ᠠᠷᠤ ᠵᠠᠰᠠᠭ ᠲᠠᠷᠬᠠᠭ᠋ᠠᠭᠰᠠᠨ [2021] 5 ᠳ᠋ᠤᠭ᠋ᠠᠷ ᠲᠣᠭ᠋ᠠᠲᠤ
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ
ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ
ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠡᠯ᠎ᠡ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠬᠣᠰᠢᠭᠤᠨ᠎ᠤ ᠰᠢᠭᠤᠳ ᠬᠠᠷᠢᠶ᠎ᠠ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ᠄
《ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠲᠥᠰᠦᠯ》᠎ᠢ ᠨᠢᠭᠡᠨᠲᠡ 2021 ᠣᠨ᠎ᠤ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠤ ᠠᠩᠬᠠᠳᠤᠭ᠋ᠠᠷ ᠤᠳᠠᠭ᠋ᠠᠨ᠎ᠤ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
ᠠᠷᠤ ᠬᠣᠷᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ
2021 ᠣᠨ᠎ᠤ 1 ᠰᠠᠷ᠎ᠠ ᠵᠢᠨ 18᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ
ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠲᠥᠰᠦᠯ
ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠪᠠᠳᠠᠨ ᠪᠠᠢ᠌ᠴᠠᠭ᠋ᠠᠬᠤ ᠪᠣᠯᠣᠨ 《ᠳᠠᠬᠢᠨ ᠪᠠᠢ᠌ᠴᠠᠭ᠋ᠠᠨ ᠦᠵᠡᠬᠦ》 ᠠᠵᠢᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠭ᠋ᠠᠳ ᠬᠠᠷᠢᠭᠤ ᠲᠤᠰᠬᠠᠭᠰᠠᠨ ᠨᠤᠲᠤᠭ ᠪᠡᠯᠴᠢᠭᠡᠷ᠎ᠢ ᠡᠮᠬᠢ ᠵᠢᠷᠤᠮ ᠥᠬᠡᠶ᠎ᠪᠠᠷ ᠬᠠᠭ᠋ᠠᠯᠪᠤᠷᠢᠯᠠᠭᠰᠠᠨ ᠲᠤᠬᠠᠢ ᠬᠣᠯᠪᠣᠭᠳᠠᠯ ᠪᠥᠬᠥᠶ ᠱᠠᠭ᠋ᠠᠷᠳᠠᠯᠭ᠎ᠠ ᠨᠠᠢ᠌ᠳᠠᠪᠤᠷᠢᠵᠢᠭᠤᠯᠬᠤ ᠵᠢᠨ ᠲᠥᠯᠥᠭᠡ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠤ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ᠎ᠤᠨ ᠬᠡᠷᠡᠭᠵᠢᠭᠦᠯᠬᠦ ᠨᠠᠷᠢᠨ ᠳᠦᠷᠢᠮ》 ᠵᠡᠷᠭᠡ ᠬᠠᠤᠯᠢ ᠳᠦᠷᠢᠮ᠎ᠢ ᠦᠨᠳᠦᠰᠦᠯᠡᠵᠦ᠂ ᠱᠣᠤ ᠪᠠᠯᠭ᠋ᠠᠰᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ ᠵᠢᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ ᠮᠠᠨ᠎ᠤ ᠬᠣᠰᠢᠭᠤᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠤᠰ ᠲᠥᠰᠦᠯ᠎ᠢ ᠲᠣᠭᠲᠠᠭ᠋ᠠᠪᠠ᠃
ᠨᠢᠭᠡ᠂ ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠦᠨᠡᠯᠡᠰᠢ ᠦᠭᠡᠢ ᠥᠪ ᠬᠦᠷᠦᠩᠭᠡ》 ᠭᠡᠬᠦ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠵᠤ᠂ ᠬᠥᠮᠦᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠶ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠡᠭᠦᠳᠦᠨ ᠪᠠᠢ᠌ᠭᠤᠯᠵᠤ᠂ ᠠᠷᠠᠳ ᠣᠯᠠᠨ᠎ᠤ ᠰᠠᠢ᠌ᠨ ᠰᠠᠢ᠌ᠬᠠᠨ ᠠᠮᠢ ᠠᠬᠤᠶ ᠣᠷᠴᠢᠨ ᠲᠣᠭᠣᠷᠢᠨ᠎ᠤ ᠲᠤᠬᠠᠶ ᠰᠢᠨ᠎ᠡ ᠬᠦᠰᠡᠯ ᠡᠷᠡᠮᠡᠯᠵᠡᠯ᠎ᠢ ᠬᠠᠩᠭ᠋ᠠᠨ᠎ᠠ᠃
ᠬᠣᠶᠠᠷ᠂ ᠶᠡᠷᠦᠩᠬᠡᠶ ᠬᠠᠷᠠᠯᠲᠠ
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠪᠥᠬᠥ ᠲᠠᠯ᠎ᠠ᠎ᠪᠠᠷ ᠵᠢᠷᠤᠮᠵᠢᠭᠤᠯᠵᠤ᠂ ᠠᠮᠢ ᠠᠬᠤᠶ ᠵᠢᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠡᠷᠡᠰ ᠬᠣᠷᠢᠭᠯᠠᠵᠤ᠂ ᠬᠠᠤᠯᠢ ᠪᠤᠰᠤ᠎ᠪᠠᠷ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠮᠬᠢ ᠵᠠᠮᠪᠠᠷᠠᠭ᠎ᠠ ᠥᠬᠡᠶ ᠪᠠᠢ᠌ᠳᠠᠯ᠎ᠢ ᠴᠡᠭᠴᠡᠯᠡᠨ ᠵᠠᠰᠠᠵᠤ᠂ ᠨᠤᠲᠤᠭ ᠪᠡᠯᠴᠢᠭᠡᠷ᠎ᠤᠨ ᠡᠯᠡᠰᠦᠷᠬᠡᠭᠵᠢᠯ ᠪᠠ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠢ᠌ᠯᠡᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠴᠢᠨᠠᠭᠰᠢᠳᠠ ᠰᠠᠢ᠌ᠵᠢᠷᠠᠭᠤᠯᠵᠤ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠪᠠᠳᠠᠨ ᠪᠠᠢ᠌ᠴᠠᠭ᠋ᠠᠯᠲᠠ ᠪᠠ ᠥᠪᠡᠷᠲᠡᠭᠡᠨ ᠵᠠᠰᠠᠬᠤ ᠣᠷᠣᠨ᠎ᠤ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠨᠤᠲᠤᠭ ᠪᠡᠯᠴᠢᠭᠡᠷ᠎ᠤᠨ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠦᠨᠡᠨ ᠬᠦ᠌ ᠲᠤᠢ᠌ᠯᠪᠤᠷᠢᠲᠠᠶ ᠴᠡᠭᠴᠡᠯᠡᠨ ᠰᠠᠢ᠌ᠵᠢᠷᠠᠭᠤᠯᠵᠤ᠂ ᠬᠠᠤᠯᠢ ᠶᠣᠰᠣᠴᠢ ᠡᠮᠬᠢ ᠵᠢᠷᠤᠮ᠎ᠲᠠᠢ᠂ ᠲᠥᠪ ᠭᠣᠤᠯᠴᠢ ᠵᠦᠶ ᠵᠣᠬᠢᠰᠲᠠᠶ᠎ᠪᠠᠷ ᠨᠤᠲᠤᠭ ᠪᠡᠯᠴᠢᠭᠡᠷ᠎ᠤᠨ ᠡᠵᠡᠩᠨᠡᠯᠲᠡ ᠠᠰᠢᠭᠯᠠᠯᠲᠠ ᠵᠢᠨ ᠡᠮᠬᠢ ᠵᠢᠷᠤᠮ᠎ᠢ ᠬᠠᠮᠠᠭ᠋ᠠᠯᠠᠨ᠎ᠠ᠃
ᠭᠤᠷᠪᠠ᠂ ᠴᠡᠭᠴᠡᠯᠡᠬᠦ ᠵᠠᠷᠴᠢᠮ
(ᠨᠢᠭᠡ) ᠭᠠᠵᠠᠷ ᠰᠢᠷᠣᠶ ᠵᠢᠨ ᠡᠷᠬᠡ ᠵᠢ ᠨᠤᠲᠠᠯᠠᠨ ᠲᠣᠭᠲᠠᠭ᠋ᠠᠵᠤ ᠲᠠᠷᠢᠶᠠᠨ ᠭᠠᠵᠠᠷ ᠵᠶ᠋ᠡᠷ ᠳᠠᠩᠰᠠᠯᠠᠭᠤᠯᠤᠭᠰᠠᠨ ᠪᠣᠯ ᠦᠷᠭᠦᠯᠵᠢᠯᠡᠨ ᠬᠠᠤᠯᠢ ᠶᠣᠰᠣᠭ᠋ᠠᠷ ᠡᠵᠡᠩᠨᠡᠨ ᠬᠡᠷᠡᠭᠯᠡᠵᠦ ᠪᠣᠯᠤᠨ᠎ᠠ᠃ (ᠬᠣᠶᠠᠷ) ᠡᠷᠬᠡ ᠵᠢ᠎ᠨᠢ ᠨᠤᠲᠠᠯᠠᠨ ᠲᠣᠭᠲᠠᠭ᠋ᠠᠵᠤ ᠲᠠᠷᠢᠶᠠᠨ ᠭᠠᠵᠠᠷ ᠵᠶ᠋ᠡᠷ ᠳᠠᠩᠰᠠᠯᠠᠭᠤᠯᠤᠭᠰᠠᠨ ᠦᠭᠡᠶ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠢ ᠰᠤᠮᠤ ᠰᠢᠶᠠᠩ ᠪᠠᠯᠭ᠋ᠠᠰᠤ ᠵᠢᠨ ᠪᠣᠳᠠᠲᠤ ᠪᠠᠢ᠌ᠳᠠᠯ᠎ᠢ ᠦᠨᠳᠦᠰᠦᠯᠡᠨ᠂ ᠨᠢᠭᠡ ᠪᠦᠯᠦᠭ᠎ᠢ᠎ᠨᠢ ᠨᠢᠭᠡᠳᠦᠯᠲᠡᠶ ᠪᠠᠷᠢᠮᠵᠢᠶ᠎ᠠ ᠶᠣᠰᠣᠭ᠋ᠠᠷ ᠪᠣᠷᠳᠣᠭ᠋ᠠᠨ᠎ᠤ ᠭᠠᠵᠠᠷ ᠪᠣᠯᠭ᠋ᠠᠨ ᠦᠯᠡᠳᠡᠭᠡᠬᠦ ᠵᠢᠨ ᠬᠠᠮᠲᠤ ᠡᠷᠦᠬᠡ᠎ᠳᠤ ᠬᠦᠷᠲᠡᠯ᠎ᠡ ᠨᠠᠢ᠌ᠳᠠᠪᠤᠷᠢᠵᠢᠭᠤᠯᠵᠤ ᠪᠣᠯᠣᠨ᠎ᠠ᠃ ᠬᠠᠮᠢᠶᠠᠷᠬᠤ᠎ᠳᠤ ᠳᠥᠭᠥᠮ ᠪᠠᠢ᠌ᠯᠭ᠋ᠠᠬᠤ ᠵᠢᠨ ᠲᠤᠰᠠᠳᠠ᠂ ᠦᠯᠡᠳᠡᠭᠡᠭᠰᠡᠨ ᠪᠣᠷᠳᠣᠭ᠋ᠠᠨ᠎ᠤ ᠭᠠᠵᠠᠷ᠎ᠢ ᠵᠠᠷᠴᠢᠮ ᠳᠡᠭᠡᠷ᠎ᠡ᠎ᠪᠠᠨ ᠭᠠᠴᠠᠭ᠎ᠠ ᠲᠣᠰᠬᠣᠨ᠂ ᠳᠤᠭᠤᠢ᠌ᠯᠠᠩ ᠬᠣᠯᠪᠣᠭ᠋ᠠᠲᠤ ᠡᠷᠦᠭᠡ᠎ᠪᠠᠷ ᠨᠢᠭᠡᠴᠢ ᠪᠣᠯᠭ᠋ᠠᠨ᠂ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ ᠳᠡᠭᠡᠷ᠎ᠡ ᠲᠥᠪᠯᠡᠷᠡᠭᠦᠯᠦᠨ ᠨᠡᠢ᠌ᠯᠡᠭᠦᠯᠵᠦ ᠲᠠᠷᠢᠬᠤ ᠬᠡᠷᠡᠭᠲᠡᠶ᠃ ᠪᠤᠰᠤᠳ᠎ᠢ᠎ᠨᠢ ᠠᠶᠠᠨᠳᠠᠭ᠋ᠠᠨ ᠰᠡᠷᠭᠦᠭᠡᠬᠦ ᠪᠤᠶᠤ ᠰᠢᠮᠡᠯᠢᠭ ᠡᠪᠡᠰᠦ ᠬᠣᠯᠢᠵᠤ ᠳᠠᠷᠢᠬᠤ ᠠᠷᠭ᠎ᠠ᠎ᠪᠠᠷ ᠤᠷᠭᠤᠮᠠᠯ᠎ᠤᠨ ᠪᠦᠷᠬᠦᠴᠡ ᠵᠢ ᠰᠡᠷᠭᠦᠭᠡᠨ᠎ᠡ᠃ (ᠭᠤᠷᠪᠠ) ᠣᠳᠣᠬᠠᠨ᠎ᠳᠤ ᠬᠡᠪ᠎ᠤᠨ ᠶᠣᠰᠣᠭ᠋ᠠᠷ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠬᠢᠵᠦ ᠪᠠᠢ᠌ᠭ᠎ᠠ ᠲᠣᠮᠣ ᠬᠡᠯᠪᠡᠷᠢ ᠵᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠠᠵᠤ ᠠᠬᠤᠢ᠌ᠯᠠᠯ᠎ᠳᠤ᠂ ᠲᠥᠷᠥ ᠵᠢᠨ ᠪᠣᠳᠣᠯᠭ᠎ᠠ ᠶᠣᠰᠣᠭ᠋ᠠᠷ ᠢᠵᠢ ᠪᠥᠷᠢᠳᠦᠭᠰᠡᠨ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ ᠭᠠᠷᠭ᠋ᠠᠬᠤ ᠵᠢ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠣᠰᠢᠭᠤᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠪᠣᠯᠤᠨ ᠪᠠᠢ᠌ᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠲᠠᠢ ᠬᠠᠮᠲᠤᠷᠠᠨ᠂ ᠬᠠᠮᠲᠤ᠎ᠪᠠᠷ ᠰᠠᠨᠠᠯ ᠳᠤᠷᠠᠳᠤᠭᠰᠠᠨ᠎ᠤ ᠳᠠᠷᠠᠭ᠎ᠠ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠂ ᠰᠣᠳᠣᠯᠵᠤ ᠲᠣᠭᠲᠠᠭ᠋ᠠᠨ᠎ᠠ᠃ (ᠳᠥᠷᠪᠡ) ᠲᠣᠰ ᠤᠳᠠᠭ᠋ᠠᠨ᠎ᠤ ᠴᠡᠭᠴᠡᠯᠡᠬᠦ ᠠᠵᠢᠯᠯᠠᠭ᠎ᠠ᠎ᠳᠤ ᠲᠣᠭᠲᠠᠭ᠋ᠠᠭᠰᠠᠨ ᠲᠠᠷᠢᠶᠠᠯᠠᠬᠤ᠎ᠪᠠᠨ ᠪᠤᠯᠢᠵᠤ ᠰᠡᠷᠭᠦᠭᠡᠬᠦ ᠭᠠᠵᠠᠷ ᠰᠢᠷᠣᠶ ᠵᠢ ᠬᠡᠷᠪᠡ ᠨᠢᠭᠡᠨᠲᠡ ᠭᠤᠷᠪᠠᠳᠠᠬᠢ ᠬᠥᠮᠦᠨ᠎ᠳᠤ ᠰᠢᠯᠵᠢᠭᠦᠯᠦᠨ ᠥᠭᠴᠦ ᠡᠵᠡᠩᠨᠡᠭᠦᠯᠦᠭᠰᠡᠨ ᠪᠠᠢ᠌ᠪᠠᠯ᠂ ᠲᠤᠬᠠᠶ ᠵᠢᠨ ᠬᠥᠮᠦᠨ᠎ᠤ ᠬᠣᠭᠣᠷᠣᠨᠳᠣᠬᠢ ᠰᠢᠯᠵᠢᠭᠦᠯᠦᠭᠰᠡᠨ ᠭᠡᠷ᠎ᠡ ᠵᠢᠨ ᠵᠢᠭᠤᠷᠠᠯᠳᠤᠭ᠋ᠠᠨ᠎ᠢ ᠭᠡᠷ᠎ᠡ ᠵᠢᠨ ᠡᠯ᠎ᠡ ᠲᠠᠯ᠎ᠠ ᠵᠢᠨ᠎ᠬᠢᠨ ᠥᠪᠡᠰᠦᠪᠡᠨ ᠵᠥᠪᠳᠡᠯᠴᠡᠨ ᠰᠢᠢᠳᠪᠦᠷᠢᠯᠡᠬᠦ ᠪᠤᠶᠤ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠰᠢᠢ᠍ᠳᠪᠦᠷᠢᠯᠡᠬᠦ ᠬᠡᠷᠡᠭᠲᠡᠢ᠃
ᠳᠥᠷᠪᠡ᠂ ᠲᠡᠵᠢᠭᠡᠯ ᠪᠣᠷᠳᠣᠭ᠋ᠠᠨ᠎ᠤ ᠭᠠᠵᠠᠷ᠎ᠢ ᠦᠯᠡᠳᠡᠭᠡᠬᠦ ᠠᠷᠭ᠎ᠠ ᠮᠠᠶᠢᠭ
(ᠨᠢᠭᠡ) ᠪᠠᠷᠢᠮᠵᠢᠶ᠎ᠠ᠃ ᠭᠠᠴᠠᠭ᠎ᠠ ᠲᠣᠰᠬᠣᠨ᠎ᠤ ᠬᠥᠮᠦᠨ ᠠᠮᠠ᠂ ᠲᠠᠷᠢᠵᠤ ᠲᠡᠵᠢᠭᠡᠬᠦ ᠦᠢ᠍ᠯᠡᠰ᠎ᠤᠨ ᠬᠤᠪᠢ ᠵᠢᠨ ᠵᠢᠩ ᠪᠣᠯᠤᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠲᠠᠯᠠᠪᠠᠶ᠂ ᠤᠰᠤᠨ ᠰᠤᠷᠪᠤᠯᠵᠢ᠂ ᠭᠠᠵᠠᠷ᠎ᠤᠨ ᠰᠢᠮ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠵᠠᠷᠴᠢᠮ ᠳᠡᠭᠡᠷ᠎ᠡ᠎ᠪᠠᠨ ᠬᠥᠮᠦᠨ ᠪᠦᠷᠢ᠎ᠳᠤ ᠳᠤᠮᠳᠠᠴᠢ᠎ᠪᠠᠷ 20 ᠮᠦ᠍᠎ᠠᠴᠠ ᠬᠡᠲᠦᠷᠡᠭᠦᠯᠬᠦ ᠦᠭᠡᠶ ᠪᠣᠷᠳᠣᠭ᠎ᠠ ᠵᠢᠨ ᠭᠠᠵᠠᠷ᠎ᠤᠨ ᠪᠠᠷᠢᠮᠵᠢᠶ᠎ᠠ ᠶᠣᠰᠣᠭ᠋ᠠᠷ᠂ ᠲᠤᠰ ᠭᠠᠴᠠᠭ᠎ᠠ ᠲᠣᠰᠬᠣᠨ᠎ᠤ ᠨᠢᠭᠡᠨᠲᠡ ᠬᠠᠭ᠋ᠠᠯᠪᠤᠷᠢᠯᠠᠭᠰᠠᠨ ᠬᠡᠰᠡᠭ ᠨᠤᠲᠤᠭ ᠪᠡᠯᠴᠢᠭᠡᠷ᠎ᠢ ᠡᠷᠦᠬᠡ᠎ᠳᠤ ᠬᠦᠷᠲᠡᠯ᠎ᠡ ᠨᠠᠢ᠌ᠳᠠᠪᠤᠷᠢᠵᠢᠭᠤᠯᠤᠨ᠎ᠠ᠃ ᠲᠡᠵᠢᠭᠡᠯ ᠪᠣᠷᠳᠣᠭ᠋ᠠᠨ᠎ᠤ ᠭᠠᠵᠠᠷ᠎ᠢ ᠡᠷᠦᠬᠡ᠎ᠳᠤ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠰᠢᠨ᠎ᠡ ᠲᠥᠷᠥ ᠵᠢᠨ ᠪᠣᠳᠣᠯᠭ᠎ᠠ ᠵᠢ ᠨᠡᠢ᠌ᠲᠡᠯᠡᠬᠦ᠎ᠠᠴᠠ ᠡᠮᠦᠨ᠎ᠡ ᠳᠠᠭᠢᠵᠤ ᠲᠣᠬᠢᠷᠠᠭᠤᠯᠤᠯᠲᠠ ᠬᠢᠵᠦ ᠬᠤᠪᠢᠷᠠᠭᠤᠯᠬᠤ ᠥᠬᠡᠶ᠃ ᠡᠯ᠎ᠡ ᠭᠠᠴᠠᠭ᠎ᠠ ᠲᠣᠰᠬᠣᠨ᠎ᠤ ᠬᠥᠮᠦᠨ ᠪᠦᠷᠢ᠎ᠳᠤ ᠳᠤᠮᠳᠠᠴᠢ᠎ᠪᠠᠷ ᠦᠯᠡᠳᠡᠭᠡᠬᠦ ᠪᠣᠷᠳᠣᠭ᠎ᠠ ᠵᠢᠨ ᠭᠠᠵᠠᠷ᠎ᠤᠨ ᠪᠣᠳᠠᠲᠠᠶ ᠪᠠᠷᠢᠮᠵᠢᠶ᠎ᠠ ᠵᠢ ᠡᠯ᠎ᠡ ᠭᠠᠴᠠᠭ᠎ᠠ ᠲᠣᠰᠬᠣᠨ᠎ᠤ ᠪᠣᠳᠠᠲᠤ ᠪᠠᠢ᠌ᠳᠠᠯ᠎ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠮᠲᠤᠷᠠᠨ ᠠᠩᠬ᠎ᠠ ᠠᠯᠬᠤᠮ᠎ᠤᠨ ᠰᠠᠨᠠᠯ ᠵᠶ᠋ᠠᠨ ᠳᠤᠷᠠᠳᠴᠤ᠂ ᠬᠣᠰᠢᠭᠤᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠪᠣᠳᠠᠲᠠᠶ ᠬᠡᠷᠡᠭᠵᠢᠭᠦᠯᠦᠨ᠎ᠡ᠃ (ᠬᠣᠶᠠᠷ) ᠬᠡᠪᠴᠢᠶ᠎ᠡ᠃ ᠲᠠᠷᠢᠶᠠᠯᠠᠬᠤ ᠮᠠᠯᠵᠢᠬᠤ ᠡᠷᠦᠬᠡ ᠵᠢᠨ ᠬᠡᠪᠴᠢᠶ᠎ᠡ᠄ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠳᠤᠯᠠᠩ ᠪᠡᠯᠴᠢᠭᠡᠷ᠎ᠤᠨ 《ᠬᠣᠶᠠᠷ ᠡᠷᠬᠡ ᠨᠢᠭᠡ ᠳᠦᠷᠢᠮ》᠎ᠢ ᠨᠠᠢ᠌ᠳᠠᠪᠤᠷᠢᠵᠢᠭᠤᠯᠬᠤ ᠦᠶ᠎ᠡ᠎ᠳᠤ ᠬᠠᠳᠤᠯᠠᠩ ᠪᠡᠯᠴᠢᠭᠡᠷ ᠬᠤᠪᠢᠶᠠᠵᠤ ᠣᠯᠣᠭᠰᠠᠨ ᠮᠥᠷᠲᠡᠭᠡᠨ ᠣᠳᠣᠬᠠᠨ᠎ᠳᠤ ᠮᠥᠨ ᠬᠦ᠌ ᠲᠤᠰ ᠭᠠᠴᠠᠭ᠎ᠠ ᠲᠣᠰᠬᠣᠨ᠎ᠤ᠎ᠪᠠᠨ ᠮᠠᠯᠵᠢᠬᠤ ᠲᠠᠷᠢᠶᠠᠯᠠᠬᠤ ᠡᠷᠦᠬᠡ᠎ᠳᠤ ᠬᠠᠷᠢᠶᠠᠯᠠᠭᠳᠠᠬᠤ᠃ ᠬᠥᠮᠦᠨ ᠠᠮᠠ ᠵᠢᠨ ᠬᠡᠪᠴᠢᠶ᠎ᠡ᠄ ᠳᠡᠭᠡᠷ᠎ᠡ ᠳᠤᠷᠠᠳᠤᠭᠰᠠᠨ ᠮᠠᠯᠵᠢᠬᠤ ᠲᠠᠷᠢᠶᠠᠯᠠᠬᠤ ᠡᠷᠦᠬᠡ 2020 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠡᠷᠦᠬᠡ ᠠᠮᠠ ᠵᠢᠨ ᠬᠠᠷᠢᠶ᠎ᠠ᠎ᠲᠠᠢ ᠬᠥᠮᠦᠨ ᠠᠮᠠ ᠪᠠᠢ᠌ᠬᠤ᠃ (ᠭᠤᠷᠪᠠ) ᠲᠠᠷᠢᠶᠠᠨ ᠭᠠᠵᠠᠷ (ᠬᠠᠳᠤᠯᠠᠩ ᠪᠡᠯᠴᠢᠭᠡᠷ)᠃ ᠵᠠᠷᠴᠢᠮ ᠳᠡᠭᠡᠷ᠎ᠡ᠎ᠪᠠᠨ᠂ ᠵᠠᠷᠢᠮ ᠠᠷᠠᠳ ᠢᠷᠭᠡᠳ ᠲᠠᠷᠠᠬᠠᠶ ᠪᠤᠲᠠᠷᠬᠠᠶ ᠰᠠᠭᠤᠷᠢᠰᠢᠵᠤ ᠪᠠᠢ᠌ᠭ᠎ᠠ ᠭᠠᠴᠠᠭ᠎ᠠ ᠲᠣᠰᠬᠣᠨ᠎ᠳᠤ ᠴᠢᠭᠯᠡᠭᠦᠯᠦᠨ᠂ ᠭᠠᠴᠠᠭ᠎ᠠ ᠲᠣᠰᠬᠣᠨ᠎ᠤ ᠠᠷᠠᠳ᠎ᠤᠨ ᠭᠡᠷ ᠪᠠᠢ᠌ᠰᠢᠩ᠎ᠤᠨ ᠠᠷᠤ ᠥᠪᠥᠷᠲᠠᠬᠢ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠲᠤ᠂ ᠣᠯᠠᠨ ᠨᠡᠢ᠌ᠲᠡ ᠵᠢᠨ ᠨᠡᠪᠲᠡᠷᠡᠬᠦ ᠵᠠᠮ᠎ᠤᠨ ᠬᠣᠶᠠᠷ ᠬᠠᠵᠠᠭᠤ ᠵᠢᠨ 5 ᠮᠧᠲᠷ᠎ᠤᠨ ᠬᠡᠪᠴᠢᠶᠡᠨ ᠳᠣᠲᠣᠷ᠎ᠠ ᠪᠠ ᠨᠡᠢ᠌ᠲᠡ ᠵᠢᠨ ᠠᠰᠢᠭ ᠲᠤᠰᠠ ᠵᠢᠨ ᠬᠡᠷᠡᠭᠴᠡᠭᠡ᠎ᠠᠴᠠ ᠪᠣᠯᠵᠤ ᠵᠠᠪᠠᠯ ᠲᠠᠷᠢᠶᠠᠯᠠᠬᠤ᠎ᠪᠠᠨ ᠵᠣᠭᠰᠣᠬᠤ ᠭᠠᠵᠠᠷ᠎ᠢ ᠭᠠᠷᠭ᠋ᠠᠪᠠᠯ᠂ ᠭᠠᠴᠠᠭ᠎ᠠ ᠲᠣᠰᠬᠣᠨ᠎ᠤ ᠠᠷᠠᠳ ᠦᠷᠭᠦᠯᠵᠢᠯᠡᠨ ᠡᠵᠡᠩᠨᠡᠵᠦ ᠪᠣᠯᠤᠨ᠎ᠠ᠃ ᠲᠠᠯᠠᠪᠠᠶ᠎ᠨᠢ ᠲᠤᠰ ᠡᠷᠦᠬᠡ ᠵᠢᠨ ᠪᠣᠷᠳᠣᠭ᠋ᠠᠨ᠎ᠤ ᠭᠠᠵᠠᠷ᠎ᠲᠠᠢ ᠲᠡᠩᠴᠡᠭᠦᠦ ᠪᠠᠢ᠌ᠪᠠᠯ᠂ ᠪᠣᠷᠳᠣᠭ᠋ᠠᠨ᠎ᠤ ᠭᠠᠵᠠᠷ ᠠᠰᠲᠤᠨᠢ ᠨᠠᠢ᠌ᠳᠠᠪᠤᠷᠢᠵᠢᠭᠤᠯᠬᠤ ᠦᠭᠡᠶ᠃ ᠲᠠᠯᠠᠪᠠᠶ᠎ᠨᠢ ᠲᠤᠰ ᠡᠷᠦᠬᠡ ᠵᠢᠨ ᠦᠯᠡᠳᠡᠭᠡᠬᠦ ᠪᠣᠷᠳᠣᠭ᠋ᠠᠨ᠎ᠤ ᠭᠠᠵᠠᠷ᠎ᠠᠴᠠ ᠪᠠᠭ᠎ᠠ ᠪᠠᠢ᠌ᠪᠠᠯ᠂ ᠭᠠᠴᠠᠭ᠎ᠠ ᠲᠣᠰᠬᠣᠨ᠎ᠠᠴᠠ ᠡᠯ᠎ᠡ ᠡᠷᠦᠬᠡ ᠵᠢ ᠵᠣᠬᠢᠴᠠᠭᠤᠯᠵᠤ ᠪᠠᠢ᠌ᠭ᠋ᠠᠳ ᠭᠠᠵᠠᠷ ᠰᠢᠷᠣᠶ᠎ᠪᠠᠨ ᠬᠠᠷᠢᠯᠴᠠᠨ ᠰᠣᠯᠢᠬᠤ ᠠᠷᠭ᠎ᠠ ᠮᠠᠶᠢᠭ ᠵᠶ᠋ᠡᠷ ᠲᠤᠰ ᠭᠠᠴᠠᠭ᠎ᠠ ᠲᠣᠰᠬᠣᠨ ᠳᠤᠭᠤᠢ᠌ᠯᠠᠩ᠎ᠤᠨ ᠵᠶ᠋ᠠᠨ ᠪᠤᠰᠤᠳ ᠡᠷᠦᠬᠡ ᠵᠢᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷᠯᠦᠭᠡ ᠲᠣᠬᠢᠷᠠᠭᠤᠯᠵᠤ ᠪᠠᠢ᠌ᠭ᠋ᠠᠳ ᠭᠦᠢ᠍ᠴᠡᠳ ᠨᠥᠬᠥᠪᠥᠷᠢᠯᠡᠵᠦ ᠪᠣᠯᠤᠨ᠎ᠠ᠃ ᠲᠠᠯᠠᠪᠠᠶ᠎ᠨᠢ ᠬᠥᠮᠦᠨ ᠪᠦᠷᠢ ᠵᠢᠨ ᠳᠤᠮᠳᠠᠴᠢ ᠪᠠᠷᠢᠮᠵᠢᠶ᠎ᠠ᠎ᠠᠴᠠ ᠶᠡᠬᠡ ᠪᠠᠢ᠌ᠪᠠᠯ᠂ ᠬᠡᠲᠦᠷᠡᠭᠰᠡᠨ ᠬᠡᠰᠡᠭ᠎ᠢ᠎ᠨᠢ ᠲᠠᠷᠢᠶᠠᠯᠠᠬᠤ᠎ᠪᠠᠨ ᠪᠤᠯᠢᠬᠤ ᠵᠢᠨ ᠬᠠᠮᠲᠤ ᠤᠷᠭᠤᠮᠠᠯ᠎ᠤᠨ ᠪᠦᠷᠬᠦᠴᠡ ᠵᠢ ᠠᠶᠠᠨᠳᠠᠭ᠋ᠠᠨ ᠰᠡᠷᠭᠦᠭᠡᠬᠦ ᠬᠡᠷᠡᠭᠲᠡᠶ᠂ ᠪᠣᠷᠣ ᠴᠠᠷᠭ᠋ᠠᠰᠤ ᠪᠤᠶᠤ ᠣᠯᠠᠨ ᠨᠠᠰᠤᠲᠤ ᠰᠢᠮᠡᠯᠢᠭ ᠡᠪᠡᠰᠦ ᠵᠢ ᠬᠣᠯᠢᠯᠳᠤᠭᠤᠯᠤᠨ ᠲᠠᠷᠢᠭᠰᠠᠨ ᠴᠤ᠌ ᠪᠣᠯᠤᠨ᠎ᠠ᠃ ᠬᠠᠮᠤᠭ᠎ᠤᠨ ᠲᠦᠷᠦᠭᠦᠨ᠎ᠳᠤ ᠭᠡᠷ ᠪᠠᠢ᠌ᠰᠢᠩ᠎ᠤᠨ ᠠᠷᠤ ᠥᠪᠥᠷᠲᠠᠬᠢ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠢ ᠴᠡᠭᠴᠡᠯᠡᠨ᠎ᠡ᠂ ᠡᠨᠡᠬᠦ ᠰᠠᠭᠤᠷᠢᠨ ᠳᠡᠭᠡᠷ᠎ᠡ ᠭᠠᠴᠠᠭ᠎ᠠ ᠲᠣᠰᠬᠣᠨ ᠳᠤᠭᠤᠢ᠌ᠯᠠᠩ ᠨᠢᠭᠡᠪᠦᠷᠢ ᠲᠥᠪᠯᠡᠷᠡᠨ ᠵᠠᠯᠭ᠋ᠠᠯᠳᠤᠭᠰᠠᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷᠤᠳᠢ ᠰᠣᠩᠭᠣᠵᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠰ ᠭᠠᠴᠠᠭ᠎ᠠ ᠲᠣᠰᠬᠣᠨ ᠳᠤᠭᠤᠢ᠌ᠯᠠᠩ᠎ᠤᠨ ᠦᠯᠡᠳᠡᠭᠡᠬᠦ᠎ᠪᠠᠷ ᠪᠠᠢ᠌ᠭ᠎ᠠ ᠪᠣᠷᠳᠣᠭ᠋ᠠᠨ᠎ᠤ ᠭᠠᠵᠠᠷ᠎ᠤᠨ ᠲᠠᠯᠠᠪᠠᠶ ᠵᠢ ᠨᠢᠭᠡᠳᠦᠯᠲᠡᠶ ᠲᠥᠯᠥᠪᠵᠢᠭᠦᠯᠬᠦ ᠵᠢᠨ ᠬᠠᠮᠲᠤ ᠲᠡᠵᠢᠭᠡᠯ ᠪᠣᠷᠳᠣᠭ᠋ᠠᠨ᠎ᠤ ᠭᠠᠵᠠᠷ ᠵᠶ᠋ᠠᠷ ᠲᠣᠭᠲᠠᠭ᠋ᠠᠭᠰᠠᠨ᠎ᠤ ᠳᠠᠷᠠᠭ᠎ᠠ ᠰᠠᠶᠢ ᠡᠷᠦᠬᠡ᠎ᠳᠤ ᠬᠦᠷᠲᠡᠯ᠎ᠡ ᠨᠠᠢ᠌ᠳᠠᠪᠤᠷᠢᠵᠢᠭᠤᠯᠬᠤ ᠬᠡᠷᠡᠭᠲᠡᠶ᠃ ᠵᠠᠭ᠋ᠠᠭ ᠬᠢᠴᠡ ᠵᠢᠨ ᠵᠢᠭᠤᠷᠠᠯᠳᠤᠭ᠋ᠠᠨ᠎ᠲᠠᠢ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠢ ᠪᠣᠷᠳᠣᠭ᠋ᠠᠨ᠎ᠤ ᠭᠠᠵᠠᠷ ᠵᠶ᠋ᠠᠷ ᠦᠯᠡᠳᠡᠭᠡᠵᠦ ᠪᠣᠯᠬᠤ ᠥᠭᠡᠢ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠵᠤ ᠴᠥᠮ ᠬᠠᠭ᠋ᠠᠯᠪᠤᠷᠢᠯᠠᠬᠤ ᠵᠢ ᠵᠣᠭᠰᠣᠭ᠋ᠠᠵᠤ ᠤᠷᠭᠤᠮᠠᠯ᠎ᠤᠨ ᠪᠦᠷᠬᠦᠴᠡ ᠵᠢ ᠰᠡᠷᠭᠦᠭᠡᠨ᠎ᠡ᠃ ᠦᠯᠡᠳᠡᠭᠡᠭᠰᠡᠨ ᠲᠡᠵᠢᠭᠡᠯ ᠪᠣᠷᠳᠣᠭ᠋ᠠᠨ᠎ᠤ ᠭᠠᠵᠠᠷ᠎ᠤᠨ ᠡᠯᠡᠰᠦᠷᠬᠡᠭᠵᠢᠬᠦ᠂ ᠬᠥᠷᠥᠰᠥ ᠰᠢᠷᠣᠶ ᠵᠢᠨ ᠢᠳᠡᠭᠳᠡᠯ ᠥᠬᠡᠶ ᠪᠠᠢ᠌ᠬᠤ ᠵᠢ ᠪᠠᠲᠤᠯᠠᠬᠤ ᠵᠢᠨ ᠲᠥᠯᠥᠭᠡ᠂ ᠲᠣᠰ ᠤᠳᠠᠭ᠋ᠠᠨ᠎ᠤ ᠴᠡᠭᠴᠡᠯᠡᠬᠦ ᠠᠵᠢᠯᠯᠠᠭ᠋ᠠᠨ ᠵᠶ᠋ᠠᠷ ᠦᠯᠡᠳᠡᠭᠡᠭᠰᠡᠨ ᠲᠡᠵᠢᠭᠡᠯ ᠪᠣᠷᠳᠣᠭ᠋ᠠᠨ᠎ᠤ ᠭᠠᠵᠠᠷ᠎ᠲᠤ ᠴᠥᠮ ᠤᠰᠤ᠂ ᠴᠠᠬᠢᠯᠭ᠋ᠠᠨ ᠵᠡᠷᠭᠡ ᠢᠵᠢ ᠪᠥᠷᠢᠳᠦᠭᠰᠡᠨ ᠲᠥᠬᠥᠭᠡᠷᠦᠮᠵᠢ ᠪᠦᠷᠢᠳᠦᠭᠦᠯᠬᠦ ᠬᠡᠷᠡᠭᠲᠡᠶ᠃
ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ
(ᠨᠢᠭᠡ) ᠤᠬᠠᠭᠤᠯᠤᠨ ᠳᠠᠢ᠌ᠴᠢᠯᠠᠬᠤ (2020 ᠣᠨ᠎ᠤ 11 ᠰᠠᠷ᠎ᠠ ᠵᠢᠨ 10᠎ᠤ ᠡᠳᠦᠷ— 2021 ᠣᠨ᠎ᠤ 2 ᠰᠠᠷ᠎ᠠ ᠵᠢᠨ 1᠎ᠤ ᠡᠳᠦᠷ)᠃ ᠡᠯ᠎ᠡ ᠰᠤᠮᠤ ᠰᠢᠶᠠᠩ ᠪᠠᠯᠭ᠋ᠠᠰᠤ ᠪᠣᠯᠣᠨ ᠡᠯ᠎ᠡ ᠭᠠᠴᠠᠭ᠎ᠠ ᠲᠣᠰᠬᠣᠨ ᠬᠤᠷᠠᠯ ᠬᠤᠷᠠᠯᠳᠤᠭᠤᠯᠬᠤ᠂ ᠤᠬᠠᠭᠤᠯᠬᠤ ᠬᠠᠭᠤᠳᠠᠰᠤ ᠲᠠᠷᠬᠠᠭ᠋ᠠᠬᠤ ᠵᠡᠷᠭᠡ ᠬᠡᠯᠪᠡᠷᠢ᠎ᠪᠠᠷ ᠲᠣᠰ ᠤᠳᠠᠭ᠋ᠠᠨ᠎ᠤ ᠴᠡᠭᠴᠡᠯᠡᠬᠦ ᠠᠵᠢᠯᠯᠠᠭ᠎ᠠ ᠵᠢᠨ ᠭᠣᠤᠯ ᠠᠭᠤᠯᠭ᠎ᠠ ᠵᠢ ᠤᠬᠠᠭᠤᠯᠵᠤ᠂ ᠳᠠᠢ᠌ᠴᠢᠯᠠᠨ ᠪᠠᠢ᠌ᠷᠢᠯᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠬᠣᠰᠢᠭᠤᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠢ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ ᠬᠡᠯᠪᠡᠷᠢ᠎ᠪᠠᠷ ᠳᠠᠮᠵᠢᠭᠤᠯᠤᠨ ᠬᠠᠤᠯᠢ ᠴᠠᠭ᠋ᠠᠵᠠ ᠵᠢ ᠬᠥᠳᠡᠭᠡ ᠲᠣᠰᠬᠣᠨ᠎ᠳᠤ ᠬᠦᠷᠭᠡᠵᠦ᠂ ᠥᠷᠭᠡᠨ ᠣᠯᠠᠨ ᠲᠦᠮᠡᠨ᠎ᠳᠤ ᠬᠠᠤᠯᠢ ᠵᠢ ᠮᠡᠳᠡᠭᠦᠯᠬᠦ᠂ ᠬᠠᠤᠯᠢ ᠵᠢ ᠣᠢ᠌ᠯᠠᠭ᠋ᠠᠭᠤᠯᠵᠤ᠂ ᠲᠡᠳᠡᠨ᠎ᠤ ᠬᠠᠤᠯᠢ ᠰᠠᠬᠢᠬᠤ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ᠎ᠤᠳ ᠲᠤᠰ ᠤᠳᠠᠭ᠋ᠠᠨ᠎ᠤ ᠠᠵᠢᠯᠯᠠᠭ᠎ᠠ᠎ᠳᠤ ᠪᠦᠬᠦ ᠬᠦᠴᠦᠨ ᠵᠶ᠋ᠡᠷ ᠵᠶ᠋ᠡᠨ ᠬᠠᠮᠵᠢᠯᠴᠠᠵᠤ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠠᠭ᠋ᠠᠯᠪᠤᠷᠢᠯᠠᠬᠤ᠎ᠳᠤ ᠴᠢᠩᠭ᠎ᠠ ᠴᠣᠬᠢᠯᠲᠠ ᠥᠭᠬᠦ ᠶᠠᠷᠢᠶ᠎ᠠ ᠬᠡᠯᠡᠯᠴᠡᠭᠡᠨ᠎ᠤ ᠰᠦᠷ ᠬᠦᠴᠦᠨ ᠪᠣᠯᠤᠨ ᠪᠦᠬᠦ ᠨᠡᠢ᠌ᠭᠡᠮ ᠵᠶ᠋ᠡᠷ ᠵᠶ᠋ᠡᠨ ᠥᠷᠭᠡᠨ ᠵᠶ᠋ᠡᠷ ᠣᠷᠣᠯᠴᠠᠨ ᠳᠡᠮᠵᠢᠬᠦ ᠰᠠᠢ᠌ᠨ ᠰᠠᠢ᠌ᠬᠠᠨ ᠣᠷᠴᠢᠨ ᠠᠬᠤᠶ ᠵᠢ ᠪᠣᠶ ᠪᠣᠯᠭ᠋ᠠᠬᠤ ᠬᠡᠷᠡᠭᠲᠡᠶ᠃ (ᠬᠣᠶᠠᠷ) ᠪᠠᠢ᠌ᠴᠠᠭ᠋ᠠᠵᠤ ᠪᠠᠢ᠌ᠳᠠᠯ᠎ᠢ ᠣᠢ᠌ᠯᠠᠭ᠋ᠠᠬᠤ (2020 ᠣᠨ᠎ᠤ 12 ᠰᠠᠷ᠎ᠠ ᠵᠢᠨ 1᠎ᠤ ᠡᠳᠦᠷ— 2021 ᠣᠨ᠎ᠤ 2 ᠰᠠᠷ᠎ᠠ ᠵᠢᠨ 1᠎ᠤ ᠡᠳᠦᠷ)᠃ ᠡᠯ᠎ᠡ ᠰᠤᠮᠤ ᠰᠢᠶᠠᠩ ᠪᠠᠯᠭ᠋ᠠᠰᠤ ᠪᠣᠯᠣᠨ ᠡᠯ᠎ᠡ ᠭᠠᠴᠠᠭ᠎ᠠ ᠲᠣᠰᠬᠣᠨ ᠭᠠᠵᠠᠷ ᠰᠢᠷᠣᠶ ᠵᠢᠨ ᠡᠷᠬᠡ ᠵᠢ ᠨᠤᠲᠠᠯᠠᠨ ᠲᠣᠭᠲᠠᠭ᠋ᠠᠭᠰᠠᠨ ᠠᠵᠢᠯ᠎ᠤᠨ ᠦᠷ᠎ᠡ ᠪᠦᠲᠦᠭᠡᠯ᠎ᠲᠠᠢ᠎ᠪᠠᠨ ᠤᠶᠠᠯᠳᠤᠭᠤᠯᠤᠨ᠂ ᠬᠠᠷᠢᠶ᠎ᠠ ᠣᠷᠣᠨ᠎ᠤ᠎ᠪᠠᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ (ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ)᠂ ᠲᠠᠯᠠᠪᠠᠶ᠂ ᠡᠷᠬᠡ ᠵᠢᠨ ᠬᠠᠷᠢᠶ᠎ᠠ ᠵᠢᠴᠢ ᠬᠠᠭ᠋ᠠᠯᠪᠤᠷᠢᠯᠠᠭᠰᠠᠨ ᠴᠠᠭ ᠬᠤᠭᠤᠴᠠᠭ᠎ᠠ᠂ ᠬᠠᠭ᠋ᠠᠯᠪᠤᠷᠢᠯᠠᠭᠰᠠᠨ ᠬᠥᠮᠥᠨ ᠵᠢᠴᠢ ᠤᠯᠤᠰ᠎ᠠᠴᠠ ᠠᠲᠠᠷ ᠬᠠᠭ᠋ᠠᠯᠪᠤᠷᠢᠯᠠᠭᠰᠠᠨ᠎ᠠᠴᠠ ᠪᠤᠶ ᠪᠣᠯᠤᠭᠰᠠᠨ ᠲᠠᠷᠢᠶᠠᠨ ᠭᠠᠵᠠᠷ᠎ᠲᠤ ᠡᠷᠬᠡ ᠵᠢ ᠨᠤᠲᠠᠯᠠᠨ ᠦᠨᠡᠮᠯᠡᠯ ᠣᠯᠭᠣᠭᠰᠠᠨ ᠡᠰᠡᠬᠦ ᠵᠢ ᠪᠠᠢ᠌ᠴᠠᠭ᠋ᠠᠨ ᠲᠣᠳᠣᠯᠠᠵᠤ᠂ ᠣᠯᠠᠨ ᠲᠦᠮᠡᠨ᠎ᠤ ᠲᠤᠰ ᠤᠳᠠᠭ᠋ᠠᠨ᠎ᠤ ᠴᠡᠭᠴᠡᠯᠡᠬᠦ ᠠᠵᠢᠯᠯᠠᠭ᠋ᠠᠨ᠎ᠤ ᠲᠤᠬᠠᠢ ᠲᠤᠰᠬᠠᠯ ᠪᠣᠯᠤᠨ ᠣᠪᠣᠷ᠎ᠢ ᠴᠤᠭᠯᠠᠭᠤᠯᠤᠨ ᠦᠨᠡᠯᠡᠨ ᠵᠢᠱ᠌ᠢᠬᠦ ᠬᠡᠷᠡᠭᠲᠡᠶ᠃ (ᠭᠤᠷᠪᠠ) ᠲᠥᠯᠥᠪᠵᠢᠭᠦᠯᠭᠡ ᠵᠢ ᠬᠢᠨᠠᠨ ᠵᠥᠪᠰᠢᠶᠡᠷᠡᠬᠦ (2021 ᠣᠨ᠎ᠤ 2 ᠰᠠᠷ᠎ᠠ ᠵᠢᠨ 1᠎ᠤ ᠡᠳᠦᠷ— 2021 ᠣᠨ᠎ᠤ 3 ᠰᠠᠷ᠎ᠠ ᠵᠢᠨ 1᠎ᠤ ᠡᠳᠦᠷ)᠃ ᠭᠦᠢᠴᠡᠳ ᠪᠠᠢ᠌ᠴᠠᠭ᠋ᠠᠨ ᠣᠢ᠌ᠯᠠᠭ᠋ᠠᠭᠰᠠᠨ ᠰᠠᠭᠤᠷᠢᠨ ᠳᠡᠭᠡᠷ᠎ᠡ᠂ ᠡᠯ᠎ᠡ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠭᠠᠴᠠᠭ᠎ᠠ ᠲᠣᠰᠬᠣᠨ᠎ᠤ ᠦᠯᠡᠳᠡᠭᠡᠬᠦ ᠪᠣᠷᠳᠣᠭ᠋ᠠᠨ᠎ᠤ ᠭᠠᠵᠠᠷ᠎ᠤᠨ ᠪᠣᠳᠠᠲᠠᠶ ᠲᠥᠰᠦᠯ᠎ᠢ ᠳᠤᠷᠠᠳᠴᠤ᠂ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ (ᠳᠥᠷᠪᠡ) ᠭᠡᠷ᠎ᠡ ᠲᠣᠭᠲᠠᠵᠤ ᠪᠦᠷᠢᠳᠬᠡᠨ ᠳᠠᠩᠰᠠᠯᠠᠭᠤᠯᠬᠤ (2021 ᠣᠨ᠎ᠤ 2 ᠰᠠᠷ᠎ᠠ ᠵᠢᠨ 15᠎ᠤ ᠡᠳᠦᠷ —2021 ᠣᠨ᠎ᠤ 3 ᠰᠠᠷ᠎ᠠ ᠵᠢᠨ 20᠎ᠤ ᠡᠳᠦᠷ)᠃ ᠡᠯ᠎ᠡ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠪᠣᠷᠳᠣᠭ᠋ᠠᠨ᠎ᠤ ᠭᠠᠵᠠᠷ᠎ᠢ ᠦᠯᠡᠳᠡᠭᠡᠬᠦ ᠲᠤᠬᠠᠢ ᠲᠥᠰᠦᠯ ᠶᠣᠰᠣᠭ᠋ᠠᠷ᠂ ᠡᠯ᠎ᠡ ᠭᠠᠴᠠᠭ᠎ᠠ ᠲᠣᠰᠬᠣᠨ᠎ᠢ ᠰᠢᠪᠠᠳᠠᠨ ᠵᠢᠯᠣᠭᠣᠳᠴᠤ ᠪᠣᠷᠳᠣᠭ᠋ᠠᠨ᠎ᠤ ᠭᠠᠵᠠᠷ᠎ᠢ ᠦᠯᠡᠳᠡᠭᠡᠬᠦ ᠠᠵᠢᠯ᠎ᠢ ᠰᠠᠢ᠌ᠲᠤᠷ ᠬᠢᠬᠦ ᠬᠡᠷᠡᠭᠲᠡᠶ᠃ ᠡᠯ᠎ᠡ ᠭᠠᠴᠠᠭ᠎ᠠ ᠲᠣᠰᠬᠣᠨ᠎ᠨᠢ ᠪᠠᠢ᠌ᠭ᠎ᠠ ᠭᠠᠵᠠᠷ᠎ᠤᠨ ᠵᠶ᠋ᠠᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠲᠥᠪᠯᠡᠷᠡᠨ ᠵᠠᠯᠭ᠋ᠠᠯᠳᠤᠭᠰᠠᠨ ᠪᠣᠷᠳᠣᠭ᠋ᠠᠨ᠎ᠤ ᠭᠠᠵᠠᠷ ᠬᠠᠩᠭ᠋ᠠᠭᠰᠠᠨ ᠲᠠᠷᠢᠶᠠᠯᠠᠬᠤ ᠮᠠᠯᠵᠢᠬᠤ ᠡᠷᠦᠬᠡ᠎ᠯᠦᠭᠡ ᠭᠠᠵᠠᠷ ᠰᠢᠷᠣᠶ᠎ᠪᠠᠨ ᠬᠠᠷᠢᠯᠴᠠᠨ ᠰᠣᠯᠢᠬᠤ ᠵᠥᠪᠳᠡᠯᠴᠡᠬᠡᠷ ᠲᠣᠭᠲᠠᠵᠤ᠂ ᠪᠣᠷᠳᠣᠭ᠋ᠠᠨ᠎ᠤ ᠭᠠᠵᠠᠷ᠎ᠤᠨ ᠡᠬᠡ ᠳᠠᠩᠰᠠ ᠪᠠᠢ᠌ᠭᠤᠯᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ (ᠲᠠᠪᠤ) ᠤᠷᠭᠤᠮᠠᠯ᠎ᠤᠨ ᠪᠦᠷᠬᠦᠴᠡ ᠵᠢ ᠰᠡᠷᠭᠦᠭᠡᠬᠦ (2021 ᠣᠨ᠎ᠤ 3 ᠰᠠᠷ᠎ᠠ ᠵᠢᠨ 21᠎ᠤ ᠡᠳᠦᠷ— 2021 ᠣᠨ᠎ᠤ 8 ᠰᠠᠷ᠎ᠠ ᠵᠢᠨ 1᠎ᠤ ᠡᠳᠦᠷ)᠃ ᠬᠡᠨ ᠬᠠᠭ᠋ᠠᠯᠪᠤᠷᠢᠯᠠᠪᠠᠯ᠂ ᠬᠡᠨ ᠵᠠᠰᠠᠬᠤ᠂ ᠬᠡᠨ ᠡᠵᠡᠩᠨᠡᠪᠡᠯ᠂ ᠬᠡᠨ ᠵᠠᠰᠠᠬᠤ ᠵᠠᠷᠴᠢᠮ ᠶᠣᠰᠣᠭ᠋ᠠᠷ᠂ ᠲᠠᠷᠢᠶᠠᠯᠠᠬᠤ᠎ᠪᠠᠨ ᠪᠣᠯᠢᠬᠤ᠎ᠪᠠᠷ ᠨᠡᠢ᠌ᠲᠡᠯᠡᠭᠰᠡᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠢ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠠᠴᠠ ᠡᠯ᠎ᠡ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠬᠢᠨᠠᠨ ᠵᠢᠯᠣᠭᠣᠳᠴᠤ ᠪᠠᠢ᠌ᠭ᠋ᠠᠳ ᠲᠠᠷᠢᠶᠠᠯᠠᠬᠤ᠎ᠪᠠᠨ ᠪᠣᠯᠢᠭᠰᠠᠨ ᠲᠠᠷᠢᠶᠠᠨ ᠭᠠᠵᠠᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠲᠥᠰᠦᠯ᠎ᠢ ᠲᠣᠭᠲᠠᠭ᠋ᠠᠵᠤ᠂ ᠲᠠᠷᠢᠶᠠᠯᠠᠬᠤ᠎ᠪᠠᠨ ᠪᠣᠯᠢᠭᠰᠠᠨ ᠬᠡᠯᠡᠯᠴᠡᠭᠡᠷ ᠲᠣᠭᠲᠠᠵᠤ᠂ ᠰᠡᠷᠭᠦᠭᠡᠬᠦ ᠭᠣᠤᠯ ᠴᠣᠭᠴᠠ ᠵᠢ ᠲᠣᠳᠣᠷᠬᠠᠢ᠌ᠯᠠᠵᠤ᠂ ᠴᠠᠭ ᠲᠤᠬᠠᠶ᠎ᠳᠤᠨᠢ ᠤᠷᠭᠤᠮᠠᠯ᠎ᠤᠨ ᠪᠦᠷᠬᠦᠴᠡ ᠵᠢ ᠰᠡᠷᠭᠦᠭᠡᠨ᠎ᠡ᠃ ᠲᠤᠬᠠᠶ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ᠂ ᠨᠢᠭᠡᠳᠦᠯᠲᠡᠶ ᠲᠥᠯᠥᠪᠯᠡᠨ ᠵᠠᠰᠠᠬᠤ ᠵᠢ ᠪᠠᠷᠢᠮᠲᠠᠯᠠᠵᠤ᠂ ᠤᠰᠤᠨ ᠰᠤᠷᠪᠤᠯᠵᠢ ᠵᠢᠨ ᠨᠥᠬᠥᠴᠡᠯ᠎ᠢ ᠪᠦᠷᠢᠯᠳᠦᠭᠦᠯᠦᠭᠰᠡᠨ ᠭᠠᠵᠠᠷ᠎ᠲᠤ ᠣᠯᠠᠨ ᠨᠠᠰᠤᠲᠤ ᠰᠢᠮᠡᠯᠢᠭ ᠡᠪᠡᠰᠦ ᠵᠢ ᠠᠰᠲᠤᠨᠢ ᠳᠠᠷᠢᠬᠤ ᠪᠤᠶᠤ ᠬᠣᠯᠢᠯᠳᠤᠭᠤᠯᠤᠨ ᠳᠠᠷᠢᠵᠤ ᠪᠣᠯᠤᠨ᠎ᠠ᠂ ᠪᠠᠰᠠ ᠬᠠᠮᠠᠭ᠋ᠠᠯᠠᠯᠲᠠ ᠵᠢᠨ ᠴᠢᠨᠠᠷᠲᠠᠢ ᠬᠣᠯᠢᠯᠳᠤᠭᠤᠯᠤᠨ ᠳᠠᠷᠢᠬᠤ ᠠᠷᠭ᠎ᠠ᠎ᠪᠠᠷ ᠤᠷᠭᠤᠮᠠᠯ᠎ᠤᠨ ᠪᠦᠷᠬᠦᠴᠡ ᠵᠢ ᠰᠡᠷᠭᠦᠭᠡᠵᠦ ᠪᠣᠯᠤᠨ᠎ᠠ᠃ ᠪᠤᠰᠤᠳ ᠲᠠᠷᠢᠶᠠᠯᠠᠬᠤ᠎ᠪᠠᠨ ᠪᠤᠯᠢᠭᠰᠠᠨ ᠨᠤᠲᠤᠭ ᠪᠡᠯᠴᠢᠭᠡᠷ᠎ᠲᠤ᠂ ᠪᠦᠬᠦᠨ᠎ᠢ ᠠᠶᠠᠨᠳᠠᠭ᠋ᠠᠨ ᠰᠡᠷᠭᠦᠭᠡᠬᠦ ᠠᠷᠭ᠎ᠠ᠎ᠪᠠᠷ ᠤᠷᠭᠤᠮᠠᠯ᠎ᠤᠨ ᠪᠦᠷᠬᠦᠴᠡ ᠵᠢ ᠰᠡᠷᠭᠦᠭᠡᠨ᠎ᠡ᠃ ᠬᠠᠮᠠᠭ᠋ᠠᠯᠠᠯᠲᠠ ᠵᠢᠨ ᠴᠢᠨᠠᠷᠲᠠᠢ ᠬᠣᠯᠢᠯᠳᠤᠭᠤᠯᠤᠨ ᠲᠠᠷᠢᠬᠤ ᠠᠷᠭ᠎ᠠ ᠮᠠᠶᠢᠭ ᠵᠶ᠋ᠡᠷ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠭᠠᠵᠠᠷ᠎ᠲᠤ᠂ ᠣᠯᠠᠨ ᠨᠠᠰᠤᠲᠤ ᠰᠢᠮᠡᠯᠢᠭ ᠡᠪᠡᠰᠦᠨ᠎ᠤ ᠦᠷ᠎ᠡ ᠵᠢ ᠮᠦ᠍ ᠪᠦᠷᠢ᠎ᠳᠤ 1.5 ᠺᠢᠯᠣᠭ᠌ᠷᠠᠮ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠶ᠂ ᠨᠢᠭᠡ ᠨᠠᠰᠤᠲᠤ ᠰᠢᠮᠡᠯᠢᠭ ᠡᠪᠡᠰᠦᠨ᠎ᠤ ᠦᠷ᠎ᠡ ᠵᠢ ᠮᠦ᠍ ᠪᠦᠷᠢ᠎ᠳᠤ 3 ᠺᠢᠯᠦᠭᠷᠡᠮ᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠶ᠃ (ᠵᠢᠷᠭᠤᠭ᠎ᠠ) ᠰᠢᠪᠠᠳᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ (2021 ᠣᠨ᠎ᠤ 2 ᠳ᠋ᠤᠭ᠋ᠠᠷ ᠰᠠᠷ᠎ᠠ ᠵᠢᠨ 15᠎ᠤ ᠡᠳᠦᠷ— 2021 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ)᠃ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠲᠦᠷᠦᠭᠦᠯᠡᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ᠂ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ ᠨᠢᠭᠲᠠ ᠬᠠᠮᠵᠢᠯᠴᠠᠵᠤ᠂ ᠲᠠᠷᠢᠶᠠᠯᠠᠬᠤ᠎ᠪᠠᠨ ᠪᠤᠯᠢᠬᠤ ᠪᠠ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠵᠢ ᠲᠡᠪᠴᠢᠬᠦ᠂ ᠲᠠᠷᠢᠶᠠᠯᠠᠬᠤ᠎ᠪᠠᠨ ᠪᠣᠯᠢᠭᠰᠠᠨ ᠪᠠᠢ᠌ᠳᠠᠯ᠎ᠠ᠎ᠪᠠᠨ ᠳᠠᠬᠢᠨ ᠬᠠᠭ᠋ᠠᠯᠪᠤᠷᠢᠯᠠᠬᠤ᠂ ᠳᠥᠷᠢᠮ ᠲᠣᠭᠲᠠᠭ᠋ᠠᠯ᠎ᠠᠴᠠ ᠵᠦᠷᠢᠴᠡᠨ ᠠᠲᠠᠷ ᠬᠠᠭ᠋ᠠᠯᠪᠤᠷᠢᠯᠠᠭᠰᠠᠳᠢ ᠬᠠᠤᠯᠢ ᠶᠣᠰᠣᠭ᠋ᠠᠷ ᠬᠦᠨᠳᠦ᠎ᠪᠠᠷ ᠰᠢᠢᠳᠬᠡᠨ᠎ᠡ᠃ ᠠᠲᠠᠷ ᠬᠠᠭ᠋ᠠᠯᠪᠤᠷᠢᠯᠠᠬᠤ᠎ᠳᠤ ᠣᠷᠣᠯᠴᠠᠭᠰᠠᠨ᠂ ᠲᠤᠰᠢᠶᠠᠯ ᠵᠶ᠋ᠠᠨ ᠭᠤᠲᠤᠭ᠋ᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠥᠮᠥᠭᠯᠡᠭᠰᠡᠨ ᠠᠯᠪᠠᠨ ᠲᠤᠰᠢᠶᠠᠯᠲᠠᠨ᠎ᠠᠴᠠ ᠬᠠᠤᠯᠢ ᠰᠠᠬᠢᠯᠭ᠎ᠠ ᠵᠢᠨ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ (ᠳᠣᠯᠣᠭ᠎ᠠ) ᠳ᠋ᠦᠩᠨᠡᠯᠲᠡ ᠬᠢᠵᠦ ᠰᠢᠯᠭ᠋ᠠᠨ ᠬᠤᠷᠢᠶᠠᠬᠤ (2021 ᠣᠨ᠎ᠤ 7 ᠰᠠᠷ᠎ᠠ ᠵᠢᠨ 1᠎ᠤ ᠡᠳᠦᠷ— 2021 ᠣᠨ᠎ᠤ 10 ᠰᠠᠷ᠎ᠠ ᠵᠢᠨ 30᠎ᠤ ᠡᠳᠦᠷ)᠃ ᠡᠯ᠎ᠡ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠲᠣᠰ ᠤᠳᠠᠭ᠋ᠠᠨ᠎ᠤ ᠲᠤᠰᠬᠠᠶ ᠠᠵᠢᠯᠯᠠᠭ᠎ᠠ ᠵᠢ ᠨᠠᠷᠢᠨ ᠬᠢᠨᠠᠮᠠᠭ᠋ᠠᠶ ᠳ᠋ᠦᠩᠨᠡᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ᠎ᠪᠠᠨ ᠡᠷᠢᠵᠦ᠂ ᠲᠤᠰᠬᠠᠶ ᠴᠡᠭᠴᠡᠯᠡᠬᠦ ᠠᠵᠢᠯᠯᠠᠭ᠎ᠠ ᠥᠷᠨᠢᠭᠦᠯᠦᠭᠰᠡᠨ ᠪᠠᠢ᠌ᠳᠠᠯ ᠵᠶ᠋ᠡᠨ ᠮᠡᠳᠡᠭᠦᠯᠦᠯᠲᠡ ᠪᠣᠯᠭ᠋ᠠᠵᠤ᠂ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯ᠎ᠡ ᠭᠠᠴᠠᠭ᠎ᠠ ᠲᠣᠰᠬᠣᠨ᠎ᠤ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠦᠷ᠎ᠡ ᠳ᠋ᠦᠩ᠎ᠢ ᠪᠠᠢ᠌ᠴᠠᠭ᠋ᠠᠨ ᠰᠢᠯᠭ᠋ᠠᠵᠤ᠂ ᠰᠢᠯᠭ᠋ᠠᠨ ᠬᠤᠷᠢᠶᠠᠭᠰᠠᠨ ᠦᠷ᠎ᠡ ᠳ᠋ᠦᠩ ᠵᠶ᠋ᠠᠨ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠲᠣᠭᠲᠠᠭ᠋ᠠᠭᠰᠠᠨ᠎ᠤ ᠳᠠᠷᠠᠭ᠎ᠠ ᠵᠠᠷᠯᠠᠵᠤ ᠮᠡᠳᠡᠭᠳᠡᠨ᠎ᠡ᠃ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠦᠨᠳᠦᠰᠦᠯᠡᠨ᠂ ᠲᠤᠷᠰᠢᠯᠭ᠎ᠠ᠎ᠪᠠᠨ ᠬᠢᠨᠠᠮᠠᠭ᠋ᠠᠶ ᠳ᠋ᠦᠩᠨᠡᠵᠦ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠠᠭ᠋ᠠᠯᠪᠤᠷᠢᠯᠠᠬᠤ ᠦᠢ᠍ᠯᠡ ᠠᠵᠢᠯᠯᠠᠭ᠎ᠠ ᠵᠢ ᠲᠦᠷᠭᠡᠨ ᠣᠯᠵᠤ ᠮᠡᠳᠡᠬᠦ᠂ ᠬᠣᠷᠢᠭᠯᠠᠨ ᠵᠣᠭᠰᠣᠭ᠋ᠠᠬᠤ᠂ ᠪᠠᠢ᠌ᠴᠠᠭ᠋ᠠᠨ ᠰᠢᠢᠳᠪᠦᠷᠢᠯᠡᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠬᠤ ᠬᠡᠷᠡᠭᠲᠡᠶ᠃
ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ
(ᠨᠢᠭᠡ) ᠤᠳᠤᠷᠢᠳᠬᠤ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ᠎ᠠ᠃ ᠬᠣᠰᠢᠭᠤᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠬᠣᠰᠢᠭᠤᠨ ᠳᠡᠳ᠋ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠵᠤ᠂ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠴᠢ ᠡᠯ᠎ᠡ ᠰᠤᠮᠤ ᠰᠢᠶᠠᠩ ᠪᠠᠯᠭ᠋ᠠᠰᠤᠨ᠎ᠤ ᠭᠣᠤᠯ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠭᠰᠠᠨ ᠪᠥᠬᠥ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠡᠯ᠎ᠡ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠴᠡᠭᠴᠡᠯᠡᠬᠦ ᠠᠵᠢᠯ᠎ᠤᠨ ᠬᠠᠷᠢᠭᠤᠴᠠᠯᠭ᠎ᠠ ᠵᠢᠨ ᠭᠣᠤᠯ ᠴᠣᠭᠴᠠ ᠪᠣᠯᠤᠭᠰᠠᠨ᠎ᠤ ᠬᠤᠪᠢ᠎ᠳᠤ᠂ ᠪᠠᠰᠠ ᠬᠠᠷᠠᠭ᠋ᠠᠯᠵᠠᠭᠰᠠᠨ ᠲᠤᠰᠬᠠᠶ ᠠᠩᠭᠢ ᠪᠠᠢ᠌ᠭᠤᠯᠵᠤ᠂ ᠲᠣᠰ ᠠᠵᠢᠯ᠎ᠢ ᠲᠤᠰᠬᠠᠶ ᠬᠠᠷᠢᠭᠤᠴᠠᠨ᠎ᠠ᠃ (ᠬᠣᠶᠠᠷ) ᠠᠵᠢᠯ᠎ᠤᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠳᠣᠷᠬᠠᠢ᠌ᠯᠠᠨ᠎ᠠ᠃ ᠡᠯ᠎ᠡ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠬᠠᠷᠢᠭᠤᠴᠠᠯᠭ᠎ᠠ ᠵᠢᠨ ᠭᠣᠤᠯ ᠴᠣᠭᠴᠠ ᠪᠣᠯᠣᠭᠰᠠᠨ ᠬᠤᠪᠢ᠎ᠳᠤ᠂ ᠴᠢᠩᠭ᠎ᠠ ᠰᠡᠷᠭᠡᠢ᠌ᠯᠡᠨ ᠴᠢᠩᠭ᠎ᠠ ᠰᠠᠬᠢᠵᠤ᠂ ᠠᠲᠠᠷ ᠬᠠᠭ᠋ᠠᠯᠪᠤᠷᠢᠯᠠᠭᠰᠠᠨ ᠪᠠᠢ᠌ᠳᠠᠯ᠎ᠢ ᠣᠯᠵᠤ ᠮᠡᠳᠡᠪᠡᠯ᠂ ᠭᠡᠷᠡᠴᠢ ᠪᠠᠷᠢᠮᠲᠠ ᠵᠢ ᠴᠠᠭ ᠲᠤᠬᠠᠶ᠎ᠳᠤᠨᠢ ᠲᠣᠭᠲᠠᠪᠤᠷᠢᠵᠢᠭᠤᠯᠵᠤ᠂ ᠡᠯ᠎ᠡ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠤᠭᠰᠠᠨ ᠪᠠᠢ᠌ᠪᠠᠯ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ ᠬᠡᠷᠡᠭ᠎ᠢ ᠪᠠᠢ᠌ᠴᠠᠭ᠋ᠠᠨ ᠰᠢᠢᠳᠪᠦᠷᠢᠯᠡᠬᠦ ᠠᠵᠢᠯ᠎ᠢ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠵᠢᠯᠣᠭᠣᠳᠴᠤ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠪᠠᠢ᠌ᠴᠠᠭ᠋ᠠᠬᠤ ᠬᠣᠷᠢᠶ᠎ᠠ᠂ ᠰᠢᠭᠦᠬᠦ ᠬᠣᠷᠢᠶ᠎ᠠ᠎ᠠᠴᠠ ᠨᠢᠭᠲᠠ ᠬᠠᠮᠵᠢᠯᠴᠠᠵᠤ᠂ ᠬᠠᠤᠯᠢ ᠬᠡᠷᠡᠭᠵᠢᠭᠦᠯᠬᠦ ᠬᠦᠴᠦᠨ᠎ᠢ ᠡᠮᠬᠢᠯᠡᠨ ᠨᠡᠢ᠌ᠯᠡᠭᠦᠯᠵᠦ᠂ ᠨᠢᠭᠡ ᠵᠢ ᠢᠯᠡᠷᠡᠭᠦᠯᠪᠡᠯ ᠨᠢᠭᠡ ᠵᠢ ᠪᠠᠢ᠌ᠴᠠᠭ᠋ᠠᠨ ᠰᠢᠢᠳᠪᠦᠷᠢᠯᠡᠵᠦ᠂ ᠴᠢᠩᠭ᠎ᠠ ᠪᠥᠭᠡᠳ ᠲᠦᠷᠭᠡᠨ᠂ ᠶᠠᠭ᠋ᠠᠬᠢᠭᠰᠠᠨ ᠴᠤ᠌ ᠢᠯᠳᠠᠷ ᠬᠠᠶᠠᠬᠤ ᠪᠣᠯᠬᠤ ᠥᠬᠡᠶ᠃ ᠡᠷᠡᠭᠦᠦ ᠵᠢᠨ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠣᠯᠪᠣᠭᠳᠠᠯ ᠪᠦᠬᠦᠢ ᠬᠠᠤᠯᠢ ᠳᠥᠷᠢᠮ ᠶᠣᠰᠣᠭ᠋ᠠᠷ ᠴᠠᠭ ᠲᠤᠬᠠᠢᠳᠤᠨᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠴᠠᠭ᠋ᠠᠵᠠ ᠵᠢᠨ ᠲᠣᠪᠴᠢᠶ᠎ᠠ ᠲᠦᠷᠦᠭᠦᠯᠡᠨ᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠷᠣᠯᠴᠠᠵᠤ᠂ ᠵᠠᠬᠢᠳᠠᠯ ᠰᠤᠷᠪᠤᠯᠵᠢᠯᠠᠯ᠎ᠤᠨ ᠵᠢᠭᠤᠷᠠᠯᠳᠤᠭ᠋ᠠᠨ᠎ᠢ ᠵᠣᠬᠢᠴᠠᠭᠤᠯᠤᠨ ᠰᠢᠢᠳᠪᠦᠷᠢᠯᠡᠬᠦ ᠪᠠᠢ᠌ᠭᠤᠯᠤᠮᠵᠢ ᠪᠠᠢ᠌ᠭᠤᠯᠵᠤ᠂ ᠲᠣᠰ ᠤᠳᠠᠭ᠋ᠠᠨ᠎ᠤ ᠵᠢᠷᠤᠮᠵᠢᠭᠤᠯᠤᠨ ᠴᠡᠭᠴᠡᠯᠡᠬᠦ ᠠᠵᠢᠯᠯᠠᠭ᠎ᠠ᠎ᠳᠤ ᠢᠯᠡᠷᠡᠭᠰᠡᠨ ᠭᠡᠷ᠎ᠡ ᠵᠢᠨ ᠵᠢᠭᠤᠷᠠᠯᠳᠤᠭ᠋ᠠᠨ᠂ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠳᠤ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠯᠠᠪᠯᠠᠭ᠎ᠠ ᠪᠠ ᠠᠷᠠᠳ᠎ᠤᠨ ᠡᠶᠡᠳᠡᠭᠦᠯᠭᠡ ᠵᠡᠷᠭᠡ ᠦᠢᠯᠡᠴᠢᠯᠡᠭᠡ ᠬᠠᠩᠭ᠋ᠠᠵᠤ᠂ ᠲᠡᠳᠡᠨ᠎ᠢ ᠳᠠᠭ᠋ᠠᠭᠤᠯᠤᠨ ᠵᠢᠯᠣᠭᠣᠳᠴᠤ ᠪᠠᠢ᠌ᠭ᠋ᠠᠳ ᠵᠦᠶ ᠵᠣᠬᠢᠰᠲᠠᠶ ᠬᠠᠤᠯᠢ ᠶᠣᠰᠣᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠬᠦᠰᠡᠯ ᠱᠠᠭ᠋ᠠᠷᠳᠠᠯᠭ᠎ᠠ᠎ᠪᠠᠨ ᠢᠯᠡᠳᠬᠡᠭᠦᠯᠬᠦ ᠬᠡᠷᠡᠭᠲᠡᠶ᠃ (ᠭᠤᠷᠪᠠ ) ᠰᠢᠯᠭ᠋ᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠵᠢ ᠴᠢᠩᠳᠠᠯᠠᠨ᠎ᠠ᠃ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠵᠢᠷᠤᠮᠵᠢᠭᠤᠯᠤᠨ ᠴᠡᠭᠴᠡᠯᠡᠬᠦ ᠠᠵᠢᠯ᠎ᠢ ᠡᠯ᠎ᠡ ᠰᠤᠮᠤ ᠰᠢᠶᠠᠩ ᠪᠠᠯᠭ᠋ᠠᠰᠤᠨ᠎ᠤ ᠣᠨ᠎ᠤ ᠬᠠᠷᠠᠯᠲᠠᠲᠤ ᠬᠢᠨᠠᠨ ᠰᠢᠯᠭ᠋ᠠᠯᠲᠠ᠎ᠳᠤ ᠣᠷᠣᠭᠤᠯᠵᠤ᠂ ᠬᠣᠰᠢᠭᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠨ ᠪᠠᠢ᠌ᠴᠠᠭ᠋ᠠᠬᠤ ᠲᠠᠰᠤᠭ᠎ᠠᠴᠠ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠲᠠᠢ ᠬᠠᠮᠲᠤᠷᠠᠨ ᠠᠵᠢᠯᠯᠠᠭ᠎ᠠ ᠥᠷᠨᠢᠭᠦᠯᠦᠭᠰᠡᠨ ᠪᠠᠢ᠌ᠳᠠᠯ᠎ᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ᠎ᠠ᠃ ᠲᠤᠰ ᠲᠥᠰᠦᠯ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂ ᠭᠠᠴᠠᠭ᠎ᠠ ᠲᠣᠰᠬᠣᠨ᠎ᠤ ᠬᠠᠷᠢᠶ᠎ᠠ ᠣᠷᠣᠨ᠎ᠳᠤ ᠨᠤᠲᠤᠭ ᠪᠡᠯᠴᠢᠭᠡᠷ᠎ᠢ ᠬᠠᠭ᠋ᠠᠯᠪᠤᠷᠢᠯᠠᠬᠤ ᠦᠢ᠍ᠯᠡ ᠠᠵᠢᠯᠯᠠᠭ᠎ᠠ ᠰᠢᠨ᠎ᠡ᠎ᠪᠠᠷ ᠢᠯᠡᠷᠡᠪᠡᠯ᠂ ᠭᠠᠴᠠᠭ᠎ᠠ ᠲᠣᠰᠬᠣᠨ᠎ᠤ ᠭᠣᠣᠯ ᠬᠠᠷᠢᠭᠤᠴᠠᠯᠭ᠋ᠠᠲᠠᠨ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠵᠢᠨ ᠬᠠᠷᠢᠭᠤᠴᠠᠯᠭ᠎ᠠ ᠵᠢ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠨᠡᠬᠡᠮᠵᠢᠯᠡᠨ᠎ᠡ᠃ ᠭᠠᠴᠠᠭ᠎ᠠ ᠲᠣᠰᠬᠣᠨ᠎ᠨᠢ ᠨᠤᠲᠤᠭ ᠪᠡᠯᠴᠢᠭᠡᠷ᠎ᠢ ᠬᠠᠮᠠᠭ᠋ᠠᠯᠠᠬᠤ ᠬᠠᠮᠤᠭ᠎ᠤᠨ ᠦᠨᠳᠦᠰᠦᠨ ᠱᠠᠲᠤᠨ᠎ᠤ ᠭᠣᠤᠯ ᠴᠣᠭᠴᠠ ᠪᠣᠯᠤᠭᠰᠠᠨ᠎ᠤ ᠬᠤᠪᠢ᠎ᠳᠤ᠂ ᠬᠡᠷᠪᠡ ᠲᠣᠰ ᠤᠳᠠᠭ᠋ᠠᠨ᠎ᠤ ᠲᠤᠰᠬᠠᠶ ᠴᠡᠭᠴᠡᠯᠡᠬᠦ ᠠᠵᠢᠯᠯᠠᠭ᠋ᠠᠨ᠎ᠤ ᠶᠠᠪᠤᠴᠠ᠎ᠳᠤ ᠨᠠᠢ᠌ᠳᠠᠪᠤᠷᠢᠵᠢᠭᠤᠯᠤᠭᠰᠠᠨ᠎ᠨᠢ ᠡᠷᠴᠢ ᠥᠬᠡᠶ᠂ ᠨᠢᠭᠤᠭ᠋ᠠᠳ ᠮᠡᠳᠡᠭᠦᠯᠬᠦ ᠥᠬᠡᠶ ᠪᠣᠯ 《ᠬᠣᠶᠠᠷ ᠵᠥᠪᠯᠡᠯ》᠎ᠤᠨ ᠬᠠᠷᠢᠭᠤᠴᠠᠯᠭ᠋ᠠᠲᠠᠨ᠎ᠢ ᠴᠢᠩᠭ᠎ᠠ ᠰᠢᠢᠳᠪᠦᠷᠢᠯᠡᠨ᠎ᠡ᠃ ᠡᠯ᠎ᠡ ᠰᠤᠮᠤ ᠰᠢᠶᠠᠩ ᠪᠠᠯᠭ᠋ᠠᠰᠤ ᠵᠢᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠠᠵᠢᠯᠲᠠᠨ ᠠᠵᠢᠯ᠎ᠤᠨ ᠳᠤᠮᠳᠠ᠎ᠪᠠᠨ ᠲᠣᠭᠲᠠᠭ᠋ᠠᠯ ᠶᠣᠰᠣᠭ᠋ᠠᠷ ᠲᠣᠭᠣᠷᠢᠨ ᠪᠠᠢ᠌ᠴᠠᠭ᠋ᠠᠵᠤ ᠡᠪᠡᠰᠦ ᠪᠡᠯᠴᠢᠭᠡᠷ᠎ᠢ ᠬᠠᠮᠠᠭ᠋ᠠᠯᠠᠭᠰᠠᠨ ᠥᠬᠡᠶ᠂ ᠠᠮᠢ ᠠᠬᠤᠶ ᠵᠢᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ ᠮᠡᠳᠡᠭᠦᠯᠦᠭᠰᠡᠨ ᠥᠬᠡᠶ ᠪᠠᠢ᠌ᠪᠠᠯ᠂ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠰᠢᠢᠳᠪᠦᠷᠢᠯᠡᠵᠦ᠂ ᠦᠢᠯᠡ ᠪᠠᠢ᠌ᠳᠠᠯ᠎ᠨᠢ ᠬᠦᠨᠳᠦ ᠨᠣᠴᠢᠲᠠᠶ ᠪᠠᠢ᠌ᠪᠠᠯ ᠤᠷᠢᠨ ᠬᠡᠷᠡᠭᠯᠡᠬᠦ ᠭᠡᠷ᠎ᠡ ᠵᠢ ᠬᠦᠴᠦᠨ ᠥᠬᠡᠶ ᠪᠣᠯᠭ᠋ᠠᠬᠤ ᠵᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠨᠡᠬᠡᠮᠵᠢᠯᠡᠨ᠎ᠡ᠃ (ᠳᠥᠷᠪᠡ) ᠠᠵᠢᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠲᠣᠰ ᠤᠳᠠᠭ᠋ᠠᠨ᠎ᠤ ᠲᠤᠰᠬᠠᠶ ᠠᠵᠢᠯᠯᠠᠭ᠎ᠠ᠎ᠠᠴᠠ ᠪᠣᠶ ᠪᠣᠯᠤᠭᠰᠠᠨ ᠠᠵᠢᠯᠲᠠᠨ᠂ ᠲᠡᠷᠭᠡ ᠬᠥᠰᠬᠡ᠂ ᠬᠡᠮᠵᠢᠨ ᠵᠢᠷᠤᠬᠤ ᠵᠡᠷᠭᠡ ᠵᠠᠷᠤᠳᠠᠯ᠎ᠢ ᠬᠣᠰᠢᠭᠤᠨ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠵᠤ ᠪᠠᠲᠤᠯᠠᠨ᠎ᠠ᠃ ᠰᠣᠩᠭᠣᠨ ᠲᠣᠭᠲᠠᠭ᠋ᠠᠭᠰᠠᠨ ᠲᠡᠵᠢᠭᠡᠯ ᠪᠣᠷᠳᠣᠭ᠋ᠠᠨ᠎ᠤ ᠭᠠᠵᠠᠷ᠎ᠤᠨ ᠬᠡᠮᠵᠢᠯᠲᠡ ᠵᠢᠨ ᠣᠨᠣᠪᠴᠢᠲᠠᠶ ᠪᠠᠢ᠌ᠬᠤ ᠵᠢ ᠪᠠᠲᠤᠯᠠᠬᠤ ᠵᠢᠨ ᠲᠤᠰᠠᠳᠠ᠂ ᠡᠯ᠎ᠡ ᠰᠤᠮᠤ ᠰᠢᠶᠠᠩ ᠪᠠᠯᠭ᠋ᠠᠰᠤ᠎ᠨᠢ ᠭᠤᠷᠪᠠᠳᠠᠬᠢ ᠡᠲᠡᠭᠡᠳ᠎ᠲᠤ ᠨᠠᠢ᠌ᠳᠠᠵᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠲᠠᠯᠠᠪᠠᠶ ᠵᠢ ᠨᠢᠭᠡ ᠨᠢᠭᠡ᠎ᠪᠠᠷ RTK ᠬᠡᠮᠵᠢᠭᠦᠷᠯᠢᠭ᠎ᠤᠨ 2000 ᠰᠣᠯᠪᠢᠴᠠᠯ᠎ᠤᠨ ᠰᠢᠰᠲ᠋ᠧᠮ᠎ᠳᠤ ᠣᠷᠣᠨ ᠲᠣᠭᠲᠠᠭ᠋ᠠᠨ ᠬᠡᠮᠵᠢᠨ ᠵᠢᠷᠤᠭᠤᠯᠵᠤ ᠪᠣᠯᠤᠨ᠎ᠠ᠃
ᠳᠠᠭ᠋ᠠᠯᠳᠤᠭᠤᠯᠤᠯ᠄ ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠎ᠤ ᠨᠡᠷᠡᠰ
ᠠᠷᠤ ᠬᠣᠷᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ
2021 ᠣᠨ᠎ᠤ 1 ᠰᠠᠷ᠎ᠠ ᠵᠢᠨ 18᠎ᠤ ᠡᠳᠦᠷ ᠳᠠᠷᠤᠮᠠᠯᠯᠠᠨ ᠲᠠᠷᠬᠠᠭ᠋ᠠᠪᠠ
ᠳᠠᠭ᠋ᠠᠯᠳᠤᠭᠤᠯᠤᠯ
ᠠᠷᠤ ᠬᠣᠷᠴᠢᠨ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠎ᠤ ᠨᠡᠷᠡᠰ
ᠳᠤᠭᠤᠢ᠌ᠯᠠᠩ᠎ᠤᠨ ᠳᠠᠷᠤᠭ᠎ᠠ᠄ ᠫᠸᠢ ᠬᠤᠸᠠᠨ ᠪᠢᠨ
ᠬᠣᠰᠢᠭᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ
ᠳᠤᠭᠤᠢ᠌ᠯᠠᠩ᠎ᠤᠨ ᠳᠡᠳ᠋ ᠳᠠᠷᠤᠭ᠎ᠠ᠄ ᠸᠠᠩ ᠪᠣᠣ
ᠬᠣᠰᠢᠭᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠳᠡᠳ᠋ ᠡᠷᠬᠢᠯᠡᠭᠴᠢ ᠴᠧᠨ ᠢᠦᠢ ᠮᠢᠩ
ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠠᠷᠤᠭ᠎ᠠ ᠵᠠᠩ ᠷᠦᠢ ᠮᠢᠨ
ᠬᠣᠰᠢᠭᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠳᠠᠷᠤᠭ᠎ᠠ ᠭᠡᠰᠢᠭᠦᠨ᠄ ᠸᠠᠩ ᠶᠦᠩ
ᠬᠣᠰᠢᠭᠤᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠳᠠᠷᠤᠭ᠎ᠠ ᠸᠠᠩ ᠫᠧᠩ ᠹᠸᠢ
ᠬᠣᠰᠢᠭᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠳᠠᠷᠤᠭ᠎ᠠ ᠰᠢ ᠴᠠᠩ ᠮᠢᠩ
ᠬᠣᠰᠢᠭᠤᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠵᠢᠨ ᠳᠠᠷᠤᠭ᠎ᠠ ᠳ᠋ᠢᠩ ᠬᠦᠶ ᠬᠤᠸᠠ
ᠬᠣᠰᠢᠭᠤᠨ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠳᠠᠷᠤᠭ᠎ᠠ ᠷᠧᠨ ᠱᠤ᠌ ᠸᠸᠨ
ᠬᠣᠰᠢᠭᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠡᠳ᠋ ᠳᠠᠷᠤᠭ᠎ᠠ ᠪᠦᠷᠢᠨᠰᠠᠩ
ᠬᠣᠰᠢᠭᠤᠨ ᠰᠢᠭᠦᠬᠦ ᠬᠣᠷᠢᠶ᠎ᠠ ᠵᠢᠨ ᠳᠡᠳ᠋ ᠳᠠᠷᠤᠭ᠎ᠠ ᠯᠢ ᠪᠥᠸᠧ
ᠬᠣᠰᠢᠭᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠡᠳ᠋ ᠳᠠᠷᠤᠭ᠎ᠠ ᠶᠠᠨ ᠰᠢᠤᠸᠠᠢ ᠲᠤᠤ
ᠴᠢᠪᠠᠭ᠎ᠠ ᠪᠠᠯᠭ᠋ᠠᠰᠤᠨ᠎ᠤ ᠳᠠᠷᠤᠭ᠎ᠠ ᠯᠢᠦ ᠬᠣᠩ ᠹᠸᠢ
ᠲᠢᠶᠠᠨ ᠱᠠᠨ ᠺᠧᠦ ᠪᠠᠯᠭ᠋ᠠᠰᠤᠨ᠎ᠤ ᠳᠠᠷᠤᠭ᠎ᠠ ᠡᠩᠬᠡᠪᠠᠲᠤ
ᠱᠣᠤ ᠪᠠᠯᠭ᠋ᠠᠰᠤᠨ᠎ᠤ ᠳᠠᠷᠤᠭ᠎ᠠ ᠰᠠᠢ᠌ᠵᠢᠷᠠᠯᠲᠤ
ᠵᠢᠭ᠋ᠠᠰᠤᠲᠠᠢ ᠪᠠᠯᠭ᠋ᠠᠰᠤᠨ᠎ᠤ ᠳᠠᠷᠤᠭ᠎ᠠ ᠵᠢᠶ ᠴᠦᠨ ᠯᠦᠩ
ᠪᠠᠶᠠᠨᠬᠤᠸᠠ ᠪᠠᠯᠭ᠋ᠠᠰᠤᠨ᠎ᠤ ᠳᠠᠷᠤᠭ᠎ᠠ ᠬᠡᠰᠢᠭᠲᠣᠭᠲᠠᠬᠤ
ᠬᠣᠨᠳᠣ ᠪᠠᠯᠭ᠋ᠠᠰᠤᠨ᠎ᠤ ᠳᠠᠷᠤᠭ᠎ᠠ ᠭᠣᠤ ᠢᠦᠢ ᠯᠸᠢ
ᠱᠤᠸᠠᠩ ᠱᠧᠩ ᠪᠠᠯᠭ᠋ᠠᠰᠤᠨ᠎ᠤ ᠳᠠᠷᠤᠭ᠎ᠠ ᠮᠠᠢ᠌ᠯᠠᠰᠤ
ᠪᠠᠯᠴᠢᠷᠤᠳ ᠰᠤᠮᠤ ᠵᠢᠨ ᠳᠠᠷᠤᠭ᠎ᠠ ᠪᠠᠷᠰᠪᠠᠭ᠋ᠠᠲᠤᠷ
ᠰᠠᠢ᠌ᠬᠠᠨᠲᠠᠯᠠ ᠰᠤᠮᠤ ᠵᠢᠨ ᠳᠠᠷᠤᠭ᠎ᠠ ᠪᠠᠢ ᠭᠡᠷᠡᠯᠲᠤ
ᠬᠠᠨᠰᠦ᠋ᠮ᠎ᠡ ᠰᠤᠮᠤ ᠵᠢᠨ ᠳᠠᠷᠤᠭ᠎ᠠ ᠦᠯᠵᠡᠢ᠌ᠮᠦ᠋ᠩᠬᠡ
ᠪᠠᠶᠠᠨ᠋ᠦ᠌ᠨᠳᠦᠷ ᠰᠤᠮᠤ ᠵᠢᠨ ᠳᠠᠷᠤᠭ᠎ᠠ ᠮᠦ᠍ ᠭᠦᠸᠧ ᠳ᠋ᠦᠩ
ᠰᠢᠨ ᠮᠢᠨ ᠰᠢᠶᠠᠩ᠎ᠤᠨ ᠳᠠᠷᠤᠭ᠎ᠠ ᠭᠦᠸᠧ ᠬᠣᠩ ᠵᠢᠶᠧ
ᠰᠢᠶᠠᠨ ᠹᠸᠩ ᠰᠢᠶᠠᠩ᠎ᠤᠨ ᠳᠠᠷᠤᠭ᠎ᠠ ᠰᠥᠩ ᠯᠢ ᠵᠢᠶᠦ᠋ᠨ
ᠤᠯᠠᠭ᠋ᠠᠨᠬᠠᠳᠠ ᠰᠢᠶᠠᠩ᠎ᠤᠨ ᠳᠠᠷᠤᠭ᠎ᠠ ᠵᠧᠦ ᠵᠢᠨ ᠱᠠᠨ
ᠬᠠᠨ ᠠᠭᠤᠯᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠡᠷᠬᠢᠯᠡᠭᠴᠢ ᠸᠠᠩ ᠢᠦᠢ ᠮᠢᠨ
ᠣᠣ ᠮᠦᠷᠡᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠡᠷᠬᠢᠯᠡᠭᠴᠢ
ᠤᠳᠤᠷᠢᠳᠬᠤ ᠳᠤᠭᠤᠢ᠌ᠯᠠᠩ᠎ᠨᠢ ᠠᠯᠪᠠᠨ ᠬᠡᠷ ᠪᠠᠢ᠌ᠭᠤᠯᠵᠤ᠂ ᠠᠯᠪᠠᠨ ᠬᠡᠷ᠎ᠢ ᠬᠣᠰᠢᠭᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠪᠠᠢ᠌ᠷᠢᠯᠠᠭᠤᠯᠤᠨ᠂ ᠪᠥᠬᠥ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠠᠵᠢᠯᠯᠠᠭ᠋ᠠᠨ᠎ᠢ ᠨᠢᠭᠡᠳᠦᠯᠲᠡᠶ ᠲᠥᠯᠥᠪᠯᠡᠨ ᠬᠠᠷᠢᠭᠤᠴᠠᠨ᠎ᠠ᠃ ᠤᠳᠤᠷᠢᠳᠬᠤ ᠳᠤᠭᠤᠢ᠌ᠯᠠᠩ᠎ᠤᠨ ᠡᠯ᠎ᠡ ᠪᠦᠷᠢᠯᠳᠦᠬᠦᠨ ᠨᠢᠭᠡᠴᠢ ᠲᠣᠰ ᠲᠣᠰ᠎ᠤᠨ ᠡᠭᠦᠷᠭᠡ ᠴᠢᠳᠠᠪᠬᠢ ᠵᠢᠨ ᠦᠢᠯᠡᠳᠦᠯ ᠪᠠ ᠦᠢᠯᠡᠴᠢᠯᠡᠭᠡᠨ᠎ᠤ ᠴᠢᠳᠠᠮᠵᠢ᠎ᠪᠠᠨ ᠭᠦᠢᠴᠡᠳ ᠪᠠᠳᠠᠷᠠᠭᠤᠯᠵᠤ᠂ ᠪᠥᠬᠥ ᠬᠣᠰᠢᠭᠤᠨ᠎ᠤ ᠨᠢᠭᠡᠨᠲᠡ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠋ᠠᠨ᠎ᠤ ᠤᠷᠤᠭᠰᠢᠲᠠᠶ ᠶᠠᠪᠤᠭᠳᠠᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ᠃