ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-28

          ᠥᠪᠥᠷ ᠵᠠᠰᠠᠭ ᠠᠯᠪᠠᠨ ᠲᠠᠷᠬᠠᠭ᠋ᠠᠭᠰᠠᠨ [2021] 28 ᠳ᠋ᠤᠭ᠋ᠠᠷ ᠲᠣᠭ᠋ᠠᠲᠤ

          2021 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃

     (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ) 

              ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ

              ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ

    ᠨᠢᠭᠡᠳᠦᠭᠡᠷ ᠪᠦᠯᠦᠭ   ᠶᠡᠷᠦᠩᠬᠡᠢ ᠵᠠᠷᠴᠢᠮ

      ᠨᠢᠭᠡᠳᠦᠭᠡᠷ ᠵᠦᠢ᠍ᠯ   ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢ ᠵᠢᠷᠤᠮᠵᠢᠭᠤᠯᠤᠨ ᠠᠬᠢᠭᠤᠯᠬᠤ ᠵᠢᠨ ᠲᠤᠰᠠᠳᠠ᠂ 《ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠭ᠋ᠠᠯ᠎ᠤᠳ》 《ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠦᠷᠢᠮ》 ᠪᠠ ᠬᠤᠯᠪᠣᠭᠳᠠᠯ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃

    ᠬᠤᠶᠠᠳᠤᠭ᠋ᠠᠷ ᠵᠦᠢ᠍ᠯ ᠲᠣᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠤᠷᠤᠨ᠎ᠤ ᠬᠡᠪᠴᠢᠶᠡᠨ᠎ᠳᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠠᠵᠢᠯ᠎ᠤᠨ ᠬᠠᠮᠢᠶᠠᠷᠤᠯᠲᠠ᠎ᠳᠤ ᠬᠡᠷᠡᠭᠯᠡᠭᠳᠡᠨ᠎ᠡ᠃

    ᠭᠤᠷᠪᠠᠳᠤᠭ᠋ᠠᠷ ᠵᠦᠢ᠍ᠯ   ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠭᠡᠳᠡᠭ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠂ ᠦᠢ᠍ᠯᠡᠴᠢᠯᠡᠭᠡᠨ᠎ᠤ ᠲᠠᠪᠴᠠᠩ᠂ ᠬᠢᠨᠠᠯᠲᠠ ᠲᠠᠯᠪᠢᠵᠦ ᠦᠨᠡᠯᠡᠯᠲᠡ ᠬᠢᠬᠦ ᠵᠡᠷᠭᠡ᠎ᠳᠤ ᠪᠥᠬᠦ ᠲᠠᠯ᠎ᠠ᠎ᠪᠠᠷ ᠵᠢᠷᠤᠮᠵᠢᠭᠰᠠᠨ ᠬᠠᠮᠢᠶᠠᠷᠦᠯᠳᠠ ᠵᠢ ᠬᠡᠷᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠢᠵᠢᠯ ᠵᠦᠢ᠍ᠯᠡᠰ (ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ ᠪᠠᠭᠲᠠᠨ᠎ᠠ᠂ ᠳᠣᠷᠣᠭᠰᠢ ᠠᠳᠠᠯᠢ)᠎ᠢ ᠠᠳᠠᠯᠢ ᠨᠥᠬᠦᠴᠡᠯ ᠳᠤᠤᠷ᠎ᠠ ᠢᠯᠭ᠋ᠠᠭ᠎ᠠ ᠦᠭᠡᠢ᠎ᠪᠠᠷ ᠭᠥᠯᠢᠶᠡᠨ ᠠᠪᠴᠦ ᠬᠦᠢ᠍ᠴᠡᠳᠬᠡᠬᠦ ᠪᠠ ᠨᠢᠭᠡ ᠯᠡ ᠪᠠᠷᠢᠮᠵᠢᠶ᠎ᠠ᠎ᠪᠠᠷ ᠬᠦᠢ᠍ᠴᠡᠳᠬᠡᠬᠦ ᠵᠢ ᠪᠡᠶᠡᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠨᠢᠭᠡᠳᠦᠯᠲᠡᠶ᠂ ᠦᠢ᠍ᠯᠡᠴᠢᠯᠡᠭᠡᠨ᠎ᠤ ᠪᠠᠷᠢᠮᠵᠢᠶ᠎ᠠ᠎ᠨᠢ ᠨᠢᠭᠡᠳᠦᠯᠲᠡᠶ᠂ ᠦᠢ᠍ᠯᠡᠴᠢᠯᠡᠭᠡᠨ᠎ᠤ ᠶᠠᠰᠤ ᠴᠢᠨᠠᠷ᠎ᠨᠢ ᠨᠢᠭᠡᠳᠦᠯᠲᠡᠶ᠂ ᠨᠡᠷᠡᠲᠦ ᠳᠡᠮᠳᠡᠭ ᠳᠦᠷᠢ ᠲᠥᠷᠬᠦ᠎ᠨᠢ ᠨᠢᠭᠡᠳᠦᠯᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠤᠢ᠃ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠳᠡᠭ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠵᠣᠬᠢᠴᠠᠭᠤᠯᠬᠤ᠂ ᠵᠢᠭ᠋ᠠᠨ ᠵᠢᠯᠣᠭᠤᠳᠬᠤ ᠪᠠ ᠬᠢᠨᠠᠯᠲᠠ ᠲᠠᠯᠪᠢᠬᠤ ᠪᠠᠶ᠋ᠢᠭᠤᠯᠤᠮᠵᠢ ᠵᠢ ᠵᠢᠭ᠋ᠠᠵᠤ ᠪᠤᠶ᠃ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠭᠡᠳᠡᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠤᠰᠤᠳ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠦᠬᠦᠢ ᠪᠠᠶ᠋ᠢᠭᠤᠯᠤᠮᠵᠢ ᠵᠢ ᠵᠢᠭ᠋ᠠᠵᠤ ᠪᠤᠶ᠃

    ᠳᠦᠷᠪᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠵᠦ ᠬᠡᠷᠡᠭᠵᠢᠭᠦᠯᠬᠦ ᠵᠢ ᠬᠠᠷᠢᠭᠤᠴᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠲᠣᠨᠨᠳᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠬᠦ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠤᠷᠠᠳᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠲᠤᠬᠠᠶ᠋ᠢᠯᠠᠭᠰᠠᠨ ᠠᠵᠢᠯ᠎ᠢ᠎ᠨᠢ ᠵᠢᠭ᠋ᠠᠨ ᠵᠢᠯᠤᠭᠤᠳᠬᠤ ᠬᠡᠷᠡᠭᠳᠡᠢ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠲᠣᠰ ᠲᠣᠰ᠎ᠤᠨ ᠡᠭᠦᠷᠭᠡ ᠴᠢᠳᠠᠪᠤᠷᠢ ᠡᠭᠦᠷᠬᠡ ᠬᠠᠷᠢᠭᠤᠴᠠᠯᠭ᠎ᠠ ᠶᠣᠰᠣᠭ᠋ᠠᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠳᠤᠤᠷᠠᠳᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠳᠤ ᠬᠢᠨᠠᠯᠲᠠ ᠲᠠᠯᠪᠢᠬᠤ ᠪᠠ ᠲᠡᠭᠦᠨ᠎ᠢ ᠵᠢᠭ᠋ᠠᠨ ᠵᠢᠯᠤᠭᠤᠳᠬᠤ ᠬᠡᠷᠡᠭᠳᠡᠢ᠃

    ᠬᠤᠶᠠᠳᠤᠭ᠋ᠠᠷ ᠪᠦᠯᠦᠭ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠴᠠᠭ ᠪᠠ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠤᠨ ᠪᠠᠷᠢᠮᠵᠢᠶᠠᠵᠢᠭᠤᠯᠤᠯᠲᠠ

    ᠲᠠᠪᠤᠳᠤᠭ᠋ᠠᠷ ᠵᠦᠢ᠍ᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠭᠠᠷᠴᠠᠭ᠎ᠤᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠬᠦᠯᠬᠦ ᠬᠡᠷᠡᠭᠳᠡᠢ᠃ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠢᠭᠡᠳᠦᠯᠲᠡᠶ ᠭᠠᠷᠴᠠᠭ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠠᠮᠢᠶ᠎ᠠ ᠪᠥᠬᠦᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠲᠠᠢ ᠬᠠᠮᠲᠤᠷᠠᠨ ᠨᠠᠶ᠋ᠢᠷᠠᠭᠤᠯᠤᠨ ᠵᠤᠬᠢᠶᠠᠬᠤ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠳᠡᠢ᠃

    ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠢᠭᠡᠳᠦᠯᠲᠡᠶ ᠭᠠᠷᠴᠠᠭ᠎ᠢ ᠦᠨᠳᠦᠰᠦᠯᠡᠨ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ ᠪᠠ ᠵᠢᠱ᠌ᠢᠶ᠎ᠡ ᠪᠤᠯᠬᠤ ᠪᠢᠴᠢᠭᠯᠡᠭᠰᠡᠨ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠵᠤ᠂ ᠦᠢ᠍ᠯᠡᠴᠢᠯᠡᠭᠡᠨ᠎ᠤ ᠵᠦᠢ᠍ᠯᠡᠰ᠎ᠢ ᠬᠦᠢ᠍ᠴᠡᠳᠬᠡᠬᠦ ᠭᠤᠤᠯ ᠴᠣᠭᠴᠠ᠂ ᠦᠨᠳᠦᠰᠦᠯᠡᠯ᠂ ᠴᠤᠪᠤᠷᠠᠯ᠂ ᠦᠷ᠎ᠡ ᠳ᠋ᠦᠩ ᠵᠡᠷᠭᠡ᠎ᠳᠤ ᠲᠣᠳᠣᠷᠬᠠᠶ ᠵᠢᠷᠤᠮᠵᠢᠯ ᠭᠠᠷᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠵᠶ᠋ᠠᠨ ᠬᠦᠢ᠍ᠴᠡᠳᠬᠡᠯᠬᠡᠬᠦ᠎ᠳᠤ ᠲᠣᠳᠣᠷᠬᠠᠶ ᠨᠠᠷᠢᠯᠢᠭ ᠵᠢᠯᠤᠭᠤᠳᠤᠮᠵᠢ ᠬᠠᠩᠭ᠋ᠠᠨ᠂ ᠨᠢᠭᠡ ᠤᠳᠠᠭ᠎ᠠ᠎ᠳᠤ ᠮᠡᠳᠡᠭᠳᠡᠬᠦ᠂ ᠨᠢᠭᠡ ᠯᠡ ᠬᠦᠰᠦᠨᠦᠭᠲᠦ᠎ᠪᠠᠷ ᠭᠤᠶᠤᠴᠢᠯᠠᠬᠤ ᠵᠢ ᠬᠡᠷᠡᠭᠵᠢᠬᠦᠯᠬᠦ ᠬᠡᠷᠡᠭᠳᠡᠢ; ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠡᠶᠡᠯᠡᠬᠦᠯᠦᠨ ᠬᠦᠢ᠍ᠴᠡᠳᠬᠡᠵᠦ᠂ ᠠᠵᠦ ᠠᠬᠤᠶ᠋ᠢᠯᠠᠯ ᠪᠠ ᠤᠯᠠᠨ ᠲᠦᠮᠡᠨ᠎ᠳᠤ ᠠᠵᠢᠯ ᠶᠠᠪᠤᠳᠠᠯ ᠬᠦᠢ᠍ᠴᠡᠳᠬᠡᠬᠦ ᠵᠦᠭᠯᠡᠬᠦᠷ᠎ᠤᠨ ᠲᠤᠭᠳᠠᠭ᠋ᠠᠯ᠎ᠠᠴᠠ ᠪᠤᠰᠤᠳ ᠱᠠᠭ᠋ᠠᠷᠳᠠᠯᠭ᠎ᠠ ᠳᠤᠷᠠᠳᠴᠦ ᠪᠤᠯᠬᠤ ᠦᠭᠡᠢ᠃

    ᠳᠤᠯᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠦᠯᠦ ᠬᠦᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠬᠤ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ᠂ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠠᠷᠠᠳ᠎ᠤᠨ ᠠᠮᠢᠳᠤᠷᠠᠯ᠎ᠤᠨ ᠣᠴᠢᠷ ᠶᠠᠪᠤᠳᠠᠯ ᠵᠡᠷᠭᠡ ᠬᠦᠢ᠍ᠴᠡᠳᠬᠡᠬᠦ ᠠᠵᠢᠯ ᠵᠶ᠋ᠠᠷ ᠶᠡᠭᠡ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠩᠬᠠᠷᠴᠤ ᠪᠥᠬᠦᠶ ᠭᠤᠤᠯᠳᠠᠯᠭ᠎ᠠ᠎ᠲᠠᠢ ᠬᠦᠷᠢᠶ᠎ᠡ ᠭᠤᠤᠯᠳᠠᠯᠭ᠎ᠠ᠎ᠲᠠᠢ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠭᠴᠤᠭ᠎ᠠ ᠵᠢ᠎ᠨᠢ ᠴᠦᠬᠡᠳᠭᠡᠬᠦ᠂ ᠮᠠᠲ᠋ᠧᠷᠢᠶᠠᠯ᠎ᠢ᠎ᠨᠢ ᠪᠠᠭ᠋ᠠᠰᠬᠠᠬᠤ᠂ ᠴᠠᠭ᠎ᠢ᠎ᠨᠢ ᠪᠤᠭᠤᠨᠢᠰᠬᠠᠬᠤ᠂ ᠵᠠᠷᠤᠳᠠᠯ᠎ᠢ᠎ᠨᠢ ᠪᠠᠭ᠋ᠠᠰᠬᠠᠬᠤ ᠱᠠᠭ᠋ᠠᠷᠳᠠᠯᠭ᠎ᠠ ᠶᠣᠰᠣᠭ᠋ᠠᠷ᠂ ᠪᠠᠷᠢᠮᠵᠢᠶᠠᠵᠢᠭᠤᠯᠬᠤ ᠠᠵᠢᠯ᠎ᠤᠨ ᠳᠦᠷᠢᠮᠯᠡᠯ ᠪᠠ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠢ ᠵᠦᠢ᠍ᠯ ᠳᠠᠷᠠᠭ᠋ᠠᠯᠠᠨ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃ ᠠᠳᠠᠯᠢ ᠪᠤᠰᠤ ᠱᠠᠲᠤ ᠲᠠᠰ᠂ ᠠᠳᠠᠯᠢ ᠪᠤᠰᠤ ᠣᠷᠣᠨ ᠪᠦᠰᠡ ᠵᠢᠨ ᠬᠤᠭᠤᠷᠣᠨᠳᠣᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠢᠵᠢᠯ ᠵᠦᠢ᠍ᠯᠡᠰ᠎ᠤᠨ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠤᠨ ᠵᠦᠢ᠍ᠯᠡᠰ᠎ᠤᠨ ᠨᠡᠷᠡᠶ᠋ᠢᠳᠦᠯ᠂ ᠦᠨᠳᠦᠰᠦᠨ ᠺᠣᠳ᠋᠂ ᠵᠦᠢ᠍ᠯᠡᠰ᠎ᠤᠨ ᠲᠥᠷᠥᠯ ᠬᠡᠯᠪᠡᠷᠢ᠂ ᠲᠣᠭᠲᠠᠭ᠋ᠠᠭᠰᠠᠨ ᠦᠨᠳᠦᠰᠦᠯᠡᠯ᠂ ᠭᠥᠯᠢᠶᠡᠨ ᠠᠪᠴᠤ ᠬᠦᠢ᠍ᠴᠡᠳᠬᠡᠬᠦ ᠨᠥᠬᠦᠴᠡᠯ᠂ ᠦᠢ᠍ᠯᠡᠴᠢᠯᠡᠬᠦᠯᠬᠦ ᠡᠲᠡᠭᠡᠳ᠂ ᠬᠦᠢ᠍ᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ᠎ᠪᠠᠷ ᠲᠣᠭᠲᠠᠭ᠋ᠠᠭᠰᠠᠨ ᠬᠦᠢ᠍ᠴᠡᠳᠬᠡᠵᠦ ᠳᠠᠭᠤᠰᠬᠠᠬᠤ ᠴᠠᠭ ᠬᠤᠭᠤᠴᠠᠭ᠎ᠠ᠂ ᠰᠦᠢ᠍ᠳᠬᠡᠯ ᠬᠤᠷᠢᠶᠠᠬᠤ ᠦᠨᠳᠦᠰᠦᠯᠡᠯ᠂ ᠬᠦᠢ᠍ᠴᠡᠳᠬᠡᠭᠰᠡᠨ ᠦᠷ᠎ᠡ ᠳ᠋ᠦᠩ ᠵᠡᠷᠭᠡ ᠦᠨᠳᠦᠰᠦᠨ ᠬᠦᠴᠦᠨ ᠵᠦᠢ᠍ᠯ᠎ᠤᠨ ᠠᠭᠤᠯᠭ᠎ᠠ ᠵᠢ ᠨᠢᠭᠡᠳᠦᠯᠲᠡᠶ ᠪᠠᠶ᠋ᠢᠯᠭ᠋ᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠲᠣᠰ ᠠᠵᠢᠯ ᠲᠥᠷᠥᠯ᠂ ᠲᠣᠰ ᠰᠢᠰᠲ᠋ᠧᠮ᠂ ᠲᠣᠰ ᠬᠦᠷᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠳᠡᠭᠡᠳᠦ ᠱᠠᠲᠤᠨ᠎ᠠᠴᠠ ᠳᠤᠤᠷᠠᠲᠦ ᠱᠠᠲᠤ ᠬᠦᠷᠲᠡᠯ᠎ᠡ ᠨᠢᠭᠡᠳᠦᠯᠲᠡᠶ ᠪᠠᠷᠢᠮᠵᠢᠶ᠎ᠠ᠎ᠲᠠᠢ ᠪᠠᠶ᠋ᠢᠬᠤ᠂ ᠲᠤᠬᠠᠶ᠋ᠢᠯᠠᠭᠰᠠᠨ ᠠᠵᠢᠯ᠎ᠳᠤ ᠵᠢᠭ᠋ᠠᠨ ᠵᠢᠯᠤᠭᠤᠳᠬᠤ᠂ ᠬᠢᠨᠠᠯᠲᠠ ᠲᠠᠯᠪᠢᠵᠤ ᠬᠡᠷᠡᠭᠵᠢᠭᠦᠯᠬᠦ ᠵᠢ ᠬᠠᠷᠢᠭᠤᠴᠠᠬᠤ ᠬᠡᠷᠡᠭᠳᠡᠢ᠃

      ᠨᠠᠢ᠍ᠮᠠᠳᠤᠭ᠋ᠠᠷ ᠵᠦᠢ᠍ᠯ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠢ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ (ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠴᠢᠨᠠᠷᠲᠠᠶ ᠲᠢᠩᠬᠢᠮ᠂ ᠲᠤᠰᠬᠠᠶ ᠬᠤᠪᠢᠶᠠᠷᠢ ᠲᠥᠪ᠂ ᠦᠢ᠍ᠯᠡᠴᠢᠯᠡᠭᠡᠨ᠎ᠤ ᠥᠷᠲᠡᠭᠡ ᠴᠡᠭ ᠵᠡᠷᠭᠡ᠂ ᠳᠣᠷᠣᠭᠰᠢ ᠠᠳᠠᠯᠢ)᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠭᠰᠠᠨ ᠲᠠᠪᠴᠠᠩ᠂ ᠦᠢ᠍ᠯᠡᠴᠢᠯᠡᠭᠡᠨ᠎ᠤ ᠰᠢᠯᠵᠢᠮᠡᠯ ᠦᠵᠦᠭᠦᠷ᠂ ᠥᠪᠡᠰᠦᠪᠡᠨ ᠦᠢ᠍ᠯᠡᠴᠢᠯᠡᠬᠦ ᠦᠵᠦᠭᠦᠷ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠨᠡᠶ᠋ᠢᠬᠡᠮ᠎ᠳᠤ ᠢᠯᠡ ᠪᠣᠯᠭ᠋ᠠᠬᠤ ᠵᠢᠨ ᠬᠠᠮᠲᠤ᠂ ᠬᠡᠷᠡᠭᠯᠡᠭᠡᠨ᠎ᠤ ᠫᠷᠤᠭ᠌ᠷᠠᠮ᠂ ᠬᠤᠶᠠᠷ ᠬᠡᠮᠵᠢᠯᠳᠦ ᠺᠣᠳ᠋ ᠵᠡᠷᠭᠡ ᠠᠷᠭ᠎ᠠ ᠮᠠᠶᠢᠭ ᠵᠶ᠋ᠠᠷ ᠬᠠᠶ᠋ᠢᠵᠤ ᠯᠠᠪᠯᠠᠬᠤ ᠵᠢ ᠲᠡᠮᠵᠢᠬᠦ ᠪᠦᠭᠡᠳ ᠢᠵᠢᠯ ᠢᠷᠡᠯᠲᠡ᠎ᠪᠠᠷ ᠬᠠᠮᠢᠶᠠᠷᠬᠤ᠂ ᠢᠵᠢᠯ ᠢᠷᠡᠯᠲᠡ᠎ᠪᠠᠷ ᠨᠡᠶ᠋ᠢᠲᠡᠯᠡᠬᠦ ᠵᠢ ᠬᠡᠷᠡᠭᠵᠢᠬᠦᠯᠬᠦ ᠬᠡᠷᠡᠭᠳᠡᠢ᠃

      ᠶᠢᠰᠦᠳᠦᠭᠡᠷ ᠵᠦᠢ᠍ᠯ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠲᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠠᠬᠢ ᠠᠵᠤ ᠠᠬᠤᠶ᠋ᠢᠯᠠᠯ ᠪᠠ ᠤᠯᠠᠨ ᠲᠦᠮᠡᠨ᠎ᠳᠤ ᠰᠢᠭᠤᠳ ᠬᠠᠨᠳᠤᠭᠤᠯᠤᠭᠰᠠᠨ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ ᠪᠠ ᠭᠤᠭᠴᠤᠭ᠎ᠠ ᠵᠢ ᠲᠣᠳᠣᠷᠬᠠᠢ ᠵᠢᠭᠰᠠᠭ᠋ᠠᠬᠤ ᠵᠢᠨ ᠬᠠᠮᠲᠤ᠂ ᠭᠤᠭᠴᠤᠭ᠎ᠠ ᠪᠦᠷᠢ᠎ᠳᠠᠬᠢ ᠰᠢᠢ᠍ᠳᠪᠦᠷᠢᠯᠡᠬᠦ ᠴᠠᠭ᠎ᠤᠨ ᠬᠢᠵᠠᠭ᠋ᠠᠷ᠂ ᠬᠢᠨᠠᠨ ᠪᠠᠶ᠋ᠢᠴᠠᠭ᠋ᠠᠬᠤ ᠪᠠᠷᠢᠮᠵᠢᠶ᠎ᠠ᠂ ᠬᠦᠢ᠍ᠴᠡᠳᠭᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠲᠣᠳᠣᠷᠬᠠᠢ ᠵᠢᠭᠰᠠᠭ᠋ᠠᠬᠤ ᠬᠡᠷᠡᠭᠳᠡᠢ᠃ ᠪᠢᠴᠢᠭᠯᠡᠭᠰᠡᠨ ᠮᠡᠳᠡᠭᠡ ᠵᠠᠩᠭᠢ᠎ᠠᠴᠠ ᠭᠠᠳᠠᠨ᠎ᠠ᠂ ᠪᠠᠰᠠ ᠲᠣᠳᠣ ᠪᠦᠭᠡᠳ ᠣᠶ᠋ᠢᠯᠠᠭ᠋ᠠᠮᠵᠢᠲᠠᠶ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠦᠢ᠍ᠯᠡᠴᠢᠯᠡᠭᠡ ᠵᠢ ᠨᠢᠭᠡ ᠴᠣᠭᠴᠠᠵᠢᠭᠤᠯᠤᠭᠰᠠᠨ ᠬᠦᠢ᠍ᠴᠡᠳᠬᠡᠬᠦ ᠶᠠᠪᠤᠴᠠ ᠵᠢᠨ ᠵᠢᠷᠤᠭ ᠴᠤᠪᠤᠷᠠᠯ ᠬᠦᠰᠦᠨᠦᠭᠲᠦ ᠵᠢ ᠬᠠᠩᠭ᠋ᠠᠬᠤ ᠬᠡᠷᠡᠭᠳᠡᠢ᠃

    ᠠᠷᠪᠠᠳᠤᠭ᠋ᠠᠷ ᠵᠦᠢ᠍ᠯ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠲᠤ ᠵᠦᠢ᠍ᠯᠡᠰ᠎ᠤᠨ ᠨᠡᠷᠡᠶ᠋ᠢᠳᠦᠯ᠂ ᠵᠦᠢ᠍ᠯᠡᠰ᠎ᠤᠨ ᠳ᠋ᠤᠭ᠋ᠠᠷᠯᠠᠯ᠂ ᠵᠦᠢ᠍ᠯᠡᠰ᠎ᠤᠨ ᠲᠦᠷᠦᠯ ᠬᠡᠯᠪᠡᠷᠢ᠂ ᠲᠣᠭᠲᠠᠭ᠋ᠠᠬᠤ ᠦᠨᠳᠦᠰᠦᠯᠡᠯ᠂ ᠬᠡᠷᠡᠭᠵᠢᠭᠦᠯᠬᠦ ᠭᠤᠤᠯ ᠴᠣᠭᠴᠠ᠂ ᠬᠦᠯᠢᠶᠡᠨ ᠠᠪᠴᠤ ᠬᠦᠢ᠍ᠴᠡᠳᠬᠡᠬᠦ ᠨᠥᠬᠦᠴᠡᠯ᠂ ᠦᠢ᠍ᠯᠡᠴᠢᠯᠡᠬᠦᠯᠬᠦ ᠡᠲᠡᠭᠡᠳ᠂ ᠬᠠᠤᠯᠢ᠎ᠪᠠᠷ ᠲᠣᠭᠲᠠᠭ᠋ᠠᠭᠰᠠᠨ ᠬᠦᠢ᠍ᠴᠡᠳᠭᠡᠵᠦ ᠳᠠᠭᠤᠰᠬᠠᠬᠤ ᠴᠠᠭ᠎ᠤᠨ ᠬᠢᠵᠠᠭ᠋ᠠᠷ᠂ ᠬᠦᠢ᠍ᠴᠡᠳᠬᠡᠵᠦ ᠳᠠᠭᠤᠰᠬᠠᠬᠤ᠎ᠪᠠᠷ ᠠᠮᠠᠯᠠᠭᠰᠠᠨ ᠴᠠᠭ᠎ᠤᠨ ᠬᠢᠵᠠᠭ᠋ᠠᠷ᠂ ᠦᠷ᠎ᠡ ᠳ᠋ᠦᠩ᠎ᠤᠨ ᠨᠡᠷᠡᠶ᠋ᠢᠳᠦᠯ᠂ ᠦᠷ᠎ᠡ ᠳ᠋ᠦᠩ᠎ᠤᠨ ᠦᠯᠢᠭᠡᠷ ᠶᠠᠩᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠦᠨᠳᠦᠰᠦᠯᠡᠯ᠂ ᠭᠤᠶᠤᠴᠢᠯᠠᠯ᠎ᠤᠨ ᠮᠠᠲ᠋ᠧᠷᠢᠶᠠᠯ᠂ ᠳᠤᠳᠠᠭᠳᠠᠵᠦ ᠪᠠᠶ᠋ᠢᠭ᠎ᠠ ᠵᠢ᠎ᠨᠢ ᠳᠠᠷᠠᠭ᠎ᠠ᠎ᠳᠤ᠎ᠨᠢ ᠨᠦᠬᠦᠪᠦᠷᠢᠯᠡᠬᠦ᠎ᠪᠠᠷ ᠤᠷᠢᠳᠴᠢᠯᠡᠨ ᠬᠦᠯᠢᠶᠡᠨ ᠠᠪᠴᠦ ᠬᠦᠢ᠍ᠴᠡᠳᠬᠡᠬᠦ᠂ ᠬᠦᠢ᠍ᠴᠡᠳᠬᠡᠬᠦ ᠴᠤᠪᠤᠷᠠᠯ ᠬᠦᠢ᠍ᠴᠡᠳᠬᠡᠬᠦ ᠬᠡᠯᠪᠡᠷᠢ᠂ ᠬᠢᠨᠠᠨ ᠪᠠᠶ᠋ᠢᠴᠠᠭ᠋ᠠᠬᠤ ᠪᠠᠷᠢᠮᠵᠢᠶ᠎ᠠ᠂ ᠨᠡᠶ᠋ᠢᠳᠡᠮ ᠭᠦᠢ᠍ᠴᠡᠳᠬᠡᠬᠦ ᠬᠡᠪᠴᠢᠶ᠎ᠡ᠂ ᠪᠣᠯᠵᠣᠨ ᠭᠦᠢ᠍ᠴᠡᠳᠬᠡᠬᠦ᠂ ᠰᠦᠯᠵᠢᠶ᠎ᠡ᠎ᠪᠠᠷ ᠲᠤᠭ᠋ᠠᠴᠠᠭ᠎ᠠ ᠬᠢᠬᠦ᠂ ᠪᠠᠷᠠᠭ᠋ᠠᠨ᠎ᠤ ᠭᠦᠢ᠍ᠯᠭᠡᠭᠡᠨ᠎ᠤ ᠲᠦᠷᠭᠡᠨ ᠢᠯᠡᠭᠡᠯᠲᠡ᠂ ᠬᠦᠢ᠍ᠴᠡᠳᠬᠡᠬᠦ ᠭᠠᠵᠠᠷ᠂ ᠬᠦᠢ᠍ᠴᠡᠳᠬᠡᠬᠦ ᠴᠠᠭ᠂ ᠵᠥᠪᠯᠡᠯᠭᠡ ᠥᠭᠬᠦ ᠠᠷᠭ᠎ᠠ ᠮᠠᠶᠢᠭ᠂ ᠠᠰᠠᠭᠤᠨ ᠯᠠᠪᠯᠠᠬᠤ ᠠᠷᠭ᠎ᠠ ᠮᠠᠶᠢᠭ ᠵᠡᠷᠭᠡ ᠬᠦᠴᠦᠨ ᠵᠦᠢ᠍ᠯ᠎ᠢ ᠪᠠᠭᠲᠠᠭ᠋ᠠᠬᠤ ᠬᠡᠷᠡᠭᠳᠡᠢ᠃

    ᠠᠷᠪᠠᠨ ᠨᠢᠭᠡᠳᠦᠭᠡᠷ ᠵᠦᠢ᠍ᠯ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠲᠤ ᠬᠡᠷᠡᠭᠰᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠨᠡᠷᠡᠶ᠋ᠢᠳᠦᠯ᠂ ᠮᠠᠲ᠋ᠧᠷᠢᠶᠠᠯ᠎ᠤᠨ ᠲᠦᠷᠦᠯ ᠬᠡᠯᠪᠡᠷᠢ᠂ ᠮᠠᠲ᠋ᠧᠷᠢᠶᠠᠯ᠎ᠤᠨ ᠦᠯᠢᠭᠡᠷ ᠬᠡᠪ᠂ ᠡᠯᠸᠺᠲᠷᠣᠨ ᠬᠦᠰᠦᠨᠦᠭᠲᠦ᠂ ᠢᠷᠡᠯᠲᠡ ᠵᠢᠨ ᠠᠷᠭ᠎ᠠ ᠵᠠᠮ᠂ ᠮᠠᠲ᠋ᠧᠷᠢᠶᠠᠯ᠎ᠤᠨ ᠲᠤᠭ᠎ᠠ ᠪᠠ ᠬᠡᠪ ᠪᠠᠷᠢᠮᠵᠢᠶ᠎ᠠ᠂ ᠡᠯᠸᠺᠲᠷᠣᠨ ᠮᠠᠲ᠋ᠧᠷᠢᠶᠠᠯ ᠬᠡᠷᠡᠭᠰᠡᠬᠦ ᠡᠰᠡᠬᠦ ᠵᠡᠷᠭᠡ ᠮᠡᠳᠡᠭᠡ ᠵᠠᠩᠭᠢ ᠵᠢ ᠲᠣᠳᠣᠷᠬᠠᠢ ᠵᠢᠭᠰᠠᠭ᠋ᠠᠬᠤ ᠬᠡᠷᠡᠭᠳᠡᠢ᠃

     (ᠨᠢᠭᠡ) ᠭᠤᠶᠤᠴᠢᠯᠠᠬᠤ ᠮᠠᠲ᠋ᠧᠷᠢᠶᠠᠯ᠎ᠨᠢ ᠡᠷᠬᠡᠪᠰᠢ ᠵᠤᠬᠢᠬᠤ ᠬᠠᠤᠯᠢ ᠴᠠᠭ᠋ᠠᠵᠠ ᠲᠣᠭᠲᠠᠭ᠋ᠠᠯ ᠲᠦᠷᠢᠮ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠬᠤ ᠬᠡᠷᠡᠭᠲᠡᠢ᠂ 《ᠪᠤᠰᠤᠳ᠂ ᠬᠤᠯᠪᠤᠭᠳᠠᠯ ᠪᠦᠬᠦᠢ》 ᠵᠡᠷᠭᠡ ᠪᠠᠯᠠᠷᠬᠠᠢ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠵᠤᠷᠪᠤᠰ᠎ᠤᠳ᠎ᠢ ᠪᠠᠭᠲᠠᠭ᠋ᠠᠬᠤ ᠦᠭᠡᠢ᠃

     (ᠬᠤᠶᠠᠷ) ᠱᠠᠭ᠋ᠠᠷᠳᠠᠭᠳᠠᠵᠦ ᠪᠦᠬᠦᠢ ᠭᠡᠷᠡᠴᠢᠯᠡᠬᠦ ᠲᠦᠷᠦᠯ᠎ᠤᠨ ᠮᠠᠲ᠋ᠧᠷᠢᠶᠠᠯ᠎ᠨᠢ ᠲᠤᠰ ᠱᠠᠲᠤᠨ᠎ᠤ ᠭᠡᠷᠡᠴᠢᠯᠡᠬᠦ ᠵᠦᠢ᠍ᠯᠡᠰ᠎ᠤᠨ ᠭᠠᠷᠴᠠᠭ᠎ᠲᠤ ᠪᠠᠶ᠋ᠢᠬᠤ ᠬᠡᠷᠡᠭᠳᠡᠢ᠃ ᠦᠨᠡᠨ ᠬᠦ᠌ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠲᠤᠭᠲᠠᠭ᠋ᠠᠬᠤ᠂ ᠵᠠᠰᠠᠪᠤᠷᠢ ᠤᠷᠤᠭᠤᠯᠬᠤ᠂ ᠬᠦᠴᠦᠨ ᠦᠭᠡᠶ ᠪᠤᠯᠭ᠋ᠠᠬᠤ᠎ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠᠲᠠᠶ ᠬᠡᠷᠡᠴᠢᠯᠡᠭᠡ ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ 15 ᠠᠵᠢᠯᠯᠠᠬᠤ ᠡᠳᠦᠷ᠎ᠤᠨ ᠳᠣᠲᠣᠷ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠪᠦᠷᠢᠳᠬᠡᠨ ᠳᠠᠩᠰᠠᠯᠠᠭᠤᠯᠬᠤ ᠬᠡᠷᠡᠭᠳᠡᠢ᠃

     (ᠭᠤᠷᠪᠠ) ᠱᠠᠭ᠋ᠠᠷᠳᠠᠭᠳᠠᠵᠦ ᠪᠦᠬᠦᠢ ᠬᠦᠰᠦᠨᠦᠭᠲᠦ ᠵᠢᠨ ᠲᠥᠷᠥᠯ᠎ᠤᠨ ᠮᠠᠲ᠋ᠧᠷᠢᠶᠠᠯ ᠵᠶ᠋ᠠᠨ ᠬᠤᠭᠤᠰᠣᠨ ᠡᠯᠸᠺᠲᠷᠣᠨ ᠬᠦᠰᠦᠨᠦᠭᠲᠦ ᠪᠠ ᠦᠯᠢᠭᠡᠷ ᠬᠡᠪ ᠪᠤᠯᠭ᠋ᠠᠬᠤ ᠡᠯᠧᠺᠳ᠋ᠷᠤᠨ ᠬᠦᠰᠦᠨᠦᠭᠲᠦ ᠵᠢ ᠪᠠᠭᠤᠯᠭ᠋ᠠᠬᠤ ᠦᠢ᠍ᠯᠡᠴᠢᠯᠡᠭᠡ ᠬᠠᠩᠭ᠋ᠠᠬᠤ ᠬᠡᠷᠡᠭᠳᠡᠢ᠃

     (ᠳᠥᠷᠪᠡ) ᠭᠤᠶᠤᠴᠢᠯᠠᠯ᠎ᠤᠨ ᠮᠠᠲ᠋ᠧᠷᠢᠶᠠᠯ᠎ᠢ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ᠎ᠠᠴᠠ ᠭᠠᠷᠭ᠋ᠠᠬᠤ ᠴᠢᠬᠤᠯᠠ᠎ᠲᠠᠢ ᠪᠣᠯ ᠲᠤᠰ ᠪᠠᠶ᠋ᠢᠭᠤᠯᠤᠮᠵᠢ ᠵᠢᠨ ᠲᠥᠷᠥᠯ ᠢᠯᠭ᠋ᠠᠯ ᠪᠤᠶᠤ ᠬᠠᠤᠯᠢ᠎ᠪᠠᠷ ᠲᠤᠭᠲᠠᠭ᠋ᠠᠭᠰᠠᠨ ᠬᠢᠷᠢ ᠬᠡᠮ᠎ᠤᠨ ᠱᠠᠭ᠋ᠠᠷᠳᠠᠯᠭ᠎ᠠ ᠵᠢ᠎ᠨᠢ ᠲᠤᠳᠤᠷᠬᠠᠶ᠋ᠢᠯᠠᠬᠤ ᠬᠡᠷᠡᠭᠳᠡᠢ᠃

     (ᠲᠠᠪᠤ) ᠰᠠᠯᠠᠭ᠎ᠠ ᠮᠥᠴᠢᠷ᠎ᠤᠨ ᠬᠤᠭᠤᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ᠎ᠪᠠᠷ ᠳᠠᠮᠵᠢᠨ ᠣᠯᠤᠭᠰᠠᠨ ᠮᠠᠲ᠋ᠧᠷᠢᠶᠠᠯ᠎ᠢ ᠰᠢᠭᠤᠳ ᠮᠠᠲ᠋ᠧᠷᠢᠶᠠᠯ᠎ᠤᠨ ᠨᠠᠷᠢᠨ ᠬᠠᠭᠤᠳᠠᠰᠤ᠎ᠠᠴᠠ ᠬᠠᠷᠭᠤᠭᠤᠯᠤᠨ ᠬᠠᠰᠤᠵᠤ ᠪᠣᠯᠤᠨ᠎ᠠ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠥᠬᠡᠶ; ᠮᠠᠲ᠋ᠧᠷᠢᠶᠠᠯ᠎ᠤᠨ ᠨᠠᠷᠢᠨ ᠬᠠᠭᠤᠳᠠᠰᠤ᠎ᠠᠴᠠ ᠬᠠᠷᠭᠤᠭᠤᠯᠤᠨ ᠬᠠᠰᠤᠵᠤ ᠪᠤᠯᠬᠤ ᠥᠬᠡᠶ ᠪᠤᠯ᠂ ᠰᠠᠯᠠᠭ᠎ᠠ ᠮᠥᠴᠢᠷ᠎ᠤᠨ ᠬᠤᠭᠤᠷᠤᠨᠳᠤᠬᠢ ᠬᠠᠮᠳᠤ᠎ᠪᠠᠷ ᠭᠥᠷᠳᠡᠬᠦ ᠡᠯᠸᠺᠲᠷᠣᠨ ᠭᠡᠷᠡᠴᠢ ᠦᠨᠡᠮᠯᠡᠯ ᠵᠶ᠋ᠠᠷ ᠳᠡᠮᠵᠢᠨ ᠣᠯᠵᠤ ᠪᠣᠯᠤᠨ᠎ᠠ᠂ ᠭᠡᠪᠡᠴᠦ ᠠᠵᠤ ᠠᠬᠤᠶ᠋ᠢᠯᠠᠯ ᠪᠠ ᠣᠯᠠᠨ ᠲᠦᠮᠡᠨ ᠡᠷᠬᠡ ᠤᠯᠭᠤᠵᠦ ᠨᠤᠲᠠᠯᠠᠭᠰᠠᠨ ᠪᠠᠶ᠋ᠢᠬᠤ ᠬᠡᠷᠡᠭᠳᠡᠢ᠃ ᠨᠢᠭᠡᠨᠲᠡ ᠬᠠᠤᠯᠢ ᠶᠤᠰᠤ᠎ᠪᠠᠷ ᠬᠤᠪᠢᠷᠠᠭ᠋ᠠᠵᠦ ᠬᠠᠯᠠᠭᠰᠠᠨ᠎ᠢ᠎ᠨᠢ ᠨᠤᠲᠠᠯᠠᠭᠰᠠᠨ ᠪᠤᠯ᠂ ᠬᠤᠪᠢᠷᠠᠭ᠋ᠠᠵᠦ ᠬᠠᠯᠠᠭᠰᠠᠨ᠎ᠤ ᠳᠠᠷᠠᠭ᠋ᠠᠬᠢ ᠮᠠᠲ᠋ᠧᠷᠢᠶᠠᠯ ᠵᠶ᠋ᠠᠷ ᠪᠠᠷᠢᠮᠵᠢᠶ᠎ᠠ ᠪᠤᠯᠭ᠋ᠠᠬᠤ ᠬᠡᠷᠡᠭᠳᠡᠢ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠨᠥᠬᠦᠴᠡᠯ᠎ᠲᠠᠢ ᠬᠦᠢ᠍ᠴᠡᠳᠬᠡᠬᠦ ᠵᠠᠭᠤᠴᠢ ᠦᠢ᠍ᠯᠡᠴᠢᠯᠡᠭᠡᠨ᠎ᠤ ᠵᠦᠢ᠍ᠯᠡᠰ ᠪᠠ ᠭᠡᠷᠡᠴᠢᠯᠡᠬᠦ ᠵᠦᠢ᠍ᠯᠡᠰ᠎ᠲᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ᠎ᠤᠨ ᠦᠨᠳᠦᠰᠦᠯᠡᠯ ᠪᠠᠶ᠋ᠢᠬᠤ ᠬᠡᠷᠡᠭᠳᠡᠢ᠃

      ᠠᠷᠪᠠᠨ ᠬᠤᠶᠠᠳᠤᠭ᠋ᠠᠷ ᠵᠦᠢ᠍ᠯ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠵᠥᠪᠰᠢᠶᠡᠷᠡᠭᠰᠡᠨ᠎ᠠᠴᠠ ᠪᠤᠶ ᠪᠣᠯᠤᠭᠰᠠᠨ ᠴᠣᠬᠤᠯᠠᠪᠤᠷᠢ ᠪᠢᠴᠢᠭ ᠪᠤᠶᠤ ᠭᠡᠷᠡᠴᠢ ᠦᠨᠡᠮᠯᠡᠯ ᠵᠡᠷᠭᠡ ᠦᠷ᠎ᠡ ᠳ᠋ᠦᠩ ᠪᠤᠯᠭ᠋ᠠᠬᠤ ᠪᠢᠴᠢᠭ ᠬᠠᠷ᠎ᠠ ᠵᠢᠨ ᠦᠯᠢᠭᠡᠷ ᠬᠡᠪ᠎ᠢ ᠬᠠᠩᠭ᠋ᠠᠬᠤ ᠬᠡᠷᠡᠭᠳᠡᠢ᠃ ᠦᠯᠢᠭᠡᠷ ᠬᠡᠪ᠎ᠢ ᠠᠮᠤᠷ ᠲᠦᠪᠰᠢᠨ ᠨᠡᠶ᠋ᠢᠳᠡᠮ ᠬᠡᠷᠡᠭᠯᠡᠬᠦ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠭᠠᠷᠭ᠋ᠠᠨ᠎ᠠ᠂ ᠬᠡᠷᠪᠡ ᠠᠵᠤ ᠠᠬᠤᠶ᠋ᠢᠯᠠᠯ ᠪᠤᠶᠤ ᠬᠤᠪᠢ ᠬᠥᠮᠦᠨ᠎ᠤ ᠢᠯᠡ ᠪᠠᠶ᠋ᠢᠯᠭ᠋ᠠᠬᠤ᠎ᠳᠤ ᠲᠣᠬᠢᠷᠠᠮᠵᠢ ᠥᠬᠡᠶ ᠮᠡᠳᠡᠭᠡ ᠵᠠᠩᠭᠢ᠎ᠲᠠᠢ ᠬᠤᠯᠪᠣᠭᠳᠠᠪᠠᠯ᠂ ᠡᠷᠬᠡᠪᠰᠢ ᠨᠢᠭᠤᠴᠠᠯᠠᠵᠦ ᠬᠦᠢ᠍ᠴᠡᠳᠬᠡᠬᠦ ᠬᠡᠷᠡᠭᠲᠡᠶ᠃

      ᠠᠷᠪᠠᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠲᠦᠷᠢᠮ᠎ᠢ ᠲᠤᠭᠲᠠᠭ᠋ᠠᠬᠤ᠂ ᠵᠠᠰᠠᠪᠤᠷᠢ ᠤᠷᠤᠭᠤᠯᠬᠤ᠂ ᠬᠦᠴᠦᠨ ᠥᠬᠡᠶ ᠪᠤᠯᠭ᠋ᠠᠬᠤ᠎ᠠᠴᠠ ᠪᠣᠯᠵᠣ ᠠᠵᠢᠯ ᠶᠠᠪᠤᠳᠠᠯ ᠬᠦᠢ᠍ᠴᠡᠳᠬᠡᠬᠦ ᠵᠦᠭᠯᠡᠭᠦᠷ᠎ᠲᠤ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠭᠰᠠᠨ ᠪᠤᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠪᠥᠬᠦ ᠣᠷᠣᠨ᠎ᠤ ᠨᠢᠭᠡ ᠴᠣᠠᠠᠴᠠᠵᠢᠭᠤᠯᠥᠠᠠᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠵᠡᠷᠭᠡ᠎ᠳᠤ᠎ᠨᠢ ᠲᠣᠬᠢᠷᠠᠭᠤᠯᠤᠯᠲᠠ ᠬᠢᠬᠦ ᠵᠢ ᠪᠡᠶᠡᠯᠡᠭᠦᠯᠵᠦ᠂ ᠲᠣᠰ ᠠᠷᠭ᠎ᠠ ᠵᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠢᠯᠡ ᠨᠡᠶ᠋ᠢᠲᠡᠯᠡᠪᠡᠯ ᠵᠤᠬᠢᠨ᠎ᠠ᠃

      ᠠᠷᠪᠠᠨ ᠳᠥᠷᠪᠡᠳᠦᠭᠡᠷ ᠵᠦᠢ᠍ᠯ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠤᠶᠤ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠵᠡᠷᠭᠡ ᠪᠠᠶ᠋ᠢᠳᠠᠯ᠎ᠠᠴᠠ ᠭᠠᠳᠠᠨ᠎ᠠ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠲᠣᠰ ᠨᠢᠭᠡᠴᠢ ᠵᠢᠨ ᠵᠶ᠋ᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠪᠦᠬᠦᠨ᠎ᠢ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠠᠠᠴᠠᠵᠢᠭᠤᠯᠥᠠᠠᠰᠠᠨ ᠲᠠᠪᠴᠠᠩ᠎ᠳᠤ ᠣᠷᠣᠭᠤᠯᠤᠨ ᠪᠥᠬᠦ ᠶᠠᠪᠤᠴᠠ᠎ᠪᠠᠷ᠎ᠨᠢ ᠬᠦᠢ᠍ᠴᠡᠳᠬᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠣᠯᠠᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠦᠢ᠍ᠴᠡᠳᠬᠡᠬᠦ ᠠᠷᠭ᠎ᠠ ᠵᠠᠮ ᠬᠠᠩᠭ᠋ᠠᠬᠤ ᠬᠡᠷᠡᠭᠳᠡᠢ᠂ ᠬᠦᠢ᠍ᠴᠡᠳᠬᠡᠬᠦ ᠠᠷᠭ᠎ᠠ ᠵᠠᠮ᠎ᠢ᠎ᠨᠢ ᠬᠢᠵᠠᠭ᠋ᠠᠷᠯᠠᠨ ᠲᠤᠭᠲᠠᠭ᠋ᠠᠵᠦ ᠪᠤᠯᠬᠤ ᠦᠭᠡᠢ᠃

      ᠭᠤᠷᠪᠠᠳᠤᠭ᠋ᠠᠷ ᠪᠦᠯᠦᠭ ᠰᠦᠯᠵᠢᠶᠡᠨ᠎ᠳᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠷᠢᠮᠵᠢᠶᠠᠵᠢᠭᠤᠯᠤᠯᠲᠠ

      ᠠᠷᠪᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ 《ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠷᠢᠮᠵᠢᠶ᠎ᠠ》 ᠶᠣᠰᠣᠭ᠋ᠠᠷ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠭᠰᠠᠨ ᠲᠠᠪᠴᠠᠩ᠎ᠢ ᠬᠠᠷᠢᠭᠤᠴᠠᠨ ᠪᠠᠶ᠋ᠢᠭᠤᠯᠬᠤ ᠵᠢᠨ ᠬᠠᠮᠲᠤ᠂ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠭᠰᠠᠨ ᠲᠠᠪᠴᠠᠩ᠎ᠯᠤᠭ᠎ᠠ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠬᠦᠯᠬᠦ ᠬᠡᠷᠡᠭᠳᠡᠢ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠣᠰ ᠱᠠᠲᠤᠨ᠎ᠤ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ ᠵᠢᠨ 《ᠦᠢ᠍ᠯᠡᠴᠢᠯᠡᠭᠡ》 ᠵᠢᠨ ᠪᠤᠯᠤᠩ᠎ᠳᠤ ᠤᠷᠤᠴᠠ ᠲᠣᠬᠢᠷᠠᠭᠤᠯᠵᠤ᠂ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ ᠬᠢᠭᠡᠳ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠠᠠᠴᠠᠵᠢᠭᠤᠯᠥᠠᠠᠰᠠᠨ ᠲᠠᠪᠴᠠᠩ᠎ᠤᠨ ᠵᠤᠯᠭ᠋ᠠᠯᠳᠤᠯ ᠪᠠ ᠨᠢᠭᠤᠷ᠎ᠤᠨ ᠳᠡᠯᠭᠡᠴᠡ ᠵᠢᠨ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠭᠰᠠᠨ ᠲᠠᠪᠴᠠᠩ᠎ᠳᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠰᠢᠰᠲ᠋ᠧᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠫᠤᠷᠲ᠋ᠧᠯ᠂ ᠪᠡᠶ᠎ᠡ ᠭᠠᠷᠤᠯ᠎ᠤᠨ ᠭᠡᠷᠡᠴᠢᠯᠡᠬᠦ ᠰᠢᠰᠲ᠋ᠧᠮ᠂ ᠡᠯᠸᠺᠲᠷᠣᠨ ᠭᠡᠷᠡᠴᠢ ᠦᠨᠡᠮᠯᠡᠯ᠎ᠤᠨ ᠰᠢᠰᠲ᠋ᠧᠮ᠂ ᠡᠯᠸᠺᠲᠷᠣᠨ ᠲᠠᠮᠠᠭ᠎ᠠ ᠵᠢᠨ ᠰᠢᠰᠲ᠋ᠧᠮ ᠪᠠ 《ᠰᠠᠶ᠋ᠢᠨ ᠪᠠ ᠠᠨᠠᠢ ᠵᠢᠨ ᠦᠨᠡᠯᠡᠯᠲᠡ》 ᠵᠢᠨ ᠰᠢᠰᠲ᠋ᠧᠮ᠎ᠢ ᠨᠢᠭᠡᠳᠦᠯᠲᠡᠶ ᠠᠰᠢᠭᠯᠠᠬᠤ ᠬᠡᠷᠡᠭᠳᠡᠢ᠂ ᠬᠠᠮᠢᠶ᠎ᠠ ᠪᠥᠬᠦᠶ ᠰᠢᠰᠲ᠋ᠧᠮ᠎ᠢ ᠳᠠᠪᠬᠤᠷᠳᠠᠭᠤᠯᠤᠨ ᠪᠠᠶ᠋ᠢᠭᠤᠯᠵᠦ ᠪᠤᠯᠬᠤ ᠦᠭᠡᠢ᠃

      ᠠᠷᠪᠠᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ 《ᠬᠡᠨ ᠪᠠᠶ᠋ᠢᠭᠤᠯᠪᠠᠯ᠂ ᠲᠡᠷᠡ ᠵᠣᠯᠭ᠋ᠠᠭᠤᠯᠬᠤ》 ᠱᠠᠭ᠋ᠠᠷᠳᠠᠯᠭ᠎ᠠ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠎ᠤᠨ ᠬᠦᠢ᠍ᠴᠡᠳᠬᠡᠬᠦ ᠰᠢᠰᠲ᠋ᠧᠮ ᠵᠶ᠋ᠠᠨ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠠᠠᠴᠠᠵᠢᠭᠤᠯᠥᠠᠠᠰᠠᠨ ᠲᠠᠪᠴᠠᠩ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠳᠤ᠎ᠪᠠᠷ ᠭᠥᠷᠳᠡᠬᠦ ᠲᠠᠪᠴᠠᠩ᠎ᠯᠤᠭ᠎ᠠ ᠵᠣᠯᠭ᠋ᠠᠭᠤᠯᠵᠤ᠂ ᠰᠦᠯᠵᠢᠶ᠎ᠡ᠎ᠪᠠᠨ ᠨᠡᠪᠲᠡᠷᠡᠭᠦᠯᠦᠭᠰᠡᠨ᠂ ᠳ᠋ᠠᠶ᠋ᠢᠲ᠋ᠠ ᠵᠢ ᠬᠠᠮᠲᠤ᠎ᠪᠠᠷ ᠬᠦᠷᠲᠡᠭᠰᠡᠨ᠂ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠬᠠᠮᠵᠢᠯᠴᠠᠭᠰᠠᠨ ᠪᠤᠯᠭ᠋ᠠᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠯᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠬᠡᠬᠦ》 ᠵᠢ ᠠᠬᠢᠭᠤᠯᠬᠤ ᠬᠡᠷᠡᠭᠳᠡᠢ᠃

      ᠠᠷᠪᠠᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠰᠦᠯᠵᠢᠶᠡᠨ ᠥᠷᠲᠡᠭᠡ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠦᠢ᠍ᠴᠡᠳᠬᠡᠬᠦ ᠪᠤᠯᠤᠩ᠎ᠨᠢ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠠᠠᠴᠠᠵᠢᠭᠤᠯᠥᠠᠠᠰᠠᠨ ᠲᠠᠪᠴᠠᠩ᠎ᠤᠨ ᠳ᠋ᠠᠶ᠋ᠢᠲ᠋ᠠ ᠪᠠ ᠦᠢ᠍ᠯᠡᠴᠢᠯᠡᠭᠡ ᠵᠢᠨ ᠢᠷᠡᠯᠲᠡ ᠨᠢᠭᠡᠳᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠳᠡᠢ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠤᠨᠴᠠᠯᠢᠭ᠎ᠲᠠᠢ ᠦᠢ᠍ᠯᠡᠴᠢᠯᠡᠭᠡ ᠵᠢᠨ ᠵᠠᠯᠭ᠋ᠠᠨ ᠣᠷᠣᠭᠤᠯᠬᠤ ᠪᠠ ᠪᠥᠲᠥᠭᠡᠨ ᠪᠠᠶ᠋ᠢᠭᠤᠯᠬᠤ ᠠᠵᠢᠯ᠎ᠢ ᠥᠷᠨᠢᠭᠦᠯᠵᠦ᠂ 《ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠫᠤᠷᠲ᠋ᠧᠯ᠎ᠤᠨ ᠠᠷᠠᠳ᠎ᠲᠤ ᠲᠥᠬᠦᠮ ᠦᠵᠡᠭᠦᠯᠬᠦ ᠬᠡᠷᠡᠭᠯᠡᠭᠡᠨ᠎ᠢ ᠵᠠᠯᠭ᠋ᠠᠨ ᠣᠷᠣᠭᠤᠯᠬᠤ ᠨᠢᠭᠡᠳᠦᠯᠲᠡᠶ ᠵᠦᠭᠯᠡᠭᠦᠷ》 ᠶᠣᠰᠣᠭ᠋ᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠨᠢᠭᠤᠷ ᠪᠠ ᠬᠠᠷᠢᠯᠴᠠᠨ ᠰᠣᠯᠢᠯᠴᠠᠬᠤ ᠴᠢᠳᠠᠮᠵᠢ ᠵᠢ ᠨᠡᠭᠡᠭᠡᠨ ᠬᠥᠭᠵᠢᠭᠦᠯᠵᠦ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠨᠢᠭᠡᠳᠦᠯᠲᠡᠶ ᠬᠢᠨᠠᠨ ᠬᠠᠷᠭᠤᠭᠤᠯᠵᠤ ᠨᠡᠶ᠋ᠢᠲᠡᠯᠡᠬᠦ ᠵᠢ ᠬᠠᠷᠢᠭᠤᠴᠠᠬᠤ ᠬᠡᠷᠡᠭᠳᠡᠢ᠃

      ᠠᠷᠪᠠᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭ᠋ᠠᠷ᠂ ᠬᠡᠷᠡᠭᠯᠡᠭᠴᠢᠳ᠎ᠲᠤ ᠦᠢ᠍ᠯᠡᠴᠢᠯᠡᠬᠦ᠂ ᠳ᠋ᠠᠶ᠋ᠢᠲ᠋ᠠ ᠨᠡᠪᠲᠡᠷᠡᠬᠦᠯᠬᠦ᠂ ᠲᠤᠬᠠᠶ᠋ᠢᠯᠠᠭᠰᠠᠨ ᠠᠵᠢᠯ᠎ᠤᠨ ᠦᠵᠦᠬᠦᠷ᠎ᠤᠨ ᠰᠠᠭᠤᠷᠢᠨ ᠳᠡᠭᠡᠷ᠎ᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ 《ᠮᠥᠩᠬᠡ ᠰᠤᠪᠠᠭ ᠵᠶ᠋ᠠᠷ ᠬᠦᠢ᠍ᠴᠡᠳᠬᠡᠬᠦ》 ᠰᠢᠯᠵᠢᠮᠡᠯ ᠦᠵᠦᠭᠦᠷ᠎ᠲᠤ ᠵᠠᠯᠭ᠋ᠠᠵᠦ᠂ ᠰᠢᠯᠵᠢᠮᠡᠯ ᠦᠵᠦᠭᠦᠷ ᠵᠶ᠋ᠠᠷ ᠬᠠᠶ᠋ᠢᠨ ᠯᠠᠪᠯᠠᠬᠤ᠂ ᠠᠵᠢᠯ ᠶᠠᠪᠤᠳᠠᠯ ᠬᠦᠢ᠍ᠴᠡᠳᠬᠡᠬᠦ᠂ ᠬᠡᠷᠡᠭᠯᠡᠬᠦ ᠵᠡᠷᠭᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠠᠩᠭ᠋ᠠᠬᠤ ᠬᠡᠷᠡᠭᠳᠡᠢ᠃

    ᠠᠷᠪᠠ ᠶᠢᠰᠦᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠥᠬᠦ ᠶᠠᠪᠤᠴᠠ᠎ᠪᠠᠷ᠎ᠨᠢ   ᠡᠯᠸᠺᠲᠷᠤᠨᠵᠢᠬᠦᠯᠬᠦ᠂ ᠪᠥᠬᠦ ᠶᠠᠪᠤᠴᠠ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠂ ᠪᠥᠬᠦ ᠶᠠᠪᠤᠴᠠ᠎ᠳᠤ᠎ᠨᠢ ᠰᠤᠯᠪᠢᠴᠠᠨ ᠦᠢ᠍ᠯᠡᠴᠢᠯᠡᠬᠦ ᠵᠢ ᠬᠠᠷᠢᠭᠤᠴᠠᠨ ᠠᠬᠢᠭᠤᠯᠵᠤ᠂ ᠰᠦᠯᠵᠢᠶ᠎ᠡ᠎ᠪᠠᠷ ᠠᠰᠠᠭᠤᠨ ᠯᠠᠪᠯᠠᠬᠤ᠂ ᠭᠥᠯᠢᠶᠡᠨ ᠠᠪᠴᠤ ᠬᠦᠢ᠍ᠴᠡᠳᠭᠡᠬᠦ᠂ ᠬᠠᠶ᠋ᠢᠨ ᠯᠠᠪᠯᠠᠬᠤ᠂ ᠲᠣᠭ᠋ᠠᠴᠠᠭ᠎ᠠ ᠬᠢᠬᠦ᠂ ᠦᠨᠡᠯᠡᠬᠦ ᠵᠡᠷᠭᠡ ᠰᠦᠯᠵᠢᠶ᠎ᠡ᠎ᠪᠠᠷ ᠠᠵᠢᠯ ᠶᠠᠪᠤᠳᠠᠯ ᠬᠦᠢ᠍ᠴᠡᠳᠬᠡᠬᠦ ᠦᠢ᠍ᠯᠡᠴᠢᠯᠡᠭᠡ ᠵᠢ ᠪᠡᠶᠡᠯᠡᠭᠦᠯᠵᠦ᠂ ᠨᠠᠩ ᠣᠯᠠᠨ ᠦᠢ᠍ᠯᠡᠴᠢᠯᠡᠭᠡᠨ᠎ᠤ ᠵᠦᠢ᠍ᠯᠡᠰ᠎ᠢ ᠪᠥᠬᠦ ᠶᠠᠪᠤᠴᠠ᠎ᠳᠤ᠎ᠨᠢ ᠰᠦᠯᠵᠢᠶ᠎ᠡ᠎ᠪᠠᠷ ᠬᠦᠢ᠍ᠴᠡᠳᠬᠡᠬᠦ ᠵᠢ ᠪᠡᠶᠡᠯᠡᠭᠦᠯᠬᠦ ᠬᠡᠷᠡᠭᠲᠡᠶ᠃

      ᠬᠤᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ ᠡᠯᠸᠺᠲᠷᠣᠨ ᠲᠠᠮᠠᠭ᠎ᠠ ᠵᠢᠨ ᠬᠡᠷᠡᠭᠯᠡᠯᠲᠡ ᠵᠢ ᠬᠠᠷᠢᠭᠤᠴᠠᠨ ᠠᠬᠢᠭᠤᠯᠬᠤ ᠬᠡᠷᠡᠭᠳᠡᠢ᠃ ᠡᠯᠸᠺᠲᠷᠣᠨ ᠲᠠᠮᠠᠭ᠎ᠠ ᠵᠢᠨ ᠬᠠᠮᠢᠶᠠᠷᠦᠯᠳᠠ ᠬᠡᠷᠡᠭᠯᠡᠯᠲᠡ ᠵᠢ ᠪᠣᠳᠠᠲᠤ ᠲᠠᠮᠠᠭ᠎ᠠ᠎ᠲᠠᠢ ᠠᠳᠠᠯᠢ ᠪᠠᠶ᠋ᠢᠯᠭ᠋ᠠᠬᠤ ᠪᠦᠭᠡᠳ ᠪᠣᠳᠠᠲᠤ ᠲᠠᠮᠠᠭ᠎ᠠ᠎ᠲᠠᠢ ᠠᠳᠠᠯᠢ᠎ᠪᠠᠷ ᠬᠠᠤᠯᠢ ᠵᠢᠨ ᠬᠦᠴᠦᠨ᠎ᠲᠠᠢ ᠪᠠᠶ᠋ᠢᠵᠦ᠂ ᠤᠯᠤᠰ᠎ᠤᠨ ᠪᠠᠷᠢᠮᠵᠢᠶ᠎ᠠ᠎ᠪᠠᠷ ᠳᠠᠮᠵᠢᠭᠤᠯᠬᠤ᠂ ᠬᠢᠨᠠᠨ ᠰᠢᠯᠭ᠋ᠠᠬᠤ᠂ ᠢᠯᠡᠷᠡᠭᠦ ᠵᠢᠴᠢ ᠳᠠᠷᠤᠮᠠᠯᠯᠠᠬᠤ ᠪᠤᠯᠭ᠋ᠠᠨ᠂ ᠡᠯᠸᠺᠲᠷᠣᠨ ᠲᠠᠮᠠᠭ᠎ᠠ᠎ᠲᠠᠢ ᠡᠯᠸᠺᠲᠷᠣᠨ ᠮᠠᠲ᠋ᠧᠷᠢᠶᠠᠯ᠎ᠨᠢ ᠬᠠᠤᠯᠢ᠎ᠳᠤ ᠨᠡᠶ᠋ᠢᠴᠡᠬᠦ ᠪᠥᠭᠡᠳ ᠬᠦᠴᠦᠨ ᠪᠠᠶ᠋ᠢᠯᠭ᠋ᠠᠬᠤ ᠬᠡᠷᠡᠭᠳᠡᠢ᠃

      ᠬᠤᠷᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠤᠯᠤᠰ᠎ᠤᠨ ᠡᠯᠸᠺᠲᠷᠣᠨ ᠬᠡᠷᠡᠴᠢ ᠦᠨᠡᠮᠯᠡᠯ᠎ᠤᠨ ᠲᠤᠬᠠᠶ᠋ᠢᠯᠠᠭᠰᠠᠨ ᠠᠵᠢᠯ᠎ᠤᠨ ᠮᠡᠷᠭᠡᠵᠢᠯ᠎ᠤᠨ ᠵᠢᠷᠤᠮᠵᠢᠯ ᠶᠣᠰᠣᠭ᠋ᠠᠷ ᠡᠯᠸᠺᠲᠷᠣᠨ ᠬᠡᠷᠡᠴᠢ ᠦᠨᠡᠮᠯᠡᠯ᠎ᠢ ᠦᠢ᠍ᠯᠡᠳᠬᠦ ᠪᠠ ᠬᠠᠮᠢᠶᠠᠷᠴᠤ᠂ ᠡᠯᠸᠺᠲᠷᠣᠨ ᠬᠡᠷᠡᠴᠢ ᠦᠨᠡᠮᠯᠡᠯ᠎ᠤᠨ ᠳ᠋ᠠᠶ᠋ᠢᠲ᠋ᠠ ᠵᠢ ᠴᠤᠭᠯᠠᠭᠤᠯᠤᠨ ᠨᠡᠶ᠋ᠢᠯᠡᠭᠦᠯᠬᠦ ᠪᠦᠭᠡᠳ ᠳᠡᠭᠡᠭᠰᠢ ᠮᠡᠳᠡᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠪᠤᠴᠠ᠎ᠳᠠᠬᠢ ᠬᠡᠷᠡᠴᠢ ᠦᠨᠡᠮᠯᠡᠯ᠎ᠤᠨ ᠮᠡᠳᠡᠭᠡ ᠵᠠᠩᠭᠢ ᠵᠢ ᠨᠢᠭᠡ ᠤᠳᠠᠭ᠎ᠠ᠎ᠳᠤ ᠪᠣᠶ ᠪᠣᠯᠭ᠋ᠠᠬᠤ᠂ ᠣᠯᠠᠨ ᠲᠠᠯ᠎ᠠ᠎ᠪᠠᠷ ᠳᠠᠪᠲᠠᠨ ᠬᠡᠷᠡᠭᠯᠡᠬᠦ᠂ ᠬᠠᠷᠢᠯᠴᠠᠨ ᠮᠡᠳᠡᠷᠡᠵᠦ ᠬᠠᠮᠲᠤ᠎ᠪᠠᠷ ᠭᠥᠷᠳᠡᠬᠦ ᠵᠢ ᠪᠡᠶᠡᠯᠡᠭᠦᠯᠬᠦ ᠬᠡᠷᠡᠭᠳᠡᠢ᠃ ᠡᠯᠸᠺᠲᠷᠣᠨ ᠬᠡᠷᠡᠴᠢ ᠦᠨᠡᠮᠯᠡᠯ᠎ᠤᠨ ᠰᠢᠰᠲ᠋ᠧᠮ᠎ᠢ ᠪᠠᠶ᠋ᠢᠭᠤᠯᠤᠭ᠋ᠠᠳᠤᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠪᠥᠬᠦ ᠣᠷᠣᠨ᠎ᠤ ᠡᠯᠸᠺᠲᠷᠣᠨ ᠬᠡᠷᠡᠴᠢ ᠦᠨᠡᠮᠯᠡᠯ᠎ᠤᠨ ᠨᠢᠭᠡᠳᠦᠯᠲᠡᠶ ᠰᠢᠰᠲ᠋ᠧᠮ᠎ᠢ ᠰᠢᠭᠤᠳ ᠬᠡᠷᠡᠭᠯᠡᠵᠦ᠂ ᠰᠢᠨ᠎ᠡ᠎ᠪᠠᠷ ᠪᠣᠶ ᠪᠣᠯᠤᠭᠰᠠᠨ ᠬᠡᠷᠡᠴᠢ ᠦᠨᠡᠮᠯᠡᠯ᠎ᠤᠨ ᠮᠡᠳᠡᠭᠡ ᠵᠠᠩᠭᠢ ᠵᠢ ᠪᠥᠬᠦ ᠣᠷᠣᠨ᠎ᠤ ᠡᠯᠸᠺᠲᠷᠣᠨ ᠬᠡᠷᠡᠴᠢ ᠦᠨᠡᠮᠯᠡᠯ᠎ᠤᠨ ᠨᠢᠭᠡᠳᠦᠯᠲᠡᠶ ᠬᠥᠮᠥᠷᠭᠡ᠎ᠳᠤ ᠢᠵᠢᠯ ᠠᠯᠬᠤᠮ ᠵᠶ᠋ᠠᠷ ᠤᠷᠤᠭᠤᠯᠤᠨ ᠳᠠᠩᠰᠠᠯᠠᠵᠦ᠂ ᠡᠯ᠎ᠡ ᠱᠠᠲᠤᠨ᠎ᠤ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠳᠤ ᠡᠯᠸᠺᠲᠷᠣᠨ ᠬᠡᠷᠡᠴᠢ ᠦᠨᠡᠮᠯᠡᠯ᠎ᠢ ᠣᠷᠣᠨ ᠪᠦᠰᠡ ᠠᠯᠤᠰᠯᠠᠨ ᠬᠠᠮᠳᠤ᠎ᠪᠠᠷ ᠭᠥᠷᠳᠡᠬᠦ ᠦᠢ᠍ᠯᠡᠴᠢᠯᠡᠭᠡ ᠬᠠᠩᠭ᠋ᠠᠬᠤ ᠬᠡᠷᠡᠭᠳᠡᠢ᠃ ᠡᠯᠸᠺᠲᠷᠣᠨ ᠬᠡᠷᠡᠴᠢ ᠦᠨᠡᠮᠯᠡᠯ᠎ᠨᠢ ᠴᠠᠭ᠋ᠠᠰᠤᠨ ᠭᠡᠷᠡᠴᠢ ᠦᠨᠡᠮᠯᠡᠯ᠎ᠲᠠᠢ ᠠᠳᠠᠯᠢ ᠬᠠᠤᠯᠢ ᠵᠢᠨ ᠬᠦᠴᠦᠨ᠎ᠲᠠᠢ᠃

    ᠳᠦᠷᠪᠡᠳᠦᠭᠡᠷ ᠪᠦᠯᠦᠭ ᠰᠦᠯᠵᠢᠶᠡᠨ᠎ᠤ ᠭᠠᠳᠠᠭᠤᠷᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠪᠠᠷᠢᠮᠵᠢᠶᠠᠵᠢᠭᠤᠯᠤᠯᠲᠠ

    ᠬᠤᠷᠢᠨ ᠬᠤᠶᠠᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠨᠢᠭᠡᠳᠦᠯᠲᠡᠶ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠨᠢᠭᠡᠳᠦᠯᠲᠡᠶ ᠨᠡᠷᠡᠶ᠋ᠢᠳᠦᠯ᠎ᠤᠨ ᠲᠡᠮᠳᠡᠭ᠂ ᠨᠢᠭᠡᠳᠦᠯᠲᠡᠶ ᠰᠠᠭᠤᠷᠢ ᠪᠡᠯᠡᠳᠬᠡᠮᠵᠢ᠂ ᠨᠢᠭᠡᠳᠦᠯᠲᠡᠶ ᠠᠵᠢᠯᠯᠠᠭ᠋ᠠᠨ᠎ᠤ ᠵᠠᠭᠪᠤᠷ᠎ᠲᠠᠢ ᠪᠠᠶ᠋ᠢᠬᠤ ᠱᠠᠭ᠋ᠠᠷᠳᠠᠯᠭ᠎ᠠ ᠶᠣᠰᠣᠭ᠋ᠠᠷ ᠪᠠᠷᠢᠮᠵᠢᠶᠠᠵᠢᠭᠤᠯᠤᠨ ᠪᠠᠶ᠋ᠢᠭᠤᠯᠬᠤ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠡᠷᠡᠶ᠋ᠢᠳᠦᠯ᠂ ᠬᠦᠢ᠍ᠴᠡᠳᠬᠡᠬᠦ ᠴᠤᠪᠤᠷᠠᠯ᠂ ᠭᠤᠶᠤᠴᠢᠯᠠᠯ᠎ᠤᠨ ᠮᠠᠲ᠋ᠧᠷᠢᠶᠠᠯ᠎ᠳᠤ ᠪᠠᠷᠢᠮᠵᠢᠶᠠᠵᠢᠭᠰᠠᠨ ᠬᠠᠮᠢᠶᠠᠷᠤᠯᠲᠠ ᠵᠢ ᠬᠡᠷᠡᠭᠵᠢᠬᠦᠯᠬᠦ ᠬᠡᠷᠡᠭᠳᠡᠢ᠃

      ᠬᠤᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠴᠢᠨᠠᠷᠲᠠᠶ ᠲᠢᠩᠬᠢᠮ᠎ᠢ ᠪᠠᠶ᠋ᠢᠭᠤᠯᠵᠤ᠂ ᠪᠠᠷᠢᠮᠵᠢᠶᠠᠵᠢᠭᠰᠠᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ᠃ ᠣᠯᠠᠨ ᠲᠦᠮᠡᠨ᠎ᠤ ᠬᠤᠪᠢ ᠬᠥᠮᠦᠨ᠎ᠳᠤ ᠬᠤᠯᠪᠣᠭᠳᠠᠬᠤ ᠵᠦᠢ᠍ᠯ᠎ᠢ 《ᠡᠷᠬᠡ ᠣᠯᠭᠤᠬᠤ᠂ ᠳᠣᠷᠣᠭᠰᠢ ᠪᠠᠭᠤᠯᠭ᠋ᠠᠬᠤ᠂ ᠦᠷ᠎ᠡ ᠠᠰᠢᠭ᠎ᠢ ᠨᠡᠮᠡᠭᠳᠡᠭᠦᠯᠬᠦ》 ᠵᠠᠷᠴᠢᠮ ᠶᠣᠰᠣᠭ᠋ᠠᠷ ᠰᠤᠮᠤ ᠪᠠᠯᠭ᠋ᠠᠰᠤ (ᠵᠡᠭᠡᠯᠢ ᠭᠤᠳᠤᠮᠵᠢ)᠎ᠳᠤ ᠬᠦᠷᠲᠡᠯ᠎ᠡ ᠪᠠᠭᠤᠯᠭ᠋ᠠᠬᠤ ᠬᠡᠷᠡᠭᠳᠡᠢ᠃ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠨᠢ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠲᠦᠰᠢᠭᠯᠡᠨ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠣᠷᠣᠯᠠᠨ ᠬᠦᠢ᠍ᠴᠡᠳᠬᠡᠬᠦ ᠴᠡᠭ᠎ᠢ ᠪᠠᠶ᠋ᠢᠭᠤᠯᠵᠤ᠂ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠣᠷᠣᠯᠠᠨ ᠬᠦᠢ᠍ᠴᠡᠳᠬᠡᠬᠦ ᠪᠠ ᠬᠠᠪᠰᠦᠷᠴᠦ ᠬᠦᠢ᠍ᠴᠡᠳᠬᠡᠬᠦ ᠠᠵᠢᠯ᠎ᠢ ᠦᠷᠨᠢᠬᠦᠯᠬᠦ ᠬᠡᠷᠡᠭᠳᠡᠢ᠃

    ᠬᠤᠷᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡᠳᠦᠯᠲᠡᠶ ᠲᠡᠮᠳᠡᠭ᠎ᠢ ᠨᠡᠮᠡᠵᠦ ᠡᠯᠭᠦᠪᠠᠯ ᠵᠤᠬᠢᠨ᠎ᠠ᠃ ᠨᠡᠷᠡᠶ᠋ᠢᠳᠦᠯ᠎ᠢ 《× × ᠠᠶ᠋ᠢᠮᠠᠭ (ᠬᠤᠲᠠ)᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ》 《× × ᠬᠤᠰᠢᠭᠤᠨ (ᠰᠢᠶᠠᠨ᠂ ᠬᠤᠲᠠ᠂ ᠲᠣᠭᠤᠷᠢᠭ)᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ》 《× × ᠬᠤᠰᠢᠭᠤᠨ (ᠰᠢᠶᠠᠨ᠂ ᠬᠤᠲᠠ᠂ ᠲᠣᠭᠤᠷᠢᠭ)᠎ᠤ × ᠰᠤᠮᠤ (ᠰᠢᠶᠠᠩ᠂ ᠪᠠᠯᠭ᠋ᠠᠰᠤ᠂ ᠵᠡᠭᠡᠯᠢ ᠭᠤᠳᠤᠮᠵᠢ) ᠵᠢᠨ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ》 《× × ᠰᠤᠮᠤ (ᠰᠢᠶᠠᠩ᠂ ᠪᠠᠯᠭ᠋ᠠᠰᠤ᠂ ᠵᠡᠭᠡᠯᠢ ᠭᠤᠳᠤᠮᠵᠢ) ᠵᠢᠨ × × ᠭᠠᠴᠠᠭ᠎ᠠ (ᠲᠣᠰᠬᠤᠨ᠂ ᠨᠡᠶ᠋ᠢᠭᠡᠮ ᠲᠣᠭᠤᠷᠢᠭ) ᠵᠢᠨ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠴᠡᠭ》 ᠭᠡᠵᠦ ᠨᠢᠭᠡᠳᠬᠡᠨ᠎ᠡ᠃ ᠬᠠᠮᠢᠶ᠎ᠠ ᠪᠥᠬᠦᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠲᠤᠰᠠᠭ᠋ᠠᠷ ᠪᠠᠶ᠋ᠢᠭᠤᠯᠤᠭᠰᠠᠨ ᠲᠤᠰᠬᠠᠶ ᠲᠢᠩᠬᠢᠮ᠎ᠨᠢ ᠵᠡᠷᠭᠡ ᠲᠠᠰ ᠵᠶ᠋ᠠᠨ ᠦᠨᠳᠦᠰᠦᠯᠡᠨ ᠨᠡᠷᠡᠶ᠋ᠢᠳᠦᠯ ᠵᠶ᠋ᠠᠨ 《ᠥᠪᠡᠷᠲᠡᠭᠡᠨ ᠵᠠᠰᠠᠬᠤ ᠣᠷᠣᠨ (ᠪᠤᠶᠤ × × ᠠᠶ᠋ᠢᠮᠠᠭ (ᠬᠤᠲᠠ))᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ × × ᠬᠤᠪᠢᠶᠠᠷᠢ ᠲᠢᠩᠬᠢᠮ》 ᠭᠡᠵᠦ ᠨᠢᠭᠡᠳᠬᠡᠨ᠎ᠡ᠃

    ᠬᠤᠷᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠦᠢ᠍ᠯᠡᠴᠢᠯᠡᠭᠡᠨ᠎ᠤ ᠴᠢᠳᠠᠮᠵᠢ ᠵᠢᠨ ᠬᠠᠷᠢᠴᠠᠩᠭᠤᠶ ᠲᠥᠪᠯᠡᠷᠡᠭᠰᠡᠨ᠂ ᠳᠣᠲᠣᠭ᠋ᠠᠳᠤ᠎ᠳᠤ᠎ᠪᠠᠨ ᠠᠯᠪᠠᠯᠠᠬᠤ ᠪᠠ ᠭᠠᠳᠠᠷ ᠦᠢ᠍ᠯᠡᠴᠢᠯᠡᠭᠡ᠎ᠪᠠᠨ ᠵᠣᠬᠢᠰᠲᠠᠶ ᠰᠠᠯᠭ᠋ᠠᠭᠰᠠᠨ᠂ ᠦᠢ᠍ᠯᠡᠴᠢᠯᠡᠬᠦ᠎ᠳᠤ ᠲᠥᠬᠦᠮ ᠦᠵᠡᠭᠦᠯᠬᠦ ᠵᠠᠷᠴᠢᠮ ᠶᠣᠰᠣᠭ᠋ᠠᠷ᠂ ᠠᠰᠠᠭᠤᠨ ᠯᠠᠪᠯᠠᠬᠤ ᠦᠢ᠍ᠯᠡᠴᠢᠯᠡᠭᠡ᠂ ᠴᠣᠩᠬᠤᠪᠴᠢ ᠦᠢ᠍ᠯᠡᠴᠢᠯᠡᠭᠡ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠦᠪᠡᠰᠦᠪᠡᠨ ᠦᠢ᠍ᠯᠡᠴᠢᠯᠡᠬᠦ᠂ ᠠᠮᠠᠷᠠᠨ ᠬᠦᠯᠢᠶᠡᠬᠦ᠂ ᠣᠷᠣᠯᠠᠨ ᠬᠦᠢ᠍ᠴᠡᠳᠬᠡᠬᠦ ᠪᠠ ᠬᠠᠪᠰᠤᠷᠴᠦ ᠬᠦᠢ᠍ᠴᠡᠳᠭᠡᠬᠦ ᠵᠡᠷᠭᠡ ᠴᠢᠳᠠᠮᠵᠢ ᠬᠤᠪᠢᠶᠠᠷᠢᠯᠠᠭᠰᠠᠨ ᠭᠠᠵᠠᠷ ᠪᠠ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠪᠡᠯᠡᠳᠬᠡᠮᠵᠢ ᠵᠢ ᠵᠣᠬᠢᠰᠲᠠᠶ ᠪᠠᠶ᠋ᠢᠷᠢᠯᠠᠭᠤᠯᠤᠨ ᠲᠤᠬᠢᠷᠠᠭᠤᠯᠬᠤ ᠬᠡᠷᠡᠭᠳᠡᠢ᠃ ᠦᠢ᠍ᠯᠡᠴᠢᠯᠡᠭᠡᠨ᠎ᠤ ᠭᠠᠵᠠᠷ ᠲᠠᠯᠠᠪᠤᠷ᠎ᠤᠨ ᠲᠠᠯᠠᠪᠠᠶ᠎ᠨᠢ ᠬᠢᠵᠠᠭ᠋ᠠᠷ᠎ᠲᠠᠢ ᠪᠤᠯ᠂ ᠴᠢᠳᠠᠮᠵᠢ ᠬᠤᠪᠢᠶᠠᠷᠢᠯᠠᠭᠰᠠᠨ ᠭᠠᠵᠠᠷ᠎ᠨᠢ ᠨᠡᠶ᠋ᠢᠯᠡᠭᠦᠯᠦᠨ ᠪᠠᠶ᠋ᠢᠷᠢᠯᠠᠭᠤᠯᠵᠤ ᠪᠣᠯᠤᠨ᠎ᠠ᠃

    ᠬᠤᠷᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠲᠤᠬᠠᠶ ᠵᠢᠨ ᠭᠠᠵᠠᠷ᠎ᠤᠨ ᠪᠠᠶ᠋ᠢᠳᠠᠯ᠎ᠳᠤ᠎ᠪᠠᠨ ᠳᠣᠭᠢᠷᠠᠭᠤᠯᠤᠨ ᠠᠵᠢᠯ ᠶᠠᠪᠤᠳᠠᠯ ᠬᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠪᠠ ᠡᠳᠦᠷ ᠲᠤᠲᠤᠮ᠎ᠤᠨ ᠠᠯᠪᠠᠯᠠᠬᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠢ᠍ᠯᠡᠴᠢᠯᠡᠭᠡᠨ᠎ᠤ ᠪᠡᠯᠡᠳᠬᠡᠮᠵᠢ᠂ ᠰᠠᠭ᠋ᠠᠳ ᠥᠬᠡᠶ ᠪᠡᠯᠡᠳᠬᠡᠮᠵᠢ᠂ ᠨᠤᠭᠤᠭ᠋ᠠᠷᠠᠭᠤᠯᠬᠤ ᠪᠡᠯᠡᠳᠬᠡᠮᠵᠢ ᠵᠢᠴᠢ ᠦᠢ᠍ᠯᠡᠴᠢᠯᠡᠭᠡᠨ᠎ᠤ ᠲᠥᠬᠦᠭᠡᠷᠦᠮᠵᠢ᠂ ᠠᠯᠪᠠᠯᠠᠬᠤ ᠲᠥᠬᠦᠭᠡᠷᠦᠮᠵᠢ᠂ ᠪᠠᠲᠤᠯᠠᠭ᠎ᠠ ᠵᠢᠨ ᠲᠥᠬᠦᠭᠡᠷᠦᠮᠵᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠬᠦᠭᠡᠷᠦᠮᠵᠢ ᠵᠡᠷᠭᠡ ᠵᠢ ᠬᠠᠩᠭ᠋ᠠᠬᠤ ᠬᠡᠷᠡᠭᠳᠡᠢ᠃

    ᠬᠤᠷᠢᠨ ᠳᠣᠯᠣᠳᠤᠭ᠋ᠠᠷ ᠵᠦᠢ᠍ᠯ ᠨᠢᠭᠤᠴᠠ᠎ᠳᠤ ᠬᠤᠯᠪᠣᠭᠳᠠᠬᠤ ᠪᠤᠶᠤ ᠲᠠᠯᠠᠪᠤᠷ ᠭᠠᠵᠠᠷ᠎ᠤᠨ ᠬᠢᠵᠠᠭ᠋ᠠᠷᠯᠠᠯ ᠵᠡᠷᠭᠡ ᠤᠨᠴᠠᠭ᠋ᠠᠢ ᠰᠢᠯᠲᠠᠭ᠋ᠠᠨ᠎ᠠᠴᠠ ᠭᠠᠳᠠᠨ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠦᠢ᠍ᠯᠡᠴᠢᠯᠡᠬᠦ ᠬᠡᠪᠴᠢᠶᠠᠨ᠎ᠳᠤ ᠤᠷᠤᠭᠤᠯᠬᠤ ᠮᠦᠷᠲᠡᠭᠡᠨ ᠲᠥᠪᠯᠡᠷᠡᠭᠦᠯᠦᠨ ᠨᠢᠭᠡᠳᠦᠯᠲᠡᠶ ᠬᠦᠢ᠍ᠴᠡᠳᠬᠡᠬᠦ ᠵᠢ ᠬᠡᠷᠡᠭᠵᠢᠬᠦᠯᠬᠦ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠥᠪᠯᠡᠯᠴᠡᠭᠡᠷ ᠲᠤᠭᠲᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠳᠠᠯᠢ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠨᠠᠶ᠋ᠢᠳᠠᠵᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠥᠯᠢᠶᠡᠨ ᠠᠪᠴᠤ ᠬᠦᠢ᠍ᠴᠡᠳᠬᠡᠯᠭᠡᠬᠦ ᠪᠠ ᠬᠦᠷᠭᠡᠵᠦ ᠦᠭᠬᠦ ᠠᠵᠢᠯ᠎ᠢ ᠬᠠᠷᠢᠭᠤᠴᠠᠭᠤᠯᠵᠤ ᠪᠣᠯᠤᠨ᠎ᠠ᠃

    ᠬᠤᠷᠢᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠠᠰᠲᠠᠭ᠋ᠠᠨ ᠲᠣᠭᠲᠠᠭ᠋ᠠᠯ᠎ᠲᠠᠢ ᠪᠤᠶᠤ ᠤᠨᠴᠠᠭ᠋ᠠᠢ ᠰᠢᠯᠲᠠᠭ᠋ᠠᠨ᠎ᠠᠴᠠ ᠭᠠᠳᠠᠨ᠎ᠠ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ 《ᠡᠮᠦᠨᠡᠬᠢ ᠲᠠᠪᠴᠠᠩ᠎ᠳᠤ ᠶᠡᠷᠦᠩᠬᠡᠢ᠎ᠳᠤ᠎ᠨᠢ ᠬᠦᠯᠢᠶᠡᠨ ᠠᠪᠬᠤ᠂ ᠠᠷᠤ ᠵᠢᠨ ᠲᠠᠪᠴᠠᠩ᠎ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶ᠋ᠢᠯᠡᠭᠰᠡᠨ ᠴᠣᠩᠬᠤᠪᠴᠢ᠎ᠪᠠᠷ ᠪᠢᠴᠢᠭ ᠮᠠᠲ᠋ᠧᠷᠢᠶᠠᠯ ᠭᠠᠷᠭ᠋ᠠᠬᠤ》 《ᠨᠢᠭᠡ ᠴᠣᠩᠬᠤᠪᠴᠢ》᠎ᠪᠠᠷ ᠭᠥᠯᠢᠶᠡᠨ ᠠᠪᠴᠤ ᠬᠦᠢ᠍ᠴᠡᠳᠬᠡᠬᠦ ᠵᠠᠭᠪᠤᠷ᠎ᠢ ᠬᠡᠷᠡᠭᠵᠢᠬᠦᠯᠬᠦ ᠬᠡᠷᠡᠭᠳᠡᠢ᠂ ᠵᠠᠷᠴᠢᠮ ᠳᠡᠭᠡᠷ᠎ᠡ᠎ᠪᠠᠨ ᠰᠠᠯᠠᠭ᠎ᠠ ᠮᠥᠴᠢᠷ᠂ ᠦᠢ᠍ᠯᠡᠴᠢᠯᠡᠭᠡᠨ᠎ᠤ ᠵᠦᠢ᠍ᠯᠡᠰ ᠵᠶ᠋ᠠᠷ ᠲᠤᠰᠬᠠᠶ ᠴᠣᠩᠬᠤᠪᠴᠢ ᠪᠠᠶ᠋ᠢᠷᠢᠯᠠᠭᠤᠯᠬᠤ ᠦᠭᠡᠢ᠃ ᠶᠡᠷᠦᠩᠬᠡᠶ᠋ᠢᠯᠡᠭᠰᠡᠨ ᠴᠣᠩᠬᠤᠪᠴᠢ᠎ᠳᠤ ᠬᠦᠢ᠍ᠴᠡᠳᠬᠡᠬᠦ᠎ᠪᠠᠷ ᠣᠷᠣᠭᠤᠯᠬᠤ᠎ᠳᠤ ᠲᠣᠬᠢᠷᠠᠮᠵᠢ ᠥᠬᠡᠶ ᠵᠦᠢ᠍ᠯᠡᠰ᠎ᠢ ᠴᠣᠩᠬᠤᠪᠴᠢ ᠵᠢᠨ ᠦᠢ᠍ᠯᠡᠴᠢᠯᠡᠭᠡᠨ᠎ᠤ ᠭᠠᠵᠠᠷ᠎ᠲᠤ ᠲᠥᠪᠯᠡᠷᠡᠭᠦᠯᠦᠨ ᠳᠣᠭᠢᠷᠠᠭᠤᠯᠵᠤ ᠦᠢ᠍ᠯᠡᠴᠢᠯᠡᠬᠦ ᠬᠡᠷᠡᠭᠳᠡᠢ᠃

      ᠬᠤᠷᠢ ᠶᠢᠰᠦᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠠᠵᠢᠯ ᠶᠠᠪᠤᠳᠠᠯ ᠬᠦᠢ᠍ᠴᠡᠳᠬᠡᠬᠦ ᠴᠣᠩᠬᠤᠪᠴᠢ ᠪᠤᠶᠤ ᠲᠤᠰᠬᠠᠶ ᠭᠠᠵᠠᠷ᠎ᠲᠤ ᠠᠵᠢᠯᠲᠠᠨ᠎ᠤ ᠣᠪᠣᠭ ᠨᠡᠷ᠎ᠡ᠂ ᠠᠵᠢᠯ᠎ᠤᠨ ᠡᠭᠦᠷᠭᠡ ᠬᠠᠷᠢᠭᠤᠴᠠᠯᠭ᠎ᠠ᠂ ᠬᠠᠷᠢᠯᠴᠠᠬᠤ ᠠᠷᠭ᠎ᠠ ᠮᠠᠶᠢᠭ ᠵᠡᠷᠭᠡ ᠠᠭᠤᠯᠭ᠎ᠠ ᠵᠢ ᠢᠯᠡ ᠨᠡᠶ᠋ᠢᠲᠡᠯᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠳᠡᠢ᠃ ᠬᠠᠤᠯᠢ ᠪᠠ ᠲᠣᠭᠲᠠᠭ᠋ᠠᠯ ᠶᠣᠰᠣᠭ᠋ᠠᠷ ᠬᠠᠮᠲᠤ᠎ᠪᠠᠷ ᠰᠢᠢ᠍ᠳᠪᠦᠷᠢᠲᠦ ᠪᠤᠳᠤᠯᠭ᠎ᠠ ᠲᠤᠭᠲᠠᠭ᠋ᠠᠬᠤ ᠴᠢᠬᠤᠯᠠᠲᠠᠶ ᠵᠦᠢ᠍ᠯᠡᠰ᠎ᠢ ᠭᠠᠷᠭ᠋ᠠᠪᠠᠯ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠠᠵᠢᠯᠲᠠᠨ᠎ᠳᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠡᠷᠬᠡ ᠵᠢ ᠬᠦᠢ᠍ᠴᠡᠳ ᠣᠯᠭᠤᠵᠤ᠂ ᠭᠥᠯᠢᠶᠡᠨ ᠠᠪᠬᠤ᠂ ᠬᠢᠨᠠᠨ ᠵᠥᠪᠰᠢᠶᠡᠷᠡᠬᠦ᠂ ᠬᠦᠢ᠍ᠴᠡᠳᠬᠡᠵᠦ ᠳᠠᠭᠤᠰᠬᠠᠬᠤ ᠵᠢ ᠨᠢᠭᠡ ᠥᠷᠲᠡᠭᠡ ᠮᠠᠶᠢᠭ᠎ᠤᠨ ᠦᠢ᠍ᠯᠡᠴᠢᠯᠡᠭᠡ᠎ᠪᠠᠷ ᠪᠡᠶᠡᠯᠡᠭᠦᠯᠬᠦ ᠬᠡᠷᠡᠭᠳᠡᠢ᠃

    ᠭᠤᠴᠢᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠦᠢ᠍ᠯᠡᠴᠢᠯᠡᠭᠡᠨ᠎ᠤ ᠠᠬᠤᠢ ᠲᠠᠯᠠᠪᠠᠶ ᠵᠢᠨ ᠡᠮᠬᠢ ᠳᠢᠭᠯᠢᠮ᠎ᠢ ᠵᠢᠷᠤᠮᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ᠎ᠢ ᠬᠠᠮᠠᠭ᠋ᠠᠯᠠᠬᠤ ᠬᠦᠴᠦᠨ᠎ᠢ ᠵᠣᠬᠢᠰᠲᠠᠶ ᠲᠣᠬᠢᠷᠠᠭᠤᠯᠤᠨ᠂ ᠡᠳᠦᠷ ᠲᠤᠲᠤᠮ᠎ᠤᠨ ᠲᠣᠭᠤᠷᠢᠨ ᠪᠠᠶ᠋ᠢᠴᠠᠭ᠋ᠠᠬᠤ ᠳᠦᠷᠢᠮ᠎ᠢ ᠲᠤᠭᠲᠠᠭ᠋ᠠᠬᠤ ᠬᠡᠷᠡᠭᠳᠡᠢ᠃ ᠡᠳᠦᠷ ᠲᠤᠲᠤᠮ᠎ᠤᠨ ᠬᠡᠷᠡᠭᠯᠡᠬᠦ ᠣᠯᠠᠨ ᠨᠡᠶ᠋ᠢᠲᠡ ᠵᠢᠨ ᠡᠳ᠋ ᠪᠣᠳᠠᠰ᠎ᠢ ᠲᠤᠰᠬᠠᠢ ᠭᠠᠵᠠᠷ᠎ᠲᠤ ᠲᠠᠯᠪᠢᠵᠤ᠂ ᠵᠢᠷᠤᠮᠵᠢᠭᠤᠯᠤᠨ ᠡᠮᠬᠢ ᠳᠢᠭᠯᠢᠮ᠎ᠲᠠᠢ ᠪᠠᠶ᠋ᠢᠯᠭ᠋ᠠᠨ᠂ ᠬᠠᠳᠠᠭ᠋ᠠᠯᠠᠬᠤ ᠲᠤᠭ᠎ᠠ ᠬᠡᠮᠵᠢᠶ᠎ᠡ ᠪᠠ ᠨᠠᠮᠡᠨ ᠲᠤᠬᠢᠷᠠᠭᠤᠯᠬᠤ ᠦᠶᠡᠯᠡᠯ᠎ᠤᠨ ᠬᠤᠭᠤᠴᠠᠭ᠎ᠠ ᠵᠢ ᠵᠣᠬᠢᠰᠲᠠᠶ ᠲᠤᠬᠢᠷᠠᠭᠤᠯᠬᠤ ᠬᠡᠷᠡᠭᠳᠡᠢ; ᠲᠤᠬᠠᠶ᠋ᠢᠯᠠᠭᠰᠠᠨ ᠠᠵᠢᠯ᠎ᠤᠨ ᠮᠠᠲ᠋ᠧᠷᠢᠶᠠᠯ᠂ ᠪᠢᠴᠢᠭ ᠮᠠᠲ᠋ᠧᠷᠢᠶᠠᠯ᠂ ᠤᠬᠠᠭᠤᠯᠭ᠎ᠠ ᠵᠢᠨ ᠮᠠᠲ᠋ᠧᠷᠢᠶᠠᠯ᠎ᠢ ᠡᠮᠬᠢ᠎ᠲᠠᠢ ᠲᠢᠭᠯᠡᠵᠦ᠂ ᠲᠥᠷᠥᠯ ᠬᠤᠪᠢᠶᠠᠨ ᠲᠣᠭᠲᠠᠭ᠋ᠠᠵᠤ᠂ ᠠᠮᠤᠷ ᠲᠦᠪᠰᠢᠨ ᠬᠠᠳᠠᠭ᠋ᠠᠯᠠᠬᠤ ᠬᠡᠷᠡᠭᠳᠡᠢ᠃

    ᠭᠤᠴᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠳᠤᠤᠷᠠᠬᠢ ᠤᠨᠴᠠᠭ᠋ᠠᠢ ᠦᠢ᠍ᠯᠡᠴᠢᠯᠡᠭᠡ ᠬᠠᠩᠭ᠋ᠠᠬᠤ ᠬᠡᠷᠡᠭᠳᠡᠢ᠄ (ᠨᠢᠭᠡ) ᠴᠡᠷᠢᠭ ᠬᠥᠮᠦᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠪᠠ ᠠᠪᠤᠷᠠᠨ ᠲᠤᠰᠠᠯᠠᠬᠤ ᠠᠵᠢᠯᠲᠠᠨ᠂ ᠡᠮᠴᠢ ᠰᠤᠪᠢᠯᠠᠭᠴᠢ᠂ ᠨᠠᠰᠤᠲᠠᠶ ᠪᠠᠭᠤᠷᠠᠶ ᠡᠪᠡᠳᠴᠢᠲᠡᠶ ᠵᠡᠮᠳᠡᠭ ᠵᠢᠷᠮᠦᠰᠦᠨ ᠵᠡᠷᠭᠡ ᠬᠥᠮᠦᠰ᠎ᠲᠤ ᠤᠷᠢᠳ ᠵᠶ᠋ᠠᠷ 《ᠰᠠᠭ᠋ᠠᠳ ᠥᠬᠡᠶ ᠨᠡᠪᠲᠡᠷᠡᠬᠦ ᠵᠠᠮ》 ᠵᠶ᠋ᠠᠷ ᠦᠢ᠍ᠯᠡᠴᠢᠯᠡᠭᠡ ᠬᠠᠩᠭ᠋ᠠᠬᠤ ᠬᠡᠷᠡᠭᠳᠡᠢ᠃ (ᠬᠤᠶᠠᠷ) ᠶᠠᠪᠤᠵᠦ ᠰᠠᠭᠤᠬᠤ᠎ᠳᠤ ᠦᠨᠡᠨ ᠬᠦ᠌ ᠳᠥᠭᠦᠮ ᠦᠭᠡᠢ ᠣᠯᠠᠨ ᠲᠦᠮᠡᠨ ᠪᠤᠶᠤ ᠲᠤᠬᠠᠶ ᠵᠢᠨ ᠭᠠᠵᠠᠷ᠎ᠲᠤ᠎ᠨᠢ ᠬᠦᠷᠴᠦ ᠪᠠᠶ᠋ᠢᠴᠠᠭ᠋ᠠᠨ ᠰᠢᠯᠭ᠋ᠠᠭᠤᠯᠬᠤ ᠴᠢᠬᠤᠯᠠᠲᠠᠶ ᠬᠢᠨᠠᠨ ᠵᠥᠪᠰᠢᠶᠡᠷᠡᠬᠦ ᠵᠦᠢ᠍ᠯᠡᠰ ᠪᠠᠶ᠋ᠢᠪᠠᠯ ᠠᠵᠢᠯᠲᠠᠨ ᠲᠣᠮᠢᠯᠠᠨ ᠲᠤᠰᠬᠠᠶ ᠬᠡᠷᠡᠭᠯᠡᠬᠦ ᠲᠥᠬᠦᠭᠡᠷᠦᠮᠵᠢ ᠪᠤᠶᠤ ᠡᠳ᠋ ᠪᠣᠳᠠᠰ᠎ᠢ ᠠᠪᠴᠤ 《ᠬᠡᠷ᠎ᠲᠤ᠎ᠨᠢ ᠬᠦᠷᠴᠦ ᠦᠢ᠍ᠯᠡᠴᠢᠯᠡᠬᠦ》 ᠬᠡᠷᠡᠭᠳᠡᠢ᠃ (ᠭᠤᠷᠪᠠ) ᠣᠨᠴᠠᠭ᠋ᠠᠢ᠂ ᠪᠠᠴᠢᠮ ᠬᠡᠷᠡᠭᠴᠡᠭᠡ ᠪᠤᠶᠤ ᠴᠢᠬᠤᠯᠠ ᠶᠡᠭᠡ ᠤᠴᠢᠷ ᠶᠠᠪᠤᠳᠠᠯ᠎ᠳᠤ᠂ ᠠᠯᠪᠠᠨ ᠠᠮᠠᠷᠠᠯᠲᠠ ᠵᠢᠨ ᠡᠳᠦᠷ᠎ᠲᠤ ᠤᠲᠠᠰᠤ᠎ᠪᠠᠷ ᠪᠣᠯᠵᠣᠬᠤ᠂ ᠲᠤᠬᠠᠢ ᠵᠢᠨ ᠲᠠᠯᠠᠪᠤᠷ᠎ᠲᠤ ᠪᠣᠯᠵᠣᠬᠤ᠂ ᠰᠦᠯᠵᠢᠶ᠎ᠡ᠎ᠪᠠᠷ ᠪᠣᠯᠵᠣᠬᠤ ᠵᠡᠷᠭᠡ ᠠᠷᠭ᠎ᠠ ᠮᠠᠶᠢᠭ ᠵᠶ᠋ᠠᠷ 《ᠤᠷᠢᠳᠴᠢᠯᠠᠨ ᠪᠤᠯᠵᠤᠵᠦ ᠦᠢ᠍ᠯᠡᠴᠢᠯᠡᠬᠦ》 ᠬᠡᠷᠡᠭᠳᠡᠢ᠃

      ᠭᠤᠴᠢᠨ ᠬᠤᠶᠠᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠳᠤᠤᠷᠠᠬᠢ ᠮᠡᠲᠦ ᠴᠠᠭ ᠵᠶ᠋ᠠᠨ ᠤᠷᠳᠤᠳᠬᠠᠭᠰᠠᠨ ᠦᠢ᠍ᠯᠡᠴᠢᠯᠡᠭᠡ ᠬᠠᠩᠭ᠋ᠠᠬᠤ ᠬᠡᠷᠡᠭᠳᠡᠢ᠄ (ᠨᠢᠭᠡ) 《ᠦᠷᠯᠦᠭᠡ ᠣᠷᠣᠶ ᠵᠢᠨ ᠴᠠᠭ᠎ᠲᠠᠬᠢ ᠤᠶᠠᠨ ᠬᠠᠷᠢᠮᠠᠬᠠᠶ ᠴᠢᠨᠠᠷᠲᠠᠶ ᠬᠦᠢ᠍ᠴᠡᠳᠬᠡᠬᠦ》 ᠦᠢ᠍ᠯᠡᠴᠢᠯᠡᠭᠡ᠃ ᠬᠠᠤᠯᠢ᠎ᠪᠠᠷ ᠲᠣᠭᠲᠠᠭᠰᠠᠨ ᠠᠵᠢᠯᠯᠠᠬᠤ ᠡᠳᠦᠷ᠎ᠤᠨ ᠬᠤᠭᠤᠴᠠᠭ᠋ᠠᠨ᠎ᠳᠤ᠂ ᠬᠡᠪ᠎ᠤᠨ ᠦᠢ᠍ᠯᠡᠴᠢᠯᠡᠭᠡ ᠬᠠᠩᠭ᠋ᠠᠵᠦ ᠪᠠᠶ᠋ᠢᠭ᠎ᠠ ᠴᠠᠭ᠎ᠤᠨ ᠰᠠᠭᠤᠷᠢᠨ ᠳᠡᠭᠡᠷ᠎ᠡ᠂ ᠨᠢᠭᠡ ᠴᠠᠭ᠎ᠤᠨ ᠡᠮᠦᠨ᠎ᠡ ᠬᠤᠶ᠋ᠢᠨ᠎ᠠ ᠪᠣᠯᠵᠣᠭᠰᠠᠨ ᠵᠦᠢ᠍ᠯᠡᠰ᠎ᠢ᠎ᠨᠢ ᠴᠠᠭ ᠵᠦᠷᠢᠭᠦᠯᠦᠨ ᠬᠦᠢ᠍ᠴᠡᠳᠬᠡᠬᠦ ᠦᠢ᠍ᠯᠡᠴᠢᠯᠡᠭᠡ ᠬᠠᠩᠭ᠋ᠠᠬᠤ ᠬᠡᠷᠡᠭᠳᠡᠢ᠂ ᠤᠯᠤᠰ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠰᠲᠠᠭ᠋ᠠᠨ ᠲᠣᠭᠲᠠᠭ᠋ᠠᠯ᠎ᠲᠠᠢ ᠪᠤᠯ ᠡᠭᠦᠨ᠎ᠳᠤ ᠪᠠᠭᠲᠠᠬᠤ ᠦᠭᠡᠶ᠃ (ᠬᠤᠶᠠᠷ) 《ᠦᠳᠡ ᠵᠢᠨ ᠴᠠᠭ᠎ᠲᠤ ᠦᠯᠦ ᠲᠠᠰᠤᠯᠳᠠᠭᠤᠯᠬᠤ》 ᠦᠢ᠍ᠯᠡᠴᠢᠯᠡᠭᠡ᠃ ᠬᠠᠤᠯᠢ᠎ᠪᠠᠷ ᠲᠣᠭᠲᠠᠭᠰᠠᠨ ᠠᠵᠢᠯᠯᠠᠬᠤ ᠡᠳᠦᠷ᠎ᠤᠨ ᠦᠳᠡ ᠵᠢᠨ ᠠᠮᠠᠷᠠᠯᠲᠠ ᠵᠢᠨ ᠴᠠᠭ᠎ᠲᠤ᠂ ᠶᠡᠷᠦᠩᠬᠡᠶ᠋ᠢᠯᠡᠭᠰᠡᠨ ᠴᠣᠩᠬᠤᠪᠴᠢ ᠵᠢᠨ ᠦᠢ᠍ᠯᠡᠴᠢᠯᠡᠭᠡᠨ᠎ᠤ ᠳᠠᠪᠠᠭᠤᠯᠢᠭ᠎ᠢ ᠬᠦᠢ᠍ᠴᠡᠳ ᠪᠠᠳᠠᠷᠠᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠲᠠᠰᠤᠯᠳᠠᠭᠤᠯᠤᠯ ᠥᠬᠡᠶ ᠬᠦᠯᠢᠶᠡᠨ ᠠᠪᠴᠦ᠂ ᠠᠵᠢᠯ ᠶᠠᠪᠤᠳᠠᠯ ᠬᠦᠢ᠍ᠴᠡᠳᠬᠡᠯᠬᠡᠬᠦ ᠬᠥᠮᠦᠰ᠎ᠤᠨ ᠦᠳᠡ ᠵᠢᠨ ᠴᠠᠭ ᠵᠶ᠋ᠠᠷ ᠪᠥᠬᠦ ᠦᠢ᠍ᠯᠡᠴᠢᠯᠡᠭᠡᠨ᠎ᠤ ᠵᠦᠢ᠍ᠯᠡᠰ ᠵᠶ᠋ᠠᠨ ᠬᠦᠢ᠍ᠴᠡᠳᠬᠡᠯᠬᠡᠬᠦ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠬᠤ ᠬᠡᠷᠡᠭᠳᠡᠢ᠃ (ᠭᠤᠷᠪᠠ) 《ᠭᠠᠷᠠᠭ᠎ᠤᠨ ᠰᠡᠭᠦᠯᠴᠢ᠎ᠳᠤ ᠦᠯᠦ ᠠᠮᠠᠷᠠᠬᠤ》 ᠦᠢ᠍ᠯᠡᠴᠢᠯᠡᠭᠡ᠃ ᠥᠪᠡᠰᠦᠪᠡᠨ ᠦᠢ᠍ᠯᠡᠴᠢᠯᠡᠬᠦ ᠲᠥᠬᠦᠭᠡᠷᠦᠮᠵᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠯᠵᠢᠮᠡᠯ ᠦᠵᠦᠭᠦᠷ᠎ᠢ ᠠᠰᠢᠭᠯᠠᠨ᠂ ᠭᠠᠷᠠᠭ᠎ᠤᠨ ᠰᠡᠭᠦᠯᠴᠢ᠎ᠳᠤ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠬᠤᠪᠢ ᠬᠥᠮᠦᠨ᠎ᠤ ᠤᠯᠠᠨᠲᠠ ᠬᠦᠢ᠍ᠴᠡᠳᠬᠡᠯᠬᠡᠬᠦ ᠠᠵᠢᠯ ᠶᠠᠪᠤᠳᠠᠯ᠎ᠤᠨ ᠬᠦᠢ᠍ᠴᠡᠳᠬᠡᠬᠦ ᠵᠦᠢ᠍ᠯᠡᠰ᠎ᠲᠤ ᠦᠢ᠍ᠯᠡᠴᠢᠯᠡᠭᠡ ᠬᠠᠩᠭ᠋ᠠᠬᠤ ᠬᠡᠷᠡᠭᠳᠡᠢ᠃

      ᠲᠠᠪᠤᠳᠤᠭ᠋ᠠᠷ ᠪᠦᠯᠦᠭ ᠬᠢᠨᠠᠯᠲᠠ ᠲᠠᠯᠪᠢᠵᠤ ᠦᠨᠡᠯᠡᠬᠦ ᠠᠵᠢᠯ᠎ᠤᠨ ᠪᠠᠷᠢᠮᠵᠢᠶᠠᠵᠢᠭᠤᠯᠤᠯᠲᠠ

    ᠭᠤᠴᠢᠨ ᠭᠤᠷᠪᠠᠳᠤᠭ᠋ᠠᠷ ᠵᠦᠢ᠍ᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠮᠡᠳᠡᠭᠡ ᠵᠠᠩᠭᠢ ᠵᠢᠨ ᠪᠣᠶ ᠪᠣᠯᠤᠭᠰᠠᠨ ᠪᠤᠶᠤ ᠬᠤᠪᠢᠷᠠᠭ᠋ᠠᠵᠦ ᠬᠠᠯᠠᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ᠂ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠣᠷᠳᠣᠨ᠎ᠤ ᠠᠯᠪᠠᠨ ᠮᠡᠳᠡᠭᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠵᠶ᠋ᠠᠷ ᠳᠠᠮᠵᠢᠭᠤᠯᠤᠨ ᠨᠡᠶ᠋ᠢᠭᠡᠮ᠎ᠳᠤ ᠢᠯᠡ ᠨᠡᠶ᠋ᠢᠲᠡᠯᠡᠵᠦ᠂ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢ ᠤᠩᠰᠢᠨ ᠲᠠᠶ᠋ᠢᠯᠪᠤᠷᠢᠯᠠᠵᠤ᠂ ᠨᠡᠶ᠋ᠢᠭᠡᠮ᠎ᠤᠨ ᠬᠢᠨᠠᠯᠲᠠ ᠪᠠ ᠦᠨᠡᠯᠡᠯᠲᠡ ᠵᠢ ᠬᠦᠯᠢᠶᠡᠬᠦ ᠬᠡᠷᠡᠭᠳᠡᠢ᠃

      ᠭᠤᠴᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠷᠴᠢᠮᠵᠢᠭᠦᠯᠦᠭᠰᠡᠨ ᠬᠠᠮᠢᠶᠠᠷᠤᠯᠲᠠ ᠵᠢᠨ ᠲᠠᠪᠴᠠᠩ ᠵᠶ᠋ᠠᠷ ᠳᠠᠮᠵᠢᠭᠤᠯᠤᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠰᠦᠯᠵᠢᠶ᠎ᠡ᠎ᠪᠠᠷ ᠵᠠᠭ᠋ᠠᠯᠳᠤᠬᠤ ᠵᠢ ᠴᠠᠭ ᠲᠤᠬᠠᠶ᠎ᠳᠤ᠎ᠨᠢ ᠭᠥᠯᠢᠶᠡᠨ ᠠᠪᠴᠤ ᠬᠦᠢ᠍ᠴᠡᠳᠬᠡᠵᠦ ᠬᠠᠷᠢᠭᠤ ᠲᠤᠰᠬᠠᠬᠤ ᠬᠡᠷᠡᠭᠳᠡᠢ᠃

      ᠭᠤᠴᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345᠎ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯ᠎ᠠ᠎ᠪᠠᠷ᠎ᠬᠢ ᠵᠠᠷᠭᠤ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠵᠢᠨ ᠬᠠᠮᠲᠤ ᠴᠠᠭ ᠲᠤᠬᠠᠶ᠎ᠳᠤ᠎ᠨᠢ ᠰᠢᠯᠵᠢᠭᠦᠯᠦᠨ ᠭᠦᠢ᠍ᠴᠡᠳᠬᠡᠵᠦ᠂ ᠵᠠᠷᠭᠤ ᠪᠠᠶ᠋ᠢᠪᠠᠯ ᠵᠠᠪᠠᠯ ᠬᠦᠯᠢᠶᠡᠬᠦ᠂ ᠵᠠᠷᠭᠤ ᠵᠢ ᠬᠦᠯᠢᠶᠡᠨ ᠠᠪᠤᠪᠠᠯ ᠳᠠᠷᠤᠶ᠎ᠳᠤ᠎ᠨᠢ ᠭᠦᠢ᠍ᠴᠡᠳᠬᠡᠬᠦ ᠵᠢ ᠪᠡᠶᠡᠯᠡᠭᠦᠯᠬᠦ ᠬᠡᠷᠡᠭᠳᠡᠢ᠃

      ᠭᠤᠴᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠨᠡᠶ᠋ᠢᠲᠡ ᠣᠯᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠨᠡᠯᠡᠯᠲᠡ᠎ᠳᠤ ᠣᠷᠣᠯᠴᠠᠬᠤ ᠠᠵᠢᠯ᠎ᠢ ᠬᠠᠷᠢᠭᠤᠴᠠᠵᠦ ᠵᠣᠬᠢᠶᠠᠨ ᠪᠠᠶ᠋ᠢᠭᠤᠯᠵᠦ ᠦᠷᠨᠢᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠰᠠᠶ᠋ᠢᠨ ᠪᠠ ᠠᠨᠠᠢ ᠵᠢᠨ ᠦᠨᠡᠯᠡᠯᠲᠡ》 ᠵᠢᠨ ᠲᠦᠷᠢᠮ᠎ᠤᠨ ᠲᠣᠨᠨᠳᠠᠯᠴᠠᠭ᠎ᠠ ᠵᠢ ᠪᠠᠶ᠋ᠢᠭᠤᠯᠤᠨ᠂ ᠰᠦᠯᠵᠢᠶᠡᠨ᠎ᠲᠠᠬᠢ ᠪᠠ ᠰᠦᠯᠵᠢᠶᠡᠨ᠎ᠤ ᠭᠠᠳᠠᠭᠤᠷᠬᠢ ᠠᠵᠢᠯ᠎ᠢ ᠪᠥᠬᠦ ᠲᠠᠯ᠎ᠠ᠎ᠪᠠᠷ ᠠᠭᠤᠰᠤᠯᠴᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠡᠶ᠋ᠢᠳᠡᠮ ᠪᠥᠷᠬᠦᠭᠦᠯᠬᠦ᠂ ᠦᠨᠡᠯᠡᠬᠦ ᠡᠲᠡᠭᠡᠳ ᠪᠦᠬᠦᠨ᠎ᠢ ᠬᠠᠮᠤᠷᠬᠤ᠂ ᠦᠢ᠍ᠯᠡᠴᠢᠯᠡᠬᠦ ᠠᠷᠭ᠎ᠠ ᠵᠠᠮ ᠪᠦᠬᠦᠨ᠎ᠳᠤ ᠪᠠᠭᠲᠠᠭ᠋ᠠᠬᠤ ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠪᠦᠷᠢ᠎ᠳᠤ ᠴᠥᠮ ᠦᠨᠡᠯᠡᠯᠲᠡ ᠬᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠦᠨᠡᠯᠡᠬᠦ ᠠᠭᠤᠯᠭ᠎ᠠ ᠪᠠ ᠪᠠᠷᠢᠮᠵᠢᠶ᠎ᠠ ᠵᠢ ᠬᠠᠩᠭ᠋ᠠᠵᠤ᠂ ᠦᠨᠡᠯᠡᠭᠰᠡᠨ ᠦᠷ᠎ᠡ ᠳ᠋ᠦᠩ᠎ᠨᠢ ᠠᠶᠠᠨᠳᠠᠭ᠋ᠠᠨ ᠪᠦᠷᠢᠯᠳᠦᠬᠦ᠂ ᠨᠢᠭᠡ ᠢᠷᠡᠯᠲᠡ᠎ᠪᠠᠷ ᠨᠡᠶ᠋ᠢᠲᠡᠯᠡᠬᠦ ᠪᠤᠯᠭ᠋ᠠᠨ᠂ ᠠᠨᠠᠶ᠎ᠪᠠᠷ ᠦᠨᠡᠯᠡᠭᠳᠡᠭᠰᠡᠨ᠎ᠳᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠰᠦᠯᠵᠢᠶ᠎ᠡ᠎ᠪᠠᠷ ᠬᠠᠷᠢᠭᠤ ᠲᠤᠰᠬᠠᠬᠤ ᠬᠡᠷᠡᠭᠲᠡᠶ᠃ ᠬᠢᠨᠠᠯᠲᠠ ᠲᠠᠯᠪᠢᠵᠦ ᠦᠨᠡᠯᠡᠭᠰᠡᠨ ᠦᠷ᠎ᠡ ᠳ᠋ᠦᠩ᠎ᠳᠤ 《ᠠᠨᠠᠶ ᠦᠨᠡᠯᠡᠯᠲᠡ》 ᠪᠠᠶ᠋ᠢᠪᠠᠯ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ 48 ᠴᠠᠭ᠎ᠤᠨ ᠳᠣᠲᠣᠷ᠎ᠠ ᠠᠨᠠᠶ ᠦᠨᠡᠯᠡᠯᠲᠡ᠎ᠳᠤ ᠬᠠᠷᠢᠭᠤ ᠰᠤᠷᠪᠤᠯᠵᠢᠯᠠᠵᠤ ᠬᠠᠷᠭᠤᠭᠤᠯᠬᠤ ᠠᠵᠢᠯ ᠥᠷᠨᠢᠭᠦᠯᠵᠦ᠂ 15 ᠡᠳᠦᠷ᠎ᠤᠨ ᠳᠣᠲᠣᠷ᠎ᠠ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠡᠶᠡᠯᠡᠬᠦᠯᠬᠦ ᠬᠡᠷᠡᠭᠳᠡᠢ; ᠬᠦᠰᠡᠯ ᠱᠠᠭ᠋ᠠᠷᠳᠠᠯᠭ᠎ᠠ᠎ᠨᠢ ᠵᠣᠬᠢᠰ ᠥᠬᠡᠶ᠂ ᠬᠠᠤᠯᠢ᠎ᠳᠤ ᠲᠣᠭᠲᠠᠭ᠋ᠠᠭᠰᠠᠨ ᠦᠨᠳᠦᠰᠦᠯᠡᠯ ᠵᠶ᠋ᠠᠷ ᠳᠤᠲᠠᠮᠠᠭ ᠪᠠᠶ᠋ᠢᠪᠠᠯ᠂ ᠲᠠᠶ᠋ᠢᠯᠪᠤᠷᠢᠯᠠᠨ ᠲᠣᠳᠣᠷᠬᠠᠶ᠋ᠢᠯᠠᠬᠤ ᠠᠵᠢᠯ᠎ᠢ ᠰᠠᠶ᠋ᠢᠲᠤᠷ ᠬᠢᠵᠦ᠂ ᠠᠨᠠᠢ ᠦᠨᠡᠯᠡᠯᠲᠡ᠎ᠲᠠᠢ ᠵᠠᠷᠭᠤ ᠵᠠᠭ᠋ᠠᠯᠳᠤᠯᠭ᠎ᠠ ᠪᠦᠬᠦᠨ᠎ᠢ ᠴᠡᠭᠴᠡᠯᠡᠨ ᠰᠠᠶ᠋ᠢᠵᠢᠷᠠᠭᠤᠯᠵᠤ ᠬᠠᠷᠢᠭᠤ ᠲᠤᠰᠬᠠᠬᠤ ᠬᠡᠷᠡᠭᠳᠡᠢ᠃

      ᠭᠤᠴᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠦᠨᠡᠯᠡᠯᠲᠡ ᠬᠢᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠬᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠦᠨᠡᠯᠡᠯᠲᠡ ᠬᠢᠬᠦ ᠮᠠᠰᠢᠨ᠂ ᠰᠠᠨᠠᠯ ᠬᠤᠷᠢᠶᠠᠬᠤ ᠬᠠᠶ᠋ᠢᠷᠴᠠᠭ᠂ ᠬᠢᠨᠠᠯᠲᠠ ᠲᠠᠯᠪᠢᠬᠤ ᠲᠠᠪᠴᠠᠩ᠎ᠢ ᠬᠠᠩᠭ᠋ᠠᠵᠤ᠂ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠠᠠᠴᠠᠵᠢᠭᠤᠯᠥᠠᠠᠰᠠᠨ ᠲᠠᠪᠴᠠᠩ᠂ ᠬᠠᠯᠠᠮᠰᠢᠯ ᠤᠲᠠᠰᠤ 12345᠂ ᠬᠤᠶᠠᠷ ᠬᠡᠮᠵᠢᠯᠳᠦ ᠺᠣᠳ᠋᠂ ᠣᠬᠤᠷ ᠮᠡᠳᠡᠭᠡ᠂ ᠥᠪᠡᠰᠦᠪᠡᠨ ᠦᠢ᠍ᠯᠡᠴᠢᠯᠡᠬᠦ ᠦᠵᠦᠭᠦᠷ᠂ APP ᠵᠡᠷᠭᠡ ᠣᠯᠠᠨ ᠵᠦᠢ᠍ᠯ᠎ᠤᠨ ᠦᠨᠡᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠶ ᠵᠢᠨ ᠲᠠᠯᠠᠪᠠᠶ᠎ᠳᠠᠬᠢ 《ᠨᠢᠭᠡ ᠤᠳᠠᠭ᠎ᠠ ᠬᠦᠢ᠍ᠴᠡᠳᠭᠡᠭᠰᠡᠨ ᠠᠵᠢᠯ ᠶᠠᠪᠤᠳᠠᠯ᠎ᠳᠤ ᠨᠢᠭᠡ ᠦᠨᠡᠯᠡᠯᠲᠡ ᠬᠢᠬᠦ》᠂ ᠰᠦᠯᠵᠢᠶ᠎ᠡ᠎ᠪᠠᠷ ᠦᠢ᠍ᠯᠡᠴᠢᠯᠡᠭᠰᠡᠨ 《ᠨᠢᠭᠡ ᠬᠦᠢ᠍ᠴᠡᠳᠭᠡᠭᠰᠡᠨ ᠠᠵᠢᠯ ᠶᠠᠪᠤᠳᠠᠯ᠎ᠳᠤ ᠨᠢᠭᠡ ᠦᠨᠡᠯᠡᠯᠲᠡ ᠬᠢᠬᠦ》 ᠵᠢ ᠪᠡᠶᠡᠯᠡᠬᠦᠯᠬᠦ ᠬᠡᠷᠡᠭᠳᠡᠢ᠃  ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ ᠭᠤᠴᠢᠨ ᠨᠠᠢ᠍ᠮᠠᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠨᠨᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
   
   

ᠢᠷᠡᠯᠲᠡ᠄ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
          
ᠬᠠᠮᠢᠶ᠎ᠡ ᠪᠦᠬᠦᠢ ᠰᠣᠨᠢᠨ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠦᠷᠪᠡ)
ᠲᠠᠷᠢᠮᠠᠯ᠎ᠤᠨ ᠲᠥᠷᠥᠯ᠎ᠤᠨ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠬᠤ (2021 — 2025 ᠣᠨ) ᠲᠤᠬᠠᠶ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠤᠨ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 
             蒙ICP备05000248号