ᠬᠥᠬᠡᠬᠤᠲᠠ ᠵᠠᠰᠠᠭ ᠲᠠᠷᠬᠠᠭ᠋ᠠᠭᠰᠠᠨ
[2021] 22 ᠳ᠋ᠤᠭ᠋ᠠᠷ ᠲᠣᠭ᠋ᠠᠲᠤ
2021 ᠣᠨ᠎ᠤ 11 ᠳ᠋ᠦ᠍ᠭᠡᠷ ᠰᠠᠷ᠎ᠠ ᠵᠢᠨ 3᠎ᠤ ᠡᠳᠦᠷ
ᠡᠯ᠎ᠡ ᠬᠤᠰᠢᠭᠤ᠂ ᠰᠢᠶᠠᠨ᠂ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
ᠬᠤᠲᠠ ᠵᠢᠨ ᠣᠳᠣ ᠦᠶ᠎ᠡ ᠵᠢᠨ ᠲᠠᠷᠢᠶᠠᠯᠠᠩ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠮᠠᠨ᠎ᠤ ᠬᠤᠲᠠ ᠵᠢᠨ ᠣᠳᠣ ᠦᠶ᠎ᠡ ᠵᠢᠨ ᠲᠠᠷᠢᠶᠠᠯᠠᠩ᠎ᠤᠨ ᠡᠷᠡᠭᠦᠯ ᠵᠶ᠋ᠠᠷ ᠬᠥᠭᠵᠢᠬᠦ ᠵᠢ ᠲᠦᠷᠭᠡᠳᠬᠡᠵᠦ᠂ ᠣᠷᠣᠨ᠎ᠤ ᠲᠥᠪ ᠬᠤᠲᠠ ᠵᠢᠨ ᠬᠤᠲᠠ ᠬᠥᠳᠡᠭᠡ ᠵᠢ ᠨᠢᠭᠡ ᠴᠤᠭᠴᠠᠵᠢᠭᠤᠯᠬᠤ ᠵᠢ ᠠᠬᠢᠭᠤᠯᠵᠤ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠠ ᠨᠡᠶ᠋ᠢᠭᠡᠮ᠎ᠤᠨ ᠲᠣᠭᠲᠠᠭᠤᠨ᠎ᠢ ᠪᠡᠶᠡᠯᠡᠭᠦᠯᠬᠦ ᠵᠢᠨ ᠲᠤᠰᠠᠳᠠ᠂ ᠡᠳᠦᠭᠡ ᠮᠠᠨ᠎ᠤ ᠬᠤᠲᠠ ᠵᠢᠨ ᠲᠠᠷᠢᠮᠠᠯ᠎ᠤᠨ ᠲᠥᠷᠥᠯ᠎ᠤᠨ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠲᠦᠷᠭᠡᠳᠬᠡᠬᠦ ᠲᠤᠬᠠᠶ ᠳᠣᠣᠷᠠᠬᠢ ᠮᠡᠲᠦ ᠰᠠᠨᠠᠯ᠎ᠢ ᠳᠤᠷᠠᠳᠤᠶ᠎ᠠ᠃
ᠨᠢᠭᠡ᠂ ᠵᠢᠯᠣᠭᠤᠳᠬᠤ ᠦᠵᠡᠯ ᠰᠠᠨᠠᠭ᠎ᠠ
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠪᠠ ᠲᠠᠷᠢᠶᠠᠯᠠᠩ᠎ᠤᠨ ᠦᠨᠳᠦᠰᠦᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂ ᠲᠥᠷᠥᠯ ᠲᠡᠮᠳᠡᠭᠲᠦ ᠵᠢᠨ ᠲᠤᠯᠭ᠋ᠠᠭᠤᠷᠢᠯᠠᠬᠤ ᠰᠢᠰᠲ᠋ᠧᠮᠵᠢ ᠵᠢ ᠴᠢᠩᠭ᠋ᠠᠳᠬᠠᠵᠤ᠂ ᠣᠷᠣᠨ᠎ᠤ ᠲᠥᠪ ᠬᠤᠲᠠ ᠵᠢᠨ ᠢᠳᠡᠰᠢᠨ ᠨᠣᠭᠤᠭ᠎ᠠ᠎ᠪᠠᠷ ᠭᠤᠤᠯ ᠪᠣᠯᠭ᠋ᠠᠭᠰᠠᠨ 《ᠬᠤᠯᠢᠰᠢᠨ ᠢᠳᠡᠰᠢ》 ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠬᠠᠩᠭ᠋ᠠᠯᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠥᠬᠦ ᠣᠷᠣᠨ᠎ᠤ ᠪᠡᠯᠡᠳᠬᠡᠮᠵᠢᠲᠦ ᠲᠠᠷᠢᠶᠠᠯᠠᠩ᠎ᠤᠨ ᠪᠣᠬᠢᠷᠲᠤᠯ ᠥᠬᠡᠶ ᠬᠥᠭᠵᠢᠯᠲᠡ ᠵᠢᠨ ᠥᠯᠢᠭᠡᠷ ᠳᠠᠭᠤᠷᠢᠶᠠᠯ᠎ᠢ ᠡᠭᠦᠳᠴᠦ᠂ ᠣᠷᠣᠨ᠎ᠤ ᠲᠥᠪ ᠬᠤᠲᠠ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃
ᠬᠤᠶᠠᠷ᠂ ᠦᠨᠳᠦᠰᠦᠨ ᠵᠠᠷᠴᠢᠮ
(ᠨᠢᠭᠡ) ᠠᠮᠢ ᠠᠬᠤᠶ ᠵᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠵᠢ ᠪᠠᠷᠢᠮᠲᠠᠯᠠᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠵᠢᠷᠤᠮᠯᠠᠨ᠂ ᠠᠮᠢ ᠠᠬᠤᠢ ᠵᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠴᠢᠨᠠᠷ ᠰᠠᠶ᠋ᠢᠲᠠᠢ ᠬᠥᠭᠵᠢᠯᠲᠡ᠎ᠪᠠᠷ ᠶᠡᠷᠦᠩᠬᠡᠢ ᠱᠠᠭ᠋ᠠᠷᠳᠠᠯᠭ᠎ᠠ ᠪᠣᠯᠭ᠋ᠠᠵᠤ᠂ ᠪᠡᠯᠡᠳᠬᠡᠮᠵᠢᠲᠦ ᠲᠠᠷᠢᠶᠠᠯᠠᠩ᠎ᠤᠨ 《ᠲᠦᠷᠪᠡ ᠵᠢ ᠬᠢᠵᠠᠭ᠋ᠠᠷᠯᠠᠬᠤ》 ᠠᠵᠢᠯᠯᠠᠭ᠎ᠠ ᠵᠢ ᠶᠡᠬᠡᠪᠡᠷ ᠠᠬᠢᠭᠤᠯᠵᠤ᠂ ᠭᠠᠵᠠᠷ ᠰᠢᠷᠣᠢ᠂ ᠤᠰᠤᠨ᠎ᠤ ᠡᠬᠢ ᠪᠠᠶᠠᠯᠢᠭ ᠵᠡᠷᠭᠡ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠪᠣᠯᠤᠨ ᠬᠢᠮᠢ ᠵᠢᠨ ᠪᠤᠷᠳᠤᠭᠤᠷ᠂ ᠲᠠᠷᠢᠶᠠᠨ ᠡᠮ ᠵᠡᠷᠭᠡ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠪᠦᠬᠦ ᠬᠤᠳᠠ ᠵᠢᠨ ᠪᠡᠯᠡᠳᠬᠡᠮᠵᠢᠲᠦ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ ᠵᠢ ᠪᠡᠶᠡᠯᠡᠭᠦᠯᠦᠨ᠎ᠡ᠃
(ᠬᠤᠶᠠᠷ) ᠵᠠᠬ᠎ᠠ ᠳᠡᠯᠭᠡᠭᠦᠷ ᠵᠶ᠋ᠠᠷ ᠭᠤᠤᠯᠯᠠᠭᠤᠯᠵᠤ᠂ ᠵᠠᠰᠠᠭ᠎ᠤᠨ ᠣᠷᠳᠣᠨ᠎ᠠᠴᠠ ᠬᠥᠲᠥᠯᠦᠨ ᠵᠢᠯᠣᠭᠤᠳᠬᠤ ᠵᠢ ᠪᠠᠷᠢᠮᠲᠠᠯᠠᠨ᠎ᠠ᠃ ᠵᠠᠬ᠎ᠠ ᠳᠡᠯᠭᠡᠭᠦᠷ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠭᠤᠤᠯ ᠴᠣᠭᠴᠠ ᠵᠢᠨ ᠢᠳᠡᠪᠬᠢᠵᠢᠯ ᠪᠠ ᠪᠦᠲᠦᠭᠡᠯᠴᠢ ᠴᠢᠨᠠᠷ᠎ᠢ ᠳᠠᠶ᠋ᠢᠴᠢᠯᠠᠨ᠂ ᠪᠡᠯᠡᠳᠭᠡᠮᠵᠢᠳᠤ ᠲᠠᠷᠢᠶᠠᠯᠠᠩ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠦᠨ᠎ᠡ ᠬᠠᠩᠰᠢ ᠶᠡᠷᠦᠩᠬᠡᠶ᠎ᠳᠡᠭᠡᠨ ᠵᠦᠶ ᠵᠣᠬᠢᠰᠲᠠᠶ ᠬᠢᠷᠢ ᠲᠥᠪᠰᠢᠨ᠎ᠳᠤ ᠪᠠᠶ᠋ᠢᠬᠤ ᠵᠢ ᠪᠠᠲᠤᠯᠠᠨ᠎ᠠ᠃
(ᠭᠤᠷᠪᠠ) ᠨᠢᠭᠡᠳᠦᠯᠲᠡᠶ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠵᠤ᠂ ᠵᠣᠬᠢᠴᠠᠩᠭᠤᠶ᠎ᠪᠠᠷ ᠬᠥᠭᠵᠢᠭᠦᠯᠬᠦ ᠵᠢ ᠪᠠᠷᠢᠮᠲᠠᠯᠠᠨ᠎ᠠ᠃ ᠡᠯ᠎ᠡ ᠭᠠᠵᠠᠷ ᠣᠷᠣᠨ᠎ᠤ ᠡᠬᠢ ᠪᠠᠶᠠᠯᠢᠭ᠎ᠤᠨ ᠨᠥᠬᠦᠴᠡᠯ ᠪᠠ ᠦᠢ᠍ᠯᠡᠳᠪᠦᠷᠢᠯᠡᠯ᠎ᠤᠨ ᠰᠠᠭᠤᠷᠢ ᠵᠢ ᠦᠨᠳᠦᠰᠦᠯᠡᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠪᠡᠯᠡᠳᠭᠡᠮᠵᠢᠳᠤ ᠲᠠᠷᠢᠶᠠᠯᠠᠩ᠎ᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ᠎ᠪᠠᠷ ᠪᠠᠶ᠋ᠢᠷᠢᠯᠠᠭᠤᠯᠤᠨ᠎ᠠ᠃ ᠵᠣᠬᠢᠰᠲᠠᠶ ᠬᠡᠪᠴᠢᠶᠡᠲᠦ ᠡᠵᠡᠩᠨᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠡᠪᠴᠢᠶᠡᠲᠦ ᠦᠷ᠎ᠡ ᠠᠰᠢᠭ᠎ᠢ ᠪᠡᠶᠡᠯᠡᠭᠦᠯᠦᠨ᠎ᠡ᠃ ᠠᠵᠤ ᠦᠢ᠍ᠯᠡᠰ᠎ᠤᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢ᠍ᠯᠡᠳᠪᠦᠷᠢᠯᠡᠯ ᠡᠵᠡᠩᠨᠡᠯᠲᠡ ᠵᠢᠨ ᠭᠤᠣᠯ ᠴᠣᠭᠴᠠ ᠵᠢᠨ ᠬᠤᠭᠤᠷᠣᠨᠳᠣᠬᠢ ᠠᠰᠢᠭ ᠲᠤᠰᠠ ᠵᠢᠨ ᠬᠤᠯᠪᠣᠯᠳᠤᠭᠰᠠᠨ ᠲᠣᠭᠲᠠᠴᠠ ᠵᠢ ᠢᠳᠡᠪᠬᠢᠲᠡᠶ ᠪᠠᠶ᠋ᠢᠭᠤᠯᠵᠤ᠂ ᠲᠠᠷᠢᠶᠠᠴᠢᠳ᠎ᠢ ᠲᠠᠶ᠋ᠢᠴᠢᠯᠠᠨ ᠣᠷᠣᠯᠭ᠎ᠠ ᠵᠢ᠎ᠨᠢ ᠲᠣᠭᠲᠠᠭᠤᠨ ᠵᠶ᠋ᠠᠷ ᠨᠡᠮᠡᠭᠳᠡᠭᠦᠯᠦᠨ᠎ᠡ᠃
(ᠳᠥᠷᠪᠡ) ᠰᠢᠨ᠎ᠡ ᠵᠢ ᠡᠭᠦᠳᠬᠦ᠎ᠪᠠᠷ ᠬᠥᠲᠥᠯᠦᠨ ᠳᠠᠭ᠋ᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠨ᠎ᠠ᠃ ᠣᠷᠣᠨ᠎ᠤ ᠲᠥᠪ ᠬᠤᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠠᠭᠤᠯᠢᠭ᠎ᠲᠤ ᠲᠦᠰᠢᠭᠯᠡᠨ᠂ ᠪᠡᠯᠡᠳᠭᠡᠮᠵᠢᠳᠤ ᠲᠠᠷᠢᠶᠠᠯᠠᠩ᠎ᠤᠨ ᠰᠢᠨ᠎ᠡ ᠲᠥᠷᠥᠯ ᠵᠦᠢ᠍ᠯ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠵᠢ ᠣᠷᠣᠭᠤᠯᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠪᠡᠯᠡᠳᠭᠡᠮᠵᠢᠳᠤ ᠲᠠᠷᠢᠶᠠᠯᠠᠩ᠎ᠤᠨ ᠪᠠᠷᠢᠮᠵᠢᠶᠠᠵᠢᠭᠰᠠᠨ᠂ ᠠᠵᠤ ᠦᠢ᠍ᠯᠡᠰᠵᠢᠭᠰᠡᠨ ᠬᠥᠭᠵᠢᠯᠲᠡ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠦᠢ᠍ᠲᠡᠨ ᠬᠡᠯᠬᠢᠶᠡᠨ᠎ᠤ ᠪᠠᠷᠠᠭ᠋ᠠᠨ᠎ᠤ ᠭᠦᠢ᠍ᠯᠭᠡᠭᠡ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠴᠢᠩᠭ᠋ᠠᠳᠬᠠᠨ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠤᠨ᠎ᠠ᠃ ᠶᠠᠰᠤ ᠴᠢᠨᠠᠷ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠪᠠ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠥᠬᠦ ᠬᠤᠲᠠ ᠵᠢᠨ ᠪᠡᠯᠡᠳᠭᠡᠮᠵᠢᠳᠤ ᠲᠠᠷᠢᠶᠠᠯᠠᠩ᠎ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠰᠠᠭᠤᠷᠢᠨ ᠭᠠᠵᠠᠷ᠎ᠤᠨ ᠦᠢ᠍ᠯᠡᠳᠪᠦᠷᠢᠯᠡᠯ᠎ᠢ ᠬᠡᠪᠴᠢᠶᠡᠵᠢᠭᠦᠯᠬᠦ᠂ ᠲᠣᠨᠤᠭ ᠲᠥᠬᠦᠭᠡᠷᠦᠮᠵᠢ ᠵᠢᠨ ᠮᠡᠷᠭᠡᠵᠢᠯ᠎ᠢ ᠲᠥᠪᠯᠡᠷᠡᠭᠦᠯᠬᠦ᠂ ᠪᠡᠯᠡᠳᠬᠡᠮᠵᠢ ᠵᠢᠨ ᠲᠥᠷᠥᠯ ᠵᠦᠢ᠍ᠯ᠎ᠢ ᠲᠤᠰᠬᠠᠶ ᠬᠡᠷᠡᠭᠯᠡᠬᠦ᠂ ᠪᠦᠷᠬᠦᠪᠴᠢ ᠮᠠᠲ᠋ᠧᠷᠢᠶᠠᠯ᠎ᠢ ᠣᠯᠠᠨ ᠶᠠᠩᠵᠤ ᠵᠢᠨ ᠪᠣᠯᠭ᠋ᠠᠬᠤ ᠵᠢᠴᠢ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠵᠦ ᠪᠣᠬᠢᠷᠲᠤᠯ ᠥᠬᠡᠶ ᠪᠣᠯᠭ᠋ᠠᠬᠤ ᠪᠠᠶ᠋ᠢᠳᠠᠯ᠎ᠢ ᠪᠣᠶ ᠪᠣᠯᠭ᠋ᠠᠨ᠎ᠠ᠃
ᠭᠤᠷᠪᠠ᠂ ᠬᠥᠭᠵᠢᠯᠲᠡ ᠵᠢᠨ ᠬᠠᠷᠠᠯᠲᠠ
(ᠨᠢᠭᠡ) ᠪᠡᠯᠡᠳᠭᠡᠮᠵᠢᠳᠤ ᠲᠠᠷᠢᠶᠠᠯᠠᠩ᠎ᠤᠨ ᠬᠡᠪᠴᠢᠶ᠎ᠡ ᠢᠯᠡᠳᠲᠡ ᠥᠷᠭᠡᠵᠢᠨ᠎ᠡ᠃ ᠣᠳᠣᠬᠠᠨ᠎ᠤ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠴᠡᠪᠡᠷ ᠲᠠᠯᠠᠪᠠᠶ 1.6 ᠲᠦᠮᠡᠨ ᠮᠥ᠍ ᠵᠢᠨ ᠰᠠᠭᠤᠷᠢᠨ ᠳᠡᠭᠡᠷ᠎ᠡ᠂ 2022 — 2025 ᠣᠨ᠎ᠳᠤ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠴᠡᠪᠡᠷ ᠲᠠᠯᠠᠪᠠᠶ ᠵᠢ ᠵᠢᠯ ᠪᠦᠷᠢ 1000 ᠮᠥ᠍ ᠰᠢᠨ᠎ᠡ᠎ᠪᠠᠷ ᠨᠡᠮᠡᠭᠳᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ ᠪᠥᠬᠦ ᠬᠤᠲᠠ ᠵᠢᠨ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠳᠠᠷᠢᠬᠤ ᠲᠠᠯᠠᠪᠠᠶ ᠵᠢ 5 ᠲᠦᠮᠡᠨ ᠮᠥ᠍ (ᠦᠢ᠍ᠯᠡᠳᠪᠦᠷᠢᠯᠡᠯ᠎ᠤᠨ ᠴᠡᠪᠡᠷ ᠲᠠᠯᠠᠪᠠᠶ ᠵᠢ 2 ᠲᠦᠮᠡᠨ ᠮᠥ᠍᠂ ᠣᠯᠠᠨ ᠤᠳᠠᠭ᠎ᠠ ᠳᠠᠷᠢᠬᠤ ᠲᠠᠯᠠᠪᠠᠢ ᠵᠢ 5 ᠲᠦᠮᠡᠨ ᠮᠥ᠍ᠪᠠᠷ ᠪᠣᠳᠣᠯᠬᠢᠯᠠᠨ᠎ᠠ) ᠬᠦᠷᠴᠦ᠂ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠭᠠᠷᠤᠯᠲᠠ 30 ᠲᠦᠮᠡᠨ ᠲᠣᠨ᠎ᠢ ᠳᠠᠪᠠᠵᠤ᠂ ᠡᠪᠦᠯ ᠬᠠᠪᠤᠷ᠎ᠤᠨ ᠤᠯᠠᠷᠢᠯ᠎ᠤᠨ ᠣᠷᠣᠨ ᠨᠤᠲᠤᠭ᠎ᠤᠨ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠬᠠᠩᠭ᠋ᠠᠯᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 2022 — 2025 ᠣᠨ᠎ᠳᠤ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠳᠠᠷᠢᠬᠤ ᠲᠠᠯᠠᠪᠠᠶ ᠵᠢ ᠵᠢᠯ ᠪᠦᠷᠢ 500 ᠮᠥ᠍ ᠰᠢᠨ᠎ᠡ᠎ᠪᠠᠷ ᠨᠡᠮᠡᠭᠳᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠰᠡᠭᠦᠯᠴᠢ ᠪᠣᠯᠬᠤ᠎ᠳᠤ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠵᠡᠷᠭᠡ ᠵᠢᠨ ᠳᠠᠷᠢᠬᠤ ᠲᠠᠯᠠᠪᠠᠶ 8000 ᠮᠥ᠍ ᠵᠢ ᠳᠠᠪᠠᠨ᠎ᠠ᠃ ᠪᠥᠬᠦ ᠬᠤᠲᠠ᠎ᠳᠤ ᠡᠷᠴᠢᠮᠵᠢᠭᠦᠯᠦᠭᠰᠡᠨ ᠴᠢᠬᠢ ᠪᠣᠶ᠋ᠢᠵᠢᠭᠤᠯᠬᠤ ᠰᠠᠭᠤᠷᠢᠨ ᠭᠠᠵᠠᠷ᠎ᠢ 3᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠵᠤ᠂ ᠴᠢᠬᠢ ᠪᠣᠶ᠋ᠢᠵᠢᠭᠤᠯᠬᠤ ᠴᠢᠳᠠᠪᠤᠷᠢ 1.5 ᠳ᠋ᠦᠩᠰᠢᠭᠤᠷ ᠰᠠᠭᠤᠷᠢ ᠵᠢ ᠳᠠᠪᠠᠨ᠎ᠠ᠃
(ᠬᠤᠶᠠᠷ) ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ ᠢᠯᠡᠳᠲᠡ ᠴᠢᠩᠭ᠋ᠠᠷᠠᠨᠠ᠃ 2025 ᠣᠨ᠎ᠳᠤ᠂ ᠪᠥᠬᠦ ᠬᠤᠲᠠ ᠵᠢᠨ ᠪᠡᠯᠡᠳᠭᠡᠮᠵᠢᠳᠤ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠴᠢᠳᠠᠪᠤᠷᠢ 1 ᠲᠦᠮᠡᠨ ᠲᠣᠨ᠎ᠳᠤ ᠬᠦᠷᠴᠦ᠂ 2020 ᠣᠨ᠎ᠤ᠎ᠬᠢ᠎ᠠᠴᠠ 50%᠎ᠠᠴᠠ ᠳᠡᠭᠡᠭᠰᠢ ᠨᠡᠮᠡᠭᠳᠡᠨ᠎ᠡ; ᠢᠳᠡᠰᠢᠨ ᠨᠣᠭᠤᠭ᠎ᠠ᠂ ᠵᠢᠮᠢᠰ᠎ᠢ ᠰᠢᠨ᠎ᠡ ᠰᠣᠷᠭᠤᠭ ᠵᠶ᠋ᠠᠷ ᠬᠥᠮᠥᠷᠭᠡᠯᠡᠨ ᠬᠠᠳᠠᠭ᠋ᠠᠯᠠᠬᠤ ᠴᠢᠳᠠᠪᠤᠷᠢ ᠵᠢ 2.5 ᠲᠦᠮᠡᠨ ᠲᠣᠨ ᠰᠢᠨ᠎ᠡ᠎ᠪᠠᠷ ᠨᠡᠮᠡᠭᠳᠡᠭᠦᠯᠦᠨ᠎ᠡ; ᠪᠡᠯᠡᠳᠭᠡᠮᠵᠢᠳᠤ ᠲᠠᠷᠢᠶᠠᠯᠠᠩ᠎ᠤᠨ ᠬᠥᠲᠥᠴᠢ ᠠᠵᠤ ᠠᠬᠤᠶ᠋ᠢᠯᠠᠯ᠎ᠢ 5᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ; ᠬᠤᠲᠠ ᠵᠢᠨ ᠳᠥᠷᠪᠡᠨ ᠲᠣᠭᠤᠷᠢᠭ ᠴᠥᠮ ᠦᠢ᠍ᠯᠡᠳᠪᠦᠷᠢᠯᠡᠬᠦ᠂ ᠰᠡᠯᠡᠭᠦᠴᠡᠬᠦ᠂ ᠲᠣᠭᠤᠷᠢᠨ ᠦᠵᠡᠬᠦ ᠵᠢ ᠨᠢᠭᠡ ᠴᠣᠭᠴᠠᠵᠢᠭᠤᠯᠤᠭᠰᠠᠨ ᠪᠡᠯᠡᠳᠭᠡᠮᠵᠢᠳᠤ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠴᠣᠭᠴᠠ ᠵᠢ ᠵᠢᠯ ᠪᠦᠷᠢ 2 ᠪᠠᠶ᠋ᠢᠭᠤᠯᠤᠨ᠎ᠠ; 5 ᠲᠠᠷᠢᠶᠠᠯᠠᠩ᠎ᠤᠨ ᠬᠤᠰᠢᠭᠤ ᠰᠢᠶᠠᠨ ᠴᠥᠮ ᠦᠢ᠍ᠯᠡᠳᠪᠦᠷᠢᠯᠡᠬᠦ᠂ ᠰᠡᠯᠡᠭᠦᠴᠡᠬᠦ᠂ ᠲᠣᠭᠤᠷᠢᠨ ᠦᠵᠡᠬᠦ ᠵᠢ ᠨᠢᠭᠡ ᠴᠣᠠᠠᠴᠠᠵᠢᠭᠤᠯᠥᠠᠠᠰᠠᠨ ᠪᠡᠯᠡᠳᠭᠡᠮᠵᠢᠳᠤ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠴᠣᠭᠴᠠ ᠵᠢ ᠵᠢᠯ ᠪᠦᠷᠢ 1 ᠪᠠᠶ᠋ᠢᠭᠤᠯᠤᠨ᠎ᠠ; ᠪᠥᠬᠦ ᠬᠤᠲᠠ ᠵᠢᠨ ᠬᠤᠲᠠ ᠵᠢᠨ ᠰᠡᠯᠡᠭᠦᠴᠡᠯ ᠵᠤᠭ᠋ᠠᠴᠠᠯ᠎ᠤᠨ ᠲᠠᠷᠢᠶᠠᠯᠠᠩ᠎ᠤᠨ ᠵᠢᠯ᠎ᠤᠨ ᠭᠥᠯᠢᠶᠡᠨ ᠠᠪᠬᠤ ᠬᠥᠮᠦᠨ᠎ᠤ ᠲᠤᠭ᠎ᠠ 150 ᠲᠦᠮᠡᠨ ᠬᠥᠮᠦᠨ ᠤᠳᠠᠭ᠎ᠠ ᠵᠢ ᠳᠠᠪᠠᠵᠤ᠂ ᠡᠵᠡᠩᠨᠡᠯᠲᠡ ᠵᠢᠨ ᠣᠷᠣᠯᠭ᠎ᠠ 5 ᠳ᠋ᠦᠩᠰᠢᠭᠤᠷ ᠲᠥᠭᠦᠷᠢᠭ᠎ᠲᠤ ᠬᠦᠷᠦᠨ᠎ᠡ᠃
(ᠭᠤᠷᠪᠠ) ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯᠭᠦᠶ ᠵᠢᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ ᠪᠣᠯᠬᠤ᠎ᠳᠤ ᠪᠥᠬᠦ ᠬᠤᠲᠠ ᠵᠢᠨ ᠬᠡᠪᠴᠢᠶᠡᠵᠢᠭᠰᠡᠨ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ ᠦᠨᠳᠦᠰᠦᠨ᠎ᠳᠡᠭᠡᠨ ᠪᠠᠷᠢᠮᠵᠢᠶᠠᠵᠢᠵᠤ᠂ ᠪᠡᠯᠡᠳᠭᠡᠮᠵᠢᠳᠤ ᠲᠠᠷᠢᠶᠠᠯᠠᠩ᠎ᠤᠨ ᠬᠥᠲᠥᠴᠢ ᠠᠵᠤ ᠠᠬᠤᠶ᠋ᠢᠯᠠᠯ ᠨᠡᠶ᠋ᠢᠳᠡᠮ᠎ᠳᠡᠭᠡᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢᠨ ᠭᠡᠷᠡᠴᠢᠯᠡᠭᠡ ᠵᠢ ᠣᠯᠵᠤ᠂ ᠪᠡᠯᠡᠳᠭᠡᠮᠵᠢᠳᠤ ᠲᠠᠷᠢᠶᠠᠯᠠᠩ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠷᠢ ᠲᠦᠪᠰᠢᠨ 98%᠎ᠠᠴᠠ ᠳᠡᠭᠡᠭᠰᠢ᠎ᠳᠤ ᠲᠣᠭᠲᠠᠪᠤᠷᠢᠵᠢᠨᠠ᠃
(ᠳᠥᠷᠪᠡ) ᠪᠣᠬᠢᠷᠲᠤᠯ ᠥᠬᠡᠶ ᠦᠢ᠍ᠯᠡᠳᠪᠦᠷᠢᠯᠡᠯ᠎ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ 2025 ᠣᠨ ᠪᠣᠯᠬᠤ᠎ᠳᠤ᠂ ᠪᠥᠬᠦ ᠬᠤᠲᠠ ᠵᠢᠨ ᠪᠡᠯᠡᠳᠬᠡᠮᠵᠢᠲᠦ ᠲᠠᠷᠢᠶᠠᠯᠠᠩ᠎ᠤᠨ ᠬᠢᠮᠢ ᠵᠢᠨ ᠲᠠᠷᠢᠶᠠᠨ ᠡᠮ᠎ᠢ ᠬᠡᠷᠡᠭᠯᠡᠬᠦ ᠬᠡᠮᠵᠢᠶ᠎ᠡ 2020 ᠣᠨ᠎ᠤ᠎ᠬᠢ᠎ᠠᠴᠠ 18%᠎ᠪᠠᠷ ᠪᠠᠭ᠋ᠠᠰᠤᠨ᠎ᠠ; ᠬᠢᠮᠢ ᠵᠢᠨ ᠪᠤᠷᠳᠤᠭᠤᠷ ᠬᠡᠷᠡᠭᠯᠡᠬᠦ ᠬᠡᠮᠵᠢᠶ᠎ᠡ 2020 ᠣᠨ᠎ᠤ᠎ᠬᠢ᠎ᠠᠴᠠ 18%᠎ᠠᠴᠠ ᠢᠯᠡᠭᠦᠦ ᠪᠠᠭ᠋ᠠᠰᠤᠨ᠎ᠠ; ᠪᠡᠯᠡᠳᠭᠡᠮᠵᠢᠳᠤ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠪᠠ ᠲᠠᠷᠢᠶᠠᠯᠠᠩ᠎ᠤᠨ ᠣᠷᠣᠭᠤᠯᠤᠯᠲᠠ ᠵᠢᠨ ᠡᠳ᠋᠎ᠤᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠵᠤ ᠠᠰᠢᠭᠯᠠᠬᠤ ᠠᠰᠢᠭᠯᠠᠮᠵᠢ ᠢᠯᠡᠳᠲᠡ ᠳᠡᠭᠡᠭᠰᠢᠯᠡᠵᠦ᠂ ᠠᠮᠢ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ ᠢᠯᠡᠳᠲᠡ ᠪᠣᠯᠣᠨ᠎ᠠ᠃
ᠳᠥᠷᠪᠡ᠂ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ
(ᠨᠢᠭᠡ) ᠣᠲᠣ ᠦᠶ᠎ᠡ ᠵᠢᠨ ᠬᠤᠲᠠ ᠵᠢᠨ ᠰᠡᠯᠡᠭᠦᠴᠡᠯ ᠵᠤᠭ᠋ᠠᠴᠠᠯ᠎ᠤᠨ ᠲᠠᠷᠢᠶᠠᠯᠠᠩ᠎ᠤᠨ ᠪᠠᠶ᠋ᠢᠷᠢᠰᠢᠭᠤᠯᠤᠯᠲᠠ᠃ 《ᠨᠢᠭᠡ ᠭᠤᠣᠯ᠂ ᠲᠠᠪᠤᠨ ᠴᠠᠭ᠋ᠠᠷᠢᠭ᠂ ᠳᠥᠷᠪᠡᠨ ᠪᠦᠰᠡ》 ᠵᠢᠨ ᠣᠲᠣ ᠦᠶ᠎ᠡ ᠵᠢᠨ ᠬᠤᠲᠠ ᠵᠢᠨ ᠰᠡᠯᠡᠭᠦᠴᠡᠯ ᠵᠤᠭ᠋ᠠᠴᠠᠯ᠎ᠤᠨ ᠲᠠᠷᠢᠶᠠᠯᠠᠩ᠎ᠢ ᠪᠠᠶ᠋ᠢᠭᠤᠯᠤᠨ᠎ᠠ᠃ ᠣᠶ᠋ᠢᠷ᠎ᠠ ᠲᠡᠭᠦᠷᠭᠡ ᠵᠢᠨ ᠭᠤᠤᠯᠳᠠᠯᠭ᠎ᠠ᠎ᠲᠠᠢ ᠪᠡᠯᠡᠳᠭᠡᠮᠵᠢᠳᠤ ᠲᠠᠷᠢᠶᠠᠯᠠᠩ ᠵᠶ᠋ᠠᠷ ᠲᠦᠰᠢᠭ ᠪᠣᠯᠭ᠋ᠠᠵᠤ᠂ ᠬᠤᠲᠠ ᠵᠢᠨ ᠭᠤᠣᠯ ᠲᠣᠭᠤᠷᠢᠭ᠎ᠢ ᠲᠣᠭᠤᠷᠢᠭᠰᠠᠨ 20 ᠺᠢᠯᠣᠮᠧᠳ᠋ᠷ᠎ᠤᠨ ᠷᠠᠳᠢᠦ᠋ᠰ᠎ᠤᠨ ᠳᠣᠲᠣᠷ᠎ᠠ᠂ ᠬᠤᠲᠠ ᠵᠢᠨ ᠭᠤᠣᠯ ᠲᠣᠭᠤᠷᠢᠭ᠎ᠲᠤ ᠬᠠᠨᠳᠤᠭᠤᠯᠤᠭᠰᠠᠨ ᠶᠡᠷᠦᠩᠬᠡᠶ᠋ᠢᠯᠡᠭᠰᠡᠨ ᠬᠡᠯᠪᠡᠷᠢ ᠵᠢᠨ ᠬᠤᠲᠠ ᠵᠢᠨ ᠣᠲᠣ ᠦᠶ᠎ᠡ ᠵᠢᠨ ᠰᠡᠯᠡᠭᠦᠴᠡᠯ ᠵᠤᠭ᠋ᠠᠴᠠᠯ᠎ᠤᠨ ᠲᠠᠷᠢᠶᠠᠯᠠᠩ᠎ᠤᠨ ᠠᠵᠤ ᠦᠢ᠍ᠯᠡᠰ᠎ᠤᠨ ᠭᠤᠤᠯ ᠴᠠᠭ᠋ᠠᠷᠢᠭ᠎ᠢ ᠪᠣᠶ ᠪᠣᠯᠭ᠋ᠠᠨ᠎ᠠ; ᠲᠠᠷᠢᠶᠠᠯᠠᠩ᠎ᠤᠨ ᠬᠤᠰᠢᠭᠤ ᠰᠢᠶᠠᠨ᠎ᠤ ᠪᠠᠶ᠋ᠢᠷᠢᠯᠠᠭᠠ ᠬᠤᠲᠠ᠎ᠪᠠᠷ ᠲᠥᠪ ᠪᠣᠯᠭ᠋ᠠᠵᠤ᠂ 10 ᠺᠢᠯᠤᠮᠸᠲᠷ ᠵᠶ᠋ᠠᠷ ᠷᠠᠳᠢᠦ᠋ᠰ ᠪᠣᠯᠭ᠋ᠠᠨ᠂ ᠬᠤᠰᠢᠭᠤ ᠰᠢᠶᠠᠨ ᠲᠣᠭᠤᠷᠢᠭ᠎ᠤᠨ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡ᠎ᠳᠤ ᠦᠢ᠍ᠯᠡᠴᠢᠯᠡᠬᠦ᠎ᠪᠠᠷ ᠭᠤᠤᠯ ᠪᠣᠯᠭ᠋ᠠᠵᠤ᠂ ᠲᠠᠪᠤᠨ ᠲᠠᠷᠢᠶᠠᠯᠠᠩ᠎ᠤᠨ ᠬᠤᠰᠢᠭᠤ ᠰᠢᠶᠠᠨ᠎ᠤ ᠪᠠᠶ᠋ᠢᠷᠢᠯᠠᠭᠠ ᠬᠤᠲᠠ ᠵᠢ ᠬᠦᠷᠢᠶᠡᠯᠡᠭᠰᠡᠨ ᠬᠤᠲᠠ ᠵᠢᠨ ᠣᠲᠣ ᠦᠶ᠎ᠡ ᠵᠢᠨ ᠲᠠᠷᠢᠶᠠᠯᠠᠩ᠎ᠤᠨ ᠲᠠᠪᠤᠨ ᠴᠠᠭ᠋ᠠᠷᠢᠭ᠎ᠢ ᠪᠣᠶ ᠪᠣᠯᠭ᠋ᠠᠨ᠎ᠠ; ᠣᠷᠣᠨ᠎ᠤ ᠲᠥᠪ ᠬᠤᠲᠠ ᠵᠢᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠬᠦᠷᠥᠮ ᠨᠤᠲᠤᠭ ᠪᠡᠯᠴᠢᠭᠡᠷ ᠵᠡᠷᠭᠡ ᠡᠬᠢ ᠪᠠᠶᠠᠯᠢᠭ᠎ᠤᠨ ᠨᠥᠬᠦᠴᠡᠯ᠎ᠳᠤ ᠲᠦᠰᠢᠭᠯᠡᠨ᠂ ᠣᠲᠣ ᠵᠢᠨ ᠪᠠᠶ᠋ᠢᠭ᠎ᠠ ᠪᠡᠯᠡᠳᠭᠡᠮᠵᠢᠳᠤ ᠲᠠᠷᠢᠶᠠᠯᠠᠩ ᠵᠶ᠋ᠠᠷ ᠰᠠᠭᠤᠷᠢ ᠪᠣᠯᠭ᠋ᠠᠵᠤ᠂ ᠳᠠᠯᠠᠨ ᠬᠠᠷ᠎ᠠ ᠠᠭᠤᠯᠠ ᠳᠠᠭ᠋ᠠᠤ᠎ᠪᠠᠷ ᠭᠤᠤᠯ ᠣᠷᠣᠨ ᠪᠦᠰᠡ ᠪᠣᠯᠭ᠋ᠠᠨ ᠠᠭᠤᠯᠠ ᠳᠠᠭ᠋ᠠᠤ ᠵᠢᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠤᠨ᠎ᠠ; ᠬᠠᠲᠤᠨ ᠭᠤᠤᠯ ᠳᠠᠭ᠋ᠠᠤ᠎ᠪᠠᠷ ᠭᠤᠤᠯ ᠣᠷᠣᠨ ᠪᠦᠰᠡ ᠪᠣᠯᠭ᠋ᠠᠵᠤ ᠭᠤᠤᠯ ᠳᠠᠭ᠋ᠠᠤ ᠵᠢᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠤᠨ᠎ᠠ; ᠲᠦᠮᠡᠳ ᠵᠡᠭᠦᠨ ᠬᠤᠰᠢᠭᠤᠨ᠎ᠤ ᠬᠠᠷ᠎ᠠ ᠤᠰᠤ ᠪᠣᠯᠤᠨ ᠡᠦ ᠢ ᠤᠰᠤᠨ ᠴᠥᠭᠦᠷᠥᠮ᠂ ᠰᠢᠨ᠎ᠡ ᠬᠤᠲᠠ ᠲᠣᠭᠤᠷᠢᠭ᠎ᠤᠨ ᠬᠠᠷᠠᠴᠢᠨ ᠤᠰᠤᠨ ᠴᠥᠭᠦᠷᠥᠮ᠂ ᠬᠤᠷᠢᠨᠭᠡᠷ ᠰᠢᠶᠠᠨ᠎ᠤ ᠴᠢᠯᠠᠭᠤᠨ ᠬᠤᠰᠢᠭᠤ ᠤᠰᠤᠨ ᠴᠥᠭᠦᠷᠥᠮ᠂ ᠴᠢᠩ ᠱᠦᠢ ᠾᠧ ᠰᠢᠶᠠᠨ᠎ᠤ ᠳ᠋ᠠᠩ ᠶᠠᠩ ᠴᠢᠶᠣᠤ ᠤᠰᠤᠨ ᠴᠥᠭᠦᠷᠥᠮ᠂ ᠲᠣᠭᠲᠠᠬᠤ ᠰᠢᠶᠠᠨ᠎ᠤ ᠡᠮᠦᠨ᠎ᠡ ᠨᠠᠭᠤᠷ ᠵᠡᠷᠭᠡ ᠣᠷᠣᠨ ᠪᠦᠰᠡ᠎ᠪᠠᠷ ᠲᠦᠰᠢᠭ ᠪᠣᠯᠭ᠋ᠠᠨ ᠴᠥᠬᠦᠷᠦᠮ ᠳᠠᠭ᠋ᠠᠤ ᠵᠢᠨ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠤᠨ᠎ᠠ; ᠬᠥᠬᠡᠬᠤᠲᠠ ᠪᠤᠭᠤᠲᠤ᠂ ᠬᠥᠬᠡᠬᠤᠲᠠ ᠵᠡᠭᠦᠨᠭ᠋ᠠᠷ᠂ ᠬᠥᠬᠡᠬᠤᠲᠠ ᠱᠦᠸᠧᠵᠸᠦ ᠵᠢᠨ ᠲᠦᠷᠭᠡᠨ᠎ᠤ ᠵᠠᠮ᠂ 110᠂ 209 ᠤᠯᠤᠰ᠎ᠤᠨ ᠵᠠᠮ᠂ 102᠂ 103᠂ 104 ᠮᠤᠵᠢ ᠵᠢᠨ ᠵᠠᠮ᠂ ᠠᠮᠢ ᠠᠬᠤᠶ ᠵᠢᠨ ᠵᠠᠮ᠂ ᠲᠦᠮᠡᠳ᠎ᠤᠨ ᠲᠠᠯ᠎ᠠ ᠵᠠᠮ᠂ ᠵᠢᠨ ᠱᠧᠩ ᠵᠠᠮ ᠵᠡᠷᠭᠡ ᠵᠠᠮ ᠳᠠᠭ᠋ᠠᠤ᠎ᠪᠠᠷ ᠲᠦᠰᠢᠭ ᠪᠣᠯᠭ᠋ᠠᠨ ᠵᠠᠮ ᠳᠠᠭ᠋ᠠᠤ ᠵᠢᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠪᠦᠰᠡ ᠵᠢ ᠪᠠᠶ᠋ᠢᠭᠤᠯᠤᠨ᠎ᠠ᠃ ᠲᠥᠪ᠎ᠢ ᠲᠣᠭᠤᠷᠢᠭᠰᠠᠨ᠂ ᠬᠠᠷᠢᠯᠴᠠᠨ ᠬᠤᠯᠪᠣᠯᠳᠤᠭᠰᠠᠨ᠂ ᠪᠦᠰᠡ ᠬᠡᠯᠪᠡᠷᠢ᠎ᠪᠠᠷ ᠳᠡᠯᠭᠡᠭᠳᠡᠭᠰᠡᠨ ᠶᠡᠭᠡ ᠬᠤᠳᠠ ᠵᠢᠨ ᠤᠳᠤ ᠦᠶ᠎ᠡ ᠵᠢᠨ ᠲᠠᠷᠢᠶᠠᠯᠠᠩ᠎ᠤᠨ ᠶᠡᠷᠦᠩᠬᠡᠢ ᠬᠥᠭᠵᠢᠯᠲᠡ ᠵᠢᠨ ᠪᠠᠶ᠋ᠢᠷᠢᠰᠢᠯ᠎ᠢ ᠪᠤᠢ ᠪᠣᠯᠭ᠋ᠠᠨ᠎ᠠ᠃
(ᠬᠤᠶᠠᠷ) ᠡᠷᠴᠢᠮᠵᠢᠭᠦᠯᠦᠭᠰᠡᠨ ᠴᠢᠬᠢ ᠪᠤᠶ᠋ᠢᠵᠢᠭᠤᠯᠬᠤ ᠰᠠᠭᠤᠷᠢᠨ ᠭᠠᠵᠠᠷ᠎ᠤᠨ ᠪᠠᠶ᠋ᠢᠷᠢᠰᠢᠭᠤᠯᠤᠯᠲᠠ᠃ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠎ᠪᠠᠷ ᠭᠤᠣᠯᠳᠠᠯᠭ᠎ᠠ ᠪᠣᠯᠭ᠋ᠠᠨ᠂ ᠪᠡᠯᠡᠳᠭᠡᠮᠵᠢᠳᠤ ᠲᠠᠷᠢᠶᠠᠯᠠᠩ᠎ᠤᠨ ᠡᠷᠴᠢᠮᠵᠢᠭᠦᠯᠦᠭᠰᠡᠨ ᠴᠢᠬᠢ ᠪᠤᠶ᠋ᠢᠵᠢᠭᠤᠯᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠬᠤ ᠪᠠ ᠲᠡᠭᠦᠯᠳᠡᠷᠵᠢᠭᠦᠯᠵᠦ᠂ ᠮᠠᠨ᠎ᠤ ᠬᠤᠳᠠ᠎ᠳᠤ ᠲᠤᠬᠢᠷᠠᠬᠤ ᠰᠢᠯᠢᠳᠡᠭ ᠡᠭᠦᠯᠳᠡᠷ᠎ᠢ ᠰᠣᠩᠭᠤᠨ ᠪᠤᠶ᠋ᠢᠵᠢᠭᠤᠯᠵᠤ᠂ ᠲᠡᠭᠦᠨ᠎ᠯᠦᠭᠡ ᠢᠵᠢ ᠪᠦᠷᠢᠳᠦᠭᠦᠯᠦᠭᠰᠡᠨ ᠴᠢᠬᠢ ᠪᠤᠶ᠋ᠢᠵᠢᠭᠤᠯᠬᠤ ᠮᠡᠷᠭᠡᠵᠢᠯ᠎ᠢ ᠬᠡᠷᠡᠭᠵᠢᠭᠦᠯᠵᠦ᠂ ᠴᠢᠬᠢ ᠪᠤᠶ᠋ᠢᠵᠢᠭᠤᠯᠬᠤ ᠬᠡᠪᠴᠢᠶ᠎ᠡ ᠵᠢ ᠥᠷᠭᠡᠳᠬᠡᠨ᠂ ᠦᠷ᠎ᠡ ᠴᠢᠬᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
(ᠭᠤᠷᠪᠠ) ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠪᠠᠶ᠋ᠢᠷᠢᠰᠢᠭᠤᠯᠤᠯᠲᠠ᠃ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠦᠸᠠᠨ ᠲᠣᠭᠤᠷᠢᠭ ᠵᠶ᠋ᠠᠷ ᠭᠤᠣᠯ ᠪᠣᠯᠭ᠋ᠠᠨ᠂ ᠪᠤᠰᠤᠳ ᠬᠤᠰᠢᠭᠤ ᠰᠢᠶᠠᠨ ᠵᠶ᠋ᠠᠷ ᠨᠥᠬᠦᠪᠦᠷᠢᠯᠡᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠲᠠᠯᠠᠪᠠᠢ ᠵᠢ ᠠᠯᠬᠤᠮ ᠠᠯᠬᠤᠮ ᠵᠶ᠋ᠠᠷ ᠥᠷᠭᠡᠳᠬᠡᠵᠦ᠂ 2 ᠲᠦᠮᠡᠨ ᠮᠦ᠍ ᠪᠡᠯᠡᠳᠭᠡᠮᠵᠢᠳᠤ ᠢᠳᠡᠰᠢᠨ ᠨᠣᠭᠤᠭ᠎ᠠ ᠲᠠᠷᠢᠬᠤ ᠬᠡᠪᠴᠢᠶ᠎ᠡ᠎ᠳᠤ ᠬᠦᠷᠭᠡᠨ᠂ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠲᠦᠷᠦᠯ ᠵᠦᠢ᠍ᠯ᠎ᠢ ᠪᠠᠶᠠᠯᠢᠭᠵᠢᠭᠤᠯᠵᠤ᠂ ᠪᠦᠬᠦ ᠬᠤᠳᠠ ᠵᠢᠨ ᠪᠡᠯᠡᠳᠭᠡᠮᠵᠢᠳᠤ ᠢᠳᠡᠰᠢᠨ ᠨᠣᠭᠤᠭ᠎ᠠ ᠵᠢᠨ ᠤᠨᠠᠯᠲᠠ ᠵᠢ ᠲᠣᠭᠲᠠᠪᠤᠷᠢᠵᠢᠭᠤᠯᠤᠨ᠎ᠠ᠃ ᠢᠳᠡᠰᠢᠨ᠎ᠤ ᠮᠥᠭᠦ ᠵᠢᠨ ᠠᠵᠤ ᠦᠢ᠍ᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠦᠴᠤᠸᠠᠨ ᠰᠢᠶᠠᠨ᠂ ᠰᠠᠶ᠋ᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ᠂ ᠢᠦᠶ ᠴᠢᠤᠸᠠᠨ ᠲᠣᠭᠤᠷᠢᠭ ᠪᠣᠯᠤᠨ ᠴᠢᠩ ᠱᠦᠶ ᠾᠧ ᠰᠢᠶᠠᠨ᠎ᠳᠤ ᠦᠨᠦᠷᠲᠦ ᠮᠥᠭᠦ᠂ ᠭᠤᠯᠭᠤᠮᠠᠲᠠᠭ᠋ᠠᠶ ᠮᠥᠭᠦ᠂ ᠬᠤᠨᠢᠨ᠎ᠤ ᠴᠦᠨᠳᠦᠭᠦᠷ ᠮᠥᠭᠦ ᠵᠡᠷᠭᠡ ᠢᠳᠡᠰᠢᠨ᠎ᠤ ᠮᠥᠭᠦ ᠵᠢᠨ ᠦᠢ᠍ᠯᠡᠳᠪᠦᠷᠢᠯᠡᠯ᠎ᠤᠨ ᠬᠡᠪᠴᠢᠶ᠎ᠡ ᠵᠢ ᠨᠡᠮᠡᠭᠳᠡᠭᠦᠯᠵᠦ᠂ ᠦᠢ᠍ᠯᠡᠳᠪᠦᠷᠢᠯᠡᠯ᠎ᠤᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠬᠤᠲᠠ ᠵᠢᠨ ᠭᠤᠣᠯ ᠲᠣᠭᠤᠷᠢᠭ᠎ᠠᠴᠠ 50 ᠺᠢᠯᠤᠮᠸᠲᠷ᠎ᠤᠨ ᠬᠡᠪᠴᠢᠶᠡᠨ ᠳᠣᠲᠣᠷ᠎ᠠ᠂ ᠨᠢᠭᠡ ᠪᠦᠯᠦᠭ ᠬᠡᠪᠴᠢᠶᠡᠵᠢᠭᠰᠡᠨ ᠵᠠᠳᠠᠭ᠋ᠠᠶ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠡᠯ᠎ᠡ ᠭᠠᠵᠠᠷ ᠣᠷᠣᠨ᠎ᠤ ᠤᠨᠴᠠᠯᠢᠬᠳᠤ ᠢᠳᠡᠰᠢᠨ ᠨᠣᠭᠤᠭ᠎ᠠ ᠵᠢᠨ ᠲᠥᠷᠥᠯ ᠲᠡᠮᠳᠡᠭᠲᠦ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠳᠠᠷᠢᠬᠤ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠵᠦ᠂ 《ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠰᠢᠶᠠᠩ ᠨᠢᠭᠡ ᠠᠵᠤ ᠦᠢ᠍ᠯᠡᠰ》᠎ᠤᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠵᠤ᠂ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃
(ᠳᠥᠷᠪᠡ) ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ᠎ᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠃ ᠰᠡᠯᠡᠭᠦᠴᠡᠨ ᠲᠣᠭᠤᠷᠢᠵᠤ ᠲᠡᠭᠦᠬᠦ᠎ᠪᠠᠷ ᠰᠠᠭᠤᠷᠢ ᠪᠣᠯᠭ᠋ᠠᠨ᠂ ᠭᠤᠣᠯᠳᠠᠭᠤ ᠰᠢᠨ᠎ᠡ ᠬᠤᠳᠠ ᠲᠣᠭᠤᠷᠢᠭ᠂ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠎ᠳᠤ ᠭᠦᠵᠡᠯᠵᠡᠭᠡᠨ᠎ᠡ᠂ ᠦᠵᠦᠮ᠂ ᠠᠮᠲᠠᠲᠤ ᠬᠡᠮᠬᠡ᠎ᠪᠠᠷ ᠭᠤᠣᠯ ᠪᠣᠯᠭ᠋ᠠᠭᠰᠠᠨ ᠪᠡᠯᠡᠳᠭᠡᠮᠵᠢᠳᠤ ᠭᠤᠸ᠎ᠠ ᠵᠢᠮᠢᠰ ᠲᠠᠷᠢᠬᠤ ᠰᠠᠭᠤᠷᠢᠨ ᠭᠠᠵᠠᠷ᠎ᠢ ᠪᠥᠳᠥᠭᠡᠨ ᠪᠠᠶ᠋ᠢᠭᠤᠯᠤᠨ᠎ᠠ᠃ ᠦᠴᠤᠸᠠᠨ ᠰᠢᠶᠠᠨ᠎ᠤ ᠬᠦᠢ᠍ᠲᠡᠨ ᠰᠡᠷᠢᠭᠦᠨ ᠠᠭᠤᠷ ᠠᠮᠢᠰᠬᠤᠯ᠎ᠤᠨ ᠨᠥᠬᠦᠴᠡᠯ᠎ᠢ ᠠᠰᠢᠭᠯᠠᠨ᠂ ᠬᠦᠢ᠍ᠲᠡᠨ ᠰᠡᠷᠢᠭᠦᠨ ᠭᠦᠵᠡᠯᠵᠡᠭᠡᠨ᠎ᠡ ᠵᠢᠨ ᠴᠢᠬᠢ ᠪᠤᠶ᠋ᠢᠵᠢᠭᠤᠯᠬᠤ᠂ ᠦᠢ᠍ᠯᠡᠳᠪᠦᠷᠢᠯᠡᠬᠦ᠂ ᠡᠳ᠋ᠰᠢᠭᠦᠯᠬᠦ ᠰᠠᠭᠤᠷᠢᠨ ᠭᠠᠵᠠᠷ᠎ᠢ ᠬᠦᠴᠦᠯᠡᠨ ᠪᠠᠶ᠋ᠢᠭᠤᠯᠤᠨ᠎ᠠ᠃ ᠥᠷᠭᠡᠨ ᠣᠯᠠᠨ ᠬᠤᠲᠠ ᠵᠢᠨ ᠠᠷᠠᠳ᠎ᠤᠨ ᠴᠢᠨᠠᠷ ᠰᠠᠶ᠋ᠢᠲᠠᠶ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠢᠨ ᠲᠤᠰᠠᠳᠠ᠂ ᠣᠲᠣ ᠵᠢᠨ ᠪᠠᠶ᠋ᠢᠭ᠎ᠠ ᠫᠧᠩᠰᠡᠨ᠎ᠳᠤ ᠵᠠᠶ᠋ᠢᠯᠠᠬᠤ ᠴᠡᠴᠡᠭ ᠳᠠᠷᠢᠬᠤ ᠬᠦᠷᠢᠶᠡᠯᠡᠩ ᠲᠣᠭᠤᠷᠢᠭ᠂ ᠰᠣᠷᠭᠤᠭ ᠴᠡᠴᠡᠭ ᠳᠠᠷᠢᠬᠤ ᠰᠠᠭᠤᠷᠢᠨ ᠭᠠᠵᠠᠷ᠎ᠲᠤ ᠲᠦᠰᠢᠭᠯᠡᠨ᠂ ᠰᠢᠨ᠎ᠡ ᠬᠤᠲᠠ ᠲᠣᠭᠤᠷᠢᠭ᠂ ᠰᠠᠶ᠋ᠢᠬᠠᠨ ᠲᠣᠭᠤᠷᠢᠭ᠂ ᠢᠦᠶ ᠴᠢᠤᠸᠠᠨ ᠲᠣᠭᠤᠷᠢᠭ᠂ ᠬᠤᠷᠢᠨᠭᠡᠷ ᠰᠢᠶᠠᠨ᠎ᠳᠤ ᠨᠢᠭᠡ ᠪᠦᠯᠦᠭ ᠪᠡᠯᠡᠳᠬᠡᠮᠵᠢᠲᠦ ᠬᠤᠸᠠᠷ ᠴᠡᠴᠡᠭ ᠳᠠᠷᠢᠬᠤ ᠰᠠᠭᠤᠷᠢᠨ ᠭᠠᠵᠠᠷ᠎ᠢ ᠭᠤᠤᠯᠳᠠᠯᠭ᠎ᠠ᠎ᠲᠠᠢ ᠬᠥᠭᠵᠢᠭᠦᠯᠦᠨ᠎ᠡ᠃
(ᠲᠠᠪᠤ) ᠠᠵᠤ ᠦᠢ᠍ᠯᠡᠰ᠎ᠤᠨ ᠠᠭᠤᠰᠤᠯᠴᠠᠭᠰᠠᠨ ᠬᠥᠭᠵᠢᠯᠲᠡ ᠵᠢᠨ ᠪᠠᠶ᠋ᠢᠷᠢᠰᠢᠭᠤᠯᠤᠯᠲᠠ᠃ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠦᠸᠠᠨ ᠲᠣᠭᠤᠷᠢᠭ ᠵᠡᠷᠭᠡ ᠪᠡᠯᠡᠳᠬᠡᠮᠵᠢᠲᠦ ᠲᠠᠷᠢᠶᠠᠯᠠᠩ᠎ᠤᠨ ᠭᠤᠣᠯ ᠭᠠᠷᠤᠯᠲᠠ ᠵᠢᠨ ᠣᠷᠣᠨ᠎ᠳᠤ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠵᠢ ᠲᠠᠷᠢᠶᠠᠨ ᠭᠠᠵᠠᠷ᠎ᠲᠤ ᠰᠢᠨ᠎ᠡ ᠰᠣᠷᠭᠤᠭ ᠵᠶ᠋ᠠᠷ ᠬᠠᠳᠠᠭ᠋ᠠᠯᠠᠬᠤ ᠬᠦᠢ᠍ᠳᠡᠨ ᠬᠡᠯᠬᠢᠶᠡᠨ᠎ᠤ ᠲᠥᠬᠦᠭᠡᠷᠦᠮᠵᠢ ᠵᠢ ᠲᠥᠪᠯᠡᠷᠡᠭᠦᠯᠦᠨ ᠪᠠᠶ᠋ᠢᠭᠤᠯᠤᠨ᠎ᠠ; ᠪᠡᠯᠡᠳᠭᠡᠮᠵᠢᠳᠤ ᠲᠠᠷᠢᠶᠠᠯᠠᠩ᠎ᠤᠨ ᠡᠳ᠋ᠰᠢᠭᠦᠯᠬᠦ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠨᠡᠮᠡᠯᠲᠡ ᠦᠷᠳᠡᠭ᠎ᠢ ᠳᠡᠭᠡᠭᠰᠢᠯᠡᠭᠦᠯᠦᠨ᠎ᠡ; ᠪᠥᠬᠦ ᠬᠤᠲᠠ ᠵᠢᠨ ᠬᠡᠪᠴᠢᠶᠡᠨ᠎ᠳᠤ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ ᠵᠶ᠋ᠠᠷ ᠬᠤᠳᠠᠯᠳᠤᠬᠤ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠵᠣᠬᠢᠰᠲᠠᠶ ᠲᠥᠯᠥᠪᠵᠢᠭᠦᠯᠦᠨ ᠪᠠᠶ᠋ᠢᠷᠢᠯᠠᠭᠤᠯᠤᠨ᠎ᠠ᠃
ᠲᠠᠪᠤ᠂ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠬᠤ ᠡᠭᠦᠷᠭᠡ
(ᠨᠢᠭᠡ) ᠪᠡᠯᠡᠳᠬᠡᠮᠵᠢᠲᠦ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ ᠨᠢᠭᠡ᠎ᠳᠤ ᠪᠡᠯᠡᠳᠭᠡᠮᠵᠢᠳᠤ ᠲᠠᠷᠢᠶᠠᠯᠠᠩ᠎ᠤᠨ ᠡᠷᠴᠢᠮᠵᠢᠭᠦᠯᠦᠨ ᠴᠢᠬᠢ ᠪᠤᠶ᠋ᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠪᠡᠯᠡᠳᠬᠡᠮᠵᠢᠲᠦ ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸ᠎ᠠ ᠵᠢᠮᠢᠰ᠎ᠤᠨ ᠡᠷᠴᠢᠮᠵᠢᠭᠦᠯᠦᠨ ᠴᠢᠬᠢ ᠪᠤᠶ᠋ᠢᠵᠢᠭᠤᠯᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠰᠢ ᠵᠢᠮᠢᠰ᠎ᠤᠨ ᠲᠦᠷᠦᠯ᠂ ᠭᠤᠸ᠎ᠠ ᠵᠢᠮᠢᠰ᠎ᠤᠨ ᠲᠦᠷᠦᠯ᠂ ᠴᠠᠭ᠋ᠠᠨ ᠨᠣᠭᠤᠭ᠎ᠠ ᠵᠢᠨ ᠲᠦᠷᠦᠯ ᠵᠡᠷᠭᠡ ᠵᠢ ᠨᠦᠬᠡᠯᠡᠭᠰᠡᠨ ᠲᠠᠪᠠᠭ᠎ᠲᠤ ᠡᠷᠴᠢᠮᠵᠢᠭᠦᠯᠦᠨ ᠴᠢᠬᠢ ᠪᠤᠶ᠋ᠢᠵᠢᠭᠤᠯᠬᠤ ᠮᠡᠷᠭᠡᠵᠢᠯ᠎ᠢ ᠭᠤᠣᠯᠳᠠᠯᠭ᠎ᠠ᠎ᠲᠠᠢ ᠳᠡᠯᠭᠡᠷᠡᠭᠦᠯᠵᠦ᠂ ᠴᠢᠬᠢ ᠪᠤᠶ᠋ᠢᠵᠢᠭᠤᠯᠬᠤ ᠲᠤᠰᠬᠠᠶ ᠪᠡᠯᠡᠳᠬᠡᠮᠵᠢ ᠵᠢᠨ ᠲᠠᠯᠠᠪᠠᠢ ᠵᠢ ᠥᠷᠭᠡᠳᠬᠡᠨ᠂ ᠴᠢᠬᠢ ᠪᠤᠶ᠋ᠢᠵᠢᠭᠤᠯᠬᠤ ᠲᠤᠰᠬᠠᠶ ᠮᠠᠰᠢᠨ ᠲᠥᠬᠦᠭᠡᠷᠦᠮᠵᠢ ᠵᠢ ᠢᠵᠢ ᠪᠦᠷᠢᠳᠦᠭᠦᠯᠵᠦ᠂ ᠴᠢᠬᠢ ᠪᠤᠶ᠋ᠢᠵᠢᠭᠤᠯᠬᠤ ᠪᠡᠯᠡᠳᠬᠡᠮᠵᠢ ᠵᠢᠨ ᠨᠥᠬᠦᠴᠡᠯ᠎ᠢ ᠰᠠᠶ᠋ᠢᠵᠢᠷᠠᠭᠤᠯᠵᠤ᠂ ᠴᠢᠬᠢ ᠪᠤᠶ᠋ᠢᠵᠢᠭᠤᠯᠬᠤ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠴᠢᠬᠢ ᠪᠤᠶ᠋ᠢᠵᠢᠭᠤᠯᠬᠤ ᠶᠠᠰᠤ ᠴᠢᠨᠠᠷ ᠪᠠ ᠬᠡᠪᠴᠢᠶ᠎ᠡ ᠵᠢ ᠳᠡᠭᠡᠭᠰᠢᠯᠡᠭᠦᠯᠦᠨ᠎ᠡ᠃ ᠴᠢᠨᠠᠷ ᠰᠠᠶ᠋ᠢᠨ᠂ ᠤᠨᠠᠯᠲᠠ ᠰᠠᠶ᠋ᠢᠨ᠂ ᠰᠥᠷᠬᠦ ᠵᠢ ᠡᠰᠡᠷᠭᠦᠴᠡᠬᠦ ᠴᠢᠨᠠᠷ ᠵᠶ᠋ᠠᠷ ᠰᠠᠶ᠋ᠢᠨ ᠡᠭᠦᠯᠳᠡᠷ᠎ᠢ ᠰᠣᠩᠭᠤᠨ ᠪᠤᠶ᠋ᠢᠵᠢᠭᠤᠯᠬᠤ ᠵᠢ ᠴᠢᠩᠭ᠋ᠠᠳᠬᠠᠵᠤ᠂ ᠲᠡᠭᠦᠨ᠎ᠯᠦᠭᠡ ᠢᠵᠢ ᠪᠦᠷᠢᠳᠦᠭᠦᠯᠦᠭᠰᠡᠨ ᠪᠣᠬᠢᠷᠲᠤᠯ ᠦᠭᠡᠢ ᠲᠠᠷᠢᠵᠤ ᠪᠣᠶ᠋ᠢᠵᠢᠭᠤᠯᠬᠤ ᠪᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠳᠡᠯᠭᠡᠷᠡᠭᠦᠯᠦᠨ᠎ᠡ᠃ 2025 ᠣᠨ ᠪᠣᠯᠬᠤ᠎ᠳᠤ᠂ ᠪᠡᠯᠡᠳᠭᠡᠮᠵᠢᠳᠤ ᠲᠠᠷᠢᠶᠠᠯᠠᠩ᠎ᠤᠨ ᠦᠷ᠎ᠡ ᠴᠢᠬᠢ ᠦᠨᠳᠦᠰᠦᠨ᠎ᠳᠡᠭᠡᠨ ᠥᠪᠡᠷ᠎ᠢ᠎ᠪᠠᠨ ᠬᠠᠩᠭ᠋ᠠᠬᠤ ᠵᠢ ᠪᠡᠶᠡᠯᠡᠭᠦᠯᠵᠦ᠂ ᠪᠥᠬᠦ ᠬᠤᠲᠠ ᠵᠢᠨ ᠪᠡᠯᠡᠳᠭᠡᠮᠵᠢᠳᠤ ᠲᠠᠷᠢᠶᠠᠯᠠᠩ᠎ᠤᠨ ᠲᠠᠷᠢᠮᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠬᠤᠶᠠᠷ᠎ᠲᠤ ᠰᠠᠭᠤᠷᠢ ᠪᠡᠯᠡᠳᠬᠡᠮᠵᠢ ᠵᠢ ᠰᠠᠶ᠋ᠢᠵᠢᠷᠠᠭᠤᠯᠵᠤ ᠲᠠᠰ ᠳᠡᠪᠰᠢᠭᠦᠯᠦᠨ᠎ᠡ᠃ ᠤᠤᠯ᠎ᠤᠨ ᠪᠠᠶ᠋ᠢᠭᠰᠠᠨ ᠪᠡᠯᠡᠳᠬᠡᠮᠵᠢᠲᠦ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠬᠤᠭᠤᠰᠣᠨ ᠬᠦᠯᠡᠮᠵᠢ᠎ᠳᠤ ᠪᠠᠷᠢᠮᠵᠢᠶᠠᠵᠢᠭᠤᠯᠬᠤ ᠥᠭᠡᠷᠡᠴᠢᠯᠡᠯᠲᠡ ᠬᠢᠨ᠎ᠡ᠃ ᠬᠡᠷᠡᠭᠯᠡᠭᠡᠨ᠎ᠤ ᠲᠧᠭᠨᠢᠭ ᠮᠡᠷᠭᠡᠵᠢᠯ᠎ᠤᠨ ᠲᠣᠨᠣᠭᠯᠠᠯ᠎ᠢ ᠳᠡᠯᠭᠡᠷᠡᠭᠦᠯᠵᠦ᠂ ᠠᠦ᠋ᠲ᠋ᠣᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠥᠳᠡᠯᠮᠦᠷᠢ ᠵᠢᠨ ᠡᠷᠴᠢᠮ᠎ᠢ ᠪᠠᠭᠤᠷᠠᠭᠤᠯᠤᠨ᠂ ᠬᠥᠳᠡᠯᠮᠦᠷᠢ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠦᠨ᠎ᠡ; ᠪᠣᠳᠠᠲᠤ ᠬᠦᠴᠦᠨ᠎ᠲᠠᠢ ᠬᠥᠲᠥᠴᠢ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠥᠨᠳᠥᠷ ᠪᠠᠷᠢᠮᠵᠢᠶᠠᠲᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠲᠠᠯᠠᠪᠠᠶ ᠵᠢ ᠥᠷᠭᠡᠳᠬᠡᠨ᠎ᠡ᠃ 2025 ᠣᠨ ᠪᠣᠯᠬᠤ᠎ᠳᠤ᠂ ᠬᠦᠯᠡᠮᠵᠢ ᠲᠣᠮᠣ ᠫᠧᠩ᠎ᠢ ᠰᠢᠨ᠎ᠡ᠎ᠪᠠᠷ ᠪᠠᠶ᠋ᠢᠭᠤᠯᠬᠤ᠂ ᠰᠡᠯᠪᠢᠨ ᠵᠠᠰᠠᠬᠤ᠎ᠪᠠᠷ ᠳᠠᠮᠵᠢᠭᠤᠯᠤᠨ᠂ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠲᠠᠯᠠᠪᠠᠶ ᠵᠢ 6000 ᠮᠥ᠍ ᠰᠢᠨ᠎ᠡ᠎ᠪᠠᠷ ᠨᠡᠮᠡᠭᠳᠡᠭᠦᠯᠦᠨ᠎ᠡ᠃ ᠡᠭᠦᠨ᠎ᠳᠤ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠵᠢ 4000 ᠮᠥ᠍ ᠰᠢᠨ᠎ᠡ᠎ᠪᠠᠷ ᠨᠡᠮᠡᠭᠳᠡᠭᠦᠯᠵᠦ᠂ ᠪᠡᠯᠡᠳᠭᠡᠮᠵᠢᠳᠤ ᠭᠤᠸ᠎ᠠ ᠵᠢᠮᠢᠰ ᠬᠤᠸᠠᠷ ᠴᠡᠴᠡᠭ ᠳᠠᠷᠢᠬᠤ ᠲᠠᠯᠠᠪᠠᠶ ᠵᠢ 2000 ᠮᠥ᠍ ᠰᠢᠨ᠎ᠡ᠎ᠪᠠᠷ ᠨᠡᠮᠡᠭᠳᠡᠭᠦᠯᠦᠨ᠎ᠡ᠃ ᠭᠤᠷᠪᠠ᠎ᠳᠤ ᠪᠡᠯᠡᠳᠭᠡᠮᠵᠢᠳᠤ ᠲᠠᠷᠢᠶᠠᠯᠠᠩ᠎ᠤᠨ ᠪᠠᠷᠢᠮᠵᠢᠶᠠᠵᠢᠭᠰᠠᠨ ᠦᠢ᠍ᠯᠡᠳᠪᠦᠷᠢᠯᠡᠯ᠎ᠢ ᠲᠦᠯᠬᠢᠨ ᠠᠬᠢᠭᠤᠯᠤᠨ᠎ᠠ᠃ ᠲᠠᠷᠢᠬᠤ ᠵᠠᠭᠪᠤᠷ᠎ᠢ ᠰᠢᠯᠢᠳᠡᠭᠵᠢᠭᠦᠯᠵᠦ᠂ ᠪᠣᠬᠢᠷᠲᠤᠯ ᠦᠭᠡᠢ᠂ ᠣᠷᠭ᠋ᠠᠨᠢᠭ ᠪᠠᠷᠢᠮᠵᠢᠶᠠᠵᠢᠭᠰᠠᠨ ᠲᠠᠷᠢᠬᠤ ᠮᠡᠷᠭᠡᠵᠢᠯ᠎ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠶᠤᠨᠴᠢᠯᠠᠭᠰᠠᠨ᠂ ᠲᠣᠭ᠋ᠠᠴᠢᠯᠠᠭᠰᠠᠨ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ᠂ ᠤᠶᠤᠨᠴᠢᠯᠠᠭᠰᠠᠨ᠂ ᠬᠦᠡᠭᠭᠡᠨ ᠬᠢᠯᠪᠠᠷᠴᠢᠯᠠᠭᠰᠠᠨ᠂ ᠠᠦ᠋ᠲ᠋ᠣᠴᠢᠯᠠᠭᠰᠠᠨ ᠲᠤᠨᠤᠭ ᠲᠥᠬᠦᠭᠡᠷᠦᠮᠵᠢ ᠵᠢ ᠣᠷᠣᠭᠤᠯᠤᠨ ᠬᠡᠷᠡᠭᠯᠡᠭᠰᠡᠨ ᠰᠠᠭᠤᠷᠢᠨ ᠭᠠᠵᠠᠷ᠎ᠲᠤ ᠨᠥᠬᠦᠪᠥᠷᠢ ᠣᠯᠭᠤᠵᠤ᠂ ᠪᠡᠯᠡᠳᠬᠡᠮᠵᠢᠲᠦ ᠲᠠᠷᠢᠶᠠᠯᠠᠩ᠎ᠤᠨ ᠠᠵᠢᠯᠴᠢᠨ ᠬᠡᠷᠡᠭᠯᠡᠬᠦ ᠥᠪᠡᠷ᠎ᠤᠨ ᠦᠷᠳᠡᠭ᠎ᠢ ᠪᠠᠭ᠋ᠠᠰᠬᠠᠨ᠎ᠠ᠃ ᠪᠡᠯᠡᠳᠭᠡᠮᠵᠢᠳᠤ ᠲᠠᠷᠢᠶᠠᠯᠠᠩ᠎ᠳᠤ ᠬᠦᠡᠭᠭᠡᠨ ᠲᠦᠬᠦᠮ ᠲᠠᠷᠢᠵᠤ ᠪᠤᠶ᠋ᠢᠵᠢᠭᠤᠯᠬᠤ᠂ ᠤᠰᠤ ᠪᠤᠷᠳᠤᠭᠤᠷ᠎ᠢ ᠨᠢᠭᠡ ᠴᠤᠭᠴᠠᠵᠢᠭᠤᠯᠬᠤ᠂ ᠪᠣᠬᠢᠷᠲᠤᠯ ᠦᠭᠡᠢ᠎ᠪᠠᠷ ᠰᠡᠷᠭᠡᠶ᠋ᠢᠯᠡᠨ ᠡᠵᠡᠮᠳᠡᠬᠦ᠎ᠪᠠᠷ ᠭᠤᠣᠯ ᠪᠣᠯᠭ᠋ᠠᠭᠰᠠᠨ ᠰᠢᠨ᠎ᠡ ᠮᠡᠷᠭᠡᠵᠢᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ᠃ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠰᠢᠨ᠎ᠡ ᠬᠡᠯᠪᠡᠷᠢ ᠵᠢᠨ ᠤᠶᠤᠨᠲᠤ ᠬᠦᠯᠡᠮᠵᠢ ᠵᠢ ᠣᠷᠣᠭᠤᠯᠤᠨ ᠠᠪᠴᠢᠷᠠᠵᠤ᠂ ᠰᠠᠷᠠᠪᠴᠢᠨ ᠬᠡᠷ᠎ᠤᠨ ᠵᠢᠶᠠᠰᠠ ᠲᠤᠯᠤᠭᠤᠷ᠂ ᠪᠦᠷᠬᠦᠬᠦ ᠮᠠᠲ᠋ᠧᠷᠢᠶᠠᠯ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠤᠨ ᠬᠡᠷᠡᠭᠯᠡᠵᠦ᠂ ᠬᠡᠷᠡᠯ ᠲᠤᠰᠬᠠᠨ ᠳᠤᠯᠠᠭ᠋ᠠᠨ᠎ᠢ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠂ ᠪᠠᠶ᠋ᠢᠭ᠋ᠠᠯᠢ ᠵᠢᠨ ᠭᠠᠮᠰᠢᠭ᠎ᠢ ᠡᠰᠡᠷᠭᠦᠴᠡᠬᠦ ᠴᠢᠳᠠᠪᠤᠷᠢ ᠵᠢ ᠴᠢᠩᠭ᠋ᠠᠷᠠᠭᠤᠯᠤᠨ᠎ᠠ; ᠲᠠᠷᠢᠶᠠᠨ ᠭᠠᠵᠠᠷ᠎ᠢ ᠠᠷᠪᠢᠯᠠᠭᠰᠠᠨ᠂ ᠴᠢᠨᠠᠷ ᠴᠢᠨᠰᠠᠭ᠎ᠠ᠎ᠪᠠᠷ ᠰᠢᠯᠢᠳᠡᠭ᠂ ᠦᠢ᠍ᠯᠡᠳᠪᠦᠷᠢᠯᠡᠯ᠎ᠤᠨ ᠴᠢᠳᠠᠪᠤᠷᠢ᠎ᠪᠠᠷ ᠥᠨᠳᠥᠷ᠂ ᠦᠷ᠎ᠡ ᠠᠰᠢᠭ ᠵᠶ᠋ᠠᠷ ᠰᠠᠶ᠋ᠢᠨ ᠡᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠬᠡᠯᠪᠡᠷᠢ ᠵᠢᠨ ᠪᠡᠯᠡᠳᠬᠡᠮᠵᠢᠲᠦ ᠲᠠᠷᠢᠶᠠᠯᠠᠩ᠎ᠳᠤ ᠨᠥᠬᠦᠪᠥᠷᠢ ᠣᠯᠭᠤᠨ᠎ᠠ᠃
(ᠬᠤᠶᠠᠷ) ᠪᠡᠯᠡᠳᠬᠡᠮᠵᠢᠲᠦ ᠲᠠᠷᠢᠶᠠᠯᠠᠩ᠎ᠤᠨ ᠠᠭᠤᠰᠤᠯᠴᠠᠭᠰᠠᠨ ᠬᠥᠭᠵᠢᠯᠲᠡ ᠵᠢ ᠲᠦᠯᠬᠢᠨ ᠠᠬᠢᠭᠤᠯᠤᠨ᠎ᠠ ᠨᠢᠭᠡ᠎ᠳᠤ ᠢᠳᠡᠰᠢᠨ ᠨᠣᠭᠤᠭ᠎ᠠ ᠡᠳ᠋ᠰᠢᠭᠦᠯᠬᠦ ᠦᠢ᠍ᠯᠡᠰ᠎ᠢ ᠬᠥᠭᠵᠢᠭᠦᠯᠦᠨ᠎ᠡ᠃ ᠰᠠᠶ᠋ᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠵᠡᠷᠭᠡ ᠪᠡᠯᠡᠳᠭᠡᠮᠵᠢᠳᠤ ᠲᠠᠷᠢᠶᠠᠯᠠᠩ᠎ᠤᠨ ᠭᠤᠣᠯ ᠭᠠᠷᠤᠯᠲᠠ ᠵᠢᠨ ᠣᠷᠣᠨ᠎ᠳᠤ ᠪᠡᠯᠡᠳᠭᠡᠮᠵᠢᠳᠤ ᠲᠠᠷᠢᠶᠠᠯᠠᠩ᠎ᠤᠨ ᠡᠳ᠋ᠰᠢᠭᠦᠯᠬᠦ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠨᠡᠮᠡᠯᠲᠡ ᠥᠷᠳᠡᠭ᠎ᠢ ᠳᠡᠭᠡᠭᠰᠢᠯᠡᠭᠦᠯᠦᠨ᠎ᠡ᠃ ᠬᠤᠶᠠᠷ᠎ᠲᠤ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠤᠨ ᠠᠬᠢᠴᠠ ᠵᠢ ᠲᠦᠷᠭᠡᠳᠬᠡᠨ᠎ᠡ᠃ ᠪᠡᠯᠡᠳᠭᠡᠮᠵᠢᠳᠤ ᠢᠳᠡᠰᠢᠨ ᠨᠣᠭᠤᠭ᠎ᠠ᠂ ᠬᠤᠸᠠᠷ ᠴᠡᠴᠡᠭ᠂ ᠭᠤᠸ᠎ᠠ ᠵᠢᠮᠢᠰ᠎ᠤᠨ ᠰᠠᠭᠤᠷᠢᠨ ᠭᠠᠵᠠᠷ᠎ᠲᠤ ᠲᠦᠰᠢᠭᠯᠡᠨ᠂ ᠪᠡᠯᠡᠳᠭᠡᠮᠵᠢᠳᠤ ᠲᠠᠷᠢᠶᠠᠯᠠᠩ᠎ᠤᠨ ᠰᠡᠯᠡᠭᠦᠴᠡᠯ ᠵᠤᠭ᠋ᠠᠴᠠᠯ᠂ ᠰᠤᠳᠤᠯᠤᠨ ᠰᠤᠷᠤᠯᠴᠠᠵᠤ ᠪᠡᠶᠡᠴᠢᠯᠡᠨ ᠣᠶ᠋ᠢᠯᠠᠭ᠋ᠠᠬᠤ᠂ ᠡᠷᠡᠭᠦᠯ ᠮᠡᠨᠳᠦ ᠠᠮᠠᠷᠠᠵᠤ ᠰᠤᠪᠢᠯᠠᠬᠤ ᠵᠡᠷᠭᠡ ᠴᠢᠳᠠᠪᠤᠷᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠪᠡᠯᠡᠳᠭᠡᠮᠵᠢᠳᠤ ᠲᠠᠷᠢᠶᠠᠯᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠦᠲᠦᠮᠵᠢᠲᠡᠢ ᠪᠠᠳᠠᠷᠠᠭᠤᠯᠵᠤ᠂ ᠠᠵᠤ ᠦᠢ᠍ᠯᠡᠰ᠎ᠤᠨ ᠠᠭᠤᠰᠤᠯᠴᠠᠯ᠂ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠂ ᠦᠢ᠍ᠯᠡᠰ ᠪᠤᠰᠬᠠᠬᠤ ᠲᠠᠪᠴᠠᠩ᠂ ᠭᠤᠣᠯᠯᠠᠬᠤ ᠨᠥᠯᠥᠭᠡᠯᠡᠯ ᠵᠡᠷᠭᠡ ᠴᠢᠳᠠᠮᠵᠢ ᠵᠢᠨ ᠦᠢ᠍ᠯᠡᠳᠦᠯ᠎ᠢ ᠲᠤᠪᠤᠶ᠋ᠢᠯᠭ᠋ᠠᠵᠦ᠂ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠬᠦᠳᠦᠯᠦᠨ ᠳᠠᠭ᠋ᠠᠭᠤᠯᠤᠨ᠎ᠠ᠃ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ᠎ᠳᠤ ᠲᠦᠰᠢᠭᠯᠡᠨ ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠲᠣᠰᠬᠤᠨ ᠨᠢᠭᠡ ᠦᠵᠡᠮᠵᠢ᠎ᠲᠠᠢ ᠦᠵᠡᠰᠬᠦᠯᠡᠩᠲᠦ ᠰᠠᠶ᠋ᠢᠬᠠᠨ ᠠᠶ᠋ᠢᠯ ᠲᠣᠰᠬᠤᠨ ᠪᠠ ᠵᠤᠭ᠋ᠠᠴᠠᠬᠤ᠎ᠳᠤ ᠲᠣᠬᠢᠷᠠᠮᠵᠢᠲᠠᠢ ᠪᠡᠶ᠎ᠡ ᠰᠣᠪᠢᠯᠠᠬᠤ᠎ᠳᠤ ᠲᠣᠬᠢᠷᠠᠮᠵᠢᠲᠠᠶ ᠬᠥᠳᠡᠭᠡ ᠲᠣᠰᠬᠤᠨ᠎ᠤ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠵᠤ᠂ ᠬᠥᠳᠡᠭᠡ ᠲᠣᠰᠬᠤᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠰᠢᠯᠢᠳᠡᠭᠵᠢᠭᠦᠯᠦᠨ᠂ ᠪᠡᠯᠡᠳᠭᠡᠮᠵᠢᠳᠤ ᠲᠠᠷᠢᠶᠠᠯᠠᠩ ᠬᠢᠭᠡᠳ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠵᠤ᠂ ᠣᠷᠣᠨ᠎ᠤ ᠲᠥᠪ ᠬᠤᠲᠠ ᠵᠢᠨ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠤᠨ᠎ᠠ᠃ ᠭᠤᠷᠪᠠ᠎ᠳᠤ ᠬᠦᠢ᠍ᠳᠡᠨ ᠬᠡᠯᠬᠢᠶᠡᠨ᠎ᠤ ᠪᠠᠷᠠᠭ᠋ᠠᠨ᠎ᠤ ᠭᠦᠢ᠍ᠯᠭᠡᠭᠡ᠂ ᠭᠦᠢ᠍ᠯᠭᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠭᠤᠤᠯ ᠭᠠᠷᠤᠯᠲᠠ ᠵᠢᠨ ᠣᠷᠣᠨ᠎ᠳᠤ ᠵᠢᠮᠢᠰ ᠢᠳᠡᠰᠢᠨ ᠨᠣᠭᠤᠭ᠎ᠠ ᠵᠢ ᠰᠣᠷᠭᠤᠭ ᠵᠶ᠋ᠠᠷ ᠬᠠᠳᠠᠭ᠋ᠠᠯᠠᠬᠤ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠭᠤᠤᠯᠳᠠᠯᠭ᠎ᠠ᠎ᠲᠠᠢ ᠬᠡᠷᠡᠭᠵᠢᠭᠦᠯᠵᠦ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠵᠢᠨ ᠲᠠᠷᠢᠶᠠᠨ ᠭᠠᠵᠠᠷ ᠰᠢᠨ᠎ᠡ ᠰᠣᠷᠭᠤᠭ ᠵᠶ᠋ᠠᠷ ᠬᠥᠮᠥᠷᠭᠡᠯᠡᠨ ᠬᠠᠳᠠᠭ᠋ᠠᠯᠠᠬᠤ ᠬᠦᠢ᠍ᠲᠡᠨ ᠬᠡᠯᠬᠢᠶᠡᠨ᠎ᠤ ᠲᠥᠬᠦᠭᠡᠷᠦᠮᠵᠢ ᠵᠢ ᠪᠥᠲᠥᠭᠡᠨ ᠪᠠᠶ᠋ᠢᠭᠤᠯᠵᠤ᠂ ᠮᠡᠳᠡᠭᠡ ᠵᠠᠩᠭᠢ ᠵᠢ ᠠᠦ᠋ᠲ᠋ᠣ᠋ ᠴᠤᠭᠯᠠᠭᠤᠯᠬᠤ ᠲᠥᠬᠦᠭᠡᠷᠦᠮᠵᠢ ᠵᠢ ᠳᠣᠭᠢᠷᠠᠭᠤᠯᠤᠨ᠂ ᠢᠳᠡᠰᠢᠨ ᠨᠣᠭᠤᠭ᠎ᠠ ᠵᠢᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠰᠢᠨ᠎ᠡ ᠰᠣᠷᠭᠤᠭ ᠵᠶ᠋ᠠᠷ ᠬᠥᠮᠥᠷᠭᠡᠯᠡᠨ ᠬᠠᠳᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠦᠢ᠍ᠯᠡᠳᠪᠦᠷᠢᠯᠡᠯ᠎ᠤᠨ ᠳᠠᠷᠠᠭ᠋ᠠᠬᠢ ᠬᠤᠬᠢᠷᠠᠯ᠎ᠢ ᠪᠠᠭ᠋ᠠᠰᠬᠠᠨ᠎ᠠ᠃ ᠢᠳᠡᠰᠢᠨ ᠨᠣᠭᠤᠭ᠎ᠠ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ ᠵᠢᠴᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠷᠭ᠎ᠠ ᠵᠠᠮ᠎ᠢ ᠰᠢᠯᠤᠭᠤᠳᠬᠠᠵᠤ᠂ ᠠᠷᠠᠳ᠎ᠤᠨ ᠠᠮᠢᠳᠤᠷᠠᠯ ᠪᠠ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠨ᠎ᠠ᠃ ᠲᠠᠷᠢᠶᠠᠯᠠᠩ᠎ᠤᠨ ᠠᠷᠠᠯᠵᠢᠶ᠎ᠠ ᠵᠢᠨ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠎ᠢ ᠵᠦᠢ ᠵᠣᠬᠢᠰᠲᠠᠶ ᠪᠠᠶ᠋ᠢᠷᠢᠰᠢᠭᠤᠯᠵᠤ᠂ ᠤᠳᠤ ᠵᠢᠨ ᠪᠠᠶ᠋ᠢᠭ᠎ᠠ ᠲᠠᠷᠢᠶᠠᠯᠠᠩ᠎ᠤᠨ ᠠᠷᠠᠯᠵᠢᠶ᠎ᠠ ᠵᠢᠨ ᠵᠠᠬ᠎ᠠ ᠳᠡᠯᠭᠡᠭᠦᠷ᠎ᠤᠨ ᠪᠦᠳᠦᠭᠡᠨ ᠪᠠᠶ᠋ᠢᠭᠤᠯᠵᠤ ᠥᠭᠡᠷᠡᠴᠢᠯᠡᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠲᠡᠮᠵᠢᠨ᠎ᠠ᠃ ᠨᠡᠶ᠋ᠢᠭᠡᠮ᠎ᠤᠨ ᠬᠦᠴᠦᠨ᠎ᠠᠴᠠ ᠪᠡᠯᠡ ᠣᠷᠣᠭᠤᠯᠵᠤ ᠥᠨᠳᠥᠷ ᠭᠠᠷᠤᠭ᠎ᠠ᠎ᠠᠴᠠ᠂ ᠥᠨᠳᠥᠷ ᠪᠠᠷᠢᠮᠵᠢᠶ᠎ᠠ᠎ᠪᠠᠷ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠰᠢᠨ᠎ᠡ᠎ᠪᠠᠷ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠷᠢᠮᠵᠢᠶᠠᠵᠢᠭᠰᠠᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠡᠵᠡᠩᠨᠡᠯᠲᠡ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠢᠳᠡᠰᠢᠨ ᠨᠣᠭᠤᠭ᠎ᠠ ᠵᠡᠷᠭᠡ 《ᠬᠤᠯᠢᠰᠢᠨ ᠢᠳᠡᠰᠢ》 ᠵᠢᠨ ᠪᠦᠲᠦᠭᠡᠭᠳᠡᠬᠦᠨ᠎ᠢ ᠰᠢᠭᠤᠳ ᠡᠵᠡᠩᠨᠡᠵᠦ ᠰᠢᠭᠤᠳ ᠬᠠᠩᠭ᠋ᠠᠬᠤ᠂ ᠰᠦᠯᠵᠢᠶ᠎ᠡ᠎ᠪᠠᠷ ᠪᠣᠷᠣᠯᠠᠭᠤᠯᠬᠤ ᠵᠡᠷᠭᠡ ᠵᠢᠵᠢᠭᠯᠡᠨ ᠬᠤᠳᠠᠯᠳᠤᠬᠤ ᠰᠢᠨ᠎ᠡ ᠵᠠᠭᠪᠤᠷ᠎ᠢ ᠵᠣᠷᠢᠭᠵᠢᠭᠤᠯᠵᠤ᠂ 《ᠬᠤᠯᠢᠰᠢᠨ ᠢᠳᠡᠰᠢ》 ᠵᠢᠨ ᠪᠦᠲᠦᠭᠡᠭᠳᠡᠬᠦᠨ᠎ᠢ ᠵᠢᠵᠢᠭᠯᠡᠨ ᠬᠤᠳᠠᠯᠳᠤᠬᠤ ᠲᠣᠤᠷ ᠴᠡᠭ᠎ᠤᠨ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
(ᠭᠤᠷᠪᠠ) ᠪᠡᠯᠡᠳᠬᠡᠮᠵᠢᠲᠦ ᠲᠠᠷᠢᠶᠠᠯᠠᠩ᠎ᠤᠨ ᠪᠣᠬᠢᠷᠲᠤᠯ ᠦᠭᠡᠢ ᠵᠦᠭ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠤᠨ᠎ᠠ ᠨᠢᠭᠡ᠎ᠳᠤ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠠᠵᠢᠯ᠎ᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ᠎ᠤᠨ ᠲᠤᠰᠬᠠᠢ ᠮᠡᠷᠭᠡᠵᠢᠭᠰᠡᠨ ᠨᠢᠭᠡᠳᠦᠯᠲᠡᠶ ᠰᠡᠷᠭᠡᠶ᠋ᠢᠯᠡᠨ ᠨᠢᠭᠡᠳᠦᠯᠲᠡᠢ ᠤᠰᠠᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠤᠨ᠂ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠬᠡᠷᠡᠭᠯᠡᠯᠲᠡ ᠵᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠵᠢ ᠲᠦᠷᠭᠡᠳᠬᠡᠵᠦ᠂ ᠠᠮᠢᠳᠤ ᠪᠣᠳᠠᠰ᠎ᠤᠨ ᠠᠮᠢ ᠠᠬᠤᠶ ᠵᠢᠨ ᠲᠣᠬᠢᠷᠠᠭᠤᠯᠤᠯᠲᠠ ᠵᠢ ᠠᠬᠢᠭᠤᠯᠤᠨ᠂ ᠥᠨᠳᠥᠷ ᠦᠷ᠎ᠡ ᠪᠦᠲᠦᠮᠵᠢᠲᠡᠶ᠂ ᠬᠤᠤᠷ ᠪᠠᠭ᠎ᠠ᠂ ᠦᠯᠡᠳᠡᠭᠳᠡᠯ ᠪᠠᠭ᠎ᠠ ᠠᠮᠢᠳᠤ ᠪᠣᠳᠠᠰ᠎ᠤᠨ ᠲᠠᠷᠢᠶᠠᠨ ᠡᠮ᠎ᠢ ᠰᠠᠨᠠᠭ᠋ᠠᠴᠢᠯᠠᠨ᠂ ᠰᠢᠨᠵᠢᠯᠡᠬᠦ ᠤᠬᠠᠭ᠋ᠠᠨᠴᠢ᠂ ᠠᠶᠤᠯᠭᠦᠢ᠂ ᠵᠦᠶ ᠵᠣᠬᠢᠰᠲᠠᠶ ᠬᠡᠷᠡᠭᠯᠡᠬᠦ ᠵᠢ ᠵᠢᠯᠣᠭᠤᠳᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠡᠪᠡᠳᠴᠢᠨ ᠬᠤᠷᠣᠬᠠᠶ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠢ ᠴᠢᠩᠭ᠋ᠠᠳᠬᠠᠵᠤ᠂ ᠰᠣᠬᠤᠷ ᠪᠠᠯᠠᠶ᠎ᠪᠠᠷ ᠡᠮ ᠬᠡᠷᠡᠭᠯᠡᠬᠦ ᠵᠢ ᠪᠠᠭ᠋ᠠᠰᠬᠠᠨ᠎ᠠ᠃ ᠬᠤᠶᠠᠷ᠎ᠲᠤ ᠪᠤᠷᠳᠤᠭᠤᠷ᠎ᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠢ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠣᠷᠭ᠋ᠠᠨᠢᠭ ᠪᠤᠷᠳᠤᠭᠤᠷ ᠵᠶ᠋ᠠᠷ ᠬᠢᠮᠢ ᠵᠢᠨ ᠪᠤᠷᠳᠤᠭᠤᠷ᠎ᠢ ᠣᠷᠣᠯᠠᠭᠤᠯᠬᠤ ᠲᠠᠷᠢᠶᠠᠯᠠᠩ᠎ᠤᠨ ᠰᠢᠨ᠎ᠡ ᠮᠡᠷᠭᠡᠵᠢᠯ᠂ ᠰᠢᠨ᠎ᠡ ᠵᠠᠭᠪᠤᠷ᠎ᠤᠨ ᠬᠡᠷᠡᠭᠯᠡᠯᠲᠡ ᠵᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠵᠢ ᠶᠡᠬᠡᠪᠡᠷ ᠲᠦᠭᠡᠮᠡᠯᠵᠢᠭᠦᠯᠵᠦ᠂ ᠪᠢᠴᠢᠯ ᠠᠮᠢᠳᠤ ᠪᠣᠳᠠᠰ᠎ᠤᠨ ᠪᠤᠷᠳᠤᠭᠤᠷ᠂ ᠤᠰᠤᠨ᠎ᠳᠤ ᠠᠭᠤᠰᠬᠤ ᠪᠤᠷᠳᠤᠭᠤᠷ ᠵᠡᠷᠭᠡ ᠰᠢᠨ᠎ᠡ ᠬᠡᠯᠪᠡᠷᠢ ᠵᠢᠨ ᠠᠮᠢ ᠠᠬᠤᠶ᠂ ᠣᠷᠭ᠋ᠠᠨᠢᠭ ᠲᠦᠷᠦᠯ᠎ᠤᠨ ᠪᠤᠷᠳᠤᠭᠤᠷ᠎ᠢ ᠣᠷᠣᠭᠤᠯᠤᠨ ᠠᠪᠴᠢᠷᠠᠨ᠎ᠠ᠃ ᠪᠤᠷᠳᠤᠭᠤᠷ᠎ᠢ ᠪᠠᠷᠢᠮᠵᠢᠶᠠᠵᠢᠭᠤᠯᠤᠨ ᠣᠷᠣᠭᠤᠯᠬᠤ ᠵᠢ ᠳᠡᠯᠭᠡᠷᠡᠭᠦᠯᠵᠦ᠂ ᠪᠤᠷᠳᠤᠭᠤᠷ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠢᠳᠤ ᠪᠣᠳᠠᠰ᠎ᠤᠨ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠥᠷᠥᠰᠥ ᠰᠢᠷᠣᠶ ᠵᠢ ᠬᠡᠮᠵᠢᠵᠦ ᠨᠠᠶ᠋ᠢᠷᠠᠯᠭ᠎ᠠ᠎ᠲᠠᠢ᠎ᠪᠠᠷ ᠪᠤᠷᠳᠤᠭᠤᠷ ᠣᠷᠣᠭᠤᠯᠬᠤ ᠮᠡᠷᠭᠡᠵᠢᠯ᠎ᠢ ᠳᠡᠯᠭᠡᠷᠡᠭᠦᠯᠦᠨ᠎ᠡ᠃ ᠭᠤᠷᠪᠠ᠎ᠳᠤ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠴᠢᠩᠭ᠋ᠠᠳᠬᠠᠨ᠎ᠠ᠃ ᠬᠠᠶᠠᠭᠳᠠᠭᠰᠠᠨ ᠬᠠᠭᠤᠴᠢᠨ ᠲᠠᠷᠢᠶᠠᠯᠠᠩ᠎ᠤᠨ ᠪᠦᠷᠬᠦᠪᠴᠢ᠂ ᠲᠠᠷᠢᠶᠠᠨ ᠡᠮ ᠬᠢᠮᠢ ᠵᠢᠨ ᠪᠤᠷᠳᠤᠭᠤᠷ᠎ᠤᠨ ᠪᠣᠭᠤᠳᠠᠯ᠎ᠤᠨ ᠬᠠᠶᠠᠭᠳᠠᠮᠠᠯ ᠪᠣᠳᠠᠰ᠎ᠢ ᠬᠤᠷᠢᠶᠠᠨ ᠠᠪᠬᠤ ᠪᠠ ᠰᠢᠢ᠍ᠳᠪᠦᠷᠢᠯᠡᠵᠦ ᠠᠰᠢᠭᠯᠠᠬᠤ ᠡᠷᠴᠢᠮ᠎ᠢ ᠴᠢᠩᠭ᠋ᠠᠷᠠᠭᠤᠯᠤᠨ᠎ᠠ᠃ ᠡᠰᠢ ᠰᠦᠷᠡᠯ ᠳᠣᠲᠤᠷ᠎ᠠ ᠢᠳᠡᠰᠢᠨ᠎ᠤ ᠮᠥᠭᠦ ᠳᠠᠷᠢᠵᠤ ᠪᠤᠶ᠋ᠢᠵᠢᠭᠤᠯᠬᠤ ᠪᠠ ᠮᠦᠬᠦ ᠵᠢᠨ ᠰᠢᠭ᠋ᠠᠷᠤ ᠵᠢ ᠡᠷᠭᠢᠯᠳᠦᠭᠦᠯᠦᠨ ᠠᠰᠢᠭᠯᠠᠬᠤ ᠮᠡᠷᠭᠡᠵᠢᠯ᠎ᠢ ᠣᠷᠣᠭᠤᠯᠤᠨ ᠠᠪᠴᠢᠷᠠᠵᠤ᠂ ᠲᠠᠷᠢᠮᠠᠯ᠎ᠤᠨ ᠡᠰᠢ ᠰᠦᠷᠡᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
(ᠲᠥᠷᠪᠡ) ᠪᠡᠯᠡᠳᠬᠡᠮᠵᠢᠲᠦ ᠲᠠᠷᠢᠶᠠᠯᠠᠩ᠎ᠤᠨ ᠠᠵᠤ ᠦᠢ᠍ᠯᠡᠰ᠎ᠤᠨ ᠲᠤᠯᠭ᠋ᠠᠭᠤᠷᠢᠯᠠᠬᠤ ᠰᠢᠰᠲ᠋ᠧᠮᠵᠢ ᠵᠢ ᠲᠡᠭᠦᠯᠳᠡᠷᠵᠢᠭᠦᠯᠦᠨ᠎ᠡ ᠨᠢᠭᠡ᠎ᠳᠤ ᠪᠡᠯᠡᠳᠬᠡᠮᠵᠢᠲᠦ ᠲᠠᠷᠢᠶᠠᠯᠠᠩ᠎ᠳᠤ ᠭᠠᠵᠠᠷ ᠬᠡᠷᠡᠭᠯᠡᠬᠦ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠎ᠡ᠃ ᠡᠩ ᠲᠡᠷᠢᠭᠦᠨ᠎ᠳᠤ᠂ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ ᠰᠢᠷᠣᠶ ᠵᠢ ᠤᠷᠢᠳᠠᠪᠠᠷ ᠪᠠᠲᠤᠯᠠᠨ᠎ᠠ᠃ ᠣᠳᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ ᠵᠢ ᠳᠡᠮᠵᠢᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠳᠠᠬᠢ ᠲᠠᠷᠢᠮᠠᠯ ᠳᠠᠷᠢᠬᠤ᠎ᠳᠤ ᠰᠢᠭᠤᠳ ᠬᠡᠷᠡᠭᠯᠡᠬᠦ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠢ 《ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭᠳᠡᠯ》 (ᠥᠪᠥᠷ ᠪᠠᠶ᠋ᠢᠭ᠋ᠠᠯᠢ ᠡᠬᠢ ᠪᠠᠶᠠᠯᠢᠭ ᠥᠰᠥᠭ [2020] 310 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ ᠴᠢᠩᠭ᠎ᠠ ᠵᠢᠷᠤᠮᠯᠠᠨ ᠬᠡᠷᠡᠭᠯᠡᠨ᠎ᠡ᠂ ᠪᠡᠯᠡᠳᠭᠡᠮᠵᠢᠳᠤ ᠲᠠᠷᠢᠶᠠᠯᠠᠩ᠎ᠨᠢ ᠲᠠᠷᠢᠶᠠᠯᠠᠩ᠎ᠤᠨ ᠳᠣᠲᠣᠭ᠋ᠠᠳᠤ ᠪᠦᠲᠦᠴᠡ ᠵᠢᠨ ᠲᠣᠬᠢᠷᠠᠭᠤᠯᠤᠯᠲᠠ᠎ᠳᠤ ᠬᠠᠷᠢᠶᠠᠯᠠᠭᠳᠠᠵᠤ᠂ ᠡᠩ᠎ᠤᠨ ᠲᠠᠷᠢᠶᠠᠨ ᠭᠠᠵᠠᠷ᠎ᠢ ᠬᠡᠷᠡᠭᠯᠡᠵᠦ ᠪᠣᠯᠤᠨ᠎ᠠ᠂ ᠡᠵᠡᠯᠡᠬᠦ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠨᠠᠶ᠋ᠢᠳᠠᠪᠤᠷᠢᠵᠢᠭᠤᠯᠬᠤ ᠴᠢᠬᠤᠯᠠ ᠥᠬᠡᠶ᠃ ᠲᠠᠷᠢᠮᠠᠯ᠎ᠤᠨ ᠪᠡᠯᠡᠳᠬᠡᠮᠵᠢ᠎ᠨᠢ ᠲᠠᠷᠢᠶᠠᠨ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢ ᠡᠪᠳᠡᠬᠦ ᠥᠬᠡᠶ ᠪᠣᠯ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠵᠦ ᠪᠣᠯᠤᠨ᠎ᠠ᠂ ᠨᠥᠬᠦᠵᠦ ᠬᠤᠪᠢᠶᠠᠷᠢᠯᠠᠬᠤ ᠴᠢᠬᠤᠯᠠ ᠥᠬᠡᠶ; ᠲᠠᠷᠢᠶᠠᠯᠠᠬᠤ ᠳᠠᠪᠬᠤᠷᠭ᠎ᠠ ᠵᠢ ᠡᠪᠳᠡᠭᠰᠡᠨ ᠪᠣᠯᠪᠠᠴᠤ ᠣᠷᠣᠨ ᠪᠠᠶ᠋ᠢᠷᠢ ᠵᠢᠨ ᠬᠠᠷᠢᠴᠠᠭ᠎ᠠ᠎ᠠᠴᠠ ᠪᠤᠯᠵᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠦᠨᠡᠬᠡᠷ ᠵᠠᠶ᠋ᠢᠯᠠᠭᠤᠯᠬᠤ ᠵᠢᠨ ᠠᠷᠭ᠎ᠠ ᠦᠭᠡᠢ ᠪᠣᠯ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠬᠦ ᠵᠢ ᠵᠥᠪᠰᠢᠶᠡᠷᠡᠬᠦ᠎ᠳᠡᠭᠡᠨ ᠡᠷᠬᠡᠪᠰᠢ ᠨᠥᠬᠦᠵᠦ ᠬᠤᠪᠢᠶᠠᠷᠢᠯᠠᠬᠤ ᠬᠡᠷᠡᠭᠲᠡᠶ᠃ ᠳᠠᠷᠠᠭ᠎ᠠ᠎ᠨᠢ᠂ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠢ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭ᠋ᠠᠯᠠᠯ᠎ᠢ ᠵᠢᠷᠤᠮᠵᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠬᠡᠯᠡᠯᠴᠡᠭᠡᠷ ᠵᠶ᠋ᠠᠷ ᠳᠠᠩᠰᠠᠯᠠᠭᠤᠯᠬᠤ ᠲᠦᠷᠢᠮ᠎ᠢ ᠬᠡᠷᠡᠭᠵᠢᠭᠦᠯᠵᠦ᠂ ᠬᠠᠷᠢᠶ᠎ᠠ ᠲᠣᠭᠤᠷᠢᠭ᠎ᠤᠨ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠲᠠᠷᠢᠶᠠᠯᠠᠩ᠎ᠳᠤ ᠬᠤᠯᠪᠣᠭᠳᠠᠬᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠠᠩᠰᠠᠯᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠷᠬᠡᠪᠰᠢ ᠤᠷᠢᠳᠠᠪᠠᠷ ᠳᠠᠩᠰᠠᠯᠠᠭᠤᠯᠵᠤ ᠳᠠᠷᠠᠭ᠎ᠠ᠎ᠨᠢ ᠬᠡᠷᠡᠭᠯᠡᠬᠦ ᠬᠡᠷᠡᠭᠲᠡᠶ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠡᠵᠡᠩᠨᠡᠭᠴᠢ᠎ᠠᠴᠠ ᠲᠣᠰᠬᠤᠨ᠎ᠤ ᠬᠠᠮᠲᠤ ᠨᠡᠶ᠋ᠢᠲᠡ᠎ᠲᠠᠢ ᠭᠠᠵᠠᠷ ᠬᠡᠷᠡᠭᠯᠡᠬᠦ ᠬᠡᠯᠡᠯᠴᠡᠭᠡᠷ ᠲᠣᠭᠲᠠᠭᠰᠠᠨ᠎ᠤ ᠳᠠᠷᠠᠭ᠎ᠠ᠂ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠠᠴᠠ ᠬᠤᠯᠪᠣᠭᠳᠠᠯ ᠪᠦᠬᠦᠢ ᠮᠠᠲ᠋ᠧᠷᠢᠶᠠᠯ᠎ᠢ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ (ᠲᠠᠷᠢᠶᠠᠯᠠᠩ᠎ᠳᠤ ᠬᠤᠯᠪᠣᠭᠳᠠᠬᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠮᠡᠳᠡᠭᠦᠯᠵᠦ ᠳᠠᠩᠰᠠᠯᠠᠭᠤᠯᠤᠨ᠎ᠠ᠃ ᠰᠠᠷ᠎ᠠ ᠪᠦᠷᠢ ᠵᠢᠨ 15᠎ᠤ ᠡᠳᠦᠷ᠎ᠠᠴᠠ ᠡᠮᠦᠨ᠎ᠡ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ (ᠲᠠᠷᠢᠶᠠᠯᠠᠩ᠎ᠳᠤ ᠬᠤᠯᠪᠣᠭᠳᠠᠬᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠠᠴᠠ ᠳᠠᠩᠰᠠᠯᠠᠭᠤᠯᠤᠭᠰᠠᠨ ᠪᠠᠶ᠋ᠢᠳᠠᠯ ᠪᠠ ᠲᠥᠷᠥᠯ ᠵᠦᠢ᠍ᠯ᠎ᠤᠨ ᠨᠠᠷᠢᠨ ᠳᠠᠩᠰᠠ᠎ᠪᠠᠨ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃ ᠭᠤᠷᠪᠠᠳᠤᠭ᠋ᠠᠷ᠎ᠲᠤ᠂ ᠪᠡᠯᠡᠳᠬᠡᠮᠵᠢᠲᠦ ᠲᠠᠷᠢᠶᠠᠯᠠᠩ᠎ᠤᠨ ᠲᠥᠷᠥᠯ ᠵᠦᠢ᠍ᠯ᠎ᠳᠤ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠵᠢ ᠵᠣᠬᠢᠬᠤ ᠬᠡᠮᠵᠢᠶ᠎ᠡ᠎ᠪᠠᠷ ᠲᠣᠬᠢᠷᠠᠭᠤᠯᠤᠨ᠎ᠠ᠃ ᠬᠡᠪᠴᠢᠶᠡᠵᠢᠭᠦᠯᠦᠭᠰᠡᠨ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠯᠡᠩ ᠲᠣᠭᠤᠷᠢᠭ᠎ᠨᠢ 1000 ᠮᠥ᠍ ᠬᠦᠷᠬᠦ ᠦᠭᠡᠢ ᠪᠠᠶ᠋ᠢᠪᠠᠯ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠷᠴᠢᠮ ᠳᠡᠭᠡᠷ᠎ᠡ᠎ᠪᠠᠨ 10 ᠮᠥ᠍ ᠵᠢᠨ ᠳᠣᠲᠣᠷ᠎ᠠ ᠬᠢᠵᠠᠭ᠋ᠠᠷᠯᠠᠨ᠎ᠠ; 1000 ᠮᠥ᠍᠎ᠠᠴᠠ 5000 ᠮᠥ᠍ ᠵᠢᠨ ᠬᠤᠭᠤᠷᠣᠨᠳᠣ ᠪᠠᠶ᠋ᠢᠪᠠᠯ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠷᠴᠢᠮ ᠳᠡᠭᠡᠷ᠎ᠡ᠎ᠪᠠᠨ 15 ᠮᠥ᠍ ᠵᠢᠨ ᠳᠣᠲᠣᠷ᠎ᠠ ᠬᠢᠵᠠᠭ᠋ᠠᠷᠯᠠᠨ᠎ᠠ; 5000 ᠮᠥ᠍᠎ᠠᠴᠠ 10000 ᠮᠥ᠍ ᠵᠢᠨ ᠬᠤᠭᠤᠷᠣᠨᠳᠣ ᠪᠠᠶ᠋ᠢᠪᠠᠯ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠷᠴᠢᠮ ᠳᠡᠭᠡᠷ᠎ᠡ᠎ᠪᠠᠨ 20 ᠮᠥ᠍ ᠵᠢᠨ ᠳᠣᠲᠣᠷ᠎ᠠ ᠬᠢᠵᠠᠭ᠋ᠠᠷᠯᠠᠨ᠎ᠠ; 10000 ᠮᠤ᠌ᠠᠴᠠ ᠢᠯᠡᠭᠦᠦ ᠪᠠᠶ᠋ᠢᠪᠠᠯ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠷᠴᠢᠮ ᠳᠡᠭᠡᠷ᠎ᠡ᠎ᠪᠠᠨ 25 ᠮᠤ᠌ ᠵᠢᠨ ᠳᠣᠲᠣᠷ᠎ᠠ ᠬᠢᠵᠠᠭ᠋ᠠᠷᠯᠠᠨ᠎ᠠ᠃ ᠳᠥᠷᠪᠡᠳᠦᠭᠡᠷ᠎ᠲᠤ᠂ ᠪᠡᠯᠡᠳᠬᠡᠮᠵᠢᠲᠦ ᠲᠠᠷᠢᠶᠠᠯᠠᠩ᠎ᠤᠨ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠤᠨ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠠᠵᠢᠯᠯᠠᠭ᠎ᠠ ᠵᠢ ᠡᠷᠡᠰ ᠬᠤᠷᠢᠭᠯᠠᠨ ᠵᠣᠭᠰᠣᠭ᠋ᠠᠵᠤ᠂ ᠲᠣᠭᠲᠠᠭ᠋ᠠᠯ᠎ᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠪᠦᠳᠦᠭᠡᠨ ᠪᠠᠶ᠋ᠢᠭᠤᠯᠤᠯᠲᠠ ᠬᠢᠬᠦ ᠵᠢ ᠴᠢᠩᠭ᠎ᠠ ᠴᠠᠭ᠋ᠠᠵᠠᠯᠠᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠨ ᠬᠤᠷᠢᠭᠯᠠᠵᠤ᠂ ᠲᠠᠷᠢᠶᠠᠨ ᠭᠠᠵᠠᠷ᠎ᠢ ᠪᠣᠬᠢᠷᠲᠤᠭᠤᠯᠵᠤ ᠪᠣᠯᠬᠤ ᠦᠭᠡᠢ᠃ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠠᠭᠤᠰᠤᠯᠴᠠᠭᠰᠠᠨ ᠬᠥᠭᠵᠢᠯᠲᠡ᠎ᠳᠤ ᠬᠡᠷᠡᠭᠯᠡᠬᠦ ᠭᠠᠵᠠᠷ᠎ᠢ ᠲᠠᠸᠠᠷ᠎ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂ ᠨᠡᠶ᠋ᠢᠲᠡ ᠵᠢᠨ ᠪᠠᠶ᠋ᠢᠷᠢ ᠵᠡᠷᠭᠡ ᠭᠡᠷ ᠪᠠᠶ᠋ᠢᠰᠢᠩ ᠭᠠᠵᠠᠷ ᠰᠢᠷᠣᠢ ᠵᠢᠨ ᠭᠦᠷᠦᠩᠭᠡ ᠵᠢ ᠨᠡᠭᠡᠭᠡᠨ ᠠᠰᠢᠭᠯᠠᠬᠤ᠎ᠳᠤ ᠬᠡᠷᠡᠭᠯᠡᠵᠦ ᠪᠣᠯᠬᠤ ᠦᠭᠡᠢ᠂ ᠳᠤᠷ᠎ᠠ᠎ᠪᠠᠷ ᠵᠶ᠋ᠠᠨ ᠬᠡᠷᠡᠭᠴᠡᠭᠡ ᠵᠢ᠎ᠨᠢ ᠬᠤᠪᠢᠷᠠᠭᠤᠯᠬᠤ ᠪᠤᠶᠤ ᠬᠡᠰᠡᠭᠯᠡᠨ ᠰᠢᠯᠵᠢᠭᠦᠯᠦᠨ ᠬᠤᠳᠠᠯᠳᠤᠵᠤ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠃ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ (ᠲᠠᠷᠢᠶᠠᠯᠠᠩ᠎ᠳᠤ ᠬᠤᠯᠪᠣᠭᠳᠠᠬᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠣᠯ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ ᠵᠢᠨ ᠭᠤᠣᠯ ᠴᠣᠭᠴᠠ ᠮᠥᠨ᠂ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ ᠬᠠᠮᠲᠤ᠎ᠪᠠᠷ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠨ᠎ᠡ᠎ᠪᠠᠷ 《ᠬᠦᠯᠡᠮᠵᠢᠨ ᠭᠡᠷ》᠎ᠤᠨ ᠠᠰᠠᠭᠤᠳᠠᠯ ᠭᠠᠷᠬᠤ᠎ᠠᠴᠠ ᠵᠠᠶ᠋ᠢᠯᠠᠰᠬᠢᠬᠦ ᠬᠡᠷᠡᠭᠲᠡᠶ᠃ ᠬᠤᠶᠠᠷ᠎ᠲᠤ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ᠎ᠤᠨ ᠳᠠᠪᠠᠯᠲᠠᠲᠤ ᠮᠠᠶᠢᠭ᠎ᠤᠨ ᠬᠥᠭᠵᠢᠯᠲᠡ ᠵᠢ ᠬᠥᠲᠥᠯᠦᠨ ᠳᠠᠭ᠋ᠠᠭᠤᠯᠤᠨ᠎ᠠ᠃ ᠨᠢᠭᠡ ᠪᠦᠯᠦᠭ ᠲᠤᠰᠬᠠᠢ ᠮᠡᠷᠭᠡᠵᠢᠭᠰᠡᠨ᠂ ᠨᠡᠶ᠋ᠢᠭᠡᠮᠴᠢᠯᠡᠭᠰᠡᠨ ᠪᠡᠯᠡᠳᠭᠡᠮᠵᠢᠳᠤ ᠲᠠᠷᠢᠶᠠᠯᠠᠩ᠎ᠤᠨ ᠲᠠᠷᠢᠶᠠᠯᠠᠬᠤ ᠠᠵᠤ ᠠᠬᠤᠶ᠋ᠢᠯᠠᠯ᠂ ᠬᠤᠷᠰᠢᠶ᠎ᠠ ᠪᠠ ᠲᠠᠷᠢᠶᠠᠯᠠᠬᠤ ᠲᠤᠮᠤ ᠡᠷᠦᠭᠡ ᠵᠢ ᠭᠤᠣᠯᠳᠠᠯᠭ᠎ᠠ᠎ᠲᠠᠢ ᠪᠤᠶ᠋ᠢᠵᠢᠭᠤᠯᠵᠤ᠂ ᠵᠢᠮᠢᠰ ᠨᠣᠭᠤᠭ᠎ᠠ ᠵᠢᠨ ᠴᠢᠬᠢ ᠪᠤᠶ᠋ᠢᠵᠢᠭᠤᠯᠬᠤ᠂ ᠨᠢᠭᠡᠳᠦᠯᠲᠡᠶ ᠰᠡᠷᠭᠡᠶ᠋ᠢᠯᠡᠨ ᠨᠢᠭᠡᠳᠦᠯᠲᠡᠢ ᠤᠰᠠᠳᠬᠠᠬᠤ᠂ ᠬᠥᠷᠥᠰᠥ ᠰᠢᠷᠣᠶ ᠵᠢ ᠬᠡᠮᠵᠢᠵᠦ ᠨᠠᠶ᠋ᠢᠷᠠᠯᠭ᠎ᠠ᠎ᠲᠠᠢ᠎ᠪᠠᠷ ᠪᠤᠷᠳᠤᠭᠤᠷ ᠣᠷᠣᠭᠤᠯᠬᠤ᠂ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠭᠤᠣᠯ ᠴᠣᠭᠴᠠ ᠵᠢ ᠢᠳᠡᠪᠬᠢᠲᠡᠶ ᠪᠤᠶ᠋ᠢᠵᠢᠭᠤᠯᠤᠨ᠎ᠠ᠃ ᠲᠠᠷᠢᠶᠠᠯᠠᠩ᠎ᠤᠨ ᠪᠦᠲᠦᠭᠡᠭᠳᠡᠬᠦᠨ᠎ᠤ ᠡᠯᠧᠺᠳ᠋ᠷᠣᠨ ᠬᠤᠳᠠᠯᠳᠤᠭ᠎ᠠ ᠵᠡᠷᠭᠡ ᠤᠳᠤ ᠦᠶ᠎ᠡ ᠵᠢᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠵᠢ ᠲᠡᠮᠵᠢᠵᠤ᠂ ᠵᠠᠬ᠎ᠠ ᠳᠡᠯᠭᠡᠭᠦᠷ᠎ᠤᠨ ᠦᠢ᠍ᠯᠡᠴᠢᠯᠡᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠡᠷᠭᠡ ᠣᠷᠣᠨ᠎ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠬᠤᠷᠢᠨᠭᠡᠷ ᠰᠢᠶᠠᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠰᠤᠳᠤᠯᠭ᠋ᠠᠨ᠎ᠤ ᠭᠠᠵᠠᠷ᠎ᠤᠨ ᠰᠠᠭᠤᠷᠢᠨ ᠭᠠᠵᠠᠷ ᠵᠢᠴᠢ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ ᠲᠣᠭᠤᠷᠢᠭ᠎ᠲᠤ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ᠎ᠤᠨ ᠵᠠᠭᠪᠤᠷ᠎ᠤᠨ ᠲᠡᠷᠢᠭᠦᠨ᠎ᠤ ᠤᠶᠤᠨᠲᠤ ᠬᠦᠯᠡᠮᠵᠢ ᠵᠢᠨ ᠮᠡᠷᠭᠡᠵᠢᠯ᠎ᠢ ᠣᠷᠣᠭᠤᠯᠤᠨ ᠠᠪᠴᠢᠷᠠᠵᠤ᠂ ᠲᠤᠬᠠᠶ ᠵᠢᠨ ᠭᠠᠵᠠᠷ᠎ᠤᠨ ᠦᠢ᠍ᠯᠡᠳᠪᠦᠷᠢᠯᠡᠯ᠎ᠳᠤ ᠳᠣᠭᠢᠷᠠᠬᠤ ᠲᠡᠷᠢᠭᠦᠨ᠎ᠤ ᠤᠶᠤᠨᠲᠤ ᠬᠦᠯᠡᠮᠵᠢ ᠵᠢ ᠲᠤᠷᠰᠢᠨ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠰᠢᠨ᠎ᠡ ᠡᠭᠦᠯᠳᠡᠷ ᠪᠠ ᠰᠢᠨ᠎ᠡ ᠮᠡᠷᠭᠡᠵᠢᠯ᠎ᠢ ᠣᠷᠣᠭᠤᠯᠤᠨ ᠠᠪᠴᠢᠷᠠᠵᠤ᠂ ᠵᠢᠱ᠌ᠢᠶ᠎ᠡ ᠦᠵᠡᠭᠦᠯᠵᠦ᠂ ᠳᠡᠯᠭᠡᠷᠡᠭᠦᠯᠦᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠳᠡᠯᠭᠡᠷᠡᠭᠦᠯᠬᠦ ᠲᠦᠷᠪᠡ ᠵᠢ ᠨᠢᠭᠡ ᠴᠤᠭᠴᠠᠵᠢᠭᠤᠯᠤᠭᠰᠠᠨ ᠮᠡᠷᠭᠡᠵᠢᠯ᠎ᠢ ᠣᠷᠣᠭᠤᠯᠤᠨ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠬᠠᠮᠲᠤᠷᠠᠯᠴᠠᠭ᠋ᠠᠨ᠎ᠤ ᠲᠠᠪᠴᠠᠩ᠎ᠢ ᠬᠦᠴᠦᠯᠡᠨ ᠪᠠᠶ᠋ᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠬᠠᠮᠢᠶᠠᠷᠤᠯᠲᠠ ᠵᠢᠨ ᠬᠡᠯᠪᠡᠷᠢ ᠵᠢᠨ᠂ ᠰᠢᠨ᠎ᠡ ᠵᠢ ᠡᠭᠦᠳᠬᠦ ᠬᠡᠯᠪᠡᠷᠢ ᠵᠢᠨ᠂ ᠠᠳᠠᠯ ᠦᠢ᠍ᠯᠡᠰ ᠴᠣᠭᠴᠠᠯᠠᠬᠤ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠪᠡᠯᠡᠳᠭᠡᠮᠵᠢᠳᠤ ᠲᠠᠷᠢᠶᠠᠯᠠᠩ᠎ᠤᠨ ᠴᠢᠳᠠᠪᠤᠷᠢᠲᠠᠨ᠎ᠤ ᠡᠩᠨᠡᠭᠡ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠯᠡᠩ ᠲᠣᠭᠤᠷᠢᠭ ᠨᠢᠭᠡᠪᠦᠷᠢ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠪᠠᠶ᠋ᠢᠩᠭᠤ ᠵᠢᠯᠣᠭᠤᠳᠣᠯᠭ᠎ᠠ ᠬᠢᠬᠦ ᠵᠢ ᠦᠨᠡᠨᠬᠦ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠯᠡᠩ ᠲᠣᠭᠤᠷᠢᠭ᠎ᠲᠠᠬᠢ ᠡᠵᠡᠩᠨᠡᠭᠴᠢ ᠪᠠ ᠦᠢ᠍ᠯᠡᠳᠪᠦᠷᠢᠯᠡᠭᠴᠢ ᠵᠢ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠲᠠᠷᠢᠶᠠᠴᠢᠨ᠎ᠤ ᠪᠣᠯᠪᠠᠰᠤᠷᠠᠭᠤᠯᠤᠯ᠎ᠤᠨ ᠬᠡᠪᠴᠢᠶᠡᠨ᠎ᠳᠤ ᠣᠷᠣᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ᠎ᠲᠠᠢ ᠬᠠᠮᠢᠶᠠᠷᠤᠯᠲᠠ ᠵᠢᠨ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠬᠥᠳᠡᠭᠡ ᠲᠣᠰᠬᠤᠨ᠎ᠤ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠦᠨ᠎ᠡ᠃ 2025 ᠣᠨ ᠪᠣᠯᠬᠤ᠎ᠳᠤ ᠪᠡᠯᠡᠳᠭᠡᠮᠵᠢᠳᠤ ᠲᠠᠷᠢᠶᠠᠯᠠᠩ᠎ᠤᠨ ᠡᠵᠡᠩᠨᠡᠯᠲᠡ ᠬᠠᠮᠢᠶᠠᠷᠤᠯᠲᠠ᠂ ᠲᠤᠬᠠᠶ᠋ᠢᠯᠠᠭᠰᠠᠨ ᠠᠵᠢᠯ᠎ᠤᠨ ᠮᠡᠷᠭᠡᠵᠢᠯ᠎ᠤᠨ ᠠᠵᠢᠯᠲᠠᠨ᠎ᠢ 1000 ᠬᠥᠮᠦᠨ ᠤᠳᠠᠭ᠎ᠠ ᠪᠣᠯᠪᠠᠰᠤᠷᠠᠭᠤᠯᠤᠨ᠎ᠠ᠃ ᠲᠦᠷᠪᠡ᠎ᠳᠤ᠂ ᠶᠠᠰᠤ ᠴᠢᠨᠠᠷ᠎ᠢ ᠮᠥᠷᠳᠡᠬᠦ ᠰᠢᠰᠲ᠋ᠧᠮᠵᠢ ᠪᠣᠯᠤᠨ ᠲᠦᠷᠦᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ 《ᠡᠭᠦᠯᠳᠡᠷ᠎ᠢ ᠰᠠᠶ᠋ᠢᠵᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠵᠢ ᠪᠣᠶ ᠪᠣᠯᠭ᠋ᠠᠬᠤ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ》 ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠪᠡᠯᠡᠳᠭᠡᠮᠵᠢᠳᠤ ᠲᠠᠷᠢᠶᠠᠯᠠᠩ᠎ᠤᠨ ᠶᠠᠰᠤ ᠴᠢᠨᠠᠷ᠎ᠤᠨ ᠠᠶᠤᠯᠭᠦᠢ ᠵᠢ ᠬᠢᠨᠠᠨ ᠬᠡᠮᠵᠢᠬᠦ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠷᠣᠭᠤᠯᠤᠯᠲᠠ ᠵᠢᠨ ᠡᠳ᠋ ᠪᠣᠳᠠᠰ᠎ᠤᠨ ᠬᠠᠮᠢᠶᠠᠷᠤᠯᠲᠠ᠂ ᠦᠢ᠍ᠯᠡᠳᠪᠦᠷᠢᠯᠡᠯ᠎ᠤᠨ ᠲᠠᠩᠰᠠ ᠡᠪᠬᠡᠮᠡᠯ᠂ ᠪᠦᠲᠦᠭᠡᠭᠳᠡᠬᠦᠨ᠎ᠢ ᠰᠢᠯᠭ᠋ᠠᠨ ᠪᠠᠶ᠋ᠢᠴᠠᠭ᠋ᠠᠬᠤ᠂ ᠰᠠᠭᠤᠷᠢᠨ ᠭᠠᠵᠠᠷ᠎ᠢ ᠵᠥᠪᠰᠢᠶᠡᠷᠡᠨ ᠭᠠᠷᠭ᠋ᠠᠬᠤ ᠪᠠ ᠶᠠᠰᠤ ᠴᠢᠨᠠᠷ᠎ᠢ ᠮᠥᠷᠳᠡᠬᠦ ᠵᠡᠷᠭᠡ ᠲᠦᠷᠢᠮ᠎ᠢ ᠲᠡᠭᠦᠯᠳᠡᠷᠵᠢᠭᠦᠯᠵᠦ᠂ ᠪᠡᠯᠡᠳᠭᠡᠮᠵᠢᠳᠤ ᠲᠠᠷᠢᠶᠠᠯᠠᠩ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠪᠠᠬᠢᠵᠢᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠥᠬᠦ ᠬᠤᠲᠠ ᠵᠢᠨ ᠪᠡᠯᠡᠳᠭᠡᠮᠵᠢᠳᠤ ᠲᠠᠷᠢᠶᠠᠯᠠᠩ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠷᠢ ᠲᠦᠪᠰᠢᠨ᠎ᠢ 98%᠎ᠠᠴᠠ ᠥᠨᠳᠥᠷ᠎ᠲᠤ ᠲᠣᠭᠲᠠᠪᠤᠷᠢᠵᠢᠭᠤᠯᠤᠨ᠎ᠠ᠃ ᠪᠡᠯᠡᠳᠬᠡᠮᠵᠢᠲᠦ ᠲᠠᠷᠢᠶᠠᠯᠠᠩ᠎ᠤᠨ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠶᠡᠬᠡᠪᠡᠷ ᠲᠥᠯᠬᠢᠨ ᠠᠬᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠬᠥᠲᠥᠴᠢ ᠠᠵᠤ ᠠᠬᠤᠶ᠋ᠢᠯᠠᠯ ᠪᠥᠬᠦ ᠶᠠᠪᠤᠴᠠ᠎ᠳᠤ ᠶᠠᠰᠤ ᠴᠢᠨᠠᠷ᠎ᠢ ᠡᠵᠡᠮᠳᠡᠬᠦ ᠮᠡᠷᠭᠡᠵᠢᠯ᠎ᠤᠨ ᠰᠢᠰᠲ᠋ᠧᠮᠵᠢ ᠵᠢ ᠡᠩ ᠲᠡᠷᠢᠭᠦᠨ᠎ᠳᠤ ᠬᠡᠷᠡᠭᠵᠢᠭᠦᠯᠵᠦ᠂ ᠡᠩ ᠲᠡᠷᠢᠭᠦᠨ᠎ᠳᠤ 《ᠬᠤᠶᠠᠷ ᠪᠦᠲᠦᠭᠡᠭᠳᠡᠬᠦᠨ ᠨᠢᠭᠡ ᠲᠡᠮᠳᠡᠭ (ᠪᠣᠬᠢᠷᠲᠤᠯ ᠥᠬᠡᠶ ᠢᠳᠡᠭᠡᠨ᠂ ᠣᠷᠭ᠋ᠠᠨᠢᠭ ᠢᠳᠡᠭᠡᠨ᠂ ᠭᠠᠵᠠᠷ ᠵᠦᠶ ᠵᠢᠨ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ)》᠎ᠲᠠᠢ ᠵᠢᠴᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠂ ᠣᠨᠴᠠ ᠴᠢᠨᠠᠷ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠭᠤᠶᠤᠴᠢᠯᠠᠨ ᠮᠡᠳᠡᠭᠦᠯᠵᠦ᠂ ᠭᠡᠷᠡᠴᠢᠯᠡᠯ ᠠᠪᠴᠤ᠂ ᠲᠡᠮᠳᠡᠭ ᠬᠡᠷᠡᠭᠯᠡᠭᠰᠡᠨ ᠠᠵᠤ ᠠᠬᠤᠶ᠋ᠢᠯᠠᠯ ᠪᠣᠯᠣᠨ ᠪᠣᠶ᠋ᠢᠵᠢᠵᠤ᠂ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠤᠭᠰᠠᠨ ᠪᠡᠯᠡᠳᠭᠡᠮᠵᠢᠳᠤ ᠲᠠᠷᠢᠶᠠᠯᠠᠩ᠎ᠤᠨ ᠠᠵᠤ ᠠᠬᠤᠶ᠋ᠢᠯᠠᠯ᠎ᠢ 《ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ》 ᠬᠡᠯᠪᠡᠷᠢ᠎ᠪᠠᠷ ᠱᠠᠩᠨᠠᠨ᠎ᠠ᠃
ᠵᠢᠷᠭᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠨ ᠤᠳᠤᠷᠢᠳᠬᠤ᠎ᠪᠠᠨ ᠴᠢᠩᠭ᠋ᠠᠳᠬᠠᠨ᠎ᠠ᠃ ᠬᠤᠳᠠ ᠵᠢᠨ ᠵᠠᠰᠠᠭ᠎ᠤᠨ ᠣᠷᠳᠣᠨ᠎ᠠᠴᠠ ᠪᠡᠯᠡᠳᠭᠡᠮᠵᠢᠳᠤ ᠲᠠᠷᠢᠶᠠᠯᠠᠩ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠵᠠᠰᠠᠭ᠎ᠤᠨ ᠣᠷᠳᠣᠨ᠎ᠤ ᠭᠤᠣᠯ ᠤᠳᠤᠷᠢᠳᠤᠯᠭ᠎ᠠ᠎ᠪᠠᠷ ᠲᠦᠷᠦᠭᠦᠯᠡᠭᠦᠯᠦᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠬᠠᠷᠢᠭᠤᠴᠠᠵᠤ᠂ ᠭᠡᠰᠢᠭᠦᠳ᠎ᠢ᠎ᠨᠢ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠬᠤᠳᠠᠯᠳᠤᠭ᠋ᠠᠨ᠎ᠤ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠪᠦᠷᠢᠯᠳᠦᠭᠦᠯᠵᠦ᠂ ᠠᠵᠢᠯ᠎ᠤᠨ ᠳᠤᠮᠳᠠ ᠲᠣᠬᠢᠶᠠᠯᠳᠤᠭᠰᠠᠨ ᠡᠯ᠎ᠡ ᠲᠦᠷᠦᠯ᠎ᠤᠨ ᠬᠦᠴᠢᠷᠳᠡᠯ ᠪᠠ ᠠᠰᠠᠭᠤᠳᠠᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠢ᠍ᠳᠪᠦᠷᠢᠯᠡᠨ᠎ᠡ᠃ ᠠᠮᠢ ᠠᠬᠤᠶ ᠵᠢ ᠣᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠵᠢᠨ ᠳᠠᠪᠠᠭᠤᠯᠢᠭ᠎ᠲᠠᠢ ᠭᠦᠢ᠍ᠴᠡᠳ ᠤᠶᠠᠯᠳᠤᠭᠤᠯᠤᠨ᠂ ᠬᠡᠷᠡᠭᠵᠢᠭᠦᠯᠬᠦ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠡᠯ᠎ᠡ ᠱᠠᠲᠤ ᠦᠶ᠎ᠡ᠂ ᠡᠯ᠎ᠡ ᠭᠤᠭᠴᠤᠭ᠎ᠠ ᠵᠢᠨ ᠠᠵᠢᠯ᠎ᠤᠨ ᠡᠭᠦᠷᠭᠡ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠨᠢᠭᠡᠴᠡ᠎ᠯᠦᠭᠡ ᠵᠢᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ᠂ ᠨᠡᠪᠲᠡᠷᠡᠯᠴᠡᠨ ᠵᠣᠯᠭ᠋ᠠᠭᠤᠯᠵᠤ᠂ ᠮᠡᠳᠡᠭᠡ ᠵᠠᠩᠭᠢ᠎ᠪᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠳᠡᠮᠵᠢᠵᠦ᠂ ᠨᠡᠶ᠋ᠢᠯᠡᠯ ᠬᠦᠴᠦᠨ᠎ᠢ ᠪᠦᠷᠢᠯᠳᠦᠭᠦᠯᠦᠨ᠂ ᠮᠠᠨ᠎ᠤ ᠬᠤᠲᠠ ᠵᠢᠨ ᠪᠡᠯᠡᠳᠭᠡᠮᠵᠢᠳᠤ ᠲᠠᠷᠢᠶᠠᠯᠠᠩ᠎ᠤᠨ ᠲᠣᠭᠲᠠᠭᠤᠨ ᠵᠶ᠋ᠠᠷ ᠬᠥᠭᠵᠢᠬᠦ ᠵᠢ ᠦᠨᠡᠨᠬᠦ ᠪᠠᠲᠤᠯᠠᠨ᠎ᠠ᠃
(ᠬᠤᠶᠠᠷ) ᠲᠥᠷᠥ ᠵᠢᠨ ᠪᠣᠳᠣᠯᠭ᠎ᠠ᠂ ᠮᠥᠩᠭᠦᠨ ᠭᠦᠢ᠍ᠯᠭᠡᠭᠡ᠂ ᠳᠠᠭ᠋ᠠᠳᠬᠠᠯ᠎ᠤᠨ ᠳᠡᠮᠵᠢᠯᠭᠡ ᠵᠢ ᠴᠢᠩᠭ᠋ᠠᠳᠬᠠᠨ᠎ᠠ᠃ ᠬᠤᠳᠠ ᠵᠢᠨ ᠡᠳ᠋᠎ᠤᠨ ᠵᠠᠰᠠᠭ᠎ᠠᠴᠠ 2021 ᠣᠨ᠎ᠠᠴᠠ ᠡᠬᠢᠯᠡᠨ ᠲᠠᠪᠤᠨ ᠵᠢᠯ ᠳᠠᠷᠠᠭ᠋ᠠᠯᠠᠨ ᠵᠢᠯ ᠪᠦᠷᠢ 5000 ᠲᠦᠮᠡᠨ ᠲᠥᠭᠦᠷᠢᠭ᠎ᠠᠴᠠ ᠳᠣᠣᠷ᠎ᠠ ᠦᠬᠡᠢ ᠪᠡᠯᠡ ᠮᠥᠩᠭᠦ ᠣᠷᠣᠭᠤᠯᠵᠤ ᠢᠳᠡᠰᠢᠨ ᠨᠣᠭᠤᠭ᠎ᠠ ᠵᠢᠨ ᠦᠢ᠍ᠯᠡᠳᠪᠦᠷᠢᠯᠡᠯ᠎ᠢ ᠳᠡᠮᠵᠢᠨ᠎ᠡ᠃ 《ᠬᠥᠬᠡᠬᠤᠲᠠ ᠵᠢᠨ ᠢᠳᠡᠰᠢᠨ ᠨᠣᠭᠤᠭ᠋ᠠᠨ᠎ᠤ ᠦᠢ᠍ᠯᠡᠳᠪᠦᠷᠢᠯᠡᠯ᠎ᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》 (ᠬᠥᠬᠡᠬᠤᠲᠠ ᠵᠠᠰᠠᠭ ᠲᠠᠷᠬᠠᠭ᠋ᠠᠭᠰᠠᠨ [2020] 29 ᠳ᠋ᠦ᠍ᠭᠡᠷ ᠲᠣᠭ᠋ᠠᠲᠤ)᠎ᠢ ᠨᠠᠶ᠋ᠢᠳᠠᠪᠤᠷᠢᠵᠢᠭᠤᠯᠵᠤ᠂ ᠨᠥᠬᠦᠪᠥᠷᠢ ᠪᠠᠯᠠ ᠮᠥᠩᠭᠦ ᠵᠢ ᠴᠠᠭ ᠲᠤᠬᠠᠶ᠎ᠳᠤᠨᠢ᠂ ᠲᠤᠭ᠎ᠠ ᠶᠣᠰᠣᠭ᠋ᠠᠷ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠥᠪᠡᠷ᠎ᠤᠨ ᠪᠠᠶ᠋ᠢᠳᠠᠯ ᠵᠶ᠋ᠠᠨ ᠦᠨᠳᠦᠰᠦᠯᠡᠨ ᠵᠢᠯ ᠪᠦᠷᠢ 1000 ᠲᠦᠮᠡᠨ ᠲᠥᠭᠦᠷᠢᠭ᠎ᠠᠴᠠ ᠳᠣᠣᠷ᠎ᠠ ᠥᠬᠡᠶ ᠪᠠᠯᠠ ᠮᠥᠩᠭᠦ ᠵᠢᠨ ᠳᠡᠮᠵᠢᠯᠭᠡ ᠵᠢᠨ ᠡᠷᠴᠢᠮ ᠵᠶ᠋ᠠᠨ ᠳᠤᠷᠠᠳᠴᠤ᠂ ᠠᠳᠠᠯᠢᠬᠠᠨ ᠵᠶ᠋ᠠᠷ ᠦᠷᠭᠦᠯᠵᠢᠯᠡᠨ ᠲᠠᠪᠤᠨ ᠵᠢᠯ ᠳᠡᠮᠵᠢᠬᠦ ᠬᠡᠷᠡᠭᠲᠡᠶ᠃ ᠬᠤᠸᠠᠷ ᠴᠡᠴᠡᠭ᠂ ᠭᠤᠸ᠎ᠠ ᠵᠢᠮᠢᠰ ᠵᠶ᠋ᠠᠷ ᠭᠤᠣᠯ ᠠᠭᠤᠯᠭ᠎ᠠ ᠪᠣᠯᠭ᠋ᠠᠭᠰᠠᠨ ᠬᠤᠳᠠ ᠵᠢᠨ ᠤᠳᠤ ᠦᠶ᠎ᠡ ᠵᠢᠨ ᠰᠡᠯᠡᠭᠦᠴᠡᠯ ᠵᠤᠭ᠋ᠠᠴᠠᠯ᠎ᠤᠨ ᠲᠠᠷᠢᠶᠠᠯᠠᠩ᠎ᠢ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠵᠢ ᠰᠤᠳᠤᠯᠤᠨ ᠲᠣᠭᠲᠠᠭ᠋ᠠᠨ ᠨᠡᠶ᠋ᠢᠲᠡᠯᠡᠨ᠎ᠡ᠃ ᠮᠥᠩᠭᠦᠨ ᠭᠦᠢ᠍ᠯᠭᠡᠭᠡ᠂ ᠡᠳ᠋᠎ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠳᠠᠭ᠋ᠠᠳᠬᠠᠯ ᠵᠡᠷᠭᠡ ᠰᠠᠯᠠᠭ᠎ᠠ ᠮᠥᠴᠢᠷ᠎ᠤᠳ᠎ᠤᠨ ᠬᠠᠷᠢᠯᠴᠠᠨ ᠬᠠᠮᠵᠢᠯᠴᠠᠭᠰᠠᠨ ᠪᠠᠶ᠋ᠢᠩᠭᠤ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠪᠠᠩᠬᠢ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠬᠦᠯᠡᠮᠵᠢ ᠵᠢᠨ ᠲᠣᠮᠣ ᠫᠧᠩ᠎ᠢ ᠬᠠᠤᠯᠢ ᠲᠣᠭᠲᠠᠭ᠋ᠠᠯ᠎ᠳᠤ ᠨᠡᠶ᠋ᠢᠴᠡᠭᠦᠯᠦᠨ ᠪᠠᠷᠢᠴᠠᠭ᠋ᠠᠯᠠᠵᠤ ᠪᠠᠯᠠ ᠲᠣᠬᠢᠷᠠᠭᠤᠯᠬᠤ ᠵᠢ ᠵᠣᠷᠢᠭᠵᠢᠭᠤᠯᠤᠨ᠎ᠠ᠃ ᠲᠠᠷᠢᠶᠠᠯᠠᠩ᠎ᠤᠨ ᠳᠠᠭ᠋ᠠᠳᠬᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠳᠬᠠᠯ᠎ᠢ ᠲᠦᠷᠦ ᠵᠢᠨ ᠪᠤᠳᠤᠯᠭ᠎ᠠ ᠵᠢᠨ ᠴᠢᠨᠠᠷᠲᠠᠶ ᠳᠠᠭ᠋ᠠᠳᠬᠠᠯ᠎ᠤᠨ ᠨᠥᠬᠦᠪᠥᠷᠢ ᠵᠢᠨ ᠬᠡᠪᠴᠢᠶᠡᠨ᠎ᠳᠤ ᠣᠷᠣᠭᠤᠯᠵᠤ᠂ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠳᠬᠠᠯ᠎ᠤᠨ ᠲᠦᠷᠢᠮ᠎ᠢ ᠲᠡᠭᠦᠯᠳᠡᠷᠵᠢᠭᠦᠯᠦᠨ ᠳᠡᠯᠭᠡᠷᠡᠭᠦᠯᠦᠨ᠎ᠡ᠃
(ᠭᠤᠷᠪᠠ) ᠮᠡᠳᠡᠭᠡ ᠵᠠᠩᠭᠢ ᠵᠢᠨ ᠮᠡᠷᠭᠡᠵᠢᠯ᠎ᠤᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠬᠥᠬᠡᠬᠤᠲᠠ ᠵᠢᠨ 《ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠵᠦ᠂ 《ᠬᠤᠯᠢᠰᠢᠨ ᠢᠳᠡᠰᠢ》 ᠵᠢᠨ ᠪᠦᠲᠦᠭᠡᠭᠳᠡᠬᠦᠨ᠎ᠤ ᠮᠡᠳᠡᠭᠡ ᠵᠠᠩᠭᠢ ᠵᠢ ᠬᠢᠨᠠᠨ ᠠᠵᠢᠭᠯᠠᠬᠤ᠂ ᠪᠦᠲᠦᠭᠡᠭᠳᠡᠬᠦᠨ᠎ᠢ ᠮᠥᠷᠳᠡᠬᠦ᠂ ᠬᠠᠩᠭ᠋ᠠᠨ ᠪᠣᠷᠣᠯᠠᠭᠤᠯᠭ᠎ᠠ ᠵᠢᠨ ᠰᠡᠷᠡᠮᠵᠢᠯᠡᠭᠦᠯᠬᠦ ᠰᠢᠰᠲ᠋ᠧᠮᠵᠢ ᠵᠢ ᠪᠠᠶ᠋ᠢᠭᠤᠯᠤᠨ᠂ ᠬᠠᠩᠭ᠋ᠠᠯᠭ᠎ᠠ ᠬᠡᠷᠡᠭᠴᠡᠭᠡ᠂ ᠦᠨ᠎ᠡ ᠬᠠᠩᠰᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ ᠪᠠ ᠪᠣᠷᠣᠯᠠᠭᠤᠯᠭ᠎ᠠ᠎ᠳᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠵᠤ᠂ ᠲᠠᠷᠢᠶᠠᠴᠢᠨ ᠡᠷᠦᠬᠡ ᠵᠢ ᠵᠢᠯᠣᠭᠤᠳᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠪᠠᠶ᠋ᠢᠳᠠᠯ᠎ᠢ ᠣᠨᠣᠪᠴᠢᠲᠠᠶ ᠡᠵᠡᠮᠰᠢᠵᠦ᠂ ᠰᠣᠬᠤᠷ ᠪᠠᠯᠠᠶ᠎ᠪᠠᠷ ᠳᠠᠷᠢᠬᠤ ᠵᠢ ᠪᠠᠭ᠋ᠠᠰᠬᠠᠨ᠂ ᠲᠠᠷᠢᠶᠠᠯᠠᠩ᠎ᠤᠨ ᠭᠠᠷᠤᠯᠲᠠ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠡᠭᠦᠯᠡᠨ ᠪᠤᠳᠤᠯᠲᠠ ᠵᠢᠨ ᠮᠡᠷᠭᠡᠵᠢᠯ᠎ᠢ ᠢᠳᠡᠪᠬᠢᠲᠡᠶ ᠠᠰᠢᠭᠯᠠᠨ᠂ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠴᠠᠭ ᠠᠭᠤᠷ᠂ ᠬᠥᠷᠥᠰᠥ ᠰᠢᠷᠣᠶ᠂ ᠤᠰᠤ᠂ ᠳᠤᠯᠠᠭ᠋ᠠᠨ᠎ᠤ ᠬᠡᠮᠵᠢᠶ᠎ᠡ ᠵᠡᠷᠭᠡ ᠵᠢ ᠴᠠᠭ ᠲᠤᠬᠠᠶ᠎ᠳᠤᠨᠢ ᠬᠢᠨᠠᠨ ᠬᠡᠮᠵᠢᠬᠦ ᠪᠠ ᠮᠡᠷᠭᠡᠵᠢᠯ᠎ᠤᠨ ᠵᠢᠯᠣᠭᠤᠳᠣᠯᠭ᠎ᠠ ᠬᠢᠨ᠎ᠡ᠃
(ᠳᠥᠷᠪᠡ) ᠰᠢᠮᠳᠠᠭᠤᠯᠤᠨ ᠵᠢᠯᠣᠭᠤᠳᠴᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠪᠡᠯᠡᠳᠬᠡᠮᠵᠢᠲᠦ ᠲᠠᠷᠢᠶᠠᠯᠠᠩ᠎ᠤᠨ ᠪᠥᠲᠥᠭᠡᠨ ᠪᠠᠶ᠋ᠢᠭᠤᠯᠤᠯᠲᠠ ᠵᠢ ᠬᠤᠲᠠ ᠵᠢᠨ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ ᠠᠭᠤᠯᠭ᠎ᠠ᠎ᠳᠤ ᠣᠷᠣᠭᠤᠯᠵᠤ᠂ ᠰᠢᠯᠭ᠋ᠠᠨ ᠦᠨᠡᠯᠡᠬᠦ ᠲᠣᠭᠲᠠᠴᠠ ᠵᠢ ᠪᠠᠶ᠋ᠢᠭᠤᠯᠤᠨ᠂ ᠰᠢᠯᠭ᠋ᠠᠨ ᠦᠨᠡᠯᠡᠬᠦ ᠠᠷᠭ᠎ᠠ ᠵᠢ ᠲᠣᠭᠲᠠᠭ᠋ᠠᠵᠤ᠂ ᠰᠢᠯᠭ᠋ᠠᠨ ᠦᠨᠡᠯᠡᠬᠦ ᠭᠦᠢ᠍ᠴᠡᠳᠬᠡᠯ ᠲᠤᠭ᠎ᠠ ᠵᠢ ᠨᠠᠷᠢᠯᠢᠬ᠍ᠵᠢᠭᠤᠯᠤᠨ᠂ ᠡᠭᠦᠷᠭᠡ ᠬᠠᠷᠠᠯᠲᠠ ᠵᠢ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠎ᠳᠤ ᠨᠠᠶ᠋ᠢᠳᠠᠪᠤᠷᠢᠵᠢᠭᠤᠯᠵᠤ᠂ ᠬᠢᠨᠠᠨ ᠵᠢᠯᠣᠭᠤᠳᠴᠤ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠨ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ᠎ᠠ᠃
(ᠲᠠᠪᠤ) ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠤᠬᠠᠭᠤᠯᠤᠨ ᠮᠡᠳᠡᠭᠡᠯᠡᠬᠦ ᠵᠢ ᠴᠢᠩᠭ᠋ᠠᠳᠬᠠᠵᠤ᠂ 《ᠪᠢᠴᠢᠯ ᠪᠦᠷᠭᠡ᠂ ᠸᠢᠴᠠᠲ᠂ ᠨᠢᠭᠡ ᠦᠵᠦᠭᠦᠷ》᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠰᠠᠶ᠋ᠢᠲᠤᠷ ᠬᠡᠷᠡᠭᠯᠡᠵᠦ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠬᠥᠲᠥᠯᠥᠨ ᠵᠢᠯᠣᠭᠤᠳᠴᠤ ᠬᠤᠯᠪᠣᠭᠳᠠᠯ ᠪᠦᠬᠦᠢ ᠠᠵᠢᠯ᠎ᠢ ᠠᠩᠬᠠᠷᠬᠤ ᠪᠠ ᠲᠡᠭᠦᠨ᠎ᠳᠤ ᠣᠷᠣᠯᠴᠠᠭᠤᠯᠵᠤ᠂ ᠪᠦᠬᠦ ᠬᠤᠳᠠ ᠵᠢᠨ ᠠᠷᠠᠳ ᠲᠦᠮᠡᠨ᠎ᠤ ᠬᠠᠮᠲᠤ᠎ᠪᠠᠷ ᠠᠷᠭ᠎ᠠ ᠤᠬᠠᠭ᠋ᠠᠨ ᠭᠠᠷᠭ᠋ᠠᠵᠤ ᠬᠠᠮᠲᠤ᠎ᠪᠠᠷ ᠴᠢᠷᠮᠠᠶ᠋ᠢᠵᠤ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠨ᠎ᠠ᠃