ᠠᠰᠢᠭᠯᠠᠵᠤ᠂ ᠠᠷᠭ᠎ᠠ ᠮᠠᠶᠢᠭ᠎ᠤᠨ ᠰᠢᠨ᠎ᠡ ᠵᠢ ᠡᠭᠦᠳᠦᠨ ᠭᠠᠵᠠᠷ ᠰᠢᠷᠣᠶ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠣᠢ ᠰᠢᠭᠤᠶ ᠵᠢᠨ ᠡᠷᠬᠡ ᠵᠢᠨ ᠭᠠᠵᠠᠷ ᠰᠢᠷᠣᠶ ᠵᠢᠨ ᠬᠠᠷᠢᠶ᠎ᠠ ᠵᠢᠨ ᠮᠠᠲ᠋ᠧᠷᠢᠶᠠᠯ᠎ᠢ ᠬᠢᠨᠠᠨ ᠰᠢᠯᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠳᠠᠩᠰᠠᠯᠠᠨ ᠲᠡᠮᠳᠡᠭᠯᠡᠬᠦ ᠪᠠᠶ᠋ᠢᠭᠤᠯᠤᠮᠵᠢ᠂ ᠣᠢ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠦᠴᠢᠷ᠎ᠤᠳ ᠣᠯᠠᠨ ᠲᠦᠮᠡᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠵᠤ᠂ ᠡᠷᠬᠡ ᠵᠢᠨ ᠬᠠᠷᠢᠶ᠎ᠠ ᠰᠣᠯᠪᠢᠴᠠᠭᠰᠠᠨ᠂ ᠭᠠᠵᠠᠷ ᠰᠢᠷᠣᠶ ᠵᠢᠨ ᠲᠥᠷᠥᠯ ᠳᠠᠪᠬᠤᠴᠠᠭᠰᠠᠨ ᠵᠡᠷᠭᠡ ᠬᠦᠴᠢᠷ ᠠᠰᠠᠭᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
     《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠣᠶ ᠰᠢᠭᠤᠶ ᠵᠢᠨ ᠡᠷᠬᠡ ᠵᠢ ᠳᠠᠩᠰᠠᠯᠠᠬᠤ ᠪᠠ ᠣᠶ ᠰᠢᠭᠤᠶ ᠵᠢᠨ ᠬᠠᠮᠢᠶᠠᠷᠤᠯᠲᠠ ᠵᠢᠨ ᠠᠵᠢᠯ᠎ᠢ ᠵᠤᠯᠭ᠋ᠠᠯᠳᠤᠭᠤᠯᠬᠤ ᠵᠢ ᠴᠢᠩᠭ᠋ᠠᠳᠬᠠᠵᠤ᠂ ᠠᠵᠢᠯ᠎ᠢ ᠠᠬᠢᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠨᠢᠭᠡᠳᠦᠯᠲᠡᠶ ᠲᠦᠯᠦᠪᠯᠡᠨ ᠵᠣᠬᠢᠴᠠᠭᠤᠯᠤᠨ   ᠰᠢᠢ᠍ᠳᠪᠦᠷᠢᠯᠡᠨ᠎ᠡ᠃ ᠬᠢᠨᠠᠨ ᠵᠥᠪᠰᠢᠶᠡᠷᠡᠬᠦ᠂ ᠠᠷᠠᠯᠵᠢᠶᠠᠯᠠᠬᠤ ᠪᠠ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠵᠢᠨ ᠨᠡᠪᠳᠡᠷᠡᠯᠴᠡᠭᠡ ᠪᠠ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠳᠣᠲᠣᠭ᠋ᠠᠳᠤ᠎ᠳᠠᠭᠠᠨ ᠣᠯᠵᠤ ᠪᠣᠯᠬᠤ ᠮᠠᠲ᠋ᠧᠷᠢᠶᠠᠯ᠎ᠢ ᠲᠤᠬᠠᠶ ᠵᠢᠨ ᠬᠥᠮᠦᠨ ᠵᠶ᠋ᠠᠷ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠤᠢ᠍ᠭᠡᠢ᠃
      ᠡᠯ᠎ᠡ ᠱᠠᠲᠤᠨ᠎ᠤ ᠳᠠᠩᠰᠠᠯᠠᠨ ᠲᠡᠮᠳᠡᠭᠯᠡᠬᠦ ᠪᠠᠶ᠋ᠢᠭᠤᠯᠤᠮᠵᠢ᠂ ᠣᠢ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ   ᠮᠦᠴᠢᠷ᠎ᠤᠳ ᠨᠢᠭᠲᠠ ᠬᠠᠮᠵᠢᠯᠴᠠᠨ᠂ ᠬᠠᠮᠳᠤ ᠵᠢᠨ ᠬᠠᠷᠠᠯᠳᠠ᠂ ᠬᠠᠮᠳᠤ ᠵᠢᠨ ᠲᠠᠪᠴᠠᠩ᠎ᠳᠤ ᠰᠠᠭᠤᠷᠢᠯᠠᠨ᠂ ᠲᠣᠭ᠎ᠠ ᠪᠠᠷᠢᠮᠲᠠ ᠵᠢᠨ ᠮᠠᠲᠸᠷᠢᠶᠠᠯ᠎ᠢ ᠡᠮᠬᠢᠯᠡᠨ ᠨᠡᠶ᠋ᠢᠯᠡᠭᠦᠯᠬᠦ ᠵᠢ ᠲᠦᠷᠭᠡᠳᠬᠡᠨ᠎ᠡ᠃ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠬᠦ᠎ᠳᠤ ᠤᠭ᠎ᠤᠨ ᠣᠶ ᠰᠢᠭᠤᠶ ᠵᠢᠨ ᠡᠷᠬᠡ ᠵᠢ ᠳᠠᠩᠰᠠᠯᠠᠭᠤᠯᠤᠭᠰᠠᠨ ᠲᠣᠭ᠎ᠠ ᠪᠠᠷᠢᠮᠲᠠ ᠵᠢ ᠠᠰᠢᠭᠯᠠᠵᠤ᠂ ᠤᠷᠤᠨ ᠪᠠᠢ᠌ᠷᠢ ᠵᠢᠨ ᠲᠤᠳᠤᠭ᠋ᠠᠳᠤ᠎ᠳᠠᠬᠢ ᠠᠵᠢᠯ᠎ᠤᠨ ᠵᠢᠷᠤᠭ ᠲᠦᠯᠦᠪᠯᠡᠭᠡ ᠵᠢ ᠦᠨᠳᠦᠰᠦᠯᠡᠨ᠂ ᠶᠡᠬᠡ ᠬᠡᠮᠵᠢᠶᠡᠨ᠎ᠤ   ᠰᠢᠨ᠎ᠡ ᠲᠤᠭ᠎ᠠ ᠪᠠᠷᠢᠮᠳᠠ ᠵᠢ ᠴᠤᠭᠯᠠᠭᠤᠯᠬᠤ ᠠᠵᠢᠯ᠎ᠢ ᠬᠢᠬᠦ ᠦᠭᠡᠢ ᠤᠷᠢᠳᠤᠯ ᠲᠤᠤᠷ᠎ᠠ᠂ ᠲᠣᠭ᠎ᠠ ᠪᠠᠷᠢᠮᠲᠠ ᠵᠢ ᠦᠨᠳᠦᠰᠦᠨ᠎ᠳᠡᠭᠡᠨ ᠡᠮᠬᠢᠯᠡᠨ ᠨᠡᠶ᠋ᠢᠯᠡᠭᠦᠯᠬᠦ ᠵᠢ ᠪᠡᠶᠡᠯᠡᠭᠦᠯᠦᠨ᠎ᠡ᠃ ᠡᠯ᠎ᠡ ᠭᠠᠵᠠᠷ᠎ᠤᠨ᠎ᠬᠢᠨ 2020 ᠣᠨ᠎ᠤ ᠡᠴᠦᠰ᠎ᠠᠴᠠ ᠡᠮᠦᠨ᠎ᠡ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠬᠦ ᠪᠠ ᠮᠠᠲᠸᠷᠢᠶᠠᠯ᠎ᠢ ᠰᠢᠯᠵᠢᠭᠦᠯᠦᠨ ᠲᠤᠰᠢᠶᠠᠬᠤ ᠠᠵᠢᠯ᠎ᠢ ᠪᠡᠶᠡᠯᠡᠭᠦᠯᠵᠦ᠂ 2021 ᠣᠨ᠎ᠤ ᠡᠴᠦᠰ᠎ᠲᠤ ᠲᠣᠭ᠎ᠠ ᠪᠠᠷᠢᠮᠲᠠ ᠵᠢᠨ ᠬᠥᠮᠥᠷᠭᠡ ᠪᠠᠶ᠋ᠢᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠬᠠᠮᠲᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠳᠤ ᠬᠤᠷᠢᠶᠠᠩᠭᠤᠶ᠋ᠢᠯᠠᠨ ᠲᠤᠰᠢᠶᠠᠨ᠎ᠠ᠃
     《ᠮᠡᠳᠡᠭᠳᠡᠯ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭ᠋ᠠᠭᠰᠠᠨ ᠤᠯᠤᠰ᠎ᠠᠴᠠ ᠭᠣᠤᠯᠳᠠᠯᠭ᠎ᠠ᠎ᠲᠠᠢ ᠰᠢᠭᠤᠶ᠋ᠢᠲᠤ ᠣᠷᠣᠨ᠎ᠤ ᠲᠤᠭᠳᠠᠮᠠᠯ ᠬᠥᠷᠥᠩᠭᠡ ᠵᠢᠨ ᠳᠡᠩᠰᠡᠯᠡᠯᠲᠡ ᠵᠢ ᠬᠠᠷᠢᠭᠤᠴᠠᠬᠤ ᠵᠢᠨ ᠬᠠᠮᠲᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠳᠡᠩᠰᠡᠯᠡᠵᠦ ᠵᠣᠯᠭ᠋ᠠᠭᠤᠯᠬᠤ ᠵᠢ ᠰᠠᠶ᠋ᠢᠲᠤᠷ ᠬᠢᠬᠦ ᠬᠡᠷᠡᠭᠲᠡᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠢ ᠰᠢᠭᠤᠶ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠯᠭᠤᠭᠰᠠᠨ ᠭᠣᠤᠯᠳᠠᠯᠭ᠎ᠠ᠎ᠲᠠᠢ ᠰᠢᠭᠤᠶ᠋ᠢᠲᠤ ᠣᠷᠣᠨ᠎ᠤ ᠤᠤᠯ᠎ᠤᠨ ᠣᠢ ᠰᠢᠭᠤᠶ ᠵᠢᠨ ᠡᠷᠬᠡ ᠵᠢᠨ ᠦᠨᠡᠮᠯᠡᠯ ᠦᠷᠬᠦᠯᠵᠢᠯᠡᠨ ᠬᠦᠴᠦᠨ᠎ᠲᠠᠢ ᠪᠠᠶ᠋ᠢᠵᠤ᠂ ᠨᠢᠭᠡᠨᠲᠡ ᠲᠣᠳᠣᠷᠬᠠᠶ᠋ᠢᠯᠠᠭᠰᠠᠨ ᠡᠷᠬᠡ ᠵᠢᠨ ᠬᠠᠷᠢᠶᠠᠯᠠᠯ᠎ᠤᠨ ᠵᠠᠭ᠋ᠠᠭ ᠬᠢᠵᠠᠭ᠋ᠠᠷ᠎ᠲᠤ ᠳᠤᠷ᠎ᠠ᠎ᠪᠠᠷ ᠵᠶ᠋ᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ (ᠰᠤᠷᠪᠤᠯᠵᠢᠯᠠᠭᠴᠢ ᠹᠠᠩ ᠯᠢ ᠮᠢᠩ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ ᠦ᠋᠊ᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠳᠠᠯᠭ᠎ᠠ᠎ᠲᠠᠢ ᠣᠷᠣᠨ ᠪᠦᠰᠡ᠎ᠳᠤ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠵᠠᠷᠯᠢᠭ
《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
《ᠳᠤᠮᠳᠠᠳᠤ ᠤᠯᠤᠰ᠎ᠤᠨ ᠤᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠤᠯᠠᠮᠵᠢᠯᠠᠨ ᠶᠠᠪᠤᠭᠤᠯᠬᠤ ᠲᠤᠬᠠᠶ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
             蒙ICP备05000248号