ᠨᠢᠭᠡ᠂ ᠠᠬᠤᠢ ᠪᠠᠶ᠋ᠢᠳᠠᠯ ᠵᠢᠴᠢ ᠠᠴᠢ ᠬᠤᠯᠪᠣᠭᠳᠠᠯ
2015 ᠣᠨ᠎ᠳᠤ᠂ ᠦᠪᠡᠷᠲᠡᠭᠡᠨ ᠵᠠᠰᠠᠬᠤ ᠣᠷᠣᠨ᠎ᠠᠴᠠ ᠮᠠᠨ᠎ᠤ ᠣᠷᠣᠨ᠎ᠤ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠵᠢ ᠵᠢᠷᠤᠮᠵᠢᠭᠤᠯᠬᠤ ᠪᠢᠴᠢᠭ ᠮᠠᠲ᠋ᠧᠷᠢᠶᠠᠯ ᠭᠠᠷᠭ᠋ᠠᠪᠠ᠃ 2016 ᠣᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠦᠨ᠎ᠠᠴᠠ 《ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠦᠨᠤ ᠵᠠᠷᠯᠢᠭ 32 ᠳ᠋ᠤᠭ᠋ᠠᠷ ᠲᠣᠭ᠋ᠠᠲᠤ)᠎ᠢ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠭ᠋ᠠᠳ ᠤᠤᠯ᠎ᠤᠨ 《ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠦᠮᠴᠢᠯᠡᠬᠦ ᠡᠷᠬᠡ ᠵᠢ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠦᠨᠤ ᠵᠠᠷᠯᠢᠭ 3 ᠳ᠋ᠤᠭ᠋ᠠᠷ ᠲᠣᠭ᠋ᠠᠲᠤ) ᠵᠢ ᠬᠦᠴᠦᠨ ᠦᠭᠡᠢ ᠪᠣᠯᠭ᠋ᠠᠪᠠ᠃ 2018 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠂ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ》᠎ᠢ ᠵᠢᠩᠬᠢᠨᠢ᠎ᠪᠠᠷ ᠡᠬᠢᠯᠡᠨ ᠬᠡᠷᠡᠭᠵᠢᠭᠦᠯᠪᠡ᠃ ᠡᠳᠡᠭᠡᠷ ᠳᠡᠭᠡᠳᠦ ᠪᠠᠶ᠋ᠢᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠬᠤᠪᠢᠷᠠᠯᠲᠠ ᠭᠠᠷᠤᠭᠰᠠᠨ ᠪᠠᠶ᠋ᠢᠳᠠᠯ᠎ᠳᠤ ᠰᠠᠭᠤᠷᠢᠯᠠᠨ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠤᠭᠤᠯᠬᠤ ᠴᠢᠬᠤᠯᠠᠲᠠᠢ ᠪᠣᠯᠪᠠ᠃ ᠡᠭᠦᠨ᠎ᠤ ᠬᠠᠮᠲᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠋ᠠᠨ᠎ᠤ ᠲᠦᠪᠯᠡᠷᠡᠭᠦᠯᠦᠨ ᠴᠡᠭᠴᠡᠯᠡᠵᠦ ᠵᠠᠰᠠᠬᠤ ᠶᠠᠪᠤᠴᠠ᠎ᠳᠤ ᠢᠯᠡᠷᠡᠭᠦᠯᠦᠭᠰᠡᠨ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠦᠮᠴᠢᠯᠡᠬᠦ ᠡᠷᠬᠡ ᠵᠢ ᠰᠢᠯᠵᠢᠭᠦᠯᠦᠨ ᠥᠭᠬᠦ ᠬᠡᠯᠪᠡᠷᠢ᠎ᠪᠠᠷ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠡᠯᠪᠡᠷᠢ ᠵᠢ᠎ᠨᠢ ᠦᠭᠡᠷᠡᠲᠦᠭᠦᠯᠦᠨ ᠳᠣᠣᠷ᠎ᠠ ᠦᠨ᠎ᠡ᠎ᠪᠠᠷ ᠰᠢᠯᠵᠢᠭᠦᠯᠦᠨ ᠥᠭᠬᠦ ᠠᠰᠠᠭᠤᠳᠠᠯ᠎ᠳᠤ ᠴᠢᠭᠯᠡᠭᠦᠯᠵᠦ᠂ ᠲᠡᠭᠦᠨ᠎ᠢ ᠵᠢᠷᠤᠮᠵᠢᠭᠤᠯᠬᠤ ᠵᠢᠨ ᠲᠤᠰᠠᠳᠠ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 2020 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ 《ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠶ ᠮᠡᠳᠡᠭᠳᠡᠯ》 (ᠦᠪᠦᠷ ᠵᠠᠰᠠᠭ ᠠᠯᠪᠠᠨ ᠲᠠᠷᠬᠠᠭ᠋ᠠᠭᠰᠠᠨ [2020] 31 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠶᠠᠪᠤᠭᠤᠯᠪᠠ᠃ ᠡᠳᠦᠭᠡ ᠠᠭᠤᠯᠭ᠎ᠠ᠎ᠳᠤᠨᠢ ᠳᠠᠷᠠᠭ᠋ᠠᠬᠢ ᠮᠡᠲᠦ ᠲᠠᠶ᠋ᠢᠯᠤᠮᠵᠢ ᠬᠢᠪᠡ᠃
ᠬᠤᠶᠠᠷ᠂ ᠭᠤᠣᠯ ᠠᠭᠤᠯᠭ᠎ᠠ ᠲᠣᠬᠢᠷᠠᠭᠤᠯᠤᠨ ᠬᠡᠷᠡᠭᠯᠡᠬᠦ ᠬᠡᠪᠴᠢᠶ᠎ᠡ᠄
ᠦᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠃ ᠦᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠄ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠨᠢᠭᠡᠴᠢ (ᠵᠠᠰᠠᠭ ᠵᠠᠬᠢᠷᠭ᠋ᠠᠨ᠂ ᠠᠵᠢᠯ ᠦᠢ᠍ᠯᠡᠰ᠎ᠤᠨ ᠨᠢᠭᠡᠴᠢ ᠪᠠᠭᠲᠠᠨ᠎ᠠ)᠎ᠨᠦᠭᠦᠳ ᠲᠦᠷᠥ ᠤᠯᠤᠰ᠎ᠤᠨ ᠡᠮᠦᠨ᠎ᠡ᠎ᠠᠴᠠ ᠪᠡᠯᠡ ᠭᠠᠷᠭ᠋ᠠᠭᠰᠠᠨ ᠤᠯᠤᠰ᠎ᠤᠨ ᠦᠮᠴᠢᠯᠡᠯᠲᠦ ᠲᠤᠰᠠᠭ᠋ᠠᠷ ᠪᠡᠯᠡ ᠵᠢᠨ ᠠᠵᠤ ᠠᠬᠤᠶ᠋ᠢᠯᠠᠯ᠂ ᠤᠯᠤᠰ᠎ᠤᠨ ᠦᠮᠴᠢᠯᠡᠯᠲᠦ ᠬᠤᠪᠢᠴᠠᠭ᠎ᠠ ᠵᠢ ᠡᠵᠡᠮᠳᠡᠭᠰᠡᠨ ᠠᠵᠤ ᠠᠬᠤᠶ᠋ᠢᠯᠠᠯ ᠪᠠ ᠤᠯᠤᠰ᠎ᠠᠴᠠ ᠪᠣᠳᠠᠲᠠᠶ ᠡᠵᠡᠮᠳᠡᠵᠦ ᠪᠠᠶ᠋ᠢᠭ᠎ᠠ ᠠᠵᠤ ᠠᠬᠤᠶ᠋ᠢᠯᠠᠯ᠎ᠢ ᠵᠢᠭ᠋ᠠᠵᠤ ᠪᠤᠶ᠃ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ᠄ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ ᠬᠤᠳᠠᠯᠳᠤᠬᠤ᠂ ᠦᠨ᠎ᠡ ᠲᠣᠭᠲᠠᠭ᠋ᠠᠨ ᠪᠡᠯᠡ ᠭᠠᠷᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠤᠯᠢ ᠶᠣᠰᠣᠭ᠋ᠠᠷ ᠣᠯᠤᠭᠰᠠᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢ᠎ᠪᠠᠨ ᠰᠢᠯᠵᠢᠭᠦᠯᠬᠦ ᠦᠢ᠍ᠯᠡ ᠠᠵᠢᠯᠯᠠᠭ᠎ᠠ ᠵᠢ ᠵᠢᠭ᠋ᠠᠵᠤ ᠪᠣᠢ᠃
◆ ◆ ◆ ◆ ◆ ◆ ◆ ◆ ◆ ◆ ◆ ◆
★ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢ ᠪᠤᠰᠤᠳ ᠬᠦᠮᠦᠨ ᠦᠨ᠎ᠡ ᠲᠥᠯᠥᠪᠦᠷᠢ ᠦᠭᠡᠶ᠎ᠪᠠᠷ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃
★ ᠰᠲ᠋ᠣᠺ᠎ᠤᠨ ᠡᠷᠬᠡ ᠵᠢᠨ ᠬᠠᠮᠲᠤᠷᠠᠯᠴᠠᠬᠤ ᠠᠷᠭ᠎ᠠ ᠮᠠᠶᠢᠭ ᠵᠶ᠋ᠠᠷ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢ ᠦᠨ᠎ᠡ ᠲᠥᠯᠥᠪᠦᠷᠢ ᠦᠭᠡᠶ ᠪᠤᠶᠤ ᠳᠣᠤᠷ᠎ᠠ ᠦᠨ᠎ᠡ᠎ᠪᠠᠷ ᠰᠢᠯᠵᠢᠭᠦᠯᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
★ ᠨᠡᠭᠦᠷᠡᠰᠦ᠎ᠳᠤ ᠬᠤᠯᠪᠣᠭᠳᠠᠭᠰᠠᠨ ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠨᠢ ᠰᠲ᠋ᠣᠺ᠎ᠤᠨ ᠡᠷᠬᠡ ᠵᠢᠨ ᠬᠠᠮᠲᠤᠷᠠᠯᠴᠠᠭ᠎ᠠ ᠥᠷᠨᠢᠭᠦᠯᠦᠭᠰᠡᠨ ᠪᠠᠶ᠋ᠢᠪᠠᠯ᠂ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠳᠦᠷᠢᠮ᠎ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠬᠤᠯᠪᠣᠭᠳᠠᠭᠰᠠᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢ ᠡᠷᠬᠡᠪᠰᠢ ᠦᠨᠡᠯᠡᠨ ᠵᠢᠱ᠌ᠢᠬᠦ ᠬᠡᠪᠴᠢᠶᠡᠨ᠎ᠳᠤ ᠣᠷᠤᠭᠤᠯᠬᠤ ᠵᠢᠨ ᠬᠠᠮᠲᠤ᠂ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢ ᠦᠨᠡᠯᠡᠨ ᠵᠢᠱ᠌ᠢᠬᠦ ᠬᠢᠷᠢ ᠴᠢᠳᠠᠮᠵᠢ᠎ᠲᠠᠢ ᠵᠠᠭᠤᠴᠢ ᠪᠠᠶ᠋ᠢᠭᠤᠯᠤᠮᠵᠢ᠎ᠪᠠᠷ ᠦᠨᠡᠯᠡᠨ ᠵᠢᠱ᠌ᠢᠭᠦᠯᠵᠦ ᠦᠨ᠎ᠡ ᠲᠣᠭᠲᠠᠭ᠋ᠠᠯᠭ᠋ᠠᠬᠤ ᠬᠡᠷᠡᠭᠲᠡᠶ᠃
◆ ◆ ◆ ◆ ◆ ◆ ◆ ◆ ◆ ◆ ◆ ◆
ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢ ᠰᠢᠯᠵᠢᠭᠦᠯᠦᠨ ᠥᠭᠬᠦ᠎ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶ᠋ᠢᠬᠤ ᠪᠠ ᠥᠷᠢᠰᠥᠯᠳᠦᠭᠡᠨ ᠡᠮᠬᠢ ᠵᠢᠷᠤᠮ᠎ᠲᠠᠢ ᠪᠠᠶ᠋ᠢᠬᠤ ᠵᠠᠷᠴᠢᠮ ᠵᠶ᠋ᠠᠷ ᠶᠠᠪᠤᠭᠳᠠᠭᠤᠯᠬᠤ ᠬᠡᠷᠡᠭᠲᠡᠶ᠃
ᠠᠭᠤᠷᠬᠠᠶ ᠬᠠᠶ᠋ᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠵᠢ ᠰᠢᠯᠵᠢᠭᠦᠯᠦᠨ ᠥᠭᠬᠦ ᠵᠢ ᠬᠦᠯᠢᠶᠡᠨ ᠠᠪᠤᠭᠴᠢ᠎ᠨᠢ ᠠᠭᠤᠷᠬᠠᠶ ᠬᠠᠶ᠋ᠢᠬᠤ ᠡᠷᠬᠡ ᠪᠣᠯᠣᠨ ᠠᠭᠤᠷᠬᠠᠶ ᠮᠠᠯᠲᠠᠬᠤ ᠡᠷᠬᠡᠲᠦ ᠬᠥᠮᠦᠨ᠎ᠤ ᠬᠠᠤᠯᠢ᠎ᠪᠠᠷ ᠲᠣᠭᠲᠠᠭ᠋ᠠᠭᠰᠠᠨ ᠬᠢᠷᠢ ᠴᠢᠳᠠᠮᠵᠢ ᠵᠢᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠡᠵᠡᠮᠳᠡᠵᠦ ᠪᠠᠶ᠋ᠢᠭ᠎ᠠ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢ ᠬᠡᠰᠡᠭ ᠵᠶ᠋ᠠᠷ ᠬᠤᠪᠢᠶᠠᠨ ᠰᠢᠯᠵᠢᠭᠦᠯᠦᠨ ᠥᠭᠴᠦ ᠪᠣᠯᠬᠤ ᠦᠭᠡᠢ᠃ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢ ᠰᠠᠯᠭ᠋ᠠᠨ ᠲᠤᠰᠠᠭ᠋ᠠᠷᠯᠠᠬᠤ᠎ᠪᠠᠷ ᠭᠦᠢ᠍ᠴᠡᠳᠭᠡᠭᠰᠡᠨ ᠪᠣᠯ᠂ ᠰᠠᠯᠭ᠋ᠠᠭᠰᠠᠨ᠎ᠤ ᠳᠠᠷᠠᠭ᠋ᠠᠬᠢ ᠠᠭᠤᠷᠬᠠᠶ ᠬᠠᠶ᠋ᠢᠬᠤ ᠡᠷᠬᠡ ᠪᠠ ᠠᠭᠤᠷᠬᠠᠶ ᠮᠠᠯᠲᠠᠬᠤ ᠡᠷᠬᠡ ᠵᠢ ᠲᠤᠰᠠᠭ᠋ᠠᠷ᠎ᠨᠢ ᠲᠤᠰ ᠲᠤᠰᠲᠤᠨᠢ ᠰᠢᠯᠵᠢᠭᠦᠯᠦᠨ ᠥᠭᠴᠦ ᠪᠣᠯᠬᠤ ᠦᠭᠡᠶ᠃
ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢ ᠰᠢᠯᠵᠢᠭᠦᠯᠦᠨ ᠥᠭᠬᠦ᠎ᠳᠤ ᠬᠤᠯᠪᠣᠭᠳᠠᠬᠤ ᠫᠠᠶ᠋ᠢᠰᠠ ᠡᠯᠭᠦᠨ ᠦᠨ᠎ᠡ ᠲᠣᠭᠲᠠᠭ᠋ᠠᠬᠤ᠂ ᠫᠠᠶ᠋ᠢᠰᠠ ᠡᠯᠭᠦᠬᠦ ᠬᠤᠭᠤᠴᠠᠭ᠎ᠠ ᠬᠢᠵᠠᠭ᠋ᠠᠷ ᠵᠢᠴᠢ ᠦᠨ᠎ᠡ ᠬᠠᠩᠰᠢ ᠵᠢᠨ ᠵᠣᠭᠤᠰ᠎ᠢ ᠥᠭᠬᠦ ᠠᠷᠭ᠎ᠠ ᠮᠠᠶᠢᠭ ᠵᠡᠷᠭᠡ᠎ᠳᠤ᠂ 《ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢᠨ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃
ᠭᠤ ᠷᠪᠠ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠴᠤᠪᠤᠷᠠᠯ
1. ᠲᠤᠳᠤᠭ᠋ᠠᠲᠤ ᠵᠢᠨ ᠰᠢᠢ᠍ᠳᠪᠦᠷᠢᠲᠦ ᠪᠣᠳᠣᠯᠭ᠎ᠠ᠃ ᠠᠵᠤ ᠠᠬᠤᠶ᠋ᠢᠯᠠᠯ᠎ᠤᠨ ᠳᠦᠷᠢᠮ ᠲᠣᠭᠲᠠᠭ᠋ᠠᠯ ᠪᠠ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠦᠨᠳᠦᠰᠦᠯᠡᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠪᠢᠴᠢᠭ᠎ᠤᠨ ᠬᠡᠯᠪᠡᠷᠢ᠎ᠪᠠᠷ ᠰᠢᠢ᠍ᠳᠪᠦᠷᠢ ᠭᠠᠷᠭ᠋ᠠᠬᠤ ᠬᠡᠷᠡᠭᠲᠡᠢ᠃
2. ᠬᠢᠨᠠᠨ ᠵᠥᠪᠰᠢᠶᠡᠷᠡᠬᠦ ᠵᠢ ᠭᠦᠢ᠍ᠴᠡᠳᠭᠡᠬᠦ᠃ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠣᠭᠲᠠᠭ᠋ᠠᠯ ᠵᠢᠴᠢ 《ᠠᠭᠤᠷᠬᠠᠶ ᠬᠠᠶ᠋ᠢᠬᠤ ᠡᠷᠬᠡ ᠠᠭᠤᠷᠬᠠᠶ ᠮᠠᠯᠲᠠᠬᠤ ᠡᠷᠬᠡ ᠵᠢ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠵᠥᠪᠰᠢᠶᠡᠷᠡᠭᠦᠯᠬᠦ᠎ᠪᠠᠷ ᠮᠡᠳᠡᠭᠦᠯᠬᠦ ᠬᠡᠷᠡᠭᠲᠡᠢ᠃
3. ᠪᠡᠯᠡ ᠬᠦᠷᠦᠩᠭᠡ ᠵᠢ ᠦᠨᠡᠯᠡᠨ ᠵᠢᠱ᠌ᠢᠬᠦ᠃ ᠠᠭᠤᠷᠬᠠᠶ ᠵᠢᠨ ᠠᠵᠢᠯ ᠲᠦᠷᠦᠯ᠎ᠤᠨ ᠡᠷᠬᠡ᠎ᠲᠠᠢ ᠠᠵᠤ ᠠᠬᠤᠶ᠋ᠢᠯᠠᠯ᠎ᠨᠢ 《ᠠᠵᠤ ᠠᠬᠤᠶ᠋ᠢᠯᠠᠯ᠎ᠤᠨ ᠤᠯᠤᠰ᠎ᠤᠨ ᠥᠮᠴᠢᠯᠡᠯᠲᠦ ᠪᠡᠯᠡ ᠬᠥᠷᠥᠩᠭᠡ ᠵᠢᠨ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 《ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢᠨ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠵᠤᠬᠢᠬᠤ ᠬᠢᠷᠢ ᠴᠢᠳᠠᠮᠵᠢ᠎ᠲᠠᠢ ᠵᠠᠭᠤᠴᠢ ᠪᠠᠶ᠋ᠢᠭᠤᠯᠤᠮᠵᠢ᠎ᠳᠤ ᠨᠠᠶ᠋ᠢᠳᠠᠵᠤ ᠦᠨᠡᠯᠡᠨ ᠵᠢᠱ᠌ᠢᠯᠲᠡ ᠬᠢᠯᠭᠡᠵᠦ᠂ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ ᠬᠠᠷᠭᠤᠭᠤᠯᠤᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠷᠤᠮ᠎ᠢ ᠭᠦᠢ᠍ᠴᠡᠳᠭᠡᠬᠦ ᠬᠡᠷᠡᠭᠲᠡᠢ᠃
4. ᠠᠷᠠᠯᠵᠢᠶᠠᠯᠠᠬᠤ ᠲᠠᠯᠠᠪᠤᠷ᠎ᠲᠤ ᠠᠷᠠᠯᠵᠢᠶᠠᠯᠠᠬᠤ᠃ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠦᠨ᠎ᠡ ᠲᠥᠯᠥᠪᠦᠷᠢ ᠦᠭᠡᠢ᠎ᠪᠠᠷ ᠬᠤᠪᠢᠶᠠᠷᠢᠯᠠᠨ ᠰᠢᠯᠵᠢᠭᠦᠯᠬᠦ ᠪᠠ ᠵᠦᠪᠯᠡᠯᠴᠡᠭᠡᠷ ᠵᠶ᠋ᠠᠷ ᠰᠢᠯᠵᠢᠭᠦᠯᠦᠨ ᠥᠭᠬᠦ ᠪᠠᠶ᠋ᠢᠳᠠᠯ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢ ᠬᠢᠨᠠᠨ ᠬᠠᠮᠢᠶᠠᠷᠬᠤ ᠪᠠᠶ᠋ᠢᠭᠤᠯᠤᠮᠵᠢ ᠵᠢᠨ ᠰᠤᠩᠭᠤᠨ ᠲᠣᠭᠲᠠᠭ᠋ᠠᠭᠰᠠᠨ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠠᠯᠲᠤ ᠪᠡᠯᠡ ᠬᠥᠷᠥᠩᠭᠡ ᠵᠢ ᠠᠷᠠᠯᠵᠢᠶᠠᠯᠠᠬᠤ ᠬᠢᠷᠢ ᠴᠢᠳᠠᠮᠵᠢ᠎ᠲᠠᠢ ᠥᠮᠴᠢᠯᠡᠬᠦ ᠡᠷᠬᠡ ᠵᠢᠨ ᠠᠷᠠᠯᠵᠢᠶᠠᠯᠠᠬᠤ ᠪᠠᠶ᠋ᠢᠭᠤᠯᠤᠮᠵᠢ᠎ᠳᠤ ᠢᠯᠡ᠎ᠪᠠᠷ ᠶᠠᠪᠤᠭᠳᠠᠭᠤᠯᠬᠤ ᠬᠡᠷᠡᠭᠲᠡᠶ᠃
5. ᠡᠷᠬᠡ ᠬᠠᠷᠢᠶᠠᠯᠠᠯ᠎ᠢ᠎ᠨᠢ ᠬᠤᠪᠢᠷᠠᠭᠤᠯᠬᠤ᠃ ᠥᠮᠴᠢᠯᠡᠬᠦ ᠡᠷᠬᠡ ᠵᠢᠨ ᠠᠷᠠᠯᠵᠢᠶᠠᠯᠠᠬᠤ ᠪᠠᠶ᠋ᠢᠭᠤᠯᠤᠮᠵᠢ ᠵᠢᠨ ᠭᠠᠷᠭ᠋ᠠᠨ ᠥᠭᠭᠦᠭᠰᠡᠨ ᠥᠮᠴᠢᠯᠡᠬᠦ ᠡᠷᠬᠡ ᠵᠢᠨ ᠠᠷᠠᠯᠵᠢᠶᠠᠯᠠᠬᠤ ᠭᠡᠷᠡᠴᠢ ᠪᠠᠷᠢᠮᠲᠠ ᠵᠡᠷᠭᠡ ᠪᠢᠴᠢᠭ ᠮᠠᠲ᠋ᠧᠷᠢᠶᠠᠯ᠎ᠢ ᠠᠪᠴᠤ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠬᠠᠷᠢᠶᠠᠯᠠᠯ᠎ᠢ ᠬᠤᠪᠢᠷᠠᠭᠤᠯᠬᠤ ᠳᠡᠰ ᠳᠠᠷᠠᠭ᠋ᠠᠯᠠᠯ᠎ᠢ ᠬᠠᠤᠯᠢ ᠪᠠ ᠲᠣᠭᠲᠠᠭ᠋ᠠᠯ ᠶᠣᠰᠣᠭ᠋ᠠᠷ ᠭᠦᠢ᠍ᠴᠡᠳᠭᠡᠬᠦ ᠬᠡᠷᠡᠭᠲᠡᠶ᠃ ᠦᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠪᠡᠯᠡ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ᠎ᠠᠴᠠ ᠦᠢ᠍ᠯᠡᠳᠪᠡ
ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠮᠡᠳᠡᠭᠡ