ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2022 ᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠠᠬᠢ ᠪᠡᠯᠴᠢᠭᠡᠷ ᠰᠡᠷᠭᠦᠭᠡᠭᠦ ᠠᠵᠢᠯ᠎ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2021-11-17

    2022 ᠤᠨ᠎ᠤ ᠪᠦᠭᠦ ᠬᠤᠰᠢᠭᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠠᠬᠢ ᠪᠡᠯᠴᠢᠭᠡᠷ ᠰᠡᠷᠭᠦᠭᠡᠭᠦ ᠠᠵᠢᠯ᠎ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠠᠷᠯᠠᠯ


ᠦᠷᠭᠡᠨ ᠤᠯᠠᠨ ᠮᠠᠯᠴᠢᠨ ᠲᠦᠮᠡᠨ᠎ᠳᠤ᠄

      ᠪᠦᠭᠦ ᠬᠤᠰᠢᠭᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠠᠬᠢ ᠪᠡᠯᠴᠢᠭᠡᠷ ᠰᠡᠷᠭᠦᠭᠡᠭᠦ ᠠᠵᠢᠯ᠎ᠤᠨ ᠦᠷ᠎ᠡ ᠪᠦᠳᠦᠮᠵᠢ ᠵᠢ ᠤᠯᠠᠮ ᠨᠢᠭᠡ ᠠᠯᠬᠤᠮ ᠪᠠᠳᠤᠳᠬᠠᠨ᠂ ᠰᠢᠨ᠎ᠠ ᠭᠦᠭᠵᠢᠯᠳᠠ ᠵᠢᠨ ᠤᠶ᠋ᠢᠯᠠᠭ᠋ᠠᠬᠳᠠᠬᠤᠨ᠎ᠢ ᠭᠦᠨᠵᠡᠭᠡᠢ ᠤᠶ᠋ᠢᠯᠠᠳᠦᠯᠭᠡᠵᠢᠭᠦᠯᠵᠤ᠂ ᠠᠮᠢ ᠠᠬᠤᠢ ᠵᠢ ᠲᠡᠷᠢᠭᠦᠨ ᠪᠠᠶ᠋ᠢᠷᠢᠨ᠎ᠳᠤ ᠲᠠᠯᠪᠢᠨ᠂ ᠪᠤᠬᠢᠷᠳᠤᠯ ᠦᠭᠡᠢ ᠭᠦᠭᠵᠢᠭᠦᠯᠭᠦ ᠵᠢ ᠪᠠᠷᠢᠮᠳᠠᠯᠠᠨ᠂ ᠲᠠᠯ᠎ᠠ ᠨᠤᠲᠤᠭ᠎ᠤᠨ ᠠᠮᠢ ᠠᠬᠤᠢ ᠵᠢᠨ ᠡᠬᠢ ᠪᠠᠶᠠᠯᠢᠭ᠎ᠢ ᠰᠢᠨᠵᠢᠯᠡᠭᠦ ᠤᠬᠠᠭ᠋ᠠᠨᠴᠢ᠎ᠪᠠᠷ ᠬᠠᠮᠠᠭ᠋ᠠᠯᠠᠨ ᠠᠰᠢᠭᠯᠠᠬᠤ ᠵᠢᠨ ᠲᠤᠯᠠᠳᠠ᠂ ᠮᠠᠨ᠎ᠤ ᠬᠤᠰᠢᠭᠤ᠎ᠨᠢ 2022 ᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠤᠷᠤᠨ᠎ᠳᠤ ᠪᠡᠯᠴᠢᠭᠡᠷ ᠰᠡᠷᠭᠦᠭᠡᠭᠦ ᠠᠵᠢᠯ᠎ᠢ ᠦᠷᠭᠦᠯᠵᠢᠯᠡᠨ ᠦᠷᠨᠢᠭᠦᠯᠦᠨ᠎ᠠ᠃ ᠪᠡᠯᠴᠢᠭᠡᠷ ᠰᠡᠷᠭᠦᠭᠡᠭᠦ ᠬᠠᠮᠢᠶ᠎ᠠ ᠪᠦᠭᠦᠢ ᠠᠵᠢᠯ᠎ᠤᠨ ᠤᠷᠤᠭᠰᠢᠳᠠᠢ ᠶᠠᠪᠤᠭᠳᠠᠬᠤ ᠵᠢ ᠪᠠᠳᠤᠯᠠᠬᠤ ᠵᠢᠨ ᠲᠤᠯᠠᠳᠠ᠂ ᠲᠤᠤᠷᠠᠬᠢ ᠵᠤᠶ᠋ᠢᠯᠠᠰ᠎ᠢ ᠵᠠᠷᠯᠠᠶ᠎ᠠ᠃

      ᠨᠢᠭᠡ᠂ ᠪᠡᠯᠴᠢᠭᠡᠷ ᠰᠡᠷᠭᠦᠭᠡᠭᠦ ᠴᠠᠭ ᠬᠤᠭᠤᠴᠠᠭ᠎ᠠ

     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠬᠤᠷᠢᠭᠯᠠᠬᠤ ᠪᠠ ᠦᠨᠵᠢᠭᠦᠯᠦᠨ ᠪᠡᠯᠴᠢᠭᠡᠷᠯᠡᠬᠦᠯᠬᠦ ᠳᠦᠷᠢᠮ》᠎ᠤᠨ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠄ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠬᠠᠶ ᠵᠢᠨ ᠭᠠᠵᠠᠷ᠎ᠤᠨ ᠠᠭᠤᠷ ᠠᠮᠢᠰᠬᠤᠯ᠎ᠤᠨ ᠨᠥᠬᠦᠴᠡᠯ ᠪᠣᠯᠤᠨ ᠪᠡᠯᠴᠢᠭᠡᠷ ᠡᠪᠡᠰᠦᠨ᠎ᠤ ᠤᠷᠭᠤᠯᠲᠠ ᠵᠢᠨ ᠵᠢᠮ᠎ᠡ ᠶᠣᠰᠣ ᠵᠢ ᠦᠨᠳᠦᠰᠦᠯᠡᠨ᠂ ᠵᠢᠯ ᠪᠦᠷᠢ ᠵᠢᠨ ᠡᠪᠡᠰᠦᠨ᠎ᠤ ᠤᠷᠭᠤᠯᠲᠠ ᠵᠢᠨ ᠬᠤᠭᠤᠴᠠᠭ᠋ᠠᠨ᠎ᠳᠤ ᠪᠡᠯᠴᠢᠭᠡᠷ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃ ᠪᠡᠯᠴᠢᠭᠡᠷ ᠰᠡᠷᠭᠦᠭᠡᠬᠦ ᠬᠤᠭᠤᠴᠠᠭ᠎ᠠ ᠵᠢ ᠳᠥᠴᠢᠨ ᠲᠠᠪᠤᠨ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ ᠭᠡᠵᠦ ᠲᠤᠭᠲᠠᠭ᠋ᠠᠪᠠ᠃ ᠡᠶ᠋ᠢᠮᠦ᠎ᠠᠴᠠ ᠮᠠᠨ᠎ᠤ ᠬᠤᠰᠢᠭᠤᠨ᠎ᠤ 2022 ᠣᠨ᠎ᠤ ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ ᠬᠤᠭᠤᠴᠠᠭ᠎ᠠ᠎ᠨᠢ 45 ᠡᠳᠦᠷ᠎ᠠᠴᠠ ᠪᠠᠭ᠎ᠠ ᠪᠠᠶ᠋ᠢᠵᠤ ᠪᠣᠯᠬᠤ ᠥᠬᠡᠶ᠂ ᠪᠣᠳᠠᠲᠠᠶ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ ᠵᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠠᠬᠢᠨ ᠠᠰ᠎ᠲᠤᠨᠢ ᠮᠡᠳᠡᠭᠳᠡᠨ᠎ᠡ᠃

      ᠬᠤᠶᠠᠷ᠂ ᠪᠡᠯᠴᠢᠭᠡᠷ ᠰᠡᠷᠭᠦᠭᠡᠭᠦ ᠭᠦᠷᠢᠶ᠎ᠡ ᠭᠡᠪᠴᠢᠶ᠎ᠠ

      ᠪᠦᠭᠦ ᠬᠤᠰᠢᠭᠤᠨ᠎ᠤ 6 ᠰᠤᠮᠤ ᠪᠠᠯᠭ᠋ᠠᠰᠤᠨ᠎ᠤ 93 ᠭᠠᠴᠠᠭ᠋ᠠᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠤᠷᠤᠨ᠃

      ᠭᠤᠷᠪᠠ ᠬᠤᠯᠪᠤᠭᠳᠠᠯ ᠪᠦᠭᠦᠢ ᠱᠠᠭ᠋ᠠᠷᠳᠠᠯᠭ᠎ᠠ

     (ᠨᠢᠭᠡ) ᠪᠡᠯᠴᠢᠭᠡᠷ ᠰᠡᠷᠭᠦᠭᠡᠭᠦ ᠬᠤᠭᠤᠴᠠᠭ᠋ᠠᠨ᠎ᠳᠤ ᠪᠡᠯᠴᠢᠭᠡᠷ ᠰᠡᠷᠭᠦᠭᠡᠵᠦ ᠪᠠᠶ᠋ᠢᠭ᠎ᠠ ᠤᠷᠤᠨ᠎ᠳᠤ ᠪᠦᠬᠦ ᠲᠠᠯ᠎ᠠ᠎ᠪᠠᠷ ᠪᠡᠯᠴᠢᠭᠡᠷᠯᠡᠭᠦᠯᠭᠦ ᠵᠢ ᠴᠠᠭ᠋ᠠᠵᠠᠯᠠᠨ᠎ᠠ᠃ ᠦᠷᠭᠡᠨ ᠤᠯᠠᠨ ᠮᠠᠯᠴᠢᠨ ᠳᠦᠮᠡᠨ ᠡᠪᠦᠯ ᠬᠠᠪᠤᠷ᠎ᠤᠨ ᠡᠪᠡᠰᠤ ᠪᠤᠷᠳᠤᠭ᠎ᠠ ᠨᠦᠭᠡᠴᠡᠯᠡᠬᠦ ᠵᠡᠷᠭᠡ ᠬᠠᠮᠢᠶ᠎ᠠ ᠪᠦᠬᠦᠢ ᠪᠡᠯᠡᠳᠬᠡᠯ ᠠᠵᠢᠯ ᠵᠶ᠋ᠠᠨ ᠤᠷᠢᠳᠴᠢᠯᠠᠨ ᠰᠠᠶ᠋ᠢᠳᠤᠷ ᠬᠢᠵᠦ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠪᠤᠯᠤᠨ ᠰᠤᠮᠤ ᠪᠠᠯᠭ᠋ᠠᠰᠤ᠂ ᠭᠠᠴᠠᠭ᠋ᠠᠨ᠎ᠤ ᠬᠢᠨᠠᠯᠳᠠ ᠬᠠᠮᠢᠶᠠᠷᠤᠯᠳᠠ ᠵᠢ ᠤᠬᠠᠮᠰᠠᠷ᠎ᠠᠴᠠ᠎ᠪᠠᠨ ᠭᠦᠯᠢᠶᠡᠭᠦ ᠭᠡᠷᠡᠭᠲᠡᠢ᠃ (ᠬᠤᠶᠠᠷ) ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠮᠠᠯᠵᠢᠬᠤ ᠡᠷᠦᠭᠡ ᠵᠢ ᠵᠢᠯᠤᠭᠤᠳᠤᠨ ᠮᠠᠯ᠎ᠤᠨ ᠬᠦᠳᠡᠯᠭᠡᠭᠡᠨ᠎ᠤ ᠲᠠᠯᠠᠪᠠᠢ᠂ ᠮᠠᠯ ᠤᠰᠤᠯᠠᠬᠤ ᠵᠠᠮ᠂ ᠫᠠᠶ᠋ᠢᠰᠠ ᠢᠯᠡᠷᠬᠡᠶ᠋ᠢᠯᠡᠯ ᠵᠡᠷᠭᠡ ᠵᠢ ᠵᠤᠬᠢᠰᠳᠠᠢ ᠲᠤᠬᠢᠷᠠᠭᠤᠯᠤᠨ᠎ᠠ᠃ ᠭᠠᠴᠠᠭ᠎ᠠ᠎ᠨᠢ ᠮᠠᠯᠵᠢᠬᠤ ᠡᠷᠦᠬᠡ᠎ᠲᠠᠢ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠵᠢᠨ ᠪᠢᠴᠢᠭ ᠲᠤᠭᠳᠠᠵᠤ᠂ ᠮᠠᠯᠵᠢᠬᠤ ᠡᠷᠦᠭᠡ ᠵᠢ ᠬᠠᠪᠰᠤᠷᠤᠨ᠂ ᠡᠪᠡᠰᠤ ᠪᠤᠷᠳᠤᠭ᠎ᠠ ᠨᠦᠭᠡᠴᠡᠯᠡᠭᠦ ᠠᠵᠢᠯ᠎ᠢ ᠰᠠᠶ᠋ᠢᠳᠤᠷ ᠬᠢᠵᠤ᠂ ᠪᠡᠯᠴᠢᠭᠡᠷ ᠰᠡᠷᠭᠦᠭᠡᠭᠦ ᠬᠤᠭᠤᠴᠠᠭ᠋ᠠᠨ᠎ᠤ ᠮᠠᠯ᠎ᠤᠨ ᠡᠪᠡᠰᠦ ᠪᠤᠷᠳᠤᠭ᠎ᠠ ᠭᠦᠢ᠍ᠴᠡᠳ ᠬᠠᠩᠭ᠋ᠠᠮᠵᠢᠳᠠᠢ ᠪᠠᠶ᠋ᠢᠬᠤ ᠵᠢ ᠪᠠᠳᠤᠯᠠᠬᠤ ᠭᠡᠷᠡᠭᠲᠡᠢ᠃ (ᠭᠤᠷᠪᠠ) ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ᠎ᠨᠢ ᠡᠯ᠎ᠡ ᠰᠤᠮᠤ ᠪᠠᠯᠭ᠋ᠠᠰᠤᠨ᠎ᠤ ᠶᠡᠷᠦᠩᠭᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠭᠡᠷᠡᠭᠵᠢᠭᠦᠯᠭᠦ ᠲᠤᠪᠴᠢᠶᠠᠨ᠎ᠤ ᠲᠤᠬᠠᠶ᠋ᠢᠯᠠᠭᠰᠠᠨ ᠠᠵᠢᠯ᠎ᠢ ᠰᠠᠶ᠋ᠢᠳᠤᠷ ᠵᠢᠯᠤᠭᠤᠳᠴᠦ᠂ ᠵᠤᠬᠢᠶᠠᠨ ᠪᠠᠶ᠋ᠢᠭᠤᠯᠵᠦ ᠵᠤᠬᠢᠴᠠᠭᠤᠯᠬᠤ᠂ ᠤᠬᠠᠭᠤᠯᠬᠤ᠂ ᠬᠢᠨᠠᠨ ᠪᠠᠶ᠋ᠢᠴᠠᠭ᠋ᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠪᠴᠢᠶ᠎ᠠ᠎ᠨᠢ ᠠᠮᠢᠳᠠᠨ᠎ᠤ ᠬᠢᠵᠢᠭ᠎ᠢ ᠰᠡᠷᠭᠡᠶ᠋ᠢᠯᠡᠨ ᠬᠤᠷᠢᠭᠯᠠᠬᠤ᠂ ᠬᠠᠰᠢᠶᠠᠯᠠᠨ ᠳᠡᠵᠢᠭᠡᠬᠦ ᠮᠡᠷᠭᠡᠵᠢᠯ᠎ᠤᠨ ᠵᠢᠯᠤᠭᠤᠳᠤᠯᠭ᠎ᠠ ᠪᠠ ᠬᠤᠯᠪᠤᠭᠳᠠᠯ ᠪᠦᠭᠦᠢ ᠤᠶ᠋ᠢᠯᠡᠴᠢᠯᠡᠭᠡᠨ᠎ᠤ ᠠᠵᠢᠯ᠎ᠢ ᠰᠠᠶ᠋ᠢᠳᠤᠷ ᠬᠢᠵᠦ᠂ ᠮᠠᠯᠵᠢᠬᠤ ᠡᠷᠦᠭᠡ ᠵᠢ ᠵᠢᠯᠤᠭᠤᠳᠤᠨ᠂ ᠬᠦᠷᠢᠶ᠎ᠡ ᠬᠠᠰᠢᠶ᠎ᠠ᠂ ᠬᠦᠳᠡᠯᠭᠡᠭᠡᠨ᠎ᠤ ᠲᠠᠯᠠᠪᠠᠢ ᠵᠡᠷᠭᠡ ᠵᠢ ᠠᠷᠢᠭᠤᠳᠬᠠᠬᠤ ᠪᠠ ᠬᠠᠪᠤᠷ᠎ᠤᠨ ᠤᠯᠠᠷᠢᠯ᠎ᠤᠨ ᠮᠠᠯ᠎ᠤᠨ ᠬᠢᠵᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠳᠤᠷ ᠬᠢᠬᠦ ᠬᠡᠷᠡᠭᠳᠡᠢ᠃

      ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠤᠬᠠᠭᠤᠯᠤᠨ ᠳᠠᠶ᠋ᠢᠴᠢᠯᠠᠬᠤ ᠪᠠ ᠳᠦᠷᠦ ᠵᠢᠨ ᠪᠤᠳᠤᠯᠭ᠎ᠠ ᠵᠢᠨ ᠲᠠᠶ᠋ᠢᠯᠤᠮᠵᠢ ᠬᠢᠬᠦ ᠠᠵᠢᠯ᠎ᠢ ᠰᠠᠶ᠋ᠢᠳᠤᠷ ᠬᠢᠵᠦ᠂ 2022 ᠣᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠲᠠ ᠵᠢᠨ ᠬᠤᠭᠤᠴᠠᠭ᠋ᠠᠨ᠎ᠤ ᠪᠡᠯᠴᠢᠭᠡᠷ ᠰᠡᠷᠭᠦᠭᠡᠬᠦ ᠠᠵᠢᠯ᠎ᠤᠨ ᠤᠷᠤᠭᠰᠢᠳᠠᠢ ᠶᠠᠪᠤᠭᠳᠠᠬᠤ ᠵᠢ ᠪᠠᠳᠤᠯᠠᠬᠤ ᠬᠡᠷᠡᠭᠳᠡᠢ᠃


            ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ

             2022 ᠤᠨ᠎ᠤ 11 ᠰᠠᠷ᠎ᠠ ᠵᠢᠨ 9᠎ᠤ ᠡᠳᠦᠷ
   

ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ᠎ᠤ ᠵᠠᠰᠠᠭ᠎ᠤᠨ ᠤᠷᠳᠤᠨ᠎ᠤ ᠠᠯᠪᠠᠨ ᠭᠡᠷ
          
ᠬᠠᠮᠢᠶ᠎ᠡ ᠪᠦᠬᠦᠢ ᠰᠣᠨᠢᠨ
ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠦᠷᠪᠡ)
ᠲᠠᠷᠢᠮᠠᠯ᠎ᠤᠨ ᠲᠥᠷᠥᠯ᠎ᠤᠨ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠬᠤ (2021 — 2025 ᠣᠨ) ᠲᠤᠬᠠᠶ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ
 
             蒙ICP备05000248号