ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ
ᠨᠡᠶ᠋ᠢᠲᠡᠯᠡᠭᠰᠡᠨ ᠴᠠᠭ᠄ 2020-11-25


     《ᠤᠢ ᠰᠢᠭᠤᠶ ᠬᠢᠭᠡᠳ ᠵᠡᠷᠯᠢᠭ ᠠᠮᠢᠲᠠᠳ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠰᠢᠨᠵᠢᠯᠡᠬᠦ ᠤᠬᠠᠭ᠋ᠠᠨ᠎ᠤ ᠰᠤᠳᠤᠯᠤᠯ᠂ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠬᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠳᠡᠭᠡᠭᠰᠢᠬᠢ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠬᠦᠮ᠂ ᠨᠢᠭᠡᠴᠡ ᠪᠣᠯᠤᠨ ᠭᠠᠳᠠᠭ᠋ᠠᠳᠤ ᠤᠯᠤᠰ᠎ᠲᠠᠢ ᠲᠤᠭᠳᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠯᠡᠯᠴᠡᠭᠡᠷ᠂ ᠭᠠᠳᠠᠭ᠋ᠠᠳᠤ ᠵᠢᠨ ᠬᠥᠮᠦᠨ᠎ᠢ ᠬᠦᠯᠢᠶᠠᠨ ᠠᠪᠴᠤ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠣᠯᠪᠣᠭᠳᠠᠯ ᠪᠦᠬᠦᠢ ᠠᠵᠢᠯᠯᠠᠭ᠎ᠠ᠎ᠨᠢ ᠡᠷᠬᠡᠪᠰᠢ ᠤᠢ ᠰᠢᠭᠤᠶ ᠵᠢᠨ ᠶᠠᠮᠤᠨ᠎ᠤ ᠵᠥᠪᠰᠢᠶᠡᠷᠡᠯ᠎ᠢ ᠤᠯᠬᠤ ᠬᠡᠷᠡᠭᠲᠡᠶ; ᠣᠷᠣᠨ ᠨᠤᠲᠤᠭ᠎ᠲᠤ ᠬᠣᠯᠪᠣᠭᠳᠠᠬᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠵᠦᠪᠰᠢᠶᠡᠷᠡᠯ ᠵᠶ᠋ᠡᠷ ᠳᠠᠮᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ ᠬᠢᠪᠡᠯ᠂ ᠲᠤᠰ ᠠᠷᠭ᠎ᠠ ᠪᠣᠯᠤᠨ ᠬᠣᠯᠪᠣᠭᠳᠠᠯ ᠪᠦᠬᠦᠢ ᠲᠣᠭᠲᠠᠭ᠋ᠠᠯ᠎ᠢ ᠡᠷᠬᠡᠪᠰᠢ ᠵᠢᠷᠤᠮᠯᠠᠨ ᠰᠠᠬᠢᠬᠤ ᠬᠡᠷᠡᠭᠲᠡᠶ ᠪᠥᠭᠡᠳ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠲᠤᠰᠢᠶᠠᠬᠤ ᠬᠡᠷᠡᠭᠲᠡᠶ᠃ 《ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯ᠎ᠢ ᠬᠠᠰᠤᠬᠤ ᠪᠤᠶᠤ ᠲᠣᠬᠢᠷᠠᠭᠤᠯᠬᠤ ᠵᠡᠷᠭᠡ ᠶᠠᠪᠤᠳᠠᠯ᠎ᠤᠳ᠎ᠤᠨ ᠲᠤᠬᠠᠶ ᠲᠣᠭᠲᠠᠭ᠋ᠠᠯ》 (ᠲᠥᠷᠥ ᠲᠠᠷᠬᠠᠭ᠋ᠠᠭᠰᠠᠨ [2015] 11 ᠳ᠋ᠦ᠍ᠭᠡᠷ ᠲᠣᠭ᠋ᠠᠲᠤ)᠎ᠳᠤ ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ᠎ᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠳᠣᠷᠣᠭᠰᠢ ᠪᠠᠭᠤᠯᠭ᠋ᠠᠬᠤ ᠬᠡᠷᠡᠭᠲᠡᠶ᠃
      ᠬᠠᠷᠢᠭᠤᠴᠠᠬᠤ ᠵᠦᠢ᠍ᠯᠡᠰ
     1᠂ ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ᠎ᠢ ᠵᠠᠷᠯᠠᠬᠤ; ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠮᠠᠲ᠋ᠧᠷᠢᠶᠠᠯ᠎ᠢ ᠨᠥᠬᠥᠪᠥᠷᠢᠯᠡᠵᠦ ᠵᠠᠯᠠᠷᠠᠭᠤᠯᠬᠤ; ᠬᠠᠤᠯᠢ ᠶᠣᠰᠣᠭ᠋ᠠᠷ ᠬᠦᠯᠢᠶᠠᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ (ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭ᠋ᠠᠨ᠎ᠢ ᠮᠡᠳᠡᠭᠳᠡᠬᠦ)  ᠃
     2᠂ ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠵᠦ᠂ ᠬᠢᠨᠠᠨ ᠪᠠᠶ᠋ᠢᠴᠠᠭ᠋ᠠᠭᠰᠠᠨ ᠰᠠᠨᠠᠯ ᠳᠤᠷᠠᠳᠬᠤ ᠶᠣᠰᠣᠲᠠᠶ᠃
     3᠂ ᠬᠠᠷᠢᠭᠤᠴᠠᠯᠭ᠎ᠠ ᠲᠤᠭᠳᠠᠭ᠋ᠠᠬᠤ᠄ ᠵᠠᠰᠠᠭ ᠵᠠᠬᠢᠷᠭ᠋ᠠᠨ᠎ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭ᠋ᠠᠯ ᠭᠠᠷᠭ᠋ᠠᠬᠤ ᠬᠡᠷᠡᠭᠲᠡᠶ (ᠦᠯᠦ ᠵᠥᠪᠰᠢᠶᠡᠷᠡᠬᠦ ᠤᠴᠢᠷ ᠰᠢᠯᠲᠠᠭ᠋ᠠᠨ᠎ᠢ ᠮᠡᠳᠡᠭᠳᠡᠬᠦ ᠬᠡᠷᠡᠭᠲᠡᠶ)᠃
     4᠂ ᠬᠦᠷᠭᠡᠬᠦ ᠬᠠᠷᠢᠭᠤᠴᠠᠯᠭ᠎ᠠ᠄ ᠬᠢᠨᠠᠨ ᠵᠥᠪᠰᠢᠶᠡᠷᠡᠬᠦ ᠰᠠᠨᠠᠯ ᠭᠠᠷᠭ᠋ᠠᠨ᠂ ᠭᠤᠶᠤᠴᠢᠯᠠᠭᠴᠢ᠎ᠳᠤ ᠲᠤᠰᠢᠶᠠᠨ᠎ᠠ᠃
     5᠂ ᠬᠡᠷᠡᠭ᠎ᠤᠨ ᠲᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ ᠲᠣᠭᠲᠠᠮᠠᠯ ᠬᠤᠭᠤᠴᠠᠭ᠎ᠠ᠎ᠲᠠᠢ᠎ᠪᠠᠷ ᠯᠠᠪᠯᠠᠨ ᠠᠰᠠᠭᠤᠬᠤ᠂   ᠠᠵᠢᠯᠯᠠᠭ᠎ᠠ ᠦᠷ᠎ᠡ ᠪᠦᠲᠦᠭᠡᠯ᠎ᠤᠨ ᠬᠠᠭᠤᠯᠪᠤᠷᠢ ᠳᠡᠪᠲᠡᠷ ᠵᠢ ᠨᠡᠬᠡᠮᠵᠢᠯᠡᠨ ᠲᠤᠰᠢᠶᠠᠯᠭ᠋ᠠᠬᠤ᠃
     6᠂ ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠃
    ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠪᠠ ᠦᠨᠳᠦᠰᠦᠯᠡᠯ
     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠦᠢ᠍ᠯ   ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠥᠷᠢᠮ》 ᠵᠢᠨ ᠳᠥᠴᠢᠨ ᠨᠢᠭᠡᠳᠦᠭᠡᠷ ᠵᠦᠢ᠍ᠯ   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ; ᠦᠢ᠍ᠯᠠ ᠪᠠᠶ᠋ᠢᠳᠠᠯ᠎ᠨᠢ ᠬᠦᠨᠭᠭᠡᠠ  ᠂ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠠᠢ᠌ᠪᠠᠯ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
   










ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠢ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ ᠲᠤᠬᠠᠢ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠳᠤ ᠰᠡᠷᠭᠦᠭᠡᠯᠳᠠ ᠬᠢᠬᠦ
ᠳᠤᠮᠳᠠᠳᠤ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠤᠬᠠᠢ ᠮᠦᠴᠢᠳ ᠲᠠᠢ᠌ᠯᠤᠮᠵᠢ (ᠨᠢᠭᠡ)
ᠵᠢᠷᠤᠭᠲᠤ ᠲᠠᠶ᠋ᠢᠯᠤᠮᠵᠢ᠄ 《ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ (2020 - 2022 ᠣᠨ)》᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠵᠢᠷᠤᠭᠲᠤ ᠲᠠᠶ᠋ᠢᠯᠤᠮᠵᠢ᠄ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠣᠯᠵᠤ ᠦᠢ᠍ᠯᠡᠰ ᠴᠣᠭᠴᠠᠯᠠᠬᠤ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
             蒙ICP备05000248号