ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2021-03-25

ᠥᠪᠥᠷ ᠵᠠᠰᠠᠭ ᠠᠯᠪᠠᠨ ᠲᠠᠷᠬᠠᠭ᠋ᠠᠭᠰᠠᠨ [2020] 35 ᠳ᠋ᠤᠭ᠋ᠠᠷ ᠲᠣᠭ᠋ᠠᠲᠤ 2020 ᠣᠨ᠎ᠤ 10 ᠳ᠋ᠤᠭ᠋ᠠᠷ ᠰᠠᠷ᠎ᠠ ᠵᠢᠨ 23᠎ᠤ ᠡᠳᠦᠷ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄

      ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠰᠢᠢ᠍ᠳᠪᠦᠷᠢᠲᠦ ᠢᠯᠠᠯᠲᠠ ᠵᠢ ᠲᠡᠮᠡᠴᠡᠨ ᠣᠯᠬᠤ ᠪᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠳᠣᠣᠷᠠᠬᠢ ᠮᠡᠲᠦ ᠰᠠᠨᠠᠯ᠎ᠢ ᠳᠤᠷᠠᠳᠪᠠ᠃

      ᠨᠢᠭᠡ᠂ ᠶᠡᠷᠦᠩᠬᠡᠶ ᠱᠠᠭ᠋ᠠᠷᠳᠠᠯᠭ᠎ᠠ

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢ ᠲᠡᠷᠢᠭᠦᠨ᠎ᠳᠤ ᠪᠣᠳᠣᠯᠬᠢᠯᠠᠬᠤ᠂ ᠪᠣᠬᠢᠷᠲᠤᠯ ᠦᠭᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠬᠦ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠨ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠲᠥᠮᠥᠰᠥ ᠵᠢᠨ ᠳᠠᠪᠠᠭᠤᠯᠢᠭ ᠪᠥᠭᠡᠳ ᠣᠨᠴᠠᠯᠢᠭᠲᠤ ᠠᠵᠤ ᠦᠢ᠍ᠯᠡᠰ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠲᠤᠰᠬᠠᠶ᠋ᠢᠵᠢᠭᠰᠠᠨ ᠪᠠ ᠬᠡᠪᠴᠢᠶᠡᠵᠢᠭᠰᠡᠨ ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠵᠤ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠵᠦ᠂ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠣᠳᠠᠰ᠎ᠤᠨ ᠲᠣᠨᠤᠭ ᠲᠥᠬᠦᠭᠡᠷᠦᠮᠵᠢ ᠵᠢ ᠰᠠᠶ᠋ᠢᠵᠢᠷᠠᠭᠤᠯᠵᠤ᠂ ᠲᠥᠮᠥᠰᠥ ᠵᠢᠨ ᠠᠵᠤ ᠦᠢ᠍ᠯᠡᠰ᠎ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠧᠬᠠᠨᠢᠭᠵᠢᠯᠲᠠ᠂ ᠨᠡᠷᠡᠳᠦ ᠲᠡᠮᠳᠡᠭᠵᠢᠯᠲᠡ᠂ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠨ ᠪᠠᠶᠠᠵᠢᠬᠤ ᠵᠢ᠎ᠨᠢ ᠳᠠᠶ᠋ᠢᠴᠢᠯᠠᠬᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠴᠢᠨᠠᠷᠯᠢᠭ ᠪᠥᠭᠡᠳ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ ᠦᠢ᠍ᠯᠡᠳᠪᠦᠷᠢᠯᠡᠬᠦ᠂ ᠪᠣᠬᠢᠷᠲᠤᠯ ᠦᠭᠡᠶ ᠢᠳᠡᠭᠡᠨ᠎ᠤ ᠰᠣᠷᠭᠤᠭ ᠲᠥᠮᠥᠰᠥ ᠦᠢ᠍ᠯᠡᠳᠪᠦᠷᠢᠯᠡᠬᠦ᠂ ᠲᠥᠮᠥᠰᠥ ᠵᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠ ᠪᠦᠲᠦᠭᠡᠭᠳᠡᠬᠦᠨ᠎ᠢ ᠭᠠᠳᠠᠭᠰᠢ ᠭᠠᠷᠭ᠋ᠠᠬᠤ ᠵᠡᠷᠭᠡ ᠪᠦᠬᠦ ᠤᠯᠤᠰ᠎ᠲᠤ ᠨᠡᠷ᠎ᠡ ᠠᠯᠳᠠᠷᠲᠠᠶ ᠰᠠᠭᠤᠷᠢᠨ ᠭᠠᠵᠠᠷ᠎ᠤᠳ᠎ᠢ ᠪᠠᠶ᠋ᠢᠭᠤᠯᠵᠤ᠂ ᠮᠠᠨ᠎ᠤ ᠣᠷᠣᠨ᠎ᠤ ᠲᠥᠮᠥᠰᠥ ᠵᠢᠨ ᠳᠠᠪᠠᠭᠤᠯᠢᠭ ᠭᠠᠷᠤᠯᠲᠠ ᠵᠢᠨ ᠣᠷᠣᠨ ᠪᠣᠯᠬᠤ ᠭᠤᠣᠯᠯᠠᠭᠴᠢ ᠪᠠᠶ᠋ᠢᠷᠢ ᠰᠠᠭᠤᠷᠢ ᠵᠢ ᠪᠠᠬᠢᠵᠢᠭᠦᠯᠦᠨ ᠳᠡᠭᠡᠭᠰᠢᠯᠡᠭᠦᠯᠦᠨ᠎ᠡ᠃

      ᠬᠤᠶᠠᠷ᠂ ᠠᠵᠢᠯ᠎ᠤᠨ ᠬᠠᠷᠠᠯᠲᠠ

     2025 ᠣᠨ ᠪᠣᠯᠬᠤ᠎ᠳᠤ᠂ ᠪᠦᠬᠦ ᠣᠷᠣᠨ᠎ᠤ ᠲᠥᠮᠥᠰᠥ ᠲᠠᠷᠢᠬᠤ ᠲᠠᠯᠠᠪᠠᠶ ᠵᠢ 800 ᠭᠠᠷᠤᠶ ᠲᠦᠮᠡᠨ ᠮᠦ᠍ ᠪᠣᠯᠲᠠᠯ᠎ᠠ ᠰᠡᠷᠭᠦᠭᠡᠬᠦ᠎ᠪᠠᠷ ᠴᠢᠷᠮᠠᠶ᠋ᠢᠨ᠂ ᠲᠥᠮᠥᠰᠥ ᠵᠢ ᠠᠩᠬ᠎ᠠ ᠡᠳ᠋ᠰᠢᠭᠦᠯᠬᠦ ᠪᠠ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠵᠢ᠎ᠨᠢ 60% ᠣᠷᠴᠢᠮ᠎ᠳᠤ ᠬᠦᠷᠭᠡᠵᠦ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠭᠳᠡᠬᠦᠨ᠎ᠤ ᠥᠷᠲᠡᠭ᠎ᠢ 230 ᠭᠠᠷᠤᠶ ᠳ᠋ᠦᠩᠰᠢᠭᠤᠷ ᠲᠥᠭᠦᠷᠢᠭ ᠪᠣᠯᠭ᠋ᠠᠨ᠎ᠠ᠃ ᠲᠥᠮᠥᠰᠥ ᠵᠢᠨ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥᠨ᠎ᠤ ᠴᠡᠪᠡᠷ ᠦᠷ᠎ᠡ ᠦᠷᠡᠵᠢᠭᠦᠯᠦᠨ ᠪᠤᠶ᠋ᠢᠵᠢᠭᠤᠯᠬᠤ ᠲᠠᠯᠠᠪᠠᠶ ᠵᠢ 50 ᠭᠠᠷᠤᠶ ᠲᠦᠮᠡᠨ ᠮᠦ᠍᠎ᠳᠤ ᠲᠣᠭᠲᠠᠪᠤᠷᠢᠵᠢᠭᠤᠯᠵᠤ᠂ ᠪᠦᠬᠦ ᠣᠷᠣᠨ᠎ᠤ ᠲᠥᠮᠥᠰᠥ ᠵᠢᠨ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ ᠵᠢᠨ ᠲᠦᠭᠡᠮᠡᠯᠵᠢᠭᠦᠯᠬᠦ ᠨᠣᠷᠮ᠎ᠠ ᠵᠢ 92% ᠪᠣᠯᠲᠠᠯ᠎ᠠ ᠳᠡᠭᠡᠭᠰᠢᠯᠡᠭᠦᠯᠦᠨ᠎ᠡ᠃ ᠮᠠᠨ᠎ᠤ ᠣᠷᠣᠨ᠎ᠳᠤ ᠲᠠᠷᠢᠬᠤ᠎ᠳᠤ ᠲᠣᠬᠢᠷᠠᠬᠤ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠪᠦᠬᠦᠢ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠴᠢᠨᠠᠷ ᠰᠠᠶ᠋ᠢᠲᠠᠶ ᠲᠥᠮᠥᠰᠥᠨ᠎ᠤ ᠰᠢᠨ᠎ᠡ ᠦᠷ᠎ᠡ ᠡᠭᠦᠯᠳᠡᠷ᠎ᠢ 3 — 5 ᠰᠣᠩᠭᠤᠨ ᠪᠤᠶ᠋ᠢᠵᠢᠭᠤᠯᠤᠨ᠎ᠠ᠃ ᠲᠠᠸᠠᠷ᠎ᠤᠨ ᠲᠥᠮᠥᠰᠥ ᠵᠢᠨ ᠨᠡᠷᠡᠲᠦ ᠲᠡᠮᠳᠡᠭ᠎ᠢ 5 ᠣᠷᠴᠢᠮ ᠪᠤᠶ ᠪᠣᠯᠭ᠋ᠠᠨ᠎ᠠ᠃ ᠤᠯᠤᠰ᠎ᠤᠨ ᠲᠠᠰ᠎ᠤᠨ ᠲᠥᠮᠥᠰᠥ ᠵᠢᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ 1 ᠬᠦᠷᠢᠶᠡᠯᠡᠩ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠥᠮᠥᠰᠥ ᠵᠢᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ 1 — 2 ᠬᠦᠷᠢᠶᠡᠯᠡᠩ ᠪᠦᠲᠦᠭᠡᠨ ᠪᠠᠶ᠋ᠢᠭᠤᠯᠵᠤ᠂ ᠤᠯᠤᠰ᠎ᠤᠨ ᠲᠠᠰ᠎ᠤᠨ ᠲᠥᠮᠥᠰᠥ ᠵᠢᠨ ᠳᠠᠪᠠᠭᠤᠯᠢᠭ ᠪᠥᠭᠡᠳ ᠣᠨᠴᠠᠯᠢᠭᠲᠤ ᠠᠵᠤ ᠦᠢ᠍ᠯᠡᠰ᠎ᠤᠨ 1 ᠪᠦᠯᠦᠭᠵᠢᠯ ᠪᠣᠶ ᠪᠣᠯᠭ᠋ᠠᠨ᠂ ᠪᠦᠬᠦ ᠤᠯᠤᠰ᠎ᠲᠤ ᠨᠡᠷ᠎ᠡ ᠠᠯᠳᠠᠷᠲᠠᠶ ᠲᠥᠮᠥᠰᠥ ᠦᠢ᠍ᠯᠡᠳᠪᠦᠷᠢᠯᠡᠬᠦ᠂ ᠰᠢᠨ᠎ᠡ ᠵᠢ ᠡᠭᠦᠳᠬᠦ᠂ ᠭᠦᠢ᠍ᠯᠭᠡᠭᠡᠨ᠎ᠤ ᠰᠠᠭᠤᠷᠢᠨ ᠭᠠᠵᠠᠷ᠎ᠤᠳ᠎ᠢ ᠪᠠᠶ᠋ᠢᠭᠤᠯᠤᠨ᠎ᠠ᠃

      ᠭᠤᠷᠪᠠ᠂ ᠭᠤᠣᠯᠳᠠᠯᠭ᠎ᠠ᠎ᠲᠠᠢ ᠠᠷᠭ᠎ᠠ ᠬᠡᠮᠵᠢᠶ᠎ᠡ

    (ᠨᠢᠭᠡ) ᠲᠥᠮᠥᠰᠥ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃

     1. ᠳᠠᠪᠠᠭᠤᠯᠢᠭ ᠠᠵᠤ ᠦᠢ᠍ᠯᠡᠰ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠤᠰᠤᠨ᠎ᠤ ᠬᠡᠮᠵᠢᠶ᠎ᠡ᠎ᠪᠠᠷ ᠲᠠᠷᠢᠬᠤ ᠪᠠ ᠵᠣᠬᠢᠴᠠᠩᠭᠤᠶ ᠬᠥᠭᠵᠢᠭᠦᠯᠬᠦ ᠵᠢ ᠪᠠᠷᠢᠮᠲᠠᠯᠠᠵᠤ᠂ ᠤᠰᠤᠨ᠎ᠤ ᠡᠬᠢ ᠰᠤᠷᠪᠤᠯᠵᠢ ᠪᠠ ᠣᠷᠴᠢᠨ ᠲᠣᠭᠤᠷᠢᠨ᠎ᠤ ᠳᠠᠭ᠋ᠠᠭ᠋ᠠᠴᠠ᠎ᠪᠠᠷ ᠬᠠᠲᠠᠭᠤ ᠬᠢᠵᠠᠭ᠋ᠠᠷᠯᠠᠯ ᠪᠣᠯᠭ᠋ᠠᠨ᠂ ᠲᠥᠮᠥᠰᠥ ᠵᠢᠨ ᠠᠵᠤ ᠦᠢ᠍ᠯᠡᠰ᠎ᠤᠨ ᠣᠷᠣᠨ ᠪᠦᠰᠡ ᠵᠢᠨ ᠪᠠᠶ᠋ᠢᠷᠢᠰᠢᠯ᠎ᠢ ᠲᠣᠬᠢᠷᠠᠭᠤᠯᠤᠨ ᠰᠢᠯᠢᠳᠡᠭᠵᠢᠭᠦᠯᠵᠦ᠂ ᠪᠤᠭᠤᠲᠤ ᠬᠤᠲᠠ᠂ ᠬᠥᠬᠡᠬᠤᠲᠠ᠂ ᠤᠯᠠᠭ᠋ᠠᠨᠴᠠᠪ ᠬᠤᠳᠠ᠂ ᠰᠢᠯᠢ ᠵᠢᠨ ᠭᠤᠣᠯ ᠠᠶ᠋ᠢᠮᠠᠭ᠂ ᠤᠯᠠᠭ᠋ᠠᠨᠬᠠᠳᠠ ᠬᠤᠲᠠ᠎ᠪᠠᠷ ᠭᠤᠣᠯᠳᠠᠯᠭ᠎ᠠ ᠪᠣᠯᠭ᠋ᠠᠭᠰᠠᠨ ᠮᠤᠨᠢ ᠠᠭᠤᠯᠠ ᠵᠢᠨ ᠬᠤᠷᠮᠣᠶ ᠳᠠᠭ᠋ᠠᠤ ᠪᠠ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ ᠵᠶ᠋ᠠᠷ ᠭᠤᠣᠯᠳᠠᠯᠭ᠎ᠠ ᠪᠣᠯᠭ᠋ᠠᠭᠰᠠᠨ ᠶᠡᠭᠡ ᠬᠢᠩᠭ᠋ᠠᠨ ᠳᠠᠪᠠᠭ᠎ᠠ ᠵᠢᠨ ᠬᠤᠷᠮᠣᠶ ᠳᠠᠭ᠋ᠠᠤ ᠵᠢᠨ ᠲᠥᠮᠥᠰᠥ ᠵᠢᠨ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠤᠨ᠂ ᠳᠠᠪᠠᠭᠤᠯᠢᠭ ᠣᠷᠣᠨ ᠪᠦᠰᠡ ᠵᠢᠨ ᠲᠥᠪᠯᠡᠷᠡᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠬᠠᠷ᠎ᠠ ᠬᠥᠷᠥᠰᠥᠲᠦ ᠭᠠᠵᠠᠷ ᠰᠢᠷᠣᠶ ᠵᠢ ᠬᠠᠮᠠᠭ᠋ᠠᠯᠠᠨ ᠠᠰᠢᠭᠯᠠᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠤ ᠦᠢ᠍ᠯᠡᠳᠪᠦᠷᠢᠯᠡᠯ᠎ᠤᠨ ᠰᠠᠭᠤᠷᠢ ᠨᠥᠬᠦᠴᠡᠯ᠎ᠢ ᠰᠠᠶ᠋ᠢᠵᠢᠷᠠᠭᠤᠯᠤᠨ᠎ᠠ᠃

     2. ᠣᠷᠣᠨ ᠪᠦᠰᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠦᠷ᠎ᠡ ᠵᠢᠨ ᠲᠥᠮᠥᠰᠥ ᠪᠤᠶ᠋ᠢᠵᠢᠭᠤᠯᠬᠤ ᠵᠢ ᠴᠢᠩᠭ᠋ᠠᠳᠬᠠᠨ᠂ ᠢᠳᠡᠭᠡᠨ᠎ᠤ ᠰᠣᠷᠭᠤᠭ ᠲᠥᠮᠥᠰᠥ ᠵᠢ ᠰᠢᠯᠢᠳᠡᠭᠵᠢᠭᠦᠯᠦᠨ᠂ ᠲᠤᠰᠬᠠᠶ ᠬᠡᠷᠡᠭᠯᠡᠬᠦ ᠲᠥᠮᠥᠰᠥ ᠵᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠤᠨ᠎ᠠ᠃ ᠦᠷ᠎ᠡ ᠵᠢᠨ ᠲᠥᠮᠥᠰᠥ ᠪᠤᠶ᠋ᠢᠵᠢᠭᠤᠯᠬᠤ᠎ᠳᠤ ᠬᠥᠯᠥᠨ ᠪᠤᠶ᠋ᠢᠷ ᠬᠤᠲᠠ ᠵᠢᠨ ᠳᠠᠪᠠᠭ᠋ᠠᠨ᠎ᠤ ᠪᠠᠷᠠᠭᠤᠨ᠎ᠳᠠᠬᠢ ᠭᠠᠵᠠᠷ ᠣᠷᠣᠨ᠂ ᠬᠢᠩᠭ᠋ᠠᠨ ᠠᠶ᠋ᠢᠮᠠᠭ᠎ᠤᠨ ᠪᠠᠷᠠᠭᠤᠨ ᠬᠤᠶ᠋ᠢᠲᠤ ᠬᠡᠰᠡᠭ᠂ ᠰᠢᠯᠢ ᠵᠢᠨ ᠭᠤᠣᠯ ᠠᠶ᠋ᠢᠮᠠᠭ᠎ᠤᠨ ᠡᠮᠦᠨᠡᠲᠦ ᠬᠡᠰᠡᠭ ᠪᠠ ᠬᠥᠬᠡᠬᠤᠲᠠ᠂ ᠪᠤᠭᠤᠲᠤ ᠬᠤᠲᠠ᠂ ᠤᠯᠠᠭ᠋ᠠᠨᠴᠠᠪ ᠬᠤᠲᠠ ᠵᠡᠷᠭᠡ ᠳᠤᠮᠳᠠ ᠪᠠᠷᠠᠭᠤᠨ ᠬᠡᠰᠡᠭ᠎ᠤᠨ ᠭᠤᠣᠯ ᠭᠠᠷᠤᠯᠲᠠ ᠵᠢᠨ ᠣᠷᠣᠨ᠎ᠤ ᠬᠤᠶ᠋ᠢᠲᠤ ᠬᠡᠰᠡᠭ ᠵᠶ᠋ᠠᠷ ᠭᠤᠣᠯᠳᠠᠯᠭ᠎ᠠ ᠪᠣᠯᠭ᠋ᠠᠨ᠂ 200 ᠲᠦᠮᠡᠨ ᠮᠦ᠍ ᠥᠨᠳᠥᠷ ᠪᠠᠷᠢᠮᠵᠢᠶᠠᠲᠤ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠵᠢᠯ ᠪᠦᠷᠢ ᠵᠢᠨ ᠦᠢ᠍ᠯᠡᠳᠪᠦᠷᠢᠯᠡᠬᠦ ᠲᠠᠯᠠᠪᠠᠶ ᠵᠢ 50 ᠭᠠᠷᠤᠶ ᠲᠦᠮᠡᠨ ᠮᠦ᠍ ᠪᠠᠶ᠋ᠢᠯᠭ᠋ᠠᠬᠤ᠎ᠪᠠᠷ ᠪᠠᠲᠤᠯᠠᠨ᠎ᠠ᠃ ᠲᠠᠸᠠᠷ᠎ᠤᠨ ᠲᠥᠮᠥᠰᠥ ᠲᠠᠷᠢᠬᠤ᠎ᠳᠤ ᠬᠥᠯᠥᠨ ᠪᠤᠶ᠋ᠢᠷ ᠬᠤᠲᠠ ᠵᠢᠨ ᠳᠠᠪᠠᠭ᠋ᠠᠨ᠎ᠤ ᠵᠡᠭᠦᠨ ᠡᠮᠦᠨᠡᠳᠡᠬᠢ ᠭᠠᠵᠠᠷ ᠣᠷᠣᠨ᠂ ᠬᠢᠩᠭ᠋ᠠᠨ ᠠᠶ᠋ᠢᠮᠠᠭ᠎ᠤᠨ ᠵᠡᠭᠦᠨ ᠡᠮᠦᠨᠡᠲᠦ ᠬᠡᠰᠡᠭ ᠪᠠ ᠤᠯᠠᠭ᠋ᠠᠨᠬᠠᠳᠠ ᠬᠤᠲᠠ᠂ ᠰᠢᠯᠢ ᠵᠢᠨ ᠭᠤᠣᠯ ᠠᠶ᠋ᠢᠮᠠᠭ᠂ ᠬᠥᠬᠡᠬᠤᠲᠠ᠂ ᠪᠤᠭᠤᠲᠤ ᠬᠤᠲᠠ᠂ ᠤᠯᠠᠭ᠋ᠠᠨᠴᠠᠪ ᠬᠤᠲᠠ ᠵᠢᠨ ᠭᠤᠣᠯ ᠭᠠᠷᠤᠯᠲᠠ ᠵᠢᠨ ᠣᠷᠣᠨ ᠵᠶ᠋ᠠᠷ ᠭᠤᠣᠯᠳᠠᠯᠭ᠎ᠠ ᠪᠣᠯᠭ᠋ᠠᠵᠤ᠂ ᠢᠳᠡᠭᠡᠨ᠎ᠤ ᠴᠢᠨᠠᠷ ᠰᠠᠶ᠋ᠢᠲᠠᠶ ᠰᠣᠷᠭᠤᠭ ᠲᠥᠮᠥᠰᠥ ᠲᠠᠷᠢᠬᠤ ᠲᠠᠯᠠᠪᠠᠶ ᠵᠢ 500 ᠲᠦᠮᠡᠨ ᠮᠦ᠍ ᠪᠣᠯᠲᠠᠯ᠎ᠠ ᠬᠥᠭᠵᠢᠭᠦᠯᠦᠨ᠎ᠡ᠃ ᠲᠤᠰᠬᠠᠶ ᠬᠡᠷᠡᠭᠯᠡᠬᠦ ᠲᠥᠮᠥᠰᠥ ᠵᠢ ᠡᠳ᠋ᠰᠢᠭᠦᠯᠦᠨ ᠪᠣᠯᠪᠠᠰᠤᠷᠠᠭᠤᠯᠬᠤ᠎ᠳᠤ ᠬᠥᠯᠥᠨ ᠪᠤᠶ᠋ᠢᠷ ᠬᠤᠲᠠ ᠵᠢᠨ ᠳᠠᠪᠠᠭ᠋ᠠᠨ᠎ᠤ ᠵᠡᠭᠦᠨ ᠡᠮᠦᠨᠡᠳᠡᠬᠢ ᠭᠠᠵᠠᠷ ᠣᠷᠣᠨ᠂ ᠤᠯᠠᠭ᠋ᠠᠨᠬᠠᠳᠠ ᠬᠤᠲᠠ ᠵᠢᠨ ᠬᠤᠶ᠋ᠢᠲᠤ ᠬᠡᠰᠡᠭ᠂ ᠰᠢᠯᠢ ᠵᠢᠨ ᠭᠤᠣᠯ ᠠᠶ᠋ᠢᠮᠠᠭ᠂ ᠤᠯᠠᠭ᠋ᠠᠨᠴᠠᠪ ᠬᠤᠳᠠ᠂ ᠣᠷᠳᠣᠰ ᠬᠤᠲᠠ ᠵᠢᠨ ᠡᠯᠡᠰᠦᠷᠬᠡᠭ ᠭᠠᠵᠠᠷ᠎ᠤᠨ ᠭᠠᠷᠤᠯᠲᠠ ᠵᠢᠨ ᠣᠷᠣᠨ ᠵᠶ᠋ᠠᠷ ᠭᠤᠣᠯᠳᠠᠯᠭ᠎ᠠ ᠪᠣᠯᠭ᠋ᠠᠨ᠂ ᠲᠠᠷᠢᠬᠤ ᠲᠠᠯᠠᠪᠠᠶ ᠵᠢ 200 ᠲᠦᠮᠡᠨ ᠮᠦ᠍ ᠪᠣᠯᠲᠠᠯ᠎ᠠ ᠥᠷᠭᠡᠳᠬᠡᠨ᠎ᠡ᠃

     (ᠬᠤᠶᠠᠷ) ᠦᠷ᠎ᠡ ᠵᠢᠨ ᠲᠥᠮᠥᠰᠥ ᠵᠢᠨ ᠠᠵᠤ ᠦᠢ᠍ᠯᠡᠰ᠎ᠢ ᠦᠨᠡᠨ ᠬᠦ᠌ ᠰᠠᠶ᠋ᠢᠲᠤᠷ ᠬᠦᠴᠦᠷᠬᠡᠭᠵᠢᠭᠦᠯᠦᠨ᠎ᠡ᠃

     1. ᠲᠥᠮᠥᠰᠥᠨ᠎ᠤ ᠰᠢᠨ᠎ᠡ ᠦᠷ᠎ᠡ ᠡᠭᠦᠯᠳᠡᠷ᠎ᠢ ᠰᠣᠩᠭᠤᠨ ᠪᠤᠶ᠋ᠢᠵᠢᠭᠤᠯᠵᠤ ᠰᠢᠨ᠎ᠡ ᠡᠭᠦᠳᠦᠯᠲᠡ ᠭᠠᠷᠭ᠋ᠠᠬᠤ ᠵᠢ ᠲᠦᠷᠭᠡᠳᠬᠡᠨ᠎ᠡ᠃ ᠥᠪᠥᠷ ᠮᠣᠩᠭᠤᠯ᠎ᠤᠨ ᠲᠥᠮᠥᠰᠥ ᠵᠢᠨ ᠳᠡᠭᠡᠳᠦ ᠰᠢᠨ᠎ᠡ ᠮᠡᠷᠭᠡᠵᠢᠯ᠎ᠤᠨ ᠬᠤᠷᠠᠭᠤᠯᠤᠨ ᠬᠡᠷᠡᠭᠯᠡᠬᠦ ᠬᠢᠭᠡᠳ ᠬᠠᠮᠵᠢᠯᠴᠠᠨ ᠰᠢᠨ᠎ᠡ ᠵᠢ ᠡᠭᠦᠳᠬᠦ ᠲᠥᠪ᠎ᠢ ᠵᠣᠬᠢᠶᠠᠨ ᠪᠠᠶ᠋ᠢᠭᠤᠯᠵᠤ᠂ ᠲᠠᠷᠢᠶᠠᠯᠠᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠤᠷᠭ᠋ᠠᠨ ᠬᠥᠮᠦᠵᠢᠯ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ᠎ᠢ ᠡᠮᠬᠢᠯᠡᠨ ᠨᠡᠶ᠋ᠢᠯᠡᠭᠦᠯᠵᠦ᠂ ᠤᠯᠤᠰ᠎ᠤᠨ ᠠᠵᠤ ᠦᠢ᠍ᠯᠡᠰ᠎ᠤᠨ ᠮᠡᠷᠭᠡᠵᠢᠯ᠎ᠤᠨ ᠲᠣᠭᠲᠠᠯᠴᠠᠭ᠎ᠠ ᠵᠢᠨ ᠪᠦᠯᠬᠦᠮ ᠨᠡᠶ᠋ᠢᠲᠡ᠂ ᠠᠵᠤ ᠦᠢ᠍ᠯᠡᠰ᠎ᠤᠨ ᠲᠡᠷᠢᠭᠦᠨ ᠲᠤᠰᠬᠠᠶ ᠮᠡᠷᠭᠡᠵᠢᠯᠲᠡᠨ ᠪᠠ ᠣᠯᠠᠨ ᠤᠯᠤᠰ᠎ᠤᠨ ᠲᠥᠮᠥᠰᠥ ᠵᠢᠨ ᠲᠤᠰᠬᠠᠶ ᠮᠡᠷᠭᠡᠵᠢᠯᠲᠡᠨ᠎ᠯᠦᠭᠡ ᠵᠢᠨ ᠬᠠᠮᠵᠢᠯᠴᠠᠭ᠎ᠠ ᠵᠢ ᠢᠳᠡᠪᠬᠢᠲᠡᠶ ᠥᠷᠨᠢᠭᠦᠯᠵᠦ᠂ ᠰᠢᠨ᠎ᠡ ᠦᠷ᠎ᠡ ᠡᠭᠦᠯᠳᠡᠷ᠎ᠲᠤ ᠬᠤᠯᠪᠣᠭ᠋ᠠᠯᠠᠨ ᠰᠢᠪᠲᠤᠯᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠂ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠨᠥᠬᠦᠴᠡᠯ ᠪᠠ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠴᠢᠨᠠᠷ ᠰᠠᠶ᠋ᠢᠲᠠᠶ ᠲᠥᠮᠥᠰᠥᠨ᠎ᠤ ᠰᠢᠨ᠎ᠡ ᠦᠷ᠎ᠡ ᠡᠭᠦᠯᠳᠡᠷ᠎ᠢ ᠰᠣᠩᠭᠤᠨ ᠪᠤᠶ᠋ᠢᠵᠢᠭᠤᠯᠵᠤ ᠳᠡᠯᠭᠡᠷᠡᠭᠦᠯᠬᠦ ᠵᠢ ᠲᠦᠷᠭᠡᠳᠬᠡᠵᠦ᠂ ᠰᠣᠩᠭᠤᠨ ᠪᠤᠶ᠋ᠢᠵᠢᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠴᠢᠨᠠᠷ ᠰᠠᠶ᠋ᠢᠲᠠᠶ ᠲᠥᠮᠥᠰᠥᠨ᠎ᠤ ᠰᠢᠨ᠎ᠡ ᠦᠷ᠎ᠡ ᠡᠭᠦᠯᠳᠡᠷ᠎ᠲᠤ ᠱᠠᠩᠨᠠᠯ᠎ᠤᠨ ᠴᠢᠨᠠᠷᠲᠠᠶ ᠨᠡᠮᠡᠭᠦᠷᠢ ᠣᠯᠭᠤᠨ᠎ᠠ᠃

     2. ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠪᠠ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠶᠠᠭᠰᠢ ᠬᠤᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤᠨ᠎ᠤ ᠤᠯᠤᠰ᠎ᠤᠨ ᠰᠠᠶ᠋ᠢᠨ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠢᠳᠡᠪᠬᠢᠲᠡᠶ ᠵᠣᠬᠢᠶᠠᠨ ᠪᠠᠶ᠋ᠢᠭᠤᠯᠵᠤ ᠠᠬᠢᠭᠤᠯᠤᠨ᠂ ᠰᠢᠯᠢ ᠵᠢᠨ ᠭᠤᠣᠯ ᠠᠶ᠋ᠢᠮᠠᠭ᠎ᠤᠨ ᠰᠢᠯᠤᠭᠤᠨ ᠬᠥᠬᠡ ᠬᠤᠰᠢᠭᠤᠨ᠎ᠤ ᠰᠠᠶ᠋ᠢᠨ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠠᠯᠢ ᠲᠦᠷᠭᠡᠨ ᠪᠥᠭᠡᠳ ᠵᠢᠩᠬᠢᠨᠢ᠎ᠪᠠᠷ ᠲᠥᠷᠥᠯ ᠵᠦᠢ᠍ᠯ ᠪᠣᠯᠭ᠋ᠠᠨ ᠪᠡᠯᠡ ᠣᠷᠣᠭᠤᠯᠬᠤ᠎ᠪᠠᠷ ᠴᠢᠷᠮᠠᠶ᠋ᠢᠵᠤ᠂ ᠤᠯᠤᠰ᠎ᠤᠨ ᠰᠠᠶ᠋ᠢᠨ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠨᠡᠩ ᠣᠯᠠᠨ ᠲᠥᠷᠥᠯ ᠵᠦᠢ᠍ᠯ ᠡᠬᠢᠯᠡᠭᠦᠯᠬᠦ᠎ᠪᠠᠷ ᠢᠳᠡᠪᠬᠢᠲᠡᠶ ᠭᠤᠶᠤᠴᠢᠯᠠᠨ᠂ ᠥᠨᠳᠥᠷ ᠪᠠᠷᠢᠮᠵᠢᠶᠠᠲᠤ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ 200 ᠲᠦᠮᠡᠨ ᠮᠦ᠍ ᠪᠠᠶ᠋ᠢᠭᠤᠯᠵᠤ᠂ ᠦᠷ᠎ᠡ ᠵᠢᠨ ᠲᠥᠮᠥᠰᠥ ᠵᠢᠨ ᠰᠠᠭᠤᠷᠢᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠵᠢᠨ ᠣᠷᠣᠬᠤ ᠵᠢ ᠵᠥᠪᠰᠢᠶᠡᠷᠡᠬᠦ ᠳᠦᠷᠢᠮ᠎ᠢ ᠪᠠᠶ᠋ᠢᠭᠤᠯᠵᠤ᠂ ᠦᠷ᠎ᠡ ᠵᠢᠨ ᠲᠥᠮᠥᠰᠥ ᠵᠢᠨ ᠰᠠᠭᠤᠷᠢᠨ ᠭᠠᠵᠠᠷ᠎ᠢ 4 ᠵᠢᠯ ᠭᠠᠷᠤᠶ ᠪᠣᠯᠪᠠᠯ ᠡᠭᠡᠯᠵᠢᠯᠡᠨ ᠳᠠᠷᠢᠭᠤᠯᠬᠤ᠎ᠪᠠᠷ ᠠᠯᠪᠠᠳᠠᠵᠤ᠂ ᠡᠭᠡᠯᠵᠢᠯᠡᠨ ᠲᠠᠷᠢᠬᠤ ᠲᠠᠷᠢᠮᠠᠯ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠤᠨ ᠲᠣᠭᠲᠠᠭ᠋ᠠᠵᠤ᠂ ᠦᠷ᠎ᠡ ᠵᠢᠨ ᠲᠥᠮᠥᠰᠥ ᠵᠢᠨ ᠰᠠᠭᠤᠷᠢᠨ ᠭᠠᠵᠠᠷ᠎ᠤᠨ ᠬᠥᠷᠥᠰᠥᠨ᠎ᠠᠴᠠ ᠬᠠᠯᠳᠠᠪᠤᠷᠢᠯᠠᠬᠤ ᠬᠤᠷᠣᠬᠠᠶ ᠭᠡᠮ᠎ᠤᠨ ᠬᠥᠨᠥᠭᠡᠯ᠎ᠢ ᠴᠢᠩᠭ᠎ᠠ ᠬᠢᠵᠠᠭ᠋ᠠᠷᠯᠠᠨ᠎ᠠ᠃

     3. ᠦᠷ᠎ᠡ ᠵᠢᠨ ᠲᠥᠮᠥᠰᠥ ᠲᠠᠷᠢᠬᠤ ᠠᠵᠤ ᠠᠬᠤᠶ᠋ᠢᠯᠠᠯ᠎ᠢ ᠪᠤᠵᠠᠭ᠋ᠠᠶ᠋ᠢᠷᠠᠨ ᠬᠦᠴᠦᠷᠬᠡᠭᠵᠢᠭᠦᠯᠬᠦ᠎ᠪᠠᠷ ᠲᠡᠳᠬᠦᠨ᠎ᠡ᠃ ᠪᠤᠶ᠋ᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠭᠰᠠᠨ ᠦᠷ᠎ᠡ ᠵᠢᠨ ᠲᠥᠮᠥᠰᠥ ᠲᠠᠷᠢᠬᠤ 10 ᠰᠢᠬᠠᠮ ᠠᠵᠤ ᠠᠬᠤᠶ᠋ᠢᠯᠠᠯ᠎ᠢ ᠭᠤᠣᠯᠳᠠᠯᠭ᠎ᠠ᠎ᠲᠠᠢ ᠲᠡᠳᠬᠦᠨ᠂ ᠦᠷ᠎ᠡ ᠵᠢᠨ ᠲᠥᠮᠥᠰᠥ ᠲᠠᠷᠢᠬᠤ ᠠᠵᠤ ᠠᠬᠤᠶ᠋ᠢᠯᠠᠯ᠎ᠢ ᠵᠣᠷᠢᠭᠵᠢᠭᠤᠯᠵᠤ ᠪᠠᠶ᠋ᠢᠭ᠋ᠠᠳ ᠨᠡᠶ᠋ᠢᠯᠡᠭᠦᠯᠦᠨ ᠨᠢᠭᠡᠳᠬᠡᠵᠦ ᠳᠠᠬᠢᠨᠲᠠ ᠵᠣᠬᠢᠶᠠᠨ ᠪᠠᠶ᠋ᠢᠭᠤᠯᠵᠤ᠂ ᠪᠥᠭᠡᠮ ᠵᠶ᠋ᠠᠷ ᠦᠷᠡᠵᠢᠭᠦᠯᠦᠨ ᠪᠤᠶ᠋ᠢᠵᠢᠭᠤᠯᠬᠤ ᠲᠠᠰᠤᠭ᠂ ᠲᠣᠣᠷᠯᠢᠬ᠍ᠵᠢᠭᠤᠯᠬᠤ ᠲᠠᠰᠤᠭ᠂ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠂ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠮᠠᠲ᠋ᠧᠷᠢᠶᠠᠯ ᠵᠡᠷᠭᠡ ᠡᠬᠢ ᠪᠠᠶᠠᠯᠢᠭ᠎ᠢ ᠰᠢᠯᠢᠳᠡᠭᠵᠢᠭᠦᠯᠵᠦ ᠡᠮᠬᠢᠯᠡᠨ ᠨᠡᠶ᠋ᠢᠯᠡᠭᠦᠯᠵᠦ᠂ ᠦᠷ᠎ᠡ ᠵᠢᠨ ᠲᠥᠮᠥᠰᠥ ᠲᠠᠷᠢᠬᠤ ᠠᠵᠤ ᠠᠬᠤᠶ᠋ᠢᠯᠠᠯ᠎ᠤᠨ ᠰᠠᠭᠤᠷᠢ ᠪᠡᠯᠡᠳᠬᠡᠮᠵᠢ ᠪᠦᠲᠦᠭᠡᠨ ᠪᠠᠶ᠋ᠢᠭᠤᠯᠬᠤ ᠪᠠ ᠳᠡᠰ ᠳᠡᠪᠰᠢᠭᠦᠯᠦᠨ ᠥᠭᠡᠷᠡᠴᠢᠯᠡᠬᠦ ᠵᠢ ᠳᠠᠮᠵᠢᠵᠤ᠂ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠦᠷ᠎ᠡ ᠵᠢᠨ ᠲᠥᠮᠥᠰᠥ ᠲᠠᠷᠢᠬᠤ ᠨᠡᠷ᠎ᠡ ᠠᠯᠳᠠᠷᠲᠠᠶ ᠠᠵᠤ ᠠᠬᠤᠶ᠋ᠢᠯᠠᠯ᠎ᠤᠨ ᠨᠡᠷᠡᠲᠦ ᠲᠡᠮᠳᠡᠭ᠎ᠢ ᠪᠣᠶ ᠪᠣᠯᠭ᠋ᠠᠨ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ᠎ᠨᠢ ᠳᠡᠭᠡᠭᠰᠢᠯᠡᠭᠦᠯᠦᠨ᠎ᠡ᠃ 2025 ᠣᠨ ᠪᠣᠯᠬᠤ᠎ᠳᠤ᠂ ᠪᠦᠬᠦ ᠣᠷᠣᠨ᠎ᠳᠠᠬᠢ ᠲᠥᠮᠥᠰᠥ ᠵᠢ ᠬᠡᠪᠴᠢᠶᠡᠵᠢᠯ᠎ᠲᠠᠢ ᠲᠠᠷᠢᠬᠤ ᠠᠵᠤ ᠠᠬᠤᠶ᠋ᠢᠯᠠᠯ᠎ᠤᠨ ᠠᠩᠬᠠᠨ᠎ᠤ ᠴᠡᠪᠡᠷ ᠦᠷ᠎ᠡ ᠵᠢᠨ ᠲᠥᠮᠥᠰᠥ (ᠪᠢᠴᠢᠯ ᠲᠥᠮᠥᠰᠥ) ᠦᠢ᠍ᠯᠡᠳᠪᠦᠷᠢᠯᠡᠬᠦ ᠴᠢᠳᠠᠪᠤᠷᠢ ᠵᠢ 30 ᠳ᠋ᠦᠩᠰᠢᠭᠤᠷ ᠬᠦᠷᠭᠡᠬᠦ᠎ᠪᠠᠷ ᠴᠢᠷᠮᠠᠶ᠋ᠢᠨ᠂ 50 ᠭᠠᠷᠤᠶ ᠲᠦᠮᠡᠨ ᠮᠦ᠍ ᠲᠥᠮᠥᠰᠥᠨ᠎ᠤ ᠴᠡᠪᠡᠷ ᠦᠷ᠎ᠡ ᠦᠷᠡᠵᠢᠭᠦᠯᠦᠨ ᠪᠤᠶ᠋ᠢᠵᠢᠭᠤᠯᠬᠤ ᠵᠢ ᠥᠷᠭᠡᠳᠬᠡᠬᠦ ᠵᠢ᠎ᠨᠢ ᠳᠡᠮᠵᠢᠵᠦ᠂ 500 ᠲᠦᠮᠡᠨ ᠮᠦ᠍ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠦᠷ᠎ᠡ ᠵᠢᠨ ᠲᠥᠮᠥᠰᠥ ᠪᠠ ᠨᠢᠭᠡᠳᠦᠭᠡᠷ ᠲᠠᠰ᠎ᠤᠨ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠵᠢ ᠥᠷᠭᠡᠳᠬᠡᠬᠦ ᠬᠡᠷᠡᠭᠴᠡᠭᠡ ᠵᠢ᠎ᠨᠢ ᠬᠠᠩᠭ᠋ᠠᠨ᠎ᠠ᠃  

     4. ᠦᠷ᠎ᠡ ᠵᠢᠨ ᠲᠥᠮᠥᠰᠥ ᠵᠢᠨ ᠶᠠᠰᠤ ᠴᠢᠨᠠᠷ᠎ᠤᠨ ᠲᠦᠪᠰᠢᠨ᠎ᠢ ᠴᠢᠷᠮᠠᠶ᠋ᠢᠨ ᠳᠡᠭᠡᠭᠰᠢᠯᠡᠭᠦᠯᠦᠨ᠎ᠡ᠃ ᠬᠤᠣᠷ ᠥᠬᠡᠶ᠋ᠢᠳᠡᠭᠦᠯᠦᠭᠰᠡᠨ ᠴᠢᠬᠢ᠂ ᠠᠩᠬᠠᠨ᠎ᠤ ᠴᠡᠪᠡᠷ ᠦᠷ᠎ᠡ ᠵᠢᠨ ᠲᠥᠮᠥᠰᠥ (ᠪᠢᠴᠢᠯ ᠲᠥᠮᠥᠰᠥ)᠂ ᠴᠡᠪᠡᠷ ᠦᠷ᠎ᠡ᠂ ᠨᠢᠭᠡᠳᠦᠭᠡᠷ ᠲᠠᠰ᠎ᠤᠨ ᠦᠷ᠎ᠡ ᠵᠢᠨ ᠲᠥᠮᠥᠰᠥᠨ᠎ᠤ ᠴᠢᠨᠠᠷ᠎ᠢ ᠪᠦᠬᠦ ᠶᠠᠪᠤᠴᠠ᠎ᠳᠤ᠎ᠨᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠵᠤ᠂ ᠬᠤᠣᠷ ᠥᠬᠡᠶ᠋ᠢᠳᠡᠭᠦᠯᠦᠭᠰᠡᠨ ᠲᠥᠮᠥᠰᠥᠨ᠎ᠤ ᠴᠢᠬᠢ ᠵᠢᠨ ᠦᠢ᠍ᠯᠡᠳᠪᠦᠷᠢᠯᠡᠯ᠎ᠳᠤ ᠡᠰᠢᠨ᠎ᠤ ᠦᠵᠦᠭᠦᠷ᠎ᠲᠠᠬᠢ ᠬᠤᠣᠷ᠎ᠢ᠎ᠨᠢ ᠥᠬᠡᠶ᠋ᠢᠳᠡᠭᠦᠯᠵᠦ ᠴᠡᠪᠡᠷ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠂ ᠪᠢᠴᠢᠯ ᠲᠥᠮᠥᠰᠥ ᠵᠢᠨ ᠦᠢ᠍ᠯᠡᠳᠪᠦᠷᠢᠯᠡᠯ᠎ᠳᠤ ᠲᠣᠣᠷᠯᠢᠭ ᠬᠦᠯᠡᠮᠵᠢ ᠵᠢᠨ ᠰᠠᠭᠤᠷᠢ ᠪᠣᠳᠠᠰ᠎ᠤᠨ ᠴᠡᠪᠡᠷ ᠪᠠᠶ᠋ᠢᠬᠤ ᠵᠢ ᠦᠨᠡᠨ ᠬᠦ᠌ ᠪᠠᠲᠤᠯᠠᠵᠤ᠂ ᠴᠡᠪᠡᠷ ᠦᠷ᠎ᠡ ᠪᠠ ᠨᠢᠭᠡᠳᠦᠭᠡᠷ ᠲᠠᠰ᠎ᠤᠨ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ᠎ᠳᠤ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠤᠨ ᠬᠥᠷᠥᠰᠥ ᠰᠢᠷᠣᠶ ᠵᠢ ᠴᠡᠪᠡᠷ ᠪᠠᠶ᠋ᠢᠯᠭ᠋ᠠᠬᠤ᠎ᠪᠠᠨ ᠦᠨᠡᠨ ᠬᠦ᠌ ᠪᠠᠲᠤᠯᠠᠨ᠎ᠠ᠃ ᠪᠠᠶ᠋ᠢᠴᠠᠭ᠋ᠠᠨ ᠰᠢᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠪᠠᠶ᠋ᠢᠴᠠᠭ᠋ᠠᠨ ᠰᠢᠯᠭ᠋ᠠᠬᠤ ᠪᠦᠯᠦᠭ ᠤᠳᠠᠭ᠎ᠠ ᠵᠢ ᠨᠡᠮᠡᠭᠳᠡᠭᠦᠯᠦᠨ᠂ ᠦᠷ᠎ᠡ ᠵᠢᠨ ᠲᠥᠮᠥᠰᠥ ᠦᠢ᠍ᠯᠡᠳᠪᠦᠷᠢᠯᠡᠵᠦ ᠡᠵᠡᠩᠨᠡᠬᠦ ᠭᠤᠣᠯ ᠴᠣᠭᠴᠠ ᠵᠢᠨ ᠪᠠᠶ᠋ᠢᠴᠠᠭ᠋ᠠᠨ ᠰᠢᠯᠭ᠋ᠠᠬᠤ ᠵᠢ 100%᠎ᠪᠠᠷ ᠪᠡᠶᠡᠯᠡᠭᠦᠯᠵᠦ᠂ ᠦᠷ᠎ᠡ ᠵᠢᠨ ᠲᠥᠮᠥᠰᠥ ᠵᠢ ᠬᠥᠮᠥᠷᠭᠡ᠎ᠳᠤ ᠣᠷᠣᠭᠤᠯᠬᠤ᠎ᠳᠤ᠎ᠪᠠᠨ 100%᠎ᠪᠠᠷ ᠰᠤᠭᠤᠴᠢᠵᠤ ᠪᠠᠶ᠋ᠢᠴᠠᠭ᠋ᠠᠨ᠂ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ ᠦᠢ᠍ᠯᠡᠳᠪᠦᠷᠢᠯᠡᠬᠦ ᠵᠢ ᠲᠠᠷᠢᠶᠠᠨ ᠭᠠᠵᠠᠷ᠎ᠲᠤ᠎ᠨᠢ 100%᠎ᠪᠠᠷ ᠪᠠᠶ᠋ᠢᠴᠠᠭ᠋ᠠᠨ ᠰᠢᠯᠭ᠋ᠠᠵᠤ᠂ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ᠎ᠤᠨ ᠭᠡᠷᠡᠴᠢᠯᠡᠬᠦ ᠠᠵᠢᠯ᠎ᠢ ᠢᠳᠡᠪᠬᠢᠲᠡᠶ ᠥᠷᠨᠢᠭᠦᠯᠦᠨ᠎ᠡ᠃ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ ᠡᠵᠡᠩᠨᠡᠯᠲᠡ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠵᠢᠭᠦᠯᠦᠨ ᠣᠷᠣᠭᠤᠯᠵᠤ ᠪᠠᠶ᠋ᠢᠭ᠎ᠠ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ᠎ᠳᠤ ᠰᠢᠯᠭ᠋ᠠᠨ ᠪᠠᠶ᠋ᠢᠴᠠᠭ᠋ᠠᠵᠤ ᠬᠢᠵᠢᠭ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠤᠨ᠂ ᠬᠢᠷᠢ ᠲᠡᠩᠴᠡᠬᠦ ᠦᠭᠡᠶ ᠦᠷ᠎ᠡ ᠵᠢᠨ ᠲᠥᠮᠥᠰᠥᠨ᠎ᠤ ᠳᠡᠰ᠎ᠢ ᠪᠠᠭᠤᠷᠠᠭᠤᠯᠬᠤ ᠪᠤᠶᠤ ᠲᠠᠸᠠᠷ ᠪᠣᠯᠭ᠋ᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠷ᠎ᠡ ᠵᠢᠨ ᠲᠥᠮᠥᠰᠥᠨ᠎ᠤ ᠴᠢᠨᠠᠷ᠎ᠢ᠎ᠨᠢ ᠮᠥᠷᠳᠡᠨ ᠤᠬᠤᠴᠢᠯᠠᠬᠤ ᠲᠣᠭᠲᠠᠯᠴᠠᠭ᠎ᠠ ᠵᠢ ᠪᠦᠷᠢᠨᠰᠢᠭᠦᠯᠦᠨ᠂ ᠦᠷ᠎ᠡ ᠵᠢᠨ ᠲᠥᠮᠥᠰᠥ ᠦᠢ᠍ᠯᠡᠳᠪᠦᠷᠢᠯᠡᠵᠦ ᠡᠵᠡᠩᠨᠡᠬᠦ᠎ᠳᠤ ᠬᠠᠤᠯᠢ ᠪᠠ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃

     (ᠭᠤᠷᠪᠠ) ᠲᠥᠮᠥᠰᠥ ᠵᠢᠨ ᠴᠢᠨᠠᠷ ᠰᠠᠶ᠋ᠢᠲᠠᠶ ᠪᠥᠭᠡᠳ ᠪᠣᠬᠢᠷᠲᠤᠯ ᠦᠭᠡᠶ ᠦᠢ᠍ᠯᠡᠳᠪᠦᠷᠢᠯᠡᠯ᠎ᠢ ᠬᠦᠴᠦᠲᠡᠶ ᠠᠬᠢᠭᠤᠯᠤᠨ᠎ᠠ᠃

     1. ᠪᠣᠷᠳᠣᠭᠤᠷ᠎ᠤᠨ ᠬᠡᠮᠵᠢᠶ᠎ᠡ ᠵᠢ ᠬᠢᠵᠠᠭ᠋ᠠᠷᠯᠠᠵᠤ ᠦᠷ᠎ᠡ ᠠᠰᠢᠭ᠎ᠢ᠎ᠨᠢ ᠨᠡᠮᠡᠭᠳᠡᠭᠦᠯᠦᠨ᠎ᠡ᠃ ᠣᠷᠭ᠋ᠠᠨᠢᠭ ᠪᠣᠷᠳᠣᠭᠤᠷ ᠵᠶ᠋ᠠᠷ ᠣᠷᠭ᠋ᠠᠨᠢᠭ ᠪᠤᠰᠤ ᠪᠣᠷᠳᠣᠭᠤᠷ᠎ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠮᠠᠶᠢᠭ᠎ᠢ ᠰᠠᠶ᠋ᠢᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠵᠢ ᠬᠡᠷᠡᠭᠯᠡᠵᠦ ᠪᠠᠶ᠋ᠢᠭ᠋ᠠᠳ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠨ᠎ᠠ᠃ ᠲᠠᠷᠢᠶᠠᠨ ᠭᠠᠵᠠᠷ᠎ᠲᠠᠬᠢ ᠬᠥᠷᠥᠰᠥᠨ᠎ᠤ ᠰᠢᠮ᠎ᠡ ᠵᠢ ᠬᠠᠮᠠᠭ᠋ᠠᠯᠠᠬᠤ ᠨᠡᠮᠡᠭᠦᠷᠢ ᠵᠢᠨ ᠪᠡᠯᠡ ᠮᠥᠩᠭᠦ ᠬᠢᠭᠡᠳ ᠲᠠᠷᠢᠶᠠᠨ ᠭᠠᠵᠠᠷ᠎ᠤᠨ ᠴᠢᠨᠠᠷᠯᠢᠭ ᠪᠦᠲᠦᠭᠡᠨ ᠪᠠᠶ᠋ᠢᠭᠤᠯᠤᠯᠲᠠ ᠵᠢ ᠤᠶᠠᠯᠳᠤᠭᠤᠯᠬᠤ ᠵᠢ᠎ᠨᠢ ᠵᠣᠷᠢᠭᠵᠢᠭᠤᠯᠵᠤ ᠬᠥᠲᠥᠯᠥᠨ ᠵᠢᠯᠣᠭᠤᠳᠴᠤ᠂ ᠣᠷᠭ᠋ᠠᠨᠢᠭ ᠪᠣᠷᠳᠣᠭᠤᠷ᠎ᠢ ᠨᠡᠮᠡᠵᠦ ᠣᠷᠣᠭᠤᠯᠬᠤ᠂ ᠡᠰᠢ ᠰᠦᠷᠡᠯ᠎ᠢ ᠲᠠᠷᠢᠶᠠᠨ᠎ᠳᠤ ᠪᠤᠴᠠᠭ᠋ᠠᠵᠤ ᠰᠢᠩᠭᠡᠭᠡᠨ ᠣᠷᠣᠭᠤᠯᠬᠤ᠂ ᠨᠣᠭᠤᠭ᠋ᠠᠨ ᠪᠣᠷᠳᠣᠭᠤᠷ ᠲᠠᠷᠢᠵᠤ ᠲᠠᠷᠢᠶᠠᠨ ᠭᠠᠵᠠᠷ᠎ᠲᠤ ᠣᠷᠣᠭᠤᠯᠬᠤ᠂ ᠭᠦᠨ ᠬᠠᠭ᠋ᠠᠯᠪᠤᠷᠢᠯᠠᠵᠤ ᠭᠦᠢ᠍ᠴᠡᠳ ᠰᠤᠯᠠᠷᠠᠭᠤᠯᠬᠤ ᠵᠡᠷᠭᠡ᠎ᠳᠤ ᠪᠣᠳᠠᠰᠵᠢᠭᠤᠯᠤᠭᠰᠠᠨ ᠨᠡᠮᠡᠭᠦᠷᠢ ᠪᠠ ᠮᠡᠷᠭᠡᠵᠢᠯ᠎ᠤᠨ ᠨᠡᠮᠡᠭᠦᠷᠢ ᠥᠭᠬᠦ᠎ᠳᠤ ᠬᠡᠷᠡᠭᠯᠡᠨ᠂ ᠲᠠᠷᠢᠶᠠᠨ ᠭᠠᠵᠠᠷ᠎ᠢ ᠰᠢᠮᠡᠵᠢᠭᠦᠯᠵᠦ᠂ ᠣᠷᠭ᠋ᠠᠨᠢᠭ ᠪᠣᠷᠳᠣᠭᠤᠷ ᠬᠡᠷᠡᠭᠯᠡᠬᠦ ᠬᠡᠮᠵᠢᠶ᠎ᠡ ᠵᠢ ᠨᠡᠮᠡᠭᠳᠡᠭᠦᠯᠦᠨ᠂ ᠬᠢᠮᠢ ᠵᠢᠨ ᠪᠣᠷᠳᠣᠭᠤᠷ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠎ᠠ᠃

     2. ᠡᠮ ᠰᠠᠴᠤᠬᠤ ᠵᠢ ᠬᠢᠵᠠᠭ᠋ᠠᠷᠯᠠᠵᠤ ᠬᠤᠣᠷ ᠬᠥᠨᠥᠭᠡᠯ᠎ᠢ᠎ᠨᠢ ᠪᠠᠭ᠋ᠠᠰᠬᠠᠨ᠎ᠠ᠃ ᠡᠮ ᠰᠠᠴᠤᠬᠤ ᠪᠠᠭ᠋ᠠᠵᠢ ᠲᠥᠬᠦᠭᠡᠷᠦᠮᠵᠢ ᠵᠢ ᠰᠠᠶ᠋ᠢᠵᠢᠷᠠᠭᠤᠯᠵᠤ᠂ ᠨᠢᠭᠡᠳᠦᠯᠲᠡᠶ ᠰᠡᠷᠭᠡᠶ᠋ᠢᠯᠡᠵᠦ ᠵᠠᠰᠠᠬᠤ ᠪᠠ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠬᠦ ᠵᠢ ᠳᠡᠯᠭᠡᠷᠡᠭᠦᠯᠦᠨ᠂ ᠮᠧᠬᠠᠨᠢᠭ ᠵᠶ᠋ᠠᠷ ᠲᠠᠩᠨᠠᠵᠤ ᠠᠷᠴᠢᠨ ᠡᠪᠡᠰᠦ ᠠᠷᠢᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠥᠨᠳᠥᠷ ᠦᠷ᠎ᠡ ᠠᠰᠢᠭ᠎ᠲᠠᠢ ᠠᠮᠢᠳᠤ ᠪᠣᠳᠠᠰ᠎ᠤᠨ ᠲᠠᠷᠢᠶᠠᠯᠠᠩ᠎ᠤᠨ ᠡᠮ᠎ᠢ ᠢᠳᠡᠪᠬᠢᠲᠡᠶ ᠳᠡᠯᠭᠡᠷᠡᠭᠦᠯᠦᠨ᠂ ᠬᠢᠮᠢ ᠵᠢᠨ ᠲᠠᠷᠢᠶᠠᠯᠠᠩ᠎ᠤᠨ ᠡᠮ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠎ᠠ᠃ ᠥᠪᠥᠷ ᠮᠣᠩᠭᠤᠯ᠎ᠤᠨ ᠲᠥᠮᠥᠰᠥᠨ᠎ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ᠎ᠳᠤ ᠲᠣᠭ᠋ᠠᠵᠢᠭᠤᠯᠤᠭᠰᠠᠨ ᠬᠢᠨᠠᠵᠤ ᠡᠵᠡᠮᠳᠡᠨ ᠰᠡᠷᠡᠮᠵᠢᠯᠡᠭᠦᠯᠬᠦ ᠰᠢᠰᠲ᠋ᠧᠮ᠎ᠢ ᠭᠤᠣᠯᠳᠠᠯᠭ᠎ᠠ᠎ᠲᠠᠢ ᠲᠡᠭᠦᠯᠳᠡᠷᠵᠢᠭᠦᠯᠵᠦ᠂ ᠪᠦᠬᠦ ᠣᠷᠣᠨ᠎ᠤ ᠲᠥᠮᠥᠰᠥ ᠵᠢᠨ ᠭᠤᠣᠯ ᠭᠠᠷᠤᠯᠲᠠ ᠵᠢᠨ 41 ᠬᠤᠰᠢᠭᠤ ᠰᠢᠶᠠᠨ (ᠬᠤᠲᠠ᠂ ᠲᠣᠭᠤᠷᠢᠭ)᠎ᠳᠤ ᠪᠠᠶ᠋ᠢᠭᠤᠯᠤᠭᠰᠠᠨ 103 ᠪᠣᠳᠠᠰᠯᠢᠭ ᠬᠤᠯᠪᠣᠭ᠋ᠠᠲᠤ ᠰᠦᠯᠵᠢᠶ᠎ᠡ ᠵᠢᠨ ᠠᠦ᠋ᠲ᠋ᠣ᠋ ᠬᠢᠨᠠᠨ ᠰᠢᠨᠵᠢᠬᠦ ᠥᠷᠲᠡᠭᠡ ᠴᠡᠭ᠎ᠤᠨ ᠰᠠᠭᠤᠷᠢᠨ ᠳᠡᠭᠡᠷ᠎ᠡ᠂ ᠬᠢᠨᠠᠵᠤ ᠰᠢᠨᠵᠢᠬᠦ ᠴᠡᠭ᠎ᠢ ᠴᠢᠨᠠᠭᠰᠢᠳᠠ ᠨᠡᠮᠡᠵᠦ ᠨᠢᠭᠲᠠ ᠪᠠᠶ᠋ᠢᠷᠢᠯᠠᠭᠤᠯᠵᠤ᠂ ᠲᠥᠬᠦᠷᠵᠢᠭᠦᠯᠦᠭᠰᠡᠨ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ᠃ ᠰᠡᠷᠡᠮᠵᠢᠯᠡᠭᠦᠯᠬᠦ᠎ᠯᠦᠭᠡ ᠭᠤᠣᠯᠳᠠᠯᠭ᠎ᠠ᠎ᠲᠠᠢ ᠤᠶᠠᠯᠳᠤᠭᠤᠯᠤᠨ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠳᠠᠷᠤᠬᠤ ᠵᠢ ᠳᠡᠯᠭᠡᠷᠡᠭᠦᠯᠵᠦ᠂ ᠲᠥᠮᠥᠰᠥᠨ᠎ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ᠎ᠤᠨ ᠰᠡᠷᠡᠮᠵᠢᠯᠡᠭᠦᠯᠬᠦ ᠵᠢ 14 — 20 ᠡᠳᠦᠷ ᠤᠷᠢᠳᠴᠢᠯᠠᠭᠤᠯᠵᠤ᠂ ᠲᠠᠷᠢᠶᠠᠯᠠᠩ᠎ᠤᠨ ᠡᠮ ᠰᠠᠴᠤᠬᠤ ᠤᠳᠠᠭ᠎ᠠ ᠵᠢ 3 ᠣᠷᠴᠢᠮ ᠪᠠᠭ᠋ᠠᠰᠬᠠᠨ᠂ ᠮᠦ᠍ ᠪᠦᠷᠢ᠎ᠳᠤ ᠳᠤᠮᠳᠠᠴᠢ᠎ᠪᠠᠷ 100 ᠭᠠᠷᠤᠶ ᠭ᠋ᠷᠠᠮ ᠬᠠᠰᠤᠵᠤ᠂ 2025 ᠣᠨ ᠪᠣᠯᠬᠤ᠎ᠳᠤ᠂ ᠵᠢᠯ᠎ᠤᠨ ᠳᠡᠯᠭᠡᠷᠡᠭᠦᠯᠦᠭᠰᠡᠨ ᠲᠠᠯᠠᠪᠠᠶ ᠵᠢ 200 ᠭᠠᠷᠤᠶ ᠲᠦᠮᠡᠨ ᠮᠦ᠍᠎ᠳᠤ ᠬᠦᠷᠦᠭᠦᠯᠦᠨ᠎ᠡ᠃

     3. ᠤᠰᠤ ᠬᠡᠷᠡᠭᠯᠡᠬᠦ ᠵᠢ ᠬᠢᠵᠠᠭ᠋ᠠᠷᠯᠠᠵᠤ ᠬᠤᠷᠣᠭᠳᠠᠯ ᠰᠦᠢ᠍ᠳᠦᠯ᠎ᠢ ᠪᠠᠭ᠋ᠠᠰᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠷᠢᠶᠠᠯᠠᠩ᠎ᠤᠨ ᠭᠤᠣᠯᠳᠠᠯᠭ᠎ᠠ᠎ᠲᠠᠢ ᠲᠥᠷᠥᠯ ᠵᠦᠢ᠍ᠯ ᠵᠶ᠋ᠠᠷ ᠳᠠᠮᠵᠢᠭᠤᠯᠤᠨ᠂ ᠰᠦᠷᠴᠢᠨ ᠤᠰᠤᠯᠠᠬᠤ ᠵᠢ ᠳᠤᠰᠤᠯᠭ᠋ᠠᠨ ᠤᠰᠤᠯᠠᠬᠤ ᠪᠣᠯᠭ᠋ᠠᠨ ᠥᠭᠡᠷᠡᠴᠢᠯᠡᠬᠦ ᠵᠢ ᠠᠬᠢᠭᠤᠯᠵᠤ᠂ ᠥᠨᠳᠥᠷ ᠦᠷ᠎ᠡ ᠠᠰᠢᠭ᠎ᠲᠠᠢ᠎ᠪᠠᠷ ᠤᠰᠤ ᠪᠠ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠢ ᠳᠡᠯᠭᠡᠷᠡᠭᠦᠯᠦᠨ᠂ ᠣᠳᠣ ᠪᠠᠶ᠋ᠢᠭ᠎ᠠ ᠳᠤᠰᠤᠯᠭ᠋ᠠᠨ ᠤᠰᠤᠯᠠᠬᠤ᠎ᠪᠠᠷ ᠭᠤᠣᠯ ᠪᠣᠯᠭ᠋ᠠᠭᠰᠠᠨ ᠲᠥᠮᠥᠰᠥ ᠲᠠᠷᠢᠬᠤ ᠥᠨᠳᠥᠷ ᠦᠷ᠎ᠡ ᠠᠰᠢᠭ᠎ᠲᠠᠢ᠎ᠪᠠᠷ ᠤᠰᠤ ᠪᠣᠷᠳᠣᠭᠤᠷ᠎ᠢ ᠨᠢᠭᠡ ᠴᠤᠨᠨᠴᠠᠵᠢᠭᠤᠯᠤᠨᠨᠰᠠᠨ ᠲᠠᠯᠠᠪᠠᠶ 140 ᠲᠦᠮᠡᠨ ᠮᠦ᠍ ᠵᠢᠨ ᠰᠠᠭᠤᠷᠢᠨ ᠳᠡᠭᠡᠷ᠎ᠡ᠂ 2025 ᠣᠨ ᠪᠣᠯᠬᠤ᠎ᠳᠤ ᠲᠥᠮᠥᠰᠥ ᠲᠠᠷᠢᠬᠤ ᠥᠨᠳᠥᠷ ᠦᠷ᠎ᠡ ᠠᠰᠢᠭ᠎ᠲᠠᠢ᠎ᠪᠠᠷ ᠤᠰᠤ ᠪᠠ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠲᠠᠯᠠᠪᠠᠶ ᠵᠢ 100 ᠲᠦᠮᠡᠨ ᠮᠦ᠍ ᠰᠢᠨ᠎ᠡ᠎ᠪᠠᠷ ᠥᠭᠡᠷᠡᠴᠢᠯᠡᠨ ᠨᠡᠮᠡᠵᠦ᠂ ᠪᠦᠬᠦ ᠣᠷᠣᠨ᠎ᠤ 300 ᠲᠦᠮᠡᠨ ᠮᠦ᠍ ᠣᠷᠴᠢᠮ᠎ᠤᠨ ᠤᠰᠤᠯᠠᠯᠲᠠ ᠵᠢᠨ ᠨᠥᠬᠦᠴᠡᠯ᠎ᠲᠠᠢ ᠲᠥᠮᠥᠰᠥ ᠲᠠᠷᠢᠬᠤ ᠲᠠᠯᠠᠪᠠᠶ ᠵᠢᠨ 80%᠎ᠠᠴᠠ ᠳᠡᠭᠡᠭᠰᠢᠬᠢ ᠵᠢ᠎ᠨᠢ ᠥᠨᠳᠥᠷ ᠦᠷ᠎ᠡ ᠠᠰᠢᠭ᠎ᠲᠠᠢ᠎ᠪᠠᠷ ᠤᠰᠤ ᠪᠣᠷᠳᠣᠭᠤᠷ᠎ᠢ ᠨᠢᠭᠡ ᠴᠤᠭᠴᠠᠵᠢᠭᠤᠯᠤᠨ᠎ᠠ᠃

     4. ᠨᠢᠮᠭᠡᠨ ᠰᠦᠯᠢᠶᠣᠣ ᠪᠦᠷᠬᠦᠪᠴᠢ ᠵᠢ ᠬᠢᠵᠠᠭ᠋ᠠᠷᠯᠠᠵᠤ ᠪᠣᠬᠢᠷᠲᠤᠯ᠎ᠢ ᠪᠠᠭ᠋ᠠᠰᠬᠠᠨ᠎ᠠ᠃ 1 -2 ᠵᠢᠯ᠎ᠤᠨ ᠬᠢᠨᠠᠨ ᠬᠠᠮᠢᠶᠠᠷᠬᠤ ᠪᠠ ᠳᠡᠯᠭᠡᠷᠡᠭᠦᠯᠬᠦ᠎ᠪᠠᠷ ᠳᠠᠮᠵᠢᠭᠤᠯᠤᠨ᠂ ᠪᠦᠬᠦ ᠣᠷᠣᠨ᠎ᠤ ᠲᠥᠮᠥᠰᠥ ᠵᠢ ᠨᠢᠮᠭᠡᠨ ᠰᠦᠯᠢᠶᠣᠣ ᠪᠦᠷᠬᠦᠵᠦ ᠲᠠᠷᠢᠬᠤ᠎ᠳᠤ ᠴᠥᠮ 0.01 ᠮᠢᠯᠢᠮᠧᠳ᠋ᠷ᠎ᠤᠨ ᠵᠤᠵᠠᠭ᠋ᠠᠨ᠎ᠤ ᠬᠡᠮᠵᠢᠶ᠎ᠡ᠎ᠲᠠᠢ ᠪᠠᠶ᠋ᠢᠳᠠᠭ ᠳᠡᠯᠡᠬᠡᠶ ᠵᠢᠨ ᠰᠢᠨ᠎ᠡ ᠪᠠᠷᠢᠮᠵᠢᠶᠠᠲᠤ ᠨᠢᠮᠭᠡᠨ ᠰᠦᠯᠢᠶᠣᠣ ᠪᠦᠷᠬᠦᠪᠴᠢ ᠵᠢ ᠬᠡᠷᠡᠭᠯᠡᠵᠦ᠂ ᠲᠠᠷᠢᠶᠠᠨ ᠭᠠᠵᠠᠷ᠎ᠲᠤ ᠰᠦᠢ᠍ᠳᠦᠭᠳᠡᠵᠦ ᠦᠯᠡᠳᠡᠭᠰᠡᠨ ᠨᠢᠮᠭᠡᠨ ᠰᠦᠯᠢᠶᠣᠣ ᠪᠦᠷᠬᠦᠪᠴᠢ᠎ᠪᠠᠨ ᠲᠣᠰ ᠤᠯᠠᠷᠢᠯ᠎ᠳᠤ᠎ᠨᠢ ᠪᠤᠴᠠᠭ᠋ᠠᠨ ᠬᠤᠷᠢᠶᠠᠬᠤ ᠨᠣᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠦᠨ᠎ᠡ᠂ ᠲᠥᠮᠥᠰᠥ ᠲᠠᠷᠢᠬᠰᠡᠳ᠎ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶ᠋ᠢᠭ᠋ᠠᠳ ᠠᠮᠢᠳᠤ ᠪᠣᠳᠠᠰ᠎ᠤᠨ ᠵᠠᠳᠠᠷᠠᠯᠳᠤ ᠨᠢᠮᠭᠡᠨ ᠰᠦᠯᠢᠶᠣᠣ ᠪᠦᠷᠬᠦᠪᠴᠢ ᠵᠢ ᠬᠡᠷᠡᠭᠯᠡᠭᠦᠯᠵᠦ᠂ ᠥᠨᠳᠥᠷ ᠳᠡᠯᠡᠩᠲᠦ ᠪᠦᠷᠬᠦᠭᠦᠯ ᠥᠬᠡᠶ ᠳᠤᠰᠤᠯᠭ᠋ᠠᠨ ᠤᠰᠤᠯᠠᠬᠤ ᠮᠡᠷᠭᠡᠵᠢᠯ᠎ᠢ ᠶᠡᠭᠡ᠎ᠪᠠᠷ ᠳᠡᠯᠭᠡᠷᠡᠭᠦᠯᠦᠨ᠎ᠡ᠃

     5. ᠡᠭᠡᠯᠵᠢᠯᠡᠨ ᠲᠠᠷᠢᠵᠤ ᠬᠤᠷᠣᠬᠠᠶ ᠭᠡᠮ᠎ᠢ ᠠᠷᠢᠯᠭ᠋ᠠᠨ᠎ᠠ᠃ ᠡᠭᠡᠯᠵᠢᠯᠡᠨ ᠲᠠᠷᠢᠵᠤ ᠭᠤᠤᠷᠰᠤ ᠰᠣᠯᠢᠬᠤ᠎ᠪᠠᠷ ᠳᠠᠮᠵᠢᠭᠤᠯᠤᠨ ᠲᠥᠮᠥᠰᠥ ᠵᠢᠨ ᠬᠥᠷᠥᠰᠥᠨ᠎ᠠᠴᠠ ᠬᠠᠯᠳᠠᠪᠤᠷᠢᠯᠠᠬᠤ ᠬᠤᠷᠣᠬᠠᠶ ᠭᠡᠮ᠎ᠢ ᠳᠠᠷᠤᠵᠤ ᠠᠷᠢᠯᠭ᠋ᠠᠨ᠂ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠳᠤ ᠤᠯᠤᠰ᠎ᠤᠨ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠦᠷᠭᠦᠯᠵᠢᠯᠡᠨ ᠬᠡᠷᠡᠭᠵᠢᠭᠦᠯᠵᠦ᠂ ᠭᠤᠷᠪᠠᠨ ᠵᠢᠯ ᠡᠭᠡᠯᠵᠢᠯᠡᠨ ᠲᠠᠷᠢᠬᠤ ᠵᠠᠭᠪᠤᠷ᠎ᠢ ᠬᠡᠷᠡᠭᠵᠢᠭᠦᠯᠦᠨ᠎ᠡ᠃ ᠦᠷ᠎ᠡ ᠵᠢᠨ ᠲᠥᠮᠥᠰᠥ ᠦᠢ᠍ᠯᠡᠳᠪᠦᠷᠢᠯᠡᠬᠦ ᠰᠠᠭᠤᠷᠢᠨ ᠭᠠᠵᠠᠷ᠎ᠲᠤ 4 ᠵᠢᠯ᠎ᠠᠴᠠ ᠢᠯᠡᠭᠦᠦ ᠡᠭᠡᠯᠵᠢᠯᠡᠨ ᠲᠠᠷᠢᠬᠤ ᠵᠢ ᠠᠯᠪᠠᠳᠠᠯᠭ᠎ᠠ᠎ᠪᠠᠷ ᠴᠢᠩᠭ᠎ᠠ ᠬᠡᠷᠡᠭᠵᠢᠭᠦᠯᠵᠦ᠂ ᠦᠷ᠎ᠡ ᠵᠢᠨ ᠲᠥᠮᠥᠰᠥ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠲᠥᠮᠥᠰᠥ ᠦᠢ᠍ᠯᠡᠳᠪᠦᠷᠢᠯᠡᠬᠦ ᠲᠣᠮᠣ ᠡᠷᠦᠬᠡ ᠪᠠ ᠰᠢᠨ᠎ᠡ ᠬᠡᠯᠪᠡᠷᠢ ᠵᠢᠨ ᠡᠵᠡᠩᠨᠡᠬᠦ ᠭᠤᠣᠯ ᠴᠣᠭᠴᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠲᠠᠸᠠᠷ᠎ᠤᠨ ᠲᠥᠮᠥᠰᠥ ᠵᠢ ᠭᠤᠷᠪᠠᠨ ᠵᠢᠯ᠎ᠠᠴᠠ ᠢᠯᠡᠭᠦᠦ ᠡᠭᠡᠯᠵᠢᠯᠡᠨ ᠲᠠᠷᠢᠬᠤ ᠵᠢ ᠬᠡᠷᠡᠭᠵᠢᠭᠦᠯᠵᠦ᠂ ᠠᠵᠤ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃

     (ᠳᠥᠷᠪᠡ) ᠲᠥᠮᠥᠰᠥ ᠪᠣᠯᠪᠠᠰᠤᠷᠠᠭᠤᠯᠵᠤ ᠤᠯᠠᠷᠢᠭᠤᠯᠬᠤ ᠲᠦᠪᠰᠢᠨ᠎ᠢ ᠳᠡᠭᠡᠭᠰᠢᠯᠡᠭᠦᠯᠦᠨ᠎ᠡ᠃

     1. ᠭᠠᠷᠤᠯᠲᠠ ᠵᠢᠨ ᠣᠷᠣᠨ᠎ᠳᠤ᠎ᠪᠠᠨ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠵᠢ ᠵᠣᠷᠢᠭᠵᠢᠭᠤᠯᠤᠨ᠎ᠠ᠃ ᠠᠵᠤ ᠠᠬᠤᠶ᠋ᠢᠯᠠᠯ᠎ᠢ ᠢᠳᠡᠪᠬᠢᠲᠡᠶ ᠣᠷᠣᠭᠤᠯᠵᠤ ᠠᠪᠴᠢᠷᠠᠨ ᠲᠥᠮᠥᠰᠥ ᠵᠢ ᠨᠠᠷᠢᠯᠢᠭ ᠰᠣᠩᠭᠤᠬᠤ᠂ ᠴᠡᠪᠡᠷᠯᠡᠨ ᠤᠬᠢᠶᠠᠬᠤ᠂ ᠬᠡᠰᠡᠭᠯᠡᠵᠦ ᠬᠡᠷᠴᠢᠬᠦ᠂ ᠨᠢᠮᠭᠡᠨ ᠬᠡᠷᠴᠢᠬᠦ᠂ ᠲᠦᠷᠭᠡᠨ ᠬᠥᠯᠳᠡᠭᠡᠬᠦ ᠵᠡᠷᠭᠡ ᠠᠩᠬᠠᠨ᠎ᠤ ᠡᠳ᠋ᠰᠢᠭᠦᠯᠦᠨ ᠪᠣᠯᠪᠠᠰᠤᠷᠠᠭᠤᠯᠬᠤ ᠠᠵᠢᠯ᠎ᠢ ᠥᠷᠨᠢᠭᠦᠯᠵᠦ᠂ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠪᠠ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠱᠠᠭ᠋ᠠᠷᠳᠠᠯᠭ᠎ᠠ ᠵᠢ ᠦᠨᠳᠦᠰᠦᠯᠡᠨ᠂ ᠲᠥᠮᠥᠰᠥ ᠬᠤᠷᠢᠶᠠᠭᠰᠠᠨ᠎ᠤ ᠳᠠᠷᠠᠭ᠋ᠠᠬᠢ ᠲᠠᠸᠠᠷᠴᠢᠯᠠᠨ ᠰᠢᠢ᠍ᠳᠪᠦᠷᠢᠯᠡᠬᠦ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠵᠦ᠂ ᠴᠡᠪᠡᠷ ᠨᠣᠭᠤᠭ᠎ᠠ ᠵᠢ ᠵᠠᠬ᠎ᠠ ᠳᠡᠯᠭᠡᠭᠦᠷ᠎ᠲᠤ ᠭᠠᠷᠭ᠋ᠠᠨ᠎ᠠ᠃

     2. ᠨᠠᠷᠢᠯᠢᠭ ᠪᠥᠭᠡᠳ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠲᠡᠳᠬᠦᠨ᠎ᠡ᠃ ᠲᠡᠷᠢᠭᠦᠨ᠎ᠤ ᠲᠣᠮᠣ ᠬᠡᠯᠪᠡᠷᠢ ᠵᠢᠨ ᠲᠥᠮᠥᠰᠥ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠢᠳᠡᠪᠬᠢᠲᠡᠶ ᠣᠷᠣᠭᠤᠯᠵᠤ ᠠᠪᠴᠢᠷᠠᠨ᠂ ᠣᠷᠣᠨ ᠨᠤᠲᠤᠭ᠎ᠤᠨ ᠳᠤᠮᠳᠠ ᠵᠢᠵᠢᠭ ᠬᠡᠯᠪᠡᠷᠢ ᠵᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨᠲᠠ ᠵᠣᠬᠢᠶᠠᠨ ᠪᠠᠶ᠋ᠢᠭᠤᠯᠬᠤ᠂ ᠳᠡᠰ ᠳᠡᠪᠰᠢᠬᠦ ᠵᠢ᠎ᠨᠢ ᠵᠣᠷᠢᠭᠵᠢᠭᠤᠯᠤᠨ᠂ ᠡᠳ᠋ᠰᠢᠭᠦᠯᠦᠨ ᠪᠣᠯᠪᠠᠰᠤᠷᠠᠭᠤᠯᠬᠤ ᠬᠥᠲᠥᠴᠢ ᠠᠵᠤ ᠠᠬᠤᠶ᠋ᠢᠯᠠᠯ᠎ᠤᠨ ᠨᠠᠷᠢᠯᠢᠭ ᠪᠥᠭᠡᠳ ᠭᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠭᠤᠣᠯᠳᠠᠯᠭ᠎ᠠ᠎ᠲᠠᠢ ᠳᠡᠮᠵᠢᠵᠦ᠂ ᠪᠦᠷᠢᠨ ᠴᠠᠷᠳᠠᠭᠤᠯ᠂ ᠬᠤᠪᠢᠷᠠᠮᠠᠬᠠᠶ ᠴᠠᠷᠳᠠᠭᠤᠯ᠂ ᠤᠭᠤᠷᠠᠭ᠂ ᠰᠢᠷᠬᠡᠭ ᠵᠡᠷᠭᠡ ᠥᠨᠳᠥᠷ ᠨᠡᠮᠡᠯᠲᠡ ᠥᠷᠲᠡᠭ᠎ᠲᠠᠢ ᠪᠦᠲᠦᠭᠡᠭᠳᠡᠬᠦᠨ ᠪᠣᠯᠭ᠋ᠠᠵᠤ ᠡᠳ᠋ᠰᠢᠭᠦᠯᠦᠨ ᠪᠣᠯᠪᠠᠰᠤᠷᠠᠭᠤᠯᠬᠤ ᠠᠵᠢᠯ᠎ᠢ ᠥᠷᠨᠢᠭᠦᠯᠦᠨ᠎ᠡ᠃ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠪᠠᠭ᠋ᠠᠰᠬᠠᠨ᠂ ᠡᠳ᠋ᠰᠢᠭᠦᠯᠵᠦ ᠪᠣᠯᠪᠠᠰᠤᠷᠠᠭᠤᠯᠬᠤ᠎ᠳᠤ ᠲᠤᠰᠬᠠᠶ ᠬᠡᠷᠡᠭᠯᠡᠬᠦ ᠲᠥᠮᠥᠰᠥ ᠵᠢᠨ ᠬᠥᠭᠵᠢᠯᠲᠡ ᠵᠢ ᠳᠠᠶ᠋ᠢᠴᠢᠯᠠᠨ᠎ᠠ᠃

     3. ᠭᠤᠣᠯ ᠢᠳᠡᠭᠡᠨ᠎ᠤ ᠪᠦᠲᠦᠭᠡᠭᠳᠡᠬᠦᠨ ᠪᠣᠯᠭ᠋ᠠᠬᠤ᠎ᠪᠠᠷ ᠨᠡᠭᠡᠭᠡᠨ ᠬᠥᠭᠵᠢᠭᠦᠯᠬᠦ ᠵᠢ ᠲᠡᠳᠬᠦᠨ᠎ᠡ᠃ ᠲᠥᠮᠥᠰᠥ᠎ᠪᠠᠷ ᠭᠤᠣᠯ ᠢᠳᠡᠭᠡᠨ᠎ᠤ ᠪᠦᠲᠦᠭᠡᠭᠳᠡᠬᠦᠨ ᠪᠣᠯᠭ᠋ᠠᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠵᠣᠷᠢᠭᠵᠢᠭᠤᠯᠵᠤ ᠪᠠᠶ᠋ᠢᠭ᠋ᠠᠳ ᠲᠥᠮᠥᠰᠥ᠎ᠪᠠᠷ ᠭᠤᠣᠯ ᠢᠳᠡᠭᠡᠨ ᠪᠣᠯᠭ᠋ᠠᠬᠤ ᠪᠦᠲᠦᠭᠡᠭᠳᠡᠬᠦᠨ᠂ ᠵᠣᠷ ᠨᠠᠶ᠋ᠢᠷᠠᠯᠭ᠎ᠠ᠎ᠲᠠᠢ ᠪᠦᠲᠦᠭᠡᠭᠳᠡᠬᠦᠨ᠂ ᠰᠢᠮ᠎ᠡ ᠲᠡᠵᠢᠭᠡᠯ᠎ᠤᠨ ᠨᠠᠶ᠋ᠢᠷᠠᠯᠭ᠋ᠠᠲᠤ ᠬᠤᠭᠤᠯᠠ ᠵᠡᠷᠭᠡ ᠵᠢ ᠨᠡᠭᠡᠭᠡᠨ ᠬᠥᠭᠵᠢᠭᠦᠯᠵᠦ᠂ ᠲᠥᠮᠥᠰᠥ᠎ᠪᠠᠷ ᠭᠤᠣᠯ ᠢᠳᠡᠭᠡᠨ ᠪᠣᠯᠭ᠋ᠠᠭᠰᠠᠨ ᠪᠦᠲᠦᠭᠡᠭᠳᠡᠬᠦᠨ᠎ᠢ ᠨᠡᠶ᠋ᠢᠭᠡᠮ ᠲᠣᠭᠤᠷᠢᠭ᠂ ᠰᠤᠷᠭ᠋ᠠᠭᠤᠯᠢ ᠵᠢᠨ ᠬᠦᠷᠢᠶ᠎ᠡ᠂ ᠦᠵᠡᠮᠵᠢ ᠵᠢᠨ ᠣᠷᠣᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠦᠨ᠂ ᠭᠤᠣᠯ ᠢᠳᠡᠭᠡᠨ ᠪᠣᠯᠭ᠋ᠠᠭᠰᠠᠨ ᠪᠦᠲᠦᠭᠡᠭᠳᠡᠬᠦᠨ᠎ᠤ ᠣᠶ᠋ᠢᠯᠠᠭ᠋ᠠᠵᠤ ᠮᠡᠳᠡᠷᠡᠬᠦ ᠬᠡᠮᠵᠢᠶ᠎ᠡ ᠵᠢ᠎ᠨᠢ ᠳᠡᠭᠡᠭᠰᠢᠯᠡᠭᠦᠯᠵᠦ᠂ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠳᠠᠶ᠋ᠢᠴᠢᠯᠠᠨ᠎ᠠ᠃

    (ᠲᠠᠪᠤ) ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃

     1. ᠪᠦᠯᠦᠭᠵᠢᠨ ᠬᠥᠭᠵᠢᠬᠦ ᠵᠢ ᠲᠦᠷᠭᠡᠳᠬᠡᠨ᠎ᠡ᠃ ᠭᠤᠣᠯ ᠭᠠᠷᠤᠯᠲᠠ ᠵᠢᠨ ᠣᠷᠣᠨ᠎ᠳᠤ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ᠂ ᠬᠡᠪᠴᠢᠶᠡᠵᠢᠭᠦᠯᠦᠨ ᠲᠠᠷᠢᠬᠤ᠂ ᠡᠳ᠋ᠰᠢᠭᠦᠯᠵᠦ ᠪᠣᠯᠪᠠᠰᠤᠷᠠᠭᠤᠯᠬᠤ᠂ ᠬᠠᠳᠠᠭ᠋ᠠᠯᠠᠵᠤ ᠲᠡᠭᠡᠭᠡᠪᠦᠷᠢᠯᠡᠬᠦ᠂ ᠡᠵᠡᠩᠨᠡᠨ ᠪᠣᠷᠣᠯᠠᠭᠤᠯᠬᠤ ᠵᠢ ᠲᠥᠪᠯᠡᠷᠡᠭᠦᠯᠵᠦ ᠨᠢᠭᠡ ᠴᠣᠭᠴᠠᠵᠢᠭᠤᠯᠤᠭᠰᠠᠨ ᠲᠥᠮᠥᠰᠥ ᠵᠢᠨ ᠠᠵᠤ ᠦᠢ᠍ᠯᠡᠰ᠎ᠤᠨ ᠪᠦᠯᠦᠭᠵᠢᠯ ᠪᠠᠶ᠋ᠢᠭᠤᠯᠬᠤ ᠵᠢ ᠳᠠᠮᠵᠢᠵᠤ᠂ 2025 ᠣᠨ ᠪᠣᠯᠬᠤ᠎ᠳᠤ᠂ ᠭᠤᠣᠯ ᠭᠠᠷᠤᠯᠲᠠ ᠵᠢᠨ ᠣᠷᠣᠨ᠎ᠨᠢ ᠣᠷᠣᠨ ᠪᠦᠰᠡ ᠠᠯᠤᠰᠯᠠᠨ ᠤᠯᠤᠰ᠎ᠤᠨ ᠲᠠᠰ᠎ᠤᠨ ᠲᠥᠮᠥᠰᠥ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠤᠨ 1 ᠲᠥᠷᠥᠯ ᠵᠦᠢ᠍ᠯ ᠭᠤᠶᠤᠴᠢᠯᠠᠬᠤ ᠵᠢ ᠢᠳᠡᠪᠬᠢᠲᠡᠶ ᠳᠡᠮᠵᠢᠵᠦ᠂ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠭᠳᠡᠬᠦᠨ᠎ᠤ ᠥᠷᠲᠡᠭ᠎ᠢ 230 ᠳ᠋ᠦᠩᠰᠢᠭᠤᠷ ᠲᠥᠭᠦᠷᠢᠭ᠎ᠲᠤ ᠬᠦᠷᠦᠭᠦᠯᠦᠨ᠎ᠡ᠃ ᠲᠥᠮᠥᠰᠥ ᠵᠢᠨ ᠳᠠᠪᠠᠭᠤᠯᠢᠭ ᠪᠣᠯᠬᠤ ᠭᠤᠣᠯ ᠭᠠᠷᠤᠯᠲᠠ ᠵᠢᠨ ᠣᠷᠣᠨ᠎ᠳᠤ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠵᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠥᠮᠥᠰᠥ ᠵᠢᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ 1 — 2 ᠬᠦᠷᠢᠶᠡᠯᠡᠩ᠎ᠢ ᠪᠠᠶ᠋ᠢᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ᠎ᠳᠤ ᠤᠯᠤᠰ᠎ᠤᠨ ᠲᠠᠰ᠎ᠤᠨ ᠲᠥᠮᠥᠰᠥ ᠵᠢᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠶ ᠥᠷᠨᠢᠭᠦᠯᠦᠨ᠎ᠡ᠃ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠳᠤ ᠵᠢᠭᠤᠯᠴᠢᠯᠠᠯ᠎ᠤᠨ ᠠᠵᠤ ᠦᠢ᠍ᠯᠡᠰ᠎ᠢ ᠵᠡᠷᠭᠡ᠎ᠳᠤ᠎ᠨᠢ ᠬᠥᠭᠵᠢᠭᠦᠯᠬᠦ ᠵᠢ ᠵᠣᠷᠢᠭᠵᠢᠭᠤᠯᠤᠨ᠂ ᠲᠥᠮᠥᠰᠥ ᠵᠢᠨ ᠮᠦᠽᠧᠶ᠂ ᠲᠥᠮᠥᠰᠥ ᠵᠢᠨ ᠵᠢᠵᠢᠭ ᠪᠠᠯᠭ᠋ᠠᠰᠤ᠂ ᠲᠥᠮᠥᠰᠥ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠣᠯᠪᠠᠰᠤᠷᠠᠯ᠎ᠤᠨ ᠰᠠᠭᠤᠷᠢᠨ ᠭᠠᠵᠠᠷ ᠵᠡᠷᠭᠡ ᠵᠢ ᠪᠠᠶ᠋ᠢᠭᠤᠯᠵᠤ᠂ ᠲᠥᠮᠥᠰᠥ ᠵᠢᠨ ᠲᠤᠬᠠᠶ ᠰᠠᠶ᠋ᠢᠲᠤᠷ ᠦᠯᠢᠭᠡᠷᠯᠡᠨ ᠶᠠᠷᠢᠨ᠎ᠠ᠃

     2. ᠮᠧᠬᠠᠨᠢᠬ᠍ᠵᠢᠯᠠᠨ ᠠᠵᠢᠯᠯᠠᠬᠤ ᠵᠢ ᠠᠬᠢᠭᠤᠯᠤᠨ᠎ᠠ᠃ ᠲᠥᠮᠥᠰᠥ ᠦᠢ᠍ᠯᠡᠳᠪᠦᠷᠢᠯᠡᠬᠦ ᠪᠦᠬᠦ ᠶᠠᠪᠤᠴᠠ ᠵᠢᠨ ᠮᠧᠬᠠᠨᠢᠭᠵᠢᠭᠤᠯᠬᠤ ᠪᠠᠭᠤᠷᠠᠶ ᠲᠠᠯ᠎ᠠ᠎ᠳᠤ ᠴᠢᠭᠯᠡᠭᠦᠯᠦᠨ᠂ ᠲᠠᠷᠢᠶᠠᠯᠠᠩ᠎ᠤᠨ ᠮᠠᠰᠢᠨ᠎ᠳᠤ ᠨᠥᠬᠦᠪᠥᠷᠢ ᠥᠭᠬᠦ᠎ᠪᠠᠷ ᠳᠠᠮᠵᠢᠭᠤᠯᠤᠨ ᠲᠥᠮᠥᠰᠥ ᠦᠢ᠍ᠯᠡᠳᠪᠦᠷᠢᠯᠡᠬᠦ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ ᠵᠢᠨ᠎ᠬᠢᠨ᠎ᠤ ᠲᠣᠮᠣ ᠬᠡᠯᠪᠡᠷᠢ ᠵᠢᠨ ᠲᠠᠷᠢᠬᠤ᠂ ᠲᠠᠩᠨᠠᠵᠤ ᠠᠷᠴᠢᠬᠤ᠂ ᠤᠷᠭᠤᠮᠠᠯ ᠬᠠᠮᠠᠭ᠋ᠠᠯᠠᠬᠤ ᠮᠧᠬᠠᠨᠢᠭ ᠵᠢᠴᠢ ᠮᠠᠯᠲᠠᠵᠤ ᠬᠤᠷᠢᠶᠠᠬᠤ᠂ ᠳᠡᠰ ᠬᠤᠪᠢᠶᠠᠬᠤ᠂ ᠨᠠᠷᠢᠯᠢᠭ ᠰᠣᠩᠭᠤᠬᠤ᠂ ᠪᠣᠭᠤᠳᠠᠯᠯᠠᠬᠤ ᠵᠢ ᠨᠢᠭᠡ ᠴᠣᠭᠴᠠᠵᠢᠭᠤᠯᠤᠭᠰᠠᠨ ᠬᠤᠷᠢᠶᠠᠵᠤ ᠠᠪᠬᠤ ᠮᠧᠬᠠᠨᠢᠭ ᠬᠤᠳᠠᠯᠳᠤᠨ ᠠᠪᠬᠤ ᠵᠢ᠎ᠨᠢ ᠭᠤᠣᠯᠳᠠᠯᠭ᠎ᠠ᠎ᠲᠠᠢ ᠳᠡᠮᠵᠢᠵᠦ᠂ ᠠᠵᠢᠯᠴᠢᠨ ᠬᠡᠷᠡᠭᠯᠡᠬᠦ ᠲᠠᠯ᠎ᠠ ᠵᠢᠨ ᠣᠷᠣᠭᠤᠯᠤᠯᠲᠠ ᠵᠢ ᠪᠠᠭ᠋ᠠᠰᠬᠠᠨ᠂ ᠲᠥᠮᠥᠰᠥ ᠦᠢ᠍ᠯᠡᠳᠪᠦᠷᠢᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠲᠥᠮᠥᠰᠥ ᠵᠢᠨ ᠲᠤᠰᠬᠠᠶ᠋ᠢᠵᠢᠭᠰᠠᠨ ᠲᠠᠷᠢᠶᠠᠯᠠᠩ᠎ᠤᠨ ᠮᠠᠰᠢᠨ᠎ᠤ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠲᠣᠨᠤᠭ ᠲᠥᠬᠦᠭᠡᠷᠦᠮᠵᠢ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠵᠢ ᠵᠣᠷᠢᠭᠵᠢᠭᠤᠯᠤᠨ ᠳᠠᠮᠵᠢᠵᠤ᠂ ᠦᠢ᠍ᠯᠡᠴᠢᠯᠡᠬᠦ ᠬᠡᠪᠴᠢᠶ᠎ᠡ ᠵᠢ᠎ᠨᠢ ᠥᠷᠭᠡᠳᠬᠡᠨ᠎ᠡ᠃ 2025 ᠣᠨ ᠪᠣᠯᠬᠤ᠎ᠳᠤ᠂ ᠪᠦᠬᠦ ᠣᠷᠣᠨ᠎ᠤ ᠲᠥᠮᠥᠰᠥ ᠦᠢ᠍ᠯᠡᠳᠪᠦᠷᠢᠯᠡᠬᠦ ᠪᠦᠬᠦ ᠶᠠᠪᠤᠴᠠ ᠵᠢᠨ ᠮᠧᠬᠠᠨᠢᠭᠵᠢᠭᠤᠯᠬᠤ ᠨᠣᠷᠮ᠎ᠠ ᠵᠢ 90%᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃

     3. ᠮᠡᠳᠡᠭᠡ ᠵᠠᠩᠭᠢᠴᠢᠯᠠᠬᠤ ᠪᠠᠶ᠋ᠢᠭᠤᠯᠤᠯᠲᠠ ᠵᠢ ᠠᠬᠢᠭᠤᠯᠤᠨ᠎ᠠ᠃ ᠳᠤᠮᠳᠠᠳᠤ ᠤᠯᠤᠰ᠎ᠤᠨ ᠲᠥᠮᠥᠰᠥ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠣᠮᠣ ᠳ᠋ᠠᠶ᠋ᠢᠲ᠋ᠠ ᠵᠢᠨ ᠲᠠᠪᠴᠠᠩ ᠪᠠᠶ᠋ᠢᠭᠤᠯᠵᠤ ᠲᠡᠭᠦᠯᠳᠡᠷᠵᠢᠭᠦᠯᠬᠦ ᠵᠢ᠎ᠨᠢ ᠳᠠᠮᠵᠢᠵᠤ᠂ ᠲᠥᠮᠥᠰᠥ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠮᠡᠳᠡᠭᠡ ᠵᠠᠩᠭᠢᠴᠢᠯᠠᠯᠲᠠ ᠵᠢᠨ ᠬᠡᠷᠡᠭᠯᠡᠭᠡᠨ᠎ᠢ ᠠᠬᠢᠭᠤᠯᠤᠨ᠂ ᠲᠥᠮᠥᠰᠥ ᠦᠢ᠍ᠯᠡᠳᠪᠦᠷᠢᠯᠡᠬᠦ᠂ ᠡᠵᠡᠩᠨᠡᠬᠦ ᠪᠠ ᠬᠠᠮᠢᠶᠠᠷᠬᠤ ᠭᠤᠣᠯ ᠴᠣᠭᠴᠠ ᠵᠢ ᠵᠣᠷᠢᠭᠵᠢᠭᠤᠯᠵᠤ ᠪᠠᠶ᠋ᠢᠭ᠋ᠠᠳ ᠮᠡᠳᠡᠭᠡ ᠵᠠᠩᠭᠢᠴᠢᠯᠠᠬᠤ ᠠᠷᠭ᠎ᠠ ᠪᠠᠷᠢᠯ᠎ᠢ ᠢᠳᠡᠪᠬᠢᠲᠡᠶ ᠬᠡᠷᠡᠭᠯᠡᠭᠦᠯᠦᠨ ᠦᠷ᠎ᠡ ᠪᠦᠲᠦᠮᠵᠢ ᠵᠢ᠎ᠨᠢ ᠳᠡᠭᠡᠭᠰᠢᠯᠡᠭᠦᠯᠦᠨ᠂ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ᠂ ᠵᠣᠷ ᠨᠠᠶ᠋ᠢᠷᠠᠯᠭ᠎ᠠ᠎ᠲᠠᠢ ᠪᠣᠷᠳᠣᠭᠤᠷ ᠣᠷᠣᠭᠤᠯᠬᠤ᠂ ᠲᠠᠷᠢᠶ᠎ᠠ ᠲᠠᠷᠢᠬᠤ᠂ ᠴᠠᠭ ᠠᠭᠤᠷ᠎ᠤᠨ ᠦᠢ᠍ᠯᠡᠴᠢᠯᠡᠭᠡ᠂ ᠬᠤᠷᠣᠬᠠᠶ ᠭᠡᠮ᠎ᠤᠨ ᠬᠥᠨᠥᠭᠡᠯ᠎ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠬᠥᠮᠥᠷᠭᠡᠯᠡᠨ ᠬᠠᠳᠠᠭ᠋ᠠᠯᠠᠵᠤ ᠲᠡᠭᠡᠭᠡᠪᠦᠷᠢᠯᠡᠬᠦ᠂ ᠵᠠᠬ᠎ᠠ ᠳᠡᠯᠭᠡᠭᠦᠷ᠎ᠲᠤ ᠪᠣᠷᠣᠯᠠᠭᠤᠯᠤᠨ ᠬᠤᠳᠠᠯᠳᠤᠬᠤ ᠵᠡᠷᠭᠡ ᠭᠤᠭᠴᠤᠭ᠎ᠠ ᠵᠢ ᠪᠠᠭᠲᠠᠭ᠋ᠠᠭᠰᠠᠨ ᠪᠦᠬᠦ ᠶᠠᠪᠤᠴᠠ ᠵᠢᠨ ᠮᠡᠳᠡᠭᠡ ᠵᠠᠩᠭᠢᠴᠢᠯᠠᠭᠰᠠᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ᠂ 《ᠢᠨᠲ᠋ᠧᠷ ᠰᠦᠯᠵᠢᠶ᠎ᠡ +》 ᠮᠡᠳᠡᠭᠡ ᠵᠠᠩᠭᠢᠴᠢᠯᠠᠭᠰᠠᠨ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠠᠵᠤ ᠦᠢ᠍ᠯᠡᠰ᠂ ᠰᠢᠨ᠎ᠡ ᠬᠥᠳᠡᠯᠭᠡᠬᠦ ᠴᠢᠳᠠᠮᠵᠢ ᠵᠢ ᠪᠤᠶ ᠪᠣᠯᠭ᠋ᠠᠨ᠎ᠠ᠃

     4. ᠨᠡᠷᠡᠲᠦ ᠲᠡᠮᠳᠡᠭ᠎ᠢ ᠡᠭᠦᠳᠴᠦ ᠪᠦᠲᠦᠭᠡᠬᠦ ᠵᠢ ᠴᠢᠩᠭ᠋ᠠᠳᠬᠠᠨ᠎ᠠ᠃ ᠲᠥᠮᠥᠰᠥ ᠵᠢᠨ ᠭᠤᠣᠯ ᠦᠢ᠍ᠯᠡᠳᠪᠦᠷᠢᠯᠡᠯ᠎ᠤᠨ ᠣᠷᠣᠨ᠎ᠤ ᠭᠠᠵᠠᠷ ᠵᠦᠢ ᠵᠢᠨ ᠪᠡᠯᠭᠡ ᠲᠡᠮᠳᠡᠭ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠤᠯᠠᠭ᠋ᠠᠨᠴᠠᠪ᠎ᠤᠨ ᠲᠥᠮᠥᠰᠥ ᠵᠢᠨ ᠤᠯᠤᠰ᠎ᠤᠨ ᠣᠨᠴᠠ ᠰᠢᠯᠢᠳᠡᠭ ᠣᠷᠣᠨ᠎ᠳᠤ ᠵᠢᠷᠤᠮᠵᠢᠭᠤᠯᠤᠨ ᠬᠠᠮᠢᠶᠠᠷᠤᠯᠲᠠ ᠬᠢᠬᠦ ᠵᠢ ᠴᠢᠩᠭ᠋ᠠᠳᠬᠠᠨ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ 《ᠥᠪᠥᠷ ᠮᠣᠩᠭᠤᠯ ᠨᠡᠷᠡᠮᠵᠢᠲᠦ ᠨᠡᠷᠡᠲᠦ ᠲᠡᠮᠳᠡᠭ》᠎ᠲᠠᠢ ᠪᠦᠲᠦᠭᠡᠭᠳᠡᠬᠦᠨ᠎ᠤ ᠨᠡᠷᠡᠲᠦ ᠳᠡᠮᠳᠡᠭ ᠪᠠ ᠠᠵᠤ ᠠᠬᠤᠶ᠋ᠢᠯᠠᠯ᠎ᠤᠨ ᠨᠡᠷᠡᠲᠦ ᠲᠡᠮᠳᠡᠭ᠎ᠢ ᠢᠳᠡᠪᠬᠢᠲᠡᠶ᠎ᠪᠠᠷ ᠨᠡᠩ ᠣᠯᠠᠨ ᠪᠣᠯᠭ᠋ᠠᠨ᠎ᠠ᠃ ᠨᠡᠷᠡᠲᠦ ᠲᠡᠮᠳᠡᠭ ᠵᠶ᠋ᠠᠨ ᠬᠠᠮᠠᠭ᠋ᠠᠯᠠᠬᠤ ᠦᠵᠡᠯ ᠤᠬᠠᠮᠰᠠᠷ᠎ᠢ ᠴᠢᠩᠭ᠋ᠠᠳᠬᠠᠨ᠂ ᠪᠦᠲᠦᠭᠡᠭᠳᠡᠬᠦᠨ᠎ᠤ ᠶᠠᠰᠤ ᠴᠢᠨᠠᠷ᠎ᠢ ᠴᠢᠩᠭ᠎ᠠ ᠠᠳᠬᠤᠵᠤ᠂ ᠵᠠᠬ᠎ᠠ ᠳᠡᠯᠭᠡᠭᠦᠷ᠎ᠤᠨ ᠨᠥᠯᠥᠭᠡᠯᠡᠬᠦ ᠬᠦᠴᠦᠨ ᠪᠠ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ 《ᠳᠤᠮᠳᠠᠳᠤ ᠤᠯᠤᠰ᠎ᠤᠨ ᠨᠡᠷᠡᠲᠦ ᠲᠡᠮᠳᠡᠭ᠎ᠤᠨ ᠡᠳᠦᠷ》 《ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠲᠦᠮᠡᠨ ᠭᠠᠵᠠᠷ᠎ᠤᠨ ᠠᠶᠠᠯᠠᠯ》 ᠵᠡᠷᠭᠡ ᠠᠵᠢᠯᠯᠠᠭ᠎ᠠ ᠥᠷᠨᠢᠭᠦᠯᠬᠦ ᠪᠠ 《ᠥᠪᠥᠷ ᠮᠣᠩᠭᠤᠯ᠎ᠳᠤ ᠪᠢ ᠬᠠᠶ᠋ᠢᠷᠠᠲᠠᠶ》 《ᠥᠪᠥᠷ ᠮᠣᠩᠭᠤᠯ᠎ᠤᠨ ᠦᠨᠦᠷ ᠠᠮᠲᠠ》 ᠵᠡᠷᠭᠡ ᠫᠷᠤᠭ᠌ᠷᠠᠮ᠎ᠢ ᠨᠡᠪᠲᠡᠷᠡᠭᠦᠯᠬᠦ᠎ᠪᠠᠷ ᠳᠠᠮᠵᠢᠭᠤᠯᠤᠨ᠂ ᠨᠡᠷᠡᠲᠦ ᠲᠡᠮᠳᠡᠭ᠎ᠢ ᠤᠬᠠᠭᠤᠯᠬᠤ ᠪᠠ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠮᠠᠨ᠎ᠤ ᠣᠷᠣᠨ᠎ᠤ ᠲᠥᠮᠥᠰᠥ ᠵᠢᠨ ᠵᠠᠬ᠎ᠠ ᠳᠡᠯᠭᠡᠭᠦᠷ᠎ᠤᠨ ᠨᠡᠷ᠎ᠡ ᠴᠤᠤ ᠵᠢ ᠳᠡᠭᠡᠭᠰᠢᠯᠡᠭᠦᠯᠦᠨ᠎ᠡ᠃

     5. ᠣᠯᠠᠨ ᠡᠰᠢᠵᠢᠭᠰᠡᠨ ᠡᠵᠡᠩᠨᠡᠵᠦ ᠪᠣᠷᠣᠯᠠᠭᠤᠯᠬᠤ ᠵᠢ ᠠᠬᠢᠭᠤᠯᠤᠨ᠎ᠠ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠷᠡᠭᠯᠡᠭᠡ ᠵᠢᠨ ᠭᠤᠣᠯ ᠴᠣᠭᠴᠠ᠂ ᠠᠳᠠᠯᠢ ᠪᠤᠰᠤ ᠢᠳᠡᠭᠡᠨ᠎ᠳᠤ ᠬᠡᠷᠡᠭᠯᠡᠬᠦ ᠠᠷᠭ᠎ᠠ ᠮᠠᠶᠢᠭ᠎ᠢ ᠦᠨᠳᠦᠰᠦᠯᠡᠨ ᠲᠤᠰᠬᠠᠶ ᠬᠡᠷᠡᠭᠯᠡᠭᠡᠨ᠎ᠤ ᠲᠥᠷᠥᠯ ᠵᠶ᠋ᠠᠷ ᠥᠪᠡᠷᠮᠢᠴᠡ ᠴᠢᠨᠠᠷ᠎ᠲᠠᠢ ᠪᠣᠷᠣᠯᠠᠭᠤᠯᠤᠨ ᠬᠤᠳᠠᠯᠳᠤᠬᠤ ᠵᠢ ᠳᠡᠯᠭᠡᠷᠡᠭᠦᠯᠦᠨ᠎ᠡ᠃ 《ᠢᠨᠲ᠋ᠧᠷ ᠰᠦᠯᠵᠢᠶ᠎ᠡ +》 ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠲᠣᠰᠬᠤᠨ᠎ᠠᠴᠠ ᠭᠠᠷᠭ᠋ᠠᠵᠤ ᠬᠤᠲᠠ᠎ᠳᠤ ᠣᠷᠣᠭᠤᠯᠬᠤ ᠢᠨᠵᠧᠨᠧᠷᠢᠩ᠎ᠢ ᠬᠦᠴᠦᠲᠡᠶ ᠠᠬᠢᠭᠤᠯᠤᠨ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠂ ᠰᠦᠯᠵᠢᠶᠡᠨ᠎ᠤ ᠴᠤᠤᠲᠠᠳ ᠪᠠᠷᠠᠭ᠎ᠠ ᠬᠤᠳᠠᠯᠳᠤᠬᠤ ᠵᠡᠷᠭᠡ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠳᠤᠮᠳᠠᠳᠤ ᠤᠯᠤᠰ᠎ᠤᠨ ᠣᠯᠠᠨ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶᠠᠨ᠎ᠤ ᠴᠤᠭᠯᠠᠭ᠋ᠠᠨ᠂ ᠣᠯᠠᠨ ᠤᠯᠤᠰ᠎ᠤᠨ ᠲᠥᠮᠥᠰᠥ ᠵᠢᠨ ᠦᠢ᠍ᠯᠡᠰ᠎ᠤᠨ ᠦᠵᠡᠰᠬᠦᠯᠡᠩ ᠵᠡᠷᠭᠡ ᠴᠤᠭᠯᠠᠭ᠋ᠠᠨ ᠦᠵᠡᠰᠬᠦᠯᠡᠩ᠎ᠤᠨ ᠲᠣᠬᠢᠶᠠᠯ᠎ᠢ ᠭᠦᠢ᠍ᠴᠡᠳ ᠠᠰᠢᠭᠯᠠᠨ᠂ ᠲᠥᠮᠥᠰᠥ ᠵᠢᠨ ᠣᠨᠴᠠ ᠭᠠᠷᠤᠯᠲᠠ ᠵᠢᠨ ᠳᠡᠯᠭᠡᠭᠦᠷ᠂ ᠭᠤᠣᠯ ᠢᠳᠡᠭᠡᠨ᠎ᠤ ᠪᠦᠲᠦᠭᠡᠭᠳᠡᠬᠦᠨ᠎ᠤ ᠰᠢᠭᠤᠳ ᠪᠣᠷᠣᠯᠠᠭᠤᠯᠬᠤ ᠴᠡᠭ᠂ ᠰᠢᠮ᠎ᠡ ᠲᠡᠵᠢᠭᠡᠯ᠎ᠤᠨ ᠨᠠᠶ᠋ᠢᠷᠠᠯᠭ᠋ᠠᠲᠤ ᠬᠤᠭᠤᠯᠠᠨ᠎ᠤ ᠪᠡᠶᠡᠴᠢᠯᠡᠨ ᠣᠶ᠋ᠢᠯᠠᠭ᠋ᠠᠬᠤ ᠳᠡᠯᠭᠡᠭᠦᠷ ᠵᠡᠷᠭᠡ ᠪᠣᠷᠣᠯᠠᠭᠤᠯᠤᠨ ᠬᠤᠳᠠᠯᠳᠤᠬᠤ ᠦᠵᠦᠭᠦᠷ ᠲᠠᠪᠴᠠᠩ᠎ᠢ ᠭᠠᠷᠭ᠋ᠠᠵᠤ᠂ ᠦᠵᠡᠰᠬᠦᠯᠡᠩ ᠦᠵᠡᠭᠦᠯᠭᠡ ᠬᠢᠭᠡᠳ ᠪᠡᠶᠡᠴᠢᠯᠡᠨ ᠠᠮᠰᠠᠵᠤ ᠣᠶ᠋ᠢᠯᠠᠭ᠋ᠠᠬᠤ ᠵᠢ ᠤᠶᠠᠯᠳᠤᠭᠤᠯᠬᠤ᠂ ᠰᠦᠯᠵᠢᠶ᠎ᠡ᠎ᠪᠠᠷ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ᠎ᠪᠠᠷ ᠳᠠᠮᠵᠢᠭᠤᠯᠤᠨ᠂ ᠪᠣᠷᠣᠯᠠᠭᠤᠯᠤᠨ ᠬᠤᠳᠠᠯᠳᠤᠬᠤ ᠵᠠᠭᠪᠤᠷ᠎ᠲᠤ ᠲᠠᠰᠤᠷᠠᠯᠲᠠ ᠤᠢ᠍ᠭᠡᠢ ᠰᠢᠨ᠎ᠡ ᠵᠢ ᠡᠭᠦᠳᠴᠦ᠂ ᠦᠢ᠍ᠯᠡᠳᠪᠦᠷᠢᠯᠡᠵᠦ ᠪᠣᠷᠣᠯᠠᠭᠤᠯᠬᠤ ᠵᠢ ᠵᠣᠯᠭ᠋ᠠᠭᠤᠯᠬᠤ᠎ᠪᠠᠨ ᠠᠬᠢᠭᠤᠯᠤᠨ᠎ᠠ᠃

    (ᠵᠢᠷᠭᠤᠭ᠎ᠠ) ᠠᠵᠤ ᠦᠢ᠍ᠯᠡᠰ᠎ᠤᠨ ᠣᠷᠣᠯᠭ᠎ᠠ᠎ᠪᠠᠨ ᠨᠡᠮᠡᠭᠳᠡᠭᠦᠯᠵᠦ ᠳᠠᠶ᠋ᠢᠴᠢᠯᠠᠬᠤ ᠴᠢᠳᠠᠪᠤᠷᠢ ᠵᠢ᠎ᠨᠢ ᠦᠨᠡᠨ ᠬᠦ᠌ ᠳᠡᠭᠡᠭᠰᠢᠯᠡᠭᠦᠯᠦᠨ᠎ᠡ᠃

     1. ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ᠃ ᠬᠤᠣᠷ ᠥᠬᠡᠶ᠋ᠢᠳᠡᠭᠦᠯᠦᠭᠰᠡᠨ ᠳᠡᠭᠡᠳᠦ ᠲᠠᠰ᠎ᠤᠨ ᠦᠷ᠎ᠡ ᠵᠢᠨ ᠲᠥᠮᠥᠰᠥ ᠵᠢ ᠶᠡᠭᠡ᠎ᠪᠠᠷ ᠳᠡᠯᠭᠡᠷᠡᠭᠦᠯᠵᠦ᠂ ᠦᠷ᠎ᠡ ᠵᠢᠨ ᠲᠥᠮᠥᠰᠥ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠪᠦᠲᠦᠭᠡᠭᠳᠡᠬᠦᠨ᠎ᠢ ᠢᠳᠡᠪᠬᠢᠲᠡᠶ ᠬᠡᠷᠡᠭᠯᠡᠨ᠂ ᠲᠠᠯᠠᠪᠠᠢ ᠨᠢᠭᠡᠴᠢ ᠵᠢᠨ ᠤᠨᠠᠯᠲᠠ ᠵᠢ ᠴᠢᠷᠮᠠᠶ᠋ᠢᠨ ᠳᠡᠭᠡᠭᠰᠢᠯᠡᠭᠦᠯᠵᠦ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ 2025 ᠣᠨ ᠪᠣᠯᠬᠤ᠎ᠳᠤ᠂ ᠪᠦᠬᠦ ᠣᠷᠣᠨ᠎ᠤ ᠲᠥᠮᠥᠰᠥ ᠵᠢᠨ ᠬᠤᠣᠷ ᠥᠬᠡᠶ᠋ᠢᠳᠡᠭᠦᠯᠦᠭᠰᠡᠨ ᠦᠷ᠎ᠡ ᠵᠢᠨ ᠲᠥᠮᠥᠰᠥ ᠲᠦᠭᠡᠮᠡᠯᠵᠢᠭᠦᠯᠬᠦ ᠨᠣᠷᠮ᠎ᠠ ᠵᠢ 92% ᠭᠠᠷᠤᠶ ᠪᠣᠯᠲᠠᠯ᠎ᠠ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠬᠦ ᠮᠡᠷᠭᠡᠵᠢᠯ᠎ᠤᠨ ᠬᠠᠮᠤᠷᠬᠤ ᠨᠣᠷᠮ᠎ᠠ ᠵᠢ 80% ᠣᠷᠴᠢᠮ ᠪᠣᠯᠲᠠᠯ᠎ᠠ ᠳᠡᠭᠡᠭᠰᠢᠯᠡᠭᠦᠯᠦᠨ᠂ ᠲᠥᠮᠥᠰᠥ ᠵᠢᠨ ᠲᠠᠯᠠᠪᠠᠶ ᠨᠢᠭᠡᠴᠢ ᠵᠢᠨ ᠤᠨᠠᠯᠲᠠ ᠵᠢᠨ ᠲᠦᠪᠰᠢᠨ᠎ᠢ 30%᠎ᠠᠴᠠ ᠢᠯᠡᠭᠦᠦ ᠳᠡᠭᠡᠭᠰᠢᠯᠡᠭᠦᠯᠦᠨ᠎ᠡ᠃

     2. ᠲᠥᠮᠥᠰᠥ ᠵᠢᠨ ᠲᠥᠷᠥᠯ᠎ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠵᠢᠶ ᠵᠠᠩ 12 ᠨᠣᠮᠧᠷᠲᠤ ᠲᠥᠮᠥᠰᠥ᠂ ᠰᠢ ᠰᠧᠨ 6 ᠨᠣᠮᠧᠷᠲᠤ ᠲᠥᠮᠥᠰᠥ᠂ ᠬᠤᠸᠠ ᠰᠦᠩ 7 ᠨᠣᠮᠧᠷᠲᠤ ᠲᠥᠮᠥᠰᠥ ᠵᠡᠷᠭᠡ ᠴᠢᠨᠠᠷ ᠰᠠᠶ᠋ᠢᠲᠠᠶ ᠢᠳᠡᠭᠡᠨ᠎ᠤ ᠰᠣᠷᠭᠤᠭ ᠲᠥᠮᠥᠰᠥ ᠵᠢᠨ ᠦᠷ᠎ᠡ ᠡᠭᠦᠯᠳᠡᠷ᠎ᠢ ᠭᠤᠣᠯᠳᠠᠯᠭ᠎ᠠ᠎ᠲᠠᠢ ᠳᠡᠯᠭᠡᠷᠡᠭᠦᠯᠵᠦ᠂ ᠴᠢᠨᠠᠷ ᠰᠠᠶ᠋ᠢᠲᠠᠶ ᠲᠥᠮᠥᠰᠥ ᠵᠢᠨ ᠰᠢᠨ᠎ᠡ ᠦᠷ᠎ᠡ ᠡᠭᠦᠯᠳᠡᠷ᠎ᠤᠨ ᠰᠢᠨᠡᠳᠦᠨ ᠰᠣᠯᠢᠭᠳᠠᠬᠤ ᠶᠠᠪᠤᠴᠠ ᠵᠢ ᠲᠦᠷᠭᠡᠳᠬᠡᠨ᠎ᠡ᠃ ᠬᠤᠩ ᠮᠧᠶ ᠵᠡᠷᠭᠡ ᠳᠡᠭᠡᠳᠦ ᠲᠠᠰ᠎ᠤᠨ ᠡᠷᠡᠭᠦᠯᠵᠢᠭᠦᠯᠬᠦ ᠢᠳᠡᠭᠡᠨ᠎ᠳᠤ ᠲᠤᠰᠬᠠᠶ ᠬᠡᠷᠡᠭᠯᠡᠬᠦ ᠲᠥᠮᠥᠰᠥ ᠵᠢᠨ ᠦᠷ᠎ᠡ ᠡᠭᠦᠯᠳᠡᠷ᠎ᠢ ᠵᠣᠬᠢᠰᠲᠠᠶ ᠳᠡᠯᠭᠡᠷᠡᠭᠦᠯᠦᠨ᠎ᠡ᠃ ᠺᠣᠩᠨᠢᠪᠧᠺ᠂ ᠠᠳ᠋ᠯᠠᠨᠲ᠂ ᠰᠢᠶᠠᠪᠥᠸᠧᠳᠢ ᠵᠡᠷᠭᠡ ᠪᠣᠯᠪᠠᠰᠤᠷᠠᠭᠤᠯᠬᠤ᠎ᠳᠤ ᠲᠤᠰᠬᠠᠶ ᠬᠡᠷᠡᠭᠯᠡᠬᠦ ᠴᠢᠨᠠᠷ ᠰᠠᠶ᠋ᠢᠲᠠᠶ ᠲᠥᠮᠥᠰᠥ ᠵᠢᠨ ᠦᠷ᠎ᠡ ᠡᠭᠦᠯᠳᠡᠷ᠎ᠢ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠳᠡᠯᠭᠡᠷᠡᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠲᠤᠰᠬᠠᠶ ᠬᠡᠷᠡᠭᠯᠡᠬᠦ ᠲᠥᠮᠥᠰᠥ ᠵᠢ ᠵᠠᠬᠢᠶᠠᠯᠠᠭ᠎ᠠ᠎ᠲᠠᠢ ᠲᠠᠷᠢᠵᠤ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠳᠠᠮᠵᠢᠭᠤᠯᠤᠨ᠂ ᠲᠠᠷᠢᠶᠠᠴᠢᠳ᠎ᠤᠨ ᠠᠰᠢᠭ ᠣᠷᠣᠯᠭ᠎ᠠ ᠵᠢ ᠨᠡᠮᠡᠭᠳᠡᠭᠦᠯᠦᠨ᠎ᠡ᠃

     3. ᠲᠥᠮᠥᠰᠥ ᠵᠢᠨ ᠰᠢᠮ᠎ᠡ ᠴᠢᠨᠠᠷ᠎ᠢ ᠳᠡᠭᠡᠭᠰᠢᠯᠡᠭᠦᠯᠦᠨ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠠᠮᠢ ᠠᠬᠤᠶ ᠵᠢᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠪᠣᠬᠢᠷᠲᠤᠯ ᠦᠭᠡᠶ ᠪᠥᠭᠡᠳ ᠣᠷᠭ᠋ᠠᠨᠢᠭ᠂ ᠬᠠᠭᠤᠷᠠᠶ ᠭᠠᠵᠠᠷ᠎ᠲᠤ ᠲᠠᠷᠢᠳᠠᠭ ᠢᠳᠡᠭᠡᠨ᠎ᠳᠤ ᠬᠡᠷᠡᠭᠯᠡᠬᠦ ᠠᠮᠢ ᠠᠬᠤᠶ ᠵᠢᠨ ᠰᠣᠷᠭᠤᠭ ᠲᠥᠮᠥᠰᠥ ᠵᠢ ᠶᠡᠭᠡ᠎ᠪᠠᠷ ᠬᠥᠭᠵᠢᠭᠦᠯᠦᠨ᠂ ᠴᠢᠨᠠᠷ ᠰᠠᠶ᠋ᠢᠲᠠᠶ ᠪᠥᠭᠡᠳ ᠪᠣᠬᠢᠷᠲᠤᠯ ᠦᠭᠡᠶ ᠪᠠᠶ᠋ᠢᠯᠭ᠋ᠠᠬᠤ ᠪᠦᠬᠦ ᠶᠠᠪᠤᠴᠠ᠎ᠳᠤ ᠶᠠᠰᠤ ᠴᠢᠨᠠᠷ᠎ᠢ᠎ᠨᠢ ᠡᠵᠡᠮᠳᠡᠬᠦ ᠮᠡᠷᠭᠡᠵᠢᠯ᠎ᠢ ᠲᠥᠬᠦᠷᠵᠢᠭᠦᠯᠦᠨ ᠳᠡᠯᠭᠡᠷᠡᠭᠦᠯᠵᠦ᠂ ᠲᠥᠮᠥᠰᠥ ᠵᠢᠨ ᠰᠢᠮ᠎ᠡ ᠴᠢᠨᠠᠷ᠎ᠢ ᠳᠡᠭᠡᠭᠰᠢᠯᠡᠭᠦᠯᠦᠨ᠎ᠡ᠃ ᠰᠢᠮ᠎ᠡ ᠲᠡᠵᠢᠭᠡᠯ᠎ᠤᠨ ᠴᠢᠨᠠᠷ᠎ᠢ᠎ᠨᠢ ᠬᠢᠨᠠᠵᠤ ᠰᠢᠯᠭ᠋ᠠᠷᠠᠭᠤᠯᠬᠤ ᠵᠢ ᠢᠳᠡᠪᠬᠢᠲᠡᠶ ᠥᠷᠨᠢᠭᠦᠯᠦᠨ᠂ 2025 ᠣᠨ ᠪᠣᠯᠬᠤ᠎ᠳᠤ᠂ ᠲᠠᠸᠠᠷ᠎ᠤᠨ ᠲᠥᠮᠥᠰᠥ ᠵᠢᠨ ᠨᠡᠷ᠎ᠡ ᠠᠯᠳᠠᠷᠲᠠᠶ ᠨᠡᠷᠡᠲᠦ ᠲᠡᠮᠳᠡᠭ᠎ᠢ 5 ᠣᠷᠴᠢᠮ ᠪᠣᠯᠭ᠋ᠠᠨ᠂ ᠴᠢᠨᠠᠷ ᠰᠠᠶ᠋ᠢᠲᠠᠶ ᠪᠥᠭᠡᠳ ᠦᠨ᠎ᠡ ᠰᠠᠶ᠋ᠢᠲᠠᠶ ᠪᠣᠯᠬᠤ ᠵᠢ ᠪᠡᠶᠡᠯᠡᠭᠦᠯᠦᠨ᠂ ᠲᠠᠷᠢᠮᠠᠯ᠎ᠤᠨ ᠠᠰᠢᠭ ᠣᠷᠣᠯᠭ᠎ᠠ᠎ᠪᠠᠨ ᠳᠡᠭᠡᠭᠰᠢᠯᠡᠭᠦᠯᠬᠦ ᠵᠢ ᠳᠠᠶ᠋ᠢᠴᠢᠯᠠᠨ᠎ᠠ᠃

     4. ᠬᠡᠪᠴᠢᠶᠡᠵᠢᠭᠦᠯᠦᠨ ᠲᠠᠷᠢᠬᠤ᠎ᠪᠠᠷ ᠣᠷᠣᠯᠭ᠎ᠠ ᠵᠢᠨ ᠨᠡᠮᠡᠭᠳᠡᠯ᠎ᠢ ᠳᠠᠶ᠋ᠢᠴᠢᠯᠠᠨ᠎ᠠ᠃ ᠭᠤᠣᠯ ᠴᠣᠭᠴᠠ᠎ᠨᠢ ᠣᠯᠠᠨ ᠡᠰᠢᠲᠦ᠂ ᠬᠡᠯᠪᠡᠷᠢ᠎ᠨᠢ ᠣᠯᠠᠨ ᠶᠠᠩᠵᠤ ᠵᠢᠨ᠂ ᠦᠢ᠍ᠯᠡᠴᠢᠯᠡᠭᠡ᠎ᠨᠢ ᠲᠤᠰᠬᠠᠶ ᠮᠡᠷᠭᠡᠵᠢᠯ᠎ᠲᠠᠢ᠂ ᠥᠷᠢᠰᠥᠯᠳᠦᠭᠡᠨ᠎ᠨᠢ ᠭᠦᠢ᠍ᠴᠡᠳ ᠪᠠᠶ᠋ᠢᠬᠤ ᠵᠠᠷᠴᠢᠮ ᠶᠣᠰᠣᠭ᠋ᠠᠷ᠂ ᠲᠥᠮᠥᠰᠥ ᠡᠵᠡᠩᠨᠡᠬᠦ ᠡᠯ᠎ᠡ ᠲᠥᠷᠥᠯ᠎ᠤᠨ ᠭᠤᠣᠯ ᠴᠣᠭᠴᠠ ᠪᠠ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠲᠦᠷᠭᠡᠳᠬᠡᠨ ᠪᠣᠶ ᠪᠣᠯᠭ᠋ᠠᠵᠤ᠂ ᠭᠠᠵᠠᠷ ᠰᠢᠷᠣᠶ ᠵᠢ ᠡᠷᠭᠢᠯᠳᠦᠭᠦᠯᠬᠦ᠂ ᠵᠠᠬᠢᠶᠠᠯᠠᠭ᠎ᠠ᠎ᠲᠠᠢ ᠲᠠᠷᠢᠬᠤ᠂ ᠣᠷᠣᠯᠠᠨ ᠬᠠᠭ᠋ᠠᠯᠪᠤᠷᠢᠯᠠᠵᠤ ᠲᠠᠷᠢᠬᠤ᠂ ᠨᠢᠭᠡᠳᠦᠯᠲᠡᠶ ᠰᠡᠷᠭᠡᠶ᠋ᠢᠯᠡᠵᠦ ᠵᠠᠰᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠵᠣᠬᠢᠬᠤ ᠬᠡᠪᠴᠢᠶᠡᠵᠢᠯ᠎ᠲᠠᠢ ᠦᠢ᠍ᠯᠡᠳᠪᠦᠷᠢᠯᠡᠯ᠎ᠢ ᠬᠥᠭᠵᠢᠭᠦᠯᠦᠨ᠂ ᠵᠢᠵᠢᠭ ᠲᠠᠷᠢᠶᠠᠴᠢᠨ ᠡᠷᠦᠬᠡ ᠵᠢ ᠬᠠᠪᠰᠤᠷᠴᠤ ᠪᠠᠶ᠋ᠢᠭ᠋ᠠᠳ ᠲᠥᠮᠥᠰᠥ ᠵᠢᠨ ᠴᠢᠨᠠᠷ ᠰᠠᠶ᠋ᠢᠲᠠᠶ ᠬᠥᠭᠵᠢᠯᠲᠡ᠎ᠲᠠᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠴᠢᠩᠭ᠋ᠠᠷᠠᠭᠤᠯᠤᠨ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠳᠠᠶ᠋ᠢᠴᠢᠯᠠᠨ᠎ᠠ᠃

     5. ᠬᠤᠯᠪᠣᠭᠳᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠣᠷᠣᠯᠭ᠎ᠠ ᠵᠢ᠎ᠨᠢ ᠨᠡᠮᠡᠭᠳᠡᠭᠦᠯᠬᠦ᠎ᠪᠠᠷ ᠳᠠᠶ᠋ᠢᠴᠢᠯᠠᠨ᠎ᠠ᠃ 《2020 ᠣᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠡᠵᠡᠩᠨᠡᠬᠦ ᠭᠤᠣᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ》 ᠵᠢ ᠲᠣᠭᠲᠠᠭ᠋ᠠᠨ ᠨᠡᠶ᠋ᠢᠲᠡᠯᠡᠵᠦ᠂ ᠲᠥᠮᠥᠰᠥᠨ᠎ᠤ ᠭᠤᠣᠯ ᠭᠠᠷᠤᠯᠲᠠ ᠵᠢᠨ ᠣᠷᠣᠨ᠎ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ (ᠬᠤᠲᠠ᠂ ᠲᠣᠭᠤᠷᠢᠭ)᠎ᠤ ᠨᠥᠬᠦᠴᠡᠯ ᠪᠦᠷᠢᠯᠳᠦᠭᠦᠯᠦᠭᠰᠡᠨ ᠲᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠶ ᠡᠷᠦᠬᠡ ᠵᠢ ᠡᠵᠡᠩᠨᠡᠬᠦ ᠭᠤᠣᠯ ᠴᠣᠭᠴᠠ ᠵᠢᠨ ᠳᠠᠶ᠋ᠢᠴᠢᠯᠠᠬᠤ ᠬᠡᠪᠴᠢᠶᠡᠨ᠎ᠳᠤ ᠣᠷᠣᠭᠤᠯᠤᠨ᠂ 《ᠬᠥᠲᠥᠴᠢ ᠠᠵᠤ ᠠᠬᠤᠶ᠋ᠢᠯᠠᠯ + ᠬᠤᠷᠰᠢᠶ᠎ᠠ + ᠶᠠᠳᠠᠭᠤ ᠬᠦᠴᠢᠷᠳᠡᠯᠲᠡᠶ ᠮᠠᠯᠵᠢᠬᠤ ᠲᠠᠷᠢᠶᠠᠯᠠᠬᠤ ᠡᠷᠦᠬᠡ》 ᠵᠡᠷᠭᠡ ᠠᠰᠢᠭ ᠲᠤᠰᠠ ᠵᠢ᠎ᠨᠢ ᠬᠤᠯᠪᠣᠭᠳᠠᠭᠤᠯᠬᠤ ᠵᠠᠭᠪᠤᠷ᠎ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠨᠡᠩ ᠢᠯᠡᠭᠦᠦ ᠣᠷᠣᠯᠴᠠᠭᠤᠯᠤᠨ᠂ ᠠᠰᠢᠭ ᠲᠤᠰᠠ ᠵᠢ᠎ᠨᠢ ᠬᠤᠯᠪᠣᠭᠳᠠᠭᠤᠯᠬᠤ ᠣᠯᠠᠨ ᠡᠰᠢᠲᠦ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠎ᠠ᠃

      ᠳᠥᠷᠪᠡ᠂ ᠳᠡᠮᠵᠢᠯᠭᠡ ᠵᠢᠨ ᠲᠥᠷᠥ ᠵᠢᠨ ᠪᠣᠳᠣᠯᠭ᠎ᠠ

     (ᠨᠢᠭᠡ) ᠲᠥᠮᠥᠰᠥ ᠲᠠᠷᠢᠬᠰᠡᠳ᠎ᠲᠤ ᠥᠭᠬᠦ ᠨᠡᠮᠡᠭᠦᠷᠢ᠃ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠪᠠᠭᠤᠯᠭ᠋ᠠᠭᠰᠠᠨ ᠡᠷᠳᠡᠨᠢ ᠰᠢᠰᠢ ᠪᠠ ᠰᠢᠷ᠎ᠠ ᠪᠤᠷᠴᠠᠭ ᠦᠢ᠍ᠯᠡᠳᠪᠦᠷᠢᠯᠡᠭᠴᠢᠳ᠎ᠲᠤ ᠥᠭᠬᠦ ᠨᠡᠮᠡᠭᠦᠷᠢ ᠳᠣᠲᠣᠷ᠎ᠠ᠎ᠠᠴᠠ 5% ᠵᠢᠨ ᠪᠡᠯᠡ ᠮᠥᠩᠭᠦ ᠵᠢ ᠲᠣᠬᠢᠷᠠᠭᠤᠯᠵᠤ᠂ ᠤᠰᠤᠨ᠎ᠤ ᠬᠡᠮᠵᠢᠶ᠎ᠡ᠎ᠪᠠᠷ ᠲᠠᠷᠢᠭᠰᠠᠨ᠂ ᠣᠷᠣᠨ ᠪᠦᠰᠡ ᠵᠢᠨ ᠪᠠᠶ᠋ᠢᠷᠢᠰᠢᠯ᠎ᠤᠨ ᠱᠠᠭ᠋ᠠᠷᠳᠠᠯᠭ᠎ᠠ᠂ ᠡᠭᠡᠯᠵᠢᠯᠡᠨ ᠲᠠᠷᠢᠬᠤ ᠱᠠᠭ᠋ᠠᠷᠳᠠᠯᠭ᠎ᠠ᠎ᠳᠤ ᠨᠡᠶ᠋ᠢᠴᠡᠭᠦᠯᠦᠭᠰᠡᠨ ᠪᠠ ᠪᠠᠷᠢᠮᠵᠢᠶᠠᠵᠢᠭᠤᠯᠤᠨ ᠲᠠᠷᠢᠬᠤ ᠵᠢ ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠵᠢᠨ ᠡᠵᠡᠩᠨᠡᠬᠦ ᠭᠤᠣᠯ ᠴᠣᠭᠴᠠ᠎ᠳᠤ ᠲᠥᠮᠥᠰᠥ ᠲᠠᠷᠢᠭᠰᠠᠨ ᠨᠡᠮᠡᠭᠦᠷᠢ ᠣᠯᠭᠤᠨ᠎ᠠ᠃

     (ᠬᠤᠶᠠᠷ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠥᠭᠬᠦ ᠨᠡᠮᠡᠭᠦᠷᠢ᠃ ᠲᠥᠮᠥᠰᠥ ᠵᠢᠨ ᠦᠷ᠎ᠡ ᠪᠤᠶ᠋ᠢᠵᠢᠭᠤᠯᠬᠤ᠂ ᠲᠠᠷᠢᠵᠤ ᠤᠷᠭᠤᠭᠤᠯᠬᠤ᠂ ᠤᠷᠭᠤᠮᠠᠯ ᠬᠠᠮᠠᠭ᠋ᠠᠯᠠᠬᠤ᠂ ᠲᠣᠮᠣ ᠳ᠋ᠠᠶ᠋ᠢᠲ᠋ᠠ ᠵᠡᠷᠭᠡ ᠬᠦᠷᠢᠶᠡᠨ᠎ᠤ ᠰᠤᠳᠤᠯᠭ᠋ᠠᠨ᠎ᠢ ᠭᠤᠣᠯᠳᠠᠯᠭ᠎ᠠ᠎ᠲᠠᠢ ᠳᠠᠮᠵᠢᠨ᠎ᠠ᠃ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠠ ᠠᠵᠤ ᠠᠬᠤᠶ᠋ᠢᠯᠠᠯ᠎ᠤᠨ ᠰᠣᠩᠭᠤᠨ ᠪᠤᠶ᠋ᠢᠵᠢᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠴᠢᠨᠠᠷ ᠰᠠᠶ᠋ᠢᠲᠠᠶ ᠰᠢᠨ᠎ᠡ ᠦᠷ᠎ᠡ ᠡᠭᠦᠯᠳᠡᠷ᠎ᠲᠤ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠥᠭᠴᠦ᠂ ᠥᠪᠡᠷᠲᠡᠭᠡᠨ ᠵᠠᠰᠠᠬᠤ ᠣᠷᠣᠨ᠎ᠳᠠᠬᠢ ᠵᠢᠯ᠎ᠳᠤ ᠳᠡᠯᠭᠡᠷᠡᠭᠦᠯᠦᠭᠰᠡᠨ ᠲᠠᠯᠠᠪᠠᠶ᠎ᠨᠢ 10 ᠭᠠᠷᠤᠶ ᠲᠦᠮᠡᠨ ᠮᠦ᠍ ᠪᠣᠯᠬᠤ ᠦᠷ᠎ᠡ ᠡᠭᠦᠯᠳᠡᠷ᠎ᠲᠤ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠱᠠᠩᠨᠠᠨ᠎ᠠ; ᠵᠢᠯ᠎ᠤᠨ ᠳᠡᠯᠭᠡᠷᠡᠭᠦᠯᠦᠭᠰᠡᠨ ᠲᠠᠯᠠᠪᠠᠶ᠎ᠨᠢ 30 ᠭᠠᠷᠤᠶ ᠲᠦᠮᠡᠨ ᠮᠦ᠍ ᠪᠣᠯᠤᠭᠰᠠᠨ ᠦᠷ᠎ᠡ ᠡᠭᠦᠯᠳᠡᠷ᠎ᠲᠤ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ ᠱᠠᠩᠨᠠᠨ᠎ᠠ᠃

     (ᠭᠤᠷᠪᠠ) ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ᠎ᠳᠤ ᠥᠭᠬᠦ ᠨᠡᠮᠡᠭᠦᠷᠢ᠃ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠵᠣᠷᠢᠭᠵᠢᠭᠤᠯᠵᠤ ᠪᠠᠶ᠋ᠢᠭ᠋ᠠᠳ ᠲᠥᠮᠥᠰᠥ ᠲᠠᠷᠢᠬᠤ ᠡᠷᠦᠬᠡ᠎ᠲᠠᠢ ᠠᠰᠢᠭ ᠲᠤᠰᠠ᠎ᠪᠠᠨ ᠬᠤᠯᠪᠣᠭᠳᠠᠭᠤᠯᠬᠤ ᠲᠣᠭᠲᠠᠭᠤᠨ ᠲᠣᠭᠲᠠᠴᠠ ᠵᠢ ᠪᠠᠶ᠋ᠢᠭᠤᠯᠵᠤ᠂ ᠪᠠᠷᠢᠮᠵᠢᠶᠠᠵᠢᠭᠤᠯᠤᠨ ᠲᠠᠷᠢᠵᠤ ᠪᠠᠶ᠋ᠢᠬᠤ ᠮᠥᠷᠲᠡᠭᠡᠨ ᠬᠦᠴᠦᠨ᠎ᠲᠠᠢ ᠪᠠᠶ᠋ᠢᠬᠤ ᠵᠠᠬᠢᠶᠠᠯᠠᠭ᠎ᠠ ᠪᠦᠷᠢᠯᠳᠦᠭᠦᠯᠦᠭᠰᠡᠨ ᠪᠠᠶ᠋ᠢᠪᠠᠯ᠂ ᠬᠤᠳᠠᠯᠳᠤᠨ ᠠᠪᠬᠤ ᠭᠤᠣᠯ ᠴᠣᠭᠴᠠ᠎ᠳᠤ 20 ᠲᠥᠭᠦᠷᠢᠭ / ᠲᠣᠨ ᠪᠦᠷᠢ᠎ᠪᠠᠷ ᠨᠥᠬᠦᠪᠥᠷᠢ ᠣᠯᠭᠤᠨ᠎ᠠ᠃

      ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ

     (ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ ᠵᠢ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠤᠰᠤᠨ ᠠᠰᠢᠭᠯᠠᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠦᠨᠡᠨ ᠬᠦ᠌ ᠶᠠᠪᠤᠭᠳᠠᠭᠤᠰᠢᠲᠠᠶ ᠲᠡᠳᠬᠦᠨ ᠳᠡᠮᠵᠢᠬᠦ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠠᠮᠲᠤᠷᠠᠨ ᠬᠠᠮᠵᠢᠯᠴᠠᠵᠤ ᠪᠠᠶ᠋ᠢᠭ᠋ᠠᠳ ᠲᠥᠬᠦᠷᠵᠢᠭᠦᠯᠦᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠨ᠂ ᠲᠥᠮᠥᠰᠥ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠨᠡᠶ᠋ᠢᠯᠡᠮᠡᠯ ᠬᠦᠴᠦᠨ᠎ᠢ ᠪᠤᠶ ᠪᠣᠯᠭ᠋ᠠᠨ᠎ᠠ᠃

     (ᠬᠤᠶᠠᠷ) ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠪᠡᠯᠡ ᠮᠥᠩᠭᠦ᠎ᠪᠠᠷ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠬᠠᠷ᠎ᠠ ᠬᠥᠷᠥᠰᠥᠲᠦ ᠭᠠᠵᠠᠷ ᠰᠢᠷᠣᠶ ᠵᠢ ᠬᠠᠮᠠᠭ᠋ᠠᠯᠠᠨ ᠠᠰᠢᠭᠯᠠᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠤ ᠦᠢ᠍ᠯᠡᠳᠪᠦᠷᠢᠯᠡᠯ᠎ᠤᠨ ᠰᠠᠭᠤᠷᠢ ᠨᠥᠬᠦᠴᠡᠯ᠎ᠢ ᠰᠠᠶ᠋ᠢᠵᠢᠷᠠᠭᠤᠯᠤᠨ᠎ᠠ᠃ ᠲᠥᠮᠥᠰᠥ ᠵᠢᠨ ᠭᠤᠣᠯ ᠭᠠᠷᠤᠯᠲᠠ ᠵᠢᠨ ᠣᠷᠣᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠪᠡᠯᠡ ᠮᠥᠩᠭᠦ ᠪᠠ ᠲᠥᠷᠥᠯ ᠵᠦᠢ᠍ᠯ᠎ᠢ ᠨᠢᠭᠡᠳᠦᠯᠲᠡᠶ ᠲᠥᠯᠥᠪᠯᠡᠵᠦ᠂ ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠭᠤᠣᠯ ᠰᠢᠪᠲᠤᠯᠤᠯᠲᠠ ᠵᠢᠨ ᠴᠢᠭᠯᠡᠯ ᠵᠶ᠋ᠠᠨ ᠲᠣᠳᠣᠷᠬᠠᠶ ᠲᠣᠭᠲᠠᠭ᠋ᠠᠵᠤ᠂ ᠭᠤᠣᠯᠳᠠᠯᠭ᠎ᠠ᠎ᠲᠠᠢ ᠭᠠᠵᠠᠷ ᠣᠷᠣᠨ ᠪᠠ ᠵᠠᠩᠭᠢᠯᠠᠭ᠎ᠠ ᠵᠢᠨ ᠭᠤᠭᠴᠤᠭ᠎ᠠ᠎ᠳᠤ ᠴᠢᠭᠯᠡᠭᠦᠯᠦᠨ ᠲᠡᠳᠬᠦᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠨ᠎ᠡ᠃

     (ᠭᠤᠷᠪᠠ) ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠦ᠎ᠳᠤ ᠲᠦᠰᠢᠭᠯᠡᠨ᠂ ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ ᠵᠢ ᠬᠦᠴᠦᠲᠡᠶ ᠳᠠᠮᠵᠢᠨ᠎ᠠ᠃ ᠲᠥᠮᠥᠰᠥᠨ᠎ᠤ ᠦᠷ᠎ᠡ ᠵᠢᠨ ᠲᠥᠮᠥᠰᠥ ᠵᠢᠨ ᠠᠵᠤ ᠠᠬᠤᠶ᠋ᠢᠯᠠᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠵᠢᠭᠡᠯᠡᠯᠭᠡ ᠪᠤᠶᠤ ᠢᠲᠡᠭᠡᠮᠵᠢ ᠣᠯᠭᠤᠬᠤ ᠬᠡᠮᠵᠢᠶ᠎ᠡ ᠵᠢ ᠵᠣᠬᠢᠴᠠᠭᠤᠯᠤᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠳᠤ ᠳᠠᠬᠢᠨᠲᠠ ᠵᠢᠭᠡᠯᠡᠯᠭᠡ ᠥᠭᠴᠦ ᠳᠡᠮᠵᠢᠬᠦ ᠵᠢ ᠰᠢᠨ᠎ᠡ ᠨᠡᠮᠡᠭᠳᠡᠭᠦᠯᠬᠦ ᠵᠡᠷᠭᠡ᠎ᠪᠠᠷ ᠲᠥᠮᠥᠰᠥ ᠵᠢᠨ ᠵᠢᠵᠢᠭ ᠪᠢᠴᠢᠯ ᠠᠵᠤ ᠠᠬᠤᠶ᠋ᠢᠯᠠᠯ᠎ᠢ ᠤᠷᠢᠳ ᠵᠶ᠋ᠠᠷ ᠳᠠᠮᠵᠢᠨ᠎ᠠ᠃ ᠪᠦᠬᠦ ᠣᠷᠣᠨ᠎ᠤ ᠲᠥᠮᠥᠰᠥ ᠵᠢᠨ ᠲᠠᠯ᠎ᠠ᠎ᠪᠠᠷ᠎ᠬᠢ ᠲᠥᠷᠥ ᠵᠢᠨ ᠪᠣᠳᠣᠯᠭ᠎ᠠ ᠵᠢᠨ ᠴᠢᠨᠠᠷᠲᠠᠶ ᠥᠪᠡᠷ᠎ᠤᠨ ᠥᠷᠲᠡᠭ᠎ᠤᠨ ᠳᠠᠭ᠋ᠠᠳᠬᠠᠯ ᠪᠠ ᠤᠯᠠᠭ᠋ᠠᠨᠴᠠᠪ ᠬᠤᠲᠠ ᠵᠢᠨ ᠥᠷᠨᠢᠭᠦᠯᠵᠦ ᠪᠠᠶ᠋ᠢᠭ᠎ᠠ ᠲᠥᠮᠥᠰᠥᠨ᠎ᠤ ᠦᠨ᠎ᠡ ᠬᠠᠩᠰᠢ ᠵᠢᠨ ᠵᠢᠭ᠋ᠠᠯᠲᠠ ᠲᠤᠭ᠎ᠠ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠰᠠᠭᠤᠷᠢᠨ ᠳᠡᠭᠡᠷ᠎ᠡ᠂ ᠲᠥᠮᠥᠰᠥᠨ᠎ᠤ ᠪᠦᠬᠦ ᠥᠪᠡᠷ᠎ᠤᠨ ᠥᠷᠲᠡᠭ᠎ᠤᠨ ᠳᠠᠭ᠋ᠠᠳᠬᠠᠯ᠂ ᠣᠷᠣᠯᠭ᠎ᠠ ᠵᠢᠨ ᠳᠠᠭ᠋ᠠᠳᠬᠠᠯ᠂ ᠶᠡᠭᠡ ᠭᠠᠮᠰᠢᠭ᠎ᠤᠨ ᠳᠠᠭ᠋ᠠᠳᠬᠠᠯ ᠵᠡᠷᠭᠡ ᠰᠢᠨ᠎ᠡ ᠨᠡᠷᠡᠳᠬᠦᠨ᠎ᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠲᠠᠷᠢᠶᠠᠴᠢᠳ᠎ᠤᠨ ᠠᠰᠢᠭ ᠣᠷᠣᠯᠭ᠎ᠠ ᠵᠢᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃ ᠵᠧᠩᠵᠧᠦ ᠵᠢᠨ ᠲᠠᠸᠠᠷ᠎ᠤᠨ ᠠᠷᠠᠯᠵᠢᠶᠠᠨ᠎ᠤ ᠭᠠᠵᠠᠷ᠎ᠯᠤᠭ᠎ᠠ ᠤᠯᠠᠮ ᠨᠢᠭᠡ ᠠᠯᠬᠤᠮ ᠵᠣᠬᠢᠴᠠᠯᠳᠤᠨ ᠨᠡᠪᠲᠡᠷᠡᠯᠴᠡᠵᠦ᠂ ᠲᠥᠮᠥᠰᠥ ᠵᠢᠨ ᠬᠤᠭᠤᠴᠠᠭ᠋ᠠᠲᠤ ᠪᠠᠷᠠᠭ᠎ᠠ ᠵᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠲᠦᠷᠭᠡᠬᠡᠨ ᠠᠬᠢᠭᠤᠯᠵᠤ᠂ ᠲᠥᠮᠥᠰᠥ ᠲᠠᠷᠢᠬᠤ ᠲᠣᠮᠣ ᠡᠷᠦᠬᠡ ᠵᠢ ᠬᠠᠪᠰᠤᠷᠴᠤ ᠪᠠᠶ᠋ᠢᠭ᠋ᠠᠳ ᠬᠤᠭᠤᠴᠠᠭ᠋ᠠᠲᠤ ᠪᠠᠷᠠᠭ᠎ᠠ ᠵᠢᠨ ᠪᠠᠭ᠋ᠠᠵᠢ ᠵᠢ ᠠᠰᠢᠭᠯᠠᠨ ᠵᠠᠬ᠎ᠠ ᠳᠡᠯᠭᠡᠭᠦᠷ᠎ᠤᠨ ᠬᠡᠯᠪᠡᠯᠵᠡᠬᠦ ᠲᠦᠭᠰᠢᠭᠦᠷᠢ ᠵᠢ ᠠᠷᠢᠯᠭ᠋ᠠᠨ᠎ᠠ᠃ ᠡᠯ᠎ᠡ ᠭᠠᠵᠠᠷ ᠣᠷᠣᠨ᠎ᠨᠢ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠬᠠᠷᠠᠭ᠋ᠠᠯᠵᠠᠬᠤ ᠲᠥᠷᠥ ᠵᠢᠨ ᠪᠣᠳᠣᠯᠭ᠎ᠠ ᠲᠣᠭᠲᠠᠭ᠋ᠠᠵᠤ᠂ ᠨᠡᠶ᠋ᠢᠭᠡᠮ᠎ᠤᠨ ᠬᠥᠷᠥᠩᠭᠡ ᠮᠥᠩᠭᠦ ᠵᠢ ᠲᠡᠳᠡᠨ ᠠᠪᠴᠢᠷᠠᠵᠤ ᠲᠥᠮᠥᠰᠥ ᠵᠢᠨ ᠠᠵᠤ ᠦᠢ᠍ᠯᠡᠰ᠎ᠲᠤ ᠪᠡᠯᠡ ᠣᠷᠣᠭᠤᠯᠤᠨ᠂ ᠲᠥᠮᠥᠰᠥ ᠵᠢᠨ ᠠᠵᠤ ᠦᠢ᠍ᠯᠡᠰ᠎ᠤᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠶ᠃

      (ᠳᠥᠷᠪᠡ) ᠮᠡᠷᠭᠡᠵᠢᠯ᠎ᠤᠨ ᠦᠢ᠍ᠯᠡᠴᠢᠯᠡᠭᠡᠨ᠎ᠢ ᠴᠢᠩᠭ᠋ᠠᠷᠠᠭᠤᠯᠬᠤ ᠬᠡᠷᠡᠭᠲᠡᠶ᠃ ᠤᠯᠤᠰ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠮᠡᠷᠭᠡᠵᠢᠯ᠎ᠤᠨ ᠲᠣᠭᠲᠠᠯᠴᠠᠭ᠎ᠠ ᠵᠢᠨ ᠲᠥᠮᠥᠰᠥ ᠵᠢᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠥᠷᠲᠡᠭᠡ ᠪᠠ ᠤᠯᠤᠰ᠎ᠤᠨ ᠴᠢᠬᠤᠯᠠ ᠶᠡᠭᠡ ᠬᠠᠮᠵᠢᠯᠴᠠᠨ ᠳᠡᠯᠭᠡᠷᠡᠭᠦᠯᠬᠦ ᠲᠥᠷᠥᠯ ᠵᠦᠢ᠍ᠯ᠎ᠳᠤ ᠲᠦᠰᠢᠭᠯᠡᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠣᠯᠠᠨ ᠲᠠᠯ᠎ᠠ ᠵᠢᠨ ᠮᠡᠷᠭᠡᠵᠢᠯ᠎ᠤᠨ ᠬᠦᠴᠦᠨ᠎ᠢ ᠡᠮᠬᠢᠯᠡᠨ ᠨᠡᠶ᠋ᠢᠯᠡᠭᠦᠯᠵᠦ᠂ ᠤᠷᠢᠳ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠮᠦᠨ᠎ᠡ ᠹᠷᠣᠨᠲ᠎ᠲᠠᠢ ᠬᠤᠯᠪᠣᠭ᠋ᠠᠯᠠᠭᠰᠠᠨ ᠪᠠ ᠳᠠᠷᠠᠭ᠎ᠠ᠎ᠪᠠᠷ᠎ᠨᠢ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠠᠢ ᠬᠤᠯᠪᠣᠭ᠋ᠠᠯᠠᠭᠰᠠᠨ ᠮᠡᠷᠭᠡᠵᠢᠯ᠎ᠤᠨ ᠦᠢ᠍ᠯᠡᠴᠢᠯᠡᠭᠡᠨ᠎ᠤ ᠪᠦᠯᠬᠦᠮ᠎ᠢ ᠪᠠᠶ᠋ᠢᠭᠤᠯᠤᠨ᠂ ᠰᠢᠨ᠎ᠡ ᠦᠷ᠎ᠡ ᠡᠭᠦᠯᠳᠡᠷ ᠰᠢᠨ᠎ᠡ ᠮᠡᠷᠭᠡᠵᠢᠯ᠎ᠢ ᠣᠷᠣᠭᠤᠯᠤᠨ ᠠᠪᠴᠢᠷᠠᠵᠤ ᠨᠢᠭᠡᠳᠬᠡᠨ ᠲᠥᠪᠯᠡᠷᠡᠭᠦᠯᠬᠦ᠂ ᠬᠤᠷᠠᠮᠳᠤᠭᠤᠯᠤᠨ ᠲᠥᠬᠦᠷᠵᠢᠭᠦᠯᠬᠦ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠴᠢᠩᠭ᠋ᠠᠳᠬᠠᠵᠤ᠂ ᠲᠥᠮᠥᠰᠥ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠮᠡᠷᠭᠡᠵᠢᠯ ᠵᠶ᠋ᠠᠷ ᠬᠦᠴᠦᠲᠡᠶ ᠦᠢ᠍ᠯᠡᠴᠢᠯᠡᠬᠦ ᠲᠤᠯᠭ᠋ᠠᠭᠤᠷᠢᠯᠠᠯ᠎ᠢ ᠬᠠᠩᠭ᠋ᠠᠵᠤ ᠥᠭᠬᠦ ᠬᠡᠷᠡᠭᠲᠡᠶ᠃

      (ᠲᠠᠪᠤ) ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠬᠤ ᠬᠡᠷᠡᠭᠲᠡᠶ᠃ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠷᠠᠭᠤᠯᠤᠨ᠂ ᠱᠠᠩᠨᠠᠵᠤ ᠲᠣᠷᠭ᠋ᠠᠬᠤ ᠲᠣᠭᠲᠠᠴᠠ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠬᠠᠷᠢᠭᠤᠴᠠᠯᠭ᠎ᠠ᠎ᠪᠠᠨ ᠨᠠᠷᠢᠯᠢᠬ᠍ᠵᠢᠭᠤᠯᠤᠨ᠂ ᠨᠡᠮᠡᠭᠦᠷᠢ ᠬᠦᠷᠲᠡᠭᠰᠡᠳ᠎ᠢ ᠴᠢᠩᠭ᠎ᠠ ᠬᠢᠨᠠᠨ ᠬᠠᠷᠭᠤᠭᠤᠯᠵᠤ᠂ ᠤᠰᠤᠨ᠎ᠤ ᠬᠡᠮᠵᠢᠶ᠎ᠡ᠎ᠪᠠᠷ ᠲᠠᠷᠢᠬᠤ᠂ ᠲᠡᠳᠬᠦᠬᠦ ᠲᠥᠷᠥ ᠵᠢᠨ ᠪᠣᠳᠣᠯᠭ᠎ᠠ᠂ ᠦᠷ᠎ᠡ ᠵᠢᠨ ᠲᠥᠮᠥᠰᠥ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠂ ᠡᠭᠡᠯᠵᠢᠯᠡᠨ ᠲᠠᠷᠢᠬᠤ ᠪᠠ ᠭᠤᠤᠷᠰᠤ ᠰᠣᠯᠢᠬᠤ᠂ ᠪᠣᠬᠢᠷᠲᠤᠯ ᠦᠭᠡᠶ ᠦᠢ᠍ᠯᠡᠳᠪᠦᠷᠢᠯᠡᠬᠦ ᠵᠡᠷᠭᠡ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2021 ᠣᠨ᠎ᠤ ᠭᠤᠤᠯᠳᠠᠯᠭ᠎ᠠ᠎ᠲᠠᠢ ᠰᠡᠳᠦᠪ᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠬᠡᠰᠡᠭ ᠣᠷᠣᠨ ᠨᠤᠲᠤᠭ᠎ᠤᠨ ᠴᠢᠨᠠᠷᠲᠠᠢ ᠬᠠᠤᠯᠢ ᠳᠦᠷᠢᠮ᠎ᠢ ᠬᠦᠴᠦᠨ ᠦᠭᠡᠢ ᠪᠣᠯᠭ᠋ᠠᠬᠤ ᠲᠤᠬᠠᠢ ᠬᠥᠬᠡᠬᠤᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠰᠢᠢ᠍ᠳᠪᠦᠷᠢ
ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
 
             蒙ICP备05000248号