ᠡᠯ᠎ᠡ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠳᠤ᠄
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠠᠵᠢᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠰᠤᠭᠤᠴᠢᠨ ᠪᠠᠶ᠋ᠢᠴᠠᠭ᠋ᠠᠯᠲᠠ ᠵᠢ ᠵᠢᠷᠤᠮᠵᠢᠭᠤᠯᠵᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠰᠤᠭᠤᠴᠢᠨ ᠪᠠᠢ᠌ᠴᠠᠭ᠋ᠠᠯᠳᠠ ᠵᠢᠨ ᠵᠢᠷᠤᠮᠵᠢᠯ᠎ᠤᠨ ᠠᠵᠢᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠳᠡᠯᠭᠡᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠲᠠᠷᠬᠠᠭ᠋ᠠᠭᠰᠠᠨ ᠠᠯᠪᠠᠨ[2015]58 ᠳ᠋ᠤᠭ᠋ᠠᠷ ᠲᠣᠭ᠋ᠠᠲᠤ) ᠵᠢᠴᠢ 《ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠵᠠᠷᠯᠢᠭ 40 ᠳ᠋ᠦ᠍ᠭᠡᠷ ᠲᠣᠭ᠋ᠠᠲᠤ) ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠣᠳᠣᠬᠠᠨ᠎ᠤ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠠᠵᠢᠯ᠎ᠤᠨ ᠣᠳᠣᠬᠢ ᠪᠠᠶ᠋ᠢᠳᠠᠯ᠎ᠲᠠᠢ ᠤᠶᠠᠯᠳᠤᠭᠤᠯᠤᠨ᠎ᠠ᠂ ᠮᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠤᠨ ᠨᠠᠷᠢᠨ ᠲᠦᠷᠢᠮ》᠎ᠢ ᠰᠤᠳᠤᠯᠤᠨ ᠲᠣᠭᠲᠠᠭ᠋ᠠᠪᠠ᠂ ᠡᠳᠦᠭᠡ ᠳᠠᠷᠤᠮᠠᠯᠯᠠᠨ ᠶᠠᠪᠤᠭᠤᠯᠤᠯ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2021 ᠣᠨ᠎ᠤ 11 ᠰᠠᠷ᠎ᠠ ᠵᠢᠨ 11᠎ᠤ ᠡᠳᠦᠷ
ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠤᠨ ᠨᠠᠷᠢᠨ ᠳᠦᠷᠢᠮ
ᠨᠢᠭᠡᠳᠦᠭᠡᠷ ᠵᠤᠷᠪᠤᠰ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠠᠵᠢᠯ᠎ᠤᠨ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠰᠤᠭᠤᠴᠢᠨ ᠪᠠᠶ᠋ᠢᠴᠠᠭ᠋ᠠᠬᠤ ᠵᠢᠷᠤᠮᠵᠢᠯ᠎ᠤᠨ ᠠᠵᠢᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠳᠡᠯᠭᠡᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠲᠠᠷᠬᠠᠭ᠋ᠠᠭᠰᠠᠨ ᠠᠯᠪᠠᠨ [2015]58 ᠳ᠋ᠤᠭ᠋ᠠᠷ ᠲᠣᠭ᠋ᠠᠲᠤ) ᠵᠢᠴᠢ 《ᠤᠢ ᠮᠤᠳᠤᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠵᠠᠷᠯᠢᠭ 40 ᠳ᠋ᠦ᠍ᠭᠡᠷ ᠲᠣᠭ᠋ᠠᠲᠤ) ᠵᠡᠷᠭᠡ ᠵᠢ ᠦᠨᠳᠦᠰᠦᠯᠡᠨ᠂ ᠲᠣᠰ ᠨᠠᠷᠢᠨ ᠲᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠲᠣᠰ ᠨᠠᠷᠢᠨ ᠲᠦᠷᠢᠮ᠎ᠳᠤ ᠬᠡᠯᠡᠵᠦ ᠪᠠᠶ᠋ᠢᠭ᠎ᠠ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠢᠨᠠᠨ ᠵᠥᠪᠰᠢᠶᠡᠷᠡᠭᠰᠡᠨ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠨᠢᠭᠡᠴᠡ (ᠡᠭᠦᠨ᠎ᠳᠤ᠄ ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠨᠢᠭᠡᠴᠡ᠂ ᠡᠪᠡᠰᠦᠨ ᠦᠷ᠎ᠡ ᠦᠢ᠍ᠯᠡᠳᠪᠦᠷᠢᠯᠡᠬᠦ ᠵᠥᠪᠰᠢᠶᠡᠷᠡᠯ᠎ᠤᠨ ᠨᠢᠭᠡᠴᠡ᠂ ᠡᠪᠡᠰᠦᠨ ᠦᠷ᠎ᠡ ᠡᠵᠡᠩᠨᠡᠬᠦ ᠵᠥᠪᠰᠢᠶᠡᠷᠡᠯ᠎ᠤᠨ ᠨᠢᠭᠡᠴᠡ ᠪᠠᠭᠲᠠᠨ᠎ᠠ᠂ ᠳᠣᠷᠣᠭᠰᠢ 《ᠵᠥᠪᠰᠢᠶᠡᠷᠡᠭᠳᠡᠬᠦ ᠨᠢᠭᠡᠴᠡ》 ᠭᠡᠵᠦ ᠲᠣᠪᠴᠢᠯᠠᠨ᠎ᠠ)᠎ᠪᠠᠷ ᠳᠡᠮᠵᠢᠨ ᠶᠠᠪᠤᠳᠠᠯ᠎ᠤᠨ ᠲᠤᠮᠳᠠᠬᠢ ᠪᠠ ᠳᠠᠷᠠᠭ᠋ᠠᠬᠢ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠵᠢᠭ᠋ᠠᠵᠤ ᠪᠣᠶ᠃
ᠭᠤᠷᠪᠠᠳᠤᠭ᠋ᠠᠷ ᠵᠤᠷᠪᠤᠰ ᠰᠤᠭᠤᠴᠢᠨ ᠪᠠᠶ᠋ᠢᠴᠠᠭ᠋ᠠᠬᠤ ᠠᠵᠢᠯ᠎ᠤᠨ ᠪᠥᠬᠥ ᠶᠠᠪᠤᠴᠠ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠡᠶ᠋ᠢᠴᠡᠵᠦ᠂ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠬᠠᠤᠯᠢ ᠶᠣᠰᠣᠭ᠋ᠠᠷ ᠡᠮᠬᠢ ᠵᠢᠷᠤᠮ᠎ᠲᠠᠢ ᠶᠠᠪᠤᠭᠳᠠᠬᠤ᠂ ᠰᠤᠭᠤᠴᠢᠨ ᠪᠠᠶ᠋ᠢᠴᠠᠭ᠋ᠠᠬᠤ ᠠᠵᠢᠯ᠎ᠤᠨ ᠡᠷᠬᠡ ᠲᠡᠭᠰᠢ ᠲᠥᠪ ᠭᠤᠤᠯᠴᠢ ᠪᠠᠶ᠋ᠢᠬᠤ ᠵᠢ ᠦᠨᠡᠨᠬᠦ ᠪᠠᠲᠤᠯᠠᠨ᠎ᠠ᠃
ᠳᠥᠷᠪᠡᠳᠦᠭᠡᠷ ᠵᠤᠷᠪᠤᠰ ᠰᠤᠭᠤᠴᠢᠨ ᠪᠠᠶ᠋ᠢᠴᠠᠭ᠋ᠠᠬᠤ ᠠᠵᠢᠯ᠎ᠤᠨ ᠦᠨᠳᠦᠰᠦ ᠪᠠᠷᠢᠮᠲᠠ᠂ ᠳᠡᠰ ᠳᠠᠷᠠᠭ᠋ᠠᠯᠠᠯ᠂ ᠠᠭᠤᠯᠭ᠎ᠠ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠰᠢᠢ᠍ᠳᠪᠦᠷᠢᠯᠡᠭᠰᠡᠨ ᠦᠷ᠎ᠡ ᠳ᠋ᠦᠩ ᠪᠠ ᠬᠢᠨᠠᠯᠲᠠ ᠲᠠᠯᠪᠢᠭᠰᠠᠨ ᠠᠷᠭ᠎ᠠ ᠮᠠᠶᠢᠭ ᠵᠡᠷᠭᠡ ᠵᠢ ᠪᠦᠬᠦ ᠨᠡᠶ᠋ᠢᠭᠡᠮ᠎ᠳᠤ ᠢᠯᠡ ᠪᠤᠯᠭ᠋ᠠᠨ᠎ᠠ᠂ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠴᠢᠬᠤᠯᠠᠲᠠᠶ ᠮᠡᠳᠡᠭᠡ ᠵᠠᠩᠭᠢ ᠡᠭᠦᠨ᠎ᠳᠤ ᠪᠠᠭᠲᠠᠬᠤ ᠦᠭᠡᠶ᠃
ᠲᠠᠪᠤᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠢ ᠬᠠᠷᠢᠭᠤᠴᠠᠬᠤ ᠵᠢᠨ ᠬᠠᠮᠲᠤ ᠬᠢᠨᠠᠯᠲᠠ ᠲᠠᠯᠪᠢᠨ᠎ᠠ᠃ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ ᠪᠣᠯᠤᠨ ᠪᠠᠶ᠋ᠢᠴᠠᠭ᠋ᠠᠬᠤ ᠠᠵᠢᠯᠲᠠᠨ ᠰᠤᠭᠤᠴᠢᠨ ᠠᠪᠤᠭᠰᠠᠨ ᠪᠠᠢ᠌ᠬᠤ ᠬᠡᠷᠡᠭᠲᠡᠶ᠃
ᠵᠢᠷᠭᠤᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠵᠥᠪᠰᠢᠶᠡᠷᠡᠭᠳᠡᠭᠰᠡᠨ ᠨᠢᠭᠡᠴᠡ ᠵᠢᠨ ᠨᠡᠷᠡᠰ᠎ᠤᠨ ᠬᠥᠮᠥᠷᠭᠡ ᠵᠢ ᠪᠠᠶ᠋ᠢᠭᠤᠯᠵᠤ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠳᠣᠯᠣᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ ᠵᠢ ᠪᠠᠶ᠋ᠢᠭᠤᠯᠬᠤ ᠬᠡᠷᠡᠭᠲᠡᠶ᠃ ᠨᠡᠷᠡᠰ᠎ᠤᠨ ᠬᠥᠮᠥᠷᠭᠡ ᠵᠢᠨ ᠠᠵᠢᠯᠲᠠᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠮᠡᠷᠭᠡᠵᠢᠯ ᠪᠠ ᠬᠠᠮᠢᠶᠠᠷᠤᠯᠲᠠ ᠵᠢᠨ ᠠᠵᠢᠯᠲᠠᠨ ᠵᠶ᠋ᠠᠷ ᠪᠦᠷᠢᠯᠳᠦᠨ᠎ᠡ᠃ ᠪᠠᠶ᠋ᠢᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ᠎ᠳᠤ ᠪᠠᠶ᠋ᠢᠴᠠᠭ᠋ᠠᠬᠤ ᠠᠵᠢᠯᠲᠠᠨ᠎ᠤ ᠦᠨᠳᠦᠰᠦᠨ ᠪᠠᠢ᠌ᠳᠠᠯ᠂ ᠲᠤᠰᠬᠠᠶ ᠮᠡᠷᠭᠡᠵᠢᠯ᠂ ᠪᠠᠢ᠌ᠴᠠᠭ᠋ᠠᠯᠳᠠ ᠵᠢᠨ ᠮᠡᠳᠡᠭᠡ ᠵᠠᠩᠭᠢ ᠵᠡᠷᠭᠡ ᠵᠢ ᠲᠡᠮᠳᠡᠭᠯᠡᠨ ᠣᠷᠣᠭᠤᠯᠵᠤ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃
ᠨᠠᠢ᠍ᠮᠠᠳᠤᠭ᠋ᠠᠷ ᠵᠤᠷᠪᠤᠰ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠎ᠳᠤ ᠵᠥᠪᠰᠢᠶᠡᠷᠡᠭᠳᠡᠬᠦ ᠨᠢᠭᠡᠴᠡ ᠵᠢᠨ ᠨᠡᠷᠡᠰ᠎ᠤᠨ ᠬᠥᠮᠥᠷᠭᠡ᠂ ᠪᠠᠶ᠋ᠢᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ᠎ᠠᠴᠠ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ ᠪᠠ ᠪᠠᠶ᠋ᠢᠴᠠᠭ᠋ᠠᠬᠤ ᠠᠵᠢᠯᠲᠠᠨ᠎ᠢ ᠰᠤᠭᠤᠴᠢᠨ ᠠᠪᠬᠤ ᠬᠡᠷᠡᠭᠲᠡᠶ᠂ ᠪᠠᠶ᠋ᠢᠴᠠᠭ᠋ᠠᠬᠤ ᠳᠤᠭᠤᠶ᠋ᠢᠯᠠᠩ᠎ᠨᠢ ᠡᠷᠬᠡᠪᠰᠢ 2᠎ᠠᠴᠠ ᠳᠡᠭᠡᠭᠰᠢ ᠪᠠᠶ᠋ᠢᠴᠠᠭ᠋ᠠᠬᠤ ᠠᠵᠢᠯᠲᠠᠨ ᠵᠶ᠋ᠠᠷ ᠪᠦᠷᠢᠯᠳᠦᠬᠦ ᠬᠡᠷᠡᠭᠲᠡᠶ᠃ ᠰᠤᠭᠤᠴᠢᠨ ᠭᠠᠷᠭ᠋ᠠᠭᠰᠠᠨ᠎ᠤ ᠳᠠᠷᠠᠭ᠎ᠠ 7 ᠡᠳᠦᠷ᠎ᠤᠨ ᠳᠣᠲᠣᠷ᠎ᠠ ᠰᠤᠭᠤᠴᠢᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠦᠭᠰᠡᠨ ᠦᠭᠡᠶ ᠪᠣᠯ ᠰᠤᠭᠤᠴᠢᠨ ᠠᠪᠤᠭᠰᠠᠨ ᠦᠷ᠎ᠡ ᠳ᠋ᠦᠩ᠎ᠨᠢ ᠠᠶᠠᠨᠳᠠᠭ᠋ᠠᠨ ᠬᠦᠴᠦᠨ ᠦᠭᠡᠶ ᠪᠣᠯᠵᠤ᠂ ᠳᠠᠬᠢᠵᠤ ᠰᠤᠩᠭᠤᠨ ᠠᠪᠬᠤ ᠴᠢᠬᠤᠯᠠᠲᠠᠢ ᠪᠣᠯᠤᠨ᠎ᠠ᠃
ᠶᠢᠰᠦᠳᠦᠭᠡᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠰᠤᠭᠤᠴᠢᠨ ᠪᠠᠶ᠋ᠢᠴᠠᠭ᠋ᠠᠬᠤ ᠠᠵᠢᠯ᠎ᠢ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠥᠷᠨᠢᠭᠦᠯᠵᠦ᠂ ᠰᠤᠭᠤᠴᠢᠨ ᠪᠠᠶ᠋ᠢᠴᠠᠭ᠋ᠠᠬᠤ ᠬᠠᠷᠢᠴᠠᠯ᠎ᠢ ᠰᠤᠭᠤᠴᠢᠨ ᠪᠠᠶ᠋ᠢᠴᠠᠭ᠋ᠠᠭᠳᠠᠬᠤ ᠨᠢᠭᠡᠴᠡ ᠵᠢᠨ 3 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃ ᠰᠤᠭᠤᠴᠢᠨ ᠪᠠᠶ᠋ᠢᠴᠠᠭ᠋ᠠᠬᠤ ᠠᠵᠢᠯ ᠪᠠ ᠳᠠᠷᠠᠭ᠎ᠠ ᠨᠢᠭᠡ ᠵᠢᠯ᠎ᠤᠨ ᠰᠤᠭᠤᠴᠢᠨ ᠪᠠᠶ᠋ᠢᠴᠠᠭ᠋ᠠᠬᠤ ᠲᠥᠯᠥᠪᠯᠡᠭᠡ ᠵᠢ ᠵᠢᠯ ᠪᠦᠷᠢ ᠵᠢᠨ 11 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃
ᠡᠩ᠎ᠤᠨ ᠵᠢᠯ᠎ᠳᠤ᠂ ᠵᠠᠷᠴᠢᠮ ᠳᠡᠭᠡᠷ᠎ᠡ᠎ᠪᠠᠨ ᠠᠳᠠᠯᠢ ᠨᠢᠭᠡᠨ ᠰᠤᠭᠤᠴᠢᠨ ᠪᠠᠶ᠋ᠢᠴᠠᠭ᠋ᠠᠭᠳᠠᠬᠤ ᠨᠢᠭᠡᠴᠡ᠎ᠳᠤ ᠠᠳᠠᠯᠢ ᠨᠢᠭᠡᠨ ᠰᠤᠭᠤᠴᠢᠨ ᠪᠠᠶ᠋ᠢᠴᠠᠭ᠋ᠠᠭᠰᠠᠨ ᠠᠭᠤᠯᠭ᠎ᠠ᠎ᠠᠴᠠ ᠪᠣᠯᠵᠤ ᠳᠠᠪᠬᠤᠷᠳᠠᠭᠤᠯᠤᠨ ᠪᠠᠶ᠋ᠢᠴᠠᠭ᠋ᠠᠯᠲᠠ ᠬᠢᠵᠦ ᠪᠣᠯᠬᠤ ᠥᠬᠡᠶ᠃
ᠠᠷᠪᠠᠳᠤᠭ᠋ᠠᠷ ᠵᠤᠷᠪᠤᠰ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠲᠤᠰᠢᠶᠠᠨ ᠬᠦᠢ᠍ᠴᠡᠳᠭᠡᠯᠭᠡᠬᠦ ᠪᠤᠶᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠬᠦ ᠵᠡᠷᠭᠡ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠴᠡᠭᠡ᠎ᠠᠴᠠ ᠪᠣᠯᠵᠣ᠂ ᠰᠤᠭᠤᠴᠢᠨ ᠪᠠᠶ᠋ᠢᠴᠠᠭ᠋ᠠᠬᠤ ᠲᠥᠯᠥᠪᠯᠡᠭᠡ ᠵᠡᠷᠭᠡ᠎ᠳᠤ ᠬᠢᠵᠠᠭ᠋ᠠᠷᠯᠠᠭᠳᠠᠬᠤ ᠥᠬᠡᠶ ᠪᠠᠶ᠋ᠢᠵᠤ ᠪᠣᠯᠤᠨ᠎ᠠ᠃
ᠠᠷᠪᠠᠨ ᠨᠢᠭᠡᠳᠦᠭᠡᠷ ᠵᠤᠷᠪᠤᠰ ᠰᠤᠭᠤᠴᠢᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠬᠦ᠎ᠠᠴᠠ ᠡᠮᠦᠨ᠎ᠡ ᠰᠤᠭᠤᠴᠢᠨ ᠪᠠᠶ᠋ᠢᠴᠠᠭ᠋ᠠᠭᠳᠠᠵᠤ ᠪᠠᠶ᠋ᠢᠭ᠎ᠠ ᠨᠢᠭᠡᠴᠡ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠤᠭᠤᠴᠢᠨ ᠪᠠᠶ᠋ᠢᠴᠠᠭ᠋ᠠᠬᠤ ᠮᠡᠳᠡᠭᠳᠡᠯ᠎ᠤᠨ ᠪᠢᠴᠢᠭ》 ᠭᠠᠷᠭ᠋ᠠᠨ ᠥᠭᠴᠦ᠂ 3 ᠡᠳᠦᠷ᠎ᠤᠨ ᠡᠮᠦᠨ᠎ᠡ ᠪᠠᠶ᠋ᠢᠴᠠᠭ᠋ᠠᠭᠳᠠᠵᠤ ᠪᠠᠶ᠋ᠢᠭ᠎ᠠ ᠨᠢᠭᠡᠴᠡ᠎ᠳᠤ ᠮᠡᠳᠡᠭᠳᠡᠬᠦ ᠬᠡᠷᠡᠭᠲᠡᠶ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠤᠭᠤᠴᠢᠨ ᠪᠠᠶ᠋ᠢᠴᠠᠭ᠋ᠠᠬᠤ ᠮᠡᠳᠡᠭᠳᠡᠯ᠎ᠤᠨ ᠪᠢᠴᠢᠭ》᠎ᠲᠤ ᠰᠤᠭᠤᠴᠢᠨ ᠪᠠᠶ᠋ᠢᠴᠠᠭ᠋ᠠᠬᠤ ᠦᠨᠳᠦᠰᠦᠯᠡᠯ᠂ ᠰᠤᠭᠤᠴᠢᠨ ᠪᠠᠶ᠋ᠢᠴᠠᠭ᠋ᠠᠬᠤ ᠴᠠᠭ᠂ ᠰᠤᠭᠤᠴᠢᠨ ᠪᠠᠶ᠋ᠢᠴᠠᠭ᠋ᠠᠬᠤ ᠠᠭᠤᠯᠭ᠎ᠠ᠂ ᠰᠤᠭᠤᠴᠢᠨ ᠪᠠᠶ᠋ᠢᠴᠠᠭ᠋ᠠᠬᠤ ᠠᠷᠭ᠎ᠠ ᠮᠠᠶᠢᠭ ᠵᠡᠷᠭᠡ ᠵᠢ ᠪᠠᠭᠲᠠᠭ᠋ᠠᠬᠤ ᠬᠡᠷᠡᠭᠲᠡᠶ᠃
ᠠᠷᠪᠠᠨ ᠬᠣᠶᠠᠳᠤᠭ᠋ᠠᠷ ᠵᠤᠷᠪᠤᠰ ᠵᠥᠪᠰᠢᠶᠡᠷᠡᠭᠳᠡᠬᠦ ᠨᠢᠭᠡᠴᠢ ᠵᠢ ᠪᠠᠶ᠋ᠢᠴᠠᠭ᠋ᠠᠬᠤ ᠠᠭᠤᠯᠭ᠎ᠠ᠎ᠳᠤ᠄ (ᠨᠢᠭᠡ) ᠣᠳᠣ ᠵᠢᠨ ᠪᠠᠶ᠋ᠢᠭ᠎ᠠ ᠬᠢᠷᠢ ᠬᠡᠮ᠂ ᠨᠥᠬᠥᠴᠡᠯ᠎ᠨᠢ ᠤᠯᠤᠰ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠰᠡᠬᠦ; (ᠬᠣᠶᠠᠷ ) ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠳᠠᠩᠰᠠᠯᠠᠯᠲᠠ ᠵᠢᠨ ᠬᠡᠪᠴᠢᠶ᠎ᠡ᠂ ᠠᠷᠭ᠎ᠠ ᠮᠠᠶᠢᠭ᠂ ᠬᠦᠴᠦᠨ᠎ᠲᠠᠢ ᠬᠤᠭᠤᠴᠠᠭ᠎ᠠ ᠪᠠ ᠦᠢ᠍ᠯᠡᠳᠪᠦᠷᠢᠯᠡᠯ ᠡᠵᠡᠩᠨᠡᠯᠲᠡ ᠵᠢᠨ ᠲᠥᠷᠦᠯ ᠵᠦᠢ᠍ᠯ ᠵᠡᠷᠭᠡ ᠶᠣᠰᠣᠭ᠋ᠠᠷ ᠣᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠭᠰᠡᠨ ᠡᠰᠡᠬᠦ; (ᠭᠤᠷᠪᠠ) ᠣᠢ ᠰᠢᠭᠤᠢ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠳᠠᠩᠰᠠᠯᠠᠯ᠂ ᠲᠠᠩᠰᠠ ᠡᠪᠬᠡᠮᠡᠯ ᠵᠡᠷᠭᠡ ᠲᠦᠷᠢᠮ ᠪᠠᠶ᠋ᠢᠭᠤᠯᠤᠭᠰᠠᠨ ᠪᠠ ᠬᠡᠷᠡᠭᠵᠢᠭᠦᠯᠦᠭᠰᠡᠨ ᠪᠠᠶ᠋ᠢᠳᠠᠯ; (ᠳᠥᠷᠪᠡ) ᠪᠣᠭᠣᠳᠠᠯ᠂ ᠲᠡᠮᠳᠡᠭ᠂ ᠵᠠᠷ ᠮᠡᠳᠡᠭᠡ ᠵᠢ ᠬᠡᠷᠡᠭᠵᠢᠭᠦᠯᠦᠭᠰᠡᠨ ᠪᠠᠶ᠋ᠢᠳᠠᠯ; (ᠲᠠᠪᠤ) ᠦᠢ᠍ᠯᠡᠳᠪᠦᠷᠢᠯᠡᠵᠦ ᠡᠵᠡᠩᠨᠡᠵᠦ ᠪᠠᠶ᠋ᠢᠭ᠎ᠠ ᠣᠢ ᠰᠢᠭᠤᠢ ᠨᠤᠲᠤᠭ ᠪᠡᠯᠴᠢᠭᠡᠷ᠎ᠤᠨ ᠦᠷ᠎ᠡ ᠵᠢᠨ ᠶᠠᠰᠤ ᠴᠢᠨᠠᠷ᠎ᠤᠨ ᠪᠠᠶ᠋ᠢᠳᠠᠯ; (ᠵᠢᠷᠭᠤᠭ᠎ᠠ ) ᠬᠠᠤᠯᠢ᠎ᠠᠴᠠ ᠵᠥᠷᠢᠴᠡᠭᠰᠡᠨ ᠪᠤᠶᠤ ᠰᠢᠳᠬᠡᠨ ᠲᠣᠷᠭ᠋ᠠᠭᠳᠠᠭᠰᠠᠨ ᠲᠡᠮᠳᠡᠭᠯᠡᠯ᠎ᠲᠠᠢ ᠡᠰᠡᠬᠦ; (ᠲᠤᠯᠤᠭ᠎ᠠ) ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠦ ᠵᠢᠨ ᠪᠤᠳᠤᠯᠭ᠎ᠠ ᠵᠢ ᠵᠢᠷᠤᠮᠯᠠᠭᠰᠠᠨ ᠪᠤᠰᠤᠳ ᠪᠠᠶ᠋ᠢᠳᠠᠯ᠃
ᠠᠷᠪᠠᠨ ᠭᠤᠷᠪᠠᠳᠤᠭ᠋ᠠᠷ ᠵᠤᠷᠪᠤᠰ ᠪᠠᠶ᠋ᠢᠴᠠᠭ᠋ᠠᠬᠤ ᠠᠵᠢᠯᠲᠠᠨ ᠰᠤᠭᠤᠴᠢᠨ ᠪᠠᠶ᠋ᠢᠴᠠᠭ᠋ᠠᠬᠤ ᠶᠠᠪᠤᠴᠠ᠎ᠳᠤ ᠰᠤᠭᠤᠴᠢᠨ ᠪᠠᠶ᠋ᠢᠴᠠᠭ᠋ᠠᠭᠰᠠᠨ ᠲᠡᠮᠳᠡᠭᠯᠡᠯ᠎ᠤᠨ ᠬᠦᠰᠦᠨᠦᠭᠲᠦ ᠵᠢ ᠲᠠᠭᠯᠠᠵᠤ᠂ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠦᠨᠡᠨ ᠪᠣᠳᠠᠲᠠᠶ᠎ᠪᠠᠷ ᠲᠡᠮᠳᠡᠭᠯᠡᠬᠦ ᠵᠢᠨ ᠬᠠᠮᠲᠤ ᠭᠠᠷᠤᠨ ᠥᠰᠥᠭ ᠵᠢᠷᠤᠬᠤ ᠬᠡᠷᠡᠭᠲᠡᠶ᠃ ᠰᠤᠭᠤᠴᠢᠨ ᠪᠠᠶ᠋ᠢᠴᠠᠭ᠋ᠠᠬᠤ ᠲᠡᠮᠳᠡᠭᠯᠡᠯ᠎ᠤᠨ ᠬᠦᠰᠦᠨᠦᠭᠲᠦ ᠵᠢ ᠰᠤᠭᠤᠴᠢᠨ ᠪᠠᠶ᠋ᠢᠴᠠᠭ᠋ᠠᠭᠳᠠᠬᠤ ᠨᠢᠭᠡᠴᠡ ᠵᠢᠨ ᠬᠠᠷᠢᠭᠤᠴᠠᠯᠭ᠋ᠠᠲᠠᠨ ᠭᠠᠷᠤᠨ ᠦᠰᠦᠭ ᠵᠢᠷᠤᠬᠤ ᠵᠢᠨ ᠬᠠᠮᠲᠤ᠂ ᠪᠠᠢ᠌ᠭᠤᠯᠭ᠎ᠠ ᠵᠢᠨ ᠲᠠᠮᠠᠭ᠎ᠠ ᠳᠠᠷᠤᠵᠤ ᠨᠤᠲᠠᠯᠠᠬᠤ ᠬᠡᠷᠡᠭᠲᠡᠶ; ᠭᠠᠷᠤᠨ ᠥᠰᠥᠭ ᠵᠢᠷᠤᠵᠤ ᠲᠠᠮᠠᠭ᠎ᠠ ᠳᠠᠷᠤᠬᠤ ᠵᠢᠨ ᠠᠷᠭ᠎ᠠ ᠥᠬᠡᠶ ᠪᠠᠶ᠋ᠢᠪᠠᠯ᠂ ᠪᠠᠶ᠋ᠢᠴᠠᠭ᠋ᠠᠬᠤ ᠠᠵᠢᠯᠲᠠᠨ ᠰᠢᠯᠲᠠᠭ᠋ᠠᠨ᠎ᠢ ᠲᠣᠳᠣᠷᠬᠠᠶ᠋ᠢᠯᠠᠬᠤ ᠵᠢᠨ ᠬᠠᠮᠲᠤ᠂ ᠬᠣᠯᠪᠣᠭᠳᠠᠯ ᠪᠥᠬᠥᠶ ᠬᠥᠮᠦᠰ᠎ᠢ ᠤᠷᠢᠵᠤ ᠲᠤᠬᠠᠶ ᠵᠢᠨ ᠲᠠᠯᠠᠪᠤᠷ᠎ᠲᠤ ᠭᠡᠷᠡᠴᠢᠯᠡᠭᠦᠯᠬᠦ ᠬᠡᠷᠡᠭᠲᠡᠶ᠃ ᠰᠣᠩᠭᠣᠨ ᠪᠠᠶ᠋ᠢᠴᠠᠭ᠋ᠠᠬᠤ᠎ᠳᠠᠭᠠᠨ ᠳᠠᠭᠤ ᠰᠢᠩᠭᠡᠭᠡᠬᠦ᠂ ᠳᠦᠷᠰᠦ ᠰᠢᠩᠭᠡᠭᠡᠬᠦ ᠪᠤᠶᠤ ᠰᠡᠭᠦᠳᠡᠷᠯᠡᠬᠦ ᠵᠡᠷᠭᠡ ᠠᠷᠭ᠎ᠠ ᠮᠠᠶᠢᠭ ᠵᠶ᠋ᠠᠷ ᠰᠣᠩᠭᠣᠨ ᠪᠠᠶ᠋ᠢᠴᠠᠭ᠋ᠠᠭᠰᠠᠨ ᠶᠠᠪᠤᠴᠠ ᠵᠢ ᠲᠡᠮᠳᠡᠭᠯᠡᠬᠦ ᠬᠡᠷᠡᠭᠲᠡᠢ᠃ ᠰᠤᠭᠤᠴᠢᠨ ᠪᠠᠶ᠋ᠢᠴᠠᠭ᠋ᠠᠬᠤ ᠠᠵᠢᠯ᠎ᠤᠨ ᠳᠤᠮᠳᠠ ᠬᠡᠷᠡᠭᠴᠡᠭᠡ᠎ᠪᠠᠨ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠠᠤᠯᠢ ᠶᠣᠰᠣᠭ᠋ᠠᠷ ᠭᠤᠷᠪᠠᠳᠠᠬᠢ ᠡᠲᠡᠭᠡᠳ᠎ᠲᠤ ᠨᠠᠶ᠋ᠢᠳᠠᠵᠤ ᠰᠢᠯᠭ᠋ᠠᠨ ᠪᠠᠶ᠋ᠢᠴᠠᠭ᠋ᠠᠬᠤ᠂ ᠪᠠᠶ᠋ᠢᠴᠠᠭ᠋ᠠᠨ ᠰᠢᠨᠵᠢᠬᠦ᠂ ᠬᠢᠨᠠᠨ ᠲᠣᠭᠲᠠᠭ᠋ᠠᠬᠤ ᠵᠡᠷᠭᠡ ᠠᠵᠢᠯ᠎ᠢ ᠥᠷᠨᠢᠭᠦᠯᠬᠦ ᠵᠢᠨ ᠬᠠᠮᠲᠤ ᠬᠠᠮᠢᠶ᠎ᠠ ᠪᠥᠬᠥᠶ ᠵᠠᠷᠤᠳᠠᠯ᠎ᠢ ᠡᠭᠦᠷᠭᠡᠯᠡᠭᠦᠯᠵᠦ ᠪᠣᠯᠤᠨ᠎ᠠ᠃
ᠠᠷᠪᠠᠨ ᠳᠥᠷᠪᠡᠳᠦᠭᠡᠷ ᠵᠤᠷᠪᠤᠰ ᠰᠤᠭᠤᠴᠢᠨ ᠪᠠᠶ᠋ᠢᠴᠠᠭ᠋ᠠᠬᠤ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠰᠤᠭᠤᠴᠢᠨ ᠪᠠᠶ᠋ᠢᠴᠠᠭ᠋ᠠᠭᠰᠠᠨ ᠶᠠᠪᠤᠴᠠ᠂ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ ᠵᠡᠷᠭᠡ ᠠᠭᠤᠯᠭ᠎ᠠ ᠵᠢ ᠪᠠᠭᠲᠠᠭ᠋ᠠᠭᠰᠠᠨ ᠰᠤᠭᠤᠴᠢᠨ ᠪᠠᠶ᠋ᠢᠴᠠᠭ᠋ᠠᠭᠰᠠᠨ ᠠᠵᠢᠯ᠎ᠤᠨ ᠮᠡᠳᠡᠭᠦᠯᠦᠯᠲᠡ ᠵᠢ 20 ᠠᠵᠢᠯᠯᠠᠬᠤ ᠡᠳᠦᠷ᠎ᠤᠨ ᠳᠣᠲᠣᠷ᠎ᠠ ᠪᠣᠶ ᠪᠣᠯᠭ᠋ᠠᠬᠤ ᠵᠢᠨ ᠬᠠᠮᠲᠤ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ᠎ᠳᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠴᠢᠬᠤᠯᠠᠲᠠᠢ ᠮᠡᠳᠡᠭᠡ ᠵᠠᠩᠭᠢ ᠵᠢ ᠭᠠᠷᠭ᠋ᠠᠪᠠᠯ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠠᠭᠤᠯᠪᠤᠷᠢᠯᠠᠨ ᠬᠦᠷᠭᠡᠬᠦ ᠪᠠ ᠨᠡᠶ᠋ᠢᠭᠡᠮ᠎ᠳᠤ ᠢᠯᠡ ᠪᠤᠯᠭ᠋ᠠᠬᠤ ᠬᠡᠷᠡᠭᠲᠡᠶ᠃
ᠠᠷᠪᠠᠨ ᠲᠠᠪᠤᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠵᠥᠪᠰᠢᠶᠡᠷᠡᠭᠳᠡᠬᠦ ᠨᠢᠭᠡᠴᠡ ᠵᠢᠨ ᠲᠦᠭᠰᠢᠭᠦᠷᠢ ᠶᠡᠬᠡᠲᠡᠶ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠵᠤ᠂ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ ᠬᠠᠭᠤᠷᠮᠠᠭ᠂ ᠴᠢᠨᠰᠠᠭ᠎ᠠ ᠮᠠᠭᠤᠲᠠᠢ ᠦᠷ᠎ᠡ ᠦᠢ᠍ᠯᠡᠳᠪᠦᠷᠢᠯᠡᠵᠦ ᠡᠵᠡᠩᠨᠡᠭᠰᠡᠨ ᠵᠢᠴᠢ ᠮᠡᠬᠡᠯᠡᠬᠦ᠂ ᠬᠡᠭᠡᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠣᠯᠤᠭᠰᠠᠨ ᠨᠢᠭᠡᠴᠡ ᠵᠢ ᠲᠦᠭᠰᠢᠭᠦᠷᠢ ᠶᠡᠬᠡᠲᠡᠶ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠵᠢᠨ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠰᠦᠯᠵᠢᠶᠡᠨ ᠳᠡᠭᠡᠷ᠎ᠡ ᠨᠡᠶ᠋ᠢᠲᠡᠯᠡᠨ᠎ᠡ᠃ ᠲᠤᠰ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠨᠢᠭᠡᠴᠡ ᠵᠢ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ ᠪᠣᠯᠤᠨ᠎ᠠ᠃
ᠠᠷᠪᠠᠨ ᠵᠢᠷᠭᠤᠳᠤᠭ᠋ᠠᠷ ᠵᠤᠷᠪᠤᠰ ᠰ᠊ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ ᠳᠤ ᠣᠨᠳᠣᠣ ᠰᠠᠨᠠᠯ᠎ᠲᠠᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ ᠪᠣᠯᠤᠨ᠎ᠠ᠃
ᠠᠷᠪᠠᠨ ᠳᠣᠯᠣᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠲᠠᠬᠢᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠣᠯᠤᠭᠰᠠᠨ᠎ᠤ ᠳᠠᠷᠠᠭ᠎ᠠ ᠳᠠᠬᠢᠨ ᠪᠠᠶ᠋ᠢᠴᠠᠭ᠋ᠠᠬᠤ ᠵᠢᠨ ᠬᠠᠮᠲᠤ 20 ᠠᠵᠢᠯᠯᠠᠬᠤ ᠡᠳᠦᠷ᠎ᠤᠨ ᠳᠣᠲᠣᠷ᠎ᠠ ᠪᠢᠴᠢᠭᠯᠡᠭᠰᠡᠨ ᠬᠠᠷᠢᠭᠤᠯᠲᠠ ᠥᠭᠬᠦ ᠬᠡᠷᠡᠭᠲᠡᠶ᠃ ᠳᠠᠬᠢᠨ ᠪᠠᠶ᠋ᠢᠴᠠᠭ᠋ᠠᠬᠤ᠎ᠳᠠᠭᠠᠨ ᠪᠠᠶ᠋ᠢᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ᠎ᠠᠴᠠ ᠪᠠᠶ᠋ᠢᠴᠠᠭ᠋ᠠᠬᠤ ᠠᠵᠢᠯᠲᠠᠨ᠎ᠢ ᠰᠤᠭᠤᠴᠢᠨ ᠠᠪᠴᠤ᠂ ᠪᠢᠴᠢᠭ ᠵᠶ᠋ᠠᠷ ᠬᠢᠨᠠᠨ ᠪᠠᠶ᠋ᠢᠴᠠᠭ᠋ᠠᠵᠤ᠂ ᠴᠢᠬᠤᠯᠠᠲᠠᠢ ᠦᠶ᠎ᠡ᠎ᠳᠤ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠵᠤ ᠪᠣᠯᠤᠨ᠎ᠠ᠃ ᠬᠡᠷᠪᠡ ᠪᠠᠶ᠋ᠢᠳᠠᠯ᠎ᠨᠢ ᠦᠨᠡᠨ ᠪᠣᠳᠠᠲᠠᠶ ᠪᠠᠶ᠋ᠢᠪᠠᠯ᠂ ᠬᠠᠮᠢᠶ᠎ᠠ ᠪᠥᠬᠥᠶ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠬᠦᠢ᠍ᠴᠡᠳᠬᠡᠭᠰᠡᠨᠤ ᠳᠠᠷᠠᠭ᠎ᠠ ᠵᠠᠯᠠᠷᠠᠭᠤᠯᠬᠤ ᠬᠡᠷᠡᠭᠲᠡᠶ᠃ ᠵᠠᠷᠴᠢᠮ ᠳᠡᠭᠡᠷ᠎ᠡ᠎ᠪᠠᠨ ᠨᠢᠭᠡᠳᠦᠭᠡᠷ ᠤᠳᠠᠭ᠎ᠠ ᠪᠠᠶ᠋ᠢᠴᠠᠭ᠋ᠠᠬᠤ ᠠᠵᠢᠯᠲᠠᠨ ᠳᠠᠬᠢᠨ ᠪᠠᠶ᠋ᠢᠴᠠᠭ᠋ᠠᠬᠤ ᠠᠵᠢᠯ᠎ᠳᠤ ᠣᠷᠣᠯᠴᠠᠬᠤ ᠥᠬᠡᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠳᠠᠬᠢᠨ ᠪᠠᠶ᠋ᠢᠴᠠᠭ᠋ᠠᠭᠰᠠᠨ ᠳ᠋ᠦᠩᠨᠡᠯᠲᠡ᠎ᠳᠤ ᠳᠠᠬᠢᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠳᠠᠭᠢᠵᠤ ᠬᠦᠯᠢᠶᠡᠬᠦ ᠥᠬᠡᠶ᠃
ᠠᠷᠪᠠᠨ ᠨᠠᠢ᠍ᠮᠠᠳᠤᠭ᠋ᠠᠷ ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠭᠰᠠᠨ ᠲᠠᠩᠰᠠ ᠡᠪᠬᠡᠮᠡᠯ᠎ᠢ ᠣᠨ ᠵᠶ᠋ᠡᠷ ᠠᠩᠭᠢᠯᠠᠨ ᠪᠠᠶ᠋ᠢᠭᠤᠯᠵᠤ᠂ ᠲᠠᠩᠰᠠ ᠡᠪᠬᠡᠮᠡᠯ᠎ᠳᠤ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠂ ᠰᠤᠭᠤᠴᠢᠨ ᠪᠠᠶ᠋ᠢᠴᠠᠭ᠋ᠠᠭᠰᠠᠨ ᠲᠡᠮᠳᠡᠭᠯᠡᠯ᠎ᠤᠨ ᠬᠦᠰᠦᠨᠦᠭᠲᠦ᠂ ᠰᠤᠭᠤᠴᠢᠨ ᠪᠠᠶ᠋ᠢᠴᠠᠭ᠋ᠠᠭᠰᠠᠨ ᠠᠵᠢᠯ᠎ᠤᠨ ᠮᠡᠳᠡᠭᠦᠯᠦᠯᠲᠡ ᠪᠠ ᠲᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠡᠷᠭᠡ ᠵᠢ ᠪᠠᠭᠲᠠᠭ᠋ᠠᠬᠤ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠰᠤᠭᠤᠴᠢᠨ ᠪᠠᠶ᠋ᠢᠴᠠᠭ᠋ᠠᠬᠤ ᠳᠤᠮᠳᠠ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 ᠵᠢᠴᠢ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃
ᠬᠣᠷᠢᠳᠤᠭ᠋ᠠᠷ ᠵᠤᠷᠪᠤᠰ ᠵᠥᠪᠰᠢᠶᠡᠷᠡᠭᠳᠡᠭᠰᠡᠨ ᠨᠢᠭᠡᠴᠡ᠎ᠨᠢ ᠰᠤᠭᠤᠴᠢᠨ ᠪᠠᠶ᠋ᠢᠴᠠᠭ᠋ᠠᠬᠤ ᠵᠢ ᠬᠦᠯᠢᠶᠡᠬᠦ ᠬᠡᠷᠡᠭᠲᠡᠶ᠃ ᠰᠤᠭᠤᠴᠢᠨ ᠪᠠᠶ᠋ᠢᠴᠠᠭ᠋ᠠᠬᠤ ᠶᠠᠪᠤᠴᠠ᠎ᠳᠤ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ ᠬᠠᠮᠵᠢᠯᠴᠠᠬᠤ ᠦᠭᠡᠶ ᠪᠣᠯ ᠲᠡᠭᠦᠨ᠎ᠳᠤ ᠬᠠᠤᠯᠢ᠎ᠪᠠᠷ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ ᠵᠢ ᠮᠡᠳᠡᠭᠳᠡᠬᠦ ᠬᠡᠷᠡᠭᠲᠡᠶ᠃ ᠪᠠᠶ᠋ᠢᠴᠠᠭ᠋ᠠᠬᠤ ᠠᠵᠢᠯᠲᠠᠨ᠎ᠤ ᠬᠠᠤᠯᠢ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠵᠢ ᠲᠡᠪᠴᠢᠬᠦ ᠪᠠ ᠬᠠᠷᠰᠢᠯᠠᠪᠠᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠵᠢ ᠰᠠᠶ᠋ᠢᠲᠤᠷ ᠲᠡᠮᠳᠡᠭᠯᠡᠬᠦ ᠪᠠ ᠦᠯᠡᠳᠡᠭᠡᠨ ᠠᠪᠴᠤ᠂ ᠪᠣᠳᠠᠲᠠᠶ ᠪᠠᠶ᠋ᠢᠳᠠᠯ᠎ᠢ᠎ᠨᠢ ᠦᠨᠳᠦᠰᠦᠯᠡᠨ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 ᠵᠢᠨ ᠨᠠᠶᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠶ᠃ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠠᠮᠵᠢᠯᠴᠠᠬᠤ ᠦᠭᠡᠶ᠎ᠪᠠᠷ ᠦᠵᠡᠨ᠎ᠡ᠃ (ᠨᠢᠭᠡ) ᠪᠠᠶ᠋ᠢᠴᠠᠭ᠋ᠠᠬᠤ ᠠᠵᠢᠯᠳᠠᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠲᠠᠯᠠᠪᠤᠷ᠎ᠲᠤ ᠣᠷᠣᠵᠤ ᠲᠤᠬᠠᠢ ᠵᠢᠨ ᠲᠠᠯᠠᠪᠤᠷ᠎ᠤᠨ ᠪᠠᠶ᠋ᠢᠴᠠᠭ᠋ᠠᠯᠲᠠ ᠬᠢᠬᠦ ᠵᠢ ᠲᠡᠪᠴᠢᠭᠰᠡᠨ; (ᠬᠣᠶᠠᠷ) ᠪᠠᠶ᠋ᠢᠴᠠᠭ᠋ᠠᠬᠤ ᠠᠵᠢᠯᠳᠡᠠᠤ ᠦᠷ᠎ᠡ ᠵᠢ ᠦᠯᠢᠭᠡᠷ ᠠᠪᠴᠤ ᠰᠢᠯᠭ᠋ᠠᠬᠤ᠂ ᠲᠤᠷᠰᠢᠬᠤ ᠪᠤᠶᠤ ᠰᠢᠯᠭ᠋ᠠᠨ ᠪᠠᠶ᠋ᠢᠴᠠᠭ᠋ᠠᠬᠤ ᠵᠢ ᠲᠡᠪᠴᠢᠭᠰᠡᠨ; (ᠭᠤᠷᠪᠠ) ᠪᠠᠶ᠋ᠢᠴᠠᠭ᠋ᠠᠬᠤ ᠠᠵᠢᠯᠳᠠᠨ᠎ᠤ ᠬᠣᠯᠪᠣᠭᠳᠠᠯ ᠪᠦᠬᠦᠢ ᠭᠡᠷ᠎ᠡ᠂ ᠪᠠᠷᠢᠮᠲᠠ᠂ ᠲᠠᠨᠭ᠌ᠰᠠ ᠬᠠᠷ᠎ᠠ᠂ ᠦᠢ᠍ᠯᠡᠳᠪᠦᠷᠢᠯᠡᠯ ᠡᠵᠡᠩᠨᠡᠯᠲᠡ ᠵᠢᠨ ᠲᠠᠨᠭ᠌ᠰᠠ ᠡᠪᠬᠡᠮᠡᠯ ᠵᠢᠴᠢ ᠪᠤᠰᠤᠳ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠪᠠᠭᠤᠯᠭ᠋ᠠᠨ ᠠᠪᠬᠤ ᠵᠢ ᠲᠡᠪᠴᠢᠭᠰᠡᠨ᠂ ᠡᠰᠡᠬᠦᠯ᠎ᠡ ᠬᠣᠯᠪᠣᠭᠳᠠᠯ ᠪᠦᠬᠦᠢ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠬᠠᠩᠭ᠋ᠠᠭᠰᠠᠨ ᠦᠭᠡᠢ; (ᠲᠦᠷᠪᠡ) ᠰᠣᠩᠭᠣᠨ ᠪᠠᠶ᠋ᠢᠴᠠᠭ᠋ᠠᠬᠤ ᠠᠵᠢᠯ᠎ᠤᠨ ᠬᠡᠪ ᠵᠶ᠋ᠠᠷ ᠶᠠᠪᠤᠭᠳᠠᠬᠤ ᠵᠢ ᠬᠠᠷᠰᠢᠯᠠᠭᠰᠠᠨ᠂ ᠬᠠᠷᠰᠢᠯᠠᠭᠰᠠᠨ ᠪᠤᠰᠤᠳ ᠪᠠᠶ᠋ᠢᠳᠠᠯ᠃
ᠬᠣᠷᠢᠨ ᠨᠢᠭᠡᠳᠦᠭᠡᠷ ᠵᠤᠷᠪᠤᠰ ᠰᠤᠭᠤᠴᠢᠨ ᠪᠠᠶ᠋ᠢᠴᠠᠭ᠋ᠠᠬᠤ᠎ᠳᠤ ᠣᠷᠣᠯᠴᠠᠭᠰᠠᠨ ᠬᠣᠯᠪᠣᠭᠳᠠᠯ ᠪᠥᠬᠥᠶ ᠬᠥᠮᠦᠰ ᠳᠣᠭᠢᠷᠠᠭᠤᠯᠤᠭᠰᠠᠨ ᠦᠷ᠎ᠡ ᠳ᠋ᠦᠩ᠎ᠤᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠃ ᠪᠠᠶ᠋ᠢᠴᠠᠭ᠋ᠠᠯᠲᠠ ᠬᠢᠬᠦ᠎ᠠᠴᠠ ᠡᠮᠦᠨ᠎ᠡ ᠳᠣᠭᠢᠷᠠᠭᠤᠯᠤᠭᠰᠠᠨ ᠮᠡᠳᠡᠭᠡ ᠵᠠᠩᠭᠢ ᠵᠢ ᠨᠡᠶ᠋ᠢᠭᠡᠮ ᠪᠠ ᠰᠤᠭᠤᠴᠢᠨ ᠪᠠᠶ᠋ᠢᠴᠠᠭ᠋ᠠᠭᠳᠠᠭᠰᠠᠨ ᠨᠢᠭᠡᠴᠡ᠎ᠳᠤ ᠢᠯᠡ ᠪᠣᠯᠭ᠋ᠠᠬᠤ ᠥᠬᠡᠶ᠃
ᠬᠣᠷᠢᠨ ᠬᠣᠶᠠᠳᠤᠭ᠋ᠠᠷ ᠵᠤᠷᠪᠤᠰ ᠪᠠᠶ᠋ᠢᠴᠠᠭ᠋ᠠᠬᠤ ᠠᠵᠢᠯᠳᠠᠨ᠎ᠨᠢ ᠰᠣᠩᠭᠣᠨ ᠪᠠᠶ᠋ᠢᠴᠠᠭ᠋ᠠᠭᠳᠠᠭᠰᠠᠨ ᠨᠢᠭᠡᠴᠡ᠎ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠪᠠᠶ᠋ᠢᠪᠠᠯ᠂ ᠬᠠᠤᠯᠢ ᠶᠣᠰᠣᠭ᠋ᠠᠷ ᠵᠠᠢ᠌ᠯᠠᠰᠬᠢᠭᠰᠠᠨ ᠪᠠᠢ᠌ᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠤᠷᠪᠤᠰ ᠲᠤᠰ ᠨᠠᠷᠢᠨ ᠳᠦᠷᠢᠮ᠎ᠤᠨ ᠵᠢᠷᠭᠤᠳᠤᠭ᠋ᠠᠷ ᠵᠤᠷᠪᠤᠰ᠂ ᠳᠣᠯᠣᠳᠤᠭ᠋ᠠᠷ ᠵᠤᠷᠪᠤᠰ᠎ᠲᠤ ᠲᠣᠭᠲᠠᠭ᠋ᠠᠭᠰᠠᠨ ᠵᠥᠪᠰᠢᠶᠡᠷᠡᠭᠳᠡᠬᠦ ᠨᠢᠭᠡᠴᠡ ᠵᠢᠨ ᠨᠡᠷᠡᠰ᠎ᠤᠨ ᠬᠥᠮᠥᠷᠭᠡ᠂ ᠪᠠᠶ᠋ᠢᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠨᠡᠶ᠋ᠢᠲᠡᠯᠡᠨ᠎ᠡ᠃
ᠬᠣᠷᠢᠨ ᠳᠥᠷᠪᠡᠳᠦᠭᠡᠷ ᠵᠤᠷᠪᠤᠰ ᠲᠤᠰ ᠨᠠᠷᠢᠨ ᠳᠦᠷᠢᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
ᠬᠣᠷᠢᠨ ᠲᠠᠪᠤᠳᠤᠭ᠋ᠠᠷ ᠵᠤᠷᠪᠤᠰ ᠲᠤᠰ ᠨᠠᠷᠢᠨ ᠳᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠤᠨ᠎ᠠ᠃