ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠨᠡᠶ᠋ᠢᠲᠡᠯᠡᠭᠰᠡᠨ ᠴᠠᠭ᠄ 2021-11-29

            ᠥᠪᠥᠷ ᠵᠠᠰᠠᠭ ᠠᠯᠪᠠᠨ ᠲᠠᠷᠬᠠᠭ᠋ᠠᠭᠰᠠᠨ [2020] 50 ᠳ᠋ᠤᠭ᠋ᠠᠷ ᠲᠣᠭ᠋ᠠᠲᠤ

               2020 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2019] 28 ᠳ᠋ᠤᠭ᠋ᠠᠷ ᠲᠣᠭ᠋ᠠᠲᠤ) ᠪᠣᠯᠣᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠠᠷᠪᠠᠨ ᠲᠠᠪᠤᠨ ᠶᠠᠮᠤᠨ ᠵᠦᠪᠯᠡᠯ᠎ᠤᠨ 《ᠣᠳᠣᠬᠠᠨ᠎ᠤ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠢ ᠰᠠᠶ᠋ᠢᠲᠤᠷ ᠬᠢᠬᠦ ᠲᠤᠬᠠᠢ ᠰᠠᠨᠠᠯ》 (ᠬᠦᠮᠦᠨ ᠨᠡᠶ᠋ᠢᠭᠡᠮ ᠶᠠᠮᠤᠨ ᠲᠠᠷᠬᠠᠭ᠋ᠠᠭᠰᠠᠨ [2020] 61 ᠳ᠋ᠤᠭᠡᠷ ᠲᠣᠭ᠋ᠠᠲᠤ)᠂ 《ᠨᠤᠲᠤᠭ᠎ᠲᠤ᠎ᠪᠠᠨ ᠪᠣᠴᠠᠵᠤ ᠭᠦᠷᠦᠭᠰᠡᠳ᠎ᠤᠨ ᠦᠢ᠍ᠯᠡᠰ ᠪᠣᠰᠬᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠡᠳ᠋᠎ᠤᠨ ᠵᠠᠰᠠᠭ᠎ᠤᠨ ᠶᠠᠮᠤᠨ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠎ᠤ ᠰᠠᠨᠠᠯ》 (ᠬᠦᠮᠦᠨ ᠨᠡᠶ᠋ᠢᠭᠡᠮ ᠶᠠᠮᠤᠨ ᠲᠠᠷᠬᠠᠭ᠋ᠠᠭᠰᠠᠨ [ 2019] 129 ᠳ᠋ᠤᠭᠡᠷ ᠲᠣᠭ᠋ᠠᠲᠤ)᠂ 《〈ᠨᠤᠲᠤᠭ᠎ᠲᠤ᠎ᠪᠠᠨ ᠪᠤᠴᠠᠭᠰᠠᠨ ᠪᠠ ᠨᠤᠲᠤᠭ᠎ᠲᠤ᠎ᠪᠠᠨ ᠬᠤᠴᠣᠷᠤᠭᠰᠠᠨ ᠲᠠᠷᠢᠶᠠᠴᠢᠨ ᠬᠦᠴᠦ ᠶᠠᠪᠤᠭᠰᠠᠳ ᠲᠤᠬᠠᠢ ᠵᠢᠨ ᠭᠠᠵᠠᠷ ᠪᠠ ᠲᠤᠬᠠᠢ ᠵᠢᠨ ᠭᠠᠵᠠᠷ᠎ᠤᠨ ᠤᠢ᠍ᠢ᠍ᠷ᠎ᠠ ᠬᠠᠪᠢ᠎ᠳᠤ᠎ᠪᠠᠨ ᠠᠵᠢᠯ ᠣᠯᠬᠤ ᠬᠡᠪᠴᠢᠶ᠎ᠡ ᠵᠢ ᠦᠷᠭᠡᠳᠭᠡᠬᠦ ᠵᠢᠨ ᠬᠡᠷᠡᠭᠵᠢᠭᠦᠯᠬᠦ ᠲᠥᠰᠥᠯ〉᠎ᠢ ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠎ᠤ ᠠᠯᠪᠠᠨ ᠲᠢᠩᠬᠢᠮ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠲᠠᠷᠢᠶᠠᠯᠠᠩ ᠠᠯᠪᠠᠨ ᠲᠠᠷᠬᠠᠭ᠋ᠠᠭᠰᠠᠨ [2020] 2 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ ᠵᠢᠴᠢ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ᠎ᠤᠨ ᠦᠢ᠍ᠯᠡᠰ ᠪᠣᠰᠬᠠᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ᠎ᠢ ᠳᠤᠷᠠᠳᠪᠠ᠃

      ᠨᠢᠭᠡ᠂ ᠶᠡᠷᠦᠩᠬᠡᠢ ᠱᠠᠭ᠋ᠠᠷᠳᠠᠯᠭ᠎ᠠ

     (ᠨᠢᠭᠡ) ᠵᠢᠯᠣᠭᠤᠳᠬᠤ ᠦᠵᠡᠯ ᠰᠠᠨᠠᠭ᠎ᠠ᠃

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠦᠷᠭᠡᠳᠭᠡᠬᠦ ᠪᠠ ᠲᠣᠭᠲᠠᠭᠤᠨ ᠪᠣᠯᠭ᠋ᠠᠬᠤ᠎ᠪᠠᠷ ᠭᠠᠷᠳᠠᠴᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠭᠰᠠᠨ ᠬᠥᠭᠵᠢᠯᠲᠡ ᠵᠢᠨ ᠣᠨᠣᠯᠵᠢᠬᠤᠨ᠎ᠢ ᠪᠠᠲᠤ ᠪᠠᠬᠢ ᠪᠣᠢ ᠪᠣᠯᠭ᠋ᠠᠨ᠂ ᠲᠠᠷᠢᠶᠠᠯᠠᠩ ᠬᠦᠳᠡᠭᠡ ᠲᠤᠰᠬᠤᠨ᠎ᠢ ᠡᠩ ᠲᠡᠷᠢᠭᠦᠨ᠎ᠳᠤ ᠬᠥᠭᠵᠢᠭᠦᠯᠬᠦ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠤᠷᠭ᠋ᠠᠨᠢᠭ ᠵᠶ᠋ᠠᠷ ᠵᠣᠯᠭ᠋ᠠᠯᠳᠤᠭᠤᠯᠬᠤ ᠵᠢ ᠠᠬᠢᠭᠤᠯᠤᠨ᠂ ᠠᠵᠢᠯ ᠣᠯᠭᠤᠵᠤ ᠦᠢ᠍ᠯᠡᠰ ᠪᠣᠰᠬᠠᠬᠤ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠣᠯᠭᠤᠯᠲᠠ ᠵᠢᠨ ᠪᠦᠲᠦᠴᠡ ᠵᠢ ᠰᠠᠶ᠋ᠢᠵᠢᠷᠠᠭᠤᠯᠤᠨ᠂ ᠠᠵᠢᠯ ᠣᠯᠭᠤᠯᠲᠠ ᠵᠢᠨ ᠴᠢᠨᠠᠷ ᠴᠢᠨᠰᠠᠭ᠎ᠠ ᠵᠢ ᠲᠡᠭᠡᠭᠰᠢᠯᠡᠬᠦᠯᠵᠦ᠂ ᠣᠯᠠᠨ ᠠᠷᠭ᠎ᠠ ᠵᠠᠮ ᠵᠶ᠋ᠠᠷ᠂ ᠣᠯᠠᠨ ᠲᠠᠯ᠎ᠠ᠎ᠪᠠᠷ᠂ ᠣᠯᠠᠨ ᠬᠡᠯᠪᠡᠷᠢ᠎ᠪᠠᠷ ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠵᠤ᠂ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠰᠠᠭᠤᠭ᠋ᠠᠯᠢ ᠠᠷᠠᠳ᠎ᠤᠨ ᠠᠵᠢᠯ ᠣᠯᠬᠤ ᠵᠢ ᠪᠠᠲᠤᠯᠠᠬᠤ ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠲᠠᠯᠪᠢᠨ᠎ᠠ᠃

     (ᠬᠤᠶᠠᠷ) ᠬᠠᠷᠠᠯᠲᠠᠲᠤ ᠡᠭᠦᠷᠭᠡ — ᠬᠤᠲᠠ ᠬᠦᠳᠡᠭᠡ ᠵᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 2025 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠤᠰᠬᠤᠨ (ᠨᠡᠶ᠋ᠢᠭᠡᠮ ᠲᠣᠭᠤᠷᠢᠭ)᠎ᠤ ᠣᠯᠠᠨ ᠨᠡᠶ᠋ᠢᠲᠡ ᠵᠢᠨ ᠠᠵᠢᠯ ᠣᠯᠭᠤᠵᠣ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠲᠠᠪᠴᠠᠩ᠎ᠢ ᠪᠦᠷᠢᠨᠰᠢᠭᠦᠯᠵᠦ᠂ ᠲᠣᠬᠠᠶ᠋ᠢᠯᠠᠭᠰᠠᠨ ᠠᠵᠢᠯ᠎ᠢ ᠵᠢᠷᠤᠮᠵᠢᠭᠤᠯᠤᠨ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠨᠡᠯᠢᠶᠡᠳ ᠦᠨᠳᠦᠷ ᠪᠣᠯᠭ᠋ᠠᠨ᠎ᠠ᠃ ᠬᠠᠤᠯᠢ᠎ᠪᠠᠷ ᠲᠣᠭᠲᠠᠭᠰᠠᠨ ᠬᠥᠳᠡᠯᠮᠦᠷᠢᠯᠡᠬᠦ ᠨᠠᠰᠤᠨ᠎ᠳᠠᠬᠢ ᠬᠥᠳᠡᠯᠮᠦᠷᠢᠯᠡᠬᠦ ᠴᠢᠳᠠᠪᠤᠷᠢ᠎ᠲᠠᠢ᠂ ᠰᠢᠯᠵᠢᠵᠤ ᠠᠵᠢᠯ ᠣᠯᠬᠤ ᠬᠦᠰᠡᠯ ᠪᠣᠳᠣᠯ᠎ᠲᠠᠢ ᠮᠠᠯᠴᠢᠨ ᠲᠠᠷᠢᠶᠠᠴᠢᠨ ᠪᠦᠬᠦᠨ᠎ᠳᠤ ᠠᠵᠢᠯ ᠣᠯᠭᠤᠬᠤ ᠵᠢ ᠪᠡᠶᠡᠯᠡᠭᠦᠯᠦᠨ᠎ᠡ; ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠬᠦ ᠬᠦᠰᠡᠯ ᠪᠣᠳᠣᠯ᠎ᠲᠠᠢ ᠪᠣᠯ ᠨᠠᠭ᠋ᠠᠲᠤ ᠵᠠᠬ᠎ᠠ᠎ᠳᠤ᠎ᠪᠠᠨ ᠨᠢᠭᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠲᠥᠯᠥᠪᠦᠷᠢ ᠦᠭᠡᠢ᠎ᠪᠠᠷ ᠬᠦᠷᠲᠡᠭᠡᠨ᠎ᠡ; ᠦᠢ᠍ᠯᠡᠰ ᠪᠣᠰᠬᠠᠬᠤ ᠬᠦᠰᠡᠯ ᠪᠣᠳᠣᠯ᠎ᠲᠠᠢ ᠪᠠ ᠦᠢ᠍ᠯᠡᠰ ᠪᠣᠰᠬᠠᠬᠤ ᠨᠦᠬᠦᠴᠡᠯ᠎ᠲᠠᠢ ᠪᠣᠯ ᠦᠢ᠍ᠯᠡᠰ ᠪᠣᠰᠬᠠᠬᠤ ᠵᠢ᠎ᠨᠢ ᠴᠦᠮ ᠪᠡᠶᠡᠯᠡᠭᠦᠯᠬᠦ᠎ᠪᠠᠷ ᠴᠢᠷᠮᠠᠶ᠋ᠢᠨ᠎ᠠ᠃

     — ᠦᠢ᠍ᠯᠡᠰ ᠪᠣᠰᠬᠠᠬᠤ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 2025 ᠣᠨ ᠪᠣᠯᠬᠤ᠎ᠳᠤ᠂ ᠨᠤᠲᠤᠭ᠎ᠲᠤ᠎ᠪᠠᠨ ᠬᠤᠴᠤᠷᠤᠭᠰᠠᠨ ᠮᠠᠯᠴᠢᠨ ᠲᠠᠷᠢᠶᠠᠴᠢᠨ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠣᠰᠬᠠᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ᠎ᠳᠤ ᠲᠥᠷᠥ ᠵᠢᠨ ᠪᠣᠳᠣᠯᠭ᠎ᠠ᠎ᠲᠠᠢ᠂ ᠠᠴᠢᠶᠠᠯᠠᠪᠤᠷᠢ᠎ᠲᠠᠢ ᠪᠦᠭᠡᠳ ᠣᠷᠴᠢᠨ ᠨᠦᠬᠦᠴᠡᠯ᠎ᠲᠠᠢ ᠪᠠᠶ᠋ᠢᠬᠤ ᠵᠢ ᠪᠠᠲᠤᠯᠠᠵᠤ᠂ ᠰᠠᠭᠤᠷᠢ ᠪᠡᠯᠡᠳᠭᠡᠮᠵᠢ ᠵᠢ ᠢᠯᠡᠷᠬᠡᠢ ᠰᠠᠶ᠋ᠢᠵᠢᠷᠠᠭᠤᠯᠤᠨ ᠪᠠᠶ᠋ᠢᠵᠤ᠂ ᠦᠢ᠍ᠯᠡᠰ ᠪᠣᠰᠬᠠᠬᠤ ᠵᠢ ᠡᠷᠬᠢᠮᠯᠡᠭᠰᠡᠨ᠂ ᠦᠢ᠍ᠯᠡᠰ ᠪᠣᠰᠬᠠᠬᠤ ᠵᠢ ᠳᠡᠳᠬᠦᠭᠰᠡᠨ ᠪᠠ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠰ ᠪᠣᠰᠬᠠᠭᠰᠠᠨ ᠮᠠᠰᠢ ᠰᠠᠶ᠋ᠢᠨ ᠨᠡᠶ᠋ᠢᠭᠡᠮ᠎ᠤᠨ ᠣᠷᠴᠢᠨ ᠪᠠᠶ᠋ᠢᠳᠠᠯ᠎ᠲᠠᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃

     — ᠦᠢ᠍ᠯᠡᠰ ᠪᠣᠰᠬᠠᠬᠤ ᠵᠢᠨ ᠨᠡᠪᠴᠢᠭᠦᠯᠬᠦ ᠴᠢᠳᠠᠪᠤᠷᠢ ᠵᠢ ᠢᠯᠡᠷᠬᠡᠢ ᠴᠢᠩᠭ᠋ᠠᠷᠠᠭᠤᠯᠤᠨ᠎ᠠ᠃ 2025 ᠣᠨ ᠪᠣᠯᠬᠤ᠎ᠳᠤ᠂ ᠨᠥᠬᠦᠴᠡᠯ᠎ᠲᠠᠢ ᠪᠠ ᠴᠢᠳᠠᠪᠤᠷᠢ᠎ᠲᠠᠢ ᠬᠤᠰᠢᠭᠤ ᠰᠢᠶᠠᠨ (ᠬᠤᠲᠠ᠂ ᠲᠣᠭᠤᠷᠢᠭ)᠎ᠨᠢ ᠨᠠᠭ᠋ᠠᠲᠤ ᠵᠠᠬ᠎ᠠ᠎ᠳᠤ᠎ᠪᠠᠨ ᠴᠢᠳᠠᠮᠵᠢ᠎ᠪᠠᠷ ᠪᠦᠷᠢᠨ ᠲᠡᠭᠦᠯᠳᠡᠷ ᠪᠣᠯᠬᠤ ᠮᠠᠯᠴᠢᠨ ᠲᠠᠷᠢᠶᠠᠴᠢᠨ᠎ᠤ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ) ᠪᠣᠶᠤ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠢ ᠨᠢᠭᠡ ᠪᠦᠲᠦᠭᠡᠨ ᠪᠠᠶ᠋ᠢᠭᠤᠯᠤᠨ᠎ᠠ᠃

      ᠬᠤᠶᠠᠷ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ

     (ᠨᠢᠭᠡ) ᠠᠵᠢᠯ ᠣᠯᠭᠤᠵᠤ ᠦᠢ᠍ᠯᠡᠰ ᠪᠣᠰᠬᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠦᠨ᠎ᠡ᠃

     1. ᠬᠤᠲᠠ ᠬᠦᠳᠡᠭᠡ ᠵᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠠᠭᠦᠯᠳᠡᠷᠵᠢᠭᠦᠯᠦᠨ᠎ᠡ᠃ ᠬᠤᠲᠠ ᠬᠦᠳᠡᠭᠡ ᠵᠢᠨ ᠬᠥᠳᠡᠯᠮᠦᠷᠢᠴᠢᠳ᠎ᠤᠨ ᠠᠵᠢᠯ ᠣᠯᠭᠤᠯᠲᠠ ᠵᠢ ᠨᠢᠭᠡᠳᠦᠯᠲᠡᠢ ᠲᠥᠯᠥᠪᠵᠢᠭᠦᠯᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠤᠰᠬᠤᠨ (ᠨᠡᠶ᠋ᠢᠭᠡᠮ ᠲᠣᠭᠤᠷᠢᠭ) ᠲᠠᠪᠤᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠳᠤ ᠣᠯᠠᠨ ᠨᠡᠶ᠋ᠢᠲᠡ ᠵᠢᠨ ᠠᠵᠢᠯ ᠣᠯᠭᠤᠬᠤ ᠪᠠ ᠬᠦᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠨᠢᠭᠡᠳᠦᠯᠲᠡᠢ ᠪᠠᠶ᠋ᠢᠭᠤᠯᠤᠮᠵᠢ ᠵᠢ ᠪᠠᠶ᠋ᠢᠭᠤᠯᠤᠨ᠎ᠠ᠃ ᠰᠤᠮᠤ ᠰᠢᠶᠠᠩ ᠪᠠᠯᠭ᠋ᠠᠰᠤ᠂ ᠭᠠᠴᠠᠭ᠎ᠠ ᠲᠤᠰᠬᠤᠨ᠎ᠤ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠣᠷ ᠴᠡᠭ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ᠎ᠤ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠠᠵᠢᠯ᠎ᠢ ᠴᠢᠩᠭ᠋ᠠᠷᠠᠭᠤᠯᠤᠨ᠂ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠨᠳᠦᠰᠦᠨ ᠦᠢ᠍ᠯᠡᠴᠢᠯᠡᠭᠡᠨ᠎ᠤ ᠲᠡᠩᠴᠡᠭᠦᠷᠢᠰᠢᠯᠲᠡ ᠵᠢ ᠠᠬᠢᠭᠤᠯᠤᠨ᠎ᠠ᠃ ᠡᠵᠡᠩᠨᠡᠯᠲᠡ ᠵᠢᠨ ᠴᠢᠨᠠᠷᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠳᠡᠮᠵᠢᠵᠦ ᠪᠠᠶ᠋ᠢᠭ᠋ᠠᠳ ᠲᠤᠰᠬᠠᠶ᠋ᠢᠵᠢᠭᠰᠠᠨ ᠣᠯᠠᠨ ᠨᠡᠶ᠋ᠢᠲᠡ ᠵᠢᠨ ᠠᠵᠢᠯ ᠣᠯᠭᠤᠵᠤ ᠦᠢ᠍ᠯᠡᠰ ᠪᠣᠰᠬᠠᠬᠤ ᠦᠢ᠍ᠯᠡᠴᠢᠯᠡᠭᠡ ᠬᠠᠩᠭ᠋ᠠᠬᠤ ᠪᠣᠯᠭ᠋ᠠᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠥᠳᠡᠯᠮᠦᠷᠢ ᠦᠢ᠍ᠯᠡᠴᠢᠯᠡᠬᠡᠨ᠎ᠤ ᠡᠷᠬᠢᠯᠡᠨ ᠵᠠᠭᠤᠴᠢᠯᠠᠭᠴᠢ ᠵᠢ ᠳᠡᠮᠵᠢᠵᠦ ᠪᠠᠶ᠋ᠢᠭ᠋ᠠᠳ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠠᠵᠢᠯ ᠣᠯᠭᠤᠵᠤ ᠦᠢ᠍ᠯᠡᠰ ᠪᠣᠰᠬᠠᠬᠤ ᠦᠨᠳᠦᠰᠦᠨ ᠦᠢ᠍ᠯᠡᠴᠢᠯᠡᠭᠡᠨ᠎ᠢ ᠳᠠᠭ᠋ᠠᠭ᠋ᠠᠨ ᠵᠠᠯᠭ᠋ᠠᠭᠤᠯᠬᠤ ᠪᠣᠯᠭ᠋ᠠᠨ᠎ᠠ᠃ ᠬᠥᠳᠡᠯᠮᠦᠷᠢᠯᠡᠬᠦ ᠨᠠᠰᠤᠨ᠎ᠳᠠᠬᠢ ᠬᠥᠳᠡᠯᠮᠦᠷᠢᠯᠡᠬᠦ ᠴᠢᠳᠠᠪᠤᠷᠢ᠎ᠲᠠᠢ ᠪᠠ ᠠᠵᠢᠯ ᠣᠯᠬᠤ ᠬᠡᠷᠡᠭᠴᠡᠭᠡ ᠱᠠᠭ᠋ᠠᠷᠳᠠᠯᠭ᠎ᠠ᠎ᠲᠠᠢ ᠪᠠᠶ᠋ᠢᠬᠤ ᠪᠦᠭᠡᠳ ᠠᠵᠢᠯ ᠦᠭᠡᠢ ᠪᠠᠶ᠋ᠢᠳᠠᠯ᠎ᠳᠤ ᠪᠠᠶ᠋ᠢᠭᠰᠠᠨ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠨᠢ ᠬᠤᠪᠢ ᠬᠥᠮᠦᠨ᠎ᠤ ᠬᠦᠴᠦᠨ ᠪᠦᠬᠦᠢ ᠪᠡᠶ᠎ᠡ ᠵᠢᠨ ᠦᠨᠡᠮᠯᠡᠯ (ᠪᠡᠶ᠎ᠡ ᠵᠢᠨ ᠦᠨᠡᠮᠯᠡᠯ ᠪᠣᠶᠤ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠡᠰᠡᠭᠦᠯ᠎ᠡ 《ᠠᠵᠢᠯ ᠣᠯᠵᠤ ᠦᠢ᠍ᠯᠡᠰ ᠪᠣᠰᠬᠠᠬᠤ ᠦᠨᠡᠮᠯᠡᠯ》)᠂ ᠨᠤᠳᠤᠨᠨᠰᠢᠬᠤ ᠦᠨᠡᠮᠯᠡᠯ ᠵᠡᠷᠭᠡ ᠵᠢ ᠠᠪᠴᠤ᠂ ᠪᠠᠶ᠋ᠢᠩᠭᠤ ᠰᠠᠭᠤᠭ᠎ᠠ ᠭᠠᠵᠠᠷ᠎ᠤᠨ ᠣᠯᠠᠨ ᠨᠡᠶ᠋ᠢᠲᠡ ᠵᠢᠨ ᠠᠵᠢᠯ ᠣᠯᠭᠤᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠠᠵᠢᠯ ᠠᠯᠳᠠᠭᠰᠠᠨ ᠵᠶ᠋ᠠᠨ ᠳᠠᠩᠰᠠᠯᠠᠨ ᠲᠡᠮᠳᠡᠭᠯᠡᠭᠦᠯᠵᠦ᠂ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠨᠳᠦᠰᠦᠨ ᠦᠢ᠍ᠯᠡᠴᠢᠯᠡᠭᠡᠨ ᠬᠦᠷᠲᠡᠬᠦ᠎ᠪᠠᠷ ᠭᠤᠶᠤᠴᠢᠯᠠᠵᠤ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠵᠦ ᠠᠵᠢᠯ ᠤᠯᠤᠨᠨᠰᠠᠨ ᠬᠥᠳᠡᠯᠮᠦᠷᠢᠴᠢᠳ ᠠᠵᠢᠯ ᠣᠯᠣᠭᠰᠠᠨ ᠭᠠᠵᠠᠷ᠂ ᠠᠵᠢᠯ ᠭᠤᠶᠤᠴᠢᠯᠠᠭᠰᠠᠨ ᠭᠠᠵᠠᠷ᠂ ᠭᠦᠷᠦᠭᠰᠡᠨ ᠬᠦᠳᠡᠭᠡ ᠲᠤᠰᠬᠤᠨ᠎ᠳᠤ᠎ᠪᠠᠨ ᠠᠵᠢᠯ ᠣᠯᠬᠤ᠎ᠪᠠᠨ ᠵᠣᠭᠰᠣᠭ᠋ᠠᠬᠤ ᠪᠣᠶᠤ ᠨᠣᠲᠤᠭ᠎ᠲᠤ᠎ᠪᠠᠨ ᠪᠣᠴᠬᠠᠰᠠᠨ ᠪᠠ ᠬᠦᠳᠡᠭᠡ ᠲᠤᠰᠬᠤᠨ᠎ᠳᠤ ᠭᠦᠷᠦᠭᠰᠡᠨ ᠵᠶ᠋ᠠᠨ ᠳᠠᠩᠰᠠᠯᠠᠨ ᠲᠡᠮᠳᠡᠭᠯᠡᠭᠦᠯᠬᠦ ᠵᠢ ᠵᠦᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠦᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ᠃ ᠨᠢᠭᠡᠳᠦᠭᠡᠷ᠎ᠲᠤ ᠵᠢᠭᠰᠠᠭ᠋ᠠᠭᠳᠠᠭᠰᠠᠨ ᠵᠶ᠋ᠠᠷ ᠲᠦᠷᠦᠭᠦᠯᠡᠬᠦ ᠨᠢᠭᠡᠴᠢ ᠪᠣᠯᠭ᠋ᠠᠨ᠎ᠠ᠂ ᠳᠣᠷᠣᠭᠰᠢ ᠠᠳᠠᠯᠢ)

     2. ᠠᠵᠢᠯ ᠣᠯᠭᠤᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ ᠵᠢ ᠠᠬᠢᠭᠤᠯᠬᠤ ᠪᠠ ᠬᠦᠳᠡᠭᠡ ᠲᠤᠰᠬᠤᠨ᠎ᠳᠤ ᠭᠦᠷᠦᠭᠰᠡᠳ (ᠨᠢᠭᠡ ᠵᠦᠢ᠍ᠯ᠎ᠤᠨ ᠮᠡᠷᠭᠡᠵᠢᠯ᠎ᠲᠠᠢ ᠪᠤᠶᠤ ᠬᠤᠰᠢᠭᠤᠷᠠᠯ ᠪᠣᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠡᠵᠡᠮᠰᠢᠭᠰᠡᠨ ᠬᠦᠳᠡᠭᠡ ᠲᠤᠰᠬᠤᠨ᠎ᠳᠤ ᠭᠦᠷᠴᠤ ᠦᠢ᠍ᠯᠡᠰ ᠪᠣᠰᠬᠠᠬᠤ ᠶᠡᠭᠡ ᠳᠡᠭᠡᠳᠦ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠢ ᠵᠢᠭ᠋ᠠᠵᠤ ᠪᠣᠢ)᠂ ᠨᠤᠲᠤᠭ᠎ᠲᠤ᠎ᠪᠠᠨ ᠬᠤᠴᠤᠷᠤᠭᠰᠠᠳ (ᠰᠢᠯᠵᠢᠵᠦ ᠠᠵᠢᠯ ᠬᠢᠭᠰᠡᠨ ᠦᠭᠡᠢ ᠨᠤᠲᠤᠭ᠎ᠲᠤ᠎ᠪᠠᠨ ᠬᠤᠴᠤᠷᠤᠭᠰᠠᠨ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠢ ᠵᠢᠭ᠋ᠠᠵᠤ ᠪᠣᠢ) ᠵᠡᠷᠭᠡ ᠦᠢ᠍ᠯᠡᠰ ᠪᠣᠰᠬᠠᠭᠰᠠᠳ᠎ᠤᠨ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢᠨ ᠨᠠᠷᠢᠨ ᠬᠠᠭᠤᠳᠠᠰᠤ᠂ ᠭᠤᠶᠤᠴᠢᠯᠠᠨ ᠭᠦᠢ᠍ᠴᠡᠳᠭᠡᠬᠦ ᠴᠣᠪᠤᠷᠠᠯ᠂ ᠨᠡᠮᠡᠭᠦᠷᠢ ᠥᠭᠬᠦ ᠪᠠᠷᠢᠮᠵᠢᠶ᠎ᠠ ᠵᠢ ᠴᠠᠭ ᠲᠤᠬᠠᠢ᠎ᠳᠤ᠎ᠨᠢ ᠨᠡᠶ᠋ᠢᠭᠡᠮ᠎ᠳᠤ ᠨᠡᠶ᠋ᠢᠲᠡᠯᠡᠵᠤ᠂ ᠠᠵᠢᠯ ᠣᠯᠭᠤᠯᠲᠠ ᠵᠢᠨ ᠮᠡᠳᠡᠭᠡ ᠵᠠᠩᠭᠢ᠂ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠵᠢᠨ ᠯᠠᠪᠯᠠᠭ᠎ᠠ᠂ ᠠᠵᠢᠯ ᠮᠡᠷᠭᠡᠵᠢᠯ᠎ᠤᠨ ᠵᠢᠯᠣᠭᠤᠳᠤᠯᠭ᠎ᠠ᠂ ᠠᠵᠢᠯ ᠮᠡᠷᠭᠡᠵᠢᠯ᠎ᠤᠨ ᠲᠠᠨᠢᠯᠴᠠᠭᠤᠯᠭ᠎ᠠ᠂ ᠬᠥᠮᠥᠨ᠎ᠤ ᠬᠥᠴᠦᠨ᠎ᠤ ᠡᠬᠢ ᠪᠠᠶᠠᠯᠢᠭ᠎ᠤᠨ ᠰᠢᠯᠵᠢᠭᠦᠯᠦᠨ ᠠᠵᠢᠯ ᠣᠯᠭᠤᠬᠤ ᠵᠢ᠎ᠨᠢ ᠳᠠᠩᠰᠠᠯᠠᠨ ᠲᠡᠮᠳᠡᠭᠯᠡᠬᠦ ᠦᠢ᠍ᠯᠡᠴᠢᠯᠡᠭᠡ ᠵᠢ ᠴᠠᠭ ᠲᠤᠬᠠᠢ᠎ᠳᠤ᠎ᠨᠢ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ᠎ᠳᠤ ᠲᠥᠯᠥᠪᠦᠷᠢ ᠦᠭᠡᠢ᠎ᠪᠠᠷ ᠬᠠᠩᠭ᠋ᠠᠨ ᠥᠭᠴᠦ᠂ ᠲᠥᠷᠥ ᠵᠢᠨ ᠪᠣᠳᠣᠯᠭ᠎ᠠ ᠪᠠ ᠦᠢ᠍ᠯᠡᠴᠢᠯᠡᠭᠡᠨ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ᠎ᠪᠠᠨ ᠪᠠᠲᠤᠯᠠᠨ᠎ᠠ᠃ ᠰᠦᠯᠵᠢᠶ᠎ᠡ᠎ᠪᠠᠷ᠎ᠬᠢ ᠪᠠ ᠰᠦᠯᠵᠢᠶᠡᠨ᠎ᠠᠴᠠ ᠭᠠᠳᠠᠭᠤᠷᠬᠢ ᠣᠯᠠᠨ ᠡᠰᠢᠵᠢᠭᠰᠡᠨ ᠠᠵᠢᠯ ᠣᠯᠭᠤᠵᠤ ᠦᠢ᠍ᠯᠡᠰ ᠪᠣᠰᠬᠠᠬᠤ ᠲᠠᠯ᠎ᠠ ᠵᠢᠨ ᠵᠢᠭ᠋ᠠᠨ ᠵᠢᠯᠣᠭᠤᠳᠤᠯᠭ᠎ᠠ ᠵᠢ ᠵᠣᠬᠢᠶᠠᠨ ᠪᠠᠶ᠋ᠢᠭᠤᠯᠵᠦ ᠦᠷᠨᠢᠭᠦᠯᠦᠨ᠂ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠣᠯᠠᠨ ᠨᠡᠶ᠋ᠢᠲᠡ᠎ᠳᠤ ᠨᠡᠶ᠋ᠢᠲᠡᠯᠡᠬᠦ ᠲᠠᠪᠴᠠᠩ ᠵᠶ᠋ᠠᠨ ᠪᠦᠷᠢᠨᠰᠢᠭᠦᠯᠵᠦ᠂ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠰᠦᠯᠵᠢᠶ᠎ᠡ᠎ᠪᠠᠷ ᠨᠡᠶ᠋ᠢᠲᠡᠯᠡᠬᠦ ᠪᠠ ᠭᠠᠵᠠᠷ ᠣᠷᠣᠨ ᠠᠯᠤᠰᠯᠠᠨ ᠬᠠᠮᠲᠤ᠎ᠳᠤ᠎ᠪᠠᠨ ᠬᠦᠷᠲᠡᠯᠴᠡᠬᠦ ᠵᠢ ᠪᠡᠶᠡᠯᠡᠭᠦᠯᠦᠨ᠂ ᠠᠵᠢᠯ ᠣᠯᠭᠤᠯᠲᠠ ᠵᠢᠨ ᠣᠨᠣᠪᠴᠢᠲᠠᠢ ᠲᠣᠬᠢᠷᠠᠯᠴᠠᠭᠤᠯᠬᠤ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠨ ᠪᠠ ᠨᠤᠲᠤᠭ᠎ᠲᠤ᠎ᠪᠠᠨ ᠬᠤᠴᠤᠷᠤᠨ ᠦᠢ᠍ᠯᠡᠰ ᠪᠣᠰᠬᠠᠭᠰᠠᠳ᠎ᠲᠠᠢ ᠲᠤᠭᠲᠠᠭᠰᠠᠨ ᠬᠤᠭᠤᠴᠠᠭ᠎ᠠ᠎ᠲᠠᠢ ᠬᠠᠷᠢᠯᠴᠠᠬᠤ ᠬᠢᠭᠡᠳ ᠱᠠᠲᠤ ᠪᠠ ᠲᠥᠷᠥᠯ ᠬᠤᠪᠢᠶᠠᠨ ᠦᠢ᠍ᠯᠡᠴᠢᠯᠡᠬᠦ᠎ᠪᠠᠨ ᠴᠢᠩᠭ᠋ᠠᠳᠬᠠᠵᠤ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠲᠣᠮᠤ ᠲᠢᠩᠬᠢᠮ᠎ᠳᠤ ᠲᠦᠰᠢᠭᠯᠡᠨ ᠠᠵᠢᠯ ᠣᠯᠭᠤᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠲᠤᠰᠬᠠᠢ ᠴᠤᠩᠬᠤᠪᠴᠢ ᠪᠠᠶ᠋ᠢᠭᠤᠯᠤᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠬᠠᠮᠲᠤ᠎ᠳᠤ᠎ᠪᠠᠨ ᠬᠡᠷᠡᠭᠯᠡᠵᠦ ᠬᠠᠮᠲᠤ᠎ᠳᠤ᠎ᠪᠠᠨ ᠬᠦᠷᠲᠡᠯᠴᠡᠬᠦ ᠵᠢ ᠠᠬᠢᠭᠤᠯᠵᠤ᠂ ᠨᠤᠲᠤᠭ᠎ᠲᠤ᠎ᠪᠠᠨ ᠪᠣᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠲᠤ ᠲᠤᠬᠠᠢ ᠵᠢᠨ ᠭᠠᠵᠠᠷ᠎ᠲᠤ᠎ᠨᠢ ᠥᠢ᠍ᠷ᠎ᠠ ᠬᠠᠪᠢ᠎ᠳᠤ᠎ᠨᠢ ᠲᠥᠷᠥ ᠵᠢᠨ ᠪᠣᠳᠣᠯᠭ᠎ᠠ᠎ᠪᠠᠷ ᠭᠤᠶᠤᠴᠢᠯᠠᠬᠤ᠂ ᠲᠥᠷᠥᠯ ᠵᠦᠢ᠍ᠯ᠎ᠤᠨ ᠲᠠᠨᠢᠯᠴᠠᠭᠤᠯᠭ᠎ᠠ᠂ ᠦᠢ᠍ᠯᠡᠰ ᠪᠣᠰᠬᠠᠬᠤ ᠪᠣᠯᠪᠠᠰᠤᠷᠠᠯ (ᠳᠠᠳᠤᠯᠭ᠎ᠠ)᠂ ᠡᠵᠡᠩᠨᠡᠯᠲᠡ᠎ᠪᠠᠨ ᠡᠬᠢᠯᠡᠭᠦᠯᠬᠦ ᠶᠣᠰᠤᠯᠠᠯ᠎ᠤᠨ ᠵᠢᠭ᠋ᠠᠨ ᠵᠢᠯᠣᠭᠤᠳᠤᠯᠭ᠎ᠠ᠂ ᠪᠡᠯᠡ ᠲᠣᠬᠢᠷᠠᠭᠤᠯᠬᠤ ᠦᠢ᠍ᠯᠡᠴᠢᠯᠡᠭᠡ᠂ ᠲᠥᠭᠰᠢᠭᠦᠷᠢ ᠵᠢᠨ ᠦᠨᠡᠯᠡᠯᠲᠡ᠂ ᠮᠦᠷᠲᠡᠵᠦ ᠵᠢᠭ᠋ᠠᠨ ᠵᠢᠯᠣᠭᠤᠳᠬᠤ᠂ ᠨᠡᠶ᠋ᠢᠭᠡᠮ᠎ᠤᠨ ᠪᠠᠲᠤᠯᠠᠭ᠎ᠠ᠎ᠪᠠᠨ ᠦᠷᠭᠦᠯᠵᠢᠯᠡᠭᠦᠯᠬᠦ ᠵᠡᠷᠭᠡ 《ᠨᠢᠭᠡ ᠦᠷᠲᠡᠭᠡᠴᠢᠯᠡᠭᠰᠡᠨ ᠮᠠᠶᠢᠭ᠎ᠤᠨ ᠦᠢ᠍ᠯᠡᠴᠢᠯᠡᠭᠡ》 ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠥᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠨᠤᠲᠤᠭ᠎ᠤᠨ ᠮᠦᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠭᠢ ᠵᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)

     3. ᠦᠢ᠍ᠯᠡᠰ ᠪᠣᠰᠬᠠᠬᠤ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠰᠠᠭ᠎ᠢ ᠴᠣᠮᠬᠠᠳᠬᠠᠵᠤ ᠡᠷᠬᠡ ᠵᠢ ᠲᠠᠯᠪᠢᠬᠤ᠂ ᠲᠠᠯᠪᠢᠬᠤ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠰᠢᠯᠢᠳᠡᠭᠵᠢᠭᠦᠯᠬᠦ᠎ᠪᠠᠨ ᠥᠷᠭᠦᠯᠵᠢᠯᠡᠨ ᠠᠬᠢᠭᠤᠯᠵᠤ᠂ ᠦᠢ᠍ᠯᠡᠰ ᠪᠣᠰᠬᠠᠬᠤ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠬᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠵᠢ᠎ᠨᠢ ᠵᠣᠷᠢᠬ᠍ᠵᠢᠭᠤᠯᠤᠨ ᠳᠡᠮᠵᠢᠵᠦ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠢ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠲᠥᠷᠥ ᠵᠢᠨ ᠪᠣᠳᠣᠯᠭ᠎ᠠ᠎ᠪᠠᠷ ᠳᠡᠳᠬᠦᠬᠦ ᠬᠡᠪᠴᠢᠶᠡᠨ᠎ᠳᠤ ᠣᠷᠤᠭᠤᠯᠤᠨ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢᠨ ᠡᠭᠦᠳᠦᠨ ᠪᠠᠶ᠋ᠢᠭᠤᠯᠤᠭᠰᠠᠨ ᠦᠢ᠍ᠯᠡᠰ ᠪᠣᠰᠬᠠᠬᠤ ᠬᠥᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠢ ᠲᠣᠭᠲᠠᠭ᠋ᠠᠯ ᠶᠣᠰᠤᠭ᠋ᠠᠷ ᠥᠪᠡᠷᠲᠡᠭᠡᠨ ᠵᠠᠰᠠᠬᠤ ᠣᠷᠣᠨ᠎ᠤ ᠦᠢ᠍ᠯᠡᠰ ᠪᠣᠰᠬᠠᠬᠤ ᠬᠥᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠤᠨ 《ᠱᠠᠩᠨᠠᠬᠤ᠎ᠪᠠᠷ ᠨᠦᠬᠦᠪᠦᠷᠢᠯᠡᠬᠦ ᠵᠢ ᠣᠷᠤᠯᠠᠭᠤᠯᠬᠤ》 ᠲᠥᠷᠥᠯ ᠵᠦᠢ᠍ᠯ᠎ᠳᠤ ᠣᠷᠤᠭᠤᠯᠵᠤ ᠳᠡᠳᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠤ ᠦᠢ᠍ᠯᠡᠰ ᠪᠣᠰᠬᠠᠭᠰᠠᠨ ᠪᠦᠭᠡᠳ ᠬᠠᠮᠲᠤ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠠᠪᠬᠤ ᠨᠥᠬᠦᠴᠡᠯ᠎ᠳᠤ ᠨᠡᠶ᠋ᠢᠴᠡᠭᠰᠡᠨ ᠦᠢ᠍ᠯᠡᠰ ᠪᠣᠰᠬᠠᠭᠰᠠᠳ᠎ᠨᠢ ᠡᠷᠦᠬᠡ ᠠᠮᠠ ᠪᠠᠶ᠋ᠢᠭ᠎ᠠ ᠭᠠᠵᠠᠷ᠎ᠲᠤ ᠬᠢᠵᠠᠭ᠋ᠠᠷᠯᠠᠭᠳᠠᠬᠤ ᠦᠭᠡᠢ᠂ ᠦᠢ᠍ᠯᠡᠰ ᠪᠣᠰᠬᠠᠭᠰᠠᠨ ᠭᠠᠵᠠᠷ᠎ᠲᠠᠬᠢ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ᠎ᠪᠠᠷ ᠳᠡᠳᠬᠦᠬᠦ ᠲᠥᠷᠥ ᠵᠢᠨ ᠪᠣᠳᠣᠯᠭ᠎ᠠ ᠵᠢ ᠬᠦᠷᠲᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     4. ᠨᠠᠰᠤᠨ ᠲᠤᠷᠰᠢᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠬᠦ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠢ ᠨᠠᠰᠤᠨ ᠲᠤᠷᠰᠢᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠬᠦ ᠲᠣᠭᠲᠠᠯᠴᠠᠭ᠎ᠠ᠎ᠳᠤ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠨᠢ ᠭᠠᠵᠠᠷ ᠣᠷᠣᠨ᠎ᠳᠤ ᠬᠢᠵᠠᠭ᠋ᠠᠷᠯᠠᠭᠳᠠᠬᠤ ᠦᠭᠡᠢ᠂ ᠠᠵᠢᠯ ᠣᠯᠣᠭᠰᠠᠨ ᠭᠠᠵᠠᠷ᠎ᠲᠤ᠎ᠪᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠦᠢ᠍ᠯᠡᠰ ᠪᠣᠰᠬᠠᠬᠤ ᠪᠣᠯᠪᠠᠰᠤᠷᠠᠯ᠎ᠳᠤ ᠣᠷᠣᠯᠴᠠᠵᠤ ᠪᠣᠯᠣᠨ᠎ᠠ᠂ ᠪᠣᠯᠪᠠᠰᠤᠷᠠᠯ ᠬᠦᠷᠲᠡᠭᠰᠡᠨ ᠴᠠᠭ᠎ᠢ᠎ᠨᠢ ᠨᠡᠶ᠋ᠢᠯᠡᠭᠦᠯᠦᠨ ᠪᠣᠳᠣᠵᠤ᠂ ᠨᠥᠬᠦᠴᠡᠯ᠎ᠳᠤ ᠨᠡᠶ᠋ᠢᠴᠡᠭᠰᠡᠨ ᠪᠣᠯ ᠬᠠᠮᠢᠶ᠎ᠠ ᠪᠦᠬᠦᠢ ᠲᠣᠭᠲᠠᠭ᠋ᠠᠯ ᠶᠣᠰᠤᠭ᠋ᠠᠷ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠡᠮᠡᠭᠦᠷᠢ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠨᠡᠮᠡᠭᠦᠷᠢ᠂ ᠦᠢ᠍ᠯᠡᠰ ᠪᠣᠰᠬᠠᠬᠤ ᠪᠣᠯᠪᠠᠰᠤᠷᠠᠯ᠎ᠤᠨ ᠨᠡᠮᠡᠭᠦᠷᠢ ᠥᠭᠬᠦ ᠬᠡᠷᠡᠭᠲᠡᠢ; ᠪᠣᠯᠪᠠᠰᠤᠷᠠᠯ᠎ᠳᠤ ᠬᠢᠷᠢ ᠲᠡᠩᠴᠡᠭᠰᠡᠨ ᠪᠣᠯ ᠲᠣᠨᠨᠳᠠᠭ᠋ᠠᠯ ᠶᠣᠰᠣᠭ᠋ᠠᠷ ᠠᠮᠢᠳᠤᠷᠠᠯ᠎ᠤᠨ ᠰᠦᠢ᠍ᠳᠭᠡᠯ (ᠵᠠᠮ ᠬᠠᠷᠢᠯᠴᠠᠭ᠋ᠠᠨ᠎ᠤ ᠰᠦᠢ᠍ᠳᠭᠡᠯ ᠪᠠᠭᠲᠠᠨ᠎ᠠ)᠎ᠤᠨ ᠨᠡᠮᠡᠭᠦᠷᠢ ᠥᠭᠭᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠥᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠤᠷᠢᠶ᠎ᠠ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ) (ᠬᠤᠶᠠᠷ) ᠠᠵᠢᠯ ᠣᠯᠭᠤᠯᠲᠠ ᠵᠢ ᠦᠷᠭᠡᠳᠭᠡᠬᠦ ᠪᠠ ᠲᠣᠭᠲᠠᠭᠤᠨ ᠪᠠᠶ᠋ᠢᠯᠭ᠋ᠠᠨ᠎ᠠ᠃

     5. ᠬᠥᠮᠥᠨ ᠬᠡᠷᠡᠭᠯᠡᠬᠦ ᠨᠢᠭᠡᠴᠢ᠎ᠳᠤ ᠨᠢᠭᠡ ᠪᠦᠯᠦᠭ᠎ᠢ᠎ᠨᠢ ᠲᠠᠲᠠᠵᠤ ᠣᠷᠣᠭᠤᠯᠤᠨ᠎ᠠ᠃ ᠲᠣᠮᠤ ᠬᠡᠯᠪᠡᠷᠢ ᠵᠢᠨ ᠠᠵᠤ ᠠᠬᠤᠶ᠋ᠢᠯᠠᠯ᠎ᠤᠨ ᠰᠢᠨ᠎ᠡ᠎ᠪᠠᠷ ᠪᠠᠶ᠋ᠢᠭᠤᠯᠤᠭᠰᠠᠨ ᠲᠥᠷᠥᠯ ᠵᠦᠢ᠍ᠯ ᠪᠠ ᠥᠭᠡᠷᠡᠴᠢᠯᠡᠨ ᠰᠢᠨᠡᠳᠭᠡᠵᠦ ᠥᠷᠭᠡᠳᠭᠡᠨ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠢ ᠠᠩᠬᠠᠷᠴᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠳᠤ᠎ᠨᠢ ᠬᠠᠨᠳᠤᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ ᠢᠯᠠᠩᠭᠤᠶ᠎ᠠ ᠳᠠᠩᠰᠠ ᠪᠠ ᠺᠠᠷᠲ᠎ᠲᠠᠢ ᠶᠠᠳᠠᠭᠤ ᠬᠥᠴᠢᠷᠲᠡᠯᠲᠡᠢ ᠬᠥᠳᠡᠯᠮᠦᠷᠢ ᠵᠢᠨ ᠬᠥᠴᠦᠨ᠎ᠢ ᠵᠣᠬᠢᠶᠠᠨ ᠪᠠᠶ᠋ᠢᠭᠤᠯᠵᠤ ᠵᠠᠬᠢᠶᠠᠯᠠᠭ᠎ᠠ ᠪᠠ ᠠᠵᠢᠯ᠎ᠤᠨ ᠪᠠᠶ᠋ᠢᠷᠢ ᠲᠣᠭᠲᠠᠭ᠋ᠠᠨ ᠪᠣᠯᠪᠠᠰᠣᠷᠠᠯ ᠭᠦᠷᠳᠡᠬᠡᠵᠦ᠂ ᠠᠵᠤ ᠠᠬᠤᠶ᠋ᠢᠯᠠᠯ᠎ᠳᠤ ᠬᠢᠷᠢ ᠲᠡᠩᠴᠡᠭᠰᠡᠨ ᠴᠢᠳᠠᠪᠦᠷᠢᠲᠡᠨ᠎ᠢ ᠪᠣᠯᠪᠠᠰᠤᠷᠠᠭᠤᠯᠵᠤ ᠦᠭᠭᠦᠨ᠎ᠡ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠵᠤ᠂ ᠵᠠᠬ᠎ᠠ ᠳᠡᠯᠭᠡᠭᠦᠷ᠎ᠲᠤ ᠣᠷᠣᠬᠤ ᠵᠦᠪᠰᠢᠶᠡᠷᠡᠯ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ᠂ ᠡᠳ᠋᠎ᠤᠨ ᠵᠠᠰᠠᠭ ᠭᠠᠶ᠋ᠢᠯᠢ ᠲᠠᠲᠠᠪᠤᠷᠢ ᠵᠢ ᠬᠠᠰᠤᠵᠤ ᠬᠡᠯᠲᠤᠷᠢᠭᠦᠯᠬᠦ᠂ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠂ ᠵᠠᠰᠠᠭ᠎ᠤᠨ ᠣᠷᠳᠣᠨ ᠬᠤᠳᠠᠯᠳᠤᠨ ᠠᠪᠬᠤ᠂ ᠠᠵᠢᠯᠯᠠᠬᠤ᠎ᠪᠠᠷ ᠪᠣᠯᠪᠠᠰᠤᠷᠠᠯ᠎ᠢ ᠣᠷᠤᠯᠠᠭᠤᠯᠬᠤ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠠᠵᠢᠯ ᠣᠯᠬᠤ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠤ ᠪᠠ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ ᠢᠯᠠᠩᠭᠤᠶ᠎ᠠ ᠳᠠᠩᠰᠠ ᠪᠠ ᠺᠠᠷᠲ᠎ᠲᠠᠢ ᠶᠠᠳᠠᠭᠤ ᠬᠦᠴᠢᠷᠲᠡᠯᠲᠡᠢ ᠬᠥᠳᠡᠯᠮᠦᠷᠢ ᠵᠢᠨ ᠬᠦᠴᠦᠨ᠎ᠢ ᠬᠦᠯᠢᠶᠡᠨ ᠠᠪᠴᠤ ᠠᠵᠢᠯ ᠣᠯᠭᠤᠨ᠎ᠠ᠃ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠦᠳᠡᠯᠭᠡᠬᠦ ᠴᠢᠳᠠᠪᠤᠷᠢ ᠵᠢ ᠪᠣᠢ ᠪᠣᠯᠭ᠋ᠠᠵᠤ᠂ ᠮᠡᠳᠡᠭᠡ ᠵᠠᠩᠭᠢ ᠵᠢᠨ ᠰᠥᠯᠵᠢᠶ᠎ᠡ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠭᠡᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠂ ᠶᠠᠪᠤᠵᠤ ᠰᠠᠭᠤᠬᠤ᠎ᠳᠤ ᠬᠠᠮᠲᠤ᠎ᠳᠤ᠎ᠪᠠᠨ ᠬᠦᠷᠲᠡᠬᠦ ᠠᠶᠠᠯᠠᠯ᠂ ᠨᠡᠶ᠋ᠢᠭᠡᠮ ᠲᠣᠭᠤᠷᠢᠭ ᠬᠠᠮᠲᠤ᠎ᠪᠠᠷ ᠬᠤᠳᠠᠯᠳᠤᠨ ᠠᠪᠬᠤ ᠵᠡᠷᠭᠡ ᠡᠵᠡᠩᠨᠡᠯᠲᠡ ᠵᠢᠨ ᠰᠢᠨ᠎ᠡ ᠬᠡᠯᠪᠡᠷᠢ ᠪᠠᠶ᠋ᠢᠳᠠᠯ᠎ᠤᠨ ᠬᠥᠭᠵᠢᠯᠲᠡ ᠵᠢ ᠠᠬᠢᠭᠤᠯᠵᠤ᠂ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠠᠬᠢ ᠦᠵᠦᠭᠦᠷ ᠦᠢ᠍ᠯᠡᠴᠢᠯᠡᠭᠡᠨ᠎ᠤ ᠡᠯᠧᠺᠳ᠋ᠷᠦᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠠᠬᠢᠭᠤᠯᠤᠨ᠂ ᠦᠢ᠍ᠯᠡᠳᠪᠦᠷᠢᠯᠡᠬᠦ ᠪᠠ ᠪᠣᠷᠤᠯᠠᠭᠤᠯᠬᠤ ᠵᠢ ᠵᠠᠯᠭ᠋ᠠᠯᠳᠤᠭᠤᠯᠬᠤ᠎ᠪᠠᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠬᠤ ᠰᠢᠨ᠎ᠡ ᠬᠦᠷᠢᠶ᠎ᠡ ᠴᠠᠷᠠᠭ᠎ᠠ ᠵᠢ ᠦᠷᠭᠡᠳᠭᠡᠨ ᠬᠥᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠣᠢ ᠰᠢᠭᠤᠢ ᠪᠠ ᠨᠤᠲᠤᠭ ᠪᠠᠯᠴᠢᠭᠡᠷ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠶᠠᠳᠠᠭᠤ ᠵᠢ ᠳᠡᠳᠬᠦᠬᠦ ᠨᠡᠬᠡᠭᠡᠯᠲᠡ ᠵᠢᠨ ᠠᠯᠪᠠᠨ ᠭᠡᠷ᠂ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     6. ᠦᠢ᠍ᠯᠡᠰ ᠪᠣᠰᠬᠠᠬᠤ ᠵᠢ ᠳᠡᠳᠬᠦᠨ ᠳᠡᠮᠵᠢᠵᠦ ᠪᠠᠶ᠋ᠢᠭ᠋ᠠᠳ ᠨᠢᠭᠡ ᠪᠦᠯᠦᠭ᠎ᠢ᠎ᠨᠢ ᠲᠠᠶ᠋ᠢᠴᠢᠯᠠᠨ᠎ᠡ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢ᠂ ᠬᠦᠳᠡᠭᠡ ᠲᠤᠰᠬᠤᠨ᠎ᠳᠤ ᠭᠦᠷᠦᠭᠰᠡᠨ ᠪᠠ ᠨᠤᠲᠤᠭ᠎ᠲᠤ᠎ᠪᠠᠨ ᠬᠤᠴᠣᠷᠤᠭᠰᠠᠨ ᠬᠦᠮᠦᠰ ᠵᠡᠷᠭᠡ ᠦᠢ᠍ᠯᠡᠰ ᠪᠣᠰᠬᠠᠭᠰᠠᠳ᠎ᠢ ᠵᠣᠷᠢᠬ᠍ᠵᠢᠭᠤᠯᠵᠤ ᠬᠥᠲᠥᠯᠥᠨ ᠵᠢᠯᠣᠭᠤᠳᠴᠤ ᠪᠠᠶ᠋ᠢᠭ᠋ᠠᠳ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠴᠢᠨ ᠲᠠᠷᠢᠶᠠᠴᠢᠨ᠎ᠤ ᠬᠤᠷᠰᠢᠶ᠎ᠡ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠠ ᠵᠢᠨ ᠬᠥᠲᠥᠴᠢ ᠠᠵᠤ ᠠᠬᠤᠶ᠋ᠢᠯᠠᠯ᠂ ᠪᠦᠲᠦᠭᠡᠯᠴᠢ ᠲᠥᠰᠥᠪᠯᠡᠯ᠎ᠤᠨ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠮᠠᠶᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠡᠷᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠡᠩ ᠣᠯᠠᠨ ᠬᠥᠳᠡᠯᠮᠦᠷᠢ ᠵᠢᠨ ᠬᠦᠴᠦᠨ᠎ᠢ ᠳᠠᠶ᠋ᠢᠴᠢᠯᠠᠵᠤ ᠠᠵᠢᠯ ᠣᠯᠭᠤᠨ᠎ᠠ᠃ ᠵᠢᠵᠢᠭ ᠪᠢᠴᠢᠯ ᠠᠵᠤ ᠠᠬᠤᠶ᠋ᠢᠯᠠᠯ᠎ᠢ ᠠᠩᠬ᠎ᠠ ᠤᠳᠠᠭ᠎ᠠ ᠡᠷᠬᠢᠯᠡᠭᠰᠡᠨ ᠪᠣᠶᠤ ᠬᠤᠪᠢ ᠵᠢᠨ ᠡᠵᠡᠩᠨᠡᠯᠲᠡ ᠵᠢ ᠡᠷᠬᠢᠯᠡᠵᠦ ᠬᠢᠭᠰᠡᠨ ᠮᠦᠷᠲᠡᠭᠡᠨ ᠡᠭᠦᠳᠦᠨ ᠪᠠᠶ᠋ᠢᠭᠤᠯᠵᠤ ᠡᠷᠬᠢᠯᠡᠭᠰᠡᠨ ᠠᠵᠤ ᠠᠬᠤᠶ᠋ᠢᠯᠠᠯ ᠪᠣᠶᠤ ᠬᠤᠪᠢ ᠵᠢᠨ ᠡᠵᠡᠩᠨᠡᠯᠲᠡ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠳᠠᠩᠰᠠᠯᠠᠨ ᠲᠡᠮᠳᠡᠭᠯᠡᠭᠦᠯᠦᠭᠰᠡᠨ ᠡᠳᠦᠷ᠎ᠠᠴᠠ ᠡᠬᠢᠯᠡᠵᠦ 1 ᠵᠢᠯ ᠭᠠᠷᠤᠢ ᠬᠡᠪ᠎ᠤᠨ ᠪᠠᠶ᠋ᠢᠳᠠᠯ ᠵᠶ᠋ᠠᠷ ᠡᠵᠡᠩᠨᠡᠭᠰᠡᠨ ᠪᠠᠶ᠋ᠢᠪᠠᠯ᠂ ᠳᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠵᠢᠨ ᠬᠥᠴᠦᠨ᠎ᠳᠤ ᠨᠢᠭᠡ ᠯᠡ ᠤᠳᠠᠭ᠎ᠠ᠎ᠪᠠᠷ ᠦᠢ᠍ᠯᠡᠰ ᠪᠣᠰᠬᠠᠬᠤ ᠨᠡᠮᠡᠭᠦᠷᠢ ᠥᠭᠴᠦ᠂ ᠦᠢ᠍ᠯᠡᠰ ᠪᠣᠰᠬᠠᠬᠤ ᠨᠡᠮᠡᠭᠦᠷᠢ ᠵᠢᠨ ᠪᠡᠯᠡ ᠮᠦᠩᠭᠦ ᠵᠢ ᠠᠵᠢᠯ ᠣᠯᠭᠤᠯᠲᠠ ᠵᠢᠨ ᠨᠦᠬᠦᠪᠦᠷᠢ ᠵᠢᠨ ᠪᠡᠯᠡ ᠮᠦᠩᠭᠦ᠎ᠠᠴᠠ ᠭᠠᠷᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠶᠠᠳᠠᠭᠤ ᠵᠢ ᠳᠡᠳᠬᠦᠬᠦ ᠨᠡᠬᠡᠭᠡᠯᠲᠡ ᠵᠢᠨ ᠠᠯᠪᠠᠨ ᠭᠡᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     7. ᠬᠥᠳᠡᠯᠮᠦᠷᠢ ᠦᠢ᠍ᠯᠡᠴᠢᠯᠡᠭᠡ ᠵᠢ ᠭᠠᠳᠠᠭᠰᠢ ᠶᠠᠪᠤᠭᠤᠯᠬᠤ᠎ᠪᠠᠷ ᠨᠢᠭᠡ ᠪᠥᠯᠥᠭ᠎ᠢ᠎ᠨᠢ ᠰᠢᠯᠵᠢᠭᠦᠯᠦᠨ᠎ᠡ᠃ ᠪᠡᠭᠡᠵᠢᠩ ᠥᠪᠥᠷ ᠮᠣᠩᠭᠤᠯ᠎ᠤᠨ ᠬᠥᠳᠡᠯᠮᠦᠷᠢ ᠦᠢ᠍ᠯᠡᠴᠢᠯᠡᠭᠡ ᠵᠢ ᠵᠠᠯᠭ᠋ᠠᠯᠳᠤᠭᠤᠯᠬᠤ᠂ ᠬᠦᠷᠰᠢ ᠵᠡᠷᠭᠡᠯᠡᠳᠡᠭᠡ ᠮᠣᠵᠢ (ᠣᠷᠣᠨ᠂ ᠬᠤᠲᠠ) ᠵᠢᠨ ᠬᠥᠳᠡᠯᠮᠦᠷᠢ ᠦᠢ᠍ᠯᠡᠴᠢᠯᠡᠭᠡ ᠵᠢ ᠵᠠᠯᠭ᠋ᠠᠯᠳᠤᠭᠤᠯᠬᠤ ᠪᠠ 《ᠤᠷᠢᠬᠠᠨ ᠬᠠᠪᠤᠷ᠎ᠤᠨ ᠠᠵᠢᠯᠯᠠᠭ᠎ᠠ》 《ᠥᠪᠥᠷ ᠮᠣᠩᠭᠤᠯ᠎ᠤᠨ ᠰᠦᠯᠵᠢᠶ᠎ᠡ᠎ᠪᠠᠷ ᠲᠣᠮᠣ ᠬᠡᠪᠴᠢᠶᠡᠨ᠎ᠤ ᠡᠯᠰᠡᠵᠦ ᠤᠷᠢᠬᠤ ᠠᠵᠢᠯᠯᠠᠭ᠎ᠠ ᠵᠢᠨ ᠰᠠᠷ᠎ᠠ》 ᠵᠡᠷᠭᠡ ᠲᠤᠰᠬᠠᠢ ᠠᠵᠢᠯᠯᠠᠭ᠎ᠠ ᠵᠢ ᠴᠢᠩᠭ᠋ᠠᠳᠬᠠᠵᠤ᠂ ᠬᠥᠳᠡᠯᠮᠦᠷᠢ ᠦᠢ᠍ᠯᠡᠴᠢᠯᠡᠭᠡ ᠵᠢ ᠭᠠᠳᠠᠭᠰᠢ ᠶᠠᠪᠤᠭᠤᠯᠬᠤ᠎ᠪᠠᠨ ᠵᠣᠬᠢᠶᠠᠨ ᠪᠠᠶ᠋ᠢᠭᠤᠯᠤᠯᠲᠠᠴᠢᠯᠠᠬᠤ ᠵᠢᠨ ᠬᠡᠮᠵᠢᠶ᠎ᠡ ᠵᠢ ᠪᠦᠲᠦᠮᠵᠢᠲᠠᠢ ᠳᠡᠭᠡᠭᠰᠢᠯᠡᠭᠦᠯᠦᠨ᠎ᠡ᠃ ᠬᠥᠮᠥᠨ᠎ᠤ ᠬᠥᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠥᠳᠡᠯᠮᠦᠷᠢ ᠦᠢ᠍ᠯᠡᠴᠢᠯᠡᠭᠡ ᠵᠢᠨ ᠡᠷᠬᠢᠯᠡᠨ ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠵᠣᠷᠢᠬ᠍ᠵᠢᠭᠤᠯᠵᠤ ᠪᠠᠶ᠋ᠢᠭ᠋ᠠᠳ ᠬᠥᠳᠡᠯᠮᠦᠷᠢ ᠦᠢ᠍ᠯᠡᠴᠢᠯᠡᠭᠡ᠎ᠢ ᠭᠠᠳᠠᠭᠰᠢ ᠶᠠᠪᠤᠭᠤᠯᠬᠤ ᠠᠵᠢᠯ᠎ᠳᠤ ᠢᠳᠡᠪᠬᠢᠲᠡᠢ ᠣᠷᠣᠯᠴᠠᠭᠤᠯᠤᠨ᠂ ᠠᠵᠢᠯ ᠣᠯᠭᠤᠵᠣ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ᠎ᠤ ᠵᠣᠬᠢᠶᠠᠨ ᠪᠠᠶ᠋ᠢᠭᠤᠯᠤᠯᠲᠠ᠎ᠲᠠᠢ᠎ᠪᠠᠷ ᠰᠢᠯᠵᠢᠭᠦᠯᠦᠨ ᠠᠵᠢᠯ ᠣᠯᠭᠤᠬᠤ ᠵᠢ ᠠᠬᠢᠭᠤᠯᠤᠨ᠎ᠠ᠃ ᠭᠡᠷ ᠠᠬᠤᠢ ᠵᠢᠨ ᠦᠢ᠍ᠯᠡᠴᠢᠯᠡᠭᠡ ᠵᠢᠨ ᠦᠢ᠍ᠯᠡᠰ᠎ᠢ ᠲᠥᠷᠥ ᠵᠢᠨ ᠪᠣᠳᠣᠯᠭ᠎ᠠ᠎ᠪᠠᠷ ᠳᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠂ ᠭᠡᠷ ᠠᠬᠤᠢ ᠵᠢᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠳᠡᠮᠵᠢᠵᠦ ᠪᠠᠶ᠋ᠢᠭ᠋ᠠᠳ ᠭᠡᠷ ᠠᠬᠤᠢ ᠵᠢᠨ ᠦᠢ᠍ᠯᠡᠴᠢᠯᠡᠭᠡᠨ᠎ᠤ ᠵᠠᠯᠭ᠋ᠠᠯᠳᠤᠭᠤᠯᠬᠤ ᠲᠠᠪᠴᠠᠩ᠎ᠳᠤ ᠲᠦᠰᠢᠭᠯᠡᠨ ᠬᠥᠳᠡᠯᠮᠦᠷᠢ ᠦᠢ᠍ᠯᠡᠴᠢᠯᠡᠭᠡ᠎ᠪᠠᠨ ᠭᠠᠳᠠᠭᠰᠢ ᠶᠠᠪᠤᠭᠤᠯᠬᠤ ᠵᠢ ᠦᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠶᠠᠳᠠᠭᠤ ᠵᠢ ᠳᠡᠳᠬᠦᠬᠦ ᠨᠡᠬᠡᠭᠡᠯᠲᠡ ᠵᠢᠨ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     8. ᠲᠤᠬᠠᠢ ᠵᠢᠨ ᠭᠠᠵᠠᠷ᠎ᠲᠤ᠎ᠨᠢ ᠪᠠ ᠥᠢ᠍ᠷ᠎ᠠ ᠬᠠᠪᠢ᠎ᠪᠠᠷ ᠨᠢᠭᠡ ᠪᠥᠯᠥᠭ᠎ᠢ᠎ᠨᠢ ᠲᠥᠪᠬᠢᠨᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠪᠡᠯᠡᠳᠭᠡᠮᠵᠢ ᠵᠢᠨ ᠲᠥᠷᠥᠯ ᠵᠦᠢ᠍ᠯ᠂ ᠮᠠᠯᠵᠢᠬᠤ ᠲᠠᠷᠢᠶᠠᠯᠠᠬᠤ ᠣᠷᠣᠨ᠎ᠤ ᠠᠵᠤ ᠦᠢ᠍ᠯᠡᠰ᠎ᠤᠨ ᠲᠥᠬᠦᠷ ᠰᠠᠭᠤᠷᠢ ᠪᠡᠯᠡᠳᠭᠡᠮᠵᠢ ᠵᠢᠨ ᠲᠥᠷᠥᠯ ᠵᠦᠢ᠍ᠯ ᠪᠠ ᠣᠢ ᠰᠢᠭᠤᠢ ᠵᠢᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠡᠷᠭᠡ ᠵᠢ ᠬᠡᠷᠡᠭᠵᠢᠭᠦᠯᠬᠦ᠎ᠪᠠᠷ ᠳᠠᠶ᠋ᠢᠴᠢᠯᠠᠯᠲᠠ ᠪᠣᠯᠭ᠋ᠠᠨ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢ ᠬᠦᠲᠦᠯᠦᠨ ᠵᠢᠯᠤᠭᠤᠳᠴᠤ ᠪᠠᠶ᠋ᠢᠭ᠋ᠠᠳ 《ᠬᠦᠳᠡᠯᠮᠦᠷᠢᠯᠡᠬᠦ᠎ᠪᠠᠷ ᠳᠡᠳᠭᠦᠮᠵᠢ ᠵᠢ ᠣᠷᠤᠯᠠᠭᠤᠯᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠠᠶ᠋ᠢᠯ ᠲᠤᠰᠬᠤᠨ᠎ᠤ ᠵᠠᠮ᠂ ᠣᠷᠣᠰᠢᠨ ᠰᠠᠭᠤᠷᠢᠰᠢᠬᠤ ᠣᠷᠴᠢᠨ᠎ᠤ ᠵᠠᠰᠠᠯᠲᠠ᠂ ᠬᠦᠳᠡᠭᠡ ᠲᠤᠰᠬᠤᠨ᠎ᠤ ᠨᠣᠭᠤᠭ᠋ᠠᠷᠠᠭᠤᠯᠤᠯᠲᠠ ᠵᠡᠷᠭᠡ ᠢᠨᠵᠧᠨᠧᠷᠢᠩ᠎ᠤᠨ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ ᠣᠷᠣᠯᠴᠠᠭᠤᠯᠵᠤ᠂ ᠲᠤᠬᠠᠢ ᠵᠢᠨ ᠭᠠᠵᠠᠷ᠎ᠲᠤ᠎ᠨᠢ ᠪᠠ ᠣᠶ᠋ᠢᠷ᠎ᠠ ᠬᠠᠪᠢ᠎ᠪᠠᠷ ᠠᠵᠢᠯ ᠣᠯᠭᠤᠬᠤ ᠵᠢ ᠪᠠᠶᠡᠯᠡᠭᠦᠯᠦᠨ᠎ᠡ᠃ ᠵᠠᠬ᠎ᠠ ᠳᠡᠯᠭᠡᠭᠦᠷ᠎ᠤᠨ ᠠᠷᠭ᠎ᠠ ᠵᠠᠮ ᠵᠶ᠋ᠠᠷ ᠠᠵᠢᠯ ᠣᠯᠬᠤ᠎ᠳᠤ ᠬᠦᠴᠢᠷᠲᠡᠢ ᠪᠠᠶ᠋ᠢᠭ᠎ᠠ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ᠎ᠢ ᠪᠣᠯ ᠡᠯ᠎ᠡ ᠲᠥᠷᠥᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠪᠠᠶ᠋ᠢᠭ᠋ᠠᠳ ᠬᠦᠳᠡᠭᠡ ᠲᠤᠰᠬᠤᠨ᠎ᠤ ᠴᠡᠪᠡᠷᠯᠡᠭᠴᠢ᠂ ᠤᠰᠤ ᠬᠠᠮᠢᠶᠠᠷᠤᠭᠴᠢ ᠵᠠᠮ ᠬᠠᠮᠠᠭ᠋ᠠᠯᠠᠭᠴᠢ᠂ ᠠᠮᠢ ᠠᠬᠤᠢ ᠵᠢᠨ ᠣᠢ ᠵᠢᠨ ᠬᠠᠮᠠᠭ᠋ᠠᠯᠠᠭᠴᠢ ᠵᠡᠷᠭᠡ ᠣᠯᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠨᠡᠬᠡᠬᠡᠨ ᠬᠦᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢ ᠰᠠᠭᠤᠷᠢ᠎ᠠᠴᠠ᠎ᠨᠢ ᠪᠠᠲᠤᠯᠠᠵᠤ ᠲᠦᠪᠬᠢᠨᠡᠭᠦᠯᠬᠦ᠎ᠪᠠᠷ ᠠᠵᠢᠯ ᠣᠯᠭᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠵᠢᠨ ᠲᠢᠩᠬᠢᠮ᠂ ᠬᠦᠮᠦᠨ᠎ᠤ ᠬᠥᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠶᠠᠳᠠᠭᠤ ᠵᠢ ᠳᠡᠳᠬᠦᠬᠦ ᠨᠡᠬᠡᠬᠡᠯᠲᠡ ᠵᠢᠨ ᠠᠯᠪᠠᠨ ᠭᠡᠷ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)

     9. ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠨᠢᠭᠡ ᠪᠦᠯᠦᠭ᠎ᠲᠤ᠎ᠨᠢ ᠠᠵᠢᠯ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠦᠴᠦ ᠶᠠᠪᠤᠭᠰᠠᠳ᠎ᠤᠨ ᠲᠥᠷ ᠴᠠᠭ᠎ᠤᠨ ᠴᠢᠨᠠᠷᠲᠠᠢ᠂ ᠪᠦᠬᠦᠯᠢ ᠡᠳᠦᠷ᠎ᠤᠨ ᠪᠣᠰᠤ ᠳᠥᠷᠢᠮ᠎ᠲᠠᠢ᠂ ᠤᠯᠠᠷᠢᠯ᠎ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯᠯᠠᠬᠤ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠳᠠᠮᠵᠢᠭᠤᠯᠤᠨ ᠠᠮᠢᠳᠤᠯᠢᠭ ᠵᠶ᠋ᠠᠷ ᠠᠵᠢᠯ ᠣᠯᠬᠤ ᠵᠢ᠎ᠨᠢ ᠳᠡᠮᠵᠢᠵᠤ᠂ ᠠᠮᠢᠳᠤᠯᠢᠭ ᠵᠶ᠋ᠠᠷ ᠠᠵᠢᠯ ᠣᠯᠬᠤ ᠲᠥᠷᠥ ᠵᠢᠨ ᠪᠣᠳᠣᠯᠭ᠎ᠠ ᠵᠢ ᠬᠤᠲᠠ ᠪᠠᠯᠭ᠋ᠠᠰᠤᠨ᠎ᠤ ᠡᠷᠦᠬᠡ ᠠᠮᠠ᠎ᠲᠠᠢ ᠪᠠ ᠮᠠᠯᠵᠢᠬᠤ ᠲᠠᠷᠢᠶᠠᠯᠠᠬᠤ ᠣᠷᠣᠨ᠎ᠤ ᠡᠷᠦᠬᠡ ᠠᠮᠠ᠎ᠲᠠᠢ ᠬᠥᠳᠡᠯᠮᠦᠷᠢᠴᠢᠨ᠎ᠳᠤ ᠨᠢᠭᠡ ᠯᠡ ᠠᠳᠠᠯᠢ ᠬᠡᠷᠡᠭᠵᠢᠭᠦᠯᠦᠨ᠎ᠡ᠃ ᠲᠤᠬᠠᠢ ᠵᠢᠨ ᠭᠠᠵᠠᠷ᠎ᠲᠤ᠎ᠨᠢ ᠲᠣᠬᠢᠷᠠᠭᠤᠯᠵᠤ ᠲᠦᠷ ᠴᠠᠭ᠎ᠤᠨ ᠠᠵᠢᠯ᠎ᠤᠨ ᠵᠠᠬ᠎ᠠ ᠳᠡᠯᠭᠡᠭᠦᠷ ᠪᠣᠶᠤ ᠬᠥᠳᠡᠯᠮᠦᠷᠢ ᠦᠢ᠍ᠯᠡᠴᠢᠯᠡᠭᠡ ᠵᠢᠨ ᠵᠠᠬ᠎ᠠ ᠳᠡᠯᠭᠡᠭᠦᠷ᠎ᠢ ᠬᠥᠭᠵᠢᠭᠦᠯᠦᠨ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠲᠠᠯ᠎ᠠ᠎ᠪᠠᠷ ᠢᠯᠡᠭᠦᠳᠡᠬᠦ ᠪᠠ ᠲᠣᠳᠠᠭᠤᠳᠠᠬᠤ ᠵᠢ ᠲᠣᠬᠢᠷᠠᠭᠤᠯᠬᠤ ᠲᠠᠪᠴᠠᠩ᠎ᠢ ᠪᠠᠶ᠋ᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠥᠴᠦᠨ᠎ᠢ ᠵᠣᠷᠢᠬ᠍ᠵᠢᠭᠤᠯᠵᠤ ᠪᠠᠶ᠋ᠢᠭ᠋ᠠᠳ ᠬᠤᠪᠢ ᠵᠢᠨ ᠡᠵᠡᠩᠨᠡᠯᠲᠡ ᠵᠢ ᠡᠷᠬᠢᠯᠡᠬᠦ ᠪᠠ ᠣᠨᠴᠠᠯᠢᠭ᠎ᠲᠠᠢ ᠵᠢᠵᠢᠭ ᠳᠡᠯᠭᠡᠭᠦᠷ᠎ᠢ ᠨᠡᠬᠡᠬᠡᠨ ᠡᠷᠬᠢᠯᠡᠬᠦᠯᠵᠦ᠂ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ ᠲᠣᠭᠲᠠᠭ᠋ᠠᠯ ᠶᠣᠰᠤᠭ᠋ᠠᠷ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠪᠠ ᠲᠠᠯᠠᠪᠠᠢ ᠭᠠᠵᠠᠷ᠎ᠤᠨ ᠳᠡᠮᠵᠢᠯᠭᠡ ᠦᠵᠡᠬᠦᠯᠬᠦ ᠵᠡᠷᠭᠡ ᠲᠥᠷᠥ ᠵᠢᠨ ᠪᠣᠳᠣᠯᠭ᠎ᠠ ᠵᠢ ᠬᠠᠩᠭ᠋ᠠᠵᠤ ᠥᠭᠭᠦᠨ᠎ᠡ᠃ ᠢᠨᠲ᠋ᠧᠷ ᠰᠦᠯᠵᠢᠶᠡᠨ᠎ᠤ ᠲᠠᠪᠴᠠᠩ᠎ᠤᠨ ᠠᠵᠤ ᠠᠬᠤᠶ᠋ᠢᠯᠠᠯ᠎ᠤᠨ ᠲᠠᠪᠴᠠᠩ᠎ᠤᠨ ᠦᠢ᠍ᠯᠡᠴᠢᠯᠡᠭᠡᠨ᠎ᠤ ᠰᠦᠢ᠍ᠳᠭᠡᠯ᠂ ᠮᠡᠳᠡᠭᠡ ᠵᠠᠩᠭᠢ ᠵᠢᠨ ᠵᠠᠭᠤᠴᠢ ᠵᠢᠨ ᠰᠦᠢ᠍ᠳᠭᠡᠯ᠂ ᠬᠤᠯᠪᠣᠭ᠋ᠠᠯᠠᠯ᠎ᠤᠨ ᠬᠠᠮᠢᠶᠠᠷᠤᠯᠲᠠ ᠵᠢᠨ ᠰᠦᠢ᠍ᠳᠭᠡᠯ ᠵᠡᠷᠭᠡ ᠵᠠᠷᠤᠳᠠᠯ ᠰᠦᠢ᠍ᠳᠭᠡᠯ᠎ᠤᠨ ᠪᠠᠷᠢᠮᠵᠢᠶ᠎ᠠ᠎ᠪᠠᠨ ᠪᠠᠭᠤᠷᠠᠭᠤᠯᠬᠤ ᠵᠢ ᠵᠣᠷᠢᠬ᠍ᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠥᠴᠦᠨ᠎ᠢ ᠳᠡᠮᠵᠢᠵᠦ ᠪᠠᠶ᠋ᠢᠭ᠋ᠠᠳ ᠰᠢᠭᠤᠳ ᠨᠡᠪᠲᠡᠷᠡᠭᠦᠯᠭᠡ᠂ ᠰᠦᠯᠵᠢᠶ᠎ᠡ᠎ᠪᠠᠷ ᠪᠣᠯᠵᠣᠵᠦ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠠᠵᠢᠯ ᠣᠯᠭᠤᠯᠲᠠ ᠵᠢᠨ ᠬᠡᠯᠪᠡᠷᠢ ᠪᠠᠶ᠋ᠢᠳᠠᠯ᠎ᠢ ᠡᠷᠬᠢᠯᠡᠨ ᠬᠢᠵᠦ ᠣᠷᠣᠯᠭ᠎ᠠ᠎ᠪᠠᠨ ᠨᠡᠮᠡᠭᠳᠡᠭᠦᠯᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠥᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ) (ᠭᠤᠷᠪᠠ) ᠦᠢ᠍ᠯᠡᠰ ᠪᠣᠰᠬᠠᠬᠤ ᠪᠠ ᠨᠤᠲᠤᠭ᠎ᠲᠤ᠎ᠪᠠᠨ ᠪᠣᠴᠠᠵᠤ ᠦᠢ᠍ᠯᠡᠰ ᠪᠣᠰᠬᠠᠬᠤ ᠵᠢ ᠵᠣᠷᠢᠬ᠍ᠵᠢᠭᠤᠯᠤᠨ᠎ᠠ᠃

     10. ᠦᠢ᠍ᠯᠡᠰ ᠪᠣᠰᠬᠠᠬᠤ ᠬᠢᠵᠠᠭ᠋ᠠᠷᠯᠠᠯ᠎ᠢ᠎ᠨᠢ ᠦᠨᠡᠨ ᠬᠦ᠌ ᠪᠠᠭ᠋ᠠᠰᠬᠠᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠬᠦᠮᠦᠰ ᠦᠢ᠍ᠯᠡᠰ ᠪᠣᠰᠬᠠᠬᠤ᠎ᠳᠤ᠂ ᠳᠠᠩᠰᠠᠯᠠᠨ ᠲᠡᠮᠳᠡᠭᠯᠡᠬᠦ ᠬᠢᠵᠠᠭ᠋ᠠᠷᠯᠠᠯ᠎ᠢ᠎ᠨᠢ ᠪᠠᠭ᠋ᠠᠰᠬᠠᠵᠤ᠂ ᠦᠢ᠍ᠯᠡᠴᠢᠯᠡᠭᠡᠨ᠎ᠤ ᠴᠣᠪᠣᠷᠠᠯ᠎ᠢ᠎ᠨᠢ ᠴᠣᠮᠬᠠᠳᠬᠠᠨ᠂ 《ᠣᠯᠠᠨ ᠦᠨᠡᠮᠯᠡᠯ᠎ᠢ ᠨᠡᠶ᠋ᠢᠯᠡᠬᠦᠯᠵᠦ ᠨᠢᠭᠡ ᠪᠤᠯᠭ᠋ᠠᠬᠤ》 ᠪᠠ 《ᠨᠢᠭᠡ ᠡᠵᠡᠩᠨᠡᠯᠲᠡ ᠵᠢᠨ ᠭᠠᠵᠠᠷ᠎ᠲᠤ ᠣᠯᠠᠨ ᠦᠨᠡᠮᠯᠡᠯ᠎ᠲᠠᠢ ᠪᠠᠶ᠋ᠢᠯᠭ᠋ᠠᠬᠤ》᠂ ᠪᠥᠯᠥᠭᠵᠢᠨ ᠳᠠᠩᠰᠠᠯᠠᠬᠤ ᠵᠡᠷᠭᠡ ᠳᠠᠩᠰᠠᠯᠠᠨ ᠲᠡᠮᠳᠡᠭᠯᠡᠬᠦ ᠠᠷᠭ᠎ᠠ ᠮᠠᠶᠢᠭ᠎ᠢ ᠠᠬᠢᠭᠤᠯᠵᠤ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ᠎ᠤᠨ ᠦᠢ᠍ᠯᠡᠰ ᠪᠣᠰᠬᠠᠬᠤ ᠲᠠᠯ᠎ᠠ᠎ᠪᠠᠷ᠎ᠬᠢ ᠵᠠᠰᠠᠭ ᠵᠠᠬᠢᠷᠭ᠋ᠠᠨ᠎ᠤ ᠵᠢᠴᠢ ᠵᠠᠰᠠᠭ ᠵᠠᠬᠢᠷᠭ᠋ᠠᠨ᠎ᠤ ᠪᠣᠰᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠦᠨ ᠦᠭᠡᠢ ᠪᠣᠯᠭ᠋ᠠᠨ᠂ ᠦᠢ᠍ᠯᠡᠰ ᠪᠣᠰᠬᠠᠬᠤ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠳᠤ ᠤᠷᠢᠳᠠᠴᠢ ᠬᠢᠨᠠᠨ ᠵᠥᠪᠰᠢᠶᠡᠷᠡᠯ ᠬᠢᠬᠦ ᠵᠢ ᠪᠠᠭ᠋ᠠᠰᠬᠠᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠤᠨ ᠭᠠᠵᠠᠷ ᠰᠢᠷᠤᠢ (ᠨᠤᠲᠤᠭ ᠪᠡᠯᠴᠢᠭᠡᠷ) ᠵᠢᠨ ᠳᠠᠭ᠋ᠠᠭ᠋ᠠᠴᠢᠯᠠᠨ ᠡᠵᠡᠩᠨᠡᠬᠦ ᠡᠷᠬᠡ᠂ ᠣᠢ ᠰᠢᠭᠤᠢ ᠵᠢᠨ ᠡᠷᠬᠡ᠂ ᠦᠢ᠍ᠯᠡᠳᠪᠦᠷᠢᠯᠡᠯ ᠮᠡᠷᠭᠡᠵᠢᠯ ᠵᠡᠷᠭᠡ᠎ᠳᠤ᠎ᠪᠠᠨ ᠥᠨ᠎ᠡ ᠲᠣᠭᠲᠠᠭ᠋ᠠᠵᠤ ᠪᠡᠯᠡ ᠭᠠᠷᠭ᠋ᠠᠬᠤ᠎ᠪᠠᠷ ᠳᠠᠮᠵᠢᠭᠤᠯᠤᠨ ᠮᠠᠯᠴᠢᠨ ᠲᠠᠷᠢᠶᠠᠴᠢᠨ᠎ᠤ ᠬᠤᠷᠰᠢᠶ᠎ᠡ ᠪᠣᠶᠤ ᠭᠡᠷ ᠪᠦᠯᠢ ᠵᠢᠨ ᠮᠠᠯᠵᠢᠯ ᠲᠠᠷᠢᠶᠠᠯᠠᠩ᠎ᠤᠨ ᠲᠠᠯᠠᠪᠠᠢ ᠪᠠᠶ᠋ᠢᠭᠤᠯᠬᠤ ᠵᠢ ᠵᠥᠪᠰᠢᠶᠡᠷᠡᠵᠦ᠂ ᠵᠣᠬᠢᠬᠤ ᠮᠠᠯᠵᠢᠯ ᠲᠠᠷᠢᠶᠠᠯᠠᠩ᠎ᠤᠨ ᠲᠠᠯᠠᠪᠠᠢ᠎ᠪᠠᠷ ᠵᠶ᠋ᠠᠨ ᠰᠡᠯᠡᠭᠦᠴᠡᠨ ᠵᠤᠭ᠋ᠠᠯᠠᠬᠤ ᠦᠢ᠍ᠯᠡᠴᠢᠯᠡᠭᠡ ᠵᠢ ᠬᠠᠪᠰᠤᠷᠭ᠋ᠠᠨ ᠡᠵᠡᠩᠨᠡᠬᠦ ᠵᠢ᠎ᠨᠢ ᠵᠥᠪᠰᠢᠶᠡᠷᠡᠨ᠎ᠡ᠃ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ ᠬᠠᠮᠲᠤ᠎ᠳᠤ᠎ᠪᠠᠨ ᠡᠭᠦᠳᠬᠦ ᠵᠢ ᠵᠣᠷᠢᠬ᠍ᠵᠢᠭᠤᠯᠤᠨ᠂ ᠬᠡᠪᠴᠢᠶᠡᠵᠢᠯ᠎ᠲᠠᠢ ᠲᠠᠷᠢᠬᠤ ᠲᠡᠵᠢᠭᠡᠬᠦ ᠦᠷᠡᠵᠢᠭᠦᠯᠬᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ ᠵᠢᠴᠢ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ᠂ ᠣᠢ ᠵᠢᠨ ᠬᠤᠷᠮᠣᠢ ᠵᠢᠨ ᠠᠵᠤ ᠠᠬᠤᠢ᠂ ᠠᠷᠠᠯᠵᠢᠶᠠᠯᠠᠵᠤ ᠡᠵᠡᠩᠨᠡᠨ ᠪᠣᠷᠣᠯᠠᠭᠤᠯᠬᠤ᠂ ᠲᠠᠷᠢᠶᠠᠯᠠᠩ ᠮᠠᠯ ᠠᠵᠤ ᠠᠬᠤᠢ ᠵᠢᠨ ᠬᠡᠷᠡᠭᠰᠡᠯ᠎ᠢ ᠲᠣᠬᠢᠷᠠᠭᠤᠯᠤᠨ ᠬᠦᠷᠭᠡᠬᠦ᠂ ᠮᠡᠳᠡᠭᠡ ᠵᠠᠩᠭᠢ ᠵᠢᠨ ᠯᠠᠪᠯᠠᠭ᠎ᠠ ᠵᠡᠷᠭᠡ ᠵᠢᠨ ᠲᠣᠭᠤᠷᠢᠨ᠎ᠳᠤ ᠬᠤᠷᠰᠢᠯᠴᠠᠵᠤ ᠡᠵᠡᠩᠨᠡᠨ ᠪᠣᠷᠣᠯᠠᠭᠤᠯᠬᠤ ᠠᠷᠭ᠎ᠠ ᠵᠠᠮ ᠭᠠᠷᠭ᠋ᠠᠵᠤ᠂ ᠣᠨᠴᠠᠯᠢᠭ᠎ᠲᠠᠢ ᠨᠡᠷᠡᠲᠤ ᠲᠡᠮᠳᠡᠭ᠎ᠢ ᠬᠠᠮᠲᠤᠷᠠᠯᠴᠠᠨ ᠪᠠᠶ᠋ᠢᠭᠤᠯᠬᠤ ᠪᠠ ᠵᠠᠬ᠎ᠠ ᠳᠡᠯᠭᠡᠭᠦᠷ᠎ᠤᠨ ᠲᠥᠭᠰᠢᠭᠦᠷᠢ ᠵᠢ ᠲᠠᠷᠬᠠᠭ᠋ᠠᠨ ᠵᠠᠶ᠋ᠢᠯᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ ᠣᠷᠳᠣᠨ ᠬᠠᠷᠢᠭᠤᠴᠠᠨ᠎ᠠ)

     11. ᠦᠢ᠍ᠯᠡᠰ ᠪᠣᠰᠬᠠᠭᠰᠠᠳ᠎ᠤᠨ ᠭᠠᠵᠠᠷ ᠬᠡᠷᠡᠭᠯᠡᠬᠦ᠎ᠳᠤ ᠳᠥᠭᠦᠮ ᠦᠵᠡᠭᠦᠯᠦᠨ᠎ᠡ᠃ ᠡᠯ᠎ᠡ ᠭᠠᠵᠠᠷ ᠣᠷᠣᠨ᠎ᠨᠢ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠤᠨ ᠦᠢ᠍ᠯᠡᠰ ᠪᠣᠰᠬᠠᠬᠤ᠎ᠳᠤ ᠬᠡᠷᠡᠭᠯᠡᠬᠦ ᠭᠠᠵᠠᠷ᠎ᠢ᠎ᠨᠢ ᠬᠤᠲᠠ ᠬᠦᠳᠡᠭᠡ ᠵᠢ ᠬᠥᠭᠵᠢᠭᠦᠯᠬᠦ᠂ ᠰᠢᠨ᠎ᠡ ᠬᠥᠳᠡᠭᠡ ᠲᠤᠰᠬᠤᠨ᠎ᠢ ᠪᠦᠲᠦᠭᠡᠨ ᠪᠠᠶ᠋ᠢᠭᠤᠯᠬᠤ ᠶᠡᠷᠦᠩᠬᠡᠢ ᠲᠥᠯᠥᠪᠵᠢᠭᠦᠯᠭᠡ ᠪᠠ ᠲᠣᠰᠬᠤᠨ ᠪᠠᠯᠭ᠋ᠠᠰᠣ ᠵᠢ ᠪᠦᠲᠦᠭᠡᠨ ᠪᠠᠶ᠋ᠢᠭᠤᠯᠬᠤ ᠲᠥᠯᠥᠪᠵᠢᠭᠦᠯᠭᠡ᠎ᠳᠤ ᠣᠷᠤᠭᠤᠯᠤᠨ᠂ ᠰᠠᠭᠤᠷᠢ ᠪᠠᠯᠡᠳᠭᠡᠮᠵᠢ ᠵᠢᠴᠢ ᠲᠥᠬᠦᠷᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠦᠢ᠍ᠯᠡᠰ ᠪᠣᠰᠬᠠᠬᠤ ᠣᠷᠴᠢᠨ ᠨᠦᠬᠦᠴᠡᠯ᠎ᠢ᠎ᠨᠢ ᠢᠳᠡᠪᠬᠢᠲᠡᠢ᠎ᠪᠠᠷ ᠰᠠᠶ᠋ᠢᠵᠢᠷᠠᠭᠤᠯᠤᠨ᠎ᠠ᠃ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠤᠯᠪᠣᠭᠳᠠᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠪᠦᠲᠦᠭᠡᠨ ᠪᠠᠶ᠋ᠢᠭᠤᠯᠬᠤ᠎ᠳᠤ ᠬᠡᠷᠡᠭᠯᠡᠬᠦ ᠭᠠᠵᠠᠷ᠎ᠤᠨ ᠰᠤᠯᠠᠯᠠᠵᠤ ᠭᠠᠷᠭ᠋ᠠᠭᠰᠠᠨ ᠭᠦᠢ᠍ᠴᠡᠳᠭᠡᠯ ᠲᠤᠭ᠎ᠠ ᠵᠢ᠎ᠨᠢ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠤᠨ ᠦᠢ᠍ᠯᠡᠰ ᠪᠣᠰᠬᠠᠬᠤ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠬᠡᠷᠡᠭᠯᠡᠬᠦ ᠬᠡᠷᠡᠭᠲᠡᠢ; ᠨᠡᠮᠡᠭᠳᠡᠬᠦ ᠪᠠ ᠬᠠᠰᠤᠭᠳᠠᠬᠤ ᠵᠢ ᠬᠤᠯᠪᠣᠭᠳᠠᠭᠤᠯᠬᠤ᠎ᠳᠤ ᠰᠤᠯᠠᠯᠠᠵᠤ ᠭᠠᠷᠭ᠋ᠠᠭᠰᠠᠨ ᠭᠦᠢ᠍ᠴᠡᠳᠭᠡᠯ ᠲᠤᠭ᠎ᠠ᠎ᠨᠢ ᠭᠦᠷᠦᠯᠴᠡᠬᠦ ᠦᠭᠡᠢ ᠪᠠᠶ᠋ᠢᠪᠠᠯ᠂ ᠪᠦᠲᠦᠭᠡᠨ ᠪᠠᠶ᠋ᠢᠭᠤᠯᠬᠤ᠎ᠳᠤ ᠬᠡᠷᠡᠭᠯᠡᠬᠦ ᠰᠢᠨ᠎ᠡ ᠨᠡᠮᠡᠭᠳᠡᠭᠰᠡᠨ ᠭᠦᠢ᠍ᠴᠡᠳᠭᠡᠯ ᠲᠤᠭ᠎ᠠ᠎ᠪᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠣᠯᠣᠨ᠎ᠠ; ᠠᠰᠢᠭᠯᠠᠭ᠋ᠠᠳᠤᠢ ᠭᠠᠵᠠᠷ᠎ᠢ ᠡᠵᠡᠯᠡᠨ ᠭᠡᠷᠡᠭᠯᠡᠵᠦ ᠪᠠᠶ᠋ᠢᠭ᠋ᠠᠳ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ᠂ ᠭᠠᠵᠠᠷ ᠰᠢᠷᠤᠢ ᠵᠢᠨ ᠲᠥᠯᠥᠪᠦᠷᠢᠲᠡᠢ ᠰᠢᠯᠵᠢᠭᠦᠯᠦᠭᠰᠡᠨ ᠪᠡᠯᠡ ᠮᠦᠩᠭᠦ ᠵᠢ ᠪᠠᠶ᠋ᠢᠭ᠎ᠠ ᠣᠷᠣᠨ ᠪᠦᠰᠡ ᠵᠢᠨ ᠭᠠᠵᠠᠷ᠎ᠤᠨ ᠰᠠᠭᠤᠷᠢ ᠪᠠᠷᠢᠮᠵᠢᠶᠠᠲᠤ ᠥᠨ᠎ᠡ ᠪᠠ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ ᠲᠥᠯᠥᠪᠦᠷᠢᠲᠡᠢ ᠰᠢᠯᠵᠢᠭᠦᠯᠵᠦ ᠪᠠᠶ᠋ᠢᠬᠤ ᠬᠠᠮᠤᠭ᠎ᠤᠨ ᠳᠣᠣᠷ᠎ᠠ ᠦᠨ᠎ᠡ ᠵᠢᠨ ᠪᠠᠷᠢᠮᠵᠢᠶ᠎ᠠ ᠵᠡᠷᠭᠡ᠎ᠪᠠᠷ ᠯᠠᠪᠯᠠᠯᠲᠠ ᠪᠣᠯᠭ᠋ᠠᠨ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠵᠢ ᠲᠣᠭᠲᠠᠭ᠋ᠠᠵᠤ ᠪᠣᠯᠣᠨ᠎ᠠ᠃ ᠭᠠᠵᠠᠷ ᠲᠠᠷᠢᠶ᠎ᠠ ᠨᠤᠲᠤᠭ ᠪᠡᠯᠴᠢᠭᠡᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠡᠷᠬᠢᠯᠳᠦᠭᠦᠯᠬᠦ ᠬᠡᠯᠪᠡᠷᠢ ᠮᠠᠶᠢᠭ᠎ᠲᠤ ᠰᠢᠨ᠎ᠡ ᠵᠢ ᠡᠭᠦᠳᠴᠦ᠂ ᠮᠠᠯᠴᠢᠨ ᠲᠠᠷᠢᠶᠡᠴᠢᠳ᠎ᠤᠨ ᠬᠠᠤᠯᠢ ᠶᠣᠰᠤᠭ᠋ᠠᠷ ᠰᠢᠯᠵᠢᠭᠦᠯᠦᠨ ᠥᠭᠬᠦ᠂ ᠲᠥᠷᠢᠶᠡᠰᠦᠯᠡᠬᠦ ᠪᠠ ᠬᠤᠪᠢ ᠣᠷᠤᠭᠤᠯᠬᠤ ᠬᠡᠯᠪᠡᠷᠢ ᠮᠠᠶᠢᠭ ᠵᠶ᠋ᠠᠷ ᠳᠠᠭ᠋ᠠᠭ᠋ᠠᠴᠢᠯᠠᠭᠰᠠᠨ ᠭᠠᠵᠠᠷ ᠲᠠᠷᠢᠶ᠎ᠠ ᠨᠤᠲᠤᠭ ᠪᠡᠯᠴᠢᠭᠡᠷ ᠵᠶ᠋ᠠᠨ ᠰᠢᠯᠵᠢᠭᠦᠯᠦᠨ ᠡᠷᠬᠢᠯᠳᠦᠭᠦᠯᠬᠦ ᠵᠢ ᠵᠣᠷᠢᠬ᠍ᠵᠢᠭᠤᠯᠤᠨ᠂ ᠮᠠᠯᠴᠢᠨ ᠲᠠᠷᠢᠶᠠᠴᠢᠨ᠎ᠤ ᠰᠠᠶ᠋ᠢᠨ ᠳᠤᠷ᠎ᠠ᠎ᠠᠴᠠ ᠪᠠᠶ᠋ᠢᠬᠤ ᠤᠷᠢᠳᠠᠯ ᠳᠣᠣᠷ᠎ᠠ ᠭᠠᠵᠠᠷ ᠰᠢᠷᠤᠢ᠎ᠪᠠᠨ ᠬᠠᠷᠢᠯᠴᠠᠨ ᠰᠣᠯᠢᠯᠴᠠᠨ ᠨᠡᠶ᠋ᠢᠯᠡᠭᠦᠯᠬᠦ ᠠᠷᠭ᠎ᠠ ᠮᠠᠶᠢᠭ᠎ᠢ ᠠᠪᠴᠤ ᠪᠠᠶ᠋ᠢᠭ᠋ᠠᠳ ᠳᠠᠭ᠋ᠠᠭ᠋ᠠᠴᠢᠯᠠᠭᠰᠠᠨ ᠭᠠᠵᠠᠷ ᠰᠢᠷᠤᠢ ᠵᠢᠨ ᠬᠡᠰᠡᠭᠯᠡᠨ ᠬᠦᠷᠢᠶᠡᠯᠡᠵᠦ ᠪᠠᠶ᠋ᠢᠭ᠎ᠠ ᠠᠰᠠᠭᠤᠳᠠᠯ ᠵᠶ᠋ᠠᠨ ᠰᠢᠢ᠍ᠳᠪᠦᠷᠢᠯᠡᠬᠦ ᠵᠢ ᠵᠣᠷᠢᠬ᠍ᠵᠢᠭᠤᠯᠤᠨ᠎ᠠ᠃ ᠲᠥᠷᠢᠶᠡᠰᠦᠯᠡᠬᠦ ᠵᠡᠷᠭᠡ ᠰᠢᠯᠵᠢᠭᠦᠯᠦᠨ ᠡᠷᠬᠢᠯᠳᠦᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠮᠲᠤ ᠨᠡᠶ᠋ᠢᠲᠡ ᠵᠢᠨ ᠭᠠᠵᠠᠷ ᠰᠢᠷᠤᠢ ᠵᠢᠨ ᠡᠵᠡᠩᠨᠡᠯᠲᠡ ᠵᠢᠨ ᠡᠷᠬᠡ ᠵᠢ ᠣᠯᠵᠤ ᠲᠠᠷᠢᠵᠤ ᠲᠡᠵᠢᠭᠡᠬᠦ ᠦᠢ᠍ᠯᠡᠰ᠎ᠢ ᠬᠦᠭᠵᠢᠭᠦᠯᠬᠦ᠎ᠳᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠰᠢᠨᠵᠢ ᠴᠢᠨᠠᠷ ᠪᠠ ᠬᠡᠷᠡᠭᠴᠡᠭᠡ ᠵᠢ᠎ᠨᠢ ᠦᠯᠦ ᠬᠤᠪᠢᠷᠠᠭᠤᠯᠤᠭᠰᠠᠨ ᠪᠣᠯ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥ ᠵᠢᠨ ᠪᠣᠳᠣᠯᠭ᠎ᠠ ᠶᠣᠰᠤᠭ᠋ᠠᠷ ᠬᠠᠮᠢᠶ᠎ᠠ ᠪᠦᠬᠦᠢ ᠬᠤᠷᠢᠶᠠᠬᠤ ᠰᠦᠢ᠍ᠳᠭᠡᠯ᠎ᠢ᠎ᠨᠢ ᠬᠡᠯᠲᠦᠷᠢᠭᠦᠯᠦᠨ᠎ᠡ᠃ ᠭᠠᠴᠠᠭ᠎ᠠ ᠲᠤᠰᠬᠤᠨ᠎ᠤ ᠬᠠᠮᠲᠤ ᠵᠢᠨ᠎ᠬᠢᠨ᠎ᠤ ᠬᠠᠤᠯᠢ ᠪᠠ ᠲᠣᠭᠲᠠᠭ᠋ᠠᠯ ᠶᠣᠰᠤᠭ᠋ᠠᠷ ᠮᠠᠯᠵᠢᠬᠤ ᠲᠠᠷᠢᠶᠠᠯᠠᠬᠤ ᠣᠷᠣᠨ᠎ᠤ ᠰᠤᠯᠠ ᠲᠠᠯᠪᠢᠭ᠎ᠠ ᠭᠡᠷ ᠪᠠᠶ᠋ᠢᠰᠢᠩ᠂ ᠨᠡᠶ᠋ᠢᠲᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠂ ᠠᠲᠠᠷ ᠭᠠᠵᠠᠷ᠂ ᠣᠶ᠋ᠢᠲᠤ ᠭᠠᠵᠠᠷ ᠪᠠ ᠤᠰᠤ ᠵᠡᠷᠭᠡ ᠵᠢ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠲᠤ ᠤᠷᠢᠳ ᠵᠶ᠋ᠠᠷ ᠳᠠᠭ᠋ᠠᠭ᠋ᠠᠴᠢᠯᠠᠭᠤᠯᠵᠤ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠡᠷᠬᠢᠯᠡᠭᠦᠯᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)

     12. ᠦᠢ᠍ᠯᠡᠰ ᠪᠣᠰᠬᠠᠬᠤ᠎ᠳᠤ ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡ ᠦᠵᠡᠬᠦᠯᠬᠦ᠎ᠪᠠᠨ ᠴᠢᠩᠭ᠋ᠠᠷᠠᠭᠤᠯᠤᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠬ᠍ᠵᠢᠭᠤᠯᠵᠤ ᠪᠠᠶ᠋ᠢᠭ᠋ᠠᠳ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢᠨ ᠦᠢ᠍ᠯᠡᠰ ᠪᠣᠰᠬᠠᠬᠤ ᠵᠢ᠎ᠨᠢ ᠳᠡᠮᠵᠢᠨ᠎ᠠ᠃ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠶᠡᠬᠡᠪᠡᠷ ᠳᠡᠯᠭᠡᠷᠡᠭᠦᠯᠦᠨ᠂ 《ᠵᠠᠰᠠᠭ᠎ᠤᠨ ᠣᠷᠳᠣᠨ + ᠪᠠᠩᠭᠢ + ᠳᠠᠭ᠋ᠠᠳᠬᠠᠯ》 ᠵᠡᠷᠭᠡ ᠪᠡᠯᠡ ᠲᠣᠬᠢᠷᠠᠭᠤᠯᠬᠤ ᠬᠡᠪ ᠵᠠᠭᠪᠤᠷ᠎ᠢ ᠰᠥᠪᠡᠭᠴᠢᠯᠡᠵᠦ᠂ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠥᠷᠭᠦᠯᠵᠢᠯᠡᠨ ᠨᠠᠶ᠋ᠢᠳᠠᠪᠤᠷᠢᠵᠢᠭᠤᠯᠤᠨ᠎ᠠ᠃ ᠪᠡᠯᠡ ᠲᠣᠬᠢᠷᠠᠭᠤᠯᠬᠤ᠎ᠳᠤ ᠳᠠᠭ᠋ᠠᠭ᠋ᠠᠯᠲᠠ ᠬᠢᠬᠦ ᠦᠢ᠍ᠯᠡᠴᠢᠯᠡᠭᠡᠨ᠎ᠤ ᠲᠣᠭᠲᠠᠴᠠ ᠵᠢ ᠰᠢᠯᠢᠳᠡᠭᠵᠢᠭᠦᠯᠦᠨ᠂ ᠳᠠᠭ᠋ᠠᠭ᠋ᠠᠯᠲᠠ ᠬᠢᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠭᠡᠳᠡᠷᠭᠦ ᠳᠠᠭ᠋ᠠᠭ᠋ᠠᠯᠲᠠ ᠬᠢᠬᠦ ᠬᠢᠵᠠᠭ᠋ᠠᠷᠯᠠᠯ᠎ᠢ ᠪᠠᠭ᠋ᠠᠰᠬᠠᠨ᠎ᠠ᠃ ᠨᠦᠬᠦᠴᠡᠯ᠎ᠳᠤ ᠨᠡᠶ᠋ᠢᠴᠡᠭᠰᠡᠨ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠦᠢ᠍ᠯᠡᠰ ᠪᠣᠰᠬᠠᠭᠰᠠᠳ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠭᠤᠶᠤᠴᠢᠯᠠᠬᠤ᠎ᠳᠤ᠂ ᠵᠢᠭᠡᠯᠡᠯᠭᠡ ᠵᠢᠨ ᠵᠣᠭᠤᠰ᠎ᠨᠢ ᠬᠠᠮᠤᠭ᠎ᠤᠨ ᠦᠨᠳᠦᠷ᠎ᠲᠤ᠎ᠪᠠᠨ 20 ᠲᠦᠮᠡᠨ ᠲᠥᠭᠦᠷᠢᠭ᠎ᠠᠴᠠ ᠬᠡᠲᠦᠷᠡᠵᠦ ᠪᠣᠯᠬᠤ ᠦᠭᠡᠢ᠂ ᠵᠢᠭᠡᠯᠡᠯᠭᠡ ᠠᠪᠤᠭᠰᠠᠨ ᠴᠠᠭ ᠬᠤᠭᠤᠴᠠᠭ᠎ᠠ᠎ᠨᠢ 3 ᠵᠢᠯ᠎ᠠᠴᠠ ᠬᠡᠲᠦᠷᠡᠵᠦ ᠪᠣᠯᠬᠤ ᠦᠭᠡᠢ᠃ ᠨᠥᠬᠦᠴᠡᠯ᠎ᠳᠤ ᠨᠡᠶ᠋ᠢᠴᠡᠭᠰᠡᠨ ᠬᠤᠪᠢ ᠬᠥᠮᠦᠨ᠎ᠤ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠵᠣᠭᠤᠰ ᠵᠢᠭᠡᠯᠡᠭᠰᠡᠳ ᠬᠤᠷᠰᠢᠯᠴᠠᠵᠤ ᠦᠢ᠍ᠯᠡᠰ ᠪᠣᠰᠬᠠᠬᠤ ᠪᠣᠯ ᠬᠤᠷᠰᠢᠯᠴᠠᠵᠤ ᠦᠢ᠍ᠯᠡᠰ ᠪᠣᠰᠬᠠᠬᠤ ᠬᠦᠮᠦᠨ᠎ᠤ ᠲᠤᠭ᠎ᠠ ᠵᠢ᠎ᠨᠢ ᠦᠨᠳᠦᠰᠦᠯᠡᠨ ᠵᠢᠭᠡᠯᠡᠯᠭᠡ ᠵᠢᠨ ᠵᠣᠭᠤᠰᠤᠨ᠎ᠤ ᠲᠤᠭ᠎ᠠ ᠵᠢ᠎ᠨᠢ ᠵᠣᠬᠢᠰᠲᠠᠢ᠎ᠪᠠᠷ ᠳᠡᠭᠡᠭᠰᠢᠯᠡᠭᠦᠯᠦᠨ ᠥᠭᠴᠦ ᠪᠣᠯᠣᠨ᠎ᠠ᠂ ᠬᠠᠮᠤᠭ ᠦᠨᠳᠦᠷ᠎ᠲᠤ᠎ᠪᠠᠨ ᠨᠦᠬᠦᠴᠡᠯ᠎ᠳᠤ ᠨᠡᠶ᠋ᠢᠴᠡᠭᠰᠡᠨ ᠬᠤᠪᠢ ᠬᠦᠮᠦᠨ᠎ᠤ ᠵᠢᠭᠡᠯᠡᠯᠭᠡ ᠵᠢᠨ ᠵᠣᠭᠤᠰᠤᠨ᠎ᠤ ᠪᠦᠬᠦ ᠲᠤᠭ᠎ᠠ ᠵᠢᠨ 10%᠎ᠠᠴᠠ ᠬᠡᠲᠦᠷᠡᠭᠦᠯᠵᠦ ᠪᠣᠯᠬᠤ ᠦᠭᠡᠢ᠃ ᠰᠢᠨ᠎ᠡ ᠣᠯᠭᠤᠵᠤ ᠥᠭᠭᠦᠭᠰᠡᠨ 10 ᠲᠦᠮᠡᠨ ᠲᠥᠭᠦᠷᠢᠭ ᠵᠢᠴᠢ ᠲᠡᠭᠦᠨ᠎ᠠᠴᠠ ᠪᠠᠭ᠎ᠠ ᠪᠠᠶ᠋ᠢᠬᠤ ᠬᠤᠪᠢ ᠬᠦᠮᠦᠨ᠎ᠤ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠵᠣᠭᠤᠰ ᠵᠢᠴᠢ ᠪᠦᠬᠦ ᠤᠯᠤᠰ᠎ᠤᠨ ᠦᠢ᠍ᠯᠡᠰ ᠪᠣᠰᠬᠠᠬᠤ ᠨᠡᠪᠴᠢᠭᠦᠯᠦᠭᠦᠷ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠶᠤ ᠢᠲᠡᠭᠡᠮᠵᠢᠲᠦ ᠨᠡᠶ᠋ᠢᠭᠡᠮ ᠲᠣᠭᠤᠷᠢᠭ (ᠰᠢᠶᠠᠩ ᠲᠤᠰᠬᠤᠨ)᠎ᠤᠨ ᠲᠠᠨᠢᠯᠴᠠᠭᠤᠯᠤᠭᠰᠠᠨ ᠦᠢ᠍ᠯᠡᠰ ᠪᠣᠰᠬᠠᠬᠤ ᠲᠥᠷᠥᠯ ᠵᠦᠢ᠍ᠯ᠂ ᠠᠶ᠋ᠢᠮᠠᠭ ᠬᠤᠲᠠ ᠵᠢᠨ ᠳᠡᠰ᠎ᠠᠴᠠ ᠳᠡᠭᠡᠭᠰᠢᠬᠢ ᠢᠷᠠᠭᠤ ᠠᠯᠳᠠᠷ᠎ᠤᠨ ᠴᠤᠯᠠ ᠣᠯᠣᠭᠰᠠᠨ ᠦᠢ᠍ᠯᠡᠰ ᠪᠣᠰᠬᠠᠭᠴᠢ᠂ ᠦᠢ᠍ᠯᠡᠰ ᠪᠣᠰᠬᠠᠬᠤ ᠲᠥᠷᠥᠯ ᠵᠦᠢ᠍ᠯ᠂ ᠦᠢ᠍ᠯᠡᠰ ᠪᠣᠰᠬᠠᠬᠤ ᠠᠵᠤ ᠠᠬᠤᠶ᠋ᠢᠯᠠᠯ᠂ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠪᠠᠷ ᠦᠨᠡᠯᠡᠨ ᠵᠢᠱ᠌ᠢᠯᠲᠡ ᠬᠢᠯᠭᠡᠵᠦ ᠮᠠᠭ᠋ᠠᠳᠯᠠᠨ ᠲᠣᠭᠲᠠᠭ᠋ᠠᠯᠭ᠋ᠠᠭᠰᠠᠨ ᠢᠲᠡᠭᠡᠮᠵᠢᠲᠦ ᠵᠢᠵᠢᠭ ᠪᠢᠴᠢᠯ ᠠᠵᠤ ᠠᠬᠤᠶ᠋ᠢᠯᠠᠯ᠂ ᠬᠤᠳᠠᠯᠳᠤᠭ᠋ᠠᠴᠢᠨ ᠡᠷᠦᠬᠡ᠂ ᠲᠠᠷᠢᠶᠠᠴᠢᠨ ᠡᠷᠦᠬᠡ᠂ ᠡᠵᠡᠩᠨᠡᠯᠲᠡ᠎ᠨᠢ ᠲᠣᠭᠲᠠᠭᠤᠨ ᠪᠦᠭᠡᠳ ᠢᠲᠡᠭᠡᠮᠵᠢᠲᠡᠢ ᠪᠠᠶ᠋ᠢᠬᠤ ᠬᠤᠶᠠᠳᠠᠭᠢ ᠤᠳᠠᠭ᠎ᠠ ᠦᠢ᠍ᠯᠡᠰ ᠪᠣᠰᠬᠠᠭᠰᠠᠳ ᠵᠡᠷᠭᠡ ᠣᠨᠴᠠᠭ᠋ᠠᠢ ᠬᠥᠮᠦᠰ᠎ᠤᠨ ᠭᠡᠳᠡᠷᠭᠦ ᠳᠠᠭ᠋ᠠᠭ᠋ᠠᠯᠲᠠ ᠬᠢᠬᠦ ᠱᠠᠭ᠋ᠠᠷᠳᠠᠯᠭ᠎ᠠ ᠵᠢ᠎ᠨᠢ ᠬᠦᠴᠦᠨ ᠦᠭᠡᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠦᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠠᠷᠠᠳ᠎ᠤᠨ ᠪᠠᠩᠭᠢ ᠵᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     13. ᠨᠡᠶ᠋ᠢᠭᠡᠮ᠎ᠤᠨ ᠪᠠᠲᠤᠯᠠᠭ᠎ᠠ ᠪᠠ ᠴᠢᠳᠠᠪᠤᠷᠢᠲᠠᠨ᠎ᠤ ᠳᠡᠮᠵᠢᠯᠭᠡ ᠵᠢ ᠴᠢᠩᠭ᠋ᠠᠳᠬᠠᠨ᠎ᠠ᠃ ᠣᠷᠣᠨ ᠰᠠᠭᠤᠴᠠ᠎ᠪᠠᠷ ᠲᠤᠰᠠᠯᠠᠵᠤ ᠬᠠᠪᠰᠤᠷᠬᠤ ᠪᠠ ᠣᠷᠣᠨ ᠰᠠᠭᠤᠴᠠ ᠵᠢᠨ ᠪᠠᠲᠤᠯᠠᠭ᠎ᠠ ᠵᠢ ᠦᠨᠡᠨ ᠬᠦ᠌ ᠰᠠᠶ᠋ᠢᠲᠤᠷ ᠬᠢᠵᠦ᠂ ᠤᠯᠤᠰ᠎ᠤᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠥᠭᠡᠷᠡᠴᠢᠯᠡᠨ ᠰᠢᠨᠡᠳᠭᠡᠬᠦ ᠲᠥᠷᠥ ᠵᠢᠨ ᠪᠣᠳᠣᠯᠭ᠎ᠠ᠎ᠳᠤ ᠨᠡᠶ᠋ᠢᠴᠡᠭᠰᠡᠨ ᠨᠤᠲᠤᠭ᠎ᠲᠤ᠎ᠪᠠᠨ ᠪᠤᠴᠠᠭᠰᠠᠨ ᠪᠠ ᠨᠤᠲᠤᠭ᠎ᠲᠤ᠎ᠪᠠᠨ ᠬᠤᠴᠣᠷᠴᠤ ᠦᠢ᠍ᠯᠡᠰ ᠪᠣᠰᠬᠠᠭᠰᠠᠳ᠎ᠢ ᠲᠤᠰ ᠭᠠᠵᠠᠷ᠎ᠤᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ᠎ᠨᠢ ᠥᠭᠡᠷᠡᠴᠢᠯᠡᠨ ᠰᠢᠨᠡᠳᠭᠡᠬᠦ ᠬᠦᠮᠦᠰ ᠵᠶ᠋ᠠᠷ ᠵᠢᠭᠰᠠᠭ᠋ᠠᠨ ᠣᠷᠤᠭᠤᠯᠤᠨ᠎ᠠ; ᠬᠤᠲᠠ ᠪᠠᠯᠭ᠋ᠠᠰᠤᠨ᠎ᠳᠤ ᠠᠵᠢᠯ ᠣᠯᠵᠤ ᠦᠢ᠍ᠯᠡᠰ ᠪᠣᠰᠬᠠᠭᠰᠠᠨ ᠨᠤᠲᠤᠭ᠎ᠲᠤ᠎ᠪᠠᠨ ᠪᠤᠴᠠᠭᠰᠠᠨ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠨᠢ ᠲᠤᠰ ᠭᠠᠵᠠᠷ᠎ᠤᠨ ᠣᠷᠣᠨ ᠰᠠᠭᠤᠴᠠ ᠵᠢᠨ ᠪᠠᠲᠤᠯᠠᠭ᠎ᠠ ᠵᠢᠨ ᠨᠦᠬᠦᠴᠡᠯ᠎ᠳᠤ ᠨᠡᠶ᠋ᠢᠴᠡᠭᠰᠡᠨ ᠪᠣᠯ ᠬᠤᠲᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠤᠭᠤᠯᠤᠨ᠎ᠠ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠠ ᠡᠩ᠎ᠤᠨ ᠲᠠᠸᠠᠷ᠎ᠤᠨ ᠭᠡᠷ ᠬᠤᠳᠠᠯᠳᠤᠨ ᠠᠪᠤᠭᠰᠠᠨ ᠪᠣᠯ ᠭᠡᠷᠡᠲᠦ ᠭᠠᠶ᠋ᠢᠯᠢ᠂ ᠲᠡᠮᠳᠡᠭᠲᠦ ᠵᠢᠨ ᠭᠠᠶ᠋ᠢᠯᠢ ᠵᠢ᠎ᠨᠢ ᠬᠠᠰᠤᠵᠤ ᠬᠡᠯᠲᠦᠷᠢᠭᠦᠯᠬᠦ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠤᠭ᠋ᠠᠷ ᠨᠠᠶ᠋ᠢᠳᠠᠪᠤᠷᠢᠵᠢᠭᠤᠯᠤᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠣᠭᠰᠠᠳ ᠵᠡᠷᠭᠡ ᠦᠢ᠍ᠯᠡᠰ ᠪᠣᠰᠬᠠᠭᠰᠠᠳ᠎ᠤᠨ ᠲᠥᠪᠯᠡᠷᠡᠭᠰᠡᠨ ᠡᠯ᠎ᠡ ᠲᠥᠷᠥᠯ᠎ᠤᠨ ᠠᠵᠤ ᠦᠢ᠍ᠯᠡᠰ᠎ᠤᠨ ᠬᠥᠷᠢᠶᠡᠯᠡᠩ ᠲᠣᠭᠤᠷᠢᠭ᠎ᠲᠤ ᠲᠥᠷᠢᠶᠡᠰᠦᠯᠡᠬᠦ ᠬᠡᠯᠪᠡᠷᠢ ᠵᠢᠨ ᠪᠠᠲᠤᠯᠠᠭ᠋ᠠᠲᠤ ᠭᠡᠷ ᠪᠠᠶ᠋ᠢᠰᠢᠩ ᠪᠠᠷᠢᠬᠤ ᠵᠢ ᠳᠡᠮᠵᠢᠨ᠎ᠡ᠃ ᠨᠡᠶ᠋ᠢᠭᠡᠮ᠎ᠤᠨ ᠳᠠᠭ᠋ᠠᠳᠬᠠᠯ᠎ᠤᠨ ᠭᠦᠢ᠍ᠴᠡᠳᠭᠡᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠦᠢ᠍ᠴᠡᠳᠭᠡᠬᠦ ᠴᠠᠭ᠎ᠢ᠎ᠨᠢ ᠪᠣᠭᠤᠨᠢᠰᠬᠠᠵᠤ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠲᠤ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠵᠦ ᠦᠷᠭᠦᠯᠵᠢᠯᠡᠭᠦᠯᠬᠦ᠎ᠳᠤ ᠴᠠᠭ ᠲᠤᠬᠠᠢ᠎ᠳᠤ᠎ᠨᠢ ᠬᠦᠴᠦᠨ ᠪᠦᠬᠦᠢ ᠦᠢ᠍ᠯᠡᠴᠢᠯᠡᠭᠡ ᠵᠢ ᠬᠠᠩᠭ᠋ᠠᠨ᠂ ᠠᠵᠤ ᠠᠬᠤᠶ᠋ᠢᠯᠠᠯ᠎ᠢ ᠬᠦᠲᠦᠯᠦᠨ ᠵᠢᠯᠣᠭᠤᠳᠴᠤ ᠪᠠᠶ᠋ᠢᠭ᠋ᠠᠳ ᠠᠵᠢᠯᠲᠠᠳ ᠵᠶ᠋ᠠᠨ ᠠᠵᠢᠯ᠎ᠠᠴᠠ ᠪᠣᠯᠣᠭᠰᠠᠨ ᠭᠡᠮᠳᠦᠯ᠎ᠤᠨ ᠳᠠᠭ᠋ᠠᠳᠬᠠᠯ᠎ᠳᠤ ᠬᠠᠤᠯᠢ ᠲᠣᠭᠲᠠᠭ᠋ᠠᠯ ᠶᠣᠰᠤᠭ᠋ᠠᠷ ᠣᠷᠣᠯᠴᠠᠭᠤᠯᠤᠨ᠎ᠠ᠃ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠦᠷᠦᠩᠭᠡ ᠵᠢ ᠵᠣᠷᠢᠬ᠍ᠵᠢᠭᠤᠯᠵᠤ ᠪᠠᠶ᠋ᠢᠭ᠋ᠠᠳ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠵᠢᠨ ᠦᠢ᠍ᠯᠡᠰ ᠪᠣᠰᠬᠠᠬᠤ ᠵᠢ᠎ᠨᠢ ᠳᠡᠮᠵᠢᠬᠦ᠎ᠳᠤ ᠣᠷᠣᠯᠴᠠᠭᠤᠯᠤᠨ᠎ᠠ᠃ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠦᠨᠳᠦᠷ ᠤᠷ᠎ᠠ ᠴᠢᠳᠠᠪᠤᠷᠢ ᠵᠢᠨ ᠴᠢᠳᠠᠪᠤᠷᠢᠲᠠᠨ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠤᠨ ᠡᠭᠦᠳᠦᠨ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠠᠵᠢᠯ ᠣᠯᠬᠤ ᠪᠣᠶᠤ ᠲᠤᠰᠢᠶᠠᠯ ᠬᠠᠪᠰᠤᠷᠭ᠋ᠠᠬᠤ ᠵᠢ ᠵᠣᠷᠢᠬ᠍ᠵᠢᠭᠤᠯᠬᠤ ᠪᠠ ᠬᠥᠲᠥᠯᠥᠨ ᠵᠢᠯᠣᠭᠤᠳᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     14. ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠳᠥᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠦᠢ᠍ᠯᠡᠰ ᠪᠣᠰᠬᠠᠬᠤ ᠵᠢᠯᠣᠭᠤᠳᠤᠭᠴᠢ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠤ ᠠᠬᠤᠶ᠋ᠢᠯᠠᠯᠲᠠᠨ᠂ ᠰᠢᠨᠵᠢᠯᠡᠬᠦ ᠤᠬᠠᠭ᠋ᠠᠨ᠎ᠤ ᠲᠧᠭᠨᠢᠭ ᠮᠡᠷᠭᠡᠵᠢᠯ᠎ᠤᠨ ᠠᠵᠢᠯᠲᠡᠳ᠂ ᠦᠢ᠍ᠯᠡᠰ ᠪᠣᠰᠬᠠᠵᠤ ᠠᠮᠵᠢᠯᠲᠠ ᠣᠯᠣᠭᠰᠠᠳ ᠵᠡᠷᠭᠡ ᠵᠢ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠲᠤᠰᠬᠠᠢ ᠮᠡᠷᠭᠡᠵᠢᠯᠲᠡᠨ᠎ᠤ ᠪᠥᠯᠬᠦᠮ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠢᠯᠣᠭᠤᠳᠤᠭᠴᠢ ᠪᠠᠭᠰᠢ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ ᠵᠣᠬᠢᠴᠠᠭᠤᠯᠵᠤ ᠪᠠᠶ᠋ᠢᠭ᠋ᠠᠳ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠲᠤ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠬᠠᠩᠭ᠋ᠠᠬᠤ᠂ ᠡᠵᠡᠩᠨᠡᠯᠲᠡ᠎ᠪᠠᠨ ᠡᠬᠢᠯᠡᠭᠦᠯᠭᠦ᠎ᠳᠤ ᠵᠢᠯᠣᠭᠤᠳᠤᠯᠭ᠎ᠠ ᠬᠢᠬᠦ ᠵᠡᠷᠭᠡ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     15. ᠭᠠᠶ᠋ᠢᠯᠢ ᠵᠠᠷᠤᠳᠠᠯ᠎ᠢ᠎ᠨᠢ ᠭᠦᠩᠬᠡᠯᠡᠵᠦ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠠᠵᠤ ᠠᠬᠤᠶ᠋ᠢᠯᠠᠯ᠎ᠤᠨ ᠳᠠᠩᠰᠠᠯᠠᠨ ᠲᠡᠮᠳᠡᠭᠯᠡᠬᠦ ᠵᠢ ᠬᠠᠤᠯᠢ ᠶᠣᠰᠤᠭ᠋ᠠᠷ ᠭᠦᠢ᠍ᠴᠡᠳᠭᠡᠭᠰᠡᠨ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠰᠠᠳ᠎ᠤᠨ ᠡᠭᠦᠳᠦᠨ ᠪᠠᠶ᠋ᠢᠭᠤᠯᠵᠤ ᠡᠷᠬᠢᠯᠡᠭᠰᠡᠨ ᠠᠵᠤ ᠠᠬᠤᠶ᠋ᠢᠯᠠᠯ ᠪᠠ ᠭᠡᠷ ᠪᠦᠯᠢ ᠵᠢᠨ ᠦᠢ᠍ᠯᠡᠴᠢᠯᠡᠭᠡᠨ᠎ᠤ ᠠᠵᠤ ᠠᠬᠤᠶ᠋ᠢᠯᠠᠯ ᠵᠡᠷᠭᠡ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠯ ᠶᠣᠰᠤᠭ᠋ᠠᠷ ᠵᠢᠵᠢᠭ ᠪᠢᠴᠢᠯ ᠠᠵᠤ ᠠᠬᠤᠶ᠋ᠢᠯᠠᠯ᠎ᠤᠨ ᠭᠠᠶ᠋ᠢᠯᠢ ᠵᠠᠷᠤᠳᠠᠯ᠎ᠢ᠎ᠨᠢ ᠭᠦᠩᠬᠡᠯᠡᠵᠦ ᠬᠡᠯᠲᠦᠷᠢᠭᠦᠯᠬᠦ ᠪᠠ ᠦᠢ᠍ᠯᠡᠰ ᠪᠣᠰᠬᠠᠬᠤ ᠵᠢ᠎ᠨᠢ ᠳᠡᠳᠬᠦᠬᠦ ᠲᠥᠷᠥ ᠵᠢᠨ ᠪᠣᠳᠣᠯᠭ᠎ᠠ ᠵᠢ ᠬᠦᠷᠲᠡᠭᠡᠨ᠎ᠡ᠃ ᠨᠦᠬᠦᠴᠡᠯ᠎ᠳᠤ ᠨᠡᠶ᠋ᠢᠴᠡᠵᠦ ᠪᠠᠶ᠋ᠢᠭ᠎ᠠ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠤᠷᠤᠭᠰᠠᠳ ᠵᠡᠷᠭᠡ ᠦᠢ᠍ᠯᠡᠰ ᠪᠣᠰᠬᠠᠭᠴᠢᠳ᠎ᠲᠤ ᠲᠣᠭᠲᠠᠭ᠋ᠠᠯ ᠶᠣᠰᠤᠭ᠋ᠠᠷ ᠭᠠᠶ᠋ᠢᠯᠢ ᠵᠠᠷᠤᠳᠠᠯ᠎ᠢ᠎ᠨᠢ ᠬᠦᠩᠭᠡᠷᠡᠭᠦᠯᠵᠦ ᠬᠡᠯᠲᠦᠷᠢᠭᠦᠯᠬᠦ᠂ ᠦᠢ᠍ᠯᠡᠰ ᠪᠣᠰᠬᠠᠬᠤ ᠨᠡᠮᠡᠭᠦᠷᠢ ᠥᠭᠬᠦ᠂ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠲᠠᠯᠪᠢᠬᠤ ᠵᠢᠴᠢ ᠳᠠᠮ ᠬᠦᠦ ᠮᠦᠩᠭᠦ ᠥᠭᠬᠦ ᠵᠡᠷᠭᠡ ᠦᠢ᠍ᠯᠡᠰ ᠪᠣᠰᠬᠠᠬᠤ ᠵᠢ ᠳᠡᠳᠬᠦᠨ ᠳᠡᠮᠵᠢᠬᠦ ᠲᠥᠷᠥ ᠵᠢᠨ ᠪᠣᠳᠣᠯᠭ᠎ᠠ ᠣᠯᠭᠤᠨ᠎ᠠ᠂ ᠡᠭᠦᠨ᠎ᠳᠤ᠂ ᠠᠩᠬ᠎ᠠ ᠤᠳᠠᠭ᠎ᠠ ᠦᠢ᠍ᠯᠡᠰ ᠪᠣᠰᠬᠠᠵᠦ ᠪᠠᠶ᠋ᠢᠭ᠎ᠠ ᠮᠦᠷᠲᠡᠭᠡᠨ ᠬᠡᠪ᠎ᠤᠨ ᠪᠠᠶ᠋ᠢᠳᠠᠯ ᠵᠶ᠋ᠠᠷ ᠡᠵᠡᠩᠨᠡᠭᠡᠳ 1 ᠵᠢᠯ ᠭᠠᠷᠤᠢ ᠪᠣᠯᠣᠭᠰᠠᠨ ᠪᠣᠯ᠂ ᠲᠣᠭᠲᠠᠭ᠋ᠠᠯ ᠶᠣᠰᠤᠭ᠋ᠠᠷ ᠦᠢ᠍ᠯᠡᠰ ᠪᠣᠰᠬᠠᠬᠤ ᠨᠦᠬᠦᠪᠦᠷᠢ ᠵᠢ ᠨᠢᠭᠡ ᠯᠡ ᠤᠳᠠᠭ᠎ᠠ᠎ᠳᠤ ᠣᠯᠭᠤᠨ᠎ᠠ᠃ ᠨᠦᠬᠦᠴᠡᠯ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠳᠤ ᠲᠣᠭᠲᠠᠭ᠋ᠠᠯ ᠶᠣᠰᠤᠭ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠨᠣᠷᠮ᠎ᠠ ᠵᠢ᠎ᠨᠢ ᠪᠠᠭᠤᠷᠠᠭᠤᠯᠬᠤ ᠵᠢᠴᠢ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ᠎ᠨᠢ ᠲᠣᠭᠲᠠᠭᠤᠨ ᠪᠠᠶ᠋ᠢᠯᠭ᠋ᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠷᠲᠡᠭᠡᠨ᠎ᠡ᠃ (ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠠᠷᠠᠳ᠎ᠤᠨ ᠪᠠᠩᠭᠢ ᠵᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ)

     16. ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ᠎ᠲᠤ᠎ᠪᠠᠨ ᠪᠣᠴᠠᠭᠰᠠᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠦᠢ᠍ᠯᠡᠰ ᠪᠣᠰᠬᠠᠭᠰᠠᠳ᠎ᠢ ᠳᠡᠮᠵᠢᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠬᠢᠭᠡᠳ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠵᠢᠨ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠪᠠᠲᠤᠯᠠᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠦᠢ᠍ᠯᠡᠰ ᠪᠣᠰᠬᠠᠭᠰᠠᠳ᠎ᠤᠨ ᠡᠭᠦᠳᠦᠨ ᠪᠠᠶ᠋ᠢᠭᠤᠯᠵᠤ ᠡᠷᠬᠢᠯᠡᠭᠰᠡᠨ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠤᠯ ᠴᠣᠭᠴᠠ᠎ᠨᠢ ᠲᠠᠷᠢᠶᠠᠯᠠᠩ ᠮᠠᠯ ᠠᠵᠤ ᠠᠬᠤᠢ ᠵᠢᠨ ᠨᠡᠮᠡᠭᠦᠷᠢ ᠥᠭᠬᠦ ᠲᠥᠷᠥ ᠵᠢᠨ ᠪᠣᠳᠣᠯᠭ᠎ᠠ᠎ᠪᠠᠷ ᠳᠡᠮᠵᠢᠬᠦ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠰᠢᠭᠤᠳ ᠨᠡᠮᠡᠭᠦᠷᠢ ᠥᠭᠬᠦ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠂ ᠬᠠᠨᠳᠤᠯᠭ᠎ᠠ᠎ᠲᠠᠢ᠎ᠪᠠᠷ ᠨᠠᠶ᠋ᠢᠳᠠᠬᠤ᠂ ᠱᠠᠩᠨᠠᠬᠤ᠎ᠪᠠᠷ ᠨᠥᠬᠦᠪᠥᠷᠢᠯᠡᠬᠦ ᠵᠢ ᠣᠷᠣᠯᠠᠭᠤᠯᠬᠤ᠂ ᠤᠷᠢᠳ ᠵᠶ᠋ᠠᠷ ᠦᠢ᠍ᠯᠡᠴᠢᠯᠡᠵᠦ ᠳᠠᠷᠠᠭ᠎ᠠ᠎ᠨᠢ ᠨᠥᠬᠦᠪᠥᠷᠢ ᠥᠭᠬᠦ ᠵᠡᠷᠭᠡ ᠠᠷᠭ᠎ᠠ ᠮᠠᠶᠢᠭ᠎ᠢ ᠬᠡᠷᠡᠭᠯᠡᠨ ᠨᠦᠬᠦᠪᠦᠷᠢ ᠣᠯᠭᠤᠨ ᠳᠡᠮᠵᠢᠵᠦ ᠪᠣᠯᠤᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠦᠢ᠍ᠯᠡᠰ ᠪᠣᠰᠬᠠᠭᠰᠠᠳ᠎ᠤᠨ ᠡᠭᠦᠳᠦᠨ ᠪᠠᠶ᠋ᠢᠭᠤᠯᠵᠤ ᠡᠷᠬᠢᠯᠡᠭᠰᠡᠨ ᠠᠵᠤ ᠠᠬᠤᠶ᠋ᠢᠯᠠᠯ᠎ᠤᠳ ᠠᠵᠢᠯ ᠤᠯᠬᠤ᠎ᠳᠤ ᠬᠦᠴᠢᠷᠲᠡᠶ ᠬᠥᠮᠦᠰ᠂ ᠲᠤᠰ ᠣᠨ᠎ᠤ ᠶᠡᠭᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ᠂ ᠲᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠢ ᠡᠯᠰᠡᠨ ᠤᠷᠢᠵᠤ ᠠᠵᠢᠯ ᠣᠯᠭᠤᠭᠰᠠᠨ᠎ᠤ ᠬᠠᠮᠲᠤ ᠬᠥᠳᠡᠯᠮᠦᠷᠢ ᠵᠢᠨ ᠭᠡᠷ᠎ᠡ ᠲᠣᠭᠲᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠲᠤᠰᠢᠶᠠᠭᠰᠠᠨ ᠪᠠᠶ᠋ᠢᠪᠠᠯ᠂ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠨᠡᠮᠡᠭᠦᠷᠢ ᠣᠯᠭᠤᠨ᠎ᠠ᠃ ᠠᠵᠤ ᠠᠬᠤᠶ᠋ᠢᠯᠠᠯ ᠵᠶ᠋ᠠᠷ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ᠎ᠤ ᠬᠤᠳᠠᠯᠳᠤᠭ᠎ᠠ ᠡᠷᠬᠢᠯᠡᠭᠰᠡᠳ᠎ᠲᠤ ᠡᠯ᠎ᠡ ᠵᠦᠢ᠍ᠯ᠎ᠤᠨ ᠠᠵᠢᠯ ᠣᠯᠭᠤᠵᠤ ᠦᠢ᠍ᠯᠡᠰ ᠪᠣᠰᠬᠠᠬᠤ ᠲᠠᠯ᠎ᠠ᠎ᠪᠠᠷ᠎ᠬᠢ ᠲᠡᠳᠬᠦᠬᠦ ᠲᠥᠷᠥ ᠵᠢᠨ ᠪᠣᠳᠣᠯᠭ᠎ᠠ ᠵᠢ ᠠᠳᠠᠯᠢᠬᠠᠨ ᠬᠦᠷᠲᠡᠭᠡᠨ᠎ᠡ; ᠠᠵᠤ ᠠᠬᠤᠶ᠋ᠢᠯᠠᠯ ᠵᠶ᠋ᠠᠷ ᠥᠯᠥ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ᠎ᠤ ᠬᠤᠳᠠᠯᠳᠤᠭ᠎ᠠ ᠡᠷᠬᠢᠯᠡᠭᠰᠡᠳ᠎ᠢ ᠠᠮᠢᠳᠤᠯᠢᠭ ᠵᠶ᠋ᠠᠷ ᠠᠵᠢᠯ ᠣᠯᠤᠭᠰᠠᠳ ᠵᠶ᠋ᠠᠷ ᠮᠠᠭ᠋ᠠᠳᠯᠠᠨ ᠲᠣᠭᠲᠠᠭ᠋ᠠᠵᠤ᠂ ᠠᠮᠢᠳᠤᠯᠢᠭ ᠵᠶ᠋ᠠᠷ ᠠᠵᠢᠯ ᠣᠯᠤᠭᠰᠠᠳ᠎ᠢ ᠲᠡᠳᠬᠦᠬᠦ ᠲᠥᠷᠥ ᠵᠢᠨ ᠪᠣᠳᠣᠯᠭ᠎ᠠ ᠵᠢ ᠠᠳᠠᠯᠢᠬᠠᠨ ᠬᠦᠷᠲᠡᠭᠡᠨ᠎ᠡ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠪᠠᠳᠣᠯᠠᠬᠤ ᠬᠡᠪᠴᠢᠶ᠎ᠡ ᠵᠢ ᠥᠷᠭᠡᠳᠬᠡᠨ᠂ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠯᠤᠭ᠎ᠠ ᠠᠳᠠᠯᠢ᠎ᠪᠠᠷ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠠᠵᠢᠯ ᠠᠯᠳᠠᠭᠰᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ᠎ᠲᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠣᠭᠲᠠᠭ᠋ᠠᠯ ᠶᠣᠰᠣᠭ᠋ᠠᠷ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠪᠤᠶᠤ ᠠᠵᠢᠯ ᠠᠯᠳᠠᠭᠰᠠᠨ᠎ᠤ ᠨᠦᠬᠦᠪᠦᠷᠢ ᠵᠢᠨ ᠮᠥᠩᠭᠦ ᠣᠯᠭᠤᠨ᠎ᠠ᠃ ᠨᠢᠭᠡᠨ ᠮᠠᠯᠴᠢᠨ ᠲᠠᠷᠢᠶᠠᠴᠢᠨ ᠬᠦᠴᠦ ᠶᠠᠪᠤᠭᠴᠢ᠎ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠲᠡᠮᠳᠡᠭᠯᠡᠯ᠎ᠲᠠᠢ ᠮᠥᠷᠲᠡᠭᠡᠨ ᠪᠠᠰᠠ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠲᠡᠮᠳᠡᠭᠯᠡᠯ᠎ᠲᠠᠢ ᠪᠠᠶ᠋ᠢᠳᠠᠯ ᠪᠠᠶ᠋ᠢᠪᠠᠯ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠣᠯᠴᠠᠭᠰᠠᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)

     17. ᠦᠢ᠍ᠯᠡᠰ ᠪᠣᠰᠬᠠᠬᠤ ᠵᠢᠭᠡᠯᠡᠯᠭᠡ ᠵᠢ᠎ᠨᠢ ᠳᠠᠮ ᠬᠦᠤ᠎ᠪᠠᠷ ᠲᠡᠳᠬᠦᠬᠦ ᠵᠢ ᠴᠢᠩᠭ᠋ᠠᠳᠬᠠᠨ᠎ᠠ᠃ ᠲᠥᠪ᠎ᠤᠨ ᠪᠠᠭᠤᠯᠭ᠋ᠠᠭᠰᠠᠨ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠲᠤᠰᠬᠠᠶ ᠪᠠᠯᠠ ᠮᠥᠩᠭᠦ ᠵᠢ ᠰᠠᠶ᠋ᠢᠲᠤᠷ ᠪᠥᠭᠡᠳ ᠠᠮᠢᠳᠤᠯᠢᠭ ᠬᠡᠷᠡᠭᠯᠡᠵᠦ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠬᠦᠮᠦᠰ᠎ᠤᠨ ᠦᠢ᠍ᠯᠡᠰ ᠪᠣᠰᠬᠠᠬᠤ ᠵᠢ᠎ᠨᠢ ᠶᠡᠬᠡᠪᠡᠷ ᠳᠡᠮᠵᠢᠨ᠎ᠡ᠃ ᠨᠥᠬᠦᠴᠡᠯ᠎ᠳᠤ ᠨᠡᠶ᠋ᠢᠴᠡᠭᠰᠡᠨ ᠬᠤᠪᠢ ᠬᠥᠮᠦᠨ᠎ᠤ ᠦᠢ᠍ᠯᠡᠰ ᠪᠣᠰᠬᠠᠬᠤ᠎ᠪᠠᠷ ᠵᠢᠭᠡᠯᠡᠭᠰᠡᠨ ᠳᠠᠭ᠋ᠠᠭ᠋ᠠᠯᠲᠠ᠎ᠲᠠᠢ ᠵᠢᠭᠡᠯᠡᠯᠭᠡ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠪᠦᠭᠦ ᠲᠤᠭ᠎ᠠ᠎ᠪᠠᠷ᠎ᠨᠢ ᠳᠠᠮ ᠬᠦᠤ ᠮᠦᠩᠭᠦ ᠵᠢ᠎ᠨᠢ ᠲᠥᠯᠥᠵᠦ ᠥᠭᠭᠦᠨ᠎ᠡ; ᠨᠥᠬᠦᠴᠡᠯ᠎ᠳᠤ ᠨᠡᠶ᠋ᠢᠴᠡᠬᠦ ᠵᠢᠵᠢᠭ ᠪᠢᠴᠢᠯ ᠠᠵᠤ ᠠᠬᠤᠶ᠋ᠢᠯᠠᠯ᠎ᠤᠨ ᠦᠢ᠍ᠯᠡᠰ ᠪᠣᠰᠬᠠᠬᠤ᠎ᠪᠠᠷ ᠵᠢᠭᠡᠯᠡᠭᠰᠡᠨ ᠳᠠᠭ᠋ᠠᠭ᠋ᠠᠯᠲᠠ᠎ᠲᠠᠢ ᠵᠢᠭᠡᠯᠡᠯᠭᠡ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠢᠭᠡᠯᠡᠯᠭᠡ ᠵᠢᠨ ᠭᠡᠷ᠎ᠡ ᠲᠣᠭᠲᠠᠭᠰᠠᠨ ᠡᠳᠦᠷ᠎ᠤᠨ ᠵᠢᠭᠡᠯᠡᠯᠭᠡ ᠵᠢᠨ ᠰᠠᠭᠤᠷᠢ ᠬᠦᠤ ᠮᠦᠩᠭᠦᠨ᠎ᠤ ᠨᠣᠷᠮ᠎ᠠ ᠵᠢᠨ 50%᠎ᠪᠠᠷ ᠳᠠᠮ ᠬᠦᠤ ᠮᠦᠩᠭᠦ ᠵᠢ᠎ᠨᠢ ᠲᠥᠯᠥᠵᠦ ᠥᠭᠭᠦᠨ᠎ᠡ᠃ ᠵᠢᠭᠡᠯᠡᠯᠭᠡ ᠵᠢᠨ ᠬᠤᠭᠤᠴᠠᠭ᠎ᠠ᠎ᠪᠠᠨ ᠤᠷᠲᠤᠳᠬᠠᠭᠰᠠᠨ ᠪᠠ ᠬᠤᠭᠤᠴᠠᠭ᠎ᠠ᠎ᠪᠠᠨ ᠬᠡᠲᠦᠷᠡᠭᠦᠯᠦᠭᠰᠡᠨ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠳᠠᠮ ᠬᠦᠦ ᠮᠦᠩᠭᠦ ᠵᠢ᠎ᠨᠢ ᠲᠥᠯᠥᠵᠦ ᠥᠭᠬᠦ ᠦᠭᠡᠶ᠃ ᠦᠢ᠍ᠯᠡᠰ ᠪᠤᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠳᠠᠮ ᠬᠦᠤ ᠮᠦᠩᠭᠦ ᠵᠢ᠎ᠨᠢ ᠲᠥᠯᠥᠵᠦ ᠥᠭᠬᠦ ᠲᠥᠷᠥ ᠵᠢᠨ ᠪᠣᠳᠣᠯᠭ᠎ᠠ ᠵᠢ ᠨᠢᠭᠡᠨᠲᠡ ᠭᠥᠷᠳᠡᠭᠰᠡᠨ ᠪᠥᠭᠡᠳ ᠵᠢᠭᠡᠯᠡᠯᠭᠡ᠎ᠪᠠᠨ ᠴᠠᠭ ᠲᠤᠬᠠᠶ᠎ᠳᠤ᠎ᠨᠢ ᠪᠤᠴᠠᠭ᠋ᠠᠵᠤ ᠳᠠᠭᠤᠰᠬᠠᠭᠰᠠᠨ ᠬᠤᠪᠢ ᠬᠥᠮᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠡᠵᠡᠩᠨᠡᠯᠲᠡ᠎ᠨᠢ ᠬᠦᠴᠢᠷᠳᠡᠯ᠎ᠳᠤ ᠲᠤᠯᠭ᠋ᠠᠷᠠᠭᠰᠠᠨ ᠪᠠᠶ᠋ᠢᠪᠠᠯ᠂ ᠦᠢ᠍ᠯᠡᠰ ᠪᠤᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢ ᠳᠠᠬᠢᠨᠲᠠ ᠭᠤᠶᠤᠴᠢᠯᠠᠵᠤ ᠪᠣᠯᠬᠤ ᠵᠢᠨ ᠬᠠᠮᠲᠤ᠂ ᠡᠳ᠋᠎ᠤᠨ ᠵᠠᠰᠠᠭ᠎ᠠᠴᠠ ᠳᠠᠮ ᠬᠦᠤ ᠮᠦᠩᠭᠦ ᠵᠢ᠎ᠨᠢ ᠲᠥᠯᠥᠨ ᠥᠭᠴᠦ ᠪᠣᠯᠤᠨ᠎ᠠ᠂ ᠭᠡᠪᠡᠴᠦ ᠳᠠᠬᠢᠨᠲᠠ ᠭᠤᠶᠤᠴᠢᠯᠠᠵᠤ ᠲᠥᠯᠥᠭᠦᠯᠬᠦ ᠵᠢ 3 ᠤᠳᠠᠭ᠎ᠠ᠎ᠠᠴᠠ ᠬᠡᠲᠦᠷᠡᠭᠦᠯᠵᠦ ᠪᠣᠯᠬᠤ ᠥᠬᠡᠶ᠃ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠤᠪᠢ ᠬᠥᠮᠦᠨ (ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠠᠭᠲᠠᠨ᠎ᠠ) ᠪᠠ ᠵᠢᠵᠢᠭ ᠪᠢᠴᠢᠯ ᠠᠵᠤ ᠠᠬᠤᠶ᠋ᠢᠯᠠᠯ᠎ᠳᠤ ᠰᠢᠨ᠎ᠡ ᠵᠢᠭᠡᠯᠡᠭᠦᠯᠦᠭᠰᠡᠨ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠬᠦᠤ ᠮᠦᠩᠭᠦᠨ᠎ᠳᠠᠬᠢ ᠣᠳᠣᠬᠠᠨ᠎ᠤ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠨᠡᠶ᠋ᠢᠲᠡᠯᠡᠭᠰᠡᠨ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠬᠦᠤ ᠮᠦᠩᠭᠦᠨ᠎ᠤ ᠨᠣᠷᠮ᠎ᠠ (LPR — 150 BP)᠎ᠠᠴᠠ ᠳᠣᠷᠣᠭᠰᠢᠬᠢ ᠬᠡᠰᠡᠭ᠎ᠢ᠎ᠨᠢ ᠵᠣᠭᠤᠰ ᠵᠢᠭᠡᠯᠡᠭᠰᠡᠨ ᠬᠦᠮᠦᠰ ᠪᠠ ᠵᠣᠭᠤᠰ ᠵᠢᠭᠡᠯᠡᠬᠦ ᠠᠵᠤ ᠠᠬᠤᠶ᠋ᠢᠯᠠᠯ ᠡᠭᠦᠷᠭᠡᠯᠡᠵᠦ᠂ ᠦᠯᠡᠳᠡᠭᠰᠡᠨ ᠬᠡᠰᠡᠭ᠎ᠲᠤ ᠡᠳ᠋᠎ᠤᠨ ᠵᠠᠰᠠᠭ᠎ᠠᠴᠠ ᠳᠠᠮ ᠬᠦᠤ ᠮᠦᠩᠭᠦ ᠵᠢ᠎ᠨᠢ ᠲᠥᠯᠥᠵᠦ ᠥᠭᠭᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ)

     18. ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ᠎ᠲᠤ ᠳᠡᠮᠵᠢᠯᠭᠡ ᠦᠵᠡᠭᠦᠯᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠣᠳᠣ ᠵᠢᠨ ᠪᠠᠶ᠋ᠢᠭ᠎ᠠ ᠡᠯ᠎ᠡ ᠲᠥᠷᠥᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠨᠡᠬᠡᠭᠡᠵᠦ ᠬᠥᠭᠵᠢᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠲᠤ ᠲᠦᠰᠢᠭᠯᠡᠨ᠂ ᠬᠡᠷᠡᠭᠯᠡᠬᠦ ᠦᠭᠡᠢ ᠰᠤᠯᠠ ᠲᠠᠯᠪᠢᠵᠤ ᠪᠠᠶ᠋ᠢᠬᠤ ᠦᠢ᠍ᠯᠡᠳᠪᠦᠷᠢ ᠵᠢᠨ ᠭᠡᠷ ᠪᠠᠶ᠋ᠢᠰᠢᠩ ᠵᠡᠷᠭᠡ ᠬᠠᠳᠠᠭ᠋ᠠᠯᠠᠭᠳᠠᠵᠤ ᠪᠠᠶ᠋ᠢᠭ᠎ᠠ ᠡᠬᠢ ᠪᠠᠶᠠᠯᠢᠭ᠎ᠢ ᠴᠢᠯᠥᠭᠡᠲᠡᠶ ᠭᠦᠢ᠍ᠯᠭᠡᠭᠡᠵᠦ᠂ ᠨᠢᠭᠡ ᠪᠦᠯᠦᠭ ᠠᠩᠬ᠎ᠠ ᠡᠭᠦᠳᠦᠨ ᠪᠠᠶ᠋ᠢᠭᠤᠯᠵᠤ 《ᠬᠥᠪᠦᠷᠡᠭᠦᠯᠦᠨ ᠪᠤᠶ᠋ᠢᠵᠢᠭᠤᠯᠬᠤ》 ᠬᠤᠭᠤᠴᠠᠭ᠋ᠠᠨ᠎ᠳᠤ ᠪᠠᠶ᠋ᠢᠭ᠎ᠠ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ᠎ᠤᠨ ᠦᠢ᠍ᠯᠡᠰ ᠪᠣᠰᠬᠠᠬᠤ᠎ᠳᠤ ᠭᠤᠣᠯᠳᠠᠯᠭ᠎ᠠ᠎ᠲᠠᠢ ᠬᠠᠨᠳᠤᠭᠤᠯᠤᠭᠰᠠᠨ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶ᠋ᠢᠭ᠋ᠠᠳ ᠡᠮᠬᠢᠯᠡᠨ ᠨᠡᠶ᠋ᠢᠯᠡᠭᠦᠯᠵᠦ ᠬᠥᠭᠵᠢᠭᠦᠯᠦᠨ᠂ ᠡᠷᠲᠡ ᠦᠢ᠍ᠯᠡᠰ ᠪᠣᠰᠬᠠᠭᠰᠠᠨ ᠪᠠ ᠨᠡᠯᠢᠶᠡᠳ ᠬᠤᠭᠤᠴᠠᠭ᠎ᠠ ᠪᠣᠯᠵᠤ ᠪᠠᠶ᠋ᠢᠭ᠎ᠠ ᠠᠵᠤ ᠠᠬᠤᠶ᠋ᠢᠯᠠᠯ᠎ᠤᠨ ᠪᠦᠯᠦᠭᠵᠢᠨ ᠬᠦᠭᠵᠢᠭᠦᠯᠦᠭᠰᠡᠨ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠦᠢ᠍ᠯᠡᠰ ᠪᠣᠰᠬᠠᠬᠤ ᠬᠦᠴᠦᠨ ᠵᠦᠢ᠍ᠯ᠎ᠢ᠎ᠨᠢ ᠬᠤᠷᠠᠮᠳᠤᠭᠤᠯᠤᠨ᠂ ᠦᠢ᠍ᠯᠡᠰ ᠪᠣᠰᠬᠠᠬᠤ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃ ᠲᠥᠯᠥᠪᠵᠢᠭᠦᠯᠭᠡ᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠎ᠳᠤ ᠨᠡᠶ᠋ᠢᠴᠡᠭᠰᠡᠨ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ)᠎ᠤᠨ ᠪᠦᠲᠦᠭᠡᠨ ᠪᠠᠶ᠋ᠢᠭᠤᠯᠤᠯᠲᠠ᠎ᠳᠤ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠨᠢ ᠨᠢᠭᠡ ᠤᠳᠠᠭ᠎ᠠ ᠵᠢᠨ ᠴᠢᠨᠠᠷᠲᠠᠶ ᠪᠦᠲᠦᠭᠡᠨ ᠪᠠᠶ᠋ᠢᠭᠤᠯᠤᠯᠲᠠ ᠵᠢᠨ ᠨᠡᠮᠡᠭᠦᠷᠢ ᠣᠯᠭᠤᠨ᠎ᠠ᠃ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠣᠭᠰᠠᠳ ᠵᠡᠷᠭᠡ ᠦᠢ᠍ᠯᠡᠰ ᠪᠣᠰᠬᠠᠭᠰᠠᠳ ᠵᠠᠰᠠᠭ᠎ᠤᠨ ᠣᠷᠳᠣᠨ᠎ᠤ ᠭᠤᠤᠯᠯᠠᠨ ᠪᠠᠶ᠋ᠢᠭᠤᠯᠤᠭᠰᠠᠨ ᠡᠯ᠎ᠡ ᠲᠥᠷᠥᠯ᠎ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ᠎ᠲᠠᠬᠢ ᠪᠠᠷᠢᠮᠵᠢᠶᠠᠵᠢᠭᠤᠯᠤᠭᠰᠠᠨ ᠦᠢ᠍ᠯᠡᠳᠪᠦᠷᠢ ᠵᠢᠨ ᠬᠡᠷ ᠪᠠᠶ᠋ᠢᠰᠢᠩ᠎ᠳᠤ ᠣᠷᠣᠵᠤ ᠦᠢ᠍ᠯᠡᠰ ᠪᠣᠰᠬᠠᠭᠰᠠᠨ ᠪᠠᠶ᠋ᠢᠪᠠᠯ᠂ 3 ᠵᠢᠯ᠎ᠤᠨ ᠳᠣᠲᠣᠷ᠎ᠠ ᠲᠦᠷᠢᠶᠡᠰᠦᠨ ᠮᠥᠩᠭᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠰᠦᠢ᠍ᠳᠬᠡᠯ᠂ ᠠᠷᠢᠭᠤᠨ ᠴᠡᠪᠡᠷ᠎ᠤᠨ ᠰᠦᠢ᠍ᠳᠬᠡᠯ᠂ ᠤᠰᠤ ᠴᠠᠬᠢᠯᠭ᠋ᠠᠨ ᠲᠣᠯᠠᠭ᠋ᠠᠯᠠᠭ᠎ᠠ ᠵᠡᠷᠭᠡ ᠰᠦᠢ᠍ᠳᠬᠡᠯ᠎ᠢ ᠬᠠᠰᠤᠵᠤ ᠭᠡᠯᠳᠦᠷᠢᠭᠦᠯᠦᠨ᠎ᠡ᠂ ᠲᠤᠬᠠᠶ᠋ᠢᠯᠠᠪᠠᠯ ᠨᠢᠭᠡᠳᠦᠭᠡᠷ ᠵᠢᠯ᠎ᠳᠤ ᠲᠤᠰᠢᠶᠠᠬᠤ ᠥᠬᠡᠶ ᠪᠠᠶ᠋ᠢᠵᠤ᠂ ᠬᠤᠶᠠᠳᠤᠭ᠋ᠠᠷ ᠵᠢᠯ᠎ᠳᠤ ᠬᠠᠭ᠋ᠠᠰ ᠵᠶ᠋ᠠᠷ ᠭᠦᠩᠬᠡᠯᠡᠵᠦ᠂ ᠭᠤᠷᠪᠠᠳᠤᠭ᠋ᠠᠷ ᠵᠢᠯ᠎ᠳᠤ 1/3᠎ᠪᠠᠷ ᠭᠦᠩᠬᠡᠯᠡᠵᠦ ᠪᠣᠯᠣᠨ᠎ᠠ; ᠠᠷᠠᠳ᠎ᠠᠴᠠ ᠡᠵᠡᠩᠨᠡᠭᠰᠡᠨ ᠭᠤᠣᠯ ᠴᠣᠭᠴᠠ ᠵᠢᠨ ᠳᠠᠭ᠋ᠠᠭᠤᠯᠤᠨ ᠡᠷᠬᠢᠯᠡᠭᠰᠡᠨ ᠪᠤᠶᠤ ᠬᠠᠮᠲᠤ᠎ᠪᠠᠷ ᠪᠠᠶ᠋ᠢᠭᠤᠯᠤᠭᠰᠠᠨ ᠦᠢ᠍ᠯᠡᠰ ᠪᠣᠰᠬᠠᠬᠤ ᠬᠦᠷᠢᠶᠡᠯᠡᠩ ᠲᠣᠭᠤᠷᠢᠭ (ᠨᠡᠪᠴᠢᠭᠦᠯᠬᠦ ᠰᠠᠭᠤᠷᠢᠨ ᠭᠠᠵᠠᠷ) ᠎ᠲᠤ ᠣᠷᠣᠵᠤ ᠦᠢ᠍ᠯᠡᠰ ᠪᠣᠰᠬᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠵᠣᠬᠢᠬᠤ ᠨᠥᠬᠦᠪᠥᠷᠢ ᠣᠯᠭᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ) (ᠳᠥᠷᠪᠡ) ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠨ᠎ᠠ᠃

     19. ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠦᠷᠭᠡᠳᠭᠡᠨ᠎ᠡ᠃ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠳᠠᠭ᠋ᠠᠳᠬᠠᠯ᠎ᠳᠤ ᠣᠷᠣᠯᠴᠠᠬᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶᠡᠨ᠎ᠳᠤ ᠣᠷᠤᠭᠤᠯᠤᠨ᠎ᠠ᠃ ᠨᠡᠶ᠋ᠢᠭᠡᠮ᠎ᠤᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠲᠡᠭᠦᠯᠳᠡᠷᠵᠢᠭᠦᠯᠵᠦ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠭᠤᠷᠬᠢ ᠰᠢᠯᠵᠢᠭᠦᠯᠵᠦ ᠵᠠᠯᠭ᠋ᠠᠨ ᠦᠷᠭᠦᠯᠵᠢᠯᠡᠭᠦᠯᠵᠦ ᠭᠠᠷᠲᠠᠨ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠭᠦᠯᠦᠨ᠂ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ᠎ᠨᠢ ᠰᠢᠯᠵᠢᠭᠦᠯᠵᠦ ᠵᠠᠯᠭ᠋ᠠᠨ ᠦᠷᠭᠦᠯᠵᠢᠯᠡᠭᠦᠯᠬᠦ ᠪᠠ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ᠎ᠨᠢ ᠳ᠋ᠦᠩᠨᠡᠨ ᠪᠤᠳᠤᠬᠤ ᠠᠵᠢᠯ᠎ᠢ ᠰᠠᠶ᠋ᠢᠲᠤᠷ ᠬᠢᠵᠦ᠂ ᠪᠠᠷᠢᠯᠭ᠎ᠠ᠎ᠳᠤ ᠠᠵᠢᠯᠯᠠᠵᠤ ᠪᠠᠶ᠋ᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠪᠠᠷᠢᠯᠭ᠎ᠠ ᠵᠢᠨ ᠲᠥᠷᠥᠯ ᠵᠦᠢ᠍ᠯ ᠵᠶ᠋ᠠᠷ᠎ᠨᠢ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠤᠯᠬᠤ᠎ᠪᠠᠨ ᠠᠬᠢᠭᠤᠯᠤᠨ᠎ᠠ᠃ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠢ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠳᠠᠭ᠋ᠠᠳᠬᠠᠯ ᠪᠤᠶᠤ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠳᠤ ᠬᠤᠪᠢ ᠬᠦᠮᠦᠨ᠎ᠤ ᠪᠡᠶ᠎ᠡ ᠭᠠᠷᠤᠯ ᠵᠶ᠋ᠠᠷ ᠰᠠᠶ᠋ᠢᠨ ᠳᠤᠷ᠎ᠠ᠎ᠠᠴᠠ᠎ᠨᠢ ᠣᠷᠣᠯᠴᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠨᠥᠯᠥᠭᠡ᠎ᠠᠴᠠ ᠪᠣᠯᠵᠣ ᠳᠠᠭ᠋ᠠᠳᠬᠠᠯ᠎ᠳᠤ ᠣᠷᠣᠯᠴᠠᠭᠰᠠᠨ ᠳᠠᠩᠰᠠᠯᠠᠨ ᠲᠡᠮᠳᠡᠭᠯᠡᠬᠦ ᠠᠵᠢᠯ᠎ᠢ ᠴᠠᠭ ᠲᠤᠬᠠᠶ᠎ᠳᠤ᠎ᠨᠢ ᠭᠦᠢ᠍ᠴᠡᠳᠬᠡᠵᠦ ᠴᠢᠳᠠᠬᠤ ᠥᠬᠡᠶ ᠪᠠᠶ᠋ᠢᠪᠠᠯ᠂ ᠬᠢᠵᠢᠭ᠎ᠤᠨ ᠪᠠᠶ᠋ᠢᠳᠠᠯ ᠳᠠᠭᠤᠰᠤᠭᠰᠠᠨ᠎ᠤ ᠳᠠᠷᠠᠭ᠎ᠠ ᠳᠠᠩᠰᠠᠯᠠᠨ ᠲᠡᠮᠳᠡᠭᠯᠡᠬᠦ ᠠᠵᠢᠯ ᠵᠶ᠋ᠠᠨ ᠨᠥᠬᠦᠵᠦ ᠭᠦᠢ᠍ᠴᠡᠳᠬᠡᠬᠦ ᠵᠢ᠎ᠨᠢ ᠵᠥᠪᠰᠢᠶᠡᠷᠡᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠣᠯᠭᠤᠮᠵᠢ ᠵᠢ᠎ᠨᠢ ᠨᠥᠯᠥᠭᠡᠯᠡᠬᠦ ᠥᠬᠡᠶ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ)

     20. ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠤᠨ᠎ᠠ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》 ᠵᠢ ᠤᠬᠠᠭᠤᠯᠬᠤ ᠠᠵᠢᠯ᠎ᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠥᠳᠡᠯᠮᠦᠷᠢ ᠵᠢᠨ ᠭᠡᠷ᠎ᠡ ᠲᠣᠭᠲᠠᠬᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠲᠤᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠪᠣᠯᠭ᠋ᠠᠨ᠎ᠠ᠃ ᠠᠵᠤ ᠠᠬᠤᠶ᠋ᠢᠯᠠᠯ᠎ᠤᠨ ᠬᠠᠤᠯᠢ ᠶᠣᠰᠣᠭ᠋ᠠᠷ ᠠᠵᠢᠯᠴᠢᠨ ᠡᠯᠰᠡᠨ ᠬᠡᠷᠡᠭᠯᠡᠬᠦ ᠵᠢ ᠵᠢᠯᠣᠭᠤᠳᠤᠨ ᠰᠢᠮᠳᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠥᠳᠡᠯᠮᠦᠷᠢ ᠵᠢᠨ ᠭᠡᠷ᠎ᠡ ᠲᠣᠭᠲᠠᠬᠤ ᠵᠢ ᠵᠢᠷᠤᠮᠵᠢᠭᠤᠯᠤᠨ᠂ ᠪᠠᠷᠢᠯᠭ᠎ᠠ᠂ ᠨᠡᠭᠦᠷᠡᠰᠦᠨ ᠠᠭᠤᠷᠬᠠᠶ᠂ ᠭᠡᠷ ᠠᠬᠤᠢ ᠵᠡᠷᠭᠡ ᠠᠵᠢᠯ ᠲᠥᠷᠥᠯ᠎ᠤᠨ ᠬᠥᠳᠡᠯᠮᠦᠷᠢ ᠵᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃ ᠪᠠᠷᠢᠯᠭ᠎ᠠ ᠵᠢᠨ ᠠᠵᠢᠯ ᠲᠥᠷᠥᠯ᠎ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠦᠨᠡᠨ ᠨᠡᠷ᠎ᠡ᠎ᠪᠠᠷ ᠳᠠᠩᠰᠠᠯᠠᠭᠤᠯᠵᠤ ᠠᠵᠢᠯᠯᠠᠬᠤ ᠳᠦᠷᠢᠮ᠎ᠤᠨ ᠬᠠᠮᠢᠶᠠᠷᠤᠯᠲᠠ ᠵᠢ ᠢᠳᠡᠪᠬᠢᠲᠡᠶ᠎ᠪᠠᠷ ᠨᠠᠶ᠋ᠢᠳᠠᠪᠤᠷᠢᠵᠢᠭᠤᠯᠵᠤ᠂ ᠬᠥᠳᠡᠯᠮᠦᠷᠢ ᠦᠢ᠍ᠯᠡᠴᠢᠯᠡᠭᠡ᠎ᠪᠠᠷ ᠲᠣᠮᠢᠯᠠᠭᠳᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠮᠠᠭᠤ ᠰᠠᠨᠠᠭ᠎ᠠ᠎ᠲᠠᠢ᠎ᠪᠠᠷ ᠴᠠᠯᠢᠩ᠎ᠢ᠎ᠨᠢ ᠥᠷᠢᠲᠦᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ 《ᠴᠠᠯᠢᠩ ᠬᠠᠮᠠᠭ᠋ᠠᠯᠠᠬᠤ》 ᠠᠵᠢᠯᠯᠠᠭ᠎ᠠ ᠵᠢ ᠬᠡᠷᠡᠭᠵᠢᠭᠦᠯᠦᠨ᠂ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ᠂ ᠵᠠᠷᠭᠤᠯᠳᠤᠬᠤ ᠵᠢ ᠵᠣᠬᠢᠴᠠᠭᠤᠯᠬᠤ᠂ ᠡᠮᠬᠢ ᠵᠢᠷᠤᠮ᠎ᠲᠠᠢ ᠵᠣᠯᠭ᠋ᠠᠭᠤᠯᠬᠤ ᠣᠯᠠᠨ ᠡᠰᠢᠲᠦ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠠᠵᠢᠯᠴᠢᠨ᠎ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ)

    ᠭᠤᠷᠪᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ

     21. ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠠᠵᠢᠯ ᠣᠯᠭᠤᠯᠲᠠ᠎ᠪᠠᠨ ᠲᠣᠭᠲᠠᠭᠤᠨ ᠪᠠᠶ᠋ᠢᠯᠭ᠋ᠠᠬᠤ ᠪᠠ ᠰᠠᠭᠤᠭ᠋ᠠᠯᠢ ᠠᠷᠠᠳ᠎ᠤᠨ ᠠᠵᠢᠯ ᠣᠯᠬᠤ ᠵᠢ ᠪᠠᠲᠤᠯᠠᠬᠤ ᠵᠢᠨ ᠭᠤᠣᠯᠳᠠᠯᠭ᠎ᠠ ᠪᠣᠯᠭ᠋ᠠᠨ᠂ ᠵᠠᠬ᠎ᠠ ᠳᠡᠯᠭᠡᠭᠦᠷ ᠵᠶ᠋ᠠᠷ ᠠᠵᠢᠯ ᠣᠯᠭᠤᠬᠤ ᠪᠠ ᠵᠠᠰᠠᠭ᠎ᠤᠨ ᠣᠷᠳᠣᠨ᠎ᠤ ᠠᠬᠢᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠤᠭᠰᠠᠳ᠎ᠤᠨ ᠦᠢ᠍ᠯᠡᠰ ᠪᠣᠰᠬᠠᠬᠤ ᠵᠢ᠎ᠨᠢ ᠵᠣᠷᠢᠬ᠍ᠵᠢᠭᠤᠯᠤᠨ ᠳᠡᠮᠵᠢᠬᠦ ᠵᠢ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ ᠵᠢᠨ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠵᠤ᠂ ᠲᠣᠭᠲᠠᠴᠠ ᠵᠢ ᠪᠦᠷᠢᠨᠰᠢᠭᠦᠯᠦᠨ᠂ ᠠᠷᠭ᠎ᠠ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠵᠢᠭᠦᠯᠵᠦ᠂ ᠬᠤᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠭᠤᠯᠲᠠ ᠵᠢᠨ ᠪᠠᠶ᠋ᠢᠳᠠᠯ᠎ᠤᠨ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠨ᠂ ᠬᠦᠴᠢᠷᠳᠡᠯᠲᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠴᠠᠭ ᠲᠤᠬᠠᠶ᠎ᠳᠤ᠎ᠨᠢ ᠲᠤᠰᠠᠯᠠᠮᠵᠢ ᠬᠦᠷᠲᠡᠭᠡᠬᠦ ᠬᠡᠷᠡᠭᠲᠡᠶ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠤᠭᠰᠠᠳ᠎ᠤᠨ ᠦᠢ᠍ᠯᠡᠰ ᠪᠣᠰᠬᠠᠬᠤ ᠠᠵᠢᠯ ᠶᠠᠪᠤᠳᠠᠯ᠎ᠢ ᠵᠦᠪᠯᠡᠵᠦ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠵᠤᠬᠢᠴᠠᠯᠳᠤᠭᠤᠯᠵᠤ ᠬᠠᠮᠵᠢᠯᠴᠠᠬᠤ ᠵᠢ ᠴᠢᠩᠭ᠋ᠠᠳᠬᠠᠨ᠂ ᠠᠵᠢᠯ᠎ᠤᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠵᠤ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ᠎ᠳᠤ ᠭᠦᠷᠦᠭᠰᠡᠳ ᠪᠠ ᠨᠤᠲᠤᠭ᠎ᠲᠤ᠎ᠪᠠᠨ ᠬᠤᠴᠣᠷᠤᠭᠰᠠᠳ᠎ᠤᠨ ᠦᠢ᠍ᠯᠡᠰ ᠪᠣᠰᠬᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ᠂ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠴᠢᠷᠳᠡᠯ᠎ᠢ᠎ᠨᠢ ᠵᠣᠬᠢᠴᠠᠭᠤᠯᠤᠨ ᠰᠢᠢ᠍ᠳᠪᠦᠷᠢᠯᠡᠵᠦ᠂ ᠨᠤᠲᠤᠭ᠎ᠲᠤ᠎ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ᠎ᠲᠤ᠎ᠪᠠᠨ ᠬᠤᠴᠣᠷᠤᠭᠰᠠᠳ᠎ᠤᠨ ᠲᠣᠭᠲᠠᠭᠤᠨ ᠵᠶ᠋ᠠᠷ ᠠᠵᠢᠯ ᠣᠯᠵᠤ᠂ ᠰᠠᠭ᠋ᠠᠳ ᠦᠭᠡᠢ᠎ᠪᠠᠷ ᠠᠵᠢᠯ ᠣᠯᠬᠤ ᠵᠢ ᠳᠡᠮᠵᠢᠬᠦ ᠬᠡᠷᠡᠭᠲᠡᠶ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)

     22. ᠠᠵᠢᠯ᠎ᠤᠨ ᠪᠠᠲᠤᠯᠠᠭ᠎ᠠ ᠵᠢ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠬᠤᠲᠠ ᠪᠠᠯᠭ᠋ᠠᠰᠤᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠮᠠᠯᠵᠢᠬᠤ ᠲᠠᠷᠢᠶᠠᠯᠠᠬᠤ ᠣᠷᠣᠨ ᠲᠠᠶ᠋ᠢᠰᠢ ᠤᠷᠲᠤᠳᠬᠠᠬᠤ ᠵᠢ ᠠᠬᠢᠭᠤᠯᠤᠨ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠬᠡᠷᠡᠭᠯᠡᠨ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠥᠳᠡᠯᠮᠦᠷᠢ ᠦᠢ᠍ᠯᠡᠴᠢᠯᠡᠭᠡᠨ᠎ᠤ ᠡᠷᠬᠢᠯᠡᠨ ᠵᠠᠭᠤᠴᠢᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠵᠢᠨ ᠬᠦᠴᠦᠨ᠎ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠠᠵᠢᠯ ᠣᠯᠭᠤᠬᠤ ᠦᠢ᠍ᠯᠡᠴᠢᠯᠡᠭᠡᠨ ᠬᠠᠩᠭ᠋ᠠᠨ᠎ᠠ᠃ ᠬᠤᠰᠢᠭᠤ ᠰᠢᠶᠠᠨ᠎ᠠᠴᠠ ᠳᠣᠷᠣᠭᠰᠢᠬᠢ ᠣᠯᠠᠨ ᠨᠡᠶ᠋ᠢᠲᠡ ᠵᠢᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠠᠵᠢᠯᠲᠠᠨ᠎ᠤ ᠬᠠᠮᠢᠶᠠᠷᠤᠯᠲᠠ ᠪᠠ ᠪᠣᠯᠪᠠᠰᠤᠷᠠᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠤᠲᠤᠭ᠎ᠲᠤ᠎ᠪᠠᠨ ᠪᠤᠴᠠᠵᠤ ᠲᠣᠰᠬᠤᠨ᠎ᠳᠤ ᠭᠦᠷᠴᠣ ᠭᠠᠴᠠᠭ᠋ᠠᠨ (ᠲᠣᠰᠬᠤᠨ)᠎ᠤ ᠬᠥᠳᠡᠯᠮᠦᠷᠢ ᠵᠢᠨ ᠪᠠᠲᠤᠯᠠᠭ᠎ᠠ ᠵᠢᠨ ᠲᠤᠰᠠᠯᠠᠭᠴᠢ ᠪᠣᠯᠬᠤ ᠵᠢ ᠵᠣᠷᠢᠬ᠍ᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠠᠵᠢᠯ ᠣᠯᠭᠤᠵᠤ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠭᠤᠶᠤᠴᠢᠯᠠᠨ ᠠᠪᠬᠤ ᠴᠤᠪᠤᠷᠠᠯ᠎ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ᠎ᠢ ᠴᠣᠮᠬᠠᠳᠬᠠᠵᠤ᠂ ᠲᠥᠷᠥ ᠵᠢᠨ ᠪᠣᠳᠣᠯᠭ᠎ᠠ ᠵᠢᠨ ᠠᠰᠢᠭ ᠬᠦᠷᠲᠡᠭᠰᠡᠳ᠎ᠲᠤ ᠳᠥᠭᠦᠮ ᠳᠥᠲᠡ᠎ᠪᠠᠷ ᠠᠰᠢᠭ ᠬᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ)

     23. ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢ ᠶᠡᠬᠡᠪᠡᠷ ᠤᠬᠠᠭᠤᠯᠵᠤ᠂ ᠲᠥᠷᠥ ᠵᠢᠨ ᠪᠣᠳᠣᠯᠭ᠎ᠠ ᠵᠢ ᠮᠡᠳᠡᠭᠦᠯᠵᠦ ᠣᠶ᠋ᠢᠯᠠᠭ᠋ᠠᠭᠤᠯᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠠᠮ ᠵᠠᠭᠤᠴᠢᠯᠠᠭᠤᠷ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠦᠢ᠍ᠯᠡᠰ ᠪᠣᠰᠬᠠᠭᠰᠠᠨ ᠨᠡᠶ᠋ᠢᠲᠡᠯᠢᠭ ᠵᠢᠱ᠌ᠢᠶ᠎ᠡ ᠪᠠ ᠦᠢ᠍ᠯᠡᠰ ᠪᠣᠰᠬᠠᠭᠰᠠᠨ ᠲᠤᠷᠰᠢᠯᠭ᠎ᠠ ᠵᠢ ᠥᠷᠭᠡᠨ ᠵᠶ᠋ᠠᠷ ᠠᠭᠤᠳᠠᠯᠵᠦ᠂ ᠠᠵᠢᠯ ᠣᠯᠭᠤᠯᠲᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠦᠢ᠍ᠯᠡᠰ ᠪᠣᠰᠬᠠᠬᠤ ᠵᠢ ᠬᠠᠯᠠᠮᠵᠢᠯᠠᠬᠤ᠂ ᠦᠢ᠍ᠯᠡᠰ ᠪᠣᠰᠬᠠᠬᠤ ᠵᠢ ᠴᠢᠬᠤᠯᠠᠴᠢᠯᠠᠬᠤ᠂ ᠦᠢ᠍ᠯᠡᠰ ᠪᠣᠰᠬᠠᠬᠤ ᠵᠢ ᠳᠡᠮᠵᠢᠬᠦ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠢᠯᠴᠢᠨ᠎ᠤ ᠶᠡᠷᠦᠩᠬᠡᠶ ᠡᠪᠯᠡᠯ᠂ ᠡᠪᠯᠡᠯ᠎ᠤᠨ ᠬᠤᠷᠢᠶ᠎ᠠ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ) ᠡᠯ᠎ᠡ ᠠᠶ᠋ᠢᠮᠠᠭ ᠬᠤᠲᠠ᠎ᠨᠢ ᠲᠤᠬᠠᠶ ᠵᠢᠨ ᠭᠠᠵᠠᠷ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠱᠠᠩᠨᠠᠵᠤ ᠬᠦᠬᠢᠭᠦᠯᠬᠦ ᠪᠠ ᠨᠡᠮᠡᠭᠦᠷᠢ ᠥᠭᠬᠦ ᠪᠠᠷᠢᠮᠵᠢᠶ᠎ᠠ ᠵᠢ ᠪᠣᠳᠠᠲᠠᠢ ᠲᠣᠭ᠋ᠠᠴᠠᠯᠠᠵᠤ ᠢᠯᠡᠳᠭᠡᠨ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠦᠷᠪᠡ)
ᠲᠠᠷᠢᠮᠠᠯ᠎ᠤᠨ ᠲᠥᠷᠥᠯ᠎ᠤᠨ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠬᠤ (2021 — 2025 ᠣᠨ) ᠲᠤᠬᠠᠶ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ
 
             蒙ICP备05000248号