ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-01-02


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
    ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
    ᠥᠪᠥᠷ ᠵᠠᠰᠠᠭ ᠲᠠᠷᠬᠠᠭ᠋ᠠᠭᠰᠠᠨ [2024] 31 ᠳ᠋ᠦ᠍ᠭᠡᠷ ᠲᠣᠭ᠋ᠠᠲᠤ

    《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ  ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
   

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
    2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ
    (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ
    ᠨᠢᠭᠡᠳᠦᠭᠡᠷ ᠪᠦᠯᠦᠭ ᠶᠡᠷᠦᠩᠬᠡᠢ ᠳᠦᠷᠢᠮ
    ᠨᠢᠭᠡᠳᠦᠭᠡᠷ ᠵᠦᠢ᠍ᠯ ᠭᠠᠯ ᠰᠡᠷᠭᠡᠶ᠋ᠢᠯᠡᠨ ᠤᠨᠲᠠᠷᠠᠭ᠋ᠠᠬᠤ ᠵᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠬᠤ ᠪᠠ ᠰᠠᠶ᠋ᠢᠵᠢᠷᠠᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠬᠤ ᠳᠦᠷᠢᠮ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠣᠭᠲᠠᠭ᠋ᠠᠯ᠎ᠢ ᠲᠣᠭᠲᠠᠭ᠋ᠠᠪᠠ᠃
    ᠬᠤᠶᠠᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠬᠡᠷᠡᠭᠲᠡᠢ᠃
    ᠭᠤᠷᠪᠠᠳᠤᠭ᠋ᠠᠷ ᠵᠦᠢ᠍ᠯ ᠲᠤᠰ ᠲᠣᠭᠲᠠᠭ᠋ᠠᠯ᠎ᠳᠤ ᠬᠡᠯᠡᠵᠦ ᠪᠠᠶ᠋ᠢᠭ᠎ᠠ ᠭᠠᠯ ᠲᠦᠢ᠍ᠮᠡᠷ᠎ᠤᠨ ᠠᠳᠡᠯ ᠭᠡᠳᠡᠭ᠎ᠨᠢ ᠦᠢ᠍ᠯᠡᠳᠪᠦᠷᠢᠯᠡᠯ ᠡᠵᠡᠩᠨᠡᠯᠲᠡ ᠪᠤᠶᠤ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠭᠠᠷᠤᠭᠰᠠᠨ ᠭᠤᠣᠯᠳᠠᠭᠤ ᠲᠦᠯᠡᠭᠳᠡᠵᠦ ᠰᠢᠲᠠᠭᠳᠠᠬᠤ ᠬᠡᠯᠪᠡᠷᠢ᠎ᠪᠠᠷ ᠢᠯᠡᠷᠡᠬᠦ ᠰᠠᠨᠠᠭ᠋ᠠᠨ᠎ᠳᠤ ᠦᠭᠡᠢ ᠪᠠᠶ᠋ᠢᠳᠠᠯ᠎ᠠᠴᠠ ᠪᠣᠯᠤᠭᠰᠠᠨ ᠭᠠᠮᠰᠢᠭ᠎ᠤᠨ ᠠᠳᠡᠯ᠎ᠢ ᠵᠢᠭ᠋ᠠᠵᠤ ᠪᠤᠶ᠃
    ᠳᠥᠷᠪᠡᠳᠦᠭᠡᠷ ᠵᠦᠢ᠍ᠯ ᠲᠤᠰ ᠲᠣᠭᠲᠠᠭ᠋ᠠᠯ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠬᠡᠷᠡᠭᠯᠡᠭᠳᠡᠨ᠎ᠡ᠃
    ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠳᠤ ᠴᠡᠷᠢᠭ᠎ᠤᠨ ᠶᠠᠪᠤᠳᠠᠯ᠎ᠤᠨ ᠪᠡᠯᠡᠳᠬᠡᠮᠵᠢ᠂ ᠠᠭᠤᠷᠬᠠᠢ ᠵᠢᠨ ᠬᠤᠳᠳᠤᠭ᠎ᠤᠨ ᠭᠠᠵᠠᠷ ᠳᠣᠣᠷᠠᠬᠢ ᠬᠡᠰᠡᠭ᠂ ᠲᠡᠮᠦᠷ ᠵᠠᠮ᠂ ᠭᠠᠷᠠᠮ ᠬᠢᠭᠡᠳ ᠤᠰᠤᠨ ᠵᠠᠮ᠎ᠤᠨ ᠲᠡᠭᠡᠭᠡᠪᠦᠷᠢ᠂ ᠠᠷᠠᠳ᠎ᠤᠨ ᠠᠭ᠋ᠠᠷ ᠠᠶᠠᠯᠠᠯ᠎ᠤᠨ ᠪᠡᠯᠡᠳᠬᠡᠮᠵᠢ᠂ ᠣᠶ ᠰᠢᠭᠤᠢ᠂ ᠣᠶ᠋ᠢᠲᠤ ᠭᠠᠵᠠᠷ᠂ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠲᠡᠭᠡᠭᠡᠪᠦᠷᠢ᠂ ᠴᠥᠮ᠎ᠡ ᠵᠢᠨ ᠪᠡᠯᠡᠳᠬᠡᠮᠵᠢ᠂ ᠦᠢ᠍ᠯᠡᠳᠪᠦᠷᠢᠯᠡᠯ᠎ᠤᠨ ᠠᠮᠤᠷ ᠲᠦᠪᠰᠢᠨ ᠵᠡᠷᠭᠡ ᠵᠢᠨ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
    ᠭᠠᠯ ᠲᠠᠯᠪᠢᠵᠤ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠤᠯᠢ ᠶᠣᠰᠣᠭ᠋ᠠᠷ ᠬᠡᠷᠡᠭ ᠪᠣᠯᠭ᠋ᠠᠨ ᠲᠤᠷᠰᠢᠨ ᠪᠠᠶ᠋ᠢᠴᠠᠭ᠋ᠠᠨ᠎ᠠ᠃
    ᠲᠠᠪᠤᠳᠤᠭ᠋ᠠᠷ ᠵᠦᠢ᠍ᠯ ᠲᠣᠰ ᠲᠣᠭᠲᠠᠭ᠋ᠠᠯ᠎ᠳᠠᠬᠢ ᠭᠠᠯ ᠲᠦᠢ᠍ᠮᠡᠷ᠎ᠤᠨ ᠡᠲᠡᠯ᠎ᠤᠨ ᠵᠡᠷᠭᠡ ᠳᠡᠰ᠎ᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠵᠢᠷᠭᠤᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠴᠠᠭ ᠲᠤᠬᠠᠢ᠎ᠳᠤ᠎ᠨᠢ᠂ ᠪᠤᠰᠤᠳᠴᠢ᠂ ᠲᠥᠪ ᠭᠤᠣᠯᠴᠢ᠂ ᠬᠠᠤᠯᠢ᠎ᠳᠤ ᠨᠡᠶ᠋ᠢᠴᠡᠭᠰᠡᠨ ᠪᠠᠶ᠋ᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
    ᠬᠤᠶᠠᠳᠤᠭ᠋ᠠᠷ ᠪᠦᠯᠦᠭ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ
    ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ ᠭᠠᠷᠤᠭᠰᠠᠨ᠎ᠤ ᠳᠠᠷᠠᠭ᠎ᠠ᠂ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠨᠢ ᠭᠠᠯ ᠲᠦᠢ᠍ᠮᠡᠷ᠎ᠤᠨ ᠠᠳᠡᠯ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠦᠨᠳᠦᠰᠦᠯᠡᠨ ᠲᠣᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ (ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠡᠷᠭᠡ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠮᠢᠯᠠᠭᠰᠠᠨ ᠪᠠᠶ᠋ᠢᠭᠤᠯᠭ᠎ᠠ)᠎ᠳᠤ ᠳᠡᠪᠰᠢᠭᠦᠯᠦᠨ ᠳᠣᠣᠷ᠎ᠠ ᠵᠢᠭᠰᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠳᠤᠭᠤᠶ᠋ᠢᠯᠠᠩ (ᠳᠣᠷᠣᠭᠰᠢ ᠪᠠᠶ᠋ᠢᠴᠠᠭ᠋ᠠᠯᠲᠠ ᠵᠢᠨ ᠳᠤᠭᠤᠶ᠋ᠢᠯᠠᠩ ᠭᠡᠵᠦ ᠲᠣᠪᠴᠢᠯᠠᠪᠠ)᠎ᠢ ᠴᠠᠭ ᠲᠤᠬᠠᠢ᠎ᠳᠤ᠎ᠨᠢ ᠪᠠᠶ᠋ᠢᠭᠤᠯᠤᠨ᠎ᠠ᠄
    (ᠨᠢᠭᠡ) ᠬᠥᠮᠥᠨ ᠬᠠᠷ᠎ᠠ ᠠᠳᠡᠭᠰᠡᠨ ᠪᠤᠶᠤ ᠨᠡᠶ᠋ᠢᠭᠡᠮ᠎ᠤᠨ ᠨᠥᠯᠥᠭᠡ ᠭᠠᠷᠭ᠋ᠠᠭᠰᠠᠨ ᠡᠩ᠎ᠤᠨ ᠭᠠᠯ ᠲᠦᠢ᠍ᠮᠡᠷ᠎ᠤᠨ ᠠᠳᠡᠯ᠎ᠳᠤ᠂ ᠭᠠᠯ ᠲᠦᠢ᠍ᠮᠡᠷ᠎ᠤᠨ ᠠᠳᠡᠯ ᠭᠠᠷᠤᠭᠰᠠᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠵᠢ ᠬᠠᠷᠢᠭᠤᠴᠠᠨ᠎ᠠ;
    (ᠬᠤᠶᠠᠷ) ᠨᠡᠯᠢᠶᠡᠳ ᠶᠡᠭᠡ ᠭᠠᠯ ᠲᠦᠢ᠍ᠮᠡᠷ᠎ᠤᠨ ᠠᠳᠡᠯ᠎ᠳᠤ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠵᠢ ᠬᠠᠷᠢᠭᠤᠴᠠᠨ᠎ᠠ;
    (ᠭᠤᠷᠪᠠ) ᠬᠦᠨᠳᠦ ᠶᠡᠭᠡ ᠭᠠᠯ ᠲᠦᠢ᠍ᠮᠡᠷ᠎ᠤᠨ ᠠᠳᠡᠯ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠵᠢ ᠬᠠᠷᠢᠭᠤᠴᠠᠨ᠎ᠠ᠃
    ᠬᠥᠮᠥᠨ ᠬᠠᠷ᠎ᠠ ᠠᠳᠡᠵᠦ ᠰᠢᠷᠬᠠᠲᠤᠭᠰᠠᠨ ᠦᠭᠡᠢ ᠡᠩ᠎ᠤᠨ ᠭᠠᠯ ᠲᠦᠢ᠍ᠮᠡᠷ᠎ᠤᠨ ᠠᠳᠡᠯ᠎ᠳᠤ᠂ ᠭᠠᠯ ᠲᠦᠢ᠍ᠮᠡᠷ᠎ᠤᠨ ᠠᠳᠡᠯ ᠭᠠᠷᠤᠭᠰᠠᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠪᠤᠶᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠪᠠᠷ ᠪᠠᠶ᠋ᠢᠴᠠᠭ᠋ᠠᠨ ᠰᠢᠢ᠍ᠳᠪᠦᠷᠢᠯᠡᠭᠦᠯᠦᠨ᠎ᠡ᠃
    ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠭᠠᠯ ᠲᠦᠢ᠍ᠮᠡᠷ᠎ᠤᠨ ᠠᠳᠡᠯ᠎ᠳᠤ᠂ ᠬᠠᠮᠤᠭ᠎ᠤᠨ ᠤᠷᠢᠳ ᠵᠶ᠋ᠠᠷ ᠭᠠᠯ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠨ ᠵᠣᠬᠢᠶᠠᠨ ᠪᠠᠶ᠋ᠢᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠵᠢᠯᠴᠠᠨ᠎ᠠ᠃ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠭᠦᠷᠭᠡ ᠬᠠᠷᠢᠭᠤᠴᠠᠯᠭ᠎ᠠ ᠵᠢᠨ ᠡᠷᠬᠡ ᠮᠡᠳᠡᠯ᠎ᠳᠤ ᠮᠠᠷᠭᠤᠭ᠋ᠠᠨ ᠪᠠᠶ᠋ᠢᠪᠠᠯ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠲᠣᠭᠲᠠᠭ᠋ᠠᠯᠭ᠋ᠠᠨ᠎ᠠ᠃
    ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠡᠷᠭᠡ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠮᠢᠯᠠᠭᠰᠠᠨ ᠪᠠᠶ᠋ᠢᠭᠤᠯᠭ᠎ᠠ᠎ᠨᠢ ᠠᠳᠠᠯᠢ ᠲᠠᠰ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠃
    ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠴᠠᠭ᠎ᠢ ᠵᠠᠷᠴᠢᠮ ᠳᠡᠭᠡᠷ᠎ᠡ᠎ᠪᠠᠨ ᠭᠠᠯ ᠲᠦᠢ᠍ᠮᠡᠷ᠎ᠤᠨ ᠠᠳᠡᠯ ᠭᠠᠷᠤᠭᠰᠠᠨ ᠡᠳᠦᠷ᠎ᠠᠴᠠ ᠡᠬᠢᠯᠡᠨ 3 ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
    ᠨᠠᠢ᠍ᠮᠠᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ ᠭᠠᠷᠤᠭᠰᠠᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ᠂ ᠠᠳᠡᠯ᠎ᠳᠤ ᠠᠳᠡᠵᠦ ᠰᠢᠷᠬᠠᠲᠤᠭᠰᠠᠨ ᠬᠥᠮᠥᠨ᠎ᠤ ᠲᠣᠭ᠋ᠠᠨ᠎ᠤ ᠬᠤᠪᠢᠷᠠᠯᠲᠠ᠎ᠠᠴᠠ ᠪᠣᠯᠵᠤ ᠠᠳᠡᠯ ᠭᠠᠷᠤᠭᠰᠠᠨ ᠵᠡᠷᠭᠡ ᠳᠡᠰ ᠬᠤᠪᠢᠷᠠᠪᠠᠯ᠂ ᠪᠠᠶ᠋ᠢᠴᠠᠭ᠋ᠠᠬᠤ ᠡᠷᠬᠡ ᠮᠡᠳᠡᠯ᠎ᠢ ᠲᠤᠰ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ ᠲᠣᠬᠢᠷᠠᠭᠤᠯᠵᠤ᠂ ᠬᠠᠷᠠᠭ᠋ᠠᠯᠵᠠᠭᠰᠠᠨ ᠠᠷᠠᠳ᠎ᠤᠨ ᠵᠠᠰᠠᠭ᠎ᠤᠨ ᠣᠷᠳᠣᠨ ᠪᠠᠶ᠋ᠢᠴᠠᠭ᠋ᠠᠯᠲᠠ ᠵᠢ ᠬᠠᠷᠢᠭᠤᠴᠠᠨ ᠵᠣᠬᠢᠶᠠᠨ ᠪᠠᠶ᠋ᠢᠭᠤᠯᠤᠨ᠎ᠠ᠃
    ᠶᠢᠰᠦᠳᠦᠭᠡᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠢ ᠪᠦᠷᠢᠯᠳᠦᠭᠦᠯᠬᠦ᠎ᠳᠤ ᠬᠦᠴᠦᠨ ᠴᠢᠳᠠᠪᠤᠷᠢ ᠵᠢ ᠰᠢᠯᠢᠳᠡᠭᠵᠢᠭᠦᠯᠦᠨ ᠴᠣᠮᠬᠠᠳᠬᠠᠬᠤ᠂ ᠡᠭᠦᠷᠭᠡ ᠴᠢᠳᠠᠪᠤᠷᠢ ᠵᠢ ᠬᠠᠷᠢᠯᠴᠠᠨ ᠵᠣᠬᠢᠴᠠᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠢ᠃
    ᠭᠠᠯ ᠲᠦᠢ᠍ᠮᠡᠷ᠎ᠤᠨ ᠠᠳᠡᠯ᠎ᠤᠨ ᠪᠣᠳᠠᠲᠠᠢ ᠪᠠᠶ᠋ᠢᠳᠠᠯ᠎ᠢ ᠦᠨᠳᠦᠰᠦᠯᠡᠨ᠂ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠦᠷᠢᠯᠳᠦᠭᠦᠨ ᠨᠠᠷ᠎ᠢ ᠬᠤᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ (ᠵᠠᠰᠠᠭ᠎ᠤᠨ ᠣᠷᠳᠣᠨ᠎ᠤ ᠲᠣᠮᠢᠯᠠᠭᠰᠠᠨ ᠪᠠᠶ᠋ᠢᠭᠤᠯᠭ᠎ᠠ ᠪᠠᠭᠲᠠᠨ᠎ᠠ)᠂ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠠᠵᠢᠯᠴᠢᠨ᠎ᠤ ᠡᠪᠯᠡᠯ᠎ᠠᠴᠠ ᠠᠵᠢᠯᠲᠠᠨ ᠲᠣᠮᠢᠯᠠᠨ ᠪᠦᠷᠢᠯᠳᠦᠭᠦᠯᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢ ᠤᠷᠢᠵᠤ ᠠᠵᠢᠯᠲᠠᠨ ᠲᠣᠮᠢᠯᠠᠨ ᠣᠷᠣᠯᠴᠠᠭᠤᠯᠵᠤ᠂ ᠪᠠᠶ᠋ᠢᠴᠠᠭ᠋ᠠᠬᠤ ᠪᠠᠶ᠋ᠢᠭᠤᠯᠭ᠎ᠠ ᠵᠢ ᠤᠷᠢᠵᠤ ᠠᠵᠢᠯᠲᠠᠨ ᠲᠣᠮᠢᠯᠠᠭᠤᠯᠤᠨ ᠣᠷᠣᠯᠴᠠᠭᠤᠯᠵᠤ ᠪᠣᠯᠣᠨ᠎ᠠ᠃ ᠪᠠᠶ᠋ᠢᠴᠠᠭ᠋ᠠᠯᠲᠠ ᠵᠢᠨ ᠳᠤᠭᠤᠶ᠋ᠢᠯᠠᠩ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠪᠠᠶ᠋ᠢᠴᠠᠭ᠋ᠠᠯᠲᠠ ᠬᠢᠬᠦ᠂ ᠬᠢᠨᠠᠨ ᠲᠣᠭᠲᠠᠭ᠋ᠠᠬᠤ ᠵᠡᠷᠭᠡ ᠠᠵᠢᠯ᠎ᠳᠤ ᠣᠷᠣᠯᠴᠠᠭᠤᠯᠵᠤ ᠪᠣᠯᠣᠨ᠎ᠠ᠃
    ᠪᠠᠶ᠋ᠢᠴᠠᠭ᠋ᠠᠯᠲᠠ ᠵᠢᠨ ᠳᠤᠭᠤᠶ᠋ᠢᠯᠠᠩ ᠬᠡᠷᠡᠭᠴᠡᠭᠡ᠎ᠪᠠᠨ ᠦᠨᠳᠦᠰᠦᠯᠡᠨ ᠬᠠᠤᠯᠢ ᠶᠣᠰᠣᠭ᠋ᠠᠷ ᠪᠠᠶ᠋ᠢᠭᠤᠯᠤᠭᠰᠠᠨ ᠦᠨ᠎ᠡ ᠬᠠᠩᠰᠢ ᠵᠢ ᠭᠡᠷᠡᠴᠢᠯᠡᠬᠦ ᠪᠠᠶ᠋ᠢᠭᠤᠯᠤᠮᠵᠢ ᠵᠢ ᠨᠠᠶ᠋ᠢᠳᠠᠭ᠋ᠠᠳ ᠭᠠᠯ ᠲᠦᠢ᠍ᠮᠡᠷ᠎ᠲᠤ ᠰᠢᠭᠤᠳ ᠬᠤᠬᠢᠷᠠᠵᠤ ᠰᠦᠢ᠍ᠳᠦᠭᠰᠡᠨ ᠡᠳ᠋ ᠬᠥᠷᠥᠩᠭᠡ ᠵᠢᠨ ᠦᠨ᠎ᠡ ᠬᠠᠩᠰᠢ ᠵᠢ ᠬᠢᠨᠠᠨ ᠲᠣᠭᠲᠠᠭ᠋ᠠᠯᠭ᠋ᠠᠵᠤ ᠪᠣᠯᠣᠨ᠎ᠠ᠃
    ᠠᠷᠪᠠᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠳᠤᠭᠤᠶ᠋ᠢᠯᠠᠩ᠎ᠤᠨ ᠳᠠᠷᠤᠭ᠎ᠠ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠡᠳᠦᠷ ᠳᠤᠲᠤᠮ᠎ᠤᠨ ᠠᠵᠢᠯ᠎ᠢ ᠡᠷᠬᠢᠯᠡᠨ᠎ᠡ᠃ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠳᠠᠷᠤᠭ᠎ᠠ ᠵᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ ᠵᠢᠭ᠋ᠠᠨ ᠲᠣᠭᠲᠠᠭ᠋ᠠᠵᠤ᠂ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠡᠭᠦᠷᠭᠡᠯᠡᠭᠦᠯᠵᠦ ᠪᠣᠯᠣᠨ᠎ᠠ᠃
    ᠠᠷᠪᠠᠨ ᠨᠢᠭᠡᠳᠦᠭᠡᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠦᠷᠢᠯᠳᠦᠭᠦᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠬᠤ ᠬᠡᠷᠡᠭᠲᠡᠢ᠄
    (ᠨᠢᠭᠡ) ᠭᠠᠯ ᠲᠦᠢ᠍ᠮᠡᠷ᠎ᠤᠨ ᠠᠳᠡᠯ᠎ᠤᠨ ᠲᠤᠬᠠᠢ ᠵᠢᠨ ᠬᠥᠮᠥᠨ ᠪᠤᠶᠤ ᠲᠤᠬᠠᠢ ᠵᠢᠨ ᠬᠥᠮᠥᠨ᠎ᠤ ᠣᠶ᠋ᠢᠷ᠎ᠠ ᠲᠥᠷᠥᠯ ᠰᠠᠳᠤᠨ ᠪᠣᠯᠬᠤ;
    (ᠬᠤᠶᠠᠷ) ᠲᠤᠰ ᠬᠥᠮᠥᠨ ᠪᠤᠶᠤ ᠣᠶ᠋ᠢᠷ᠎ᠠ ᠲᠥᠷᠥᠯ ᠰᠠᠳᠤᠨ᠎ᠨᠢ ᠭᠠᠯ ᠲᠦᠢ᠍ᠮᠡᠷ᠎ᠤᠨ ᠠᠳᠡᠯ᠎ᠯᠦᠭᠡ ᠠᠰᠢᠭ ᠬᠤᠣᠷ᠎ᠤᠨ ᠬᠠᠷᠢᠴᠠᠭ᠎ᠠ᠎ᠲᠠᠢ ᠪᠠᠶ᠋ᠢᠬᠤ;
    (ᠭᠤᠷᠪᠠ) ᠭᠠᠯ ᠲᠦᠢ᠍ᠮᠡᠷ᠎ᠤᠨ ᠠᠳᠡᠯ᠎ᠤᠨ ᠲᠤᠬᠠᠢ ᠵᠢᠨ ᠬᠥᠮᠥᠨ᠎ᠯᠦᠭᠡ ᠪᠤᠰᠤᠳ ᠬᠠᠷᠢᠴᠠᠭ᠎ᠠ᠎ᠲᠠᠢ ᠪᠠᠶ᠋ᠢᠵᠤ᠂ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠤᠨ ᠲᠥᠪ ᠭᠤᠤᠯᠴᠢ ᠴᠢᠨᠠᠷ᠎ᠢ ᠨᠥᠯᠥᠭᠡᠯᠡᠬᠦ ᠪᠣᠯᠣᠯᠴᠠᠭ᠎ᠠ᠎ᠲᠠᠢ᠃
    ᠠᠷᠪᠠᠨ ᠬᠤᠶᠠᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
    (ᠨᠢᠭᠡ) ᠪᠠᠶ᠋ᠢᠴᠠᠭ᠋ᠠᠯᠲᠠ ᠵᠢᠨ ᠲᠥᠰᠥᠯ ᠲᠣᠭᠲᠠᠭ᠋ᠠᠬᠤ᠂ ᠡᠭᠦᠷᠭᠡ ᠠᠵᠢᠯ᠎ᠤᠨ ᠬᠤᠪᠢᠶᠠᠷᠢᠯᠠᠯ᠎ᠢ ᠪᠠᠶ᠋ᠢᠷᠢᠯᠠᠭᠤᠯᠬᠤ᠂ ᠡᠯ᠎ᠡ ᠵᠦᠢ᠍ᠯ᠎ᠤᠨ ᠠᠵᠢᠯ᠎ᠢ ᠵᠣᠬᠢᠶᠠᠨ ᠪᠠᠶ᠋ᠢᠭᠤᠯᠵᠤ ᠠᠬᠢᠭᠤᠯᠬᠤ;
    (ᠬᠤᠶᠠᠷ) ᠭᠠᠯ ᠲᠦᠢ᠍ᠮᠡᠷ᠎ᠤᠨ ᠠᠳᠡᠯ ᠭᠠᠷᠤᠭᠰᠠᠨ ᠶᠠᠪᠤᠴᠠ᠂ ᠰᠢᠭᠤᠳ ᠰᠢᠯᠲᠠᠭ᠋ᠠᠨ᠂ ᠳᠠᠮ ᠰᠢᠯᠲᠠᠭ᠋ᠠᠨ ᠪᠠ ᠭᠠᠮᠰᠢᠭ ᠪᠣᠯᠤᠭᠰᠠᠨ ᠰᠢᠯᠲᠠᠭ᠋ᠠᠨ᠎ᠢ ᠪᠠᠶ᠋ᠢᠴᠠᠭ᠋ᠠᠨ ᠲᠣᠳᠣᠯᠠᠵᠤ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶ᠋ᠢᠳᠠᠯ ᠵᠢᠴᠢ ᠠᠵᠤ ᠠᠬᠤᠢ ᠵᠢᠨ ᠰᠢᠭᠤᠳ ᠬᠤᠬᠢᠷᠠᠯ᠎ᠢ ᠪᠦᠷᠢᠳᠬᠡᠬᠦ;
    (ᠭᠤᠷᠪᠠ) ᠭᠠᠯ ᠲᠦᠢ᠍ᠮᠡᠷ᠎ᠤᠨ ᠠᠳᠡᠯ᠎ᠤᠨ ᠰᠢᠨᠵᠢ ᠴᠢᠨᠠᠷ ᠪᠠ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ;
    (ᠳᠥᠷᠪᠡ) ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠳᠤᠷᠠᠳᠬᠤ;
    (ᠲᠠᠪᠤ) ᠭᠠᠯ ᠲᠦᠢ᠍ᠮᠡᠷ᠎ᠤᠨ ᠠᠳᠡᠯ᠎ᠤᠨ ᠰᠤᠷᠭ᠋ᠠᠮᠵᠢ ᠵᠢ ᠳ᠋ᠦᠩᠨᠡᠵᠦ᠂ ᠴᠡᠭᠴᠡᠯᠡᠨ ᠰᠠᠶ᠋ᠢᠵᠢᠷᠠᠭᠤᠯᠬᠤ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠳᠤᠷᠠᠳᠬᠤ;
    (ᠵᠢᠷᠭᠤᠭ᠎ᠠ) ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠲᠤᠰᠢᠶᠠᠬᠤ᠃
    ᠠᠷᠪᠠᠨ ᠭᠤᠷᠪᠠᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠨᠢ ᠪᠣᠳᠠᠲᠤ ᠪᠠᠶ᠋ᠢᠳᠠᠯ ᠪᠠ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠶᠡᠷᠦᠩᠬᠡᠶ᠋ᠢᠯᠡᠭᠰᠡᠨ ᠳᠤᠭᠤᠶ᠋ᠢᠯᠠᠩ᠂ ᠮᠡᠷᠭᠡᠵᠢᠯ᠎ᠤᠨ ᠳᠤᠭᠤᠶ᠋ᠢᠯᠠᠩ᠂ ᠬᠠᠮᠢᠶᠠᠷᠤᠯᠲᠠ ᠵᠢᠨ ᠳᠤᠭᠤᠶ᠋ᠢᠯᠠᠩ᠂ ᠠᠪᠤᠷᠠᠨ ᠲᠤᠰᠠᠯᠠᠵᠤ ᠦᠨᠡᠯᠡᠨ ᠵᠢᠱ᠌ᠢᠬᠦ ᠳᠤᠭᠤᠶ᠋ᠢᠯᠠᠩ ᠵᠡᠷᠭᠡ ᠠᠵᠢᠯ᠎ᠤᠨ ᠳᠤᠭᠤᠶ᠋ᠢᠯᠠᠩ ᠲᠣᠬᠢᠷᠠᠭᠤᠯᠵᠤ᠂ ᠮᠡᠷᠭᠡᠵᠢᠯ᠎ᠤᠨ ᠳᠤᠭᠤᠶ᠋ᠢᠯᠠᠩ᠎ᠨᠢ ᠪᠠᠶ᠋ᠢᠴᠠᠭ᠋ᠠᠯᠲᠠ ᠵᠢᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠳᠣᠷᠣᠭᠰᠢ᠎ᠪᠠᠨ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ ᠮᠡᠷᠭᠡᠵᠢᠯ᠎ᠤᠨ ᠳᠡᠮᠵᠢᠯᠭᠡ ᠬᠠᠩᠭ᠋ᠠᠯᠭ᠋ᠠᠵᠤ ᠪᠣᠯᠣᠨ᠎ᠠ᠃
    ᠶᠡᠷᠦᠩᠬᠡᠶ᠋ᠢᠯᠡᠭᠰᠡᠨ ᠳᠤᠭᠤᠶ᠋ᠢᠯᠠᠩ᠄ ᠭᠤᠣᠯᠳᠠᠭᠤ ᠪᠠᠶ᠋ᠢᠴᠠᠭ᠋ᠠᠬᠤ ᠠᠵᠢᠯ᠎ᠤᠨ ᠶᠡᠷᠦᠩᠬᠡᠶ᠋ᠢᠯᠡᠨ ᠵᠣᠬᠢᠴᠠᠭᠤᠯᠬᠤ᠂ ᠵᠣᠬᠢᠶᠠᠨ ᠪᠠᠶ᠋ᠢᠭᠤᠯᠵᠤ ᠲᠣᠬᠢᠷᠠᠭᠤᠯᠬᠤ ᠪᠠ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠬᠠᠷᠢᠭᠤᠴᠠᠨ᠎ᠠ; ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠬᠤᠷᠠᠯ᠎ᠢ ᠨᠢᠭᠡᠳᠦᠯᠲᠡᠢ ᠲᠥᠯᠥᠪᠯᠡᠨ ᠬᠤᠷᠠᠯᠳᠤᠭᠤᠯᠵᠤ᠂ ᠡᠯ᠎ᠡ ᠠᠵᠢᠯ᠎ᠤᠨ ᠳᠤᠭᠤᠶ᠋ᠢᠯᠠᠩ᠎ᠤᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠡᠵᠡᠮᠰᠢᠨ᠎ᠡ; ᠪᠠᠶ᠋ᠢᠴᠠᠭ᠋ᠠᠨ ᠰᠢᠢ᠍ᠳᠪᠦᠷᠢᠯᠡᠬᠦ ᠬᠠᠮᠢᠶ᠎ᠠ ᠪᠦᠬᠦᠢ ᠮᠡᠳᠡᠭᠡ ᠵᠠᠩᠭᠢ ᠵᠢ ᠴᠤᠭᠯᠠᠭᠤᠯᠬᠤ᠂ ᠬᠤᠷᠢᠶᠠᠩᠭᠤᠶ᠋ᠢᠯᠠᠬᠤ᠂ ᠮᠡᠳᠡᠭᠦᠯᠦᠨ ᠬᠦᠷᠭᠡᠬᠦ᠂ ᠰᠢᠢ᠍ᠳᠪᠦᠷᠢᠯᠡᠬᠦ ᠪᠠ ᠰᠣᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠡᠭᠦᠷᠭᠡᠯᠡᠨ᠎ᠡ; ᠡᠯ᠎ᠡ ᠠᠵᠢᠯ᠎ᠤᠨ ᠳᠤᠭᠤᠶ᠋ᠢᠯᠠᠩ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠦᠨᠳᠦᠰᠦᠯᠡᠨ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃
    ᠮᠡᠷᠭᠡᠵᠢᠯ᠎ᠤᠨ ᠳᠤᠭᠤᠶ᠋ᠢᠯᠠᠩ᠄ ᠭᠤᠣᠯᠳᠠᠭᠤ ᠭᠠᠯ ᠲᠦᠢ᠍ᠮᠡᠷ᠎ᠤᠨ ᠬᠠᠮᠢᠶ᠎ᠠ ᠪᠦᠬᠦᠢ ᠪᠣᠳᠠᠲᠤ ᠬᠡᠷᠡᠭ᠎ᠢ ᠪᠠᠶ᠋ᠢᠴᠠᠭ᠋ᠠᠨ ᠲᠣᠳᠣᠯᠠᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠳᠠᠯ ᠵᠢᠴᠢ ᠭᠠᠯ ᠲᠦᠢ᠍ᠮᠡᠷ᠎ᠠᠴᠠ ᠪᠣᠯᠤᠭᠰᠠᠨ ᠠᠵᠤ ᠠᠬᠤᠢ ᠵᠢᠨ ᠰᠢᠭᠤᠳ ᠬᠤᠬᠢᠷᠠᠯ᠎ᠢ ᠪᠦᠷᠢᠳᠬᠡᠬᠦ ᠵᠢ ᠬᠠᠷᠢᠭᠤᠴᠠᠨ᠎ᠠ; ᠭᠠᠯ ᠲᠦᠢ᠍ᠮᠡᠷ ᠭᠠᠷᠤᠭᠰᠠᠨ ᠰᠢᠭᠤᠳ ᠰᠢᠯᠲᠠᠭ᠋ᠠᠨ ᠪᠠ ᠮᠡᠷᠭᠡᠵᠢᠯ᠎ᠤᠨ ᠲᠠᠯ᠎ᠠ ᠵᠢᠨ ᠳᠠᠮ ᠰᠢᠯᠲᠠᠭ᠋ᠠᠨ᠎ᠢ ᠪᠠᠶ᠋ᠢᠴᠠᠭ᠋ᠠᠨ ᠲᠣᠳᠣᠯᠠᠨ᠎ᠠ; ᠭᠠᠯ ᠲᠦᠢ᠍ᠮᠡᠷ᠎ᠤᠨ ᠠᠳᠡᠯ᠎ᠤᠨ ᠰᠢᠨᠵᠢ ᠴᠢᠨᠠᠷ᠎ᠢ ᠮᠠᠭ᠋ᠠᠳᠯᠠᠨ ᠲᠣᠭᠲᠠᠭ᠋ᠠᠬᠤ ᠲᠤᠬᠠᠢ ᠠᠩᠬ᠎ᠠ ᠠᠯᠬᠤᠮ᠎ᠤᠨ ᠰᠠᠨᠠᠯ ᠪᠠ ᠠᠳᠡᠯ᠎ᠢ ᠰᠡᠷᠭᠡᠶ᠋ᠢᠯᠡᠬᠦ ᠮᠡᠷᠭᠡᠵᠢᠯ᠎ᠤᠨ ᠴᠢᠨᠠᠷᠲᠠᠢ᠂ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠵᠢ ᠳᠤᠷᠠᠳᠤᠨ᠎ᠠ; ᠮᠡᠷᠭᠡᠵᠢᠯ᠎ᠤᠨ ᠳᠤᠭᠤᠶ᠋ᠢᠯᠠᠩ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠳᠤ ᠲᠤᠰᠢᠶᠠᠵᠤ ᠬᠢᠨᠠᠨ ᠪᠠᠶ᠋ᠢᠴᠠᠭ᠋ᠠᠯᠭ᠋ᠠᠨ᠎ᠠ᠃
    ᠬᠠᠮᠢᠶᠠᠷᠤᠯᠲᠠ ᠵᠢᠨ ᠳᠤᠭᠤᠶ᠋ᠢᠯᠠᠩ᠄ ᠭᠤᠣᠯᠳᠠᠭᠤ ᠭᠠᠯ ᠲᠦᠢ᠍ᠮᠡᠷ᠎ᠤᠨ ᠠᠳᠡᠯ᠎ᠤᠨ ᠬᠠᠮᠢᠶᠠᠷᠤᠯᠲᠠ ᠵᠢᠨ ᠲᠠᠯ᠎ᠠ ᠵᠢᠨ ᠠᠰᠠᠭᠤᠳᠠᠯ᠎ᠢ ᠪᠠᠶ᠋ᠢᠴᠠᠭ᠋ᠠᠬᠤ ᠵᠢ ᠬᠠᠷᠢᠭᠤᠴᠠᠵᠤ᠂ ᠭᠠᠯ ᠲᠦᠢ᠍ᠮᠡᠷ ᠭᠠᠷᠤᠭᠰᠠᠨ᠂ ᠦᠷᠪᠢᠰᠦᠨ ᠥᠷᠭᠡᠵᠢᠭᠰᠡᠨ᠎ᠳᠤ ᠬᠠᠷᠢᠭᠤᠴᠠᠯᠭ᠎ᠠ᠎ᠲᠠᠢ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠪᠠᠶ᠋ᠢᠴᠠᠭ᠋ᠠᠨ ᠵᠠᠳᠠᠯᠵᠤ᠂ ᠭᠠᠯ ᠲᠦᠢ᠍ᠮᠡᠷ᠎ᠤᠨ ᠬᠠᠮᠢᠶ᠎ᠠ ᠪᠦᠬᠦᠢ ᠨᠢᠭᠡᠴᠢ ᠵᠢᠴᠢ ᠲᠡᠭᠦᠨ᠎ᠤ ᠠᠵᠢᠯᠲᠠᠨ᠎ᠤ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠵᠤ᠂ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠳᠤᠷᠠᠳᠤᠨ᠎ᠠ; ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠠ ᠰᠡᠷᠭᠡᠶ᠋ᠢᠯᠡᠬᠦ ᠰᠠᠨᠠᠭᠤᠯᠭ᠎ᠠ ᠳᠤᠷᠠᠳᠤᠨ᠎ᠠ; ᠬᠠᠮᠢᠶᠠᠷᠤᠯᠲᠠ ᠵᠢᠨ ᠳᠤᠭᠤᠶ᠋ᠢᠯᠠᠩ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠳᠤ ᠲᠤᠰᠢᠶᠠᠵᠤ ᠬᠢᠨᠠᠨ ᠪᠠᠶ᠋ᠢᠴᠠᠭ᠋ᠠᠯᠭ᠋ᠠᠨ᠎ᠠ᠃
    ᠠᠪᠤᠷᠠᠨ ᠲᠤᠰᠠᠯᠠᠯᠲᠠ ᠵᠢ ᠦᠨᠡᠯᠡᠨ ᠵᠢᠱ᠌ᠢᠬᠦ ᠳᠤᠭᠤᠶ᠋ᠢᠯᠠᠩ᠄ ᠭᠤᠣᠯᠳᠠᠭᠤ ᠠᠳᠡᠯ᠎ᠤᠨ ᠠᠪᠤᠷᠠᠨ ᠲᠤᠰᠠᠯᠠᠬᠤ ᠠᠵᠢᠯ᠎ᠢ ᠦᠨᠡᠯᠡᠨ ᠵᠢᠱ᠌ᠢᠬᠦ ᠵᠢ ᠬᠠᠷᠢᠭᠤᠴᠠᠵᠤ᠂ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ)᠂ ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠰᠢᠢ᠍ᠳᠪᠦᠷᠢᠯᠡᠬᠦ ᠪᠠ ᠠᠪᠤᠷᠠᠨ ᠲᠤᠰᠠᠯᠠᠬᠤ᠎ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ᠂ ᠭᠠᠯ ᠲᠦᠢ᠍ᠮᠡᠷ᠎ᠤᠨ ᠠᠳᠡᠯ ᠭᠠᠷᠬᠤ᠎ᠠᠴᠠ ᠡᠮᠦᠨ᠎ᠡ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠵᠤ ᠭᠦᠢ᠍ᠴᠡᠳᠬᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠴᠢ ᠠᠪᠤᠷᠠᠨ ᠲᠤᠰᠠᠯᠠᠬᠤ ᠪᠤᠰᠤᠳ ᠠᠵᠢᠯ᠎ᠤᠨ ᠲᠣᠭᠤᠷᠢᠨ᠎ᠳᠤ ᠦᠨᠡᠯᠡᠨ ᠵᠢᠱ᠌ᠢᠬᠦ ᠰᠠᠨᠠᠯ ᠳᠤᠷᠠᠳᠤᠨ᠎ᠠ; ᠠᠪᠤᠷᠠᠨ ᠲᠤᠰᠠᠯᠠᠯᠲᠠ ᠵᠢ ᠦᠨᠡᠯᠡᠨ ᠵᠢᠱ᠌ᠢᠭᠰᠡᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠳᠤ ᠲᠤᠰᠢᠶᠠᠵᠤ ᠬᠢᠨᠠᠨ ᠪᠠᠶ᠋ᠢᠴᠠᠭ᠋ᠠᠯᠭ᠋ᠠᠨ᠎ᠠ᠃
    ᠠᠷᠪᠠᠨ ᠳᠥᠷᠪᠡᠳᠦᠭᠡᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠨᠢ ᠪᠠᠶ᠋ᠢᠴᠠᠭ᠋ᠠᠬᠤ ᠬᠤᠭᠤᠴᠠᠭ᠋ᠠᠨ᠎ᠳᠤ᠎ᠪᠠᠨ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ᠎ᠤᠨ ᠬᠠᠶ᠋ᠢᠷᠴᠠᠭ ᠪᠤᠶᠤ ᠡᠯᠧᠺᠳ᠋ᠷᠣᠨ ᠰᠢᠤᠳᠠᠨ᠎ᠤ ᠬᠠᠶᠢᠭ ᠵᠶ᠋ᠠᠨ ᠢᠯᠡ ᠪᠣᠯᠭ᠋ᠠᠵᠤ᠂ ᠪᠠᠶ᠋ᠢᠴᠠᠭ᠋ᠠᠯᠲᠠ ᠵᠢᠨ ᠡᠭᠦᠷᠭᠡ᠎ᠯᠦᠭᠡ ᠬᠤᠯᠪᠣᠭᠳᠠᠬᠤ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠵᠢᠨ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠨ᠂ ᠬᠠᠷᠢᠶ᠎ᠠ ᠭᠠᠵᠠᠷ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠴᠠᠭ ᠲᠤᠬᠠᠢ᠎ᠳᠤ᠎ᠨᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠬᠠᠷᠭᠤᠭᠤᠯᠤᠨ ᠪᠠᠶ᠋ᠢᠴᠠᠭ᠋ᠠᠯᠭ᠋ᠠᠵᠤ᠂ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠵᠢᠨ ᠬᠠᠮᠲᠤ ᠢᠯᠡᠴᠢᠯᠡᠨ ᠮᠡᠳᠡᠭᠦᠯᠦᠭᠴᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
    ᠭᠤᠷᠪᠠᠳᠤᠭ᠋ᠠᠷ ᠪᠦᠯᠦᠭ ᠠᠳᠡᠯ᠎ᠤᠨ ᠪᠠᠶ᠋ᠢᠴᠠᠭ᠋ᠠᠯᠲᠠ
    ᠠᠷᠪᠠᠨ ᠲᠠᠪᠤᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠰᠢᠯᠠᠵᠤ᠂ ᠬᠤᠷᠢᠭᠯᠠᠬᠤ ᠪᠠ ᠡᠨᠡ ᠬᠦ᠌ ᠠᠵᠢᠯ᠎ᠳᠤ ᠭᠠᠷ ᠲᠥᠷᠥᠵᠦ ᠪᠣᠯᠬᠤ ᠦᠭᠡᠢ᠃ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠳᠡᠯ᠎ᠤᠨ ᠲᠤᠬᠠᠢ ᠵᠢᠨ ᠲᠠᠯᠠᠪᠠᠶ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠵᠢ ᠲᠣᠬᠢᠲᠠᠢ ᠬᠠᠮᠠᠭ᠋ᠠᠯᠠᠬᠤ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢ᠍ᠮᠡᠷ᠎ᠤᠨ ᠠᠳᠡᠯ᠎ᠤᠨ ᠲᠤᠬᠠᠢ ᠵᠢᠨ ᠲᠠᠯᠠᠪᠠᠶ ᠵᠢ ᠡᠪᠳᠡᠬᠦ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ ᠵᠢ ᠰᠦᠢ᠍ᠳᠬᠡᠵᠦ᠂ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃
    ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠬᠠᠷᠢᠭᠤᠴᠠᠯᠭ᠋ᠠᠲᠠᠨ ᠪᠠ ᠬᠤᠯᠪᠣᠭᠳᠠᠯ ᠪᠦᠬᠦᠢ ᠠᠵᠢᠯᠲᠠᠨ᠎ᠨᠢ ᠭᠠᠯ ᠲᠦᠢ᠍ᠮᠡᠷ᠎ᠤᠨ ᠠᠳᠡᠯ᠎ᠳᠤ ᠪᠠᠶ᠋ᠢᠴᠠᠭ᠋ᠠᠯᠲᠠ ᠬᠢᠵᠦ ᠪᠠᠶ᠋ᠢᠭ᠎ᠠ ᠬᠤᠭᠤᠴᠠᠭ᠋ᠠᠨ᠎ᠳᠤ ᠠᠵᠢᠯ ᠲᠤᠰᠢᠶᠠᠯ᠎ᠤᠨ ᠪᠠᠶ᠋ᠢᠷᠢ᠎ᠠᠴᠠ᠎ᠪᠠᠨ ᠳᠤᠷ᠎ᠠ᠎ᠪᠠᠷ ᠰᠠᠯᠵᠤ ᠪᠣᠯᠬᠤ ᠦᠭᠡᠢ᠂ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠠᠶ᠋ᠢᠴᠠᠭ᠋ᠠᠯᠲᠠ ᠵᠢ ᠢᠳᠡᠪᠬᠢᠲᠡᠢ᠎ᠪᠠᠷ ᠬᠠᠮᠵᠢᠬᠤ ᠵᠢᠨ ᠬᠠᠮᠲᠤ᠂ ᠬᠤᠯᠪᠣᠭᠳᠠᠯ ᠪᠦᠬᠦᠢ ᠪᠠᠶ᠋ᠢᠳᠠᠯ᠎ᠢ ᠦᠨᠡᠨ ᠪᠣᠳᠠᠲᠠᠢ᠎ᠪᠠᠷ ᠬᠠᠩᠭ᠋ᠠᠬᠤ ᠬᠡᠷᠡᠭᠲᠡᠢ᠃
    ᠠᠷᠪᠠᠨ ᠵᠢᠷᠭᠤᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠨᠢ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ᠎ᠠᠴᠠ ᠭᠠᠯ ᠲᠦᠢ᠍ᠮᠡᠷ᠎ᠤᠨ ᠠᠳᠡᠯ᠎ᠯᠦᠭᠡ ᠬᠤᠯᠪᠣᠭᠳᠠᠭᠰᠠᠨ ᠪᠠᠶ᠋ᠢᠳᠠᠯ᠎ᠢ ᠪᠦᠬᠦ ᠲᠠᠯ᠎ᠠ᠎ᠪᠠᠷ᠂ ᠦᠨᠡᠨ ᠪᠣᠳᠠᠲᠠᠢ᠎ᠪᠠᠷ ᠣᠶ᠋ᠢᠯᠠᠭ᠋ᠠᠵᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠵᠠᠭᠤᠴᠢ ᠦᠢ᠍ᠯᠡᠴᠢᠯᠡᠭᠡ᠂ ᠦᠢ᠍ᠯᠡᠳᠬᠦᠨ᠎ᠤ ᠶᠠᠰᠤ ᠴᠢᠨᠠᠷ᠂ ᠬᠡᠷᠡᠭᠯᠡᠯᠲᠡ ᠵᠢᠨ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠂ ᠬᠠᠷᠢᠶ᠎ᠠ ᠭᠠᠵᠠᠷ᠎ᠤᠨ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠭᠦᠢ᠍ᠴᠡᠳᠬᠡᠬᠦ ᠵᠡᠷᠭᠡ ᠪᠠᠶ᠋ᠢᠳᠠᠯ᠎ᠢ ᠤᠷᠲᠤᠳᠬᠠᠨ ᠪᠠᠶ᠋ᠢᠴᠠᠭ᠋ᠠᠬᠤ ᠵᠢᠨ ᠬᠠᠮᠲᠤ ᠲᠡᠭᠦᠨ᠎ᠢ ᠪᠢᠴᠢᠭ ᠮᠠᠲ᠋ᠧᠷᠢᠶᠠᠯ᠂ ᠡᠯᠧᠺᠳ᠋ᠷᠣᠨ ᠳ᠋ᠠᠶ᠋ᠢᠲ᠋ᠠ ᠵᠡᠷᠭᠡ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠲᠡᠪᠴᠢᠵᠦ ᠪᠣᠯᠬᠤ ᠦᠭᠡᠢ᠃
    ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠶᠤ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ᠎ᠠᠴᠠ ᠪᠣᠯᠵᠤ᠂ ᠭᠠᠯ ᠲᠦᠢ᠍ᠮᠡᠷ᠎ᠤᠨ ᠠᠳᠡᠯ ᠭᠠᠷᠭ᠋ᠠᠭᠰᠠᠨ ᠶᠠᠪᠤᠳᠠᠯ᠎ᠳᠤ ᠬᠠᠷᠢᠭᠤᠴᠠᠯᠭ᠎ᠠ᠎ᠲᠠᠢ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠳᠤ ᠪᠠᠶ᠋ᠢᠴᠠᠭ᠋ᠠᠯᠲᠠ ᠵᠢᠨ ᠳᠤᠭᠤᠶ᠋ᠢᠯᠠᠩ ᠰᠢᠢ᠍ᠳᠬᠡᠯ ᠥᠭᠬᠦ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃
    ᠠᠷᠪᠠᠨ ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯᠲᠠᠨ ᠦᠨᠡᠨᠴᠢ ᠢᠲᠡᠭᠡᠮᠵᠢᠲᠡᠢ ᠪᠠ ᠲᠥᠪ ᠭᠤᠣᠯᠴᠢ ᠪᠠᠶ᠋ᠢᠵᠤ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠶ᠋ᠢᠯᠡᠨ ᠭᠦᠢ᠍ᠴᠡᠳᠬᠡᠵᠦ᠂ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠨ᠂ ᠪᠠᠶ᠋ᠢᠴᠠᠭ᠋ᠠᠯᠲᠠ ᠵᠢᠨ ᠨᠢᠭᠤᠴᠠ ᠵᠢ ᠬᠠᠮᠠᠭ᠋ᠠᠯᠠᠨ᠂ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃
    ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠣᠷᠣᠯᠴᠠᠭᠰᠠᠨ ᠠᠵᠢᠯᠲᠠᠨ ᠭᠠᠯ ᠲᠦᠢ᠍ᠮᠡᠷ᠎ᠤᠨ ᠠᠳᠡᠯ ᠵᠢᠴᠢ ᠪᠠᠶ᠋ᠢᠴᠠᠭ᠋ᠠᠨ ᠰᠢᠢ᠍ᠳᠪᠦᠷᠢᠯᠡᠭᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠭᠠᠳᠠᠭᠰᠢ ᠨᠡᠶ᠋ᠢᠲᠡᠯᠡᠬᠦ ᠪᠠ ᠲᠠᠷᠬᠠᠭ᠋ᠠᠵᠤ ᠪᠣᠯᠬᠤ ᠦᠭᠡᠢ᠃
    ᠠᠷᠪᠠᠨ ᠨᠠᠢ᠍ᠮᠠᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠶᠠᠪᠤᠴᠠ᠎ᠳᠤ᠂ ᠪᠠᠶ᠋ᠢᠴᠠᠭ᠋ᠠᠯᠲᠠ᠎ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠠᠤᠯᠢ ᠶᠣᠰᠣᠭ᠋ᠠᠷ ᠴᠤᠭᠯᠠᠭᠤᠯᠤᠨ᠂ ᠦᠢ᠍ᠯᠡᠳᠦᠭᠰᠡᠨ ᠲᠤᠬᠠᠢ ᠵᠢᠨ ᠬᠥᠮᠥᠨ᠎ᠤ ᠲᠣᠭ᠋ᠠᠴᠢᠯᠲᠠ᠂ ᠪᠢᠴᠢᠭ᠎ᠤᠨ ᠭᠡᠷᠡᠴᠢ᠂ ᠪᠣᠳᠠᠰ᠎ᠤᠨ ᠭᠡᠷᠡᠴᠢ᠂ ᠳᠠᠭᠤ ᠳᠦᠷᠰᠦ ᠰᠢᠩᠭᠡᠯᠲᠡ ᠵᠢᠨ ᠮᠠᠲ᠋ᠧᠷᠢᠶᠠᠯ᠂ ᠡᠯᠧᠺᠳ᠋ᠷᠣᠨ ᠳ᠋ᠠᠶ᠋ᠢᠲ᠋ᠠ᠂ ᠭᠡᠷᠡᠴᠢᠯᠡᠭᠴᠢ ᠵᠢᠨ ᠭᠡᠷᠡᠴᠢ ᠦᠭᠡ᠂ ᠬᠢᠨᠠᠨ ᠲᠣᠭᠲᠠᠭ᠋ᠠᠭᠰᠠᠨ ᠰᠠᠨᠠᠯ᠂ ᠬᠠᠶ᠋ᠢᠨ ᠰᠢᠯᠭ᠋ᠠᠭᠰᠠᠨ ᠲᠡᠮᠳᠡᠭᠯᠡᠯ᠂ ᠲᠤᠬᠠᠢ ᠵᠢᠨ ᠲᠠᠯᠠᠪᠠᠶ ᠵᠢᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠬᠠᠷᠢᠯᠴᠠᠨ ᠨᠡᠪᠲᠡᠷᠡᠯᠴᠡᠵᠦ ᠬᠠᠮᠲᠤ ᠬᠦᠷᠲᠡᠬᠦ ᠵᠢᠨ ᠳᠠᠭ᠋ᠠᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠳᠤ ᠴᠠᠭ ᠲᠤᠬᠠᠢ᠎ᠳᠤ᠎ᠨᠢ ᠰᠢᠯᠵᠢᠭᠦᠯᠦᠨ ᠲᠤᠰᠢᠶᠠᠬᠤ ᠪᠤᠶᠤ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠵᠤ ᠪᠠᠶ᠋ᠢᠭ᠎ᠠ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠳᠤ ᠰᠢᠯᠵᠢᠭᠦᠯᠦᠨ ᠥᠭᠬᠦ ᠬᠡᠷᠡᠭᠲᠡᠢ᠃
    ᠠᠷᠪᠠ ᠶᠢᠰᠦᠳᠦᠭᠡᠷ ᠵᠦᠢ᠍ᠯ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠄
    (ᠨᠢᠭᠡ) ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠲᠣᠶ᠋ᠢᠮᠣ ᠪᠠᠶ᠋ᠢᠳᠠᠯ;
    (ᠬᠤᠶᠠᠷ) ᠭᠠᠯ ᠲᠦᠢ᠍ᠮᠡᠷ᠎ᠤᠨ ᠠᠳᠡᠯ ᠭᠠᠷᠤᠭᠰᠠᠨ ᠶᠠᠪᠤᠴᠠ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠵᠤ ᠰᠢᠢ᠍ᠳᠪᠦᠷᠢᠯᠡᠭᠰᠡᠨ ᠪᠠᠶ᠋ᠢᠳᠠᠯ;
    (ᠭᠤᠷᠪᠠ) ᠭᠠᠯ ᠲᠦᠢ᠍ᠮᠡᠷ᠎ᠤᠨ ᠠᠳᠡᠯ᠎ᠠᠴᠠ ᠪᠣᠯᠵᠤ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠠᠵᠤ ᠠᠬᠤᠢ ᠵᠢᠨ ᠰᠢᠭᠤᠳ ᠬᠤᠬᠢᠷᠠᠯ ᠭᠠᠷᠤᠭᠰᠠᠨ;
    (ᠳᠥᠷᠪᠡ) ᠭᠠᠯ ᠲᠦᠢ᠍ᠮᠡᠷ᠎ᠤᠨ ᠠᠳᠡᠯ᠎ᠤᠨ ᠭᠠᠯ ᠭᠠᠷᠤᠭᠰᠠᠨ ᠰᠢᠯᠲᠠᠭ᠋ᠠᠨ᠂ ᠭᠠᠮᠰᠢᠭ ᠡᠭᠦᠰᠦᠭᠰᠡᠨ ᠰᠢᠯᠲᠠᠭ᠋ᠠᠨ ᠪᠠ ᠠᠳᠡᠯ᠎ᠤᠨ ᠰᠢᠨᠵᠢ ᠴᠢᠨᠠᠷ;
    (ᠲᠠᠪᠤ) ᠭᠠᠯ ᠲᠦᠢ᠍ᠮᠡᠷ᠎ᠤᠨ ᠠᠳᠡᠯ᠎ᠤᠨ ᠢᠯᠡᠷᠡᠭᠦᠯᠦᠭᠰᠡᠨ ᠭᠤᠣᠯ ᠠᠰᠠᠭᠤᠳᠠᠯ;
    (ᠵᠢᠷᠭᠤᠭ᠎ᠠ) ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ ᠵᠢᠴᠢ ᠠᠳᠡᠯ᠎ᠤᠨ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ;
    (ᠳᠣᠯᠤᠭ᠎ᠠ) ᠭᠠᠯ ᠲᠦᠢ᠍ᠮᠡᠷ᠎ᠤᠨ ᠠᠳᠡᠯ᠎ᠢ ᠴᠡᠭᠴᠡᠯᠡᠨ ᠰᠠᠶ᠋ᠢᠵᠢᠷᠠᠭᠤᠯᠬᠤ ᠪᠠ ᠰᠡᠷᠭᠡᠶ᠋ᠢᠯᠡᠬᠦ ᠠᠷᠭ᠎ᠠ ᠬᠡᠮᠵᠢᠶᠡᠨ᠎ᠤ ᠰᠠᠨᠠᠭᠤᠯᠭ᠎ᠠ᠃
    ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠦᠷᠢᠯᠳᠦᠭᠦᠨ ᠨᠠᠷ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠭᠠᠷ᠎ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠦᠷᠢᠯᠳᠦᠭᠦᠨ ᠨᠠᠷ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠠᠳᠠᠯᠢ ᠪᠤᠰᠤ ᠰᠠᠨᠠᠯ ᠪᠠᠶ᠋ᠢᠪᠠᠯ᠂ ᠭᠠᠷ᠎ᠤᠨ ᠦᠰᠦᠭ ᠵᠢᠷᠤᠭᠰᠠᠨ᠎ᠤ ᠳᠠᠷᠠᠭ᠎ᠠ ᠠᠳᠠᠯᠢ ᠪᠤᠰᠤ ᠰᠠᠨᠠᠯ᠎ᠲᠠᠢ ᠪᠣᠯᠤᠭᠰᠠᠨ ᠰᠢᠯᠲᠠᠭ᠋ᠠᠨ ᠪᠠ ᠦᠨᠳᠦᠰᠦᠯᠡᠯ ᠵᠶ᠋ᠠᠨ ᠲᠤᠰᠬᠠᠢ ᠬᠠᠭᠤᠳᠠᠰᠤᠨ᠎ᠳᠤ ᠪᠢᠴᠢᠵᠦ ᠲᠣᠳᠣᠷᠬᠠᠶ᠋ᠢᠯᠠᠭ᠋ᠠᠳ ᠳᠠᠭ᠋ᠠᠯᠳᠤᠭᠤᠯᠬᠤ ᠬᠡᠷᠡᠭᠲᠡᠢ᠃
    ᠬᠤᠷᠢᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠪᠠᠶ᠋ᠢᠴᠠᠭ᠋ᠠᠯᠲᠠ ᠵᠢᠨ ᠳᠤᠭᠤᠶ᠋ᠢᠯᠠᠩ ᠬᠢᠨᠠᠨ ᠵᠥᠪᠯᠡᠵᠦ ᠪᠠᠲᠤᠯᠠᠬᠤ ᠬᠡᠷᠡᠭᠲᠡᠢ᠃ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠦᠷᠢᠯᠳᠦᠭᠦᠨ ᠨᠠᠷ ᠭᠠᠯ ᠭᠠᠷᠤᠭᠰᠠᠨ ᠰᠢᠯᠲᠠᠭ᠋ᠠᠨ᠂ ᠠᠳᠡᠯ᠎ᠤᠨ ᠰᠢᠨᠵᠢ ᠴᠢᠨᠠᠷ᠂ ᠬᠠᠷᠢᠭᠤᠴᠠᠯᠭ᠎ᠠ ᠵᠢᠨ ᠮᠠᠭ᠋ᠠᠳᠯᠠᠨ ᠲᠣᠭᠲᠠᠭ᠋ᠠᠯᠲᠠ᠂ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠵᠡᠷᠭᠡ᠎ᠳᠤ ᠰᠠᠨᠠᠯ ᠦᠯᠦ ᠨᠢᠭᠡᠳᠪᠡᠯ᠂ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠳᠠᠷᠤᠭ᠎ᠠ ᠵᠣᠬᠢᠴᠠᠭᠤᠯᠬᠤ ᠬᠡᠷᠡᠭᠲᠡᠢ; ᠵᠣᠬᠢᠴᠠᠭᠤᠯᠤᠭ᠋ᠠᠳ ᠮᠥᠨ ᠬᠦ᠌ ᠰᠠᠨᠠᠯ ᠦᠯᠦ ᠨᠢᠭᠡᠳᠪᠡᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠭᠡᠳ ᠰᠤᠳᠤᠯᠤᠨ ᠲᠣᠭᠲᠠᠭ᠋ᠠᠯᠭ᠋ᠠᠬᠤ ᠬᠡᠷᠡᠭᠲᠡᠢ᠃
    ᠬᠤᠷᠢᠨ ᠨᠢᠭᠡᠳᠦᠭᠡᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ ᠭᠠᠯ ᠲᠦᠢ᠍ᠮᠡᠷ᠎ᠤᠨ ᠠᠳᠡᠯ ᠭᠠᠷᠤᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ (ᠬᠠᠤᠯᠢ᠎ᠳᠤ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠪᠠᠭᠲᠠᠨ᠎ᠠ᠂ ᠳᠣᠷᠣᠭᠰᠢ ᠠᠳᠠᠯᠢ) ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠢ; ᠣᠨᠴᠠᠭ᠋ᠠᠢ ᠪᠠᠶ᠋ᠢᠳᠠᠯ᠎ᠳᠤ᠂ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠬᠤᠭᠤᠴᠠᠭ᠎ᠠ ᠵᠢ᠎ᠨᠢ ᠤᠷᠲᠤᠳᠬᠠᠵᠤ ᠪᠣᠯᠣᠨ᠎ᠠ᠂ ᠤᠷᠲᠤᠳᠬᠠᠬᠤ ᠬᠤᠭᠤᠴᠠᠭ᠎ᠠ ᠵᠢ ᠬᠠᠮᠤᠭ᠎ᠤᠨ ᠤᠷᠳᠦ᠎ᠳᠤ᠎ᠪᠠᠨ 60 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
    ᠳᠣᠣᠷ᠎ᠠ ᠵᠢᠭᠰᠠᠭ᠋ᠠᠭᠰᠠᠨ ᠴᠠᠭ᠎ᠢ ᠪᠠᠶ᠋ᠢᠴᠠᠭ᠋ᠠᠯᠲᠠ ᠵᠢᠨ ᠬᠤᠭᠤᠴᠠᠭ᠋ᠠᠨ᠎ᠳᠤ ᠪᠣᠳᠣᠵᠤ ᠣᠷᠣᠭᠤᠯᠬᠤ ᠦᠭᠡᠢ᠂ ᠭᠡᠬᠦ᠎ᠳᠤ᠎ᠪᠠᠨ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠬᠦ᠎ᠳᠤ᠎ᠪᠠᠨ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ᠎ᠳᠤ ᠲᠣᠳᠣᠷᠬᠠᠶ᠋ᠢᠯᠠᠬᠤ ᠬᠡᠷᠡᠭᠲᠡᠢ᠄
    (ᠨᠢᠭᠡ) ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠵᠤ ᠬᠢᠨᠠᠨ ᠬᠠᠷᠭᠤᠭᠤᠯᠬᠤ᠎ᠳᠤ ᠬᠡᠷᠡᠭᠰᠡᠬᠦ ᠴᠠᠭ᠎ᠢ ᠨᠢᠭᠤᠵᠤ ᠦᠯᠦ ᠮᠡᠳᠡᠭᠦᠯᠦᠭᠰᠡᠨ᠂ ᠬᠤᠳᠠᠯ ᠵᠶ᠋ᠠᠷ ᠮᠡᠳᠡᠭᠦᠯᠦᠭᠰᠡᠨ᠂ ᠣᠷᠣᠢ ᠮᠡᠳᠡᠭᠦᠯᠦᠭᠰᠡᠨ;
    (ᠬᠤᠶᠠᠷ) ᠭᠠᠯ ᠲᠦᠢ᠍ᠮᠡᠷ᠎ᠤᠨ ᠠᠳᠡᠯ᠎ᠠᠴᠠ ᠠᠪᠤᠷᠠᠨ ᠲᠤᠰᠠᠯᠠᠬᠤ᠎ᠠᠴᠠ ᠪᠣᠯᠵᠤ ᠲᠤᠬᠠᠢ ᠵᠢᠨ ᠳᠡᠯᠡᠪᠡᠢ ᠵᠢ ᠬᠠᠶ᠋ᠢᠨ ᠪᠠᠶ᠋ᠢᠴᠠᠭ᠋ᠠᠬᠤ ᠠᠷᠭ᠎ᠠ ᠦᠭᠡᠢ ᠪᠣᠯᠤᠭᠰᠠᠨ ᠴᠠᠭ;
    (ᠭᠤᠷᠪᠠ) ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠭᠰᠡᠨ᠂ ᠮᠥᠷᠳᠡᠵᠦ ᠰᠢᠮᠳᠠᠭᠤᠯᠤᠨ ᠰᠢᠢ᠍ᠳᠪᠦᠷᠢᠯᠡᠭᠰᠡᠨ ᠭᠠᠯ ᠲᠦᠢ᠍ᠮᠡᠷ᠎ᠤᠨ ᠠᠳᠡᠯ᠎ᠢ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠴᠠᠭ;
    (ᠳᠥᠷᠪᠡ) ᠪᠠᠶ᠋ᠢᠴᠠᠭ᠋ᠠᠨ ᠰᠢᠯᠭ᠋ᠠᠬᠤ᠂ ᠮᠡᠷᠭᠡᠵᠢᠯ᠎ᠤᠨ ᠬᠢᠨᠠᠨ ᠲᠣᠭᠲᠠᠭ᠋ᠠᠯᠲᠠ ᠬᠢᠬᠦ᠎ᠳᠤ ᠬᠡᠷᠡᠭᠰᠡᠬᠦ ᠴᠠᠭ᠃
    ᠬᠤᠷᠢᠨ ᠬᠤᠶᠠᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 15 ᠠᠵᠢᠯᠯᠠᠬᠤ ᠡᠳᠦᠷ᠎ᠤᠨ ᠳᠣᠲᠣᠷ᠎ᠠ ᠴᠣᠬᠤᠯᠠᠪᠤᠷᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠳᠤ ᠬᠠᠭᠤᠯᠤᠨ ᠢᠯᠡᠭᠡᠬᠦ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠬᠠᠤᠯᠢ ᠶᠣᠰᠣᠭ᠋ᠠᠷ ᠨᠡᠶ᠋ᠢᠲᠡᠯᠡᠬᠦ ᠬᠡᠷᠡᠭᠲᠡᠢ᠃
    ᠬᠤᠷᠢᠨ ᠭᠤᠷᠪᠠᠳᠤᠭ᠋ᠠᠷ ᠵᠦᠢ᠍ᠯ ᠬᠤᠯᠪᠣᠭᠳᠠᠯ ᠪᠦᠬᠦᠢ ᠪᠠᠶ᠋ᠢᠭᠤᠯᠭ᠎ᠠ᠂ ᠰᠠᠯᠠᠭ᠎ᠠ ᠮᠥᠴᠢᠷ ᠪᠠ ᠭᠠᠯ ᠲᠦᠢ᠍ᠮᠡᠷ᠎ᠤᠨ ᠠᠳᠡᠯ᠎ᠤᠨ ᠬᠠᠮᠢᠶ᠎ᠠ ᠪᠦᠬᠦᠢ ᠨᠢᠭᠡᠴᠢ᠎ᠨᠦᠭᠦᠳ᠎ᠨᠢ᠂ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ ᠴᠣᠬᠤᠯᠠᠪᠤᠷᠢᠯᠠᠭᠰᠠᠨ᠎ᠤ ᠳᠠᠷᠠᠭ᠋ᠠᠬᠢ 3 ᠰᠠᠷ᠎ᠠ ᠵᠢᠨ ᠳᠣᠲᠣᠷ᠎ᠠ᠂ ᠬᠠᠮᠢᠶ᠎ᠠ ᠪᠦᠬᠦᠢ ᠬᠠᠷᠢᠭᠤᠴᠠᠯᠭ᠎ᠠ ᠵᠢ ᠰᠢᠢ᠍ᠳᠪᠦᠷᠢᠯᠡᠭᠰᠡᠨ ᠪᠠᠶ᠋ᠢᠳᠠᠯ᠂ ᠭᠠᠯ ᠲᠦᠢ᠍ᠮᠡᠷ᠎ᠤᠨ ᠠᠳᠡᠯ᠎ᠢ ᠴᠡᠭᠴᠡᠯᠡᠨ ᠰᠠᠶ᠋ᠢᠵᠢᠷᠠᠭᠤᠯᠬᠤ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠴᠣᠬᠤᠯᠠᠪᠤᠷᠢᠯᠠᠭᠰᠠᠨ ᠠᠷᠠᠳ᠎ᠤᠨ ᠵᠠᠰᠠᠭ᠎ᠤᠨ ᠣᠷᠳᠣᠨ᠎ᠳᠤ ᠪᠢᠴᠢᠭ ᠵᠶ᠋ᠠᠷ ᠮᠡᠳᠡᠭᠦᠯᠦᠨ ᠬᠦᠷᠭᠡᠬᠦ ᠬᠡᠷᠡᠭᠲᠡᠢ᠃
    ᠪᠠᠶ᠋ᠢᠴᠠᠭ᠋ᠠᠯᠲᠠ ᠵᠢᠨ ᠳᠤᠭᠤᠶ᠋ᠢᠯᠠᠩ ᠪᠠᠶ᠋ᠢᠭᠤᠯᠬᠤ ᠴᠢᠬᠤᠯᠠ ᠦᠭᠡᠢ ᠭᠠᠯ ᠲᠦᠢ᠍ᠮᠡᠷ᠎ᠤᠨ ᠠᠳᠡᠯ᠎ᠳᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ᠎ᠤᠳ ᠭᠠᠯ ᠲᠦᠢ᠍ᠮᠡᠷ᠎ᠤᠨ ᠠᠳᠡᠯ᠎ᠤᠨ ᠪᠠᠶ᠋ᠢᠳᠠᠯ᠎ᠤᠨ ᠨᠡᠪᠲᠡᠷᠡᠭᠦᠯᠭᠡ ᠵᠢ ᠲᠣᠰᠴᠤ ᠣᠯᠣᠭᠰᠠᠨ᠎ᠤ ᠳᠠᠷᠠᠭ᠎ᠠ᠂ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ ᠲᠤᠰ ᠱᠠᠲᠤᠨ᠎ᠤ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠬᠦ ᠬᠡᠷᠡᠭᠲᠡᠢ᠃
    ᠬᠤᠷᠢᠨ ᠳᠥᠷᠪᠡᠳᠦᠭᠡᠷ ᠵᠦᠢ᠍ᠯ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠭᠰᠡᠨ᠎ᠤ ᠳᠠᠷᠠᠭ᠎ᠠ᠂ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ ᠳᠠᠭᠤᠰᠤᠨ᠎ᠠ᠃
    ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠨ ᠰᠢᠢ᠍ᠳᠪᠦᠷᠢᠯᠡᠯᠲᠡ ᠵᠢᠨ ᠬᠤᠯᠪᠣᠭᠳᠠᠯ ᠪᠦᠬᠦᠢ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠬᠡᠷᠡᠭᠲᠡᠢ᠃
    ᠳᠥᠷᠪᠡᠳᠦᠭᠡᠷ ᠪᠦᠯᠦᠭ ᠳᠡᠰ ᠳᠡᠪᠰᠢᠭᠦᠯᠦᠨ ᠪᠠᠶ᠋ᠢᠴᠠᠭ᠋ᠠᠬᠤ ᠬᠢᠭᠡᠳ ᠰᠢᠮᠳᠠᠭᠤᠯᠤᠨ ᠰᠢᠢ᠍ᠳᠪᠦᠷᠢᠯᠡᠵᠦ ᠦᠨᠡᠯᠡᠨ ᠵᠢᠱ᠌ᠢᠬᠦ
    ᠬᠤᠷᠢᠨ ᠲᠠᠪᠤᠳᠤᠭ᠋ᠠᠷ ᠵᠦᠢ᠍ᠯ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠴᠢᠬᠤᠯᠠᠲᠠᠢ ᠭᠡᠵᠦ ᠦᠵᠡᠭᠰᠡᠨ ᠦᠶ᠎ᠡ᠎ᠳᠤ᠂ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠵᠤ ᠪᠠᠶ᠋ᠢᠴᠠᠭ᠋ᠠᠨ ᠰᠢᠢ᠍ᠳᠪᠦᠷᠢᠯᠡᠵᠦ ᠪᠠᠶ᠋ᠢᠭ᠎ᠠ ᠭᠠᠯ ᠲᠦᠢ᠍ᠮᠡᠷ᠎ᠤᠨ ᠠᠳᠡᠯ᠎ᠢ ᠳᠡᠰ ᠳᠡᠪᠰᠢᠭᠦᠯᠦᠨ ᠪᠠᠶ᠋ᠢᠴᠠᠭ᠋ᠠᠨ ᠰᠢᠢ᠍ᠳᠪᠦᠷᠢᠯᠡᠵᠦ ᠪᠣᠯᠣᠨ᠎ᠠ᠂ ᠬᠥᠮᠥᠨ ᠬᠠᠷ᠎ᠠ ᠦᠬᠦᠭᠰᠡᠨ ᠪᠤᠶᠤ ᠨᠡᠶ᠋ᠢᠭᠡᠮ᠎ᠳᠤ ᠨᠡᠯᠢᠶᠡᠳ ᠶᠡᠭᠡ ᠨᠥᠯᠥᠭᠡ ᠭᠠᠷᠭ᠋ᠠᠭᠰᠠᠨ ᠭᠠᠯ ᠲᠦᠢ᠍ᠮᠡᠷ᠎ᠤᠨ ᠠᠳᠡᠯ᠎ᠢ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠨᠢ ᠲᠤᠰ ᠱᠠᠲᠤᠨ᠎ᠤ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠺᠣᠮᠢᠰ᠎ᠲᠤ ᠳᠤᠷᠠᠳᠤᠯᠭ᠎ᠠ ᠳᠡᠪᠰᠢᠭᠦᠯᠦᠨ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠵᠦ ᠪᠣᠯᠣᠨ᠎ᠠ᠃
    ᠬᠤᠷᠢᠨ ᠵᠢᠷᠭᠤᠳᠤᠭ᠋ᠠᠷ ᠵᠦᠢ᠍ᠯ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠵᠦ ᠪᠠᠶ᠋ᠢᠭ᠎ᠠ ᠭᠠᠯ ᠲᠦᠢ᠍ᠮᠡᠷ᠎ᠤᠨ ᠠᠳᠡᠯ᠎ᠳᠤ᠂ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠴᠣᠬᠤᠯᠠᠪᠤᠷᠢ ᠥᠭᠬᠦ᠎ᠠᠴᠠ ᠡᠮᠦᠨ᠎ᠡ᠂ ᠰᠢᠮᠳᠠᠭᠤᠯᠤᠨ ᠰᠢᠢ᠍ᠳᠪᠦᠷᠢᠯᠡᠭᠦᠯᠵᠦ ᠪᠠᠶ᠋ᠢᠭ᠎ᠠ ᠨᠢᠭᠡᠴᠢ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃
    ᠬᠤᠷᠢᠨ ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠳᠤ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠴᠣᠬᠤᠯᠠᠪᠤᠷᠢᠯᠠᠨ ᠵᠥᠪᠰᠢᠶᠡᠷᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ᠂ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠤᠭᠰᠠᠨ ᠲᠤᠰ ᠱᠠᠲᠤᠨ᠎ᠤ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠭᠠᠯ ᠲᠦᠢ᠍ᠮᠡᠷ᠎ᠤᠨ ᠠᠳᠡᠯ᠎ᠤᠨ ᠴᠡᠭᠴᠡᠯᠡᠨ ᠰᠠᠶ᠋ᠢᠵᠢᠷᠠᠭᠤᠯᠵᠤ ᠦᠨᠡᠯᠡᠨ ᠵᠢᠱ᠌ᠢᠬᠦ ᠳᠤᠭᠤᠶ᠋ᠢᠯᠠᠩ (ᠳᠣᠷᠣᠭᠰᠢ ᠦᠨᠡᠯᠡᠨ ᠵᠢᠱ᠌ᠢᠬᠦ ᠳᠤᠭᠤᠶ᠋ᠢᠯᠠᠩ ᠭᠡᠵᠦ ᠲᠣᠪᠴᠢᠯᠠᠪᠠ)᠎ᠢ ᠪᠠᠶ᠋ᠢᠭᠤᠯᠵᠤ᠂ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠦᠨᠳᠦᠰᠦᠯᠡᠨ ᠦᠨᠡᠯᠡᠨ ᠵᠢᠱ᠌ᠢᠨ᠎ᠡ᠃
    ᠦᠨᠡᠯᠡᠨ ᠵᠢᠱ᠌ᠢᠬᠦ ᠳᠤᠭᠤᠶ᠋ᠢᠯᠠᠩ᠎ᠨᠢ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠣᠷᠣᠯᠴᠠᠭᠰᠠᠨ ᠬᠠᠮᠢᠶ᠎ᠠ ᠪᠦᠬᠦᠢ ᠨᠢᠭᠡᠴᠢ᠎ᠪᠠᠷ ᠪᠦᠷᠢᠯᠳᠦᠨ᠎ᠡ᠂ ᠴᠢᠬᠤᠯᠠᠲᠠᠢ ᠦᠶ᠎ᠡ᠎ᠳᠤ ᠬᠠᠮᠢᠶ᠎ᠠ ᠪᠦᠬᠦᠢ ᠲᠤᠰᠬᠠᠢ ᠠᠵᠢᠯ᠎ᠤᠨ ᠪᠠᠶ᠋ᠢᠭᠤᠯᠤᠮᠵᠢ᠎ᠳᠤ ᠨᠠᠶ᠋ᠢᠳᠠᠬᠤ ᠪᠤᠶᠤ ᠲᠤᠰᠬᠠᠢ ᠮᠡᠷᠭᠡᠵᠢᠯᠲᠡᠨ᠎ᠢ ᠤᠷᠢᠵᠤ ᠦᠨᠡᠯᠡᠨ ᠵᠢᠱ᠌ᠢᠬᠦ ᠠᠵᠢᠯ᠎ᠳᠤ ᠣᠷᠣᠯᠴᠠᠭᠤᠯᠵᠤ ᠪᠣᠯᠣᠨ᠎ᠠ᠃ ᠦᠨᠡᠯᠡᠨ ᠵᠢᠱ᠌ᠢᠬᠦ ᠳᠤᠭᠤᠶ᠋ᠢᠯᠠᠩ᠎ᠨᠢ ᠮᠠᠲ᠋ᠧᠷᠢᠶᠠᠯ ᠪᠠᠶ᠋ᠢᠴᠠᠭ᠋ᠠᠨ ᠦᠵᠡᠬᠦ᠂ ᠶᠠᠷᠢᠯᠴᠠᠨ ᠠᠰᠠᠭᠤᠵᠤ ᠯᠠᠪᠯᠠᠬᠤ᠂ ᠰᠤᠷᠪᠤᠯᠵᠢᠯᠠᠵᠤ ᠬᠠᠷᠭᠤᠭᠤᠯᠤᠨ ᠪᠠᠶ᠋ᠢᠴᠠᠭ᠋ᠠᠬᠤ ᠠᠷᠭ᠎ᠠ ᠮᠠᠶᠢᠭ ᠵᠶ᠋ᠠᠷ ᠦᠨᠡᠯᠡᠨ ᠵᠢᠱ᠌ᠢᠯᠲᠡ ᠵᠢᠨ ᠠᠵᠢᠯ ᠥᠷᠨᠢᠭᠦᠯᠵᠦ ᠪᠣᠯᠣᠨ᠎ᠠ᠃
    ᠬᠤᠷᠢᠨ ᠨᠠᠢ᠍ᠮᠠᠳᠤᠭ᠋ᠠᠷ ᠵᠦᠢ᠍ᠯ ᠦᠨᠡᠯᠡᠨ ᠵᠢᠱ᠌ᠢᠬᠦ ᠠᠵᠢᠯ᠎ᠢ ᠦᠨᠡᠯᠡᠨ ᠵᠢᠱ᠌ᠢᠬᠦ ᠳᠤᠭᠤᠶ᠋ᠢᠯᠠᠩ ᠪᠠᠶ᠋ᠢᠭᠤᠯᠤᠭᠳᠠᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠪᠡᠶᠡᠯᠡᠭᠦᠯᠵᠦ᠂ ᠮᠡᠳᠡᠭᠦᠯᠦᠯᠲᠡ ᠭᠠᠷᠭ᠋ᠠᠭ᠋ᠠᠳ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ ᠦᠨᠡᠯᠡᠨ ᠵᠢᠱ᠌ᠢᠯᠲᠡ ᠵᠢᠨ ᠮᠡᠳᠡᠭᠦᠯᠦᠯᠲᠡ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠄
    (ᠨᠢᠭᠡ) ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠭᠰᠠᠨ ᠵᠢᠴᠢ ᠥᠷᠨᠢᠭᠦᠯᠦᠭᠰᠡᠨ ᠪᠠᠶ᠋ᠢᠳᠠᠯ;
    (ᠬᠤᠶᠠᠷ) ᠬᠠᠷᠢᠭᠤᠴᠠᠭᠴᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
    (ᠭᠤᠷᠪᠠ) ᠭᠠᠯ ᠲᠦᠢ᠍ᠮᠡᠷ᠎ᠤᠨ ᠠᠳᠡᠯ᠎ᠢ ᠴᠡᠭᠴᠡᠯᠡᠨ ᠰᠠᠶ᠋ᠢᠵᠢᠷᠠᠭᠤᠯᠬᠤ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
    (ᠳᠥᠷᠪᠡ) ᠦᠨᠡᠯᠡᠨ ᠵᠢᠱ᠌ᠢᠯᠲᠡ ᠵᠢᠨ ᠰᠠᠨᠠᠯ᠃
    ᠬᠤᠷᠢ ᠶᠢᠰᠦᠳᠦᠭᠡᠷ ᠵᠦᠢ᠍ᠯ ᠭᠠᠯ ᠲᠦᠢ᠍ᠮᠡᠷ᠎ᠤᠨ ᠠᠳᠡᠯ᠎ᠳᠤ ᠢᠯᠡᠷᠡᠭᠰᠡᠨ ᠲᠣᠪᠣᠶ᠋ᠢᠮ᠎ᠠ ᠠᠰᠠᠭᠤᠳᠠᠯ᠎ᠳᠤ᠂ ᠬᠠᠮᠢᠶᠠᠷᠤᠯᠲᠠ ᠪᠠ ᠮᠡᠷᠭᠡᠵᠢᠯ᠎ᠤᠨ ᠦᠨᠳᠦᠰᠦᠯᠡᠯ᠎ᠨᠢ ᠬᠠᠷᠠᠬᠠᠨ ᠳᠤᠲᠠᠭᠳᠠᠭᠰᠠᠨ ᠪᠤᠶᠤ ᠣᠳᠣ ᠵᠢᠨ ᠬᠡᠷᠡᠭᠵᠢᠭᠦᠯᠵᠦ ᠪᠠᠶ᠋ᠢᠭ᠎ᠠ ᠵᠢᠷᠤᠮᠵᠢᠯ ᠪᠠᠷᠢᠮᠵᠢᠶ᠎ᠠ᠎ᠨᠢ ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠦᠭᠡᠢ ᠪᠣᠯ᠂ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠤ ᠪᠠᠷᠢᠮᠵᠢᠶ᠎ᠠ ᠵᠢᠷᠤᠮᠵᠢᠯ ᠲᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ ᠳᠤᠷᠠᠳᠤᠯᠭ᠎ᠠ ᠳᠡᠪᠰᠢᠭᠦᠯᠦᠨ᠎ᠡ᠃
    ᠲᠠᠪᠤᠳᠤᠭ᠋ᠠᠷ ᠪᠦᠯᠦᠭ ᠠᠳᠡᠯ᠎ᠢ ᠰᠢᠢ᠍ᠳᠪᠦᠷᠢᠯᠡᠬᠦ
    ᠭᠤᠴᠢᠳᠤᠭ᠋ᠠᠷ ᠵᠦᠢ᠍ᠯ ᠬᠤᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠂ ᠰᠠᠯᠠᠭ᠎ᠠ ᠮᠥᠴᠢᠷ ᠨᠢᠭᠡᠴᠢ ᠵᠢᠴᠢ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ)᠎ᠨᠦᠭᠦᠳ ᠴᠣᠬᠤᠯᠠᠪᠤᠷᠢᠯᠠᠭᠰᠠᠨ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠪᠤᠶᠤ ᠭᠠᠯ ᠲᠦᠢ᠍ᠮᠡᠷ᠎ᠤᠨ ᠠᠳᠡᠯ᠎ᠢ ᠮᠠᠭ᠋ᠠᠳᠯᠠᠨ ᠲᠣᠭᠲᠠᠭ᠋ᠠᠭᠰᠠᠨ ᠪᠠᠶ᠋ᠢᠳᠠᠯ ᠶᠣᠰᠣᠭ᠋ᠠᠷ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠷᠬᠡ ᠮᠡᠳᠡᠯ ᠪᠠ ᠳᠡᠰ ᠳᠠᠷᠠᠭ᠋ᠠᠯᠠᠯ ᠶᠣᠰᠣᠭ᠋ᠠᠷ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠭᠴᠢ ᠵᠢ ᠰᠢᠢ᠍ᠳᠪᠦᠷᠢᠯᠡᠬᠦ ᠬᠡᠷᠡᠭᠲᠡᠢ; ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠦᠷᠢᠶᠡᠨ᠎ᠳᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠣᠷᠣᠰᠢᠪᠠᠯ᠂ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠡᠭᠦᠷᠭᠡᠯᠡᠵᠦ ᠪᠠᠶ᠋ᠢᠭ᠎ᠠ ᠬᠥᠮᠥᠨ ᠶᠠᠯ᠎ᠠ ᠬᠢᠭᠰᠡᠨ ᠵᠶ᠋ᠠᠷ ᠰᠡᠵᠢᠭᠯᠡᠭᠳᠡᠪᠡᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ ᠪᠥᠭᠡᠳ ᠨᠡᠶ᠋ᠢᠭᠡᠮ᠎ᠳᠤ ᠨᠡᠯᠢᠶᠡᠳ ᠶᠡᠭᠡ ᠨᠥᠯᠥᠭᠡ᠎ᠲᠠᠢ ᠭᠠᠯ ᠲᠦᠢ᠍ᠮᠡᠷ ᠭᠠᠷᠪᠠᠯ᠂ ᠭᠠᠯ ᠲᠦᠢ᠍ᠮᠡᠷ᠎ᠤᠨ ᠠᠳᠡᠯ᠎ᠤᠨ ᠪᠠᠶ᠋ᠢᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠶ᠋ᠢᠭ᠎ᠠ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠲᠦᠢ᠍ᠮᠡᠷ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠬᠠᠷᠢᠭᠤᠴᠠᠯᠭ᠋ᠠᠲᠠᠨ᠎ᠯᠤᠭ᠎ᠠ ᠪᠣᠯᠵᠣᠨ ᠶᠠᠷᠢᠯᠴᠠᠬᠤ ᠬᠡᠷᠡᠭᠲᠡᠢ᠃
    ᠭᠤᠴᠢᠨ ᠨᠢᠭᠡᠳᠦᠭᠡᠷ ᠵᠦᠢ᠍ᠯ ᠪᠠᠶ᠋ᠢᠴᠠᠭ᠋ᠠᠨ ᠰᠢᠢ᠍ᠳᠪᠦᠷᠢᠯᠡᠬᠦ ᠶᠠᠪᠤᠴᠠ᠎ᠳᠤ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠲᠠᠯ᠎ᠠ᠎ᠪᠠᠷ ᠬᠠᠤᠯᠢ ᠪᠤᠰᠤ ᠪᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠤᠷᠲᠤ ᠬᠤᠭᠤᠴᠠᠭ᠎ᠠ᠎ᠪᠠᠷ ᠣᠷᠣᠰᠢᠵᠤ ᠪᠠᠶ᠋ᠢᠬᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠦᠨᠳᠦ ᠶᠡᠭᠡ ᠭᠡᠮ ᠰᠣᠭᠤᠭ᠎ᠢ ᠴᠠᠭ ᠲᠤᠬᠠᠢ᠎ᠳᠤ᠎ᠨᠢ ᠵᠢᠭᠰᠠᠭ᠋ᠠᠨ ᠪᠠᠶ᠋ᠢᠴᠠᠭ᠋ᠠᠵᠤ ᠵᠠᠰᠠᠯᠲᠠ ᠬᠢᠭᠰᠡᠨ ᠦᠭᠡᠢ᠎ᠠᠴᠠ ᠪᠣᠯᠵᠤ᠂ ᠮᠠᠭᠤ ᠨᠥᠯᠥᠭᠡ ᠪᠤᠶᠤ ᠤᠷᠰᠢᠭ ᠳ᠋ᠦᠩ ᠡᠭᠦᠰᠬᠡᠭᠰᠡᠨ ᠦᠵᠡᠭᠳᠡᠯ᠎ᠢ ᠣᠯᠵᠤ ᠮᠡᠳᠡᠪᠡᠯ᠂ ᠬᠠᠮᠢᠶ᠎ᠠ ᠪᠦᠬᠦᠢ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ᠂ ᠲᠤᠰ ᠭᠠᠵᠠᠷ ᠣᠷᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
    ᠭᠤᠴᠢᠨ ᠬᠤᠶᠠᠳᠤᠭ᠋ᠠᠷ ᠵᠦᠢ᠍ᠯ ᠨᠡᠯᠢᠶᠡᠳ ᠶᠡᠭᠡ ᠭᠠᠯ ᠲᠦᠢ᠍ᠮᠡᠷ᠎ᠤᠨ ᠬᠠᠷᠢᠭᠤᠴᠠᠯᠭ᠎ᠠ ᠵᠢᠨ ᠠᠳᠡᠯ ᠭᠠᠷᠤᠭᠰᠠᠨ ᠪᠣᠯ᠂ ᠬᠢᠨᠠᠨ ᠬᠠᠮᠢᠶᠠᠷᠬᠤ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ ᠭᠠᠯ ᠲᠦᠢ᠍ᠮᠡᠷ᠎ᠤᠨ ᠠᠳᠡᠯ ᠭᠠᠷᠤᠭᠰᠠᠨ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ) ᠵᠢᠴᠢ ᠲᠡᠭᠦᠨ᠎ᠠᠴᠠ ᠳᠣᠷᠣᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ; ᠬᠦᠨᠳᠦ ᠶᠡᠭᠡ ᠵᠢᠴᠢ ᠲᠡᠭᠦᠨ᠎ᠠᠴᠠ ᠳᠡᠭᠡᠭᠰᠢᠬᠢ ᠭᠠᠯ ᠲᠦᠢ᠍ᠮᠡᠷ᠎ᠤᠨ ᠬᠠᠷᠢᠭᠤᠴᠠᠯᠭ᠎ᠠ ᠵᠢᠨ ᠠᠳᠡᠯ ᠭᠠᠷᠤᠭᠰᠠᠨ ᠪᠣᠯ᠂ ᠭᠠᠯ ᠲᠦᠢ᠍ᠮᠡᠷ᠎ᠤᠨ ᠠᠳᠡᠯ ᠭᠠᠷᠤᠭᠰᠠᠨ ᠭᠠᠵᠠᠷ᠎ᠤᠨ ᠠᠶ᠋ᠢᠮᠠᠭ ᠬᠤᠲᠠ ᠵᠢᠴᠢ ᠲᠡᠭᠦᠨ᠎ᠠᠴᠠ ᠳᠣᠷᠣᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ᠃
    ᠭᠤᠴᠢᠨ ᠭᠤᠷᠪᠠᠳᠤᠭ᠋ᠠᠷ ᠵᠦᠢ᠍ᠯ ᠭᠠᠯ ᠲᠦᠢ᠍ᠮᠡᠷ᠎ᠤᠨ ᠠᠳᠡᠯ᠎ᠢ ᠴᠡᠭᠴᠡᠯᠡᠨ ᠰᠠᠶ᠋ᠢᠵᠢᠷᠠᠭᠤᠯᠬᠤ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠴᠢ ᠬᠠᠷᠢᠭᠤᠴᠠᠭᠴᠢ᠎ᠳᠤ ᠰᠢᠢ᠍ᠳᠬᠡᠯ ᠥᠭᠬᠦ ᠵᠢ ᠦᠯᠦ ᠨᠠᠶ᠋ᠢᠳᠠᠪᠤᠷᠢᠵᠢᠭᠤᠯᠤᠭᠰᠠᠨ ᠪᠤᠶᠤ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠣᠯ᠂ ᠦᠨᠡᠯᠡᠨ ᠵᠢᠱ᠌ᠢᠬᠦ ᠳᠤᠭᠤᠶ᠋ᠢᠯᠠᠩ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠤᠷᠠᠳᠤᠯᠭ᠎ᠠ ᠳᠡᠪᠰᠢᠭᠦᠯᠦᠭᠡᠳ ᠰᠢᠮᠳᠠᠭᠤᠯᠤᠨ ᠰᠢᠢ᠍ᠳᠪᠦᠷᠢᠯᠡᠭᠦᠯᠵᠦ᠂ ᠬᠠᠷᠢᠭᠤᠴᠠᠯᠭ᠎ᠠ ᠵᠢᠨ ᠭᠤᠣᠯ ᠴᠣᠭᠴᠠ ᠵᠢ ᠰᠢᠮᠳᠠᠭᠤᠯᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠨᠠᠶ᠋ᠢᠳᠠᠪᠤᠷᠢᠵᠢᠭᠤᠯᠬᠤ ᠬᠡᠷᠡᠭᠲᠡᠢ᠃ ᠬᠤᠭᠤᠴᠠᠭ᠎ᠠ ᠥᠩᠭᠡᠷᠡᠭᠡᠳ ᠮᠥᠨ ᠬᠦ᠌ ᠴᠡᠭᠴᠡᠯᠡᠨ ᠰᠠᠶ᠋ᠢᠵᠢᠷᠠᠭᠤᠯᠤᠭᠰᠠᠨ ᠦᠭᠡᠢ᠎ᠠᠴᠠ ᠪᠣᠯᠵᠤ ᠬᠦᠨᠳᠦ ᠨᠣᠴᠢᠲᠠᠢ ᠤᠷᠰᠢᠭ ᠳ᠋ᠦᠩ ᠡᠭᠦᠰᠬᠡᠭᠰᠡᠨ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠨᠡᠪᠲᠡᠷᠡᠭᠦᠯᠦᠨ ᠮᠡᠳᠡᠭᠡᠯᠡᠵᠦ ᠴᠢᠩᠭ᠎ᠠ ᠰᠢᠢ᠍ᠳᠪᠦᠷᠢᠯᠡᠭᠦᠯᠬᠦ᠂ ᠴᠢᠨᠠᠭᠰᠢᠯᠠᠪᠠᠯ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
    ᠭᠤᠴᠢᠨ ᠳᠥᠷᠪᠡᠳᠦᠭᠡᠷ ᠵᠦᠢ᠍ᠯ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠦᠨᠡᠯᠡᠨ ᠵᠢᠱ᠌ᠢᠬᠦ᠎ᠳᠤ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠬᠠᠮᠵᠢᠯᠴᠠᠬᠤ ᠵᠢ ᠲᠡᠪᠴᠢᠭᠰᠡᠨ ᠨᠢᠭᠡᠴᠢ ᠪᠠ ᠬᠤᠪᠢ ᠬᠥᠮᠥᠨ᠎ᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠠᠰᠠᠭᠤᠳᠠᠯ᠎ᠤᠨ ᠰᠦᠪᠡᠭᠴᠢ ᠵᠢ ᠴᠠᠭ ᠲᠤᠬᠠᠢ᠎ᠳᠤ᠎ᠨᠢ ᠰᠢᠯᠵᠢᠭᠦᠯᠦᠨ ᠲᠤᠰᠢᠶᠠᠵᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
    ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
    ᠭᠤᠴᠢᠨ ᠲᠠᠪᠤᠳᠤᠭ᠋ᠠᠷ ᠵᠦᠢ᠍ᠯ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠨᠡᠷᠡᠶ᠋ᠢᠳᠦᠯ᠎ᠳᠤ 《ᠭᠠᠯ ᠲᠦᠢ᠍ᠮᠡᠷ᠎ᠤᠨ ᠨᠡᠷᠡᠶ᠋ᠢᠳᠦᠯ + ᠠᠳᠡᠯ᠎ᠤᠨ ᠪᠠᠶ᠋ᠢᠴᠠᠭ᠋ᠠᠯᠲᠠ ᠵᠢᠨ ᠳᠤᠭᠤᠶ᠋ᠢᠯᠠᠩ》 ᠬᠡᠮᠡᠨ ᠨᠢᠭᠡᠳᠦᠯᠲᠡᠢ ᠬᠡᠷᠡᠭᠯᠡᠵᠦ᠂ ᠭᠠᠯ ᠲᠦᠢ᠍ᠮᠡᠷ᠎ᠤᠨ ᠨᠡᠷᠡᠶ᠋ᠢᠳᠦᠯ᠎ᠢ ᠬᠠᠮᠢᠶ᠎ᠠ ᠪᠦᠬᠦᠢ ᠲᠣᠭᠲᠠᠭ᠋ᠠᠯ᠎ᠤᠨ ᠪᠠᠷᠢᠮᠵᠢᠶ᠎ᠠ᠎ᠪᠠᠷ ᠪᠣᠳᠠᠲᠠᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
    ᠭᠤᠴᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢᠴᠢ ᠦᠨᠡᠯᠡᠨ ᠵᠢᠱ᠌ᠢᠬᠦ᠎ᠳᠤ ᠬᠡᠷᠡᠭᠰᠡᠬᠦ ᠠᠵᠢᠯ᠎ᠤᠨ ᠵᠠᠷᠤᠳᠠᠯ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠨ ᠪᠠᠲᠤᠯᠠᠨ᠎ᠠ᠃
    ᠭᠤᠴᠢᠨ ᠳᠣᠯᠣᠳᠤᠭ᠋ᠠᠷ ᠵᠦᠢ᠍ᠯ ᠲᠤᠰ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ᠎ᠳᠤ ᠪᠠᠶ᠋ᠢᠴᠠᠭ᠋ᠠᠯᠲᠠ ᠬᠢᠬᠦ ᠲᠣᠭᠲᠠᠭ᠋ᠠᠯ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2022] 15 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
   

          ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ

          ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
   

               2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠦᠨᠡᠯᠡᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ ᠪᠡᠭᠡᠵᠢᠩ᠎ᠳᠤ ᠲᠡᠭᠦᠰᠴᠤ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ (2018-2020 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠠᠴᠠ ᠬᠡᠷᠡᠭᠵᠢᠭᠦᠯᠬᠦ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠥᠰᠦᠯ》 ᠵᠢᠴᠢ ᠨᠠᠶ᠋ᠢᠷᠠᠭᠤᠯᠤᠨ ᠵᠤᠬᠢᠶᠠᠬᠤ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠢ ᠰᠢᠭᠤᠶ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ ᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ᠎ᠤᠨ ᠬᠡᠰᠢᠬᠦᠨ᠎ᠤ ᠲᠠᠪᠤᠳᠤᠭ᠋ᠠᠷ ᠬᠤᠷᠠᠯ᠎ᠤᠨ 0547 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ
ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠦᠪᠯᠡᠯ ᠬᠡᠰᠢᠬᠦᠳ᠎ᠤᠨ ᠲᠠᠪᠤᠳᠤᠭ᠋ᠠᠷ ᠬᠤᠷᠠᠯ᠎ᠤᠨ 0348 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢᠨ ᠬᠠᠷᠢᠭᠤᠯᠲᠠ (ᠲᠣᠪᠴᠢᠯᠠᠯ)
 
             蒙ICP备05000248号