ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2023-04-19

     2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ


            ᠥᠪᠥᠷ ᠣᠶ ᠨᠤᠲᠤᠭ ᠤᠢ᠌ᠵᠢᠭᠤᠯᠤᠯᠳᠠ ᠲᠠᠷᠬᠠᠭ᠋ᠠᠭᠰᠠᠨ

             [2023]5 ᠳ᠋ᠤᠭ᠋ᠠᠷ ᠲᠣᠭ᠋ᠠᠲᠤ
  

     2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 

ᠡᠯ᠎ᠡ ᠬᠣᠯᠪᠣᠭᠳᠠᠯ ᠪᠦᠬᠦᠢ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ᠄
     《2023 ᠣᠨ᠎ᠤ ᠣᠶ ᠰᠢᠭᠤᠶ ᠵᠢᠨ ᠥᠭᠡᠷᠡᠴᠢᠯᠡᠯᠲᠡ ᠬᠥᠭᠵᠢᠯᠲᠡ ᠵᠢᠨ ᠪᠠᠯᠠ ᠮᠥᠩᠭᠥ ᠵᠢᠨ ᠲᠥᠰᠦᠪ᠎ᠢ ᠤᠷᠢᠳᠴᠢᠯᠠᠨ ᠪᠠᠭᠤᠯᠭ᠋ᠠᠬᠤ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠡᠬᠢ ᠣᠷᠴᠢᠨ [2022]127 ᠳ᠋ᠤᠭ᠋ᠠᠷ ᠲᠣᠭ᠋ᠠᠲᠤ) ᠪᠠ 《2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ ᠰᠢᠭᠤᠶ ᠵᠢᠨ ᠥᠭᠡᠷᠡᠴᠢᠯᠡᠯᠲᠡ ᠬᠥᠭᠵᠢᠯᠲᠡ ᠵᠢᠨ ᠪᠠᠯᠠ ᠮᠥᠩᠭᠥ ᠵᠢᠨ ᠲᠥᠰᠦᠪ᠎ᠢ ᠤᠷᠢᠳᠴᠢᠯᠠᠨ ᠪᠠᠭᠤᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠡᠳ᠋ ᠡᠬᠢ ᠣᠷᠴᠢᠨ [2022]1805 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 2022 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠤᠯᠲᠠ ᠵᠢᠨ ᠨᠥᠬᠥᠪᠥᠷᠢ᠂ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠎ᠤ ᠨᠥᠬᠥᠪᠥᠷᠢ ᠪᠠᠯᠠ ᠮᠥᠩᠭᠥ ᠵᠢ ᠤᠷᠢᠳᠴᠢᠯᠠᠨ ᠪᠠᠭᠤᠯᠭ᠋ᠠᠪᠠ᠃ ᠣᠶ᠋ᠢᠵᠢᠭᠤᠯᠬᠤ ᠨᠥᠬᠥᠪᠥᠷᠢ᠂ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠤᠴᠢᠷ᠎ᠢ ᠳᠤᠤᠷᠠᠬᠢ ᠮᠡᠲᠦ ᠮᠡᠳᠡᠭᠳᠡᠶ᠎ᠡ᠄
     ᠨᠢᠭᠡ᠂ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠲᠤᠰᠠᠯᠠᠮᠵᠢ ᠵᠢᠨ ᠲᠥᠷᠥᠯ ᠵᠦᠢ᠍ᠯ

      ᠤᠯᠤᠰ᠎ᠠᠴᠠ ᠮᠠᠨ᠎ᠤ ᠣᠷᠣᠨ᠎ᠤ ᠣᠶ᠋ᠢᠵᠢᠭᠤᠯᠤᠯᠲᠠ ᠵᠢᠨ ᠨᠥᠬᠥᠪᠥᠷᠢ ᠮᠥᠩᠭᠥ ᠵᠢ 38349 ᠲᠦᠮᠡᠨ ᠲᠥᠭᠥᠷᠢᠭ ᠤᠷᠢᠳᠴᠢᠯᠠᠨ ᠪᠠᠭᠤᠯᠭ᠋ᠠᠵᠤ᠂ ᠬᠥᠮᠦᠨ᠎ᠤ ᠬᠦᠴᠦ᠎ᠪᠠᠷ ᠣᠶ᠋ᠢᠵᠢᠭᠤᠯᠬᠤ᠂ ᠴᠢᠨᠠᠷ ᠮᠠᠭᠤᠲᠠᠶ ᠦᠷ᠎ᠡ ᠠᠰᠢᠭ ᠵᠶ᠋ᠠᠷ ᠳᠤᠤᠷ᠎ᠠ ᠣᠶ ᠵᠢ ᠥᠭᠡᠷᠡᠴᠢᠯᠡᠬᠦ ᠡᠭᠦᠷᠭᠡ ᠵᠢ ᠨᠡᠶ᠋ᠢᠲᠡ 113 . 66 ᠲᠦᠮᠡᠨ ᠮᠥ᠍ ᠲᠣᠬᠢᠷᠠᠭᠤᠯᠪᠠ (ᠨᠠᠷᠢᠨ ᠠᠭᠤᠯᠭ᠎ᠠ ᠵᠢ ᠳᠠᠭ᠋ᠠᠯᠳᠤᠭᠤᠯᠤᠯ 1᠎ᠳᠤ ᠦᠵᠡ)᠃ ᠡᠯ᠎ᠡ ᠬᠣᠯᠪᠣᠭᠳᠠᠯ ᠪᠥᠬᠥᠶ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠴᠠᠭ ᠲᠤᠬᠠᠶ᠎ᠳᠤᠨᠢ ᠵᠥᠪᠳᠡᠯᠴᠡᠵᠦ᠂ ᠪᠠᠯᠠ ᠮᠥᠩᠭᠥ ᠪᠠ ᠡᠭᠦᠷᠭᠡ᠎ᠪᠠᠨ ᠲᠥᠷᠥᠯ ᠵᠦᠢ᠍ᠯ᠎ᠤᠨ ᠬᠣᠰᠢᠭᠤ ᠰᠢᠶᠠᠨ᠎ᠳᠤ ᠲᠦᠷᠭᠡᠬᠡᠨ ᠪᠠᠭᠤᠯᠭ᠋ᠠᠵᠤ᠂ ᠡᠭᠦᠷᠭᠡ᠎ᠪᠠᠨ ᠴᠠᠭ ᠲᠤᠬᠠᠶ᠎ᠳᠤᠨᠢ ᠶᠠᠰᠤ ᠴᠢᠨᠠᠷ ᠲᠣᠭ᠎ᠠ ᠶᠣᠰᠣᠭ᠋ᠠᠷ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃

  
     (ᠨᠢᠭᠡ) ᠬᠥᠮᠦᠨ᠎ᠤ ᠬᠦᠴᠦ᠎ᠪᠠᠷ ᠣᠶ᠋ᠢᠵᠢᠭᠤᠯᠬᠤ᠃ ᠲᠤᠷᠤᠭ ᠮᠣᠳᠣ ᠵᠢ ᠣᠶ᠋ᠢᠵᠢᠭᠤᠯᠬᠤ ᠪᠠ ᠪᠣᠳᠠ ᠮᠣᠳᠣ ᠵᠢ ᠣᠶ᠋ᠢᠵᠢᠭᠤᠯᠬᠤ ᠵᠢ ᠪᠠᠭᠲᠠᠭ᠋ᠠᠨ᠎ᠠ᠃ ᠡᠯ᠎ᠡ ᠬᠠᠮᠢᠶ᠎ᠠ ᠪᠦᠬᠦᠢ ᠠᠶ᠋ᠢᠮᠠᠭ ᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠲᠥᠷᠥᠯ ᠵᠦᠢ᠍ᠯ᠎ᠤᠨ ᠬᠣᠰᠢᠭᠤ ᠰᠢᠶᠠᠨ᠎ᠤ ᠪᠡᠯᠡ ᠮᠥᠩᠭᠥ ᠪᠣᠯᠤᠨ ᠡᠭᠦᠷᠭᠡ ᠵᠢ ᠦᠨᠳᠦᠰᠦᠯᠡᠨ᠂ 《ᠣᠶ᠋ᠢᠵᠢᠭᠤᠯᠬᠤ ᠮᠡᠷᠭᠡᠵᠢᠯ᠎ᠤᠨ ᠳᠦᠷᠢᠮ》 (GB / T 15776—2016)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ᠋ᠢᠵᠢᠭᠤᠯᠬᠤ ᠮᠡᠷᠭᠡᠵᠢᠯ᠎ᠤᠨ ᠳᠦᠷᠢᠮ》 (DB 15 / T 389—2021) ᠵᠢᠴᠢ 《ᠰᠢᠨᠵᠢᠯᠡᠬᠦ ᠤᠬᠠᠭ᠋ᠠᠨᠴᠢ᠎ᠪᠠᠷ ᠨᠣᠭᠣᠭ᠋ᠠᠷᠠᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 《ᠰᠢᠨᠵᠢᠯᠡᠬᠦ ᠤᠬᠠᠭ᠋ᠠᠨᠴᠢ᠎ᠪᠠᠷ ᠨᠣᠭᠣᠭ᠋ᠠᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠯ᠎ᠡ ᠲᠥᠷᠥᠯ ᠵᠦᠢ᠍ᠯ᠎ᠤᠨ ᠬᠣᠰᠢᠭᠤ ᠰᠢᠶᠠᠨ᠎ᠢ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠤᠨ ᠠᠵᠢᠯ᠎ᠤᠨ ᠵᠢᠷᠤᠭ ᠲᠥᠯᠥᠪᠯᠡᠭᠡ ᠵᠢ ᠵᠢᠷᠤᠮᠵᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠨ ᠵᠥᠪᠰᠢᠶᠡᠷᠡᠬᠦ ᠬᠡᠷᠡᠭᠲᠡᠶ᠃ ᠡᠯ᠎ᠡ ᠲᠥᠷᠥᠯ ᠵᠦᠢ᠍ᠯ᠎ᠤᠨ ᠬᠣᠰᠢᠭᠤ ᠰᠢᠶᠠᠨ᠎ᠨᠤᠭᠤᠳ ᠴᠤᠬᠤᠯᠠᠪᠤᠷᠢᠯᠠᠭᠰᠠᠨ ᠠᠵᠢᠯ᠎ᠤᠨ ᠵᠢᠷᠤᠭ ᠲᠥᠯᠥᠪᠯᠡᠭᠡ ᠵᠢᠨ ᠶᠣᠰᠣᠭ᠋ᠠᠷ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ ᠴᠠᠭ ᠲᠤᠬᠠᠶ᠎ᠳᠤᠨᠢ ᠲᠦᠷᠦᠯ ᠵᠦᠢ᠍ᠯ ᠵᠶ᠋ᠡᠨ ᠡᠬᠢᠯᠡᠭᠦᠯᠵᠦ᠂ ᠣᠶ᠋ᠢᠵᠢᠭᠤᠯᠤᠯᠲᠠ ᠵᠢᠨ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃

      (ᠬᠣᠶᠠᠷ) ᠴᠢᠨᠠᠷ ᠮᠠᠭᠤ ᠦᠷ᠎ᠡ ᠠᠰᠢᠭ ᠵᠶ᠋ᠠᠷ ᠳᠣᠣᠷ᠎ᠠ ᠣᠶ ᠵᠢ ᠥᠭᠡᠷᠡᠴᠢᠯᠡᠬᠦ᠃ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠴᠢᠨᠠᠷ ᠮᠠᠭᠤ ᠦᠷ᠎ᠡ ᠠᠰᠢᠭ ᠲᠤᠤᠷ᠎ᠠ ᠤᠢ ᠵᠢ ᠥᠭᠡᠷᠡᠴᠢᠯᠡᠬᠦ ᠵᠢ ᠳᠤᠷᠤᠭ ᠮᠣᠳᠣᠨ ᠤᠢ ᠵᠢ ᠥᠭᠡᠷᠡᠴᠢᠯᠡᠬᠦ ᠪᠠ ᠪᠤᠳᠠ ᠮᠣᠳᠣᠨ ᠤᠢ ᠵᠢ ᠥᠭᠡᠷᠡᠴᠢᠯᠡᠬᠦ ᠭᠡᠵᠦ ᠬᠤᠪᠢᠶᠠᠨ᠎ᠠ᠃ ᠡᠯ᠎ᠡ ᠬᠣᠯᠪᠣᠭᠳᠠᠯ ᠪᠥᠬᠥᠶ ᠠᠶ᠋ᠢᠮᠠᠭ ᠬᠣᠲᠠ ᠲᠥᠷᠥᠯ ᠵᠦᠢ᠍ᠯ᠎ᠤᠨ ᠬᠣᠰᠢᠭᠤ ᠰᠢᠶᠠᠨ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ 《ᠳᠤᠤᠷ᠎ᠠ ᠦᠷ᠎ᠡ ᠠᠰᠢᠭᠲᠤ ᠣᠶ ᠵᠢᠨ ᠥᠭᠡᠷᠡᠴᠢᠯᠡᠯᠲᠡ ᠵᠢᠨ ᠮᠡᠷᠭᠡᠵᠢᠯ᠎ᠤᠨ ᠲᠦᠷᠢᠮ》 (LY / T 1960—2017)᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠠᠵᠢᠯᠯᠠᠭ᠋ᠠᠨ᠎ᠤ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠨ ᠵᠥᠪᠰᠢᠶᠡᠷᠡᠨ᠎ᠡ᠃ ᠡᠯ᠎ᠡ ᠬᠣᠯᠪᠣᠭᠳᠠᠯ ᠪᠦᠬᠦᠢ ᠬᠣᠰᠢᠭᠤ ᠰᠢᠶᠠᠨ ᠴᠤᠬᠤᠯᠠᠪᠦᠷᠢᠯᠠᠭᠰᠠᠨ ᠠᠵᠢᠯ᠎ᠤᠨ ᠵᠢᠷᠤᠭ ᠲᠥᠯᠥᠪᠯᠡᠭᠡ ᠵᠢᠨ ᠶᠣᠰᠣᠭ᠋ᠠᠷ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ ᠴᠠᠭ ᠲᠤᠬᠠᠶ᠎ᠳᠤᠨᠢ ᠪᠠᠷᠢᠯᠭ᠎ᠠ ᠪᠠᠷᠢᠵᠤ᠂ ᠥᠭᠡᠷᠡᠴᠢᠯᠡᠨ ᠰᠠᠶ᠋ᠢᠵᠢᠷᠠᠭᠤᠯᠬᠤ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠣᠯᠪᠣᠭᠳᠠᠯ ᠪᠥᠬᠥᠶ ᠠᠶ᠋ᠢᠮᠠᠭ ᠬᠣᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠴᠣᠬᠣᠯᠠᠪᠤᠷᠢᠯᠠᠭᠰᠠᠨ᠎ᠤ ᠳᠠᠷᠠᠭ᠋ᠠᠬᠢ ᠠᠵᠢᠯ᠎ᠤᠨ ᠵᠢᠷᠤᠭ ᠲᠥᠯᠥᠪᠯᠡᠭᠡ (ᠴᠠᠭ᠋ᠠᠰᠤᠨ ᠬᠡᠪᠯᠡᠯ ᠪᠠ ᠡᠯᠧᠺᠲᠷᠣᠨ)᠂  ᠵᠢᠴᠢ ᠲᠤᠰ ᠱᠠᠲᠤᠨ᠎ᠤ ᠡᠳ᠎ᠤᠨ ᠵᠠᠰᠠᠭ᠎ᠠᠴᠠ ᠲᠥᠷᠥᠯ ᠵᠦᠢ᠍ᠯ᠎ᠤᠨ ᠬᠣᠰᠢᠭᠤ ᠰᠢᠶᠠᠨ᠎ᠳᠤ ᠪᠠᠭᠤᠯᠭ᠋ᠠᠬᠤ ᠪᠡᠯᠡ ᠮᠥᠩᠭᠥ ᠵᠢᠨ ᠲᠥᠯᠥᠪᠯᠡᠭᠡ᠎ᠪᠠᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠡᠭᠦᠨ᠎ᠤ ᠬᠠᠮᠲᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠵᠢᠷᠤᠭ᠎ᠲᠤ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠶᠣᠰᠣᠭ᠋ᠠᠷ᠂ 2023 ᠣᠨ᠎ᠤ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠤᠨ ᠵᠢᠷᠤᠭ᠎ᠲᠤ ᠣᠷᠣᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠣᠶᠠᠷ᠂ ᠡᠯᠡᠰᠦᠵᠢᠭᠰᠡᠨ ᠭᠠᠵᠠᠷ ᠰᠢᠷᠣᠢ ᠵᠢᠨ ᠪᠢᠲᠡᠭᠦᠮᠵᠢᠯᠡᠭᠰᠡᠨ ᠬᠣᠷᠢᠭ᠋ᠠᠲᠠᠢ ᠬᠠᠮᠠᠭ᠋ᠠᠯᠠᠯᠲᠠ ᠵᠢᠨ ᠣᠷᠣᠨ᠎ᠳᠤ ᠨᠥᠬᠥᠪᠥᠷᠢ ᠥᠭᠬᠦ ᠲᠦᠷᠦᠯ ᠵᠦᠢ᠍ᠯ 
      ᠤᠯᠤᠰ᠎ᠠᠴᠠ ᠮᠠᠨ᠎ᠤ ᠣᠷᠣᠨ᠎ᠤ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠎ᠤ ᠨᠥᠬᠥᠪᠥᠷᠢ ᠪᠠᠯᠠ ᠮᠥᠩᠭᠥ ᠵᠢ 951  ᠲᠦᠮᠡᠨ ᠲᠦᠭᠦᠷᠢᠭ ᠤᠷᠢᠳᠴᠢᠯᠠᠨ ᠪᠠᠭᠤᠯᠭ᠋ᠠᠪᠠ᠃ ᠨᠢᠭᠡᠨᠲᠡ ᠤᠯᠠᠮᠵᠢᠯᠠᠯᠲᠤ ᠬᠣᠷᠢᠭ᠋ᠠᠲᠤ ᠣᠷᠣᠨ᠎ᠳᠤ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠨᠥᠬᠥᠪᠥᠷᠢ ᠪᠠ ᠨᠤᠲᠤᠭ ᠪᠡᠯᠴᠢᠭᠡᠷ᠎ᠤᠨ ᠱᠠᠩᠨᠠᠯ ᠨᠥᠬᠥᠪᠥᠷᠢ ᠭᠥᠷᠳᠡᠭᠰᠡᠨ ᠥᠬᠡᠶ ᠲᠠᠯᠠᠪᠠᠶ᠎ᠳᠤ ᠨᠥᠬᠥᠪᠥᠷᠢ ᠥᠭᠭᠦᠨ᠎ᠡ᠂ ᠡᠭᠦᠨ᠎ᠢ ᠭᠤᠤᠯᠳᠠᠭᠤ ᠬᠣᠷᠢᠭ᠋ᠠᠲᠤ ᠬᠠᠮᠠᠭ᠋ᠠᠯᠠᠯᠲᠠ ᠵᠢᠨ ᠣᠷᠣᠨ᠎ᠤ  ᠬᠠᠮᠢᠶᠠᠷᠤᠯᠳᠠ ᠪᠠ ᠬᠠᠮᠠᠭ᠋ᠠᠯᠠᠯᠳᠠ᠎ᠳᠤ ᠬᠡᠷᠡᠭᠯᠡᠨ᠎ᠡ᠃ ᠬᠠᠮᠢᠶ᠎ᠠ ᠪᠥᠬᠥᠶ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠴᠠᠭ ᠲᠤᠬᠠᠶ᠎ᠳᠤᠨᠢ ᠵᠥᠪᠳᠡᠯᠴᠡᠵᠦ᠂ ᠨᠥᠬᠥᠪᠥᠷᠢ ᠵᠢᠨ ᠪᠠᠯᠠ ᠮᠥᠩᠭᠥ ᠵᠢ ᠲᠥᠷᠥᠯ  ᠵᠦᠢ᠍ᠯ᠎ᠤᠨ ᠬᠣᠰᠢᠭᠤ ᠰᠢᠶᠠᠨ᠎ᠳᠤ ᠳᠠᠷᠤᠶ᠋ᠢᠬᠠᠨ ᠪᠠᠭᠤᠯᠭ᠋ᠠᠵᠤ (ᠳᠠᠭ᠋ᠠᠯᠳᠤᠭᠤᠯᠤᠯ 2᠎ᠢ ᠨᠠᠷᠢᠨ ᠦᠵᠡᠭᠡᠷᠡᠶ)᠂ ᠲᠥᠷᠥᠯ ᠵᠦᠢ᠍ᠯ᠎ᠢ ᠬᠡᠷᠡᠭᠵᠢᠭᠦᠯᠬᠦ ᠬᠣᠰᠢᠭᠤ ᠰᠢᠶᠠᠨ᠎ᠢ ᠵᠣᠬᠢᠶᠠᠨ ᠪᠠᠶ᠋ᠢᠭᠤᠯᠵᠤ᠂ ᠠᠵᠢᠯ᠎ᠤᠨ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠨ ᠵᠥᠪᠰᠢᠶᠡᠷᠡᠭᠦᠯᠬᠦ ᠬᠡᠷᠡᠭᠲᠡᠶ᠃ ᠡᠯ᠎ᠡ ᠲᠥᠷᠥᠯ ᠵᠦᠢ᠍ᠯ᠎ᠤᠨ ᠬᠣᠰᠢᠭᠤ ᠰᠢᠶᠠᠨ᠎ᠨᠤᠭᠤᠳ 《ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠎ᠤ ᠬᠠᠮᠢᠶᠠᠷᠴᠤ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠲᠥᠷᠥᠯ ᠵᠦᠢ᠍ᠯ᠎ᠤᠨ ᠬᠣᠰᠢᠭᠤ ᠰᠢᠶᠠᠨ᠎ᠳᠤ ᠪᠠᠭᠤᠯᠭ᠋ᠠᠬᠤ ᠪᠡᠯᠡ ᠮᠥᠩᠭᠥ ᠵᠢᠨ ᠲᠥᠯᠥᠪᠯᠡᠭᠡ᠎ᠪᠠᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
      ᠭᠤᠷᠪᠠ᠂ ᠪᠤᠰᠤᠳ ᠱᠠᠭ᠋ᠠᠷᠳᠠᠯᠭ᠎ᠠ
      ᠨᠢᠭᠡ᠎ᠳᠤ᠂ ᠣᠨ᠎ᠤ ᠠᠵᠢᠯ᠎ᠤᠨ ᠳ᠋ᠦᠩᠨᠡᠯᠲᠡ᠎ᠪᠠᠨ ᠳᠡᠭᠡᠭᠰᠢ ᠮᠡᠳᠡᠭᠦᠯᠦᠨ᠎ᠡ᠃ ᠡᠯ᠎ᠡ ᠬᠠᠮᠢᠶ᠎ᠠ ᠪᠥᠬᠥᠶ ᠠᠶ᠋ᠢᠮᠠᠭ ᠬᠣᠲᠠ 2023 ᠣᠨ᠎ᠤ 12  ᠰᠠᠷ᠎ᠠ᠎ᠠᠴᠠ ᠡᠮᠦᠨ᠎ᠡ ᠲᠥᠷᠥᠯ ᠵᠦᠢ᠍ᠯ᠎ᠤᠨ ᠣᠨ᠎ᠤ ᠠᠵᠢᠯ᠎ᠤᠨ ᠳ᠋ᠦᠩᠨᠡᠯᠲᠡ᠎ᠪᠠᠨ ᠳᠡᠭᠡᠭᠰᠢ ᠮᠡᠳᠡᠭᠦᠯᠵᠦ᠂ ᠲᠥᠷᠥᠯ ᠵᠦᠢ᠍ᠯ᠎ᠤᠨ ᠠᠬᠢᠴᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠬᠠᠷᠢᠭᠤ ᠲᠤᠰᠬᠠᠬᠤ ᠬᠡᠷᠡᠭᠲᠡᠶ; ᠬᠣᠶᠠᠷ᠎ᠲᠤ ᠮᠣᠳᠣᠯᠢᠭ ᠲᠣᠰᠣᠨ ᠮᠠᠲ᠋ᠧᠷᠢᠶᠠᠯ ᠪᠠ ᠣᠨᠴᠠᠯᠢᠭᠲᠤ ᠣᠢ ᠵᠢᠮᠢᠰ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ᠎ᠤ ᠳᠤᠷᠠᠳᠤᠭᠰᠠᠨ ᠣᠨᠴᠠᠯᠢᠭ᠎ᠲᠠᠢ ᠣᠶ ᠵᠢᠮᠢᠰ᠂ ᠮᠣᠳᠣᠯᠢᠭ ᠠᠮᠤ ᠲᠣᠰᠣ ᠵᠡᠷᠭᠡ ᠠᠵᠤ ᠦᠢ᠍ᠯᠡᠰ᠎ᠲᠠᠢ ᠤᠶᠠᠯᠳᠤᠭᠤᠯᠤᠨ᠂ ᠲᠦᠩᠯᠢᠶᠣᠤ ᠬᠣᠲᠠ ᠮᠣᠳᠣᠯᠢᠭ ᠲᠣᠰᠣᠯᠢᠭ ᠲᠠᠷᠢᠮᠠᠯ᠎ᠢ 1.5 ᠲᠦᠮᠡᠨ ᠮᠥ᠍ ᠳᠠᠷᠢᠬᠤ ᠵᠢ ᠰᠠᠶ᠋ᠢᠲᠤᠷ ᠬᠢᠵᠦ᠂ ᠤᠯᠠᠭ᠋ᠠᠨᠬᠠᠳᠠ ᠬᠣᠲᠠ ᠠᠮᠢ ᠠᠬᠤᠶ ᠪᠠ ᠠᠵᠤ ᠠᠬᠤᠶ ᠵᠢᠨ ᠣᠶ ᠵᠢ 5 ᠲᠦᠮᠡᠨ ᠮᠥ᠍ ᠰᠠᠶ᠋ᠢᠵᠢᠷᠠᠭᠤᠯᠬᠤ ᠵᠢ ᠰᠠᠶ᠋ᠢᠲᠤᠷ ᠬᠢᠬᠦ ᠬᠡᠷᠡᠭᠲᠡᠶ;    ᠭᠤᠷᠪᠠ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠨ᠎ᠡ᠃ 2023 ᠣᠨ᠎ᠳᠤ ᠤᠷᠢᠳᠴᠢᠯᠠᠨ ᠪᠠᠭᠤᠯᠭ᠋ᠠᠭᠰᠠᠨ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠎ᠲᠠᠢ ᠤᠶᠠᠯᠳᠤᠭᠤᠯᠤᠨ᠂ ᠨᠠᠶ᠋ᠢᠯᠵᠠᠭᠤᠷ ᠪᠤᠳᠠ ᠮᠣᠳᠣᠨ᠎ᠤ ᠣᠶ ᠵᠢᠨ ᠤᠢ᠌ᠵᠢᠭᠤᠯᠤᠯᠳᠠ ᠵᠢᠨ ᠡᠷᠴᠢᠮ᠎ᠢ ᠴᠢᠩᠭ᠋ᠠᠷᠠᠭᠤᠯᠵᠤ᠂ 11.46 ᠲᠦᠮᠡᠨ ᠮᠥ᠍ ᠵᠢᠨ ᠡᠭᠦᠷᠭᠡ ᠵᠢ ᠪᠥᠲᠥᠭᠡᠨ ᠪᠠᠶ᠋ᠢᠭᠤᠯᠤᠨ᠎ᠠ᠂ ᠡᠭᠦᠨ᠎ᠳᠤ ᠤᠯᠠᠭ᠋ᠠᠨᠴᠠᠪ ᠬᠣᠲᠠ ᠵᠢᠨ 5.51 ᠲᠦᠮᠡᠨ ᠮᠥ᠍᠂ ᠣᠷᠳᠣᠰ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ 2 ᠲᠦᠮᠡᠨ ᠮᠥ᠍᠂ ᠪᠠᠶᠠᠨᠨᠠᠭᠤᠷ ᠬᠣᠲᠠ ᠵᠢᠨ 0.2 ᠲᠦᠮᠡᠨ ᠮᠥ᠍᠂ ᠰᠢᠯᠢ ᠵᠢᠨ ᠭᠤᠤᠯ ᠠᠶ᠋ᠢᠮᠠᠭ᠎ᠤᠨ 0.75 ᠲᠦᠮᠡᠨ ᠮᠥ᠍᠂ ᠲᠦᠩᠯᠢᠶᠣᠤ ᠬᠣᠲᠠ ᠵᠢᠨ 3 ᠲᠦᠮᠡᠨ ᠮᠥ᠍ ᠪᠣᠯᠤᠨ᠎ᠠ᠃ ᠲᠦᠷᠪᠡ᠎ᠳᠤ᠂ ᠨᠠᠶ᠋ᠢᠯᠵᠠᠭᠤᠷ ᠪᠤᠳᠠ ᠮᠣᠳᠣᠨ ᠤᠢ ᠵᠢᠨ ᠤᠷᠭᠤᠴᠠ ᠵᠢ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠬᠢᠨ᠎ᠠ᠃ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠎ᠳᠤ ᠲᠦᠰᠢᠭᠯᠡᠨ᠂ ᠦᠷ᠎ᠡ ᠵᠢ᠎ᠨᠢ ᠲᠡᠭᠰᠢᠯᠡᠨ ᠰᠠᠶ᠋ᠢᠵᠢᠷᠠᠭᠤᠯᠬᠤ ᠡᠭᠦᠷᠭᠡ ᠵᠢ 68.2 ᠲᠦᠮᠡᠨ ᠮᠥ᠍ ᠪᠡᠶᠡᠯᠡᠭᠦᠯᠵᠦ᠂ ᠡᠭᠦᠨ᠎ᠳᠤ ᠤᠯᠠᠭ᠋ᠠᠨᠬᠠᠳᠠ ᠬᠣᠲᠠ ᠵᠢᠨ 19.5 ᠲᠦᠮᠡᠨ ᠮᠥ᠍᠂ ᠤᠯᠠᠭ᠋ᠠᠨᠴᠠᠪ ᠬᠣᠲᠠ ᠵᠢᠨ 15 ᠲᠦᠮᠡᠨ ᠮᠥ᠍᠂ ᠪᠠᠶᠠᠨᠨᠠᠭᠤᠷ ᠬᠣᠲᠠ ᠵᠢᠨ 2 ᠲᠦᠮᠡᠨ ᠮᠥ᠍᠂ ᠰᠢᠯᠢ ᠵᠢᠨ ᠭᠤᠤᠯ ᠠᠶ᠋ᠢᠮᠠᠭ᠎ᠤᠨ 10 ᠲᠦᠮᠡᠨ ᠮᠥ᠍᠂ ᠬᠢᠩᠭ᠋ᠠᠨ ᠠᠶ᠋ᠢᠮᠠᠭ᠎ᠤᠨ 1 ᠲᠦᠮᠡᠨ ᠮᠥ᠍᠂ ᠬᠥᠬᠡᠬᠣᠲᠠ ᠵᠢᠨ 3 ᠲᠦᠮᠡᠨ ᠮᠥ᠍᠂ ᠲᠦᠩᠯᠢᠶᠣᠤ ᠬᠣᠲᠠ ᠵᠢᠨ 3 ᠲᠦᠮᠡᠨ ᠮᠥ᠍᠂ ᠪᠤᠭᠤᠲᠤ ᠬᠣᠲᠠ ᠵᠢᠨ 1 ᠲᠦᠮᠡᠨ ᠮᠥ᠍᠂ ᠣᠷᠳᠣᠰ ᠬᠣᠲᠠ ᠵᠢᠨ 13.7 ᠲᠦᠮᠡᠨ ᠮᠥ᠍ ᠪᠣᠶ᠃
   

      ᠬᠠᠷᠢᠯᠴᠠᠬᠤ ᠬᠥᠮᠦᠨ᠄ ᠶᠦᠨ ᠵᠢᠶᠧ ᠴᠤᠤ   ᠭᠤᠤ ᠭᠠᠩ᠃
       ᠬᠠᠷᠢᠯᠴᠠᠬᠤ ᠤᠲᠠᠰᠤ᠄ 0471 - 3380423  3380413᠃
       ᠰᠢᠦᠳᠠᠨ ᠬᠠᠶ᠋ᠢᠷᠴᠠᠭ᠄ zlc 2280315 @ 126 . com᠃

   

       ᠳᠠᠭ᠋ᠠᠯᠳᠤᠭᠤᠯᠤᠯ᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠳᠤ ᠤᠷᠢᠳᠴᠢᠯᠠᠨ ᠪᠠᠭᠤᠯᠭ᠋ᠠᠭᠰᠠᠨ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠎ᠤᠨ ᠪᠠᠯᠠ ᠮᠥᠩᠭᠥ ᠵᠢᠨ ᠡᠭᠦᠷᠭᠡ ᠵᠢᠨ ᠬᠤᠪᠢᠶᠠᠷᠢᠯᠠᠯᠲᠠ ᠵᠢᠨ ᠬᠦᠰᠦᠨᠦᠭᠲᠦ
      2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠬᠤᠷᠢᠭ᠋ᠠᠳᠤ ᠬᠠᠮᠠᠭ᠋ᠠᠯᠠᠯᠲᠠ ᠵᠢᠨ ᠣᠷᠣᠨ᠎ᠳᠤ ᠤᠷᠢᠳᠴᠢᠯᠠᠨ ᠪᠠᠭᠤᠯᠭ᠋ᠠᠬᠤ ᠨᠥᠬᠥᠪᠥᠷᠢ ᠪᠠᠯᠠ ᠮᠥᠩᠭᠥ ᠵᠢᠨ ᠡᠭᠦᠷᠭᠡ ᠵᠢᠨ ᠬᠤᠪᠢᠶᠠᠷᠢᠯᠠᠯᠲᠠ ᠵᠢᠨ ᠬᠦᠰᠦᠨᠦᠭᠲᠦ

  

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

              ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ

                2023 ᠣᠨ᠎ᠤ 1 ᠳ᠋ᠦᠭᠡᠷ ᠰᠠᠷ᠎ᠠ ᠵᠢᠨ 17᠎ᠤ ᠡᠳᠦᠷ

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭ᠋ᠠᠪᠠ
2024 ᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠢ ᠬᠦ᠍ᠯᠢᠶᠡᠨ ᠠᠪᠴᠤ ᠰᠢᠢ᠍ᠳᠪᠦᠷᠢᠯᠡᠬᠦ ᠲᠤᠬᠠᠢ ᠮᠡᠳᠡᠭᠳᠡᠯ
 
             蒙ICP备05000248号