ᠬᠥᠬᠡᠬᠤᠲᠠ ᠵᠠᠰᠠᠭ ᠲᠠᠷᠬᠠᠭ᠋ᠠᠭᠰᠠᠨ [2020] 10 ᠳ᠋ᠤᠭ᠋ᠠᠷ ᠲᠣᠭ᠋ᠠᠲᠤ 2020 ᠣᠨ᠎ᠤ 3 ᠳ᠋ᠤᠭ᠋ᠠᠷ ᠰᠠᠷ᠎ᠠ ᠵᠢᠨ 26᠎ᠤ ᠡᠳᠦᠷ ᠮᠠᠨ᠎ᠤ ᠬᠤᠲᠠ ᠵᠢᠨ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠠᠵᠢᠯ᠎ᠢ ᠰᠠᠢ᠌ᠲᠤᠷ ᠠᠳᠬᠤᠵᠤ᠂ ᠶᠡᠭᠡ ᠬᠡᠯᠪᠡᠷᠢ ᠵᠢᠨ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠭᠠᠷᠬᠤ ᠦᠭᠡᠢ ᠪᠠᠶ᠋ᠢᠬᠤ ᠵᠢ ᠪᠠᠲᠤᠯᠠᠬᠤ ᠵᠢᠨ ᠲᠤᠰᠠᠳᠠ᠂ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠬᠤᠲᠠ ᠵᠢᠨ ᠭᠤᠣᠯᠳᠠᠯᠭ᠎ᠠ᠎ᠲᠠᠢ ᠠᠮᠢ ᠠᠬᠤᠢ ᠵᠢᠨ ᠪᠦᠲᠦᠭᠡᠨ ᠪᠠᠢ᠍ᠭᠤᠯᠤᠯᠲᠠ ᠵᠢᠨ ᠣᠷᠣᠨ᠂ ᠭᠤᠣᠯᠳᠠᠯᠭ᠎ᠠ᠎ᠲᠠᠢ ᠣᠶ᠋ᠢᠲᠤ ᠣᠷᠣᠨ᠂ ᠭᠠᠯ᠎ᠤᠨ ᠠᠶᠤᠯ ᠶᠡᠬᠡᠲᠡᠢ ᠣᠷᠣᠨ ᠪᠠ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠣᠯᠠᠨ ᠭᠠᠷᠳᠠᠭ ᠣᠷᠣᠨ᠎ᠳᠤ ᠠᠭᠤᠯᠠ ᠪᠢᠲᠡᠭᠦᠮᠵᠢᠯᠡᠨ ᠭᠠᠯ ᠰᠡᠷᠭᠡᠶ᠋ᠢᠯᠡᠬᠦ ᠵᠢ ᠬᠡᠷᠡᠭᠵᠢᠭᠦᠯᠬᠦ᠎ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠢᠭᠳᠠᠪᠠ᠄
ᠨᠢᠭᠡ᠂ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠬᠤᠭᠤᠴᠠᠭ᠎ᠠ᠄ 2020 ᠣᠨ᠎ᠤ 3 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 2020 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠃
ᠬᠤᠶᠠᠷ᠂ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠣᠷᠣᠨ ᠪᠦᠰᠡ᠄ ᠳᠠᠯᠠᠨ ᠬᠠᠷ᠎ᠠ ᠠᠭᠤᠯᠠ ᠵᠢᠨ ᠬᠥᠬᠡᠬᠤᠲᠠ ᠵᠢᠨ ᠪᠦᠭᠦᠳᠡ ᠬᠡᠰᠡᠭ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ᠎ᠤ ᠭᠤᠤᠯᠳᠠᠯᠭ᠎ᠠ᠎ᠲᠠᠢ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠣᠨ᠂ ᠭᠤᠤᠯᠳᠠᠯᠭ᠎ᠠ᠎ᠲᠠᠢ ᠰᠢᠭᠤᠶ᠋ᠢᠲᠤ ᠣᠷᠣᠨ᠃ ᠪᠣᠳᠠᠲᠠᠶ ᠭᠠᠵᠠᠷ ᠣᠷᠣᠨ᠎ᠨᠢ᠄ ᠲᠦᠮᠡᠳ ᠵᠡᠭᠦᠨ ᠬᠤᠰᠢᠭᠤᠨ᠎ᠤ ᠪᠠᠶ ᠱ᠌ᠢ ᠭᠧᠦ᠂ ᠢ ᠴᠢᠶᠠᠨ ᠱᠠᠩ ᠭᠧᠦ᠂ ᠸᠠᠨ ᠵᠢᠶᠠ ᠭᠧᠦ᠂ ᠯᠠᠮᠠ ᠵᠢᠨ ᠠᠭᠤᠢ᠂ ᠵᠢᠷᠦᠬᠡᠨ ᠭᠤᠣᠯ᠂ ᠵᠢᠨ ᠯᠤᠸᠠᠨ ᠳ᠋ᠢᠶᠠᠨ; ᠬᠤᠲᠣᠩ ᠠᠷᠠᠳ᠎ᠤᠨ ᠲᠣᠭᠤᠷᠢᠭ᠎ᠤᠨ ᠡᠪᠯᠡᠯ᠎ᠤᠨ ᠬᠤᠷᠢᠶᠠᠨ᠎ᠤ ᠠᠮᠢ ᠠᠬᠤᠢ ᠵᠢᠨ ᠬᠦᠷᠢᠶᠡᠯᠡᠩ᠂ ᠳ᠋ᠦᠩ ᠫᠧᠩ ᠽᠢ ᠵᠢᠨ ᠬᠤᠢ᠌ᠲᠤ ᠬᠡᠰᠡᠭ᠂ ᠪᠠᠷᠠᠭᠤᠨ ᠤᠰᠤᠲᠤ᠂ ᠰᠾᠢ ᠷᠧᠨ ᠭ᠋ᠸᠦ; ᠰᠢᠨ᠎ᠡ ᠬᠤᠲᠠ ᠲᠣᠭᠤᠷᠢᠭ᠎ᠤᠨ ᠮᠢᠶᠠᠨ ᠶᠣᠣ ᠭ᠋ᠸᠦ᠂ ᠰᠢᠶᠤᠤ ᠵᠢᠩ ᠭ᠋ᠸᠦ᠂ ᠬᠦᠢ᠍ᠰᠦ᠂ ᠫᠢ ᠴᠠᠢ ᠭ᠋ᠸᠦ᠂ ᠭᠤᠷᠪᠠᠨ ᠪᠠᠶ᠋ᠢᠰᠢᠩ᠎ᠤᠨ ᠰᠢᠭᠤᠶ᠋ᠢᠲᠤ ᠣᠷᠣᠨ᠂ ᠼᠦᠩ ᠷᠦᠩ ᠠᠭᠤᠯᠠᠨ ᠲᠣᠰᠬᠤᠨ; ᠰᠠᠶ᠋ᠢᠬᠠᠨ ᠲᠣᠭᠤᠷᠢᠭ᠎ᠤᠨ ᠬᠤᠶ᠋ᠢᠲᠤ ᠠᠭᠤᠯᠠ᠂ ᠣᠪᠣᠭ᠋ᠠᠨ ᠠᠭᠤᠯᠠ; ᠬᠤᠷᠢᠨᠭᠡᠷ ᠰᠢᠶᠠᠨ᠎ᠤ ᠨᠠᠨ ᠲᠢᠶᠠᠨ ᠮᠧᠨ ᠤᠢ ᠰᠢᠭᠤᠶ ᠵᠢᠨ ᠲᠠᠯᠠᠪᠠᠢ᠂ ᠱᠠ ᠪᠠ ᠳᠥᠷᠪᠡᠳᠦᠭᠡᠷ ᠨᠣᠮᠧᠷᠲᠤ᠂ ᠸᠧ ᠨᠢᠤ ᠱᠠᠨ; ᠴᠢᠩ ᠱᠦᠶ ᠾᠧ ᠰᠢᠶᠠᠨ᠎ᠤ ᠶᠢᠩ ᠽᠦᠶ ᠱᠠᠨ᠂ ᠶᠣᠣ ᠯᠢᠨ ᠭ᠋ᠸᠦ᠂ ᠯᠦ᠍ ᠼᠤᠤ ᠠᠭᠤᠯᠠ᠂ ᠯᠦ᠍ ᠼᠤᠤ ᠭ᠋ᠸᠦ᠂ ᠳ᠋ᠠ ᠱᠣ᠌ ᠭ᠋ᠸᠦ᠂ ᠰᠦᠩ ᠱᠦ᠍ ᠭ᠋ᠸᠦ; ᠦᠴᠤᠸᠠᠨ ᠰᠢᠶᠠᠨ᠎ᠤ ᠡᠦ ᠳ᠋ᠤᠤ ᠭ᠋ᠸᠦ᠂ ᠯᠢ ᠴᠢ ᠭ᠋ᠸᠦ᠂ ᠳᠡᠷᠡᠰᠦᠲᠦ ᠭᠤᠤ᠂ ᠳ᠋ᠠ ᠯᠢᠶᠠᠩ ᠰᠢᠭᠤᠶ᠋ᠢᠲᠤ ᠣᠷᠣᠨ᠂ ᠵᠢᠩ ᠡᠯ ᠭ᠋ᠸᠦ ᠵᠡᠷᠭᠡ ᠭᠤᠤᠯᠳᠠᠯᠭ᠎ᠠ᠎ᠲᠠᠢ ᠭᠠᠯ ᠰᠡᠷᠭᠡᠶ᠋ᠢᠯᠡᠬᠦ ᠭᠠᠵᠠᠷ ᠪᠠᠭᠲᠠᠨ᠎ᠠ᠃
ᠭᠤᠷᠪᠠ᠂ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠬᠤᠭᠤᠴᠠᠭ᠋ᠠᠨ᠎ᠳᠤ᠂ ᠭᠠᠯ ᠰᠡᠷᠭᠡᠶ᠋ᠢᠯᠡᠬᠦ ᠬᠤᠷᠢᠭ᠎ᠠ ᠴᠠᠭ᠋ᠠᠵᠠ ᠵᠢᠨ ᠣᠷᠣᠨ᠎ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
ᠭᠠᠯ᠎ᠤᠨ ᠠᠶᠤᠯ ᠡᠭᠦᠰᠭᠡᠵᠦ ᠮᠡᠳᠡᠬᠦ ᠲᠡᠷᠭᠡ ᠬᠥᠰᠬᠡ᠂ ᠮᠠᠰᠢᠨ ᠵᠢᠴᠢ ᠬᠥᠮᠦᠰ᠎ᠲᠤ ᠴᠢᠬᠤᠯᠠ ᠪᠦᠬᠦᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ (ᠨᠢᠭᠡ) ᠢᠯᠡ ᠭᠠᠯ ᠵᠶ᠋ᠠᠷ ᠳᠠᠬᠢᠯᠭ᠎ᠠ ᠬᠢᠬᠦ ᠵᠢ ᠴᠢᠩᠭ᠎ᠠ ᠴᠠᠭ᠋ᠠᠵᠠᠯᠠᠨ᠎ᠠ᠃ (ᠬᠤᠶᠠᠷ) ᠬᠤᠷᠢᠭ᠎ᠠ ᠴᠠᠭ᠋ᠠᠵᠠ ᠵᠢᠨ ᠣᠷᠣᠨ᠎ᠤ ᠳᠣᠲᠣᠷᠠᠬᠢ ᠡᠷᠬᠡᠪᠰᠢ ᠦᠢ᠍ᠯᠡᠳᠪᠦᠷᠢᠯᠡᠯ᠂ ᠠᠮᠢᠳᠤᠷᠠᠯ᠎ᠤᠨ ᠭᠠᠯ ᠬᠡᠷᠡᠭᠯᠡᠬᠦ ᠨᠢᠭᠡᠴᠡ ᠪᠣᠯᠤᠨ ᠰᠠᠭᠤᠭ᠋ᠠᠯᠢ ᠠᠷᠠᠳ᠎ᠲᠤ ᠲᠤᠰ ᠬᠤᠷᠢᠭ᠎ᠠ ᠴᠠᠭ᠋ᠠᠵᠠ ᠵᠢᠨ ᠵᠠᠷᠯᠢᠭ᠎ᠤᠨ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃ ᠭᠤᠷᠪᠠᠳᠤᠭ᠋ᠠᠷ ᠳᠡᠰ᠎ᠠᠴᠠ ᠳᠡᠭᠡᠭᠰᠢᠬᠢ ᠰᠠᠯᠬᠢᠨ᠎ᠤ ᠬᠦᠴᠦᠨ᠎ᠤ ᠴᠠᠭ ᠠᠭᠤᠷ᠂ ᠤᠢ ᠵᠢᠨ ᠬᠥᠪᠡᠭᠡ᠎ᠠᠴᠠ 500 ᠮᠸᠲᠷ᠎ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠡᠳᠦᠷ ᠲᠤᠳᠦᠮ᠎ᠤᠨ ᠭᠠᠯ ᠬᠡᠷᠡᠭᠯᠡᠬᠦ᠎ᠳᠤ ᠡᠷᠬᠡᠪᠰᠢ ᠭᠠᠯ ᠰᠡᠷᠭᠡᠢ᠌ᠯᠡᠨ ᠲᠤᠰᠠᠭ᠋ᠠᠷᠯᠠᠬᠤ ᠪᠦᠰᠡ᠂ ᠦᠨᠡᠰᠦ ᠴᠢᠳᠬᠤᠬᠤ ᠨᠦᠭᠡ ᠵᠡᠷᠭᠡ ᠵᠢ ᠭᠠᠷᠭ᠋ᠠᠬᠤ ᠬᠡᠷᠡᠭᠲᠡᠶ᠂ ᠭᠠᠯ᠎ᠤᠨ ᠣᠴᠢ ᠦᠯᠡᠳᠡᠭᠰᠡᠨ ᠰᠢᠲᠠᠭ᠋ᠠᠭᠴᠢ ᠪᠣᠳᠠᠰ᠎ᠢ ᠭᠠᠯ ᠰᠡᠷᠭᠡᠶ᠋ᠢᠯᠡᠬᠦ ᠲᠤᠰᠠᠭ᠋ᠠᠷᠯᠠᠬᠤ ᠣᠷᠣᠨ᠎ᠤ ᠭᠠᠳᠠᠨ᠎ᠠ ᠠᠰᠬᠠᠵᠤ ᠬᠠᠶᠠᠬᠤ ᠵᠢ ᠴᠢᠩᠭ᠎ᠠ ᠴᠠᠭ᠋ᠠᠵᠠᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ᠎ᠠᠴᠠ ᠡᠯ᠎ᠡ ᠦᠢ᠍ᠯᠡᠳᠪᠦᠷᠢᠯᠡᠯ᠂ ᠠᠵᠢᠯᠯᠠᠬᠤ ᠨᠢᠭᠡᠴᠡ ᠵᠢᠨ ᠠᠵᠢᠯᠯᠠᠭ᠋ᠠᠨ᠎ᠤ ᠣᠷᠣᠨ ᠪᠦᠰᠡ ᠵᠢ ᠲᠣᠭᠲᠠᠭ᠋ᠠᠵᠤ᠂ ᠪᠣᠢ ᠪᠦᠬᠦᠢ ᠨᠢᠭᠡᠴᠡ ᠡᠷᠬᠡᠪᠰᠢ ᠬᠤᠰᠢᠭᠤ ᠰᠢᠶᠠᠨ ᠲᠣᠭᠤᠷᠢᠭ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ᠎ᠤᠨ ᠵᠠᠭ᠋ᠠᠭᠯᠠᠨ ᠲᠣᠭᠲᠠᠭ᠋ᠠᠭᠰᠠᠨ ᠣᠷᠣᠨ ᠪᠦᠰᠡ ᠵᠢᠨ ᠳᠣᠲᠣᠷ᠎ᠠ ᠦᠢ᠍ᠯᠡᠳᠪᠦᠷᠢᠯᠡᠯ᠎ᠤᠨ ᠠᠵᠢᠯᠯᠠᠭ᠎ᠠ ᠬᠢᠬᠦ ᠬᠡᠷᠡᠭᠲᠡᠶ᠃ (ᠭᠤᠷᠪᠠ) ᠬᠤᠷᠢᠭ᠎ᠠ ᠴᠠᠭ᠋ᠠᠵᠠ ᠵᠢᠨ ᠣᠷᠣᠨ᠎ᠤ ᠳᠣᠲᠣᠷᠠᠬᠢ ᠡᠯ᠎ᠡ ᠦᠢ᠍ᠯᠡᠳᠪᠦᠷᠢᠯᠡᠯ᠎ᠤᠨ ᠠᠵᠢᠯᠯᠠᠬᠤ ᠴᠡᠭ᠂ ᠵᠢᠭᠤᠯᠴᠢᠯᠠᠯ᠎ᠤᠨ ᠢᠳᠡᠭᠡᠨ ᠤᠮᠳᠠᠭ᠋ᠠᠨ᠎ᠤ ᠴᠡᠭ᠎ᠲᠤ ᠡᠷᠬᠡᠪᠰᠢ ᠲᠤᠰᠬᠠᠶ ᠲᠤᠰᠢᠶᠠᠯᠲᠤ ᠣᠶ ᠰᠢᠭᠤᠶ ᠬᠠᠮᠠᠭ᠋ᠠᠯᠠᠭᠴᠢ ᠪᠠ ᠭᠠᠯ ᠤᠨᠲᠠᠷᠠᠭ᠋ᠠᠬᠤ ᠮᠠᠰᠢᠨ ᠪᠠᠭ᠋ᠠᠵᠢ ᠳᠣᠭᠢᠷᠠᠭᠤᠯᠬᠤ ᠬᠡᠷᠡᠭᠲᠡᠶ᠂ ᠪᠣᠳᠠᠲᠠᠶ ᠲᠤᠭ᠎ᠠ ᠬᠡᠮᠵᠢᠶ᠎ᠡ᠎ᠨᠢ᠄ ᠣᠶ᠋ᠢᠲᠤ ᠭᠠᠵᠠᠷ᠎ᠢ ᠡᠵᠡᠯᠡᠨ ᠬᠡᠷᠡᠭᠯᠡᠭᠰᠡᠨ ᠡᠵᠡᠩᠨᠡᠯᠲᠡ ᠵᠢᠨ ᠲᠠᠯᠠᠪᠠᠶ᠎ᠨᠢ 3000 ᠾᠧᠺᠲ᠋ᠠᠷ᠎ᠠᠴᠠ ᠳᠡᠭᠡᠭᠰᠢᠬᠢ ᠵᠢᠭᠤᠯᠴᠢᠯᠠᠯ᠎ᠤᠨ ᠬᠤᠭᠤᠯᠠᠨ ᠬᠡᠷ᠎ᠤᠨ ᠠᠵᠤ ᠠᠬᠤᠶ᠋ᠢᠯᠠᠯ᠎ᠳᠤ 30 ᠬᠥᠮᠥᠨ᠎ᠠᠴᠠ ᠳᠡᠭᠡᠭᠰᠢ ᠲᠤᠰᠬᠠᠶ ᠲᠤᠰᠢᠶᠠᠯᠲᠤ ᠣᠶ ᠰᠢᠭᠤᠶ ᠬᠠᠮᠠᠭ᠋ᠠᠯᠠᠭᠴᠢ ᠳᠣᠭᠢᠷᠠᠭᠤᠯᠵᠤ᠂ 50 ᠬᠥᠮᠥᠨ᠎ᠠᠴᠠ ᠳᠡᠭᠡᠭᠰᠢᠬᠢ ᠬᠠᠭ᠋ᠠᠰ ᠲᠤᠰᠬᠠᠶ᠋ᠢᠵᠢᠭᠰᠠᠨ ᠭᠠᠯ ᠤᠨᠲᠠᠷᠠᠭ᠋ᠠᠬᠤ ᠡᠩᠨᠡᠭᠡ ᠳᠣᠭᠢᠷᠠᠭᠤᠯᠵᠤ᠂ 20 ᠰᠠᠭᠤᠷᠢ᠎ᠠᠴᠠ ᠳᠡᠭᠡᠭᠰᠢ ᠰᠠᠯᠬᠢᠨ ᠬᠦᠴᠦᠨ ᠵᠶ᠋ᠠᠷ ᠭᠠᠯ ᠤᠨᠲᠠᠷᠠᠭ᠋ᠠᠬᠤ ᠮᠠᠰᠢᠨ᠂ 30 ᠬᠤᠶᠠᠳᠤᠭ᠋ᠠᠷ ᠨᠣᠮᠧᠷᠲᠤ ᠪᠠᠭ᠋ᠠᠵᠢ ᠵᠢ ᠳᠣᠭᠢᠷᠠᠭᠤᠯᠬᠤ ᠬᠡᠷᠡᠭᠲᠡᠶ; ᠣᠶ᠋ᠢᠲᠤ ᠭᠠᠵᠠᠷ᠎ᠢ ᠡᠵᠡᠯᠡᠨ ᠬᠡᠷᠡᠭᠯᠡᠵᠦ ᠡᠵᠡᠩᠨᠡᠭᠰᠡᠨ ᠲᠠᠯᠠᠪᠠᠢ᠎ᠨᠢ 3000 ᠾᠧᠺᠲ᠋ᠠᠷ᠎ᠠᠴᠠ ᠳᠣᠷᠣᠭᠰᠢ ᠪᠠᠶ᠋ᠢᠪᠠᠯ᠂ 20 ᠬᠥᠮᠦᠨ᠎ᠠᠴᠠ ᠳᠡᠭᠡᠭᠰᠢ ᠲᠤᠰᠬᠠᠶ ᠲᠤᠰᠢᠶᠠᠯᠲᠤ ᠣᠢ ᠬᠠᠮᠠᠭ᠋ᠠᠯᠠᠭᠴᠢ ᠲᠣᠬᠢᠷᠠᠭᠤᠯᠵᠤ᠂ 30 ᠬᠥᠮᠥᠨ᠎ᠠᠴᠠ ᠳᠡᠭᠡᠭᠰᠢᠬᠢ ᠬᠠᠭ᠋ᠠᠰ ᠲᠤᠰᠬᠠᠶ᠋ᠢᠵᠢᠭᠰᠠᠨ ᠭᠠᠯ ᠤᠨᠲᠠᠷᠠᠭ᠋ᠠᠬᠤ ᠡᠩᠨᠡᠭᠡ ᠲᠣᠬᠢᠷᠠᠭᠤᠯᠵᠤ᠂ 10 ᠰᠠᠭᠤᠷᠢ ᠰᠠᠯᠬᠢᠨ ᠬᠦᠴᠦᠨ᠎ᠤ ᠭᠠᠯ ᠤᠨᠲᠠᠷᠠᠭ᠋ᠠᠬᠤ ᠮᠠᠰᠢᠨ ᠲᠣᠬᠢᠷᠠᠭᠤᠯᠵᠤ᠂ 20 ᠬᠤᠶᠠᠳᠤᠭ᠋ᠠᠷ ᠨᠣᠮᠧᠷᠲᠤ ᠪᠠᠭ᠋ᠠᠵᠢ ᠵᠢ ᠲᠣᠬᠢᠷᠠᠭᠤᠯᠬᠤ ᠬᠡᠷᠡᠭᠲᠡᠶ᠃ ᠭᠠᠯ ᠰᠡᠷᠭᠡᠶ᠋ᠢᠯᠡᠬᠦ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠪᠦᠬᠦᠨ᠎ᠢ ᠴᠥᠮ ᠴᠡᠭᠴᠡᠯᠡᠨ ᠰᠠᠶ᠋ᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ᠎ᠠᠴᠠ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠤᠨ ᠶᠣᠰᠣᠭ᠋ᠠᠷ ᠵᠣᠬᠢᠴᠠᠩᠭᠤᠶ ᠠᠷᠭ᠎ᠠ ᠬᠡᠮᠵᠢᠶ᠎ᠡ ᠲᠣᠭᠲᠠᠭ᠋ᠠᠨ ᠬᠡᠷᠡᠭᠵᠢᠭᠦᠯᠬᠦ ᠵᠢ ᠪᠠᠲᠤᠯᠠᠬᠤ ᠵᠢ ᠵᠥᠪᠰᠢᠶᠡᠷᠡᠨ᠎ᠡ᠃ (ᠳᠥᠷᠪᠡ) ᠭᠠᠯ ᠰᠡᠷᠭᠡᠶ᠋ᠢᠯᠡᠨ ᠤᠨᠲᠠᠷᠠᠭ᠋ᠠᠬᠤ ᠬᠤᠷᠢᠭ᠎ᠠ ᠴᠠᠭ᠋ᠠᠵᠠ ᠵᠢᠨ ᠬᠤᠭᠤᠴᠠᠭ᠋ᠠᠨ᠎ᠳᠤ ᠦᠨᠡᠨ ᠰᠤᠮᠤᠨ᠎ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠵᠢᠨ ᠬᠠᠮᠲᠤ ᠲᠤᠬᠠᠶ ᠵᠢᠨ ᠭᠠᠵᠠᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ᠎ᠯᠤᠭ᠎ᠠ ᠬᠠᠮᠵᠢᠯᠴᠠᠨ ᠴᠢᠬᠤᠯᠠ ᠪᠦᠬᠦᠢ ᠭᠠᠯ ᠤᠨᠲᠠᠷᠠᠭ᠋ᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠪᠡᠯᠡᠳᠬᠡᠯ ᠠᠵᠢᠯ᠎ᠢ ᠰᠠᠶ᠋ᠢᠳᠤᠷ ᠬᠢᠭᠰᠡᠨ᠎ᠤ ᠳᠠᠷᠠᠭ᠎ᠠ ᠰᠠᠶᠢ ᠬᠡᠷᠡᠭᠵᠢᠭᠦᠯᠵᠦ ᠪᠣᠯᠤᠨ᠎ᠠ᠃ (ᠲᠠᠪᠤ) ᠬᠤᠷᠢᠭ᠎ᠠ ᠴᠠᠭ᠋ᠠᠵᠠ ᠵᠢᠨ ᠣᠷᠣᠨ ᠵᠶ᠋ᠡᠷ ᠥᠩᠭᠡᠷᠡᠬᠦ ᠲᠡᠷᠭᠡ ᠬᠥᠰᠬᠡ᠂ ᠮᠠᠰᠢᠨᠳᠤ ᠭᠠᠯ ᠰᠡᠷᠭᠡᠶ᠋ᠢᠯᠡᠬᠦ ᠠᠶᠤᠯᠭᠦᠢ ᠵᠢᠨ ᠪᠠᠶ᠋ᠢᠴᠠᠭ᠋ᠠᠯᠲᠠ ᠬᠢᠬᠦ ᠵᠡᠷᠭᠡ ᠴᠢᠬᠤᠯᠠ ᠪᠦᠬᠦᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠠᠰᠢ ᠴᠠᠰᠢ ᠵᠣᠷᠴᠢᠬᠤ ᠠᠶᠠᠨᠴᠢᠳ᠂ ᠵᠢᠯᠣᠭᠤᠴᠢ᠎ᠳᠤ ᠭᠠᠯ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠬᠥᠮᠥᠵᠢᠯ᠎ᠤᠨ ᠠᠵᠢᠯ᠎ᠢ ᠰᠠᠶ᠋ᠢᠲᠤᠷ ᠬᠢᠵᠦ᠂ ᠭᠠᠳᠠᠭᠰᠢ ᠲᠠᠮᠠᠬᠢ ᠬᠠᠶᠠᠬᠤ ᠵᠡᠷᠭᠡ ᠣᠢ ᠰᠢᠭᠤᠶ ᠵᠢᠨ ᠭᠠᠯ ᠡᠭᠦᠰᠭᠡᠵᠦ ᠮᠡᠳᠡᠬᠦ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠂ ᠬᠠᠮᠢᠶᠠᠷᠤᠭᠴᠢ᠎ᠨᠢ ᠭᠠᠯ ᠰᠡᠷᠭᠡᠶ᠋ᠢᠯᠡᠬᠦ ᠬᠠᠷᠢᠭᠤᠴᠠᠯᠭ᠋ᠠᠲᠠᠨ ᠪᠣᠯᠣᠨ᠎ᠠ᠃ (ᠵᠢᠷᠭᠤᠭ᠎ᠠ) ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠢ ᠰᠢᠭᠤᠶ ᠵᠢᠨ ᠭᠠᠯ᠎ᠤᠨ ᠪᠠᠶ᠋ᠢᠳᠠᠯ᠎ᠢ ᠣᠯᠵᠤ ᠮᠡᠳᠡᠪᠡᠯ᠂ ᠲᠤᠬᠠᠶ ᠵᠢᠨ ᠭᠠᠵᠠᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ ᠪᠤᠶᠤ ᠬᠤᠲᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠤᠳᠬᠤ ᠭᠠᠵᠠᠷ᠎ᠤᠨ ᠠᠯᠪᠠᠨ ᠭᠡᠷ᠎ᠲᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠲᠦᠭᠰᠢᠭᠦᠷᠢ ᠮᠡᠳᠡᠭᠦᠯᠬᠦ᠎ᠳᠤ ᠳᠥᠭᠦᠮ ᠦᠵᠡᠭᠦᠯᠵᠦ᠂ ᠣᠢ ᠰᠢᠭᠤᠶ ᠵᠢᠨ ᠭᠠᠯ᠎ᠤᠨ ᠪᠠᠶ᠋ᠢᠳᠠᠯ᠎ᠢ ᠬᠤᠳᠠᠯ ᠵᠶ᠋ᠠᠷ ᠮᠡᠳᠡᠭᠦᠯᠬᠦ᠂ ᠳᠤᠷ᠎ᠠ᠎ᠪᠠᠷ ᠵᠶ᠋ᠠᠨ ᠮᠡᠳᠡᠭᠦᠯᠬᠦ ᠵᠢ ᠴᠠᠭ᠋ᠠᠵᠠᠯᠠᠨ᠎ᠠ᠃ ᠭᠠᠯ ᠲᠦᠢ᠍ᠮᠡᠷ᠎ᠤᠨ ᠰᠡᠷᠡᠮᠵᠢ ᠵᠢᠨ ᠤᠲᠠᠰᠤ᠄ 12119᠃ (ᠳᠣᠯᠤᠭ᠎ᠠ) ᠬᠤᠷᠢᠭ᠎ᠠ ᠴᠠᠭ᠋ᠠᠵᠠ ᠵᠢᠨ ᠬᠤᠭᠤᠴᠠᠭ᠋ᠠᠨ᠎ᠳᠤ ᠬᠤᠰᠢᠭᠤ ᠰᠢᠶᠠᠨ ᠲᠣᠭᠤᠷᠢᠭ᠎ᠤᠨ ᠵᠠᠰᠠᠭ᠎ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ 《ᠠᠭᠤᠯᠠ ᠵᠢ ᠴᠡᠪᠡᠷᠯᠡᠬᠦ᠂ ᠭᠤᠤ ᠵᠢ ᠴᠡᠪᠡᠷᠯᠡᠬᠦ᠂ ᠲᠣᠬᠤᠢ ᠵᠢ ᠴᠡᠪᠡᠷᠯᠡᠬᠦ》 ᠠᠵᠢᠯᠯᠠᠭ᠎ᠠ ᠵᠢ ᠥᠷᠨᠢᠭᠦᠯᠵᠦ᠂ ᠭᠠᠯ᠎ᠤᠨ ᠠᠶᠤᠯ᠎ᠤᠨ ᠠᠯᠢᠪᠠ ᠳᠠᠯᠳᠠ ᠭᠡᠮ᠎ᠢ ᠴᠢᠷᠮᠠᠶ᠋ᠢᠨ ᠠᠷᠢᠯᠭ᠋ᠠᠬᠤ ᠬᠡᠷᠡᠭᠲᠡᠶ᠃ (ᠨᠠᠢ᠍ᠮᠠ) ᠭᠠᠯ᠎ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ᠂ ᠬᠡᠨ ᠤᠷᠢᠳᠠᠪᠠᠷ ᠮᠡᠳᠡᠭᠦᠯᠬᠦ᠂ ᠬᠡᠨ ᠤᠷᠢᠳᠠᠪᠠᠷ ᠭᠠᠯ ᠤᠨᠲᠠᠷᠠᠭ᠋ᠠᠬᠤ ᠵᠠᠷᠴᠢᠮ᠎ᠢ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠲᠣᠭᠤᠷᠢᠭ ᠪᠤᠶᠤ ᠤᠯᠤᠰ᠎ᠤᠨ ᠥᠮᠴᠢᠯᠡᠯ᠎ᠤᠨ ᠤᠢ ᠰᠢᠭᠤᠢ ᠵᠢᠨ ᠠᠵᠢᠯ ᠬᠢᠬᠦ ᠲᠣᠭᠤᠷᠢᠭ᠎ᠤᠨ ᠵᠠᠭ᠋ᠠᠭ ᠬᠢᠵᠠᠭ᠋ᠠᠷᠲᠤ ᠬᠢᠵᠠᠭ᠋ᠠᠷᠯᠠᠭᠳᠠᠬᠤ ᠥᠭᠡᠢ᠃ (ᠶᠢᠰᠦ) ᠪᠤᠰᠤᠳ ᠭᠤᠤᠯᠳᠠᠯᠭ᠎ᠠ᠎ᠲᠠᠢ ᠭᠠᠵᠠᠷ ᠤᠷᠤᠨ᠂ ᠰᠢᠭᠤᠶ᠋ᠢᠲᠤ ᠣᠷᠣᠨ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠤᠷᠢᠭ᠎ᠠ ᠴᠠᠭ᠋ᠠᠵᠠ ᠵᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠬᠤᠷᠢᠭ᠎ᠠ ᠴᠠᠭ᠋ᠠᠵᠠ ᠵᠢᠨ ᠬᠤᠭᠤᠴᠠᠭ᠎ᠠ ᠵᠢ ᠤᠷᠲᠤᠳᠬᠠᠬᠤ ᠴᠢᠬᠤᠯᠠᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ᠎ᠤᠨ ᠵᠠᠰᠠᠭ᠎ᠤᠨ ᠣᠷᠳᠣᠨ᠎ᠠᠴᠠ ᠠᠰᠲᠤᠨᠢ ᠬᠤᠷᠢᠭ᠎ᠠ ᠴᠠᠭ᠋ᠠᠵᠠ ᠵᠢᠨ ᠵᠠᠷᠯᠢᠭ ᠨᠡᠶ᠋ᠢᠲᠡᠯᠡᠨ᠎ᠡ᠃
ᠢᠷᠡᠯᠲᠡ᠄ ᠬᠥᠬᠡᠬᠤᠲᠠ ᠵᠢᠨ ᠵᠠᠰᠠᠭ᠎ᠤᠨ ᠣᠷᠳᠣᠨ