ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2021-10-28

      ᠲᠤᠮᠳᠠᠳᠤ ᠤᠯᠤᠰ᠎ᠤᠨ ᠡᠪ   ᠬᠠᠮᠳᠤ   ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠪᠣᠯᠤᠨ ᠲᠥᠷᠥ ᠵᠢᠨ   ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠶ ᠰᠢᠭᠤᠶ ᠵᠢᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠭᠠᠷᠭ᠋ᠠᠵᠤ᠂ ᠡᠯ᠎ᠡ ᠭᠠᠵᠠᠷ ᠣᠷᠣᠨ   ᠪᠣᠯᠤᠨ ᠰᠠᠯᠠᠭ᠎ᠠ ᠮᠥᠴᠢᠷ᠎ᠤᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠰᠠᠶ᠋ᠢᠲᠤᠷ ᠲᠤᠤᠱᠯᠠᠭᠤᠯᠤᠨ   ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠵᠠᠶ᠃              

          ᠣᠶ ᠰᠢᠭᠤᠶ ᠵᠢᠨ ᠳᠠᠷᠤᠭ᠎ᠠ ᠵᠢᠨ ᠳᠦᠷᠢᠮ᠎ᠢ

          ᠪᠦᠬᠦ ᠲᠠᠯ᠎ᠠ᠎ᠪᠠᠷ   ᠬᠡᠷᠡᠭᠵᠢᠭᠦᠯᠬᠦ ᠲᠤᠬᠠᠶ ᠰᠠᠨᠠᠯ        

     

      ᠤᠢ ᠰᠢᠭᠤᠢ ᠪᠠ ᠨᠤᠲᠤᠭ ᠪᠡᠯᠴᠢᠭᠡᠷ ᠪᠣᠯ ᠴᠢᠬᠤᠯᠠ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ ᠮᠥᠨ᠂   ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠠᠮᠢ ᠠᠬᠤᠢ ᠵᠢᠨ ᠪᠣᠯᠪᠠᠰᠤᠨ᠎ᠤ   ᠪᠠᠶ᠋ᠢᠭᠤᠯᠤᠯᠲᠠ ᠵᠢ ᠠᠬᠢᠭᠤᠯᠬᠤ᠎ᠳᠤ ᠰᠠᠭᠤᠷᠢ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠦᠢ᠍ᠯᠡᠳᠦᠯ᠎ᠲᠠᠢ ᠶᠤᠮ᠃ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠮᠢ ᠠᠬᠤᠶ ᠵᠢᠨ ᠰᠢᠰᠲ᠋ᠧᠮ᠎ᠤᠨ ᠴᠢᠳᠠᠮᠵᠢ ᠵᠢ ᠪᠥᠬᠥ   ᠲᠠᠯ᠎ᠠ᠎ᠪᠠᠷ ᠳᠡᠭᠡᠭᠰᠢᠯᠡᠭᠦᠯᠵᠦ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ   ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠭᠤᠤᠯ ᠴᠣᠭᠴᠠ ᠵᠢᠨ   ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠬᠤ ᠵᠢᠨ ᠲᠤᠰᠠᠳᠠ᠂ ᠡᠳᠦᠭᠡ ᠣᠶ ᠰᠢᠭᠤᠢ ᠵᠢᠨ   ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠲᠤᠬᠠᠶ ᠳᠤᠤᠷᠠᠬᠢ ᠮᠡᠲᠦ ᠰᠠᠨᠠᠯ᠎ᠢ ᠳᠤᠷᠠᠳᠪᠠ᠃          

      ᠨᠢᠭᠡ᠂ ᠶᠡᠷᠦᠩᠬᠡᠢ ᠱᠠᠭ᠋ᠠᠷᠳᠠᠯᠭ᠎ᠠ    
      (ᠨᠢᠭᠡ) ᠵᠢᠯᠣᠭᠣᠳᠬᠤ ᠦᠵᠡᠯ ᠰᠠᠨᠠᠭ᠎ᠠ    
 

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ   ᠦᠵᠡᠯ ᠰᠠᠨᠠᠭ᠎ᠠ᠎ᠪᠠᠷ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ   ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠂ ᠭᠤᠷᠪᠠᠳᠤᠭ᠋ᠠᠷ   ᠪᠦᠬᠦᠳᠡ ᠬᠤᠷᠠᠯ᠂ ᠳᠥᠷᠪᠡᠳᠦᠭᠡᠷ ᠪᠦᠬᠦᠳᠡ   ᠬᠤᠷᠠᠯ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠦᠢ᠍ᠯᠡᠳᠦᠯᠭᠡᠵᠢᠬᠦᠯᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠡᠷᠡᠰ ᠲᠤᠤᠱᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ   ᠪᠦᠷᠢᠳᠦ ᠨᠤᠲᠤᠭ ᠪᠡᠯᠴᠢᠭᠡᠷ᠎ᠢ ᠰᠢᠰᠲ᠋ᠧᠮ᠎ᠲᠠᠢ ᠵᠠᠰᠠᠬᠤ ᠱᠠᠭ᠋ᠠᠷᠳᠠᠯᠭ᠎ᠠ ᠶᠣᠰᠣᠭ᠋ᠠᠷ᠂ ᠪᠦᠬᠦ ᠤᠯᠤᠰ᠎ᠲᠤ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠬᠦᠯᠵᠦ᠂ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ   ᠬᠠᠷᠠᠯᠲᠠᠲᠤ ᠬᠠᠷᠢᠭᠤᠴᠠᠯᠭ᠎ᠠ ᠵᠢ ᠲᠤᠳᠤᠷᠬᠠᠢ᠌ᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ   ᠤᠷᠤᠨ᠎ᠨᠢ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ᠎ᠠᠴᠠ᠎ᠨᠢ ᠵᠠᠰᠠᠬᠤ᠂ ᠪᠦᠬᠦ ᠣᠷᠣᠨ   ᠪᠦᠰᠡ ᠵᠢ ᠬᠠᠮᠤᠷᠬᠤ ᠵᠡᠷᠭᠡ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠠᠮᠢ   ᠠᠬᠤᠢ ᠵᠢᠨ ᠪᠣᠯᠪᠠᠰᠤᠨ ᠪᠠ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ   ᠲᠦᠷᠭᠡᠳᠬᠡᠨ ᠠᠬᠢᠭᠤᠯᠤᠨ᠎ᠠ᠃          

    (ᠬᠣᠶᠠᠷ) ᠠᠵᠢᠯ᠎ᠤᠨ ᠵᠠᠷᠴᠢᠮ    
     ★ ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠬᠠᠮᠠᠭ᠋ᠠᠯᠠᠬᠤ᠎ᠪᠠᠷ ᠭᠤᠤᠯ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠶ᠃ ᠣᠶ ᠰᠢᠭᠤᠶ ᠵᠢᠨ ᠬᠠᠤᠯᠢ᠂ ᠨᠤᠲᠤᠭ ᠪᠡᠯᠴᠢᠭᠡᠷ᠎ᠤᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠥᠬᠥ   ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠵᠤ᠂ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠤᠨ ᠲᠣᠭᠲᠠᠪᠤᠷᠢᠲᠤ ᠴᠢᠨᠠᠷ᠎ᠢ ᠴᠢᠩᠭ᠋ᠠᠷᠠᠭᠤᠯᠤᠨ᠎ᠠ᠃    
     ★ ᠨᠤᠭᠤᠭ᠋ᠠᠨᠯᠢᠭ ᠬᠥᠭᠵᠢᠯᠲᠡ ᠵᠢ ᠪᠠᠷᠢᠮᠲᠠᠯᠠᠵᠤ᠂ ᠠᠮᠢ ᠠᠬᠤᠶ᠎ᠪᠠᠷ ᠠᠷᠠᠳ᠎ᠲᠤ ᠠᠰᠢᠭ ᠬᠦᠷᠳᠡᠭᠡᠨ᠎ᠡ᠃   ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠠᠮᠢ ᠠᠬᠤᠢ᠍ᠢ᠍ᠵᠢᠯᠳᠠ ᠵᠢ ᠢᠳᠡᠪᠬᠢᠲᠡᠢ ᠠᠬᠢᠭᠤᠯᠵᠤ᠂ ᠠᠷᠠᠳ ᠤᠯᠠᠨ᠎ᠳᠤ ᠦᠵᠡᠰᠭᠦᠯᠡᠩᠲᠤ ᠰᠠᠶ᠋ᠢᠬᠠᠨ ᠠᠮᠢ ᠠᠬᠤᠢ ᠣᠷᠴᠢᠨ ᠲᠣᠭᠣᠷᠢᠨ᠂ ᠰᠢᠯᠢᠳᠡᠭ ᠰᠠᠢ᠍ᠢ᠍ᠨ ᠠᠮᠢ ᠠᠬᠤᠢ ᠵᠢᠨ ᠦᠢ᠍ᠯᠡᠳᠬᠦᠨ᠂ ᠴᠢᠨᠠᠷ ᠰᠠᠶ᠋ᠢᠲᠠᠢ ᠠᠮᠢ ᠠᠬᠤᠢ ᠵᠢᠨ ᠦᠢ᠍ᠯᠡᠴᠢᠯᠡᠬᠡ ᠵᠢ ᠬᠠᠩᠭ᠋ᠠᠬᠤ ᠬᠡᠷᠡᠭᠲᠡᠢ᠃      
    ★ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠎ᠠ᠃ ᠠᠳᠠᠯᠢ ᠪᠤᠰᠤ ᠣᠷᠣᠨ ᠪᠦᠰᠡ ᠵᠢᠨ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠮᠢ   ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠲᠥᠷᠥᠯ   ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ᠂ ᠶᠡᠷᠦᠩᠬᠡᠶ᠋ᠢᠯᠡᠨ ᠵᠠᠰᠠᠬᠤ᠂   ᠲᠣᠬᠢᠷᠠᠮᠵᠢᠲᠠᠶ᠎ᠪᠠᠷ ᠤᠢ᠌ᠵᠢᠭᠤᠯᠬᠤ (ᠪᠠᠢ᠌ᠳᠠᠯ᠎ᠳᠤ᠎ᠨᠢ ᠲᠤᠬᠢᠷᠠᠭᠤᠯᠤᠨ ᠤᠢ᠌ᠵᠢᠭᠤᠯᠬᠤ᠂ ᠠᠲᠠᠷᠰᠢᠭᠤᠯᠬᠤ᠂   ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠢ ᠤᠶᠠᠯᠳᠤᠭᠤᠯᠬᠤ)᠂ ᠣᠶ ᠰᠢᠭᠤᠶ ᠨᠤᠲᠤᠭ ᠪᠡᠯᠴᠢᠭᠡᠷ᠎ᠤᠨ ᠡᠬᠢ   ᠪᠠᠶᠠᠯᠢᠭ᠎ᠤᠨ ᠠᠮᠢ ᠠᠬᠤᠶ᠂ ᠠᠵᠤ ᠠᠬᠤᠶ᠂ ᠨᠡᠶ᠋ᠢᠭᠡᠮ᠎ᠤᠨ ᠴᠢᠳᠠᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃      
     ★ ᠨᠠᠮ᠎ᠤᠨ ᠬᠣᠷᠢᠶ᠎ᠠ ᠤᠳᠤᠷᠢᠳᠴᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠵᠢ ᠪᠠᠷᠢᠮᠲᠠᠯᠠᠬᠤ ᠬᠡᠷᠡᠭᠲᠡᠶ  ᠃ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ ᠵᠠᠰᠠᠭ᠎ᠤᠨ ᠤᠳᠤᠷᠢᠳᠤᠯᠭ᠎ᠠ ᠬᠠᠷᠢᠭᠤᠴᠠᠬᠤ   ᠳᠦᠷᠢᠮ ᠵᠶ᠋ᠠᠷ ᠭᠤᠤᠯ ᠪᠣᠯᠭ᠋ᠠᠭᠰᠠᠨ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠡᠯ᠎ᠡ   ᠱᠠᠲᠤᠨ᠎ᠤ ᠣᠢ ᠰᠢᠭᠤᠶ (ᠨᠤᠲᠤᠭ ᠪᠡᠯᠴᠢᠭᠡᠷ) ᠵᠢᠨ ᠳᠠᠷᠤᠭ᠎ᠠ (ᠳᠣᠷᠣᠭᠰᠢ ᠣᠶ ᠰᠢᠭᠤᠢ ᠵᠢᠨ ᠳᠠᠷᠤᠭ᠎ᠠ ᠭᠡᠵᠦ   ᠶᠡᠷᠦᠩᠬᠡᠶ᠋ᠢᠯᠡᠨ ᠨᠡᠷᠡᠶ᠋ᠢᠳᠦᠨ᠎ᠡ) ᠵᠢᠨ ᠣᠢ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ   ᠬᠥᠭᠵᠢᠭᠦᠯᠬᠦ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠵᠤ᠂   ᠡᠯ᠎ᠡ ᠲᠠᠯ᠎ᠠ ᠵᠢᠨ ᠬᠦᠴᠦᠨ᠎ᠢ ᠨᠢᠭᠡᠳᠦᠯᠲᠡᠶ ᠲᠥᠯᠥᠪᠯᠡᠨ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠬᠤ ᠠᠵᠢᠯ᠎ᠤᠨ   ᠪᠠᠶ᠋ᠢᠷᠢᠰᠢᠯ᠎ᠢ ᠪᠤᠢ ᠪᠣᠯᠭ᠋ᠠᠬᠤ ᠬᠡᠷᠡᠭᠲᠡᠶ᠃      

     (ᠭᠤᠷᠪᠠ) ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮᠵᠢ    
      ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠳᠤ ᠤᠢ ᠰᠢᠭᠤᠢ ᠵᠢᠨ   ᠶᠡᠷᠦᠩᠬᠡᠢ ᠳᠠᠷᠤᠭ᠎ᠠ ᠵᠢ ᠭᠠᠷᠭ᠋ᠠᠵᠤ᠂ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ ᠪᠤᠶᠤ ᠵᠠᠰᠠᠭ᠎ᠤᠨ ᠣᠷᠳᠣᠨ᠎ᠤ   ᠭᠣᠣᠯ ᠬᠠᠷᠢᠭᠤᠴᠠᠯᠭ᠋ᠠᠲᠠᠨ ᠵᠶ᠋ᠠᠷ ᠬᠠᠷᠢᠭᠤᠴᠠᠭᠤᠯᠤᠨ᠎ᠠ; ᠳᠡᠳ᠋ ᠶᠡᠷᠦᠩᠬᠡᠢ ᠤᠢ ᠰᠢᠭᠤᠢ ᠵᠢᠨ ᠳᠠᠷᠤᠭ᠎ᠠ ᠵᠢ   ᠭᠠᠷᠭ᠋ᠠᠵᠤ᠂ ᠮᠤᠵᠢ ᠵᠢᠨ ᠱᠠᠲᠤᠨ᠎ᠤ ᠬᠠᠷᠢᠭᠤᠴᠠᠯᠭ᠋ᠠᠲᠠᠨ ᠵᠶ᠋ᠠᠷ ᠬᠠᠷᠢᠭᠤᠴᠠᠭᠤᠯᠵᠤ᠂ ᠣᠷᠣᠨ (ᠬᠡᠰᠡᠭ) ᠬᠤᠪᠢᠶᠠᠨ ᠬᠠᠷᠢᠭᠤᠴᠠᠭᠤᠯᠤᠨ᠎ᠠ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠪᠣᠳᠠᠲᠤ   ᠪᠠᠶ᠋ᠢᠳᠠᠯ ᠵᠶ᠋ᠠᠨ ᠦᠨᠳᠦᠰᠦᠯᠡᠨ ᠬᠣᠲᠠ᠂ ᠰᠢᠶᠠᠨ᠂ ᠰᠤᠮᠤ ᠵᠡᠷᠭᠡ ᠡᠯ᠎ᠡ ᠱᠠᠲᠤᠨ᠎ᠤ ᠤᠢ ᠰᠢᠭᠤᠢ ᠵᠢᠨ ᠳᠠᠷᠤᠭ᠎ᠠ ᠵᠢ   ᠭᠠᠷᠭ᠋ᠠᠵᠤ ᠪᠣᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠤᠢ ᠰᠢᠭᠤᠶ ᠪᠣᠯᠤᠨ ᠨᠤᠲᠤᠭ ᠪᠡᠯᠴᠢᠭᠡᠷ᠎ᠤᠨ   ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠵᠣᠬᠢᠶᠠᠨ ᠪᠠᠶ᠋ᠢᠭᠤᠯᠵᠤ   ᠬᠡᠷᠡᠭᠵᠢᠭᠦᠯᠬᠦ ᠪᠣᠳᠠᠲᠠᠶ ᠠᠵᠢᠯ᠎ᠢ ᠡᠭᠦᠷᠭᠡᠯᠡᠨ᠎ᠡ᠃      

    (ᠳᠥᠷᠪᠡ) ᠠᠵᠢᠯ᠎ᠤᠨ ᠡᠭᠦᠷᠭᠡ ᠬᠠᠷᠢᠭᠤᠴᠠᠯᠭ᠎ᠠ      

      ᠡᠯ᠎ᠡ ᠭᠠᠵᠠᠷ᠎ᠤᠨ᠎ᠬᠢᠨ ᠣᠷᠣᠨ ᠪᠦᠰᠡ᠂ ᠡᠬᠢ ᠪᠠᠶᠠᠯᠢᠭ᠎ᠤᠨ ᠣᠨᠴᠠᠯᠢᠭ ᠪᠣᠯᠤᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ ᠪᠦᠬᠦᠯᠢ ᠴᠤᠭᠴᠠᠲᠤ ᠴᠢᠨᠠᠷ ᠎ᠢ ᠶᠡᠷᠦᠩᠬᠡᠶ᠋ᠢᠯᠡᠨ ᠪᠣᠳᠣᠯᠬᠢᠯᠠᠵᠤ᠂ ᠣᠶ ᠰᠢᠭᠤᠢ ᠵᠢᠨ   ᠳᠠᠷᠤᠭ᠎ᠠ ᠵᠢᠨ ᠬᠠᠷᠢᠭᠤᠴᠠᠯᠭ᠎ᠠ ᠵᠢᠨ ᠣᠷᠣᠨ ᠪᠦᠰᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠶ᠃ ᠡᠯ᠎ᠡ ᠱᠠᠲᠤᠨ᠎ᠤ ᠣᠶ ᠰᠢᠭᠤᠢ ᠵᠢᠨ ᠳᠠᠷᠤᠭ᠎ᠠ᠎ᠨᠢ ᠬᠠᠷᠢᠭᠤᠴᠠᠯᠭ᠎ᠠ ᠵᠢᠨ ᠣᠷᠣᠨ ᠪᠦᠰᠡ ᠵᠢᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠤᠳᠤᠷᠢᠳᠴᠤ᠂ ᠣᠶ   ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠵᠢᠨ   ᠲᠦᠷᠢᠮ᠎ᠢ ᠨᠠᠶ᠋ᠢᠳᠠᠪᠤᠷᠢᠵᠢᠭᠤᠯᠤᠨ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ᠂ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ᠂ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠵᠠᠰᠠᠯᠲᠠ᠎ᠶᠢᠨ ᠲᠠᠯᠠᠪᠠᠶ ᠵᠡᠷᠭᠡ ᠴᠢᠬᠤᠯᠠ ᠬᠦᠢ᠍ᠴᠡᠳᠬᠡᠯ ᠲᠣᠭ᠎ᠠ ᠵᠢ ᠭᠠᠷᠭ᠋ᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠬᠠᠷᠠᠯᠲᠠᠲᠤ ᠡᠭᠦᠷᠭᠡ᠎ᠪᠠᠨ ᠲᠣᠭᠲᠠᠭ᠋ᠠᠨ᠎ᠠ; ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠵᠤ ᠬᠥᠭᠵᠢᠭᠦᠯᠬᠦ   ᠲᠥᠯᠥᠪᠵᠢᠭᠦᠯᠭᠡ ᠵᠢ ᠲᠣᠭᠲᠠᠭ᠋ᠠᠵᠤ᠂ ᠨᠢᠭᠡᠳᠦᠯᠲᠡᠶ ᠲᠥᠯᠥᠪᠯᠡᠨ ᠵᠠᠰᠠᠬᠤ ᠵᠢ ᠴᠢᠩᠭ᠋ᠠᠷᠠᠭᠤᠯᠤᠨ᠂ ᠲᠦᠷᠢᠮ᠎ᠤᠨ   ᠪᠠᠶ᠋ᠢᠭᠤᠯᠤᠯᠲᠠ ᠵᠢ ᠠᠬᠢᠭᠤᠯᠵᠤ᠂ ᠬᠠᠷᠢᠭᠤᠴᠠᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ;   ᠬᠠᠷᠢᠭᠤᠴᠠᠯᠭ᠎ᠠ ᠵᠢᠨ ᠣᠷᠣᠨ ᠪᠦᠰᠡ ᠵᠢᠨ ᠭᠤᠤᠯᠳᠠᠯᠭ᠎ᠠ᠎ᠲᠠᠢ ᠲᠦᠪᠡᠭᠲᠡᠶ ᠠᠰᠠᠭᠤᠳᠠᠯ᠎ᠢ ᠵᠣᠬᠢᠴᠠᠭᠤᠯᠤᠨ   ᠰᠢᠢ᠍ᠳᠪᠦᠷᠢᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠤᠯᠢ ᠶᠣᠰᠣᠭ᠋ᠠᠷ ᠪᠥᠬᠥ ᠲᠠᠯ᠎ᠠ᠎ᠪᠠᠷ ᠬᠠᠮᠠᠭ᠋ᠠᠯᠠᠨ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ᠂ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠪᠠ   ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠤᠯᠢ   ᠬᠡᠷᠡᠭᠵᠢᠬᠦᠯᠦᠯᠳᠡ ᠵᠢ ᠴᠢᠩᠭ᠋ᠠᠷᠠᠭᠤᠯᠤᠨ᠎ᠠ᠃      

      ᠬᠣᠶᠠᠷ᠂ ᠭᠣᠣᠯ ᠡᠭᠦᠷᠭᠡ    

     (ᠲᠠᠪᠤ) ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ   ᠴᠢᠩᠭ᠋ᠠᠳᠬᠠᠨ᠎ᠠ᠃   ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠣᠶ᠋ᠢᠲᠤ ᠭᠠᠵᠠᠷ᠂ ᠪᠡᠯᠴᠢᠭᠡᠷ᠎ᠢ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠴᠠᠭ᠋ᠠᠵᠠᠯᠠᠵᠤ᠂   ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠤ   ᠬᠡᠪᠡᠷᠡᠭ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠤᠢ ᠮᠣᠳᠣ ᠨᠤᠲᠤᠭ ᠪᠡᠯᠴᠢᠭᠡᠷ᠎ᠢ ᠡᠪᠳᠡᠵᠦ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠃ ᠨᠡᠶ᠋ᠢᠲᠡ ᠵᠢᠨ ᠠᠰᠠᠷᠠᠮᠵᠢ ᠵᠢᠨ ᠤᠢ ᠵᠢᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠠᠢ᠌ᠭ᠋ᠠᠯᠢᠯᠢᠭ ᠤᠢ ᠵᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠢ᠌ᠭ᠋ᠠᠯᠢᠯᠢᠭ ᠤᠢ ᠵᠢ ᠬᠤᠳᠠᠯᠳᠤᠭ᠋ᠠᠨ᠎ᠤ ᠴᠢᠨᠠᠷᠲᠠᠢ᠎ᠪᠠᠷ ᠣᠭᠲᠣᠯᠬᠤ ᠵᠢ ᠪᠦᠬᠦ ᠲᠠᠯ᠎ᠠ᠎ᠪᠠᠷ ᠵᠣᠭᠰᠣᠭ᠋ᠠᠵᠤ᠂ ᠤᠢ ᠰᠢᠭᠤᠢ ᠵᠢᠨ ᠠᠮᠢ ᠠᠬᠤᠢ ᠵᠢᠨ ᠦᠷ᠎ᠡ ᠠᠰᠢᠭ᠎ᠤᠨ ᠨᠥᠬᠥᠪᠥᠷᠢ ᠵᠢᠨ ᠳᠦᠷᠢᠮ᠎ᠢ   ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠪᠠ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠨᠦᠬᠦᠪᠦᠷᠢ ᠦᠭᠬᠦ᠂ ᠱᠠᠩᠨᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃   ᠣᠶ ᠰᠢᠭᠤᠶ ᠨᠤᠲᠤᠭ ᠪᠡᠯᠴᠢᠭᠡᠷ᠎ᠤᠨ ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠵᠤ᠂ ᠣᠶ ᠰᠢᠭᠤᠶ ᠨᠤᠲᠤᠭ   ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ   ᠴᠣᠬᠢᠯᠲᠠ ᠥᠭᠭᠦᠨ᠎ᠡ᠃ ᠤᠯᠤᠰ᠎ᠤᠨ ᠴᠡᠴᠡᠷᠯᠢᠭ ᠵᠶ᠋ᠠᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ   ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ᠃ ᠬᠡᠭᠡᠷ᠎ᠡ ᠵᠢᠨ ᠠᠮᠢᠲᠠᠨ ᠤᠷᠭᠤᠮᠠᠯ   ᠵᠢᠴᠢ ᠲᠡᠭᠦᠨ᠎ᠤ ᠣᠷᠣᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃    

     (ᠵᠢᠷᠭᠤᠭ᠎ᠠ) ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠢ ᠠᠬᠤᠶ ᠵᠢ ᠰᠡᠷᠭᠦᠭᠡᠬᠦ ᠵᠢ ᠴᠢᠩᠭ᠋ᠠᠳᠬᠠᠨ᠎ᠠ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠦᠨᠳᠦᠰᠦᠯᠡᠨ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ᠎ᠳᠤ ᠬᠡᠷᠡᠭᠯᠡᠬᠦ ᠭᠠᠵᠠᠷ᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂ ᠶᠡᠬᠡ ᠬᠡᠪᠴᠢᠶᠡᠨ᠎ᠤ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠢᠨᠵᠧᠨᠧᠷᠢᠩ᠎ᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠡᠾᠸᠪᠸᠢ ᠵᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ᠎ᠤ ᠠᠵᠤ   ᠠᠬᠤᠢ ᠵᠢᠨ ᠪᠦᠰᠡ ᠵᠢᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ   ᠪᠦᠳᠦᠭᠡᠨ ᠪᠠᠶ᠋ᠢᠭᠤᠯᠤᠯᠲᠠ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠨᠢᠭᠡ ᠴᠤᠭᠴᠠᠵᠢᠭᠰᠠᠨ ᠬᠥᠭᠵᠢᠯᠲᠡ᠂   ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠂   ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠶ᠋ᠢᠭᠤᠯᠤᠯᠲᠠ ᠵᠡᠷᠭᠡ ᠴᠢᠬᠤᠯᠠ ᠶᠡᠬᠡ ᠪᠠᠶ᠋ᠢᠯᠳᠤᠬᠤ   ᠪᠤᠳᠤᠯᠭ᠎ᠠ ᠵᠢᠨ ᠣᠷᠣᠨ ᠪᠦᠰᠡ ᠵᠢᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ   ᠠᠬᠢᠭᠤᠯᠵᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ᠂ ᠭᠤᠷᠪᠠᠨ   ᠤᠮᠠᠷᠠᠲᠤ ᠵᠢᠨ ᠬᠠᠯᠬᠠᠪᠴᠢ ᠤᠢ ᠵᠢᠨ ᠰᠢᠰᠲ᠋ᠧᠮ᠎ᠤᠨ ᠪᠦᠳᠦᠭᠡᠨ ᠪᠠᠶ᠋ᠢᠭᠤᠯᠤᠯᠲᠠ᠂ ᠨᠤᠲᠤᠭ ᠪᠡᠯᠴᠢᠭᠡᠷ᠎ᠤᠨ ᠠᠮᠢ   ᠠᠬᠤᠢ ᠵᠢ ᠵᠠᠰᠠᠨ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠦᠨ᠎ᠡ᠃ ᠣᠶ ᠰᠢᠭᠤᠶ ᠵᠢᠨ   ᠡᠵᠡᠩᠨᠡᠯᠲᠡ ᠪᠣᠯᠤᠨ ᠮᠠᠭᠤᠳᠠᠯᠳᠠ᠎ᠲᠠᠢ ᠣᠶ ᠵᠢ ᠰᠡᠷᠭᠦᠭᠡᠬᠦ ᠵᠢ ᠴᠢᠩᠭ᠋ᠠᠳᠬᠠᠵᠤ᠂ ᠠᠯᠪᠠᠨ ᠵᠢᠷᠤᠮ᠎ᠤᠨ ᠮᠣᠳᠣ   ᠲᠠᠷᠢᠬᠤ ᠲᠣᠭᠲᠠᠴᠠ ᠵᠢᠨ ᠰᠢᠨ᠎ᠡ ᠵᠢ ᠡᠭᠦᠳᠴᠦ᠂ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ   ᠬᠠᠷᠢᠭᠤᠴᠠᠯᠭ᠎ᠠ᠎ᠪᠠᠨ ᠬᠦᠢ᠍ᠴᠡᠳᠬᠡᠬᠦ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃    

     (ᠳᠣᠯᠣᠭ᠎ᠠ) ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠬᠤ ᠭᠠᠮᠰᠢᠭ᠎ᠠᠴᠠ ᠠᠪᠤᠷᠠᠬᠤ ᠰᠢᠰᠲᠸᠮᠵᠢ᠎ᠳᠤ ᠣᠷᠣᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠬᠢᠨᠠᠨ ᠬᠠᠮᠢᠶᠠᠷᠬᠤ ᠪᠠ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠵᠠᠰᠠᠬᠤ ᠲᠣᠭᠲᠠᠴᠠ ᠵᠢ ᠪᠦᠷᠢᠨᠰᠢᠭᠦᠯᠵᠦ᠂ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠂ ᠠᠮᠧᠷᠢᠺᠠ ᠵᠢᠨ   ᠴᠠᠭ᠋ᠠᠨ ᠡᠷᠪᠡᠬᠡᠶ᠂ ᠲᠠᠯ᠎ᠠ ᠨᠤᠲᠤᠭ᠎ᠤᠨ ᠬᠤᠯᠤᠭ᠋ᠠᠨ᠎ᠠ ᠵᠡᠷᠭᠡ ᠵᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠠᠳᠬᠤᠬᠤ   ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠵᠢ ᠨᠢᠭᠡ   ᠴᠣᠭᠴᠠᠵᠢᠭᠤᠯᠬᠤ ᠵᠢ ᠪᠠᠷᠢᠮᠲᠠᠯᠠᠨ᠂ ᠣᠷᠣᠨ ᠨᠤᠲᠤᠭ᠎ᠤᠨ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠳᠦᠷᠢᠮ᠎ᠢ   ᠨᠠᠶ᠋ᠢᠳᠠᠪᠤᠷᠢᠵᠢᠭᠤᠯᠵᠤ᠂ ᠭᠠᠯ᠎ᠤᠨ ᠠᠶᠤᠯ᠎ᠢ ᠶᠡᠷᠦᠩᠬᠡᠶ᠋ᠢᠯᠡᠨ ᠰᠡᠷᠭᠡᠶ᠋ᠢᠯᠡᠨ ᠬᠢᠵᠠᠭ᠋ᠠᠷᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃      
     (  ᠨᠠᠢ᠍ᠮᠠᠨ) ᠣᠶ ᠰᠢᠭᠤᠶ ᠨᠤᠲᠤᠭ ᠪᠡᠯᠴᠢᠭᠡᠷ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ   ᠭᠦᠨᠵᠡᠭᠡᠶ᠋ᠢᠷᠡᠭᠦᠯᠦᠨ᠎ᠡ᠃ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯᠲᠦ ᠰᠢᠭᠤᠶ᠋ᠢᠲᠤ ᠣᠷᠣᠨ ᠪᠣᠯᠤᠨ ᠤᠯᠤᠰ᠎ᠤᠨ   ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ᠂ ᠣᠶ ᠰᠢᠭᠤᠶ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠰᠢᠭᠤᠶ᠋ᠢᠲᠤ ᠣᠷᠣᠨ᠎ᠤ ᠣᠶ   ᠰᠢᠭᠤᠶ ᠵᠢᠨ ᠲᠠᠯᠠᠪᠠᠶ ᠵᠢᠨ ᠦᠷᠭᠦᠯᠵᠢᠯᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ᠎ᠢ   ᠳᠠᠭ᠋ᠠᠭ᠋ᠠᠴᠢᠯᠠᠨ ᠡᠵᠡᠩᠨᠡᠬᠦ ᠳᠦᠷᠢᠮ᠎ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠎ᠤᠨ ᠠᠰᠢᠭᠯᠠᠮᠵᠢ ᠵᠢ   ᠵᠢᠷᠤᠮᠵᠢᠭᠤᠯᠤᠨ᠎ᠠ᠃ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ   ᠭᠦᠨᠵᠡᠭᠡᠶ᠋ᠢᠷᠡᠭᠦᠯᠵᠦ᠂ ᠡᠯ᠎ᠡ ᠭᠠᠵᠠᠷ᠎ᠤᠨ ᠥᠮᠴᠢᠯᠡᠬᠦ ᠡᠷᠬᠡ᠂ ᠳᠠᠭ᠋ᠠᠭ᠋ᠠᠴᠢᠯᠠᠬᠤ ᠡᠷᠬᠡ᠂ ᠡᠵᠡᠩᠨᠡᠬᠦ ᠡᠷᠬᠡ 《ᠭᠤᠷᠪᠠᠨ   ᠡᠷᠬᠡ ᠵᠢ ᠰᠠᠯᠭ᠋ᠠᠬᠤ》 ᠪᠠ ᠥᠮᠴᠢᠯᠡᠬᠦ ᠡᠷᠬᠡ᠂ ᠡᠷᠬᠡ ᠵᠢᠨ ᠡᠭᠦᠷᠭᠡ ᠴᠢᠳᠠᠪᠬᠢ ᠵᠢ ᠲᠡᠭᠦᠯᠳᠡᠷᠵᠢᠭᠦᠯᠬᠦ ᠲᠠᠯ᠎ᠠ᠎ᠪᠠᠷ   ᠢᠳᠡᠪᠬᠢᠲᠡᠶ ᠰᠦᠪᠡᠭᠴᠢᠯᠡᠵᠦ᠂ ᠠᠷᠠᠳ᠎ᠢ ᠪᠠᠶᠠᠵᠢᠭᠤᠯᠬᠤ ᠨᠤᠭᠤᠭ᠋ᠠᠨᠯᠢᠭ ᠠᠵᠤ ᠦᠢ᠍ᠯᠡᠰ᠎ᠢ ᠶᠡᠬᠡᠪᠡᠷ ᠬᠥᠭᠵᠢᠭᠦᠯᠬᠦ ᠵᠢ   ᠵᠣᠷᠢᠭᠵᠢᠭᠤᠯᠤᠨ᠎ᠠ᠃    
      (ᠶᠢᠰᠦ) ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠢᠨᠠᠨ ᠬᠡᠮᠵᠢᠵᠤ ᠬᠢᠨᠠᠨ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠶ᠃ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ   ᠪᠠᠷᠢᠯ᠎ᠢ ᠬᠦᠢ᠍ᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ 《  ᠠᠯᠠᠭ᠋ᠠᠨ ᠳᠡᠭᠡᠷᠡᠬᠢ   ᠡᠯᠺᠸᠲᠷᠤᠨ ᠵᠢᠷᠤᠭ》᠂ 《  ᠲᠤᠭ᠋ᠠᠵᠢᠭᠤᠯᠤᠭᠰᠠᠨ ᠡᠬᠢ ᠪᠠᠶᠠᠯᠢᠭ》 ᠵᠢᠨ ᠬᠥᠳᠡᠯᠦᠩᠭᠦᠶ ᠬᠢᠨᠠᠨ ᠬᠡᠮᠵᠢᠬᠦ   ᠰᠢᠰᠲ᠋ᠧᠮᠵᠢ ᠵᠢ ᠲᠡᠭᠦᠯᠳᠡᠷᠵᠢᠭᠦᠯᠵᠦ᠂ ᠭᠤᠤᠯᠳᠠᠯᠭ᠎ᠠ᠎ᠲᠠᠢ ᠣᠷᠣᠨ ᠪᠦᠰᠡ ᠵᠢᠨ ᠲᠤᠬᠠᠶ ᠵᠢᠨ   ᠴᠠᠭ᠎ᠲᠤᠨᠢ ᠬᠢᠨᠠᠨ ᠡᠵᠡᠮᠳᠡᠬᠦ ᠲᠤᠤᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠂ ᠡᠬᠢ ᠪᠠᠶᠠᠯᠢᠭ᠎ᠤᠨ   ᠬᠥᠳᠡᠯᠦᠩᠭᠦᠶ ᠪᠠᠶ᠋ᠢᠳᠠᠯ᠎ᠤᠨ ᠬᠤᠪᠢᠷᠠᠯᠲᠠ ᠵᠢ ᠴᠠᠭ ᠲᠤᠬᠠᠶ᠎ᠳᠤᠨᠢ ᠡᠵᠡᠮᠰᠢᠵᠦ᠂ ᠠᠰᠠᠭᠤᠳᠠᠯ᠎ᠢ ᠤᠷᠢᠳᠴᠢᠯᠠᠨ ᠰᠡᠷᠡᠮᠵᠢᠯᠡᠭᠦᠯᠵᠦ ᠮᠡᠳᠡᠭᠡᠯᠡᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠥᠭᠵᠢᠯᠲᠡ ᠵᠢᠨ ᠣᠶᠤᠨᠴᠢᠯᠠᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃      

     (ᠠᠷᠪᠠ) ᠦᠨᠳᠦᠰᠦᠨ ᠱᠠᠲᠤᠨ᠎ᠤ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠠᠮᠢ   ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠡᠷᠭᠡ ᠬᠠᠮᠢᠶᠠᠷᠤᠨ ᠬᠠᠮᠠᠭ᠋ᠠᠯᠠᠬᠤ ᠠᠵᠢᠯᠲᠠᠨ᠎ᠤ ᠦᠢ᠍ᠯᠡᠳᠦᠯ᠎ᠢ ᠬᠦᠢ᠍ᠴᠡᠳ   ᠪᠠᠳᠠᠷᠠᠭᠤᠯᠵᠤ᠂ ᠲᠤᠤᠷᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃ ᠰᠢᠶᠠᠩ ᠪᠠᠯᠭ᠋ᠠᠰᠤ ᠵᠢᠨ ᠣᠶ ᠰᠢᠭᠤᠶ (  ᠨᠤᠲᠤᠭ ᠪᠡᠯᠴᠢᠭᠡᠷ) ᠵᠢᠨ ᠠᠵᠢᠯ᠎ᠤᠨ ᠥᠷᠲᠡᠭᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠢ   ᠠᠬᠤᠶ ᠵᠢᠨ ᠣᠶ ᠰᠢᠭᠤᠶ ᠵᠢᠨ ᠬᠠᠮᠠᠭ᠋ᠠᠯᠠᠭᠴᠢ ᠵᠡᠷᠭᠡ ᠬᠠᠮᠢᠶᠠᠷᠤᠨ ᠬᠠᠮᠠᠭ᠋ᠠᠯᠠᠬᠤ ᠠᠵᠢᠯᠲᠠᠨ᠎ᠤ ᠪᠣᠯᠪᠠᠰᠤᠷᠠᠭᠤᠯᠤᠯ ᠪᠠ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ   ᠪᠠᠯᠠ ᠮᠥᠩᠭᠥ ᠵᠢᠨ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ   ᠪᠠᠶᠠᠯᠢᠭ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠡᠳ᠋᠎ᠤᠨ ᠵᠠᠰᠠᠭ᠎ᠤᠨ ᠲᠡᠳᠬᠦᠨ ᠳᠡᠮᠵᠢᠬᠦ ᠲᠥᠷᠥ ᠵᠢᠨ   ᠪᠣᠳᠣᠯᠭ᠎ᠠ ᠵᠢ ᠲᠡᠭᠦᠯᠳᠡᠷᠵᠢᠭᠦᠯᠦᠨ᠎ᠡ᠃          

      ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ      
     (ᠠᠷᠪᠠᠨ ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃   ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠪᠣᠯ ᠤᠢ ᠰᠢᠭᠤᠢ ᠵᠢᠨ   ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠭᠣᠣᠯ ᠴᠣᠭᠴᠠ ᠮᠥᠨ᠂ ᠵᠣᠬᠢᠶᠠᠨ ᠪᠠᠶ᠋ᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠵᠦ᠂ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂   ᠠᠵᠢᠯ᠎ᠤᠨ ᠲᠤᠬᠢᠷᠠᠭᠤᠯᠤᠯᠳᠠ᠎ᠪᠠᠨ ᠨᠠᠷᠢᠯᠢᠬ᠍ᠵᠢᠭᠤᠯᠵᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ 2022 ᠣᠨ᠎ᠤ 6 ᠰᠠᠷ᠎ᠠ᠎ᠳᠤ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ   ᠲᠠᠯ᠎ᠠ᠎ᠪᠠᠷ ᠪᠠᠶ᠋ᠢᠭᠤᠯᠬᠤ ᠵᠢ ᠪᠠᠲᠤᠯᠠᠬᠤ ᠬᠡᠷᠡᠭᠲᠡᠢ᠃    
      (ᠠᠷᠪᠠᠨ ᠬᠣᠶᠠᠷ) ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠎ᠡ᠃ ᠣᠢ ᠰᠢᠭᠤᠶ ᠵᠢᠨ ᠳᠠᠷᠤᠭ᠎ᠠ ᠵᠢᠨ   ᠬᠤᠷᠠᠯ᠎ᠤᠨ ᠳᠦᠷᠢᠮ᠂ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ᠂ ᠰᠠᠯᠠᠭ᠎ᠠ ᠮᠥᠴᠢᠷ᠎ᠤᠨ ᠬᠠᠮᠵᠢᠯᠴᠠᠬᠤ   ᠳᠦᠷᠢᠮ᠂ ᠠᠵᠢᠯ᠎ᠤᠨ ᠰᠢᠮᠳᠠᠭᠤᠯᠤᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠣᠢ ᠰᠢᠭᠤᠶ   ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠵᠤ ᠬᠥᠭᠵᠢᠭᠦᠯᠬᠦ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠤᠳᠤᠯᠤᠨ᠂ ᠭᠤᠤᠯᠳᠠᠯᠭ᠎ᠠ᠎ᠲᠠᠢ   ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠨ᠎ᠡ᠃      
     (ᠠᠷᠪᠠᠨ ᠭᠤᠷᠪᠠ) ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠶ᠃ ᠤᠢ ᠰᠢᠭᠤᠢ ᠵᠢᠨ ᠳᠠᠷᠤᠭ᠎ᠠ ᠵᠢᠨ   ᠳᠦᠷᠢᠮ᠎ᠤᠨ ᠮᠡᠳᠡᠭᠡ ᠵᠠᠩᠭᠢ ᠨᠡᠶ᠋ᠢᠲᠡᠯᠡᠬᠦ ᠲᠠᠪᠴᠠᠩ᠎ᠢ ᠪᠠᠶ᠋ᠢᠭᠤᠯᠵᠤ᠂ ᠵᠠᠭᠤᠴᠢᠯᠠᠭᠤᠷ ᠵᠶ᠋ᠠᠷ ᠳᠠᠮᠵᠢᠭᠤᠯᠤᠨ ᠤᠢ   ᠰᠢᠭᠤᠢ ᠵᠢᠨ ᠳᠠᠷᠤᠭ᠎ᠠ ᠵᠢᠨ ᠨᠡᠷᠡᠰ᠎ᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠨ᠂ ᠬᠠᠷᠢᠭᠤᠴᠠᠯᠭ᠎ᠠ ᠵᠢᠨ ᠣᠷᠣᠨ ᠪᠦᠰᠡ ᠵᠢᠨ   ᠢᠯᠡᠷᠬᠡᠶ ᠪᠠᠶ᠋ᠢᠷᠢᠨ᠎ᠳᠤ ᠢᠯᠡ᠎ᠪᠠᠷ ᠨᠡᠶ᠋ᠢᠲᠡᠯᠡᠬᠦ ᠫᠠᠶ᠋ᠢᠰᠠ ᠪᠠᠶ᠋ᠢᠷᠢᠯᠠᠭᠤᠯᠬᠤ ᠬᠡᠷᠡᠭᠲᠡᠶ᠃ ᠨᠥᠬᠥᠴᠡᠯ᠎ᠲᠠᠢ ᠭᠠᠵᠠᠷ ᠣᠷᠣᠨ᠎ᠨᠢ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠢ ᠭᠤᠷᠪᠠᠳᠠᠬᠢ ᠡᠲᠡᠭᠡᠳ᠎ᠠᠴᠠ ᠦᠨᠡᠯᠡᠨ ᠵᠢᠱ᠌ᠢᠬᠦ ᠵᠢ ᠬᠡᠷᠡᠭᠵᠢᠭᠦᠯᠵᠦ ᠪᠣᠯᠤᠨ᠎ᠠ᠃ ᠵᠢᠯ ᠪᠦᠷᠢ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠦᠭᠰᠡᠨ ᠪᠠᠶ᠋ᠢᠳᠠᠯ᠎ᠢ ᠨᠡᠶ᠋ᠢᠲᠡᠯᠡᠬᠦ ᠬᠡᠷᠡᠭᠲᠡᠶ᠃ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠨᠡᠶ᠋ᠢᠭᠡᠮ᠎ᠤᠨ ᠤᠯᠠᠨ ᠨᠡᠶ᠋ᠢᠲᠡ ᠵᠢᠨ ᠠᠮᠢ ᠠᠬᠤᠢ ᠵᠢᠨ   ᠬᠠᠮᠠᠭ᠋ᠠᠯᠠᠯᠲᠠ ᠵᠢᠨ ᠤᠬᠠᠮᠰᠠᠷ᠎ᠢ ᠴᠢᠩᠭ᠋ᠠᠳᠬᠠᠵᠤ᠂ ᠤᠬᠠᠮᠰᠠᠷ᠎ᠠᠴᠠ᠎ᠪᠠᠨ ᠡᠬᠡ ᠪᠠᠢ᠌ᠭ᠋ᠠᠯᠢ ᠵᠢ ᠬᠠᠶ᠋ᠢᠷᠠᠯᠠᠨ ᠬᠠᠮᠠᠭ᠋ᠠᠯᠠᠵᠤ   ᠨᠣᠭᠣᠭ᠋ᠠᠷᠠᠭᠤᠯᠤᠯᠲᠠ ᠵᠢ ᠲᠡᠮᠵᠢᠬᠦ ᠵᠢ ᠠᠬᠢᠭᠤᠯᠤᠨ᠎ᠠ᠃      
      (ᠠᠷᠪᠠᠨ ᠳᠥᠷᠪᠡ) ᠰᠢᠮᠳᠠᠭᠤᠯᠤᠨ ᠵᠢᠯᠣᠭᠣᠳᠴᠤ ᠰᠢᠯᠭ᠋ᠠᠨ ᠬᠢᠨᠠᠬᠤ ᠵᠢ ᠴᠢᠩᠭ᠋ᠠᠷᠠᠭᠤᠯᠤᠨ᠎ᠠ᠃ ᠡᠯ᠎ᠡ ᠮᠤᠵᠢ  (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ   ᠣᠷᠳᠣᠨ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠶᠠᠪᠤᠴᠠ᠎ᠳᠤ ᠴᠢᠬᠤᠯᠠ ᠪᠠᠶ᠋ᠢᠳᠠᠯ᠎ᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃   ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠵᠢᠯᠣᠭᠣᠳᠴᠤ ᠰᠢᠯᠭ᠋ᠠᠨ ᠬᠢᠨᠠᠬᠤ ᠵᠢ ᠣᠶ ᠰᠢᠭᠤᠶ ᠪᠠ   ᠨᠤᠲᠤᠭ ᠪᠡᠯᠴᠢᠭᠡᠷ᠎ᠤᠨ ᠶᠡᠷᠦᠩᠬᠡᠶ᠋ᠢᠯᠡᠨ ᠪᠠᠶ᠋ᠢᠴᠠᠭ᠋ᠠᠵᠤ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠵᠤ᠂ ᠰᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠣᠶ ᠰᠢᠭᠤᠶ ᠵᠢᠨ ᠳᠠᠷᠤᠭ᠎ᠠ᠎ᠠᠴᠠ ᠳᠤᠤᠷ᠎ᠠ ᠨᠢᠭᠡ ᠱᠠᠲᠤᠨ᠎ᠤ ᠣᠶ   ᠰᠢᠭᠤᠶ ᠵᠢᠨ ᠳᠠᠷᠤᠭ᠎ᠠ ᠵᠢ ᠰᠢᠯᠭ᠋ᠠᠨ ᠬᠢᠨᠠᠬᠤ ᠵᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠣᠷᠣᠨ ᠨᠤᠲᠤᠭ᠎ᠤᠨ ᠬᠣᠯᠪᠣᠭᠳᠠᠯ ᠪᠥᠬᠥᠶ ᠨᠠᠮ ᠵᠠᠰᠠᠭ᠎ᠤᠨ ᠤᠳᠤᠷᠢᠳᠬᠤ ᠺᠠᠳ᠋ᠷ᠎ᠢ ᠰᠢᠯᠭ᠋ᠠᠨ ᠬᠢᠨᠠᠵᠤ ᠦᠨᠡᠯᠡᠬᠦ ᠪᠠ ᠲᠤᠰᠢᠶᠠᠯ᠎ᠠᠴᠠ᠎ᠪᠠᠨ ᠪᠠᠭᠤᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢ ᠬᠢᠨᠠᠨ ᠪᠤᠳᠤᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠨᠠᠮ ᠵᠠᠰᠠᠭ᠎ᠤᠨ ᠤᠳᠤᠷᠢᠳᠬᠤ   ᠺᠠᠳ᠋ᠷ᠎ᠤᠨ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠬᠠᠷᠢᠭᠤᠴᠠᠯᠭ᠎ᠠ ᠵᠢ ᠨᠠᠰᠤᠨ ᠲᠤᠷᠰᠢᠳᠠ   ᠨᠡᠬᠡᠮᠵᠢᠯᠡᠬᠦ ᠲᠦᠷᠢᠮ᠎ᠢ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠦᠨᠳᠦ   ᠨᠣᠴᠢᠲᠠᠶ ᠡᠪᠳᠡᠭᠰᠡᠨ ᠪᠠᠶ᠋ᠢᠪᠠᠯ ᠬᠣᠯᠪᠣᠭᠳᠠᠯ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠬᠦ   ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2022 ᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠠᠬᠢ ᠪᠡᠯᠴᠢᠭᠡᠷ ᠰᠡᠷᠭᠦᠭᠡᠭᠦ ᠠᠵᠢᠯ᠎ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠠᠷᠯᠠᠯ
ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠦᠷᠪᠡ)
 
             蒙ICP备05000248号