ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2023-12-01

      

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ     


ᠡᠯ᠎ᠡ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠳᠤ᠄
      ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮᠵᠢᠯ》 ᠵᠡᠷᠭᠡ ᠲᠣᠭᠲᠠᠭ᠋ᠠᠯ᠎ᠢ ᠦᠨᠳᠦᠰᠦᠯᠡᠨ᠂ ᠮᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》᠎ᠢ ᠰᠤᠳᠤᠯᠤᠨ ᠲᠣᠭᠲᠠᠭ᠋ᠠᠪᠠ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
             

                         2023 ᠣᠨ᠎ᠤ 10 ᠰᠠᠷ᠎ᠠ ᠵᠢᠨ 25᠎ᠤ ᠡᠳᠦᠷ
 

        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ

       ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ

       ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ
  

     ᠨᠢᠭᠡᠳᠦᠭᠡᠷ ᠵᠦᠢ᠍ᠯ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠳᠦᠷᠢᠮ》 ᠪᠣᠯᠤᠨ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮᠵᠢᠯ》 ᠵᠡᠷᠭᠡ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠬᠠᠮᠠᠭ᠋ᠠᠯᠠᠨ ᠠᠰᠢᠭᠯᠠᠬᠤ ᠪᠣᠳᠠᠲᠠᠶ᠎ᠲᠠᠢ ᠤᠶᠠᠯᠳᠤᠭᠤᠯᠵᠤ᠂ ᠲᠤᠰ ᠲᠣᠭᠲᠠᠭ᠋ᠠᠯ᠎ᠢ ᠲᠣᠭᠲᠠᠭ᠋ᠠᠪᠠ᠃ 
      ᠬᠣᠶᠠᠳᠤᠭ᠋ᠠᠷ ᠵᠦᠢ᠍ᠯ ᠲᠤᠰ ᠲᠣᠭᠲᠠᠭ᠋ᠠᠯ᠎ᠢ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠳᠤ ᠬᠡᠷᠡᠭᠵᠢᠬᠦᠯᠦᠨ᠎ᠡ᠃    
     ( ᠨᠢᠭᠡ)  ᠠᠭᠤᠷᠬᠠᠶ ᠵᠢᠨ ᠪᠤᠯᠠᠭᠳᠠᠴᠠ ᠵᠢ ᠨᠡᠭᠡᠭᠡᠨ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠡᠷᠭᠡ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠵᠦᠪᠰᠢᠶᠡᠷᠡᠬᠦ᠎ᠳᠤ ᠬᠡᠷᠡᠭᠵᠢᠬᠦᠯᠦᠨ᠎ᠡ; 
     (ᠬᠣᠶᠠᠷ) ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ᠎ᠳᠤ ᠬᠡᠷᠡᠭᠵᠢᠬᠦᠯᠦᠨ᠎ᠡ; 
     (ᠭᠤᠷᠪᠠ) ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠣᠯᠤᠨ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠪᠡᠯᠡᠳᠬᠡᠮᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠬᠡᠷᠡᠭᠯᠡᠬᠦ ᠵᠢ ᠬᠢᠨᠠᠨ ᠵᠦᠪᠰᠢᠶᠡᠷᠡᠬᠦ᠎ᠳᠤ ᠬᠡᠷᠡᠭᠵᠢᠬᠦᠯᠦᠨ᠎ᠡ᠃ 
      ᠭᠤᠷᠪᠠᠳᠤᠭ᠋ᠠᠷ ᠵᠦᠢ᠍ᠯ   ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠨᠤᠲᠤᠭ  ᠪᠡᠯᠴᠢᠭᠡᠷ᠎ᠤᠨ ᠲᠦᠷᠦᠯ (ᠪᠠᠶ᠋ᠢᠭ᠋ᠠᠯᠢ ᠵᠢᠨ ᠪᠡᠯᠴᠢᠭᠡᠷ᠂ ᠲᠠᠷᠢᠮᠠᠯ ᠪᠡᠯᠴᠢᠭᠡᠷ ᠪᠠ ᠪᠤᠰᠤᠳ ᠪᠡᠯᠴᠢᠭᠡᠷ ᠪᠠᠭᠲᠠᠨ᠎ᠠ)᠎ᠢ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠴᠢ ᠣᠨ᠎ᠤ ᠤᠯᠤᠰ᠎ᠤᠨ ᠭᠠᠵᠠᠷ ᠰᠢᠷᠣᠶ ᠵᠢᠨ ᠬᠤᠪᠢᠷᠠᠯᠲᠠ ᠵᠢᠨ ᠲᠣᠭ᠎ᠠ ᠪᠠᠷᠢᠮᠲᠠ᠎ᠪᠠᠷ ᠰᠠᠭᠤᠷᠢ ᠲᠣᠭ᠎ᠠ ᠪᠣᠯᠭ᠋ᠠᠭᠰᠠᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠵᠢᠷᠤᠭ ᠵᠶ᠋ᠠᠷ ᠮᠠᠭ᠋ᠠᠳᠯᠠᠨ ᠲᠤᠭᠲᠠᠭ᠋ᠠᠨ᠎ᠡ᠃
     ᠳᠥᠷᠪᠡᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠤᠮᠤ ᠰᠢᠶᠠᠩ ᠪᠠᠯᠭ᠋ᠠᠰᠤ᠎ᠳᠤ ᠪᠠᠭᠤᠯᠭ᠋ᠠᠭᠰᠠᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠵᠥᠪᠰᠢᠶᠡᠷᠡᠬᠦ ᠠᠵᠢᠯ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠪᠠ ᠬᠢᠨᠠᠯᠲᠠ ᠲᠠᠯᠪᠢᠬᠤ ᠵᠢ ᠬᠠᠷᠢᠭᠤᠴᠠᠬᠤ ᠬᠡᠷᠡᠭᠲᠡᠶ᠃
     ᠲᠠᠪᠤᠳᠤᠭ᠋ᠠᠷ ᠵᠦᠢ᠍ᠯ ᠠᠭᠤᠷᠬᠠᠶ ᠵᠢᠨ ᠪᠤᠯᠠᠭᠳᠠᠴᠠ ᠵᠢ ᠨᠡᠭᠡᠭᠡᠨ ᠮᠠᠯᠲᠠᠬᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠡᠷᠭᠡ ᠡᠯ᠎ᠡ ᠲᠥᠷᠥᠯ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠨᠢ ᠨᠤᠲᠤᠭ ᠪᠡᠯᠴᠢᠭᠡᠷ᠎ᠢ ᠠᠷᠪᠢᠲᠠᠶ ᠡᠷᠴᠢᠮᠯᠢᠭ ᠬᠡᠷᠡᠭᠯᠡᠬᠦ ᠬᠡᠷᠡᠭᠲᠡᠶ᠃ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠲᠦᠷ ᠴᠠᠭ ᠬᠡᠷᠡᠭᠯᠡᠬᠦ ᠨᠡᠷ᠎ᠡ᠎ᠪᠠᠷ ᠨᠤᠲᠤᠭ ᠪᠡᠯᠴᠢᠭᠡᠷ᠎ᠢ ᠤᠷᠲᠤ ᠬᠤᠭᠤᠴᠠᠭ᠎ᠠ᠎ᠪᠠᠷ ᠡᠵᠡᠯᠡᠨ ᠬᠡᠷᠡᠭᠯᠡᠵᠦ ᠪᠣᠯᠬᠤ ᠦᠭᠡᠶ᠃
     ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠤᠯᠤᠰ᠎ᠤᠨ ᠪᠠᠲᠤᠯᠠᠨ ᠬᠠᠮᠠᠭ᠋ᠠᠯᠠᠯᠲᠠ᠂ ᠭᠠᠳᠠᠭ᠋ᠠᠳᠤ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠰᠡᠨ ᠤᠯᠤᠰ᠎ᠤᠨ ᠴᠢᠬᠤᠯᠠ ᠶᠡᠬᠡ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠬᠦ ᠲᠥᠷᠥᠯ ᠵᠦᠢ᠍ᠯ ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠰᠠᠭᠤᠷᠢ ᠪᠡᠯᠡᠳᠬᠡᠮᠵᠢ᠂ ᠣᠯᠠᠨ ᠨᠡᠶ᠋ᠢᠲᠡ ᠵᠢᠨ ᠦᠢ᠍ᠯᠡᠰ᠂ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠢᠴᠢ ᠬᠢᠨᠠᠨ ᠵᠥᠪᠰᠢᠶᠡᠷᠡᠬᠦ ᠱᠠᠲᠣᠨ᠎ᠠᠴᠠ ᠠᠶ᠋ᠢᠮᠠᠭ ᠬᠣᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠪᠠᠭᠤᠯᠭ᠋ᠠᠬᠤ ᠰᠠᠭᠤᠷᠢ ᠪᠡᠯᠡᠳᠬᠡᠮᠵᠢ᠂ ᠣᠯᠠᠨ ᠨᠡᠶ᠋ᠢᠲᠡ ᠵᠢᠨ ᠦᠢ᠍ᠯᠡᠰ᠂ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠠᠴᠠ ᠭᠠᠳᠠᠨ᠎ᠠ᠂ ᠦᠨᠳᠦᠰᠦᠨ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠵᠦ ᠪᠣᠯᠬᠤ ᠦᠭᠡᠶ᠃
     ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠵᠠᠰᠠᠮᠠᠯ ᠵᠠᠮ᠂ ᠲᠡᠮᠦᠷ ᠵᠠᠮ᠂ ᠨᠢᠰᠬᠡᠯ᠎ᠤᠨ ᠪᠠᠭᠤᠳᠠᠯ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦᠨ᠂ ᠴᠢᠮᠡᠭᠡ ᠨᠡᠪᠲᠡᠷᠡᠯᠭᠡ᠂ ᠡᠨᠧᠷᠭᠢ ᠵᠢᠨ ᠰᠠᠭᠤᠷᠢᠨ ᠭᠠᠵᠠᠷ᠂ ᠲᠤᠰᠤᠨ ᠬᠡᠢ ᠵᠢᠨ ᠬᠣᠭᠣᠯᠠᠶ ᠵᠢᠨ ᠲᠣᠣᠷ ᠵᠡᠷᠭᠡ ᠪᠠᠭᠲᠠᠨ᠎ᠠ; ᠣᠯᠠᠨ ᠨᠡᠶ᠋ᠢᠲᠡ ᠵᠢᠨ ᠠᠵᠢᠯ ᠦᠢ᠍ᠯᠡᠰ ᠪᠣᠯᠤᠨ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠂ ᠣᠷᠴᠢᠨ ᠲᠣᠭᠣᠷᠢᠨ ᠪᠣᠯᠤᠨ ᠡᠬᠢ ᠪᠠᠶᠠᠯᠢᠭ᠎ᠤᠨ ᠬᠠᠮᠠᠭ᠋ᠠᠯᠠᠯᠲᠠ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠂ ᠬᠢᠮᠳᠠ ᠲᠦᠷᠢᠶᠡᠰᠦᠨ ᠭᠡᠷ᠂ ᠣᠷᠣᠨ ᠰᠠᠭᠤᠴᠠᠲᠤ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠵᠡᠷᠭᠡ ᠪᠠᠭᠲᠠᠨ᠎ᠠ; ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠭᠠᠳᠠᠭ᠋ᠠᠳᠤ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ ᠭᠡᠳᠡᠭ᠎ᠨᠢ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠭᠠᠳᠠᠭ᠋ᠠᠳᠤ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠵᠢᠭ᠋ᠠᠵᠤ ᠪᠠᠶ᠋ᠢᠨ᠎ᠠ᠃
     ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠬᠦ ᠲᠠᠷᠢᠶᠠᠴᠢᠨ ᠮᠠᠯᠴᠢᠳ᠎ᠤᠨ ᠣᠷᠣᠨ ᠰᠠᠭᠤᠴᠠ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠦᠨᠳᠦᠰᠦᠨ ᠨᠤᠲᠤᠭ ᠪᠡᠯᠴᠢᠭᠡᠷ᠎ᠢ ᠦᠨᠡᠨᠬᠦ ᠬᠡᠷᠡᠭᠯᠡᠬᠦ ᠦᠭᠡᠢ ᠪᠠᠢ᠌ᠬᠤ ᠵᠢᠨ ᠠᠷᠭ᠎ᠠ ᠦᠭᠡᠶ ᠪᠣᠯ ᠡᠵᠡᠯᠡᠨ ᠬᠡᠷᠡᠭᠯᠡᠵᠦ ᠪᠣᠯᠬᠤ ᠵᠢᠨ ᠬᠠᠮᠲᠤ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷ ᠭᠦᠢ᠍ᠴᠡᠳᠬᠡᠯ ᠭᠦᠢ᠍ᠴᠡᠳᠬᠡᠵᠦ ᠪᠣᠯᠤᠨ᠎ᠠ᠃
     ᠳᠣᠯᠣᠳᠤᠭ᠋ᠠᠷ ᠵᠦᠢ᠍ᠯ  ᠠᠭᠤᠷᠬᠠᠶ ᠵᠢᠨ ᠪᠤᠯᠠᠭᠳᠠᠴᠠ ᠵᠢ ᠨᠡᠭᠡᠭᠡᠨ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠨᠤᠲᠤᠭ ᠪᠡᠯᠴᠢᠭᠡᠷ᠎ᠢ ᠦᠨᠡᠨ ᠬᠦ᠌ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ᠎ᠲᠠᠢ ᠪᠣᠯ ᠳᠤᠤᠷ᠎ᠠ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠦᠢ᠍ᠴᠡᠳᠬᠡᠨ᠎ᠡ᠄
     (ᠨᠢᠭᠡ) ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠨᠢ ᠳᠠᠯᠠᠨ ᠾᠧᠺᠲ᠋ᠠᠷ᠎ᠠᠴᠠ ᠬᠡᠲᠦᠷᠡᠭᠰᠡᠨ᠂ ᠥᠪᠥᠷ ᠮᠣᠩᠭᠣᠯ᠎ᠤᠨ ᠭᠤᠤᠯᠳᠠᠯᠭ᠎ᠠ᠎ᠲᠠᠢ ᠤᠯᠤᠰ᠎ᠤᠨ ᠥᠮᠴᠢᠯᠡᠯᠲᠦ ᠰᠢᠭᠤᠶ᠋ᠢᠲᠤ ᠣᠷᠣᠨ᠎ᠤ ᠠᠵᠢᠯᠯᠠᠬᠤ ᠣᠷᠣᠨ᠎ᠤ ᠬᠡᠪᠴᠢᠶᠡᠨ ᠳᠣᠲᠣᠷᠠᠬᠢ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠳᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠬᠤ ᠬᠡᠷᠡᠭᠲᠡᠶ;
     (ᠬᠣᠶᠠᠷ) ᠳᠠᠯᠠᠨ ᠾᠧᠺᠲ᠋ᠠᠷ ᠪᠤᠶᠤ ᠲᠡᠭᠦᠨ᠎ᠠᠴᠠ ᠳᠣᠷᠣᠭᠰᠢᠬᠢ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠳᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠬᠤ ᠬᠡᠷᠡᠭᠲᠡᠶ᠃ 
      ᠨᠠᠢ᠍ᠮᠠᠳᠤᠭ᠋ᠠᠷ ᠵᠦᠢ᠍ᠯ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠬᠢᠬᠦ᠎ᠳᠤ ᠨᠤᠲᠤᠭ ᠪᠡᠯᠴᠢᠭᠡᠷ᠎ᠢ ᠦᠨᠡᠨᠬᠦ ᠲᠦᠷ ᠴᠠᠭ ᠡᠵᠡᠯᠡᠨ ᠬᠡᠷᠡᠭᠯᠡᠬᠦ ᠴᠢᠬᠤᠯᠠ᠎ᠲᠠᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠷᠬᠡ ᠮᠡᠳᠡᠯ᠎ᠢ ᠦᠨᠳᠦᠰᠦᠯᠡᠨ ᠱᠠᠲᠤ ᠬᠤᠪᠢᠶᠠᠨ ᠬᠢᠨᠠᠨ ᠵᠥᠪᠰᠢᠶᠡᠷᠡᠨ᠎ᠡ᠃ 
      ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠵᠢ ᠡᠩ᠎ᠤᠨ ᠪᠠᠶ᠋ᠢᠳᠠᠯ᠎ᠳᠤ ᠬᠣᠶᠠᠷ ᠵᠢᠯ᠎ᠠᠴᠠ ᠬᠡᠲᠦᠷᠡᠭᠦᠯᠬᠦ ᠥᠬᠡᠶ; ᠪᠦᠲᠦᠭᠡᠨ ᠪᠠᠶ᠋ᠢᠭᠤᠯᠬᠤ ᠦᠶᠡᠯᠡᠬᠦ ᠬᠤᠭᠤᠴᠠᠭ᠎ᠠ᠎ᠨᠢ ᠨᠡᠯᠢᠶᠡᠳ ᠤᠷᠲᠤ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠨᠤᠲᠤᠭ ᠪᠡᠯᠴᠢᠭᠡᠷ᠎ᠢ ᠲᠦᠷ ᠴᠠᠭ ᠡᠵᠡᠯᠡᠨ  ᠬᠡᠷᠡᠭᠯᠡᠪᠡᠯ ᠨᠢᠭᠡ ᠤᠳᠠᠭ᠎ᠠ ᠤᠷᠲᠤᠳᠬᠠᠵᠤ ᠪᠣᠯᠤᠨ᠎ᠠ᠂ ᠭᠠᠵᠠᠷ ᠬᠡᠷᠡᠭᠯᠡᠬᠦ ᠨᠢᠭᠡᠴᠡ᠎ᠨᠢ ᠵᠦᠪᠰᠢᠶᠡᠷᠡᠯ᠎ᠤᠨ ᠬᠤᠭᠤᠴᠠᠭ᠎ᠠ ᠳᠦᠭᠦᠷᠬᠦ᠎ᠠᠴᠠ ᠡᠮᠦᠨ᠎ᠡ 3 ᠰᠠᠷ᠎ᠠ ᠵᠢᠨ ᠳᠣᠲᠣᠷ᠎ᠠ ᠬᠤᠭᠤᠴᠠᠭ᠎ᠠ ᠤᠷᠲᠤᠳᠬᠠᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠂ ᠭᠡᠬᠦ᠎ᠳᠡᠭᠡᠨ ᠶᠡᠷᠦᠩᠬᠡᠶ ᠬᠢᠨᠠᠨ ᠵᠥᠪᠰᠢᠶᠡᠷᠡᠬᠦ ᠬᠤᠭᠤᠴᠠᠭ᠎ᠠ ᠵᠢ ᠳᠥᠷᠪᠡᠨ ᠵᠢᠯ᠎ᠠᠴᠠ ᠬᠡᠲᠦᠷᠡᠭᠦᠯᠵᠦ ᠪᠣᠯᠬᠤ ᠦᠭᠡᠶ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠤᠢ᠍ᠭᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠨᠢ ᠳᠦᠭᠦᠷᠪᠡᠯ᠂ ᠨᠤᠲᠤᠭ ᠪᠡᠯᠴᠢᠭᠡᠷ᠎ᠢ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠰᠡᠨ ᠡᠳᠦᠷ᠎ᠠᠴᠠ ᠡᠬᠢᠯᠡᠨ ᠨᠢᠭᠡ ᠵᠢᠯ᠎ᠤᠨ ᠳᠣᠲᠣᠷ᠎ᠠ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠵᠢᠨ ᠬᠠᠮᠲᠤ ᠪᠣᠯᠵᠣᠨ ᠲᠣᠭᠲᠠᠭᠰᠠᠨ ᠶᠣᠰᠣᠭ᠋ᠠᠷ ᠴᠠᠭ ᠲᠤᠬᠠᠶ᠎ᠳᠤᠨᠢ ᠪᠤᠴᠠᠭ᠋ᠠᠬᠤ ᠬᠡᠷᠡᠭᠲᠡᠶ᠃
      ᠶᠢᠰᠦᠳᠦᠭᠡᠷ ᠵᠦᠢ᠍ᠯ   ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠥᠭᠡᠷᠦᠮᠵᠢ ᠪᠠᠢ᠍ᠭᠤᠯᠬᠤ᠎ᠳᠤ ᠨᠤᠲᠤᠭ ᠪᠡᠯᠴᠢᠭᠡᠷ᠎ᠢ ᠦᠨᠡᠨᠬᠦ ᠬᠡᠷᠡᠭᠯᠡᠬᠦ ᠴᠢᠬᠤᠯᠠ᠎ᠲᠠᠢ ᠪᠣᠯ ᠳᠤᠤᠷ᠎ᠠ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠦᠢ᠍ᠴᠡᠳᠬᠡᠨ᠎ᠡ᠄
     (ᠨᠢᠭᠡ) ᠬᠡᠷᠡᠭᠯᠡᠬᠦ ᠨᠤᠲᠤᠭ ᠪᠡᠯᠴᠢᠭᠡᠷ᠎ᠨᠢ ᠳᠠᠯᠠᠨ ᠾᠧᠺᠲ᠋ᠠᠷ᠎ᠠᠴᠠ ᠬᠡᠲᠦᠷᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠨᠠᠨ ᠵᠥᠪᠰᠢᠶᠡᠷᠡᠨ᠎ᠡ;
     (ᠬᠣᠶᠠᠷ) ᠬᠡᠷᠡᠭᠯᠡᠬᠦ ᠨᠤᠲᠤᠭ ᠪᠡᠯᠴᠢᠭᠡᠷ᠎ᠨᠢ ᠳᠠᠯᠠᠨ ᠾᠧᠺᠲ᠋ᠠᠷ ᠵᠢᠴᠢ ᠲᠡᠭᠦᠨ᠎ᠠᠴᠠ ᠳᠣᠷᠣᠭᠰᠢᠬᠢ ᠪᠠᠶ᠋ᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭ᠋ᠠᠰᠤ᠎ᠠᠴᠠ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ᠎ᠪᠠᠨ ᠦᠨᠳᠦᠰᠦᠯᠡᠨ ᠱᠠᠲᠤ ᠬᠤᠪᠢᠶᠠᠨ ᠬᠢᠨᠠᠨ ᠵᠥᠪᠰᠢᠶᠡᠷᠡᠨ᠎ᠡ᠃ ᠪᠤᠰᠤᠳ ᠪᠠᠷᠢᠯᠭ᠎ᠠ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠦᠯᠦ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠴᠢᠬᠤᠯᠠ᠎ᠲᠠᠢ ᠪᠣᠯ ᠲᠤᠰ ᠲᠣᠭᠲᠠᠭ᠋ᠠᠯ᠎ᠤᠨ ᠳᠣᠯᠣᠳᠤᠭ᠋ᠠᠷ ᠵᠦᠢ᠍ᠯ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠶ᠃
     ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠣᠯᠤᠨ ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠥᠭᠡᠷᠦᠮᠵᠢ ᠭᠡᠳᠡᠭ ᠪᠣᠯ᠄ 

     1. ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠣᠭ᠎ᠠ ᠦᠢ᠍ᠯᠡᠳᠪᠦᠷᠢᠯᠡᠵᠦ ᠬᠠᠳᠠᠭ᠋ᠠᠯᠠᠬᠤ ᠲᠥᠬᠥᠭᠡᠷᠦᠮᠵᠢ;
     2 . ᠮᠠᠯ᠎ᠤᠨ ᠬᠠᠰᠢᠶ᠎ᠠ ᠰᠠᠷᠠᠪᠴᠢ᠂ ᠬᠡᠭᠡᠯᠲᠦᠭᠦᠯᠬᠦ ᠭᠠᠵᠠᠷ᠂ ᠨᠣᠣᠰᠣ ᠬᠠᠶ᠋ᠢᠴᠢᠯᠠᠬᠤ ᠭᠠᠵᠠᠷ᠂ ᠡᠮᠲᠦ ᠤᠬᠢᠶᠠᠯᠭ᠎ᠠ ᠵᠢᠨ ᠭᠠᠵᠠᠷ᠂ ᠬᠥᠮᠦᠨ ᠮᠠᠯ᠎ᠤᠨ ᠤᠤᠭᠤᠬᠤ ᠤᠰᠤᠨ᠎ᠤ ᠪᠡᠯᠡᠳᠬᠡᠮᠵᠢ;
     3 . ᠰᠢᠨᠵᠢᠯᠡᠬᠦ ᠤᠬᠠᠭ᠋ᠠᠨ᠎ᠤ ᠰᠤᠳᠤᠯᠤᠯ᠂ ᠲᠤᠷᠰᠢᠯᠲᠠ᠂ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ; 
     4 . ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠ ᠤᠰᠤᠯᠠᠯᠲᠠ ᠵᠢᠨ ᠪᠡᠯᠡᠳᠬᠡᠮᠵᠢ᠃
  

     ᠠᠷᠪᠠᠳᠤᠭ᠋ᠠᠷ ᠵᠦᠢ᠍ᠯ  ᠨᠤᠲᠤᠭ ᠪᠡᠯᠴᠢᠭᠡᠷ᠎ᠢ ᠳᠠᠯᠠᠨ ᠾᠧᠺᠲ᠋ᠠᠷ᠎ᠠᠴᠠ ᠳᠡᠭᠡᠭᠰᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠳᠤ ᠳᠣᠣᠷᠠᠬᠢ ᠮᠠᠲ᠋ᠧᠷᠢᠶᠠᠯ᠎ᠤᠳ᠎ᠢ ᠬᠠᠩᠭ᠋ᠠᠪᠠᠯ ᠵᠣᠬᠢᠨ᠎ᠠ᠄ 
     (ᠨᠢᠭᠡ) 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》;
     (ᠬᠣᠶᠠᠷ) ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ;
     (ᠭᠤᠷᠪᠠ) ᠨᠥᠬᠥᠪᠥᠷᠢ ᠥᠭᠬᠦ ᠬᠡᠯᠡᠯᠴᠡᠭᠡᠷ;
     (ᠳᠥᠷᠪᠡ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠨ ᠮᠠᠲ᠋ᠧᠷᠢᠶᠠᠯ; 
     (ᠲᠠᠪᠤ) ᠲᠠᠲᠠᠪᠤᠷᠢᠯᠠᠨ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠣᠷᠣᠨ ᠪᠦᠰᠡ ᠵᠢᠨ ᠪᠠᠶ᠋ᠢᠷᠢᠰᠢᠯ᠎ᠤᠨ ᠵᠢᠷᠤᠭ᠃
     ᠲᠠᠯᠠᠨ ᠾᠧᠺᠲ᠋ᠠᠷ ᠵᠢᠴᠢ ᠲᠡᠭᠦᠨ᠎ᠠᠴᠠ ᠳᠣᠷᠣᠭᠰᠢᠬᠢ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠳᠤ ᠳᠣᠣᠷᠠᠬᠢ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠢ᠄
     (ᠨᠢᠭᠡ) 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》; 
     (ᠬᠣᠶᠠᠷ) ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ;
     (ᠭᠤᠷᠪᠠ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢ ᠥᠭᠬᠦ ᠵᠦᠢ᠍ᠯᠡᠰ᠎ᠤᠨ ᠲᠣᠳᠣᠷᠬᠠᠶ᠋ᠢᠯᠠᠯᠲᠠ ᠵᠢᠨ ᠪᠢᠴᠢᠭ ᠮᠠᠲ᠋ᠧᠷᠢᠶᠠᠯ;
     (ᠳᠥᠷᠪᠡ) ᠲᠠᠲᠠᠪᠤᠷᠢᠯᠠᠨ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠣᠷᠣᠨ ᠪᠦᠰᠡ ᠵᠢᠨ ᠪᠠᠶ᠋ᠢᠷᠢᠰᠢᠯ᠎ᠤᠨ ᠵᠢᠷᠤᠭ᠃
     ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠬᠦ ᠲᠠᠷᠢᠶᠠᠴᠢᠨ ᠮᠠᠯᠴᠢᠳ᠎ᠤᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠎ᠳᠤ ᠨᠤᠲᠤᠭ ᠪᠡᠯᠴᠢᠭᠡᠷ᠎ᠢ ᠬᠡᠷᠡᠭᠯᠡᠬᠦ ᠴᠢᠬᠤᠯᠠ᠎ᠲᠠᠢ ᠪᠣᠯ ᠄
     ᠨᠢᠭᠡᠳᠦᠭᠡᠷ ᠵᠤᠷᠪᠤᠰ᠎ᠢ ᠬᠠᠩᠭ᠋ᠠᠬᠤ᠎ᠪᠠᠷ ᠪᠠᠷᠠᠬᠤ ᠦᠭᠡᠢ᠂ ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠨ ᠮᠠᠲ᠋ᠧᠷᠢᠶᠠᠯ ᠵᠢᠴᠢ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠰᠠᠨᠠᠯ᠎ᠢ ᠬᠠᠩᠭ᠋ᠠᠨ᠎ᠠ᠃
     ᠠᠷᠪᠠᠨ ᠨᠢᠭᠡᠳᠦᠭᠡᠷ ᠵᠦᠢ᠍ᠯ  ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ᠎ᠳᠤ ᠳᠤᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
     (ᠨᠢᠭᠡ) 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》;
     (ᠬᠣᠶᠠᠷ) ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ ᠪᠠᠶ᠋ᠢᠳᠠᠯ᠎ᠤᠨ ᠲᠣᠳᠣᠷᠬᠠᠶ᠋ᠢᠯᠠᠯᠲᠠ;
     ( ᠭᠤᠷᠪᠠ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢ ᠥᠭᠬᠦ ᠵᠦᠢ᠍ᠯᠡᠰ᠎ᠤᠨ ᠲᠣᠳᠣᠷᠬᠠᠶ᠋ᠢᠯᠠᠯᠲᠠ ᠵᠢᠨ ᠪᠢᠴᠢᠭ ᠮᠠᠲ᠋ᠧᠷᠢᠶᠠᠯ;
     (ᠳᠥᠷᠪᠡ) ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠲᠥᠰᠦᠯ;
     (ᠲᠠᠪᠤ) ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ᠎ᠪᠠᠷ ᠪᠠᠶ᠋ᠢᠭ᠎ᠠ ᠣᠷᠣᠨ ᠪᠦᠰᠡ ᠵᠢᠨ ᠪᠠᠶ᠋ᠢᠷᠢᠰᠢᠯ᠎ᠤᠨ ᠵᠢᠷᠤᠭ᠃
     ᠠᠷᠪᠠᠨ ᠬᠣᠶᠠᠳᠤᠭ᠋ᠠᠷ ᠵᠦᠢ᠍ᠯ  ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠰᠢᠨᠵᠢᠬᠦ ᠪᠠ ᠨᠡᠭᠡᠭᠡᠨ ᠮᠠᠯᠲᠠᠬᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠨᠤᠲᠤᠭ ᠪᠡᠯᠴᠢᠭᠡᠷ᠎ᠢ ᠦᠨᠡᠨᠬᠦ ᠲᠠᠲᠠᠪᠤᠷᠢᠯᠠᠨ ᠡᠵᠡᠯᠡᠵᠦ ᠬᠡᠷᠡᠭᠯᠡᠬᠦ ᠴᠢᠬᠤᠯᠠ᠎ᠲᠠᠢ ᠪᠣᠯ ᠠᠷᠪᠠᠳᠤᠭ᠋ᠠᠷ ᠵᠦᠢ᠍ᠯ᠂ ᠠᠷᠪᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠮᠠᠲ᠋ᠧᠷᠢᠶᠠᠯ᠎ᠠᠴᠠ ᠭᠠᠳᠠᠨ᠎ᠠ ᠪᠠᠰᠠ ᠬᠦᠴᠦᠨ᠎ᠲᠠᠢ ᠬᠤᠭᠤᠴᠠᠭ᠋ᠠᠨ᠎ᠤ ᠳᠣᠲᠣᠷᠠᠬᠢ ᠬᠠᠶ᠋ᠢᠨ ᠰᠢᠨᠵᠢᠬᠦ ᠵᠥᠪᠰᠢᠶᠡᠷᠡᠯ᠎ᠤᠨ ᠦᠨᠡᠮᠯᠡᠯ ᠪᠤᠶᠤ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠬᠠᠩᠭ᠋ᠠᠬᠤ ᠬᠡᠷᠡᠭᠲᠡᠶ᠃
     ᠠᠷᠪᠠᠨ ᠭᠤᠷᠪᠠᠳᠤᠭ᠋ᠠᠷ ᠵᠦᠢ᠍ᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠥᠭᠡᠷᠦᠮᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠬᠡᠷᠡᠭᠯᠡᠬᠦ᠎ᠳᠤ ᠳᠤᠤᠷᠠᠬᠢ ᠮᠠᠲ᠋ᠧᠷᠢᠶᠠᠯ᠎ᠤᠳ᠎ᠢ  ᠬᠠᠩᠭ᠋ᠠᠬᠤ ᠬᠡᠷᠡᠭᠲᠡᠶ᠄᠃
     (ᠨᠢᠭᠡ) 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》;
     (ᠬᠣᠶᠠᠷ) ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠨᠤᠲᠤᠭ ᠪᠡᠯᠴᠢᠭᠡᠷ᠎ᠢ ᠬᠡᠷᠡᠭᠯᠡᠭᠰᠡᠨ ᠪᠠᠶ᠋ᠢᠳᠠᠯ᠎ᠤᠨ ᠲᠣᠳᠣᠷᠬᠠᠶ᠋ᠢᠯᠠᠯᠲᠠ;
     (ᠭᠤᠷᠪᠠ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢ ᠥᠭᠬᠦ ᠵᠦᠢ᠍ᠯᠡᠰ᠎ᠤᠨ ᠲᠣᠳᠣᠷᠬᠠᠶ᠋ᠢᠯᠠᠯᠲᠠ ᠵᠢᠨ ᠪᠢᠴᠢᠭ ᠮᠠᠲ᠋ᠧᠷᠢᠶᠠᠯ;
     (ᠳᠥᠷᠪᠡ) ᠲᠠᠲᠠᠪᠤᠷᠢᠯᠠᠨ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠣᠷᠣᠨ ᠪᠦᠰᠡ ᠵᠢᠨ ᠪᠠᠶ᠋ᠢᠷᠢᠰᠢᠯ᠎ᠤᠨ ᠵᠢᠷᠤᠭ᠃
      ᠠᠷᠪᠠᠨ ᠳᠥᠷᠪᠡᠳᠦᠭᠡᠷ ᠵᠦᠢ᠍ᠯ  ᠲᠠᠲᠠᠪᠤᠷᠢᠯᠠᠨ ᠡᠵᠡᠯᠡᠵᠦ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠲᠥᠷᠥᠯ  ᠵᠦᠢ᠍ᠯ᠎ᠨᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠬᠣᠪᠣᠷ ᠴᠤᠬᠠᠭ ᠲᠦᠭᠰᠢᠭᠦᠷᠢᠳᠡᠭᠰᠡᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠷᠣᠰᠢᠨ ᠠᠮᠢᠳᠤᠷᠠᠬᠤ ᠭᠠᠵᠠᠷ ᠵᠢᠴᠢ ᠲᠠᠷᠬᠠᠯᠲᠠ ᠵᠢᠨ ᠣᠷᠣᠨ ᠪᠦᠰᠡ᠎ᠳᠤ ᠬᠣᠯᠪᠣᠭᠳᠠᠪᠠᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠤᠷᠢᠳᠠᠪᠠᠷ ᠬᠣᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠤᠭᠰᠠᠨ᠎ᠤ ᠳᠠᠷᠠᠭ᠎ᠠ ᠰᠠᠶᠢ  ᠲᠠᠲᠠᠪᠤᠷᠢᠯᠠᠨ ᠡᠵᠡᠯᠡᠵᠦ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠭᠤᠶᠤᠴᠢᠯᠠᠯ ᠵᠶ᠋ᠠᠨ ᠳᠡᠪᠰᠢᠭᠦᠯᠵᠦ ᠪᠣᠯᠤᠨ᠎ᠠ᠃ 
      ᠠᠷᠪᠠᠨ ᠲᠠᠪᠤᠳᠤᠭ᠋ᠠᠷ ᠵᠦᠢ᠍ᠯ  ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠮᠠᠲ᠋ᠧᠷᠢᠶᠠᠯ᠎ᠤᠨ ᠪᠣᠳᠠᠲᠠᠶ ᠱᠠᠭ᠋ᠠᠷᠳᠠᠯᠭ᠎ᠠ᠄
     (ᠨᠢᠭᠡ) ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ᠃   
     ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠨ ᠬᠡᠷᠡᠭᠯᠡᠬᠦ ᠨᠢᠭᠡᠴᠡ ᠪᠤᠶᠤ ᠬᠤᠪᠢ ᠬᠥᠮᠦᠨ 《ᠨᠤᠲᠤᠭ ᠪᠡᠯᠴᠢᠭᠡᠷ᠎ᠢ ᠲᠠᠲᠠᠪᠤᠷᠢᠯᠠᠬᠤ ᠪᠠ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》 ᠵᠢ ᠲᠦᠷᠦᠯ ᠳᠠᠷᠠᠭ᠋ᠠᠯᠠᠨ ᠵᠢᠷᠤᠮᠵᠢᠭᠤᠯᠵᠤ᠂ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠶ᠃ ᠬᠣᠯᠪᠣᠭᠳᠠᠯ ᠪᠦᠬᠦᠢ ᠠᠭᠤᠯᠭ᠎ᠠ᠎ᠨᠢ ᠨᠡᠯᠢᠶᠡᠳ ᠣᠯᠠᠨ ᠪᠣᠯ ᠠᠰᠲᠠᠭ᠋ᠠᠨ ᠬᠠᠭᠤᠳᠠᠰᠤ ᠳᠠᠭ᠋ᠠᠯᠳᠤᠭᠤᠯᠵᠤ ᠪᠣᠯᠤᠨ᠎ᠠ᠃
     (ᠬᠣᠶᠠᠷ) ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃
     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠴᠣᠬᠣᠯᠠᠪᠤᠷᠢ᠂ ᠬᠢᠨᠠᠨ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠪᠢᠴᠢᠭ ᠮᠠᠲᠸᠷᠢᠶᠠᠯ᠃
      (ᠭᠤᠷᠪᠠ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢ ᠥᠭᠬᠦ ᠵᠦᠢ᠍ᠯᠡᠰ᠎ᠤᠨ ᠲᠣᠳᠣᠷᠬᠠᠶ᠋ᠢᠯᠠᠯᠲᠠ ᠵᠢᠨ ᠪᠢᠴᠢᠭ ᠮᠠᠲ᠋ᠧᠷᠢᠶᠠᠯ᠃
      ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢ ᠥᠭᠬᠦ ᠤᠴᠢᠷ ᠶᠠᠪᠤᠳᠠᠯ᠎ᠳᠤ ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ᠂ ᠨᠥᠬᠥᠪᠥᠷᠢ ᠥᠭᠭᠦᠭᠰᠡᠨ ᠪᠠᠶ᠋ᠢᠳᠠᠯ ᠵᠢᠴᠢ ᠵᠥᠷᠢᠴᠡᠯ ᠵᠢᠭᠤᠷᠠᠯᠳᠤᠭ᠋ᠠᠨ ᠣᠷᠣᠰᠢᠵᠤ ᠪᠠᠶ᠋ᠢᠬᠤ ᠡᠰᠡᠬᠦ ᠵᠡᠷᠭᠡ ᠵᠢ ᠪᠠᠭᠲᠠᠭ᠋ᠠᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠵᠤ ᠪᠠᠶ᠋ᠢᠭ᠎ᠠ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠦᠢ᠍ᠯᠡᠰ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠦᠢ᠍ᠴᠡᠳᠬᠡᠵᠦ ᠥᠭᠭᠦᠨ᠎ᠡ; ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠵᠤ ᠪᠠᠶ᠋ᠢᠭ᠎ᠠ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠦᠢ᠍ᠴᠡᠳᠬᠡᠵᠦ ᠥᠭᠭᠦᠨ᠎ᠡ; ᠰᠤᠮᠤ ᠰᠢᠶᠠᠩ ᠪᠠᠯᠭ᠋ᠠᠰᠤ ᠵᠢᠨ ᠬᠠᠷᠢᠭᠤᠴᠠᠭᠰᠠᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠭᠠᠴᠠᠭ᠎ᠠ ᠲᠣᠰᠬᠣᠨ᠎ᠠᠴᠠ ᠬᠦᠢ᠍ᠴᠡᠳᠬᠡᠵᠦ ᠥᠭᠭᠦᠨ᠎ᠡ᠃
     (ᠳᠥᠷᠪᠡ) ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠲᠥᠰᠦᠯ᠃      
      ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠲᠠᠯᠠᠪᠠᠶ᠂ ᠠᠷᠭ᠎ᠠ ᠬᠡᠮᠵᠢᠶ᠎ᠡ ᠠᠪᠬᠤ᠂ ᠴᠠᠭ ᠬᠤᠭᠤᠴᠠᠭ᠎ᠠ ᠵᠢᠨ ᠲᠤᠬᠢᠷᠠᠭᠤᠯᠤᠯᠳᠠ᠂ ᠪᠡᠯᠡ ᠮᠥᠩᠭᠥ ᠣᠷᠣᠭᠤᠯᠬᠤ ᠵᠢᠴᠢ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃
     (ᠲᠠᠪᠤ) ᠲᠠᠲᠠᠪᠤᠷᠢᠯᠠᠨ ᠡᠵᠡᠯᠡᠵᠦ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠣᠷᠣᠨ ᠪᠦᠰᠡ ᠵᠢᠨ ᠪᠠᠶ᠋ᠢᠷᠢᠰᠢᠯ᠎ᠤᠨ ᠵᠢᠷᠤᠭ᠃
     ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠣᠷᠣᠨ ᠪᠦᠰᠡ ᠵᠢᠨ ᠬᠡᠪᠴᠢᠶᠡᠨ᠎ᠤ ᠴᠢᠭᠯᠡᠯᠲᠦ ᠬᠡᠮᠵᠢᠭᠳᠡᠬᠦᠨ᠎ᠤ ᠪᠠᠶ᠋ᠢᠷᠢᠰᠢᠯ᠎ᠤᠨ ᠵᠢᠷᠤᠭ (CGCS2000 ᠤᠯᠤᠰ᠎ᠤᠨ ᠡᠬᠡ ᠭᠠᠵᠠᠷ᠎ᠤᠨ ᠪᠠᠶ᠋ᠢᠷᠢᠰᠢᠯ᠎ᠤᠨ ᠰᠢᠰᠲ᠋ᠧᠮ᠎ᠢ ᠬᠡᠷᠡᠭᠯᠡᠬᠦ)᠃
     ᠠᠷᠪᠠᠨ ᠵᠢᠷᠭᠤᠳᠤᠭ᠋ᠠᠷ ᠵᠦᠢ᠍ᠯ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠦᠢ᠍ᠯᠡᠰ᠎ᠤᠨ ᠭᠤᠶᠤᠴᠢᠯᠠᠯ᠂ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠪᠠᠶ᠋ᠢᠴᠠᠭ᠋ᠠᠬᠤ ᠪᠠ ᠲᠣᠭᠲᠠᠭ᠋ᠠᠬᠤ ᠪᠦᠬᠦ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ ᠵᠢ ᠬᠡᠷᠡᠭᠵᠢᠭᠦᠯᠵᠦ᠂ ᠭᠤᠶᠤᠴᠢᠯᠠᠯ᠎ᠤᠨ ᠮᠠᠲ᠋ᠧᠷᠢᠶᠠᠯ ᠵᠡᠷᠭᠡ ᠵᠢ 《ᠪᠦᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ》 ᠵᠶ᠋ᠠᠷ ᠳᠠᠮᠵᠢᠭᠤᠯᠤᠨ ᠮᠡᠳᠡᠭᠦᠯᠦᠨ ᠬᠦᠷᠭᠡᠵᠦ᠂ ᠡᠯᠸᠺᠲᠷᠤᠨᠴᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃
     ᠠᠷᠪᠠᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢᠨ ᠬᠢᠨᠠᠨ ᠪᠠᠶ᠋ᠢᠴᠠᠭ᠋ᠠᠬᠤ ᠳᠡᠰ ᠳᠠᠷᠠᠭ᠋ᠠᠯᠠᠯ᠎ᠢ ᠬᠠᠷᠢᠭᠤᠴᠠᠨ᠎ᠠ᠃
     (ᠨᠢᠭᠡ) ᠠᠩᠬᠠᠨ᠎ᠤ ᠬᠢᠨᠠᠯᠲᠠ᠃
     ᠬᠣᠰᠢᠭᠤ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠤᠨ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠬᠦᠴᠦᠨ ᠪᠥᠬᠥᠶ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠵᠦ᠂ ᠠᠩᠬ᠎ᠠ ᠬᠢᠨᠠᠭᠰᠠᠨ ᠰᠠᠨᠠᠯ ᠵᠶ᠋ᠠᠨ ᠳᠤᠷᠠᠳᠬᠤ ᠬᠡᠷᠡᠭᠲᠡᠶ᠃ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠳᠤᠨᠢ ᠠᠩᠬ᠎ᠠ ᠬᠢᠨᠠᠭᠰᠠᠨ ᠰᠠᠨᠠᠯ᠎ᠤᠨ ᠪᠢᠴᠢᠭ᠎ᠤᠨ ᠮᠡᠳᠡᠭᠦᠯᠦᠯᠲᠡ ᠬᠢᠵᠦ᠂ ᠳᠡᠭᠡᠭᠰᠢ ᠠᠶ᠋ᠢᠮᠠᠭ ᠬᠣᠲᠠ ᠵᠢᠨ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ; ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
     (ᠬᠣᠶᠠᠷ) ᠲᠡᠬᠢᠠ ᠰᠢᠭᠦᠬᠦ᠃
     ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠤᠨ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠬᠦᠴᠦᠨ ᠪᠥᠬᠥᠶ ᠴᠢᠨᠠᠷ ᠵᠢᠴᠢ ᠠᠩᠬ᠎ᠠ ᠬᠢᠨᠠᠭᠰᠠᠨ ᠰᠠᠨᠠᠯ ᠵᠡᠷᠭᠡ᠎ᠳᠤ ᠬᠢᠨᠠᠨ ᠪᠠᠶ᠋ᠢᠴᠠᠭ᠋ᠠᠯᠲᠠ ᠬᠢᠵᠦ᠂ ᠳᠠᠬᠢᠨ ᠬᠢᠨᠠᠭᠰᠠᠨ ᠰᠠᠨᠠᠯ ᠵᠶ᠋ᠠᠨ ᠳᠤᠷᠠᠳᠬᠤ ᠬᠡᠷᠡᠭᠲᠡᠶ᠃ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠳᠤᠨᠢ ᠳᠠᠬᠢᠨ ᠬᠢᠨᠠᠭᠰᠠᠨ ᠰᠠᠨᠠᠯ᠎ᠤᠨ ᠪᠢᠴᠢᠭ᠎ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠶ; ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
     (ᠭᠤᠷᠪᠠ) ᠬᠢᠨᠠᠨ ᠪᠠᠶ᠋ᠢᠴᠠᠭ᠋ᠠᠬᠤ ᠪᠠ ᠲᠣᠭᠲᠠᠭ᠋ᠠᠯ ᠭᠠᠷᠭ᠋ᠠᠬᠤ᠃
     ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠭᠤᠶᠤᠴᠢᠯᠠᠯ᠎ᠤᠨ ᠮᠠᠲ᠋ᠧᠷᠢᠶᠠᠯ ᠵᠡᠷᠭᠡ᠎ᠳᠤ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠳᠤᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠲᠣᠭᠲᠠᠭ᠋ᠠᠯ ᠭᠠᠷᠭ᠋ᠠᠬᠤ ᠬᠡᠷᠡᠭᠲᠡᠶ; ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠪᠣᠯ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
     ᠠᠷᠪᠠᠨ ᠨᠠᠢ᠍ᠮᠠᠳᠤᠭ᠋ᠠᠷ ᠵᠦᠢ᠍ᠯ  ᠠᠩᠬ᠎ᠠ ᠬᠢᠨᠠᠬᠤ ᠰᠠᠨᠠᠯ ᠪᠠ ᠳᠠᠬᠢᠨ ᠬᠢᠨᠠᠬᠤ ᠰᠠᠨᠠᠯ᠎ᠤᠨ ᠠᠭᠤᠯᠭ᠎ᠠ᠎ᠳᠤ᠄  ᠲᠠᠲᠠᠪᠤᠷᠢᠯᠠᠨ ᠡᠵᠡᠯᠡᠵᠦ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ; ᠲᠠᠲᠠᠪᠤᠷᠢᠯᠠᠨ ᠡᠵᠡᠯᠡᠵᠦ ᠬᠡᠷᠡᠭᠯᠡᠬᠦ᠎ᠪᠠᠷ ᠪᠠᠶ᠋ᠢᠭ᠎ᠠ ᠨᠤᠲᠤᠭ ᠪᠡᠯᠴᠢᠭᠡᠷ᠎ᠤᠨ ᠲᠠᠯᠠᠪᠠᠶ᠂ ᠬᠡᠷᠡᠭᠴᠡᠭᠡ᠂ ᠡᠷᠬᠡ ᠵᠢᠨ ᠬᠠᠷᠢᠶ᠎ᠠ᠂ ᠨᠥᠬᠥᠪᠥᠷᠢ ᠵᠢᠴᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠦᠨᠳᠦᠰᠦᠨ ᠨᠤᠲᠤᠭ ᠪᠡᠯᠴᠢᠭᠡᠷ᠂ ᠬᠣᠪᠣᠷ ᠴᠤᠬᠠᠭ ᠲᠦᠭᠰᠢᠭᠦᠷᠢᠳᠡᠭᠰᠡᠨ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠪᠠᠶ᠋ᠢᠳᠠᠯ; ᠲᠥᠷᠥᠯ ᠵᠦᠢ᠍ᠯ᠎ᠤᠨ ᠪᠠᠷᠢᠯᠭ᠎ᠠ ᠡᠬᠢᠯᠡᠭᠦᠯᠦᠭᠰᠡᠨ ᠪᠠᠢ᠌ᠳᠠᠯ; ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ ᠵᠢᠴᠢ ᠪᠠᠶ᠋ᠢᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠲᠣᠳᠣᠷᠬᠠᠶ᠋ᠢᠯᠠᠬᠤ᠃
      ᠠᠷᠪᠠ ᠶᠢᠰᠦᠳᠦᠭᠡᠷ ᠵᠦᠢ᠍ᠯ  ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠠᠵᠢᠯ᠎ᠢ 70 ᠾᠧᠺᠲ᠋ᠠᠷ᠎ᠠᠴᠠ ᠳᠡᠭᠡᠭᠰᠢ ᠪᠣᠯ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ; 70 ᠡᠾᠸᠺᠲ᠋ᠠᠷ ᠵᠢᠴᠢ ᠲᠡᠭᠦᠨ᠎ᠠᠴᠠ ᠳᠣᠷᠣᠭᠰᠢᠬᠢ ᠵᠢ᠎ᠨᠢ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠡᠷᠭᠡ ᠮᠠᠲᠸᠷᠢᠶᠠᠯ᠎ᠢ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠭᠤᠶᠤᠴᠢᠯᠠᠯ᠎ᠤᠨ ᠮᠠᠲᠸᠷᠢᠶᠠᠯ᠎ᠲᠠᠢ ᠬᠠᠮᠲᠤ᠎ᠳᠤᠨᠢ ᠳᠡᠭᠡᠭᠰᠢ ᠮᠡᠳᠡᠭᠦᠯᠬᠦ ᠬᠡᠷᠡᠭᠲᠡᠶ᠃
      ᠬᠣᠷᠢᠳᠤᠭ᠋ᠠᠷ ᠵᠦᠢ᠍ᠯ  ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠠᠵᠢᠯ᠎ᠢ 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠮᠡᠷᠭᠡᠵᠢᠯ᠎ᠤᠨ ᠵᠢᠷᠤᠮᠵᠢᠯ》 ᠶᠣᠰᠣᠭ᠋ᠠᠷ ᠬᠡᠷᠡᠭᠵᠢᠭᠦᠯᠦᠨ᠎ᠡ᠃
     ᠬᠣᠷᠢᠨ ᠨᠢᠭᠡᠳᠦᠭᠡᠷ ᠵᠦᠢ᠍ᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠤᠨ ᠮᠠᠲ᠋ᠧᠷᠢᠶᠠᠯ᠎ᠢ ᠣᠯᠤᠭᠰᠠᠨ᠎ᠤ ᠳᠠᠷᠠᠭ᠎ᠠ᠂ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠬᠠᠷᠢᠶᠠᠯᠠᠳᠠᠵᠦ᠂ ᠭᠤᠶᠤᠴᠢᠯᠠᠯ᠎ᠤᠨ ᠮᠠᠲ᠋ᠧᠷᠢᠶᠠᠯ᠎ᠨᠢ ᠲᠣᠭᠲᠠᠭ᠋ᠠᠯ᠎ᠳᠤ ᠨᠡᠶ᠋ᠢᠴᠡᠬᠦ ᠵᠢ ᠨᠤᠲᠠᠯᠠᠭᠰᠠᠨ ᠪᠣᠯ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ; ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠬᠠᠷᠢᠶᠠᠯᠠᠭᠳᠠᠬᠤ ᠵᠢ ᠨᠤᠲᠠᠯᠠᠭᠰᠠᠨ ᠪᠣᠯᠪᠠᠴᠤ᠂ ᠭᠤᠶᠤᠴᠢᠯᠠᠯ᠎ᠤᠨ ᠮᠠᠲ᠋ᠧᠷᠢᠶᠠᠯ᠎ᠨᠢ ᠲᠣᠭᠲᠠᠭ᠋ᠠᠯ᠎ᠳᠤ ᠨᠡᠶ᠋ᠢᠴᠡᠬᠦ ᠦᠭᠡᠶ ᠪᠠᠶ᠋ᠢᠪᠠᠯ᠂ ᠴᠠᠭ ᠲᠤᠬᠠᠶ᠎ᠳᠤᠨᠢ ᠪᠤᠶᠤ 5 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠭᠴᠢ᠎ᠳᠤ ᠨᠥᠬᠥᠪᠥᠷᠢᠯᠡᠵᠦ ᠵᠠᠯᠠᠷᠠᠭᠤᠯᠬᠤ ᠴᠢᠬᠤᠯᠠᠲᠠᠶ ᠪᠦᠬᠦ ᠠᠭᠤᠯᠭ᠎ᠠ ᠵᠢ ᠪᠢᠴᠢᠭ ᠵᠶ᠋ᠠᠷ ᠮᠡᠳᠡᠭᠳᠡᠬᠦ ᠬᠡᠷᠡᠭᠲᠡᠶ; ᠬᠠᠤᠯᠢ ᠶᠣᠰᠣᠭ᠋ᠠᠷ ᠡᠷᠬᠡ ᠲᠤᠰᠢᠶᠠᠯ᠎ᠤᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠭᠡᠵᠦ ᠨᠤᠲᠠᠯᠠᠭᠰᠠᠨ ᠪᠠᠶ᠋ᠢᠪᠠᠯ᠂ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠭᠡᠳᠡᠭ᠎ᠢ ᠭᠤᠶᠤᠴᠢᠯᠠᠭᠴᠢ᠎ᠳᠤ ᠴᠠᠭ ᠲᠤᠬᠠᠢ᠎ᠳᠤᠨᠢ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠭᠤᠶᠤᠴᠢᠯᠠᠬᠤ ᠵᠢ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠢ; ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠴᠢᠬᠤᠯᠠ ᠦᠭᠡᠶ ᠭᠡᠵᠦ ᠨᠤᠲᠠᠯᠠᠭᠰᠠᠨ ᠪᠠᠶ᠋ᠢᠪᠠᠯ᠂ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠎ᠪᠠᠨ ᠭᠤᠶᠤᠴᠢᠯᠠᠭᠴᠢ᠎ᠳᠤ ᠴᠠᠭ ᠲᠤᠬᠠᠶ᠎ᠳᠤᠨᠢ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
     ᠬᠣᠷᠢᠨ ᠬᠣᠶᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠠᠷᠢᠭᠤᠴᠠᠨ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠦᠢ᠍ᠯᠡᠰ᠎ᠢ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ᠂ ᠬᠣᠰᠢᠭᠤ ᠰᠢᠶᠠᠨ ᠪᠣᠯᠤᠨ ᠠᠶ᠋ᠢᠮᠠᠭ ᠬᠣᠲᠠ ᠵᠢᠨ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠴᠥᠮ 10 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠬᠤ ᠠᠵᠢᠯ ᠵᠶ᠋ᠠᠨ ᠪᠡᠶᠡᠯᠡᠭᠦᠯᠬᠦ ᠵᠢᠨ ᠬᠠᠮᠲᠤ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠬᠡᠷᠡᠭᠲᠡᠶ᠃ 10 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠵᠦ ᠳᠡᠶ᠋ᠢᠯᠬᠦ ᠦᠭᠡᠶ ᠪᠣᠯ ᠲᠤᠰ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠪᠢᠴᠢᠭ ᠵᠶ᠋ᠠᠷ ᠵᠥᠪᠰᠢᠶᠡᠷᠡᠭᠦᠯᠦᠭᠡᠳ 5 ᠠᠵᠢᠯᠯᠠᠬᠤ ᠡᠳᠦᠷ ᠤᠷᠲᠤᠳᠬᠠᠵᠤ ᠪᠣᠯᠬᠤ ᠵᠢᠨ ᠬᠠᠮᠲᠤ᠂ ᠤᠷᠲᠤᠳᠬᠠᠭᠰᠠᠨ ᠤᠴᠢᠷ ᠰᠢᠯᠲᠠᠭ᠋ᠠᠨ ᠵᠶ᠋ᠠᠨ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
     ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠨ ᠰᠢᠯᠭ᠋ᠠᠬᠤ ᠠᠵᠢᠯ ᠥᠷᠨᠢᠭᠦᠯᠦᠭᠰᠡᠨ ᠪᠠᠶ᠋ᠢᠪᠠᠯ᠂ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠨ ᠰᠢᠯᠭ᠋ᠠᠬᠤ ᠴᠠᠭ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠥᠬᠡᠶ᠂ ᠤᠨᠴᠠᠭ᠋ᠠᠢ ᠰᠢᠯᠲᠠᠭ᠋ᠠᠨ᠎ᠠᠴᠠ ᠪᠣᠯᠵᠣ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠨ ᠰᠢᠯᠭ᠋ᠠᠬᠤ ᠵᠢ ᠴᠠᠭ᠎ᠲᠠᠭᠠᠨ ᠥᠷᠨᠢᠭᠦᠯᠬᠦ ᠵᠢᠨ ᠠᠷᠭ᠎ᠠ ᠥᠬᠡᠶ ᠪᠣᠯᠭ᠋ᠠᠭᠰᠠᠨ ᠪᠠᠶ᠋ᠢᠪᠠᠯ᠂ ᠬᠦᠢ᠍ᠴᠡᠳᠬᠡᠬᠦ ᠴᠠᠭ ᠬᠤᠭᠤᠴᠠᠭ᠎ᠠ ᠵᠢ ᠬᠣᠶ᠋ᠢᠰᠢᠯᠠᠭᠤᠯᠬᠤ ᠬᠡᠷᠡᠭᠲᠡᠶ᠃
     ᠬᠣᠷᠢᠨ ᠭᠤᠷᠪᠠᠳᠤᠭ᠋ᠠᠷ ᠵᠦᠢ᠍ᠯ  ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ᠎ᠳᠤ 《ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠠᠵᠤ ᠦᠢ᠍ᠯᠡᠰ᠎ᠤᠨ ᠬᠦᠭᠵᠢᠯᠲᠡ᠎ᠳᠤ ᠭᠠᠵᠠᠷ ᠰᠢᠷᠣᠶ ᠬᠡᠷᠡᠭᠯᠡᠬᠦ ᠵᠢ ᠵᠢᠷᠤᠮᠵᠢᠭᠤᠯᠬᠤ ᠬᠠᠮᠢᠶᠠᠷᠤᠯᠳᠠ ᠵᠢ ᠳᠡᠮᠵᠢᠬᠦ ᠬᠣᠯᠪᠣᠭᠳᠠᠯ ᠪᠦᠬᠦᠢ ᠠᠵᠢᠯ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ   ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠭᠡᠷ᠎ᠤᠨ ᠶᠡᠷᠦᠩᠬᠡᠶ᠋ᠢᠯᠡᠭᠰᠡᠨ ᠵᠤᠷᠭ᠋ᠠᠨ᠎ᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠠᠯᠪᠠᠨ ᠲᠠᠷᠬᠠᠭ᠋ᠠᠭᠰᠠᠨ [2023]12 ᠳ᠋ᠤᠭ᠋ᠠᠷ ᠲᠣᠭ᠋ᠠᠲᠤ) ᠪᠠ 《ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠠᠵᠤ ᠦᠢ᠍ᠯᠡᠰ᠎ᠤᠨ ᠬᠥᠭᠵᠢᠯᠲᠡ᠎ᠳᠤ ᠨᠤᠲᠤᠭ ᠪᠡᠯᠴᠢᠭᠡᠷ᠎ᠢ ᠵᠢᠷᠤᠮᠵᠢᠭᠤᠯᠤᠨ ᠬᠡᠷᠡᠭᠯᠡᠬᠦ ᠵᠢ ᠳᠡᠮᠵᠢᠬᠦ ᠬᠣᠯᠪᠣᠭᠳᠠᠯ ᠪᠦᠬᠦᠢ ᠠᠵᠢᠯ᠎ᠤᠨ ᠲᠤᠬᠠᠶ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠭᠡᠷ᠎ᠤᠨ ᠮᠡᠳᠡᠭᠳᠡᠯ》 (ᠠᠯᠪᠠᠨ ᠦᠰᠦᠭ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
     ᠰᠠᠯᠬᠢᠨ ᠬᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ᠎ᠤᠨ ᠰᠠᠭᠤᠷᠢ ᠪᠠᠢ᠌ᠷᠢᠯᠠᠯ ᠵᠢᠴᠢ ᠰᠢᠨ᠎ᠡ᠎ᠪᠠᠷ ᠪᠠᠶ᠋ᠢᠭᠤᠯᠤᠭᠰᠠᠨ ᠢᠵᠢ ᠪᠦᠷᠢᠨ ᠵᠠᠮ ᠨᠡᠪᠲᠡᠷᠡᠯᠭᠡ ᠵᠡᠷᠭᠡ᠎ᠳᠤ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠳᠤ᠂ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷ ᠭᠦᠢ᠍ᠴᠡᠳᠬᠡᠯ ᠬᠦᠢ᠍ᠴᠡᠳᠬᠡᠬᠦ ᠴᠢᠬᠤᠯᠠᠲᠠᠶ᠃
     ᠬᠣᠷᠢᠨ ᠳᠥᠷᠪᠡᠳᠦᠭᠡᠷ ᠵᠦᠢ᠍ᠯ   ᠲᠤᠢ᠍ᠷᠦ ᠵᠢᠨ ᠶᠠᠪᠤᠳᠠᠯ᠎ᠤᠨ ᠬᠣᠷᠢᠶ᠎ᠠ ᠪᠤᠶᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠵᠠᠰᠠᠮᠠᠯ ᠵᠡᠮ᠂ ᠲᠡᠮᠦᠷ ᠵᠠᠮ᠂ ᠲᠤᠰᠤᠨ ᠬᠡᠢ ᠵᠢᠨ ᠬᠣᠭᠣᠯᠠᠶ ᠵᠢᠨ ᠱᠤᠭᠤᠮ᠂ ᠤᠰᠤᠨ ᠠᠰᠢᠭᠯᠠᠯᠲᠠ ᠤᠰᠤᠨ ᠴᠠᠬᠢᠯᠭ᠋ᠠᠨ ᠵᠡᠷᠭᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠮᠤᠵᠢ ᠵᠢᠨ ᠲᠡᠰ᠎ᠤᠨ ᠲᠦᠷᠭᠡᠨ ᠳᠠᠪᠬᠢᠬᠤ ᠵᠠᠰᠠᠮᠠᠯ ᠵᠠᠮ᠎ᠳᠠᠬᠢ ᠬᠥᠭᠥᠷᠭᠡ᠂ ᠨᠤᠢ᠍ᠭᠡᠠ ᠵᠡᠮ᠂ ᠬᠠᠰᠢᠯᠭ᠎ᠠ᠂ ᠤᠷᠤᠰᠬᠠᠯ ᠵᠠᠯᠠᠬᠤ ᠰᠤᠪᠠᠭ᠂ ᠲᠠᠯᠠᠪᠤᠷ᠎ᠲᠤ ᠣᠷᠣᠬᠤ ᠵᠠᠮ ᠪᠠ ᠴᠠᠬᠢᠯᠭ᠋ᠠᠨ ᠬᠦᠷᠭᠡᠬᠦ ᠲᠥᠬᠥᠭᠡᠷᠦᠮᠵᠢ ᠵᠡᠷᠭᠡ ᠡᠵᠡᠮᠰᠢᠯ᠎ᠤᠨ ᠴᠢᠨᠠᠷᠲᠠᠶ ᠳᠠᠩ ᠴᠣᠭᠴᠠ ᠵᠢᠨ ᠢᠨᠵᠧᠨᠧᠷᠢᠩ᠂ ᠢᠵᠢ ᠪᠦᠷᠢᠳᠦᠭᠦᠯᠦᠭᠰᠡᠨ ᠪᠠᠷᠢᠯᠭ᠎ᠠ ᠪᠣᠯᠤᠨ ᠠᠵᠢᠯ᠎ᠤᠨ ᠬᠤᠭᠤᠴᠠᠭ᠎ᠠ ᠪᠠᠴᠢᠮ ᠪᠤᠶᠤ ᠤᠯᠠᠷᠢᠯ᠎ᠤᠨ ᠨᠥᠯᠥᠭᠡ᠎ᠠᠴᠠ ᠪᠣᠯᠵᠤ ᠦᠨᠡᠨᠬᠦ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠴᠢᠬᠤᠯᠠ᠎ᠲᠠᠢ ᠪᠤᠰᠤᠳ ᠪᠠᠷᠢᠯᠭ᠎ᠠ᠂ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠬᠦ ᠲᠤᠬᠠᠶ ᠴᠣᠬᠣᠯᠠᠪᠤᠷᠢ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠢᠵᠠᠭ᠋ᠠᠷᠯᠠᠬᠤ ᠴᠢᠨᠠᠷᠲᠠᠶ ᠳᠠᠩ ᠴᠣᠭᠴᠠ ᠵᠢᠨ ᠢᠨᠵᠧᠨᠧᠷᠢᠩ ᠪᠣᠯᠤᠨ ᠢᠵᠢ ᠪᠦᠷᠢᠳᠦᠬᠦᠯᠦᠭᠰᠡᠨ ᠢᠨᠵᠧᠨᠧᠷᠢᠩ ᠨᠤᠲᠤᠭ ᠪᠡᠯᠴᠢᠭᠡᠷ᠎ᠢ ᠤᠷᠢᠳᠠᠪᠠᠷ ᠬᠡᠷᠡᠭᠯᠡᠬᠦ ᠵᠢ  ᠭᠤᠶᠤᠴᠢᠯᠠᠵᠤ᠂ ᠭᠤᠶᠤᠴᠢᠯᠠᠬᠤ ᠬᠡᠪᠴᠢᠶ᠎ᠡ ᠵᠢ ᠵᠠᠷᠴᠢᠮ ᠳᠡᠭᠡᠷ᠎ᠡ᠎ᠪᠠᠨ ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠬᠤ ᠡᠵᠡᠮᠳᠡᠬᠦ ᠬᠡᠪᠴᠢᠶ᠎ᠡ ᠵᠢᠨ 30 %᠎ᠠᠴᠠ ᠬᠡᠲᠦᠷᠡᠭᠦᠯᠵᠦ ᠪᠣᠯᠬᠤ ᠥᠬᠡᠶ᠃
       ᠪᠦᠬᠦᠯᠢ ᠴᠣᠭᠴᠠ ᠵᠢᠨ ᠲᠥᠷᠥᠯ ᠵᠦᠢ᠍ᠯ᠎ᠢ ᠭᠤᠶᠤᠴᠢᠯᠠᠬᠤ᠎ᠳᠤ᠂ ᠳᠠᠩ ᠭᠠᠭᠴᠠ ᠪᠠᠷᠢᠯᠭ᠎ᠠ ᠪᠣᠯᠤᠨ ᠢᠵᠢ ᠪᠦᠷᠢᠳᠦᠬᠦᠯᠦᠭᠰᠡᠨ ᠪᠠᠷᠢᠯᠭ᠎ᠠ᠎ᠳᠤ ᠨᠤᠲᠤᠭ ᠪᠡᠯᠴᠢᠭᠡᠷ᠎ᠢ ᠤᠷᠢᠳᠠᠪᠠᠷ ᠬᠡᠷᠡᠭᠯᠡᠬᠦ ᠵᠢ ᠵᠥᠪᠰᠢᠶᠡᠷᠡᠭᠰᠡᠨ ᠪᠢᠴᠢᠭ ᠮᠠᠲᠸᠷᠢᠶᠠᠯ ᠵᠢᠴᠢ ᠪᠦᠬᠦᠯᠢ ᠴᠣᠭᠴᠠ ᠵᠢᠨ ᠲᠥᠷᠥᠯ ᠵᠦᠢ᠍ᠯ᠎ᠢ ᠭᠤᠶᠤᠴᠢᠯᠠᠭᠰᠠᠨ ᠮᠠᠲᠸᠷᠢᠶᠠᠯ᠎ᠢ ᠳᠠᠭ᠋ᠠᠯᠳᠤᠭᠤᠯᠵᠤ᠂ ᠨᠤᠲᠤᠭ ᠪᠡᠯᠴᠢᠭᠡᠷ᠎ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷ ᠬᠦᠢ᠍ᠴᠡᠳᠬᠡᠯ᠎ᠢ ᠲᠤᠭᠲᠠᠭ᠋ᠠᠭᠰᠠᠨ ᠡᠷᠬᠡ ᠮᠡᠳᠡᠯ ᠶᠣᠰᠣᠭ᠋ᠠᠷ ᠨᠢᠭᠡ ᠯᠡ ᠤᠳᠠᠭ᠎ᠠ᠎ᠳᠤ ᠭᠤᠶᠤᠴᠢᠯᠠᠨ ᠭᠦᠢ᠍ᠴᠡᠳᠬᠡᠬᠦ ᠬᠡᠷᠡᠭᠲᠡᠶ᠃
       ᠨᠤᠲᠤᠭ ᠪᠡᠯᠴᠢᠭᠡᠷ᠎ᠢ ᠤᠷᠢᠳᠠᠪᠠᠷ ᠬᠡᠷᠡᠭᠯᠡᠬᠦ᠎ᠳᠤ ᠳᠤᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄ 

      1 ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲᠸᠷᠢᠶᠠᠯ;
      2 ᠡᠮᠦᠨᠡᠬᠢ ᠬᠤᠭᠤᠴᠠᠭ᠋ᠠᠨ᠎ᠤ ᠠᠵᠢᠯ ᠥᠷᠨᠢᠭᠦᠯᠬᠦ ᠵᠢ ᠵᠥᠪᠰᠢᠶᠡᠷᠡᠭᠰᠡᠨ ᠪᠢᠴᠢᠭ;
      3  ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠭᠰᠠᠨ ᠪᠢᠴᠢᠭ ᠮᠠᠲᠸᠷᠢᠶᠠᠯ;
     

      (ᠳᠥᠷᠪᠡ) ᠨᠤᠲᠤᠭ ᠪᠡᠯᠴᠢᠭᠡᠷ᠎ᠤᠨ ᠡᠷᠬᠡ ᠵᠢᠨ ᠬᠠᠷᠢᠶ᠎ᠠ ᠵᠢᠴᠢ ᠨᠥᠬᠥᠪᠥᠷᠢᠯᠡᠬᠦ ᠵᠦᠢ᠍ᠯ᠎ᠤᠨ ᠲᠣᠳᠣᠷᠬᠠᠶ᠋ᠢᠯᠠᠯᠲᠠ;
      (ᠲᠠᠪᠤ) ᠨᠤᠲᠤᠭ ᠪᠡᠯᠴᠢᠭᠡᠷ᠎ᠤᠨ ᠣᠷᠣᠨ ᠪᠦᠰᠡ ᠵᠢᠨ ᠴᠢᠭᠯᠡᠯᠲᠦ ᠬᠡᠮᠵᠢᠭᠳᠡᠬᠦᠨ᠎ᠤ ᠪᠠᠶ᠋ᠢᠷᠢᠰᠢᠯ᠎ᠤᠨ ᠵᠢᠷᠤᠭ᠎ᠢ ᠤᠷᠢᠳᠠᠪᠠᠷ ᠬᠡᠷᠡᠭᠯᠡᠬᠦ᠎ᠪᠠᠷ ᠲᠤᠭᠲᠠᠬᠤ᠃
      ᠬᠣᠷᠢᠨ ᠲᠠᠪᠤᠳᠤᠭ᠋ᠠᠷ ᠵᠦᠢ᠍ᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》 《ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠵᠢᠨ ᠣᠶ ᠰᠢᠭᠤᠶ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠪᠠ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ᠎ᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ  ᠲᠠᠲᠠᠪᠤᠷᠢ᠎ᠳᠤ ᠬᠤᠪᠢᠶᠠᠷᠢᠯᠠᠨ ᠰᠢᠯᠵᠢᠭᠦᠯᠬᠦ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 ᠵᠡᠷᠭᠡ ᠲᠣᠭᠲᠠᠭ᠋ᠠᠯ ᠶᠣᠰᠣᠭ᠋ᠠᠷ᠂ ᠬᠢᠨᠠᠨ ᠬᠠᠷᠭᠤᠭᠤᠯᠤᠭ᠋ᠠᠳ ᠵᠥᠪᠰᠢᠶᠡᠷᠡᠭᠰᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠭᠤᠶᠤᠴᠢᠯᠠᠯ᠎ᠳᠤ ᠭᠤᠶᠤᠴᠢᠯᠠᠭᠴᠢ᠎ᠠᠴᠠ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠲᠤᠰᠢᠶᠠᠵᠤ᠂ 《ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠲᠣᠭᠲᠠᠭ᠋ᠠᠯ᠎ᠤᠨ ᠪᠢᠴᠢᠭ》 ᠵᠶ᠋ᠠᠨ ᠭᠠᠷᠳᠠᠨ᠎ᠠ; ᠬᠢᠨᠠᠨ ᠬᠠᠷᠭᠤᠭᠤᠯᠤᠭ᠋ᠠᠳ ᠵᠥᠪᠰᠢᠶᠡᠷᠡᠬᠦ ᠦᠭᠡᠢ ᠪᠠᠶ᠋ᠢᠪᠠᠯ᠂ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ ᠦᠯᠦ ᠥᠭᠬᠦ ᠲᠣᠭᠲᠠᠭ᠋ᠠᠯ᠎ᠤᠨ ᠪᠢᠴᠢᠭ ᠣᠯᠭᠣᠬᠤ ᠪᠥᠭᠡᠳ ᠦᠯᠦ ᠵᠥᠪᠰᠢᠶᠡᠷᠡᠬᠦ ᠤᠴᠢᠷ ᠰᠢᠯᠲᠠᠭ᠋ᠠᠨ ᠵᠶ᠋ᠠᠨ ᠬᠡᠯᠡᠵᠦ ᠥᠭᠭᠦᠨ᠎ᠡ᠃
      ᠬᠣᠷᠢᠨ ᠵᠢᠷᠭᠤᠳᠤᠭ᠋ᠠᠷ ᠵᠦᠢ᠍ᠯ ᠭᠤᠶᠤᠴᠢᠯᠠᠭᠴᠢ ᠵᠠᠰᠠᠭ ᠵᠠᠬᠢᠷᠭ᠋ᠠᠨ᠎ᠤ ᠵᠥᠪᠰᠢᠶᠡᠷᠡᠯ ᠦᠭᠭᠦᠭᠰᠡᠨ ᠲᠣᠭᠲᠠᠭ᠋ᠠᠯ᠎ᠤᠨ ᠪᠢᠴᠢᠭ᠎ᠢ ᠣᠯᠤᠭᠰᠠᠨ᠎ᠤ ᠲᠠᠷᠠᠭ᠎ᠠ᠂ ᠬᠠᠤᠯᠢ ᠶᠣᠰᠣᠭ᠋ᠠᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠬᠦ᠎ᠪᠠᠷ ᠭᠤᠶᠤᠴᠢᠯᠠᠬᠤ ᠬᠡᠷᠡᠭᠲᠡᠶ᠃ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠤᠶᠤᠴᠢᠯᠠᠯ᠎ᠨᠢ ᠵᠥᠪᠰᠢᠶᠡᠷᠡᠭᠳᠡᠭᠰᠡᠨ ᠦᠭᠡᠶ ᠪᠣᠯ ᠭᠤᠶᠤᠴᠢᠯᠠᠭᠴᠢ᠎ᠨᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠨᠢᠭᠡᠨᠲᠡ ᠲᠤᠰᠢᠶᠠᠭᠰᠠᠨ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠪᠤᠴᠠᠭ᠋ᠠᠬᠤ ᠵᠢ ᠭᠤᠶᠤᠴᠢᠯᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠲᠣᠭᠲᠠᠭ᠋ᠠᠯ ᠬᠦᠴᠦᠨ ᠦᠭᠡᠶ ᠪᠣᠯᠤᠨ᠎ᠠ᠃
      ᠬᠣᠷᠢᠨ ᠳᠣᠯᠣᠳᠤᠭ᠋ᠠᠷ ᠵᠦᠢ᠍ᠯ   ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠪᠤᠶᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠣᠯᠤᠨ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠰᠢᠭᠤᠳ  ᠦᠢ᠍ᠯᠡᠴᠢᠯᠡᠬᠦ ᠪᠠᠷᠢᠯᠭ᠎ᠠ ᠵᠢᠨ ᠪᠡᠯᠡᠳᠬᠡᠮᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠬᠡᠷᠡᠭᠯᠡᠬᠦ ᠴᠢᠬᠤᠯᠠ᠎ᠲᠠᠢ ᠪᠣᠯ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠷᠬᠡ ᠮᠡᠳᠡᠯ᠎ᠤᠨ ᠶᠣᠰᠣᠭ᠋ᠠᠷ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭ᠋ᠠᠰᠤ᠎ᠠᠴᠠ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠪᠤᠶᠤ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ ᠦᠭᠡᠶ ᠭᠡᠰᠡᠨ ᠪᠢᠴᠢᠭᠯᠡᠭᠰᠡᠨ ᠲᠣᠭᠲᠠᠭ᠋ᠠᠯ ᠭᠠᠷᠭ᠋ᠠᠬᠤ ᠬᠡᠷᠡᠭᠲᠡᠶ᠃
       ᠬᠣᠷᠢᠨ ᠨᠠᠢ᠍ᠮᠠᠳᠤᠭ᠋ᠠᠷ ᠵᠦᠢ᠍ᠯ ᠭᠤᠶᠤᠴᠢᠯᠠᠭᠰᠠᠨ ᠨᠢᠭᠡᠴᠡ ᠪᠤᠶᠤ ᠬᠤᠪᠢ ᠬᠥᠮᠦᠨ ᠵᠥᠪᠰᠢᠶᠡᠷᠡᠭᠰᠡᠨ ᠲᠠᠯᠠᠪᠠᠶ ᠶᠣᠰᠣᠭ᠋ᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠬᠡᠷᠡᠭᠲᠡᠶ᠂ ᠳᠤᠷ᠎ᠠ᠎ᠪᠠᠷ ᠵᠶ᠋ᠠᠨ ᠲᠠᠯᠠᠪᠠᠶ ᠵᠢ᠎ᠨᠢ ᠥᠷᠭᠡᠳᠬᠡᠵᠦ ᠪᠣᠯᠬᠤ ᠦᠭᠡᠶ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠬᠤᠪᠢᠷᠠᠭᠤᠯᠤᠭᠰᠠᠨ᠎ᠠᠴᠠ ᠪᠣᠯᠵᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠠᠯᠠᠪᠠᠶ ᠵᠢ ᠦᠨᠡᠨ ᠬᠦ᠌ ᠥᠷᠭᠡᠳᠬᠡᠬᠦ ᠴᠢᠬᠤᠯᠠ᠎ᠲᠠᠢ ᠪᠣᠯ ᠲᠤᠰ ᠲᠣᠭᠲᠠᠭ᠋ᠠᠯ᠎ᠤᠨ ᠠᠷᠪᠠᠳᠤᠭ᠋ᠠᠷ ᠵᠦᠢ᠍ᠯ᠂ ᠠᠷᠪᠠᠨ ᠨᠢᠭᠡᠳᠦᠭᠡᠷ ᠵᠦᠢ᠍ᠯ᠂ ᠠᠷᠪᠠᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ᠂ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠭᠦᠢ᠍ᠴᠡᠳᠬᠡᠬᠦ᠎ᠪᠠᠷ ᠭᠤᠶᠤᠴᠢᠯᠠᠬᠤ ᠬᠡᠷᠡᠭᠲᠡᠶ᠃ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠠᠯᠠᠪᠠᠢ ᠵᠢ ᠪᠠᠭ᠋ᠠᠰᠬᠠᠬᠤ ᠪᠤᠶᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠣᠷᠣᠨ ᠪᠠᠶ᠋ᠢᠷᠢ ᠵᠢ ᠬᠤᠪᠢᠷᠠᠭᠤᠯᠬᠤ᠎ᠳᠤ ᠬᠦᠷᠪᠡᠯ᠂ ᠤᠤᠯ᠎ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠬᠤᠪᠢᠷᠠᠭᠤᠯᠬᠤ ᠭᠠᠷ ᠭᠦᠢ᠍ᠴᠡᠳᠬᠡᠯ ᠬᠢᠬᠦ᠎ᠪᠠᠷ ᠭᠤᠶᠤᠴᠢᠯᠠᠬᠤ ᠬᠡᠷᠡᠭᠲᠡᠢ᠃
      ᠬᠣᠷᠢ ᠶᠢᠰᠦᠳᠦᠭᠡᠷ ᠵᠦᠢ᠍ᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠡᠯᠧᠺᠲᠷᠣᠨ ᠳᠠᠩᠰᠠ ᠡᠪᠬᠡᠮᠡᠯ᠎ᠢ ᠪᠠᠶ᠋ᠢᠭᠤᠯᠬᠤ ᠬᠡᠷᠡᠭᠲᠡᠶ᠃
      ᠭᠤᠴᠢᠳᠤᠭ᠋ᠠᠷ ᠵᠦᠢ᠍ᠯ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯ ᠪᠦᠷᠢ ᠵᠢᠨ ᠨᠢᠭᠡᠳᠦᠭᠡᠷ ᠰᠠᠷ᠎ᠠ ᠵᠢᠨ ᠰᠢᠨᠡᠳ ᠵᠶ᠋ᠠᠷ ᠳᠡᠭᠡᠷ᠎ᠡ ᠵᠢᠯ᠎ᠤᠨ ᠲᠤᠰ ᠭᠠᠵᠠᠷ ᠣᠷᠣᠨ᠎ᠤ᠎ᠪᠠᠨ ᠲᠦᠷ ᠴᠠᠭ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠪᠠ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠣᠯᠤᠨ ᠮᠠᠯ ᠠᠵᠤ ᠠᠬᠤᠶ ᠵᠢᠨ  ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠪᠡᠯᠡᠳᠬᠡᠮᠵᠢ ᠪᠠᠶ᠋ᠢᠭᠤᠯᠬᠤ ᠵᠢ ᠬᠢᠨᠠᠨ ᠵᠥᠪᠰᠢᠶᠡᠷᠡᠭᠰᠡᠨ ᠪᠠᠶ᠋ᠢᠳᠠᠯ ᠵᠶ᠋ᠠᠨ ᠬᠤᠷᠢᠶᠠᠩᠭᠤᠶ᠋ᠢᠯᠠᠭ᠋ᠠᠳ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠶ᠃
      ᠭᠤᠴᠢᠨ ᠨᠢᠭᠡᠳᠦᠭᠡᠷ ᠵᠦᠢ᠍ᠯ 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》᠂ 《ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠬᠤ ᠬᠦᠰᠦᠨᠦᠭᠲᠦ》᠎ᠳᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠣᠭᠲᠠᠭ᠋ᠠᠭᠰᠠᠨ ᠵᠠᠭᠪᠤᠷ᠎ᠢ ᠬᠡᠷᠡᠭᠯᠡᠨ᠎ᠡ᠃
      ᠭᠤᠴᠢᠨ ᠬᠣᠶᠠᠳᠤᠭ᠋ᠠᠷ ᠵᠦᠢ᠍ᠯ ᠲᠤᠰ ᠲᠣᠭᠲᠠᠭ᠋ᠠᠯ᠎ᠢ 2024 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》᠎ᠢ ᠲᠤᠰ ᠲᠣᠭᠲᠠᠭ᠋ᠠᠯ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠬᠦᠴᠦᠨ ᠦᠭᠡᠶ ᠪᠣᠯᠭ᠋ᠠᠨ᠎ᠠ᠃ ᠬᠡᠷᠡᠭᠵᠢᠭᠦᠯᠬᠦ ᠬᠤᠭᠤᠴᠠᠭ᠋ᠠᠨ᠎ᠳᠤ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠨᠠᠮ᠎ᠤᠨ ᠲᠥᠪ ᠬᠤᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭ᠋ᠠᠪᠠ
2024 ᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠢ ᠬᠦ᠍ᠯᠢᠶᠡᠨ ᠠᠪᠴᠤ ᠰᠢᠢ᠍ᠳᠪᠦᠷᠢᠯᠡᠬᠦ ᠲᠤᠬᠠᠢ ᠮᠡᠳᠡᠭᠳᠡᠯ
 
             蒙ICP备05000248号