ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2021 ᠣᠨ᠎ᠤ ᠭᠤᠤᠯᠳᠠᠯᠭ᠎ᠠ᠎ᠲᠠᠢ ᠰᠡᠳᠦᠪ᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2021-06-17

     2021 ᠣᠨ᠎ᠤ ᠭᠤᠤᠯᠳᠠᠯᠭ᠎ᠠ᠎ᠲᠠᠢ ᠰᠡᠳᠦᠪ᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠤᠢ ᠰᠢᠭᠤᠢ ᠰᠢᠨᠵᠢᠯᠡᠬᠦ ᠤᠬᠠᠭ᠋ᠠᠨ ᠳᠠᠷᠤᠮᠠᠯᠯᠠᠨ ᠲᠠᠷᠬᠠᠭ᠋ᠠᠭᠰᠠᠨ [2021] 45 ᠳ᠋ᠤᠭ᠋ᠠᠷ ᠲᠣᠭ᠋ᠠᠲᠤ
     

ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠡᠯ᠎ᠡ ᠵᠤᠷᠭ᠋ᠠᠨ   ᠲᠤᠪᠴᠢᠶ᠎ᠠ᠂ ᠡᠯ᠎ᠡ ᠲᠣᠮᠢᠯᠠᠭᠰᠠᠨ ᠪᠠᠶ᠋ᠢᠭᠤᠯᠤᠮᠵᠢ᠂ ᠡᠯ᠎ᠡ ᠰᠢᠭᠤᠳ ᠬᠠᠷᠢᠶ᠎ᠠ ᠨᠢᠭᠡᠴᠢ᠂ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠢ ᠵᠢᠨ ᠪᠦᠯᠦᠭᠯᠡᠯ᠄
      ᠡᠳᠦᠭᠡ 2021 ᠣᠨ᠎ᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠤᠤᠯᠳᠠᠯᠭ᠎ᠠ᠎ᠲᠠᠢ ᠰᠡᠳᠦᠪ (ᠳᠠᠭ᠋ᠠᠯᠳᠤᠭᠤᠯᠤᠯ᠎ᠢ ᠦᠵᠡ)᠎ᠢ ᠲᠠᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠳᠤᠤᠷᠠᠬᠢ ᠮᠡᠲᠦ ᠮᠡᠳᠡᠭᠳᠡᠶ᠎ᠡ᠄
      ᠨᠢᠭᠡ᠂ ᠡᠯ᠎ᠡ ᠬᠤᠰᠢᠭᠤᠴᠢᠯᠠᠨ ᠬᠢᠬᠦ ᠵᠤᠷᠭ᠋ᠠᠨ ᠲᠣᠪᠴᠢᠶ᠎ᠠ ᠳᠠᠭ᠋ᠠᠭ᠋ᠠᠴᠢᠯᠠᠭᠰᠠᠨ ᠰᠡᠳᠦᠪ ᠵᠶ᠋ᠠᠨ ᠪᠦᠬᠦ ᠲᠠᠯ᠎ᠠ᠎ᠪᠠᠷ ᠬᠠᠷᠢᠭᠤᠴᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠣᠣᠯ ᠬᠠᠷᠢᠭᠤᠴᠠᠯᠭ᠋ᠠᠲᠠᠨ ᠪᠡᠶᠡᠴᠢᠯᠡᠨ ᠰᠤᠳᠤᠯᠤᠨ ᠪᠠᠶ᠋ᠢᠷᠢᠯᠠᠭᠤᠯᠵᠤ᠂ ᠱᠠᠯᠠᠪᠳᠠᠭᠤᠯᠤᠨ ᠠᠬᠢᠭᠤᠯᠵᠤ᠂ ᠠᠵᠢᠯᠲᠠᠨ᠂ ᠬᠠᠷᠢᠭᠤᠴᠠᠯᠭ᠎ᠠ᠂ ᠱᠠᠭ᠋ᠠᠷᠳᠠᠯᠭ᠎ᠠ᠂ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠡᠭᠦᠷᠭᠡ ᠵᠢᠨ ᠪᠢᠴᠢᠭ᠎ᠢ ᠨᠠᠢ᠌ᠷᠠᠭᠤᠯᠵᠤ᠂ ᠰᠡᠳᠦᠪ᠎ᠤᠨ ᠰᠤᠳᠤᠯᠭ᠋ᠠᠨ᠎ᠢ ᠴᠠᠭ ᠲᠤᠬᠠᠢ᠎ᠳᠤᠨᠢ ᠴᠢᠨᠠᠷ ᠰᠠᠶ᠋ᠢᠲᠠᠢ ᠥᠷᠨᠢᠭᠦᠯᠬᠦ ᠵᠢ ᠪᠠᠲᠤᠯᠠᠬᠤ ᠬᠡᠷᠡᠭᠲᠡᠢ᠃ ᠬᠡᠷᠡᠭᠯᠡᠭᠡᠨ᠎ᠤ ᠲᠥᠷᠥᠯ᠂ ᠰᠠᠭᠤᠷᠢ ᠲᠥᠷᠥᠯ᠎ᠤᠨ ᠰᠡᠳᠦᠪ᠎ᠢ ᠡᠷᠬᠡᠪᠰᠢ 2021 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠡᠬᠢᠯᠡᠨ ᠬᠡᠷᠡᠭᠵᠢᠭᠦᠯᠬᠦ ᠬᠡᠷᠡᠭᠲᠡᠶ᠃ ᠪᠠᠶ᠋ᠢᠴᠠᠭ᠋ᠠᠨ ᠰᠤᠳᠤᠯᠤᠯᠲᠠ ᠵᠢᠨ ᠲᠥᠷᠥᠯ᠎ᠤᠨ ᠰᠡᠳᠦᠪ᠎ᠢ ᠠᠵᠢᠯ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠴᠠᠭ ᠲᠤᠬᠠᠢ᠎ᠳᠤᠨᠢ ᠲᠥᠰᠦᠯ ᠪᠤᠯᠭ᠋ᠠᠨ ᠪᠦᠷᠢᠯᠳᠦᠬᠦᠯᠬᠦ ᠬᠡᠷᠡᠭᠳᠡᠢ᠃
      ᠬᠣᠶᠠᠷ᠂ ᠬᠡᠷᠡᠭᠯᠡᠭᠡᠨ᠎ᠤ ᠲᠥᠷᠥᠯ᠂ ᠰᠠᠭᠤᠷᠢ ᠲᠥᠷᠥᠯ᠎ᠤᠨ ᠰᠡᠳᠦᠪ᠎ᠢ ᠬᠤᠰᠢᠭᠤᠴᠢᠯᠠᠨ ᠬᠢᠬᠦ ᠵᠤᠷᠭ᠋ᠠᠨ ᠲᠣᠪᠴᠢᠶ᠎ᠠ ᠨᠢᠭᠡᠴᠢ ᠰᠤᠳᠤᠯᠭ᠋ᠠᠨ᠎ᠤ ᠪᠦᠯᠬᠦᠮ᠎ᠢ ᠵᠣᠬᠢᠶᠠᠨ ᠪᠠᠶ᠋ᠢᠭᠤᠯᠬᠤ᠂ ᠲᠤᠰᠬᠠᠶ ᠮᠡᠷᠭᠡᠵᠢᠯᠲᠡᠨ᠎ᠤ ᠪᠦᠯᠬᠦᠮ᠎ᠢ ᠤᠷᠢᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ᠂ 《ᠴᠢᠳᠠᠭᠴᠢᠳ᠎ᠢ ᠠᠵᠢᠯᠯᠠᠭᠤᠯᠬᠤ》 ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠪᠠᠶ᠋ᠢᠴᠠᠭ᠋ᠠᠨ ᠰᠤᠳᠤᠯᠤᠯᠲᠠ ᠵᠢᠨ ᠲᠦᠷᠦᠯ᠎ᠤᠨ ᠰᠡᠳᠦᠪ᠎ᠠᠴᠠ ᠭᠠᠳᠠᠨᠠᠬᠢ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠠᠴᠠ ᠰᠡᠳᠦᠪ ᠲᠣᠭᠲᠠᠭ᠋ᠠᠵᠤ᠂ ᠡᠭᠦᠷᠭᠡ ᠵᠢᠨ ᠪᠢᠴᠢᠭ᠎ᠲᠤ ᠭᠠᠷ᠎ᠤᠨ ᠦᠰᠦᠭ ᠵᠢᠷᠤᠨ᠎ᠠ᠃ ᠡᠯ᠎ᠡ ᠬᠤᠰᠢᠭᠤᠴᠢᠯᠠᠨ ᠬᠢᠬᠦ ᠵᠤᠷᠭ᠋ᠠᠨ ᠲᠣᠪᠴᠢᠶ᠎ᠠ ᠨᠢᠭᠡᠴᠢ ᠪᠣᠯᠤᠨ ᠰᠤᠳᠤᠯᠭ᠋ᠠᠨ᠎ᠤ ᠪᠦᠯᠬᠦᠮ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠤᠳᠤᠯᠭ᠋ᠠᠨ᠎ᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠶ᠃ ᠰᠡᠳᠦᠪ᠎ᠤᠨ ᠰᠤᠳᠤᠯᠭ᠋ᠠᠨ᠎ᠤ ᠪᠦᠯᠬᠦᠮ᠎ᠨᠢ ᠲᠥᠪ᠎ᠤᠨ ᠡᠳ᠋᠎ᠤᠨ ᠵᠠᠰᠠᠭ᠎ᠤᠨ ᠵᠠᠷᠤᠳᠠᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠵᠠᠷᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ᠃
      ᠭᠤᠷᠪᠠ᠂ ᠲᠣᠪᠴᠢᠶᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠨᠢ ᠡᠳ᠋᠎ᠤᠨ ᠶᠠᠪᠤᠳᠠᠯ᠎ᠤᠨ ᠲᠥᠯᠥᠪᠵᠢᠭᠦᠯᠭᠡ ᠵᠢᠨ ᠵᠤᠷᠭ᠋ᠠᠨ᠂ ᠠᠵᠤ ᠠᠬᠤᠶ ᠵᠢᠨ ᠰᠤᠳᠤᠯᠭ᠋ᠠᠨ᠎ᠤ ᠲᠥᠪ᠎ᠲᠠᠢ ᠬᠠᠮᠲᠤᠷᠠᠨ ᠬᠥᠳᠡᠯᠦᠩᠭᠦᠶ ᠰᠢᠮᠳᠠᠭᠤᠯᠤᠨ ᠪᠠᠶ᠋ᠢᠴᠠᠭ᠋ᠠᠯᠲᠠ ᠵᠢ ᠰᠠᠶ᠋ᠢᠲᠤᠷ ᠬᠢᠵᠦ᠂ ᠰᠠᠷ᠎ᠠ ᠪᠦᠷᠢ ᠨᠢᠭᠡ ᠤᠳᠠᠭ᠎ᠠ ᠠᠬᠢᠴᠠ ᠵᠢᠨ ᠪᠠᠶ᠋ᠢᠳᠠᠯ᠎ᠢ ᠬᠤᠷᠢᠶᠠᠩᠭᠤᠶ᠋ᠢᠯᠠᠨ᠂ ᠤᠯᠠᠷᠢᠯ ᠪᠦᠷᠢ ᠲᠣᠪᠴᠢᠶᠠᠨ᠎ᠤ ᠤᠳᠤᠷᠢᠳᠤᠯᠭ᠎ᠠ᠎ᠳᠤ ᠨᠢᠭᠡ ᠤᠳᠠᠭ᠎ᠠ ᠪᠢᠴᠢᠭ ᠵᠶ᠋ᠠᠷ ᠬᠠᠷᠢᠭᠤ ᠮᠡᠳᠡᠭᠦᠯᠵᠦ᠂ ᠵᠢᠯ᠎ᠤᠨ ᠡᠴᠦᠰ᠎ᠲᠤ   ᠰᠢᠯᠭ᠋ᠠᠨ ᠠᠪᠬᠤ ᠪᠤᠶᠤ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠵᠤ᠂ ᠵᠣᠬᠢᠴᠠᠩᠭᠤᠶ ᠦᠨᠡᠯᠡᠯᠲᠡ ᠬᠢᠨ᠎ᠠ᠃ ᠴᠢᠬᠤᠯᠠ ᠦᠷ᠎ᠡ ᠪᠦᠲᠦᠭᠡᠯ ᠣᠯᠤᠭᠰᠠᠨ᠎ᠢ᠎ᠨᠢ ᠬᠤᠰᠢᠭᠤᠴᠢᠯᠠᠨ ᠬᠠᠷᠢᠭᠤᠴᠠᠬᠤ ᠵᠤᠷᠭ᠋ᠠᠨ ᠲᠣᠪᠴᠢᠶ᠎ᠠ ᠨᠢᠭᠡᠴᠢ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠠᠴᠠ ᠴᠠᠭ ᠲᠤᠬᠠᠶ᠎ᠳᠤᠨᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃
      ᠤᠨᠴᠤᠭᠤᠢ᠌ᠯᠠᠨ ᠮᠡᠳᠡᠭᠳᠡᠪᠡ᠃
   

      ᠳᠠᠭ᠋ᠠᠯᠳᠤᠭᠤᠯᠤᠯ᠄ 2021 ᠣᠨ᠎ᠤ ᠭᠤᠤᠯᠳᠠᠯᠭ᠎ᠠ᠎ᠲᠠᠢ ᠰᠡᠳᠦᠪ᠎ᠤᠨ ᠬᠡᠯᠬᠢᠶᠡᠰᠦ   ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
                     

                              2021 ᠣᠨ᠎ᠤ 5 ᠳ᠋ᠤᠭ᠋ᠠᠷ ᠰᠠᠷ᠎ᠠ ᠵᠢᠨ 24᠎ᠤ ᠡᠳᠦᠷ᠃


     2021 ᠣᠨ᠎ᠤ ᠭᠤᠤᠯᠳᠠᠯᠭ᠎ᠠ᠎ᠲᠠᠢ ᠰᠡᠳᠦᠪ᠎ᠤᠨ ᠬᠡᠯᠬᠢᠶᠡᠰᠦ
 

      ᠨᠢᠭᠡ ᠬᠤᠰᠢᠭᠤᠴᠢᠯᠠᠬᠤ ᠭᠤᠤᠯᠳᠠᠯᠭ᠋ᠠᠳᠤ ᠰᠡᠳᠦᠪ (2 ᠵᠦᠢ᠍ᠯ)
     (ᠨᠢᠭᠡ) ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠷᠥᠯ ᠵᠦᠢ᠍ᠯ᠃ ᠭᠤᠤᠯᠳᠠᠭᠤ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠪᠠᠶ᠋ᠢᠴᠠᠭ᠋ᠠᠨ ᠬᠡᠮᠵᠢᠬᠦ ᠮᠡᠷᠭᠡᠵᠢᠯ ᠵᠢᠴᠢ ᠦᠢ᠍ᠯᠡᠳᠬᠦᠨ᠂ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠰᠢᠨ᠎ᠡ ᠬᠡᠯᠪᠡᠷᠢ ᠵᠢᠨ ᠮᠡᠷᠭᠡᠵᠢᠯ ᠵᠢᠴᠢ ᠦᠢ᠍ᠯᠡᠳᠬᠦᠨ᠂ ᠵᠠᠭᠤᠴᠢ ᠵᠢᠨ ᠰᠢᠪᠠᠵᠢ 《ᠦᠬᠡᠷ ᠪᠤᠮᠪᠤᠳᠠᠢ》 ᠵᠡᠷᠭᠡ ᠠᠮᠢᠳᠤ ᠪᠣᠳᠠᠰ᠎ᠢ ᠰᠡᠷᠭᠡᠶ᠋ᠢᠯᠡᠨ ᠬᠢᠵᠠᠭ᠋ᠠᠷᠯᠠᠬᠤ ᠮᠡᠷᠭᠡᠵᠢᠯ᠎ᠤᠨ ᠰᠢᠨ᠎ᠡ ᠡᠬᠦᠳᠡᠯᠳᠡ ᠪᠠ ᠵᠢᠱ᠌ᠢᠶ᠎ᠡ᠂ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠲᠤᠬᠠᠶ ᠵᠢᠨ ᠭᠠᠵᠠᠷ᠎ᠲᠤᠨᠢ ᠰᠢᠢ᠍ᠳᠪᠦᠷᠢᠯᠡᠬᠦ ᠮᠡᠷᠭᠡᠵᠢᠯ᠂ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠵᠢᠯᠣᠭᠣᠴᠢ ᠥᠬᠡᠶ ᠨᠢᠰᠬᠡᠯ ᠪᠠ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠣᠶᠤᠨᠴᠢ᠎ᠪᠠᠷ ᠬᠢᠨᠠᠨ ᠬᠡᠮᠵᠢᠬᠦ ᠮᠡᠷᠭᠡᠵᠢᠯ᠂ ᠲᠣᠮᠣ ᠳ᠋ᠠᠶ᠋ᠢᠲ᠋ᠠ᠎ᠳᠤ ᠰᠠᠭᠤᠷᠢᠯᠠᠭᠰᠠᠨ ᠨᠠᠷᠠᠰᠤᠨ ᠮᠣᠳᠣᠨ᠎ᠤ ᠤᠲᠠᠰᠤᠯᠢᠭ ᠬᠣᠷᠣᠬᠠᠶ ᠵᠢᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠪᠠ ᠬᠠᠮᠢᠶᠠᠷᠬᠤ ᠰᠢᠰᠲ᠋ᠧᠮ ᠵᠡᠷᠭᠡ ᠵᠢ ᠰᠤᠳᠤᠯᠤᠨ᠎ᠠ᠃ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠎ᠠ᠎ᠨᠢ ᠨᠡᠶ᠋ᠢᠲᠡ 2 ᠵᠢᠯ᠂ 2021 ᠣᠨ᠎ᠤ ᠡᠴᠦᠰ᠎ᠲᠤ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠬᠤ᠎ᠪᠠᠷ ᠴᠢᠷᠮᠠᠶ᠋ᠢᠨ᠎ᠠ᠃ (ᠬᠤᠰᠢᠭᠤᠴᠢᠯᠠᠬᠤ ᠨᠢᠭᠡᠴᠢ᠄ ᠠᠮᠢ ᠠᠬᠤᠶ ᠵᠢᠨ ᠵᠤᠷᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ; ᠣᠷᠣᠯᠴᠠᠭᠰᠠᠨ ᠨᠢᠭᠡᠴᠡ᠄ ᠣᠶ ᠰᠢᠭᠤᠶ ᠪᠠ ᠨᠤᠳᠤᠭ ᠪᠡᠯᠴᠢᠭᠡᠷ᠎ᠢ ᠰᠡᠷᠭᠡᠶ᠋ᠢᠯᠡᠨ ᠵᠠᠰᠠᠬᠤ ᠶᠡᠷᠦᠩᠬᠡᠶ ᠥᠷᠲᠡᠭᠡ)
     (ᠬᠣᠶᠠᠷ) ᠣᠢ ᠰᠢᠭᠤᠶ ᠵᠢᠨ ᠠᠶᠤᠩᠭ᠎ᠠ ᠵᠢᠨ ᠳᠠᠭ᠋ᠠᠷᠢᠯᠲᠠ ᠵᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠃   ᠭᠣᠣᠯᠳᠠᠭᠤ ᠠᠶᠤᠩᠭ᠎ᠠ ᠨᠢᠷᠭᠡᠯᠲᠡ ᠵᠢᠨ ᠭᠠᠯ᠎ᠢ ᠬᠢᠨᠠᠨ ᠬᠡᠮᠵᠢᠵᠦ ᠣᠷᠣᠨ ᠪᠠᠶ᠋ᠢᠷᠢ ᠲᠣᠭᠲᠠᠭ᠋ᠠᠬᠤ ᠮᠡᠷᠭᠡᠵᠢᠯ᠎ᠤᠨ ᠰᠢᠰᠲᠸᠮᠵᠢᠭᠰᠡᠨ ᠪᠠᠶ᠋ᠢᠭᠤᠯᠤᠯᠲᠠ᠂ ᠶᠡᠬᠡ ᠬᠢᠩᠭ᠋ᠠᠨ ᠳᠠᠪᠠᠭ᠋ᠠᠨ᠎ᠤ ᠭᠣᠣᠯᠳᠠᠯᠭ᠎ᠠ᠎ᠲᠠᠢ ᠠᠶᠤᠩᠭ᠎ᠠ ᠨᠢᠷᠭᠡᠯᠲᠡ ᠵᠢᠨ ᠣᠷᠣᠨ᠎ᠤ ᠨᠤᠴᠤᠯᠳᠠ ᠵᠢᠨ ᠪᠣᠳᠠᠰ᠎ᠤᠨ ᠠᠶᠤᠩᠭ᠎ᠠ ᠨᠢᠷᠭᠡᠯᠲᠡ᠎ᠳᠤ ᠨᠣᠴᠣᠬᠤ ᠲᠦᠭᠰᠢᠭᠦᠷᠢ ᠵᠢᠨ ᠦᠨᠡᠯᠡᠨ ᠵᠢᠱ᠌ᠢᠯᠲᠡ᠂ ᠭᠣᠣᠯᠳᠠᠯᠭ᠎ᠠ᠎ᠲᠠᠢ ᠣᠷᠣᠨ ᠪᠦᠰᠡ ᠵᠢᠨ ᠠᠶᠤᠩᠭ᠎ᠠ ᠴᠠᠬᠢᠯᠭ᠋ᠠᠨ᠎ᠢ ᠰᠡᠷᠭᠡᠶ᠋ᠢᠯᠡᠨ ᠬᠠᠮᠠᠭ᠋ᠠᠯᠠᠬᠤ ᠮᠡᠷᠭᠡᠵᠢᠯ᠎ᠤᠨ ᠪᠣᠯᠤᠮᠵᠢ ᠵᠢᠨ ᠰᠤᠳᠤᠯᠤᠯ᠂ ᠠᠶᠤᠩᠭ᠎ᠠ ᠨᠢᠷᠭᠡᠯᠲᠡ ᠵᠢ ᠠᠯᠤᠰ ᠰᠡᠷᠡᠯ ᠵᠶ᠋ᠠᠷ ᠬᠢᠨᠠᠨ ᠬᠡᠮᠵᠢᠵᠦ ᠢᠯᠭ᠋ᠠᠨ ᠲᠠᠨᠢᠬᠤ ᠮᠡᠷᠭᠡᠵᠢᠯ᠂ ᠶᠡᠬᠡ ᠬᠢᠩᠭ᠋ᠠᠨ ᠳᠠᠪᠠᠭ᠋ᠠᠨ᠎ᠤ ᠠᠶᠤᠩᠭ᠎ᠠ ᠨᠢᠷᠭᠡᠯᠲᠡ ᠵᠢᠨ ᠲᠠᠷᠬᠠᠯᠲᠠ ᠬᠢᠭᠡᠳ ᠰᠡᠷᠡᠮᠵᠢᠯᠡᠭᠦᠯᠬᠦ ᠮᠡᠷᠭᠡᠵᠢᠯ᠂   ᠰᠸᠴᠤᠸᠠᠨ᠎ᠤ ᠪᠠᠷᠠᠭᠤᠨ ᠬᠡᠰᠡᠭ᠎ᠤᠨ ᠠᠶᠤᠩᠭ᠎ᠠ ᠨᠢᠷᠭᠡᠯᠲᠡ ᠵᠢᠨ ᠭᠠᠯ᠎ᠤᠨ ᠲᠠᠷᠬᠠᠯᠲᠠ ᠬᠢᠭᠡᠳ ᠰᠡᠷᠡᠮᠵᠢᠯᠡᠭᠦᠯᠬᠦ ᠮᠡᠷᠭᠡᠵᠢᠯ᠂ ᠲᠣᠮᠣ ᠳ᠋ᠠᠶ᠋ᠢᠲ᠋ᠠ᠎ᠳᠤ ᠰᠠᠭᠤᠷᠢᠯᠠᠭᠰᠠᠨ ᠣᠶ ᠰᠢᠭᠤᠶ ᠵᠢᠨ ᠠᠶᠤᠩᠭ᠎ᠠ ᠨᠢᠷᠭᠡᠯᠲᠡ ᠵᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶ᠋ᠢᠯᠡᠨ ᠡᠵᠡᠮᠳᠡᠬᠦ ᠰᠢᠰᠲᠸᠮ᠎ᠢ ᠰᠤᠳᠤᠯᠤᠨ ᠦᠢ᠍ᠯᠡᠳᠬᠦ ᠵᠡᠷᠭᠡ ᠵᠢ ᠪᠠᠭᠲᠠᠭ᠋ᠠᠨ᠎ᠠ᠃ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠎ᠠ᠎ᠨᠢ ᠨᠡᠶ᠋ᠢᠲᠡ 2 ᠵᠢᠯ᠂ 2021 ᠣᠨ᠎ᠤ ᠡᠴᠦᠰ᠎ᠲᠤ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠬᠤ᠎ᠪᠠᠷ ᠴᠢᠷᠮᠠᠶ᠋ᠢᠨ᠎ᠠ᠃ (ᠬᠤᠰᠢᠭᠤᠴᠢᠯᠠᠬᠤ ᠨᠢᠭᠡᠴᠢ᠄ ᠭᠠᠯ ᠰᠡᠷᠭᠡᠶ᠋ᠢᠯᠡᠬᠦ ᠵᠤᠷᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ)
      ᠬᠣᠶᠠᠷ᠂ ᠰᠠᠭᠤᠷᠢ ᠲᠦᠷᠦᠯ᠎ᠤᠨ ᠭᠣᠣᠯᠳᠠᠯᠭ᠎ᠠ᠎ᠲᠠᠢ ᠰᠡᠳᠦᠪ (5 ᠵᠦᠢ᠍ᠯ)
     (ᠨᠢᠭᠡ) ᠣᠢ ᠰᠢᠭᠤᠶ ᠨᠤᠳᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠰᠠᠭ᠋ᠠᠷᠠᠮᠠᠭᠵᠢᠭᠤᠯᠬᠤ ᠪᠠ ᠬᠠᠷᠠᠯᠲᠠ᠎ᠪᠠᠨ ᠪᠡᠶᠡᠯᠡᠬᠦᠯᠬᠦ ᠪᠠᠶ᠋ᠢᠯᠳᠤᠬᠤ ᠪᠣᠳᠣᠯᠭ᠎ᠠ ᠵᠢᠨ ᠰᠤᠳᠤᠯᠤᠯ᠃ ᠭᠤᠤᠯᠳᠠᠭᠤ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠪᠠ ᠡᠯᠡᠰᠦᠨ ᠴᠦᠯ ᠵᠡᠷᠭᠡ ᠠᠮᠢ ᠠᠬᠤᠶ ᠵᠢᠨ ᠰᠢᠰᠲ᠋ᠧᠮ ᠵᠢᠴᠢ ᠠᠮᠢᠳᠤ ᠪᠣᠳᠠᠰ᠎ᠤᠨ ᠡᠨᠧᠷᠭᠢ ᠪᠠ ᠮᠣᠳᠣ ᠬᠤᠯᠤᠰᠤᠨ᠎ᠤ ᠪᠠᠷᠢᠯᠭ᠎ᠠ ᠵᠢᠨ ᠮᠠᠲ᠋ᠧᠷᠢᠶᠠᠯ᠎ᠤᠨ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠳᠠᠯᠳᠠ ᠬᠦᠴᠦᠨ᠎ᠢ ᠰᠤᠳᠤᠯᠵᠤ᠂ ᠠᠷᠭ᠎ᠠ ᠵᠠᠮ᠂ ᠭᠤᠤᠯ ᠡᠭᠦᠷᠭᠡ᠂ ᠬᠢᠨᠠᠨ ᠰᠢᠨᠵᠢᠵᠦ ᠦᠨᠡᠯᠡᠨ ᠵᠢᠱ᠌ᠢᠬᠦ᠂ ᠨᠡᠭᠦᠷᠡᠰᠦᠲᠥ᠋ᠷᠥᠭᠴᠢ ᠵᠢᠨ ᠠᠷᠠᠯᠵᠢᠶ᠎ᠠ ᠵᠢᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠪᠡᠶᠡᠯᠡᠭᠦᠯᠦᠨ᠂ ᠣᠶ ᠰᠢᠭᠤᠶ ᠨᠤᠳᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠵᠢ ᠰᠠᠭ᠋ᠠᠷᠮᠠᠭᠵᠢᠭᠤᠯᠬᠤ ᠬᠠᠷᠠᠯᠳᠠ᠎ᠪᠠᠨ ᠪᠡᠶᠡᠯᠡᠭᠦᠯᠬᠦ ᠠᠷᠭ᠎ᠠ ᠵᠠᠮ᠎ᠢ ᠲᠣᠳᠣᠷᠬᠠᠶ᠋ᠢᠯᠠᠵᠤ᠂ ᠤᠯᠤᠰ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠤᠷᠬᠢᠯ᠎ᠳᠤ ᠲᠤᠯᠭ᠋ᠠᠬᠤ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠬᠠᠷᠠᠯᠳᠠ᠎ᠳᠤ ᠦᠢ᠍ᠯᠡᠴᠢᠯᠡᠬᠦ᠎ᠳᠤ ᠰᠢᠢ᠍ᠳᠪᠦᠷᠢᠯᠡᠬᠦ ᠲᠥᠰᠦᠯ᠎ᠢ ᠬᠠᠩᠭ᠋ᠠᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠠᠮᠢ ᠠᠬᠤᠶ ᠵᠢᠨ ᠵᠤᠷᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ; ᠤᠷᠤᠯᠴᠠᠬᠤ ᠨᠢᠭᠡᠴᠢ᠄ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠠᠵᠤ ᠠᠬᠤᠶ ᠵᠢᠨ ᠰᠤᠳᠤᠯᠭ᠋ᠠᠨ᠎ᠤ ᠲᠥᠪ᠂ ᠲᠥᠯᠥᠪᠵᠢᠭᠦᠯᠭᠡ ᠵᠢᠨ ᠬᠦᠷᠢᠶᠡᠯᠡᠩ)᠃
     (ᠬᠣᠶᠠᠷ)   ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠬᠠᠮᠢᠶᠠᠷᠤᠯᠲᠠ ᠵᠢᠨ ᠲᠥᠷᠥᠯ ᠬᠤᠪᠢᠶᠠᠭᠰᠠᠨ ᠰᠤᠳᠤᠯᠤᠯ
      ᠭᠤᠤᠯᠳᠠᠭᠤ ᠮᠠᠨ᠎ᠤ ᠤᠯᠤᠰ᠎ᠤᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠤᠨ ᠲᠠᠷᠬᠠᠯᠲᠠ ᠵᠢᠨ ᠪᠠᠶ᠋ᠢᠳᠠᠯ᠂ ᠬᠠᠮᠠᠭ᠋ᠠᠯᠠᠯᠲᠠ ᠵᠢᠨ ᠪᠠᠶ᠋ᠢᠳᠠᠯ᠂ ᠠᠰᠢᠭᠯᠠᠯᠲᠠ ᠵᠢᠨ ᠪᠠᠶ᠋ᠢᠳᠠᠯ᠎ᠢ ᠰᠤᠳᠤᠯᠵᠤ᠂ ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ᠂ ᠬᠡᠪᠴᠢᠶ᠎ᠡ ᠪᠣᠯᠤᠨ ᠰᠠᠨᠠᠭᠤᠯᠭ᠎ᠠ ᠳᠤᠷᠠᠳᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠠᠮᠢᠲᠠᠨ ᠤᠷᠭᠤᠮᠠᠯ᠎ᠤᠨ ᠵᠤᠷᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ)
     (ᠭᠤᠷᠪᠠ) ᠳᠤᠮᠳᠠᠳᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠲᠣᠭ᠋ᠠᠴᠠᠭ᠎ᠠ ᠬᠢᠬᠦ ᠰᠤᠳᠤᠯᠤᠯ᠃ ᠭᠤᠤᠯᠳᠠᠭᠤ ᠳᠤᠮᠳᠠᠳᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠲᠣᠭ᠋ᠠᠴᠠᠭ᠎ᠠ᠂ ᠠᠮᠢ ᠠᠬᠤᠶ ᠵᠢᠨ ᠦᠢ᠍ᠯᠡᠴᠢᠯᠡᠭᠡᠨ᠎ᠤ ᠥᠷᠲᠡᠭ᠎ᠤᠨ ᠲᠣᠭ᠋ᠠᠴᠠᠭ᠎ᠠ᠂ ᠰᠣᠶᠣᠯ᠎ᠤᠨ ᠥᠷᠲᠡᠭ᠎ᠤᠨ ᠦᠨᠡᠯᠡᠨ ᠵᠢᠱ᠌ᠢᠯᠲᠡ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠨᠤᠭᠤᠭ᠋ᠠᠨᠯᠢᠭ ᠠᠵᠤ ᠠᠬᠤᠶ ᠵᠢᠨ ᠦᠨᠡᠯᠡᠯᠲᠡ ᠵᠢᠨ ᠬᠦᠢ᠍ᠴᠡᠳᠬᠡᠯ ᠲᠣᠭ᠎ᠠ ᠵᠢᠨ ᠰᠢᠰᠲ᠋ᠧᠮᠵᠢ ᠵᠡᠷᠭᠡ ᠵᠢ ᠰᠤᠳᠤᠯᠤᠨ᠎ᠠ᠃ 2021 ᠣᠨ᠎ᠤ ᠡᠴᠦᠰ᠎ᠠᠴᠠ ᠡᠮᠦᠨ᠎ᠡ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ ᠳᠥᠷᠪᠡᠳᠦᠭᠡᠷ ᠬᠤᠭᠤᠴᠠᠭ᠋ᠠᠨ᠎ᠤ ᠲᠣᠭ᠋ᠠᠴᠠᠭ᠎ᠠ ᠬᠢᠬᠦ ᠰᠤᠳᠤᠯᠭ᠋ᠠᠨ᠎ᠢ ᠡᠬᠢᠯᠡᠬᠦᠯᠬᠦ ᠪᠥᠭᠡᠳ 5 ᠮᠤᠵᠢ᠎ᠳᠤ ᠲᠤᠷᠰᠢᠯᠲᠠ ᠬᠢᠨ᠎ᠡ᠃ (ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ; ᠤᠷᠤᠯᠴᠠᠬᠤ ᠨᠢᠭᠡᠴᠢ᠄ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠬᠤᠯᠤᠰᠤ ᠣᠷᠢᠶᠠᠩᠭᠤ ᠵᠢᠨ ᠲᠥᠪ᠂ ᠠᠵᠤ ᠠᠬᠤᠶ ᠵᠢᠨ ᠰᠤᠳᠤᠯᠭ᠋ᠠᠨ᠎ᠤ ᠲᠥᠪ  )
     (ᠳᠥᠷᠪᠡ) ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠠᠭᠪᠤᠷ᠎ᠤᠨ ᠰᠤᠳᠤᠯᠤᠯ᠃ ᠭᠣᠣᠯᠳᠠᠭᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠤᠨᠤᠯ᠎ᠤᠨ ᠰᠢᠰᠲ᠋ᠧᠮ᠂ ᠣᠷᠣᠨ ᠵᠠᠢ ᠵᠢᠨ ᠲᠥᠯᠥᠪᠵᠢᠭᠦᠯᠭᠡ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠶᠡᠷᠦᠩᠬᠡᠶ᠋ᠢᠯᠡᠨ ᠬᠢᠨᠠᠨ ᠬᠡᠮᠵᠢᠵᠦ ᠦᠨᠡᠯᠡᠬᠦ᠂ ᠲᠦᠷᠦ ᠵᠢᠨ ᠪᠤᠳᠤᠯᠭ᠎ᠠ ᠲᠦᠷᠢᠮ ᠲᠤᠭᠲᠠᠭ᠋ᠠᠯ ᠵᠡᠷᠭᠡ ᠵᠠᠰᠠᠨ ᠰᠡᠷᠭᠦᠭᠡᠬᠦ ᠵᠠᠭᠪᠤᠷ᠎ᠢ ᠰᠤᠳᠤᠯᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (  ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ;   ᠤᠷᠤᠯᠴᠠᠬᠤ ᠨᠢᠭᠡᠴᠢ᠄ ᠤᠢ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠠᠵᠤ ᠠᠬᠤᠶ ᠵᠢᠨ ᠰᠤᠳᠤᠯᠭ᠋ᠠᠨ᠎ᠤ ᠲᠥᠪ  )
     (ᠲᠠᠪᠤ) ᠣᠶ ᠰᠢᠭᠤᠶ ᠨᠤᠳᠤᠭ ᠪᠡᠯᠴᠢᠭᠡᠷ᠎ᠤᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ   ᠳᠠᠭ᠋ᠠᠭ᠋ᠠᠴᠠ ᠵᠢᠨ ᠰᠤᠳᠤᠯᠤᠯ᠃ ᠭᠤᠤᠯᠳᠠᠭᠤ ᠭᠤᠤᠯᠳᠠᠯᠭ᠎ᠠ᠎ᠲᠠᠢ ᠭᠠᠵᠠᠷ ᠣᠷᠣᠨ ᠪᠤᠶᠤ ᠢᠨᠵᠧᠨᠧᠷᠢᠩ᠎ᠤᠨ ᠣᠷᠣᠨ᠎ᠤ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠵᠡᠷᠭᠡ ᠠᠮᠢ ᠠᠬᠤᠶ ᠵᠢᠨ ᠰᠢᠰᠲ᠋ᠧᠮ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠬᠢᠭᠡᠳ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠳᠣᠭᠢᠷᠠᠭᠤᠯᠬᠤ᠂ ᠲᠣᠷᠤᠭ ᠮᠣᠳᠣ ᠪᠤᠲᠠ ᠮᠣᠳᠣ ᠡᠪᠡᠰᠦ ᠤᠰᠤ ᠵᠢ ᠲᠡᠩᠴᠡᠭᠦᠷᠢᠲᠡᠶ ᠪᠠᠶ᠋ᠢᠯᠭ᠋ᠠᠬᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠳᠣᠭᠢᠷᠠᠭᠤᠯᠬᠤ ᠵᠠᠭᠪᠤᠷ᠎ᠢ ᠰᠤᠳᠤᠯᠤᠨ᠎ᠠ᠃ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠎ᠠ᠎ᠨᠢ ᠨᠡᠶ᠋ᠢᠲᠡ 2 ᠵᠢᠯ᠂ 2021 ᠣᠨ᠎ᠤ ᠡᠴᠦᠰ᠎ᠲᠤ ᠱᠠᠲᠤᠴᠢ ᠴᠢᠨᠠᠷᠲᠠᠶ ᠦᠷ᠎ᠡ ᠪᠦᠲᠦᠭᠡᠯ ᠤᠯᠤᠨ᠎ᠠ᠃ (  ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠂ ᠣᠷᠣᠯᠴᠠᠬᠤ ᠨᠢᠭᠡᠴᠢ᠄   ᠭᠤᠷᠪᠠᠨ ᠤᠮᠠᠷᠠᠲᠤ ᠵᠢᠨ ᠲᠣᠪᠴᠢᠶ᠎ᠠ)

      ᠭᠤᠷᠪᠠ᠂ ᠬᠡᠷᠡᠭᠯᠡᠭᠡᠨ᠎ᠤ ᠲᠦᠷᠦᠯ᠎ᠤᠨ ᠭᠣᠣᠯᠳᠠᠯᠭ᠎ᠠ᠎ᠲᠠᠢ ᠰᠡᠳᠦᠪ (6 ᠵᠦᠢ᠍ᠯ)
     (ᠨᠢᠭᠡ) ᠤᠯᠤᠰ᠎ᠤᠨ ᠴᠡᠴᠡᠷᠯᠢᠭ᠎ᠤᠨ ᠬᠠᠮᠢᠶᠠᠷᠤᠯᠲᠠ ᠵᠢᠨ ᠲᠦᠷᠢᠮ ᠪᠠ ᠠᠵᠢᠯᠯᠠᠭ᠋ᠠᠨ᠎ᠤ ᠲᠣᠭᠲᠠᠴᠠ ᠵᠢ ᠰᠤᠳᠤᠯᠬᠤ᠃ ᠭᠤᠤᠯᠳᠠᠭᠤ ᠤᠯᠤᠰ᠎ᠤᠨ ᠴᠡᠴᠡᠷᠯᠢᠭ᠎ᠤᠨ ᠣᠷᠣᠨ ᠵᠠᠶ ᠵᠢᠨ ᠪᠠᠶ᠋ᠢᠷᠢᠰᠢᠭᠤᠯᠤᠯᠲᠠ᠂ ᠬᠠᠤᠯᠢ ᠲᠣᠭᠲᠠᠭ᠋ᠠᠯᠲᠠ ᠵᠢᠨ ᠨᠤᠲᠠᠯᠠᠯᠲᠠ᠂ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠲᠣᠬᠢᠷᠠᠭᠤᠯᠤᠯᠲᠠ᠂ ᠣᠯᠠᠨ ᠡᠰᠢᠵᠢᠭᠰᠡᠨ ᠪᠠᠯᠠ ᠮᠥᠩᠭᠥ ᠵᠢᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠡᠷᠭᠡ ᠵᠢ ᠰᠤᠳᠤᠯᠬᠤ ᠵᠢᠨ ᠬᠠᠮᠲᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ ᠤᠯᠤᠰ᠎ᠤᠨ ᠴᠡᠴᠡᠷᠯᠢᠭ᠎ᠤᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ᠂ ᠨᠡᠶ᠋ᠢᠭᠡᠮ ᠲᠣᠭᠣᠷᠢᠭ᠎ᠤᠨ ᠵᠣᠬᠢᠴᠠᠩᠭᠤᠶ ᠬᠥᠭᠵᠢᠯᠲᠡ᠂ ᠣᠨᠴᠠ ᠵᠥᠪᠰᠢᠶᠡᠷᠡᠯ᠎ᠲᠠᠢ ᠡᠵᠡᠩᠨᠡᠯᠲᠡ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢᠴᠢ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠦᠨᠡᠯᠡᠨ ᠵᠢᠱ᠌ᠢᠬᠦ ᠵᠡᠷᠭᠡ ᠲᠦᠷᠢᠮ ᠲᠤᠭᠲᠠᠭ᠋ᠠᠯ᠂ ᠠᠷᠭ᠎ᠠ ᠪᠤᠳᠤᠯᠭ᠎ᠠ ᠵᠢᠨ ᠡᠮᠦᠨᠡᠬᠢ ᠬᠤᠭᠤᠴᠠᠭ᠋ᠠᠨ᠎ᠤ ᠰᠠᠭᠤᠷᠢ ᠰᠤᠳᠤᠯᠭ᠋ᠠᠨ᠎ᠢ ᠥᠷᠨᠢᠭᠦᠯᠦᠨ᠎ᠡ᠃ 2 ᠵᠢᠯ᠎ᠤᠨ ᠳᠣᠲᠣᠷ᠎ᠠ ᠪᠡᠶᠡᠯᠡᠭᠦᠯᠬᠦ᠎ᠪᠠᠷ ᠴᠢᠷᠮᠠᠶ᠋ᠢᠵᠤ᠂ 2021 ᠣᠨ᠎ᠤ ᠰᠡᠭᠦᠯᠴᠢ᠎ᠪᠠᠷ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠨ᠎ᠠ᠃ (ᠬᠤᠰᠢᠭᠤᠴᠢᠯᠠᠬᠤ ᠨᠢᠭᠡᠴᠢ᠄ ᠴᠡᠴᠡᠷᠯᠢᠭ᠎ᠤᠨ ᠠᠯᠪᠠᠨ ᠭᠡᠷ)
     (ᠬᠣᠶᠠᠷ) ᠨᠤᠲᠤᠭ ᠪᠡᠯᠴᠢᠭᠡᠷ᠎ᠤᠨ ᠠᠮᠢ ᠠᠬᠤᠶ ᠵᠢᠨ ᠦᠷᠭᠦᠯᠵᠢᠯᠡᠨ ᠬᠥᠭᠵᠢᠬᠦ ᠪᠠᠶ᠋ᠢᠯᠳᠤᠬᠤ ᠪᠣᠳᠣᠯᠭ᠎ᠠ ᠵᠢᠨ ᠰᠤᠳᠤᠯᠤᠯ᠃ ᠰᠢᠨ᠎ᠠ ᠴᠠᠭ ᠦᠶ᠎ᠡ ᠵᠢᠨ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠪᠠ ᠡᠪᠡᠰᠦᠨ᠎ᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ᠂ ᠮᠠᠨ᠎ᠤ ᠤᠯᠤᠰ᠎ᠤᠨ ᠨᠤᠲᠤᠭ ᠪᠡᠯᠴᠢᠭᠡᠷ᠎ᠤᠨ ᠦᠷᠭᠦᠯᠵᠢᠯᠡᠬᠦ ᠬᠥᠭᠵᠢᠯᠲᠡ ᠵᠢᠨ ᠠᠵᠠ ᠲᠣᠬᠢᠶᠠᠯ᠎ᠤᠨ ᠥᠷᠢᠰᠥᠯᠳᠦᠭᠡᠨ᠂ ᠪᠠᠶ᠋ᠢᠯᠳᠤᠬᠤ ᠪᠣᠳᠣᠯᠭ᠎ᠠ ᠵᠢᠨ ᠦᠵᠡᠯ ᠰᠠᠨᠠᠭ᠎ᠠ᠂ ᠬᠠᠷᠠᠯᠲᠠ᠂ ᠠᠷᠭ᠎ᠠ ᠵᠠᠮ᠂ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠡᠷᠭᠡ ᠵᠢᠨ ᠲᠣᠭᠣᠷᠢᠨ᠎ᠳᠤ ᠰᠤᠳᠤᠯᠭ᠋ᠠᠨ ᠥᠷᠨᠢᠭᠦᠯᠵᠦ᠂ ᠢᠷᠡᠭᠡᠳᠦᠶ ᠵᠢᠨ 10—15 ᠵᠢᠯ᠎ᠤᠨ ᠮᠠᠨ᠎ᠤ ᠤᠯᠤᠰ᠎ᠤᠨ ᠨᠤᠲᠤᠭ ᠪᠡᠯᠴᠢᠭᠡᠷ᠎ᠤᠨ ᠦᠷᠭᠦᠯᠵᠢᠯᠡᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠳᠤᠷᠠᠳᠤᠨ ᠭᠠᠷᠭ᠋ᠠᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠨᠤᠲᠤᠭ ᠪᠡᠯᠴᠢᠭᠡᠷ᠎ᠤᠨ ᠵᠤᠷᠭ᠋ᠠᠨ)
     (ᠭᠤᠷᠪᠠ)   ᠴᠢᠭᠢᠭᠯᠢᠭ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠬᠢᠭᠡᠳ   ᠬᠦᠮᠦᠰ᠎ᠤᠨ ᠠᠵᠢᠯᠯᠠᠭ᠎ᠠ ᠵᠢᠨ ᠬᠣᠭᠣᠷᠣᠨᠳᠣᠬᠢ ᠬᠠᠷᠢᠴᠠᠭ᠎ᠠ ᠵᠢᠨ ᠰᠤᠳᠤᠯᠤᠯ᠃ ᠭᠤᠤᠯᠳᠠᠭᠤ ᠤᠯᠠᠭ᠋ᠠᠨ   ᠽᠠᠨᠳᠠᠨ ᠮᠤᠳᠤᠨ᠎ᠤ ᠲᠠᠷᠬᠠᠯᠲᠠ ᠵᠢᠨ ᠣᠷᠣᠨ᠂ ᠴᠠᠭ᠋ᠠᠨᠨᠠᠭᠤᠷ ᠵᠢᠨ ᠣᠷᠣᠨ ᠪᠦᠰᠡ ᠵᠡᠷᠭᠡ ᠴᠢᠬᠤᠯᠠ   ᠴᠢᠭᠢᠭᠯᠢᠭ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ᠂ ᠬᠥᠮᠦᠰ᠎ᠤᠨ ᠠᠵᠢᠯᠯᠠᠭ᠋ᠠᠨ᠎ᠤ ᠬᠠᠷᠢᠯᠴᠠᠨ ᠦᠢ᠍ᠯᠡᠳᠦᠯᠴᠡᠬᠦ ᠬᠠᠷᠢᠴᠠᠭ᠎ᠠ ᠵᠢ ᠰᠤᠳᠤᠯᠵᠤ᠂ ᠴᠢᠭᠢᠭᠯᠢᠭ ᠭᠠᠵᠠᠷ᠎ᠢ ᠬᠠᠮᠠᠭ᠋ᠠᠯᠠᠨ ᠰᠡᠷᠭᠦᠭᠡᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (  ᠬᠤᠰᠢᠭᠤᠴᠢᠯᠠᠬᠤ ᠨᠢᠭᠡᠴᠢ᠄ ᠴᠢᠭᠢᠭᠯᠢᠭ ᠭᠠᠵᠠᠷ᠎ᠤᠨ ᠵᠤᠷᠭ᠋ᠠᠨ)
     (ᠲᠦᠷᠪᠡ)   ᠡᠯᠡᠰᠦᠨ ᠴᠦᠯ᠎ᠤᠨ ᠠᠮᠢ ᠠᠬᠤᠢ ᠵᠢᠨ ᠰᠢᠰᠲ᠋ᠧᠮ᠎ᠤᠨ ᠦᠷᠭᠦᠯᠵᠢᠯᠡᠬᠦ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠰᠤᠳᠤᠯᠤᠯ᠃ ᠭᠤᠤᠯᠳᠠᠭᠤ ᠴᠦᠯᠯᠡᠷᠭᠡᠭᠵᠢᠭᠰᠡᠨ ᠭᠠᠵᠠᠷ ᠣᠷᠣᠨ᠎ᠤ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠂ ᠣᠷᠣᠨ ᠪᠦᠰᠡ ᠵᠢᠨ ᠬᠥᠭᠵᠢᠯᠲᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠷᠠᠳ᠎ᠤᠨ ᠠᠮᠢᠳᠤᠷᠠᠯ᠎ᠤᠨ ᠪᠠᠶᠠᠯᠢᠭᠵᠢᠯ ᠵᠡᠷᠭᠡ ᠵᠢᠨ ᠲᠣᠭᠣᠷᠢᠨ᠎ᠳᠤ᠂ ᠴᠦᠯᠯᠡᠷᠭᠡᠭᠵᠢᠭᠰᠡᠨ ᠣᠷᠣᠨ ᠪᠦᠰᠡ ᠵᠢᠨ ᠠᠮᠢ ᠠᠬᠤᠶ ᠵᠢᠨ ᠣᠷᠣᠨ ᠪᠠᠶ᠋ᠢᠷᠢ᠂ ᠠᠭᠤᠷ ᠠᠮᠢᠰᠬᠤᠯ᠎ᠤᠨ ᠬᠤᠪᠢᠷᠠᠯᠲᠠ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠵᠠᠳᠠᠯᠵᠤ᠂ 2035 ᠣᠨ᠎ᠤ ᠡᠯᠡᠰᠦᠨ ᠴᠦᠯ᠎ᠤᠨ ᠠᠮᠢ ᠠᠬᠤᠶ ᠵᠢᠨ ᠰᠢᠰᠲ᠋ᠧᠮ᠎ᠤᠨ ᠦᠷᠭᠦᠯᠵᠢᠯᠡᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ᠂ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ᠂ ᠪᠠᠶ᠋ᠢᠯᠳᠤᠬᠤ ᠪᠣᠳᠣᠯᠭ᠎ᠠ ᠵᠢᠨ ᠡᠭᠦᠷᠭᠡ᠂ ᠤᠷᠢᠳ ᠵᠶ᠋ᠠᠷ ᠵᠠᠰᠠᠬᠤ ᠬᠦᠷᠢᠶ᠎ᠡ ᠵᠢ ᠰᠤᠳᠤᠯᠤᠨ ᠳᠤᠷᠠᠳᠴᠤ᠂ ᠶᠡᠷᠦᠩᠬᠡᠶ᠋ᠢᠯᠡᠨ ᠵᠠᠰᠠᠬᠤ᠂   ᠨᠤᠭᠤᠭ᠋ᠠᠨᠯᠢᠭ ᠬᠥᠭᠵᠢᠯᠲᠡ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ᠂ ᠣᠯᠠᠨ ᠤᠯᠤᠰ᠎ᠤᠨ ᠬᠠᠮᠲᠤᠷᠠᠯᠴᠠᠭ᠎ᠠ ᠵᠡᠷᠭᠡ ᠪᠠᠶ᠋ᠢᠯᠳᠤᠬᠤ ᠪᠣᠳᠣᠯᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠲᠤᠷᠠᠳᠤᠨ ᠭᠠᠷᠭ᠋ᠠᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠡᠯᠡᠰᠦ ᠵᠢ ᠵᠠᠰᠠᠬᠤ ᠵᠤᠷᠭ᠋ᠠᠨ)
     (ᠲᠠᠪᠤ) ᠣᠶ ᠰᠢᠭᠤᠶ ᠨᠤᠳᠤᠭ ᠪᠡᠯᠴᠢᠭᠡᠷ᠎ᠤᠨ ᠬᠥᠭᠵᠢᠯᠲᠡ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠰᠤᠳᠤᠯᠭ᠋ᠠᠨ᠃ ᠭᠣᠣᠯᠳᠠᠭᠤ ᠠᠮᠢ ᠠᠬᠤᠢ᠎ᠪᠠᠷ ᠶᠠᠳᠠᠭᠤ ᠵᠢ ᠲᠡᠳᠬᠦᠬᠦ ᠪᠣᠭᠣᠮᠲᠠ ᠰᠢᠪᠲᠤᠯᠠᠬᠤ ᠦᠷ᠎ᠡ ᠪᠦᠲᠦᠭᠡᠯ᠎ᠤᠨ ᠲᠣᠭᠲᠠᠴᠠ ᠵᠢ ᠬᠡᠷᠬᠢᠨ ᠪᠡᠬᠢᠵᠢᠭᠦᠯᠬᠦ᠂ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠠᠷᠭ᠎ᠠ ᠵᠠᠮ ᠪᠣᠯᠤᠨ ᠠᠷᠭ᠎ᠠ ᠬᠡᠯᠪᠡᠷᠢ ᠵᠢ ᠰᠤᠳᠤᠯᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠡᠳ᠋᠎ᠤᠨ ᠶᠠᠪᠤᠳᠠᠯ᠎ᠤᠨ ᠲᠦᠯᠦᠪᠵᠢᠬᠦᠯᠭᠡ ᠵᠢᠨ ᠵᠤᠷᠭ᠋ᠠᠨ)
     (ᠵᠢᠷᠭᠤᠭ᠎ᠠ) ᠣᠶ ᠰᠢᠭᠤᠶ ᠨᠤᠳᠤᠭ ᠪᠡᠯᠴᠢᠭᠡᠷ᠎ᠤᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠪᠠᠶ᠋ᠢᠯᠳᠤᠬᠤ ᠪᠣᠳᠣᠯᠭ᠎ᠠ ᠵᠢᠨ ᠰᠤᠳᠤᠯᠤᠯ᠃ ᠭᠤᠤᠯᠳᠠᠭᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠢᠨ᠎ᠡ ᠡᠭᠦᠷᠭᠡ ᠴᠢᠳᠠᠪᠤᠷᠢ ᠰᠢᠨ᠎ᠡ ᠡᠭᠦᠷᠭᠡ ᠬᠠᠷᠢᠭᠤᠴᠠᠯᠭ᠎ᠠ ᠳᠤᠤᠷ᠎ᠠ᠂ ᠭᠤᠤᠯᠳᠠᠯᠭ᠎ᠠ᠎ᠲᠠᠢ ᠤᠯᠤᠰ ᠪᠠ ᠣᠷᠣᠨ ᠪᠦᠰᠡ᠎ᠯᠦᠭᠡ ᠣᠶ ᠰᠢᠭᠤᠶ ᠨᠤᠲᠤᠭ ᠪᠡᠯᠴᠢᠭᠡᠷ᠎ᠤᠨ ᠬᠠᠮᠲᠤᠷᠠᠯᠴᠠᠭ᠎ᠠ ᠥᠷᠨᠢᠭᠦᠯᠬᠦ ᠬᠦᠰᠡᠯ ᠱᠠᠭ᠋ᠠᠷᠳᠠᠯᠭ᠎ᠠ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠵᠢᠯᠣᠭᠣᠳᠬᠤ ᠵᠠᠷᠴᠢᠮ᠂ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠵᠡᠷᠭᠡ ᠵᠢ ᠰᠤᠳᠤᠯᠵᠤ᠂ ᠤᠯᠤᠰ᠎ᠤᠨ ᠭᠠᠳᠠᠭ᠋ᠠᠳᠤ ᠬᠠᠷᠢᠯᠴᠠᠭ᠎ᠠ ᠭᠠᠳᠠᠭ᠋ᠠᠳᠤ ᠶᠠᠪᠤᠳᠠᠯ᠎ᠤᠨ ᠠᠵᠢᠯᠯᠠᠭ᠎ᠠ᠎ᠳᠤ ᠦᠢ᠍ᠯᠡᠴᠢᠯᠡᠨ᠎ᠡ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ   ᠨᠢᠭᠡᠴᠢ᠄ ᠣᠯᠠᠨ ᠤᠯᠤᠰ᠎ᠤᠨ ᠵᠤᠷᠭ᠋ᠠᠨ)
      ᠳᠥᠷᠪᠡ᠂ 《ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠭᠠᠷ ᠳᠡᠪᠲᠡᠷ》᠎ᠤᠨ ᠰᠤᠳᠤᠯᠬᠤ ᠰᠡᠳᠦᠪ (1 ᠵᠦᠢ᠍ᠯ)
      ᠰᠠᠭᠤᠷᠢ ᠲᠣᠭ᠎ᠠ ᠪᠠᠷᠢᠮᠲᠠ᠂ ᠰᠠᠭᠤᠷᠢ ᠮᠡᠳᠡᠯᠭᠡ ᠵᠢ ᠴᠤᠭᠯᠠᠭᠤᠯᠤᠨ ᠡᠮᠬᠢᠯᠡᠵᠦ᠂ ᠣᠨ᠎ᠤ ᠭᠤᠤᠯᠳᠠᠯᠭ᠎ᠠ᠎ᠲᠠᠢ ᠠᠵᠢᠯ ᠵᠶ᠋ᠠᠨ ᠰᠢᠰᠲ᠋ᠧᠮ᠎ᠲᠠᠢ ᠳ᠋ᠦᠩᠨᠡᠨ᠂ ᠣᠶ ᠰᠢᠭᠤᠶ ᠨᠤᠲᠤᠭ ᠪᠡᠯᠴᠢᠭᠡᠷ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠮᠬᠢᠯᠡᠵᠦ᠂ ᠭᠤᠤᠯ ᠪᠣᠯᠬᠤ ᠲᠥᠷᠥ ᠵᠢᠨ ᠪᠣᠳᠣᠯᠭ᠎ᠠ ᠵᠢᠨ ᠭᠤᠤᠯᠳᠠᠯᠭ᠎ᠠ ᠵᠢ ᠡᠮᠬᠢᠯᠡᠨ᠂ ᠳᠡᠯᠡᠬᠡᠶ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ ᠵᠢᠨ ᠦᠨᠳᠦᠰᠦᠨ ᠪᠠᠶ᠋ᠢᠳᠠᠯ ᠪᠠ ᠬᠦᠳᠡᠯᠦᠩᠬᠦᠢ ᠪᠠᠶ᠋ᠢᠳᠠᠯ᠎ᠢ ᠡᠮᠬᠢᠳᠬᠡᠵᠦ᠂ 《ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠭᠠᠷ ᠳᠡᠪᠲᠡᠷ》᠎ᠢ ᠨᠠᠶ᠋ᠢᠷᠠᠭᠤᠯᠤᠨ ᠪᠢᠴᠢᠨ᠎ᠡ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠬᠤᠰᠢᠭᠤᠴᠢᠯᠠᠬᠤ ᠨᠢᠭᠡᠴᠢ᠄ ᠠᠯᠪᠠᠨ ᠭᠡᠷ)
      ᠲᠠᠪᠤ᠂ ᠪᠠᠶ᠋ᠢᠴᠠᠭ᠋ᠠᠨ ᠰᠤᠳᠤᠯᠬᠤ ᠲᠥᠷᠥᠯ᠎ᠤᠨ ᠭᠤᠤᠯᠳᠠᠯᠭ᠎ᠠ᠎ᠲᠠᠢ ᠰᠡᠳᠦᠪ (5 ᠵᠦᠢ᠍ᠯ)  
     (ᠨᠢᠭᠡ) ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ᠎ᠤᠨ ᠰᠤᠳᠤᠯᠤᠯ᠃ ᠰᠤᠳᠤᠯᠬᠤ ᠠᠭᠤᠯᠭ᠎ᠠ᠄ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠪᠠᠭᠤᠯᠭ᠋ᠠᠭᠰᠠᠨ ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ᠎ᠢ ᠲᠣᠭᠲᠠᠭ᠋ᠠᠬᠤ ᠱᠠᠭ᠋ᠠᠷᠳᠠᠯᠭ᠎ᠠ ᠵᠢ ᠦᠨᠳᠦᠰᠦᠯᠡᠨ᠂ ᠬᠠᠮᠲᠤ ᠵᠢᠨ ᠣᠶ ᠰᠢᠭᠤᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ᠎ᠠᠴᠠ ᠨᠠᠰᠢᠬᠢ ᠬᠠᠮᠲᠤ ᠵᠢᠨ ᠰᠢᠭᠤᠶ᠋ᠢᠲᠤ ᠣᠷᠣᠨ᠎ᠤ ᠣᠶ ᠰᠢᠭᠤᠶ ᠵᠢᠨ ᠡᠬᠢ ᠪᠠᠶᠠᠯᠢᠭ ᠪᠣᠯᠤᠨ ᠠᠮᠢ ᠠᠬᠤᠶ ᠵᠢᠨ ᠪᠠᠶ᠋ᠢᠳᠠᠯ᠎ᠤᠨ ᠬᠤᠪᠢᠷᠠᠯᠲᠠ᠂ ᠲᠠᠷᠢᠶᠠᠴᠢᠳ᠎ᠤᠨ ᠣᠷᠣᠯᠭ᠎ᠠ᠂ ᠡᠵᠡᠩᠨᠡᠯᠲᠡ ᠵᠢᠨ ᠭᠣᠣᠯ ᠴᠣᠭᠴᠠ ᠵᠢᠨ ᠬᠤᠪᠢᠷᠠᠯᠲᠠ ᠵᠢᠨ ᠪᠠᠶ᠋ᠢᠳᠠᠯ᠎ᠢ ᠭᠦᠨᠵᠡᠭᠡᠶ ᠪᠠᠶ᠋ᠢᠴᠠᠭ᠋ᠠᠵᠤ᠂ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ᠂ ᠣᠶ ᠰᠢᠭᠤᠶ ᠵᠢᠨ ᠠᠵᠤ ᠦᠢ᠍ᠯᠡᠰ᠂ ᠬᠥᠳᠡᠯᠮᠦᠷᠢ ᠬᠦᠴᠦᠨ᠎ᠤ ᠬᠠᠩᠭ᠋ᠠᠯᠭ᠎ᠠ᠂ ᠰᠢᠶᠠᠨ ᠰᠢᠶᠠᠩ᠎ᠤᠨ ᠣᠶ ᠰᠢᠭᠤᠶ ᠨᠤᠳᠤᠭ ᠪᠡᠯᠴᠢᠭᠡᠷ᠎ᠤᠨ ᠪᠠᠶ᠋ᠢᠭᠤᠯᠤᠮᠵᠢ ᠵᠢᠨ ᠬᠤᠪᠢᠷᠠᠯᠲᠠ ᠵᠢᠨ ᠠᠮᠢ ᠠᠬᠤᠶ ᠭᠣᠶᠣ ᠰᠠᠶ᠋ᠢᠬᠠᠨ ᠠᠷᠠᠳ ᠢᠷᠭᠡᠳ ᠪᠠᠶᠠᠨ ᠴᠢᠨᠡᠭᠡᠯᠢᠭ ᠪᠣᠯᠬᠤ᠎ᠳᠤ ᠦᠵᠡᠭᠦᠯᠦᠭᠰᠡᠨ ᠨᠥᠯᠥᠭᠡ ᠵᠢ ᠵᠠᠳᠠᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠣᠯᠤᠨ ᠣᠶ ᠰᠢᠭᠤᠶ ᠵᠢᠨ ᠲᠠᠷᠢᠶᠠᠯᠠᠩ ᠵᠢᠴᠢ ᠰᠢᠨ᠎ᠡ ᠬᠡᠯᠪᠡᠷᠢ ᠵᠢᠨ ᠣᠶ ᠰᠢᠭᠤᠶ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠠᠮᠲᠤ ᠵᠢᠨ ᠰᠢᠭᠤᠶ᠋ᠢᠲᠤ ᠣᠷᠣᠨ᠎ᠤ ᠣᠶ ᠰᠢᠭᠤᠶ ᠵᠢᠨ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠶ᠋ᠢᠷᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠶ ᠬᠦᠰᠡᠯ ᠡᠷᠡᠮᠡᠯᠵᠡᠯ᠎ᠢ ᠣᠶ᠋ᠢᠯᠠᠭ᠋ᠠᠵᠤ᠂ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠠᠭᠤᠯᠭ᠎ᠠ ᠪᠣᠯᠤᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠰᠤᠳᠤᠯᠤᠨ ᠲᠦᠯᠦᠪᠯᠡᠨ᠎ᠡ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠲᠣᠪᠴᠢᠶᠠᠨ᠎ᠤ ᠤᠳᠤᠷᠢᠳᠤᠯᠭ᠎ᠠ᠄ ᠯᠢᠦ ᠳ᠋ᠦᠩ ᠱᠧᠩ; ᠬᠤᠰᠢᠭᠤᠴᠢᠯᠠᠬᠤ ᠨᠢᠭᠡᠴᠢ᠄ ᠬᠥᠭᠵᠢᠭᠦᠯᠦᠯᠲᠡ ᠥᠭᠡᠷᠡᠴᠢᠯᠡᠯᠲᠡ ᠵᠢᠨ ᠵᠤᠷᠭ᠋ᠠᠨ; ᠤᠷᠤᠯᠴᠠᠬᠤ ᠨᠢᠭᠡᠴᠢ᠄ ᠠᠵᠤ ᠠᠬᠤᠶ ᠵᠢᠨ ᠰᠤᠳᠤᠯᠭ᠋ᠠᠨ᠎ᠤ ᠲᠥᠪ  )
     (ᠬᠣᠶᠠᠷ) ᠡᠷᠳᠡᠮ ᠰᠢᠨᠵᠢᠯᠡᠭᠡᠨ᠎ᠤ ᠬᠦᠷᠢᠶᠡᠯᠡᠩ᠎ᠤᠨ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠬᠦ ᠪᠠᠶ᠋ᠢᠴᠠᠭ᠋ᠠᠨ ᠰᠤᠳᠤᠯᠤᠯᠲᠠ᠃ ᠰᠤᠳᠤᠯᠬᠤ ᠠᠭᠤᠯᠭ᠎ᠠ᠄ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠦᠭᠰᠡᠨ ᠲᠤᠷᠰᠢᠯᠭ᠎ᠠ ᠠᠷᠭ᠎ᠠ ᠪᠠᠷᠢᠯ᠎ᠢ ᠰᠤᠷᠤᠯᠴᠠᠨ᠂ ᠣᠶ ᠰᠢᠭᠤᠶ ᠨᠤᠲᠤᠭ ᠪᠡᠯᠴᠢᠭᠡᠷ᠎ᠤᠨ ᠪᠣᠳᠠᠲᠤ ᠪᠠᠶ᠋ᠢᠳᠠᠯ᠎ᠲᠠᠢ ᠨᠡᠶ᠋ᠢᠴᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠪᠠ ᠴᠢᠳᠠᠪᠤᠷᠢᠲᠠᠨ᠎ᠢ ᠤᠷᠮᠠᠰᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠴᠤ᠂ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠎ᠤᠨ ᠡᠭᠦᠳᠦᠯᠳᠡ ᠵᠢᠨ ᠴᠢᠨᠠᠷᠳᠠᠢ ᠰᠢᠨ᠎ᠠ ᠬᠠᠮᠢᠶᠠᠷᠤᠯᠳᠠ ᠵᠢᠨ ᠵᠢᠯᠣᠭᠣᠳᠬᠤ ᠰᠠᠨᠠᠯ᠎ᠢ ᠪᠣᠶ ᠪᠣᠯᠭ᠋ᠠᠨ᠂ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠲᠣᠪᠴᠢᠶᠠᠨ᠎ᠤ ᠤᠳᠤᠷᠢᠳᠤᠯᠭ᠎ᠠ᠄ ᠫᠸᠩ ᠶᠸᠦ ᠳ᠋ᠦᠩ; ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ; ᠣᠷᠣᠯᠴᠠᠭᠰᠠᠨ ᠨᠢᠭᠡᠴᠢ᠄ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠬᠤᠯᠤᠰᠤ ᠣᠷᠢᠶᠠᠩᠭᠤ ᠵᠢᠨ ᠲᠥᠪ᠂ ᠠᠵᠤ ᠠᠬᠤᠶ ᠵᠢᠨ ᠰᠤᠳᠤᠯᠭ᠋ᠠᠨ᠎ᠤ ᠲᠥᠪ  )
     (ᠭᠤᠷᠪᠠ) ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠪᠠᠶ᠋ᠢᠴᠠᠭ᠋ᠠᠨ ᠰᠤᠳᠤᠯᠤᠯᠲᠠ᠃ ᠰᠤᠳᠤᠯᠬᠤ ᠠᠭᠤᠯᠭ᠎ᠠ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠲᠤᠬᠠᠶ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠡᠯ᠎ᠡ ᠱᠠᠲᠤᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠣᠳᠣᠬᠠᠨ᠎ᠤ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠪᠦᠲᠦᠮᠵᠢᠲᠡᠶ ᠬᠠᠮᠠᠭ᠋ᠠᠯᠠᠨ ᠬᠥᠭᠵᠢᠭᠦᠯᠬᠦ ᠵᠢ ᠠᠬᠢᠭᠤᠯᠤᠭᠰᠠᠨ ᠪᠠ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠣᠶ᠋ᠢᠯᠠᠭ᠋ᠠᠵᠤ᠂ ᠠᠵᠢᠯ᠎ᠤᠨ ᠳᠤᠮᠳᠠ ᠢᠯᠡᠷᠡᠭᠰᠡᠨ ᠰᠢᠨ᠎ᠡ ᠪᠠᠶ᠋ᠢᠳᠠᠯ ᠪᠠ ᠰᠢᠨ᠎ᠡ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠠᠷᠭ᠋ᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠲᠣᠪᠴᠢᠶᠠᠨ᠎ᠤ ᠤᠳᠤᠷᠢᠳᠤᠯᠭ᠎ᠠ᠄ ᠯᠢ ᠱᠤ᠌ ᠮᠢᠩ;   ᠬᠤᠰᠢᠭᠤᠴᠢᠯᠠᠬᠤ ᠨᠢᠭᠡᠴᠢ᠄ ᠡᠬᠢ ᠪᠠᠶᠠᠯᠢᠭ᠎ᠤᠨ ᠵᠤᠷᠭ᠋ᠠᠨ; ᠤᠷᠤᠯᠴᠠᠬᠤ ᠨᠢᠭᠡᠴᠢ᠄ ᠲᠣᠪᠴᠢᠶᠠᠨ ᠳᠠᠷᠤᠭ᠎ᠠ ᠵᠢᠨ ᠲᠦᠷᠢᠮ᠎ᠤᠨ ᠤᠳᠤᠷᠢᠳᠬᠤ ᠳᠤᠭᠤᠶ᠋ᠢᠯᠠᠩ᠎ᠤᠨ ᠬᠣᠯᠪᠣᠭᠳᠠᠯ ᠪᠥᠬᠥᠶ ᠪᠦᠷᠢᠯᠳᠦᠬᠦᠨ   ᠨᠢᠭᠡᠴᠢ᠂ ᠬᠠᠮᠢᠶ᠎ᠠ ᠪᠥᠬᠥᠶ ᠲᠤᠰᠬᠠᠶ ᠲᠤᠰᠢᠶᠠᠯᠲᠠᠨ᠎ᠤ ᠠᠯᠪᠠᠨ ᠬᠡᠷ᠂ ᠠᠵᠤ ᠠᠬᠤᠶ ᠵᠢᠨ ᠰᠤᠳᠤᠯᠭ᠋ᠠᠨ᠎ᠤ ᠲᠥᠪ  )
     (ᠳᠥᠷᠪᠡ) ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠤᠷᠬᠢᠯ᠎ᠳᠤ ᠲᠤᠯᠭ᠋ᠠᠬᠤ ᠵᠢᠴᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠪᠠ ᠣᠶ ᠰᠢᠭᠤᠶ ᠨᠤᠳᠤᠭ ᠪᠡᠯᠴᠢᠭᠡᠷ᠎ᠲᠠᠢ ᠬᠣᠯᠪᠣᠭᠳᠠᠭᠰᠠᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠪᠠᠶ᠋ᠢᠴᠠᠭ᠋ᠠᠨ ᠰᠤᠳᠤᠯᠤᠯᠲᠠ᠃ ᠰᠤᠳᠤᠯᠬᠤ ᠠᠭᠤᠯᠭ᠎ᠠ᠄ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ ᠳᠡᠭᠡᠷᠡᠬᠢ 《ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠠᠮᠢ ᠠᠬᠤᠶ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠵᠢ ᠳᠡᠭᠡᠭᠰᠢᠯᠡᠭᠦᠯᠬᠦ》 ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠤᠷᠬᠢᠯ᠎ᠳᠤ ᠲᠤᠯᠭ᠋ᠠᠬᠤ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠠᠵᠢᠯ᠎ᠢ ᠢᠳᠡᠪᠬᠢᠲᠡᠶ ᠰᠠᠶ᠋ᠢᠲᠤᠷ ᠬᠢᠵᠦ᠂ ᠲᠡᠬᠦᠨ᠎ᠤ ᠢᠳᠡᠪᠬᠢ ᠦᠢ᠍ᠯᠡᠳᠦᠯ᠎ᠢ ᠰᠤᠳᠤᠯᠤᠨ ᠪᠠᠶ᠋ᠢᠴᠠᠭ᠋ᠠᠵᠤ᠂ ᠡᠳ᠋᠎ᠤᠨ ᠵᠠᠰᠠᠭ᠎ᠠᠴᠠ ᠶᠡᠬᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠵᠢ ᠳᠡᠮᠵᠢᠬᠦ᠂ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ 2021 ᠣᠨ᠎ᠤ ᠡᠴᠦᠰ᠎ᠠᠴᠠ ᠡᠮᠦᠨ᠎ᠡ ᠪᠡᠶᠡᠯᠡᠭᠦᠯᠦᠨ᠎ᠡ᠃ (ᠲᠣᠪᠴᠢᠶᠠᠨ᠎ᠤ ᠤᠳᠤᠷᠢᠳᠤᠯᠭ᠎ᠠ᠄ ᠯᠢ ᠴᠦᠨ ᠯᠢᠶᠠᠩ; ᠬᠤᠰᠢᠭᠤᠴᠢᠯᠠᠬᠤ ᠨᠢᠭᠡᠴᠢ᠄ ᠡᠳ᠋᠎ᠤᠨ ᠶᠠᠪᠤᠳᠠᠯ᠎ᠤᠨ ᠲᠦᠯᠦᠪᠵᠢᠬᠦᠯᠭᠡ ᠵᠢᠨ ᠵᠤᠷᠭ᠋ᠠᠨ; ᠤᠷᠤᠯᠴᠠᠬᠤ ᠨᠢᠭᠡᠴᠢ᠄ ᠠᠮᠢ ᠠᠬᠤᠶ ᠵᠢᠨ ᠵᠤᠷᠭ᠋ᠠᠨ᠂ ᠠᠵᠤ ᠠᠬᠤᠶ ᠵᠢᠨ ᠰᠤᠳᠤᠯᠭ᠋ᠠᠨ᠎ᠤ ᠲᠥᠪ  )
     (ᠲᠠᠪᠤ) ᠤᠢ ᠰᠢᠭᠤᠶ ᠵᠢᠨ ᠶᠠᠰᠤ ᠴᠢᠨᠠᠷ᠂ ᠠᠮᠢ ᠠᠬᠤᠶ ᠵᠢᠨ ᠴᠢᠳᠠᠮᠵᠢ ᠵᠢ ᠦᠨᠡᠯᠡᠬᠦ ᠭᠦᠢ᠍ᠴᠡᠳᠬᠡᠬᠦ ᠲᠣᠭ᠎ᠠ ᠵᠢᠨ ᠲᠤᠬᠠᠶ ᠰᠤᠳᠤᠯᠤᠯ᠃ ᠰᠤᠳᠤᠯᠬᠤ ᠠᠭᠤᠯᠭ᠎ᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠭᠰᠡᠨ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠲᠥᠰᠦᠯ》᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠣᠲᠣ ᠵᠢᠨ ᠪᠠᠶ᠋ᠢᠭ᠎ᠠ ᠣᠶ ᠰᠢᠭᠤᠶ ᠵᠢᠨ ᠡᠬᠢ ᠪᠠᠶᠠᠯᠢᠭ᠎ᠤᠨ ᠲᠠᠯᠠᠪᠠᠶ᠂ ᠬᠠᠳᠠᠭ᠋ᠠᠯᠠᠭᠳᠠᠴᠠ ᠵᠢᠨ ᠬᠡᠮᠵᠢᠶ᠎ᠡ ᠵᠢ ᠰᠢᠯᠭ᠋ᠠᠨ ᠬᠢᠨᠠᠬᠤ ᠬᠦᠢ᠍ᠴᠡᠳᠬᠡᠯ ᠲᠣᠭ᠎ᠠ ᠵᠢᠨ ᠰᠠᠭᠤᠷᠢᠨ ᠳᠡᠭᠡᠷ᠎ᠡ᠂ ᠬᠣᠯᠪᠣᠭᠳᠠᠯ ᠪᠥᠬᠥᠶ ᠣᠯᠠᠨ ᠤᠯᠤᠰ᠎ᠤᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ᠎ᠪᠠᠷ ᠬᠥᠭᠵᠢᠭᠦᠯᠬᠦ ᠦᠨᠳᠦᠰᠦᠨ ᠵᠠᠷᠴᠢᠮ᠎ᠢ ᠵᠢᠷᠤᠮᠯᠠᠨ᠂ ᠮᠠᠨ᠎ᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠢᠨᠠᠨ ᠰᠢᠨᠵᠢᠵᠦ ᠦᠨᠡᠯᠡᠬᠦ ᠠᠵᠢᠯ᠎ᠤᠨ ᠪᠣᠳᠠᠲᠠᠶ᠎ᠲᠠᠢ ᠤᠶᠠᠯᠳᠤᠭᠤᠯᠵᠤ᠂ ᠣᠷᠣᠨ ᠪᠦᠰᠡ ᠵᠢᠨ ᠣᠶ ᠰᠢᠭᠤᠶ ᠵᠢᠨ ᠶᠠᠰᠤ ᠴᠢᠨᠠᠷ ᠵᠢᠴᠢ ᠠᠮᠢ ᠠᠬᠤᠶ ᠵᠢᠨ ᠴᠢᠳᠠᠮᠵᠢ ᠵᠢ ᠶᠡᠷᠦᠩᠬᠡᠶ᠋ᠢᠯᠡᠨ ᠲᠤᠰᠬᠠᠭᠰᠠᠨ ᠦᠨᠡᠯᠡᠯᠲᠡ ᠵᠢᠨ ᠬᠦᠢ᠍ᠴᠡᠳᠬᠡᠯ ᠲᠣᠭ᠎ᠠ ᠵᠢ ᠰᠤᠳᠤᠯᠤᠨ ᠲᠣᠭᠲᠠᠭ᠋ᠠᠨ᠎ᠠ᠃ 2021 ᠣᠨ᠎ᠳᠤ ᠠᠩᠬ᠎ᠠ ᠠᠯᠬᠤᠮ᠎ᠤᠨ ᠦᠷ᠎ᠡ ᠪᠦᠲᠦᠭᠡᠯ ᠣᠯᠵᠤ᠂ 2022 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ᠃ (ᠲᠣᠪᠴᠢᠶᠠᠨ᠎ᠤ ᠤᠳᠤᠷᠢᠳᠤᠯᠭ᠎ᠠ᠄ ᠲᠠᠨ ᠭᠤᠸᠠᠩ ᠮᠢᠩ; ᠬᠤᠰᠢᠭᠤᠴᠢᠯᠠᠬᠤ ᠨᠢᠭᠡᠴᠢ᠄ ᠠᠵᠤ ᠠᠬᠤᠶ ᠵᠢᠨ ᠰᠤᠳᠤᠯᠤᠯ᠎ᠤᠨ ᠲᠥᠪ; ᠤᠷᠤᠯᠴᠠᠬᠤ ᠨᠢᠭᠡᠴᠢ᠄ ᠠᠮᠢ ᠠᠬᠤᠶ ᠵᠢᠨ ᠵᠤᠷᠭ᠋ᠠᠨ᠂ ᠡᠬᠢ ᠪᠠᠶᠠᠯᠢᠭ᠎ᠤᠨ ᠵᠤᠷᠭ᠋ᠠᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠤᠷᠭ᠋ᠠᠨ᠂ ᠵᠢᠷᠤᠭ ᠲᠥᠯᠥᠪᠯᠡᠭᠡᠨ᠎ᠤ ᠬᠦᠷᠢᠶᠡᠯᠡᠩ᠂ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ)  

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠡᠰᠡᠭ ᠣᠷᠣᠨ ᠨᠤᠲᠤᠭ᠎ᠤᠨ ᠴᠢᠨᠠᠷᠲᠠᠢ ᠬᠠᠤᠯᠢ ᠳᠦᠷᠢᠮ᠎ᠢ ᠬᠦᠴᠦᠨ ᠦᠭᠡᠢ ᠪᠣᠯᠭ᠋ᠠᠬᠤ ᠲᠤᠬᠠᠢ ᠬᠥᠬᠡᠬᠤᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠰᠢᠢ᠍ᠳᠪᠦᠷᠢ
ᠤᠯᠤᠰ᠎ᠤᠨ ᠦᠮᠴᠢᠯᠠᠯᠲᠤ ᠠᠵᠤ ᠠᠬᠤᠶ᠋ᠢᠯᠠᠯ᠎ᠤᠨ ᠠᠭᠤᠷᠬᠠᠶ ᠵᠢᠨ ᠠᠵᠢᠯ ᠲᠦᠷᠦᠯ᠎ᠤᠨ ᠡᠷᠬᠡ ᠵᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠤᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
2022 ᠤᠨ᠎ᠤ ᠬᠠᠪᠤᠷ᠎ᠤᠨ ᠤᠯᠠᠷᠢᠯ᠎ᠤᠨ ᠡᠪᠡᠰᠦᠨ᠎ᠤ ᠤᠷᠭᠤᠯᠳᠠ ᠵᠢᠨ ᠬᠤᠭᠤᠴᠠᠭ᠋ᠠᠨ᠎ᠳᠠᠬᠢ ᠪᠡᠯᠴᠢᠭᠡᠷ ᠰᠡᠷᠭᠦᠭᠡᠭᠦ ᠠᠵᠢᠯ᠎ᠤᠨ ᠲᠤᠬᠠᠢ ᠪᠠᠷᠠᠭᠤᠨ ᠦᠵᠦᠮᠦᠴᠢᠨ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠠᠷᠯᠠᠯ
ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠵᠢᠨ ᠬᠦᠴᠦᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
             蒙ICP备05000248号