ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠢ ᠬᠦ᠍ᠯᠢᠶᠡᠨ ᠠᠪᠴᠤ ᠰᠢᠢ᠍ᠳᠪᠦᠷᠢᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-03-18

ᠬᠤᠯᠪᠣᠭᠳᠠᠯ ᠪᠦᠬᠦᠢ ᠨᠢᠭᠡᠴᠢ᠎ᠨᠦᠭᠦᠳ᠄

    《ᠦᠷ᠎ᠡ ᠵᠢᠨ ᠬᠠᠤᠯᠢ》 《ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠳᠦᠭᠡ 2024 ᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃

     ᠨᠢᠭᠡ᠂ ᠭᠤᠶᠤᠴᠢᠯᠠᠬᠤ ᠮᠠᠲ᠋ᠧᠷᠢᠶᠠᠯ

     ᠭᠤᠶᠤᠴᠢᠯᠠᠭᠴᠢ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠨ᠎ᠠ᠄

     1. ᠭᠤᠶᠤᠴᠢᠯᠠᠯ᠎ᠤᠨ ᠪᠢᠴᠢᠭ᠃ ᠭᠤᠶᠤᠴᠢᠯᠠᠯ᠎ᠤᠨ ᠪᠢᠴᠢᠭ᠎ᠤᠨ ᠬᠡᠯᠪᠡᠷᠢ ᠮᠠᠶᠢᠭ (ᠳᠠᠭ᠋ᠠᠯᠳᠤᠭᠤᠯᠤᠯ 1) ᠶᠣᠰᠣᠭ᠋ᠠᠷ᠂ ᠬᠠᠮᠢᠶ᠎ᠠ ᠪᠦᠬᠦᠢ ᠠᠭᠤᠯᠭ᠎ᠠ ᠵᠢ ᠲᠠᠭᠯᠠᠨ ᠮᠡᠳᠡᠭᠦᠯᠬᠦ ᠬᠡᠷᠡᠭᠲᠡᠢ (ᠡᠭᠦᠨ᠎ᠳᠤ ᠲᠥᠷᠥᠯ ᠵᠦᠢ᠍ᠯ᠎ᠢ ᠰᠣᠩᠭᠤᠨ ᠪᠣᠶ᠋ᠢᠵᠢᠭᠤᠯᠤᠭᠰᠠᠨ ᠪᠠᠶ᠋ᠢᠳᠠᠯ᠎ᠤᠨ ᠲᠣᠶ᠋ᠢᠮᠣᠴᠢᠯᠠᠯ᠎ᠨᠢ ᠪᠥᠬᠦ ᠲᠠᠯ᠎ᠠ ᠵᠢᠨ᠂ ᠨᠠᠷᠢᠨ ᠲᠣᠳᠣᠷᠬᠠᠢ ᠪᠠᠶ᠋ᠢᠬᠤ ᠬᠡᠷᠡᠭᠲᠡᠢ᠂ ᠢᠯᠠᠩᠭᠤᠶ᠎ᠠ ᠡᠴᠢᠭᠡ ᠡᠬᠡ ᠪᠡᠶ᠎ᠡ ᠵᠢᠨ ᠢᠷᠡᠯᠲᠡ ᠵᠢ ᠵᠠᠪᠠᠯ ᠲᠣᠳᠣᠷᠬᠠᠢ ᠲᠣᠭ᠋ᠠᠴᠢᠬᠤ ᠬᠡᠷᠡᠭᠲᠡᠢ)᠃ ᠡᠭᠦᠯᠳᠡᠷ᠎ᠤᠨ ᠲᠤᠷᠰᠢᠯᠲᠠ ᠵᠢᠨ ᠲᠤᠭ᠎ᠠ ᠪᠠᠷᠢᠮᠲᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠠᠯᠪᠠᠨ ᠰᠦᠯᠵᠢᠶ᠎ᠡ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠯᠳᠡᠷ᠎ᠤᠨ ᠦᠢ᠍ᠯᠡᠰ᠎ᠤᠨ ᠮᠡᠳᠡᠭᠡ ᠵᠠᠩᠭᠢ ᠵᠢᠨ ᠰᠦᠯᠵᠢᠶ᠎ᠡ ᠵᠢᠨ ᠨᠡᠶ᠋ᠢᠲᠡᠯᠡᠭᠰᠡᠨ ᠠᠭᠤᠯᠭ᠎ᠠ ᠵᠢᠨ ᠶᠣᠰᠣᠭ᠋ᠠᠷ ᠲᠠᠭᠯᠠᠨ ᠮᠡᠳᠡᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠲᠤᠷᠰᠢᠯᠲᠠ ᠵᠢᠨ ᠲᠤᠭ᠎ᠠ ᠪᠠᠷᠢᠮᠲᠠ ᠵᠢ ᠭᠤᠶᠤᠴᠢᠯᠠᠭᠴᠢ᠎ᠠᠴᠠ ᠬᠠᠩᠭ᠋ᠠᠬᠤ ᠵᠢᠨ ᠬᠠᠮᠲᠤ ᠦᠨᠡᠨ ᠪᠤᠲᠠᠲᠠᠢ ᠪᠠᠶ᠋ᠢᠬᠤ᠎ᠳᠤ ᠬᠠᠷᠢᠭᠤᠴᠠᠯᠭ᠎ᠠ ᠡᠷᠭᠦᠭᠡᠯᠡᠬᠦ ᠬᠡᠷᠡᠭᠲᠡᠢ᠃

     2. ᠶᠠᠰᠤ ᠴᠢᠨᠠᠷ᠂ ᠡᠰᠡᠷᠭᠦᠴᠡᠬᠦ ᠴᠢᠨᠠᠷ᠎ᠤᠨ ᠬᠢᠨᠠᠨ ᠲᠣᠭᠲᠠᠭ᠋ᠠᠯᠲᠠ ᠪᠠ ᠭᠧᠨ ᠬᠤᠪᠢᠷᠠᠭᠤᠯᠤᠭᠰᠠᠨ ᠰᠢᠯᠭ᠋ᠠᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠃ ᠭᠤᠶᠤᠴᠢᠯᠠᠭᠴᠢ᠎ᠳᠤ ᠶᠠᠰᠤ ᠴᠢᠨᠠᠷ᠂ ᠡᠰᠡᠷᠭᠦᠴᠡᠬᠦ ᠴᠢᠨᠠᠷ᠎ᠤᠨ ᠬᠢᠨᠠᠨ ᠲᠣᠭᠲᠠᠭ᠋ᠠᠯᠲᠠ᠂ ᠭᠧᠨ ᠬᠤᠪᠢᠷᠠᠭᠤᠯᠤᠭᠰᠠᠨ ᠰᠢᠯᠭ᠋ᠠᠨ ᠪᠠᠶ᠋ᠢᠴᠠᠭ᠋ᠠᠯᠲᠠ ᠵᠡᠷᠭᠡ ᠵᠢᠨ ᠮᠡᠳᠡᠭᠦᠯᠦᠯᠲᠡ ᠵᠢᠨ ᠤᠭ ᠮᠠᠲ᠋ᠧᠷᠢᠶᠠᠯ᠎ᠲᠠᠢ ᠪᠠᠶ᠋ᠢᠪᠠᠯ᠂ ᠥᠪᠡᠷ ᠵᠶ᠋ᠠᠨ ᠲᠠᠭᠯᠠᠨ ᠮᠡᠳᠡᠭᠦᠯᠬᠦ ᠪᠥᠭᠡᠳ ᠮᠡᠳᠡᠭᠦᠯᠦᠯᠲᠡ᠎ᠪᠠᠨ ᠬᠠᠩᠭ᠋ᠠᠨ᠎ᠠ; ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠵᠣᠬᠢᠶᠠᠨ ᠪᠠᠶ᠋ᠢᠭᠤᠯᠵᠤ ᠪᠠᠶ᠋ᠢᠴᠠᠭ᠋ᠠᠨ ᠰᠢᠯᠭ᠋ᠠᠭᠰᠠᠨ ᠪᠠᠶ᠋ᠢᠪᠠᠯ᠂ ᠲᠤᠷᠰᠢᠯᠲᠠ ᠵᠢ ᠵᠣᠬᠢᠶᠠᠨ ᠪᠠᠶ᠋ᠢᠭᠤᠯᠤᠭᠰᠠᠨ ᠨᠢᠭᠡᠴᠢ ᠵᠢᠨ ᠬᠠᠩᠭ᠋ᠠᠭᠰᠠᠨ ᠮᠡᠳᠡᠭᠦᠯᠦᠯᠲᠡ ᠵᠢᠨ ᠶᠣᠰᠣᠭ᠋ᠠᠷ ᠲᠠᠭᠯᠠᠨ ᠮᠡᠳᠡᠭᠦᠯᠬᠦ ᠬᠡᠷᠡᠭᠲᠡᠢ᠃

     3. ᠥᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ᠎ᠤᠨ ᠰᠢᠯᠭ᠋ᠠᠯᠲᠠ ᠵᠢᠨ ᠮᠡᠳᠡᠭᠦᠯᠦᠯᠲᠡ᠃ 《ᠮᠠᠨ᠎ᠤ ᠣᠷᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠵᠢᠨ ᠥᠪᠡᠷᠮᠢᠴᠡ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ᠎ᠤᠨ ᠰᠣᠷᠢᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠲᠠᠷᠢᠶᠠᠯᠠᠩ᠎ᠤᠨ ᠡᠭᠦᠯᠳᠡᠷ᠎ᠤᠨ ᠥᠷᠲᠡᠭᠡ ᠵᠢᠨ ᠪᠦᠲᠦᠭᠡᠭᠳᠡᠬᠦᠨ ᠬᠠᠮᠢᠶᠠᠷᠤᠯᠲᠠ ᠲᠠᠷᠬᠠᠭ᠋ᠠᠭᠰᠠᠨ 【2017】8 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ DUS ᠰᠣᠷᠢᠯᠲᠠ ᠵᠢᠨ ᠮᠡᠳᠡᠭᠦᠯᠦᠯᠲᠡ (ᠨᠠᠭ᠋ᠠᠲᠤ ᠵᠠᠬ᠎ᠠ᠎ᠳᠠᠭᠠᠨ ᠨᠢᠭᠡ ᠬᠤᠪᠢ ᠤᠭ ᠮᠠᠲ᠋ᠧᠷᠢᠶᠠᠯ᠎ᠢ ᠬᠠᠩᠭ᠋ᠠᠨ᠎ᠠ) ᠵᠢ ᠬᠠᠩᠭ᠋ᠠᠨ᠎ᠠ᠃

     4. ᠭᠤᠶᠤᠴᠢᠯᠠᠬᠤ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ ᠵᠢᠨ ᠪᠢᠴᠢᠭ (ᠳᠠᠭ᠋ᠠᠯᠳᠤᠭᠤᠯᠤᠯ 2)᠃

     5. ᠭᠧᠨ ᠬᠤᠪᠢᠷᠠᠭᠤᠯᠤᠭᠰᠠᠨ ᠪᠤᠰᠤ ᠠᠮᠠᠯᠠᠯᠲᠠ ᠵᠢᠨ ᠪᠢᠴᠢᠭ (ᠳᠠᠭ᠋ᠠᠯᠳᠤᠭᠤᠯᠤᠯ 3) (ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠵᠢᠨ ᠲᠦᠷᠦᠯ ᠵᠦᠢ᠍ᠯ᠎ᠳᠤ 2023 ᠣᠨ᠎ᠳᠤ ᠨᠢᠭᠡᠨᠲᠡ ᠭᠧᠨ ᠬᠤᠪᠢᠷᠠᠭᠤᠯᠤᠭᠰᠠᠨ ᠪᠦᠷᠢᠯᠳᠦᠭᠦᠨ᠎ᠤ ᠪᠠᠶ᠋ᠢᠴᠠᠭ᠋ᠠᠨ ᠬᠡᠮᠵᠢᠯᠲᠡ ᠵᠢ ᠨᠢᠭᠡᠳᠦᠯᠲᠡᠢ ᠬᠢᠭᠰᠡᠨ ᠪᠣᠯᠬᠤᠷ ᠭᠧᠨ ᠬᠤᠪᠢᠷᠠᠭᠤᠯᠤᠭᠰᠠᠨ ᠪᠠᠶ᠋ᠢᠴᠠᠭ᠋ᠠᠨ ᠬᠡᠮᠵᠢᠯᠲᠡ ᠵᠢᠨ ᠮᠡᠳᠡᠭᠦᠯᠦᠯᠲᠡ ᠵᠢ ᠬᠠᠩᠭ᠋ᠠᠬᠤ ᠴᠢᠬᠤᠯᠠᠲᠠᠢ; ᠪᠤᠭᠤᠳᠠᠢ ᠵᠡᠷᠭᠡ ᠲᠦᠷᠦᠯ ᠵᠦᠢ᠍ᠯ᠎ᠳᠤ ᠠᠮᠠᠯᠠᠯᠲᠠ ᠵᠢᠨ ᠪᠢᠴᠢᠭ ᠬᠠᠩᠭ᠋ᠠᠨ᠎ᠠ)᠃

      ᠬᠤᠶᠠᠷ᠂ ᠮᠡᠳᠡᠭᠦᠯᠬᠦ ᠴᠤᠪᠤᠷᠠᠯ

     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠣᠷ (http://zwfw.nmg.gov.cn)᠎ᠲᠤ ᠭᠠᠷᠴᠤ᠂ ᠰᠠᠯᠠᠭ᠎ᠠ ᠮᠥᠴᠢᠷ — ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ — ᠵᠠᠰᠠᠭ ᠵᠠᠬᠢᠷᠭ᠋ᠠᠨ᠎ᠤ ᠨᠤᠲᠠᠯᠠᠯᠲᠠ ᠵᠢ ᠲᠣᠪᠴᠢᠳᠠᠨ᠂ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠠᠵᠢᠯ᠎ᠤᠨ ᠵᠢᠭ᠋ᠠᠯᠲᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ (word ᠬᠡᠪᠯᠡᠯ)᠎ᠢ ᠳᠡᠭᠡᠭᠰᠢ ᠳᠠᠮᠵᠢᠭᠤᠯᠤᠨ᠎ᠠ᠃ ᠡᠰᠡᠷᠭᠦᠴᠡᠬᠦ ᠴᠢᠨᠠᠷ᠂ ᠶᠠᠰᠤ ᠴᠢᠨᠠᠷ᠂ ᠭᠧᠨ ᠰᠢᠯᠵᠢᠭᠦᠯᠦᠭᠰᠡᠨ ᠵᠡᠷᠭᠡ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠳᠤ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢᠨ ᠰᠢᠷᠪᠢᠯᠲᠡ ᠵᠢᠨ ᠮᠠᠲ᠋ᠧᠷᠢᠶᠠᠯ᠎ᠢ ᠳᠠᠮᠵᠢᠭᠤᠯᠵᠤ᠂ ᠰᠢᠷᠪᠢᠯᠲᠡ ᠵᠢᠨ ᠮᠠᠲ᠋ᠧᠷᠢᠶᠠᠯ᠎ᠢ ᠣᠯᠣᠭᠰᠠᠨ ᠦᠭᠡᠢ ᠪᠣᠯ ᠲᠤᠷᠰᠢᠯᠲᠠ ᠵᠢᠨ ᠬᠠᠷᠢᠭᠤᠴᠠᠯᠭ᠋ᠠᠲᠠᠨ᠎ᠲᠠᠢ ᠬᠠᠷᠢᠯᠴᠠᠭ᠋ᠠᠷᠠᠢ᠃

      ᠭᠤᠷᠪᠠ᠂ ᠪᠤᠰᠤᠳ ᠱᠠᠭ᠋ᠠᠷᠳᠠᠯᠭ᠎ᠠ

      1. ᠲᠤᠰᠢᠶᠠᠭᠰᠠᠨ ᠬᠡᠷᠡᠯ ᠵᠢᠷᠤᠭ᠎ᠢ ᠬᠡᠷᠡᠯ ᠵᠢᠷᠤᠭ᠎ᠤᠨ ᠴᠠᠭ᠋ᠠᠰᠤ᠎ᠪᠠᠷ ᠳᠠᠷᠤᠮᠠᠯᠯᠠᠬᠤ ᠪᠤᠶᠤ ᠤᠬᠢᠶᠠᠵᠤ ᠭᠠᠷᠭ᠋ᠠᠭᠰᠠᠨ᠎ᠤ ᠳᠠᠷᠠᠭ᠎ᠠ A4 ᠴᠠᠭ᠋ᠠᠰᠤᠨ ᠳᠡᠭᠡᠷ᠎ᠡ ᠨᠠᠭ᠋ᠠᠵᠤ (ᠡᠰᠡᠬᠦᠯ᠎ᠡ ᠰᠢᠭᠤᠳ ᠪᠤᠳᠤᠭᠲᠤ ᠳᠠᠷᠤᠮᠠᠯᠯᠠᠬᠤ ᠮᠠᠰᠢᠨ ᠵᠶ᠋ᠠᠷ ᠳᠡᠭᠡᠳᠦ ᠢᠯᠭ᠋ᠠᠮᠵᠢ ᠵᠢᠨ ᠡᠯᠧᠮᠧᠨ᠋ᠲ᠎ᠤᠨ ᠬᠡᠷᠡᠯ ᠵᠢᠷᠤᠭ᠎ᠢ ᠳᠠᠷᠤᠮᠠᠯᠯᠠᠨ᠎ᠠ᠂ 2M᠎ᠠᠴᠠ ᠳᠡᠭᠡᠭᠰᠢ)᠂ ᠳᠣᠣᠷ᠎ᠠ ᠲᠠᠯ᠎ᠠ᠎ᠳᠤᠨᠢ ᠬᠡᠷᠡᠯ ᠵᠢᠷᠤᠭ᠎ᠤᠨ ᠲᠣᠳᠣᠷᠬᠠᠶ᠋ᠢᠯᠠᠯᠲᠠ ᠬᠠᠳᠠᠬᠤ ᠬᠡᠷᠡᠭᠲᠡᠢ᠃

      2. ᠭᠤᠶᠤᠴᠢᠯᠠᠭᠰᠠᠨ ᠨᠢᠭᠡᠴᠢ ᠪᠠ ᠰᠣᠩᠭᠤᠨ ᠪᠣᠶ᠋ᠢᠵᠢᠭᠤᠯᠬᠤ ᠨᠢᠭᠡᠴᠢ ᠵᠢᠨ ᠭᠠᠵᠠᠷ᠎ᠲᠤ ᠴᠥᠮ ᠠᠯᠪᠠᠨ ᠲᠠᠮᠠᠭ᠎ᠠ ᠳᠠᠷᠤᠬᠤ ᠬᠡᠷᠡᠭᠲᠡᠢ᠃

      3. ᠭᠤᠶᠤᠴᠢᠯᠠᠭᠰᠠᠨ ᠨᠢᠭᠡᠴᠢ ᠪᠣᠯᠣᠨ ᠲᠦᠷᠦᠯ ᠵᠦᠢ᠍ᠯ᠎ᠤᠨ ᠰᠢᠯᠭ᠋ᠠᠯᠲᠠ᠎ᠳᠤ ᠣᠷᠣᠯᠴᠠᠭᠰᠠᠨ ᠨᠢᠭᠡᠴᠢ᠎ᠨᠢ ᠨᠢᠭᠡᠳᠦᠯ ᠦᠭᠡᠢ ᠪᠠᠶ᠋ᠢᠪᠠᠯ᠂ ᠲᠦᠷᠦᠯ ᠵᠦᠢ᠍ᠯ᠎ᠤᠨ ᠰᠢᠯᠭ᠋ᠠᠯᠲᠠ᠎ᠳᠤ ᠣᠷᠣᠯᠴᠠᠭᠰᠠᠨ ᠨᠢᠭᠡᠴᠢ ᠵᠢᠨ ᠭᠠᠷᠭ᠋ᠠᠭᠰᠠᠨ ᠪᠠᠶ᠋ᠢᠳᠠᠯ᠎ᠤᠨ ᠲᠣᠳᠣᠷᠬᠠᠶ᠋ᠢᠯᠠᠯᠲᠠ (ᠤᠭ ᠮᠠᠲ᠋ᠧᠷᠢᠶᠠᠯ᠎ᠢ ᠬᠠᠩᠭ᠋ᠠᠨ᠎ᠠ) ᠵᠢ ᠬᠠᠩᠭ᠋ᠠᠬᠤ ᠴᠢᠬᠤᠯᠠᠲᠠᠢ᠃

      ᠳᠥᠷᠪᠡ᠂ ᠬᠠᠷᠢᠯᠴᠠᠬᠤ ᠠᠷᠭ᠎ᠠ ᠮᠠᠶᠢᠭ

      1. ᠴᠠᠭ᠋ᠠᠰᠤᠨ ᠮᠠᠲ᠋ᠧᠷᠢᠶᠠᠯ᠎ᠢ ᠲᠡᠪᠳᠡᠷᠯᠡᠨ ᠬᠠᠳᠠᠵᠦ᠂ ᠠᠳᠠᠯᠢᠬᠠᠨ ᠬᠤᠶᠠᠷ ᠬᠤᠪᠢ ᠲᠤᠰᠢᠶᠠᠨ᠎ᠠ᠃

       ᠰᠢᠤᠳᠠᠨ ᠵᠶ᠋ᠠᠷ ᠶᠠᠪᠤᠭᠤᠯᠬᠤ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ 12 ᠳ᠋ᠤᠭ᠋ᠠᠷ ᠳᠠᠪᠬᠤᠷᠯᠢᠭ᠎ᠤᠨ ᠴᠣᠩᠬᠤ᠃

      2. ᠭᠤᠶᠤᠴᠢᠯᠠᠯ᠎ᠤᠨ ᠪᠢᠴᠢᠭ (word ᠬᠡᠪᠯᠡᠯ)᠎ᠤᠨ ᠡᠯᠧᠺᠳ᠋ᠷᠣᠨ ᠬᠡᠪᠯᠡᠯ᠎ᠢ pinzhong2023@126.com᠎ᠳᠤ ᠬᠦᠷᠭᠡᠨ᠎ᠡ; 

      ᠨᠡᠷᠡᠶ᠋ᠢᠳᠬᠦ ᠬᠡᠯᠪᠡᠷᠢ᠎ᠨᠢ᠄ ᠲᠠᠷᠢᠮᠠᠯ᠎ᠤᠨ ᠲᠥᠷᠥᠯ ᠵᠦᠢ᠍ᠯ + ᠪᠦᠯᠦᠭ᠎ᠤᠨ ᠢᠯᠭ᠋ᠠᠯ + ᠲᠥᠷᠥᠯ ᠵᠦᠢ᠍ᠯ᠎ᠤᠨ ᠨᠡᠷᠡᠶ᠋ᠢᠳᠦᠯ + ᠭᠤᠶᠤᠴᠢᠯᠠᠭᠰᠠᠨ ᠨᠢᠭᠡᠴᠡ ᠵᠢᠨ ᠨᠡᠷᠡᠶ᠋ᠢᠳᠦᠯ᠃

      3. ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ᠄ ᠡᠷᠳᠡᠨᠢ ᠰᠢᠰᠢ᠄ ᠵᠠᠩ ᠫᠧᠩ ᠢᠦᠢ ᠯᠢ ᠰᠢᠨ;  ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ; ᠰᠢᠷ᠎ᠠ ᠪᠤᠷᠴᠠᠭ᠂ ᠬᠥᠪᠥᠩ᠄ ᠹᠦ᠋ ᠰᠢᠶᠣᠣ ᠬᠤᠸᠠ;

      ᠬᠠᠷᠢᠯᠴᠠᠬᠤ ᠤᠲᠠᠰᠤ᠄ 0471-6285043᠃

      4. ᠬᠦᠯᠢᠶᠡᠨ ᠠᠪᠴᠤ ᠰᠢᠢ᠍ᠳᠪᠦᠷᠢᠯᠡᠬᠦ ᠡᠳᠦᠷ ᠬᠤᠭᠤᠴᠠᠭ᠎ᠠ᠄ 2024 ᠣᠨ᠎ᠤ 2 ᠰᠠᠷ᠎ᠠ ᠵᠢᠨ 19᠎ᠤ ᠡᠳᠦᠷ᠃


      ᠳᠠᠭ᠋ᠠᠯᠳᠤᠭᠤᠯᠤᠯ

      1 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠤᠨ ᠪᠢᠴᠢᠭ ᠳᠠᠭ᠋ᠠᠯᠳᠤᠭᠤᠯᠤᠯ

      2 ᠭᠤᠶᠤᠴᠢᠯᠠᠬᠤ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ ᠵᠢᠨ ᠪᠢᠴᠢᠭ ᠳᠠᠭ᠋ᠠᠯᠳᠤᠭᠤᠯᠤᠯ

      3 ᠭᠧᠨ ᠰᠢᠯᠵᠢᠭᠦᠯᠦᠭᠰᠡᠨ ᠪᠤᠰᠤ ᠡᠭᠦᠯᠳᠡᠷ᠎ᠤᠨ ᠠᠮᠠᠯᠠᠯᠲᠠ ᠵᠢᠨ ᠪᠢᠴᠢᠭ ᠳᠠᠭ᠋ᠠᠯᠳᠤᠭᠤᠯᠤᠯ

      4 ᠭᠤᠶᠤᠴᠢᠯᠠᠬᠤ ᠮᠠᠲ᠋ᠧᠷᠢᠶᠠᠯ᠎ᠤᠨ ᠵᠠᠭᠪᠤᠷ ᠬᠠᠪᠲᠠᠰᠤ


                ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ

                ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ

                   2024 ᠣᠨ᠎ᠤ 1 ᠰᠠᠷ᠎ᠠ ᠵᠢᠨ 26᠎ᠤ ᠡᠳᠦᠷ
    

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠭᠢᠮ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭ᠋ᠠᠪᠠ
2023 ᠣᠨ᠎ᠤ ᠲᠥᠪ᠎ᠤᠨ ᠡᠳ᠋᠎ᠤᠨ ᠵᠠᠰᠠᠭ᠎ᠤᠨ ᠣᠶ᠋ᠢᠵᠢᠭᠤᠯᠬᠤ ᠨᠥᠬᠥᠪᠥᠷᠢ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠨᠥᠬᠥᠪᠥᠷᠢ ᠵᠢᠨ ᠲᠥᠷᠥᠯ ᠵᠦᠢ᠍ᠯ᠎ᠢ ᠤᠷᠢᠳᠴᠢᠯᠠᠨ ᠪᠠᠭᠤᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠢ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠬᠤ ᠠᠵᠢᠯ᠎ᠤᠨ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 
             蒙ICP备05000248号