《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠄ ᠬᠠᠶ᠋ᠢᠨ ᠪᠠᠶ᠋ᠢᠴᠠᠭ᠋ᠠᠬᠤ᠂ ᠠᠭᠤᠷᠬᠠᠶ ᠨᠡᠭᠡᠭᠡᠬᠦ ᠪᠠ ᠡᠯ᠎ᠡ ᠵᠦᠢ᠍ᠯ᠎ᠤᠨ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠪᠠᠷᠢᠬᠤ᠎ᠳᠠᠭᠠᠨ ᠰᠢᠭᠤᠶ᠋ᠢᠲᠤ ᠭᠠᠵᠠᠷ᠎ᠢ ᠦᠯᠦ ᠡᠵᠡᠯᠡᠬᠦ ᠪᠤᠶᠤ ᠪᠠᠭ᠎ᠠ ᠡᠵᠡᠯᠡᠬᠦ ᠬᠡᠷᠡᠭᠲᠡᠶ; ᠭᠠᠵᠠᠷ᠎ᠢ ᠵᠠᠪᠠᠯ ᠡᠵᠡᠯᠡᠨ ᠬᠡᠷᠡᠭᠯᠡᠬᠦ ᠪᠤᠶᠤ ᠲᠠᠳᠠᠪᠤᠷᠢᠯᠠᠬᠤ᠂ ᠠᠯᠪᠠᠨ᠎ᠳᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠲᠣᠭᠲᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠬᠦ ᠬᠡᠷᠡᠭᠲᠡᠶ ᠪᠥᠭᠡᠳ ᠭᠠᠵᠠᠷ ᠰᠢᠷᠣᠶ ᠬᠡᠷᠡᠭᠯᠡᠬᠦ ᠨᠢᠭᠡᠴᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠲᠤᠰᠢᠶᠠᠬᠤ ᠬᠡᠷᠡᠭᠲᠡᠶ᠃ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠤᠨ ᠲᠤᠰᠬᠠᠶ ᠵᠣᠭᠣᠰ᠎ᠢ ᠲᠤᠰᠬᠠᠶ ᠬᠡᠷᠡᠭᠯᠡᠵᠦ᠂ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠢᠭᠡᠳᠦᠯᠲᠡᠶ ᠲᠣᠬᠢᠷᠠᠭᠤᠯᠤᠨ᠎ᠠ᠂ ᠮᠣᠳᠣ ᠲᠡᠷᠢᠵᠦ ᠣᠶ᠋ᠢᠵᠢᠭᠤᠯᠬᠤ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ᠂ ᠡᠵᠡᠯᠡᠨ ᠬᠡᠷᠡᠭᠯᠡᠬᠦ ᠮᠣᠳᠣ ᠲᠠᠷᠢᠵᠤ ᠣᠶ᠋ᠢᠵᠢᠭᠤᠯᠬᠤ ᠲᠠᠯᠠᠪᠠᠶ᠎ᠨᠢ ᠡᠵᠡᠯᠠᠨ ᠬᠡᠷᠡᠭᠯᠡᠬᠦ᠂ ᠲᠠᠳᠠᠪᠤᠷᠢᠯᠠᠬᠤ᠂ ᠠᠯᠪᠠᠨ᠎ᠳᠤ ᠲᠠᠲᠠᠪᠤᠷᠢᠯᠠᠨ ᠬᠡᠷᠡᠭᠯᠡᠬᠦ ᠴᠢᠬᠤᠯᠳᠠᠢ ᠪᠤᠯᠵᠦ ᠬᠠᠰᠤᠭᠳᠠᠭᠰᠠᠨ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢᠨ ᠲᠡᠯᠡᠪᠡᠢ᠎ᠠᠴᠠ ᠪᠠᠭ᠎ᠠ ᠪᠠᠶ᠋ᠢᠵᠤ ᠪᠣᠯᠬᠤ ᠦᠭᠡᠢ᠃ ᠳᠡᠭᠡᠳᠦ ᠱᠠᠲᠤᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠨᠢ ᠲᠤᠤᠷᠡᠳᠦ ᠱᠠᠲᠤᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠮᠣᠳᠣ ᠲᠡᠷᠢᠵᠦ ᠣᠶ᠋ᠢᠵᠢᠭᠤᠯᠬᠤ ᠪᠠ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠤᠭᠰᠠᠨ ᠪᠠᠶ᠋ᠢᠳᠠᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠢᠪᠠᠳᠠᠨ ᠱᠠᠭ᠋ᠠᠷᠳᠠᠵᠤ ᠪᠠᠶ᠋ᠢᠴᠠᠭ᠋ᠠᠬᠤ ᠬᠡᠷᠡᠭᠲᠡᠶ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠠᠷᠪᠠᠨ ᠵᠢᠷᠭᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠄ ᠬᠠᠶ᠋ᠢᠨ ᠪᠠᠶ᠋ᠢᠴᠠᠭ᠋ᠠᠬᠤ᠂ ᠠᠭᠤᠷᠬᠠᠶ ᠨᠡᠭᠡᠭᠡᠬᠦ ᠪᠠ ᠵᠠᠮ ᠵᠠᠰᠠᠬᠤ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠣᠯᠪᠣᠭ᠋ᠠᠨ᠎ᠤ ᠢᠨᠵᠸᠨᠸᠷᠢᠩ ᠰᠢᠭᠤᠶ᠋ᠢᠲᠤ ᠭᠠᠵᠠᠷ᠎ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠡᠷᠬᠡᠪᠰᠢ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠄
(ᠨᠢᠭᠡ) ᠭᠠᠵᠠᠷ ᠬᠡᠷᠡᠭᠯᠡᠬᠦ ᠨᠢᠭᠡᠴᠢ᠎ᠨᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠠᠵᠠᠷ ᠰᠢᠷᠣᠶ ᠬᠡᠷᠡᠭᠯᠡᠬᠦ ᠭᠤᠶᠤᠴᠢᠯᠠᠯ ᠭᠠᠷᠭ᠋ᠠᠵᠤ᠂ ᠵᠥᠪᠰᠢᠶᠡᠷᠡᠯ ᠣᠯᠤᠭᠰᠠᠨ᠎ᠤ ᠲᠠᠷᠠᠭ᠎ᠠ᠂ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠤᠷᠢᠳᠴᠢᠯᠠᠨ ᠲᠤᠰᠢᠶᠠᠵᠤ᠂ ᠰᠢᠭᠤᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠪᠢᠴᠢᠭ᠎ᠢ ᠠᠪᠬᠤ ᠬᠡᠷᠡᠭᠲᠡᠶ᠃ (ᠬᠤᠶᠠᠷ) ᠭᠠᠵᠠᠷ ᠬᠡᠷᠡᠭᠯᠡᠬᠦ ᠨᠢᠭᠡᠴᠢ ᠰᠢᠭᠤᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠪᠢᠴᠢᠭ ᠵᠶ᠋ᠠᠷ ᠦᠨᠳᠦᠰᠦ ᠪᠠᠷᠢᠮᠲᠠ ᠪᠣᠯᠭ᠋ᠠᠵᠤ ᠪᠦᠳᠦᠬᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠨ᠎ᠠ᠃ (ᠭᠤᠷᠪᠠ) ᠰᠢᠭᠤᠶ᠋ᠢᠲᠤ ᠭᠠᠵᠠᠷ᠎ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ᠎ᠳᠡᠭᠡᠨ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠤᠭᠰᠠᠨ ᠦᠬᠡᠢ ᠪᠣᠯ ᠭᠠᠵᠠᠷ ᠰᠢᠷᠣᠶ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢᠨ ᠭᠤᠶᠤᠴᠢᠯᠠᠯ᠎ᠢ ᠬᠦᠯᠢᠶᠡᠨ ᠠᠪᠴᠤ ᠰᠢᠢᠳᠪᠦᠷᠢᠯᠡᠵᠦ ᠪᠣᠯᠬᠤ ᠦᠬᠡᠢ᠃ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠤᠢ ᠰᠢᠭᠤᠶ ᠵᠢᠨ ᠲᠣᠪᠴᠢᠶᠠᠨ᠎ᠤ ᠳᠠᠷᠤᠮᠠᠯᠯᠠᠨ ᠶᠠᠪᠤᠭᠤᠯᠤᠭᠰᠠᠨ 《ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠲᠠᠲᠠᠪᠤᠷᠢᠯᠠᠬᠤ ᠬᠡᠷᠡᠭᠯᠡᠬᠦ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ》 ᠵᠢᠨ ᠮᠡᠳᠡᠭᠳᠡᠯ ( ᠡᠳ᠋ ᠶᠡᠷᠦᠩᠬᠡᠶ [2002] 73 ᠳ᠋ᠤᠭ᠋ᠠᠷ ᠲᠣᠭ᠋ᠠᠲᠤ)
ᠬᠠᠷᠢᠭᠤᠴᠠᠯᠭ᠎ᠠ ᠵᠢᠨ ᠵᠦᠢ᠍ᠯᠡᠰ
1. ᠢᠯᠡ ᠨᠡᠶ᠋ᠢᠲᠡᠯᠡᠬᠦ ᠵᠠᠷᠯᠠᠯ᠎ᠤᠨ ᠱᠠᠲᠤᠨ᠎ᠳᠤ ᠬᠠᠷᠢᠭᠤᠴᠠᠯᠭ᠎ᠠ᠄ ᠵᠠᠷᠯᠠᠨ ᠮᠡᠳᠡᠭᠳᠡᠬᠦ ᠬᠡᠷᠡᠭᠲᠡᠶ (ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ᠎ᠢ ᠲᠠᠲᠠᠪᠤᠷᠢᠯᠠᠬᠤ ᠵᠣᠭᠣᠰ᠎ᠤᠨ ᠲᠣᠭ᠎ᠠ᠂ ᠲᠠᠲᠠᠪᠤᠷᠢᠯᠠᠬᠤ ᠠᠷᠭ᠎ᠠ ᠮᠠᠶᠢᠭ᠂ ᠭᠦᠢ᠍ᠴᠡᠳᠬᠡᠬᠦ ᠴᠠᠭ ᠤᠨ ᠬᠢᠵᠠᠭ᠋ᠠᠷ ᠪᠠ ᠰᠢᠢᠳᠪᠦᠷᠢᠯᠡᠬᠦ ᠠᠷᠭ᠎ᠠ ᠮᠠᠶᠢᠭ ᠵᠢᠴᠢ ᠪᠤᠰᠤᠳ ᠠᠭᠤᠯᠭ᠎ᠠ ᠵᠢ ᠢᠯᠡ ᠨᠡᠶ᠋ᠢᠲᠡᠯᠡᠬᠦ ᠬᠡᠷᠡᠭᠲᠡᠶ)᠃
2. ᠬᠢᠨᠠᠨ ᠬᠠᠷᠭᠤᠭᠤᠯᠬᠤ ᠱᠠᠲᠤ ᠦᠶ᠎ᠡ ᠵᠢᠨ ᠬᠠᠷᠢᠭᠤᠴᠠᠯᠭ᠎ᠠ᠄ ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠪᠠᠩᠬᠢ ᠵᠢᠨ ᠲᠠᠨᠭ᠌ᠰᠠᠨ᠎ᠳᠤ ᠤᠷᠤᠭᠰᠠᠨ ᠮᠡᠳᠡᠭᠳᠡᠯ ᠪᠣᠯᠤᠨ ᠭᠠᠵᠠᠷ ᠬᠡᠷᠡᠭᠯᠡᠬᠦ ᠨᠢᠭᠡᠴᠢ ᠵᠢᠨ ᠬᠣᠯᠪᠣᠭᠳᠠᠯ ᠪᠦᠬᠦᠢ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠬᠡᠷᠡᠭᠳᠡᠢ᠃
3. ᠲᠣᠭᠲᠠᠭ᠋ᠠᠬᠤ ᠱᠠᠲᠤᠨ᠎ᠤ ᠬᠠᠷᠢᠭᠤᠴᠠᠯᠭ᠎ᠠ᠄ ᠬᠢᠨᠠᠨ ᠪᠠᠶ᠋ᠢᠴᠠᠭ᠋ᠠᠭᠰᠠᠨ ᠲᠣᠭᠲᠠᠭ᠋ᠠᠯ ᠭᠠᠷᠭ᠋ᠠᠬᠤ ᠬᠡᠷᠡᠭᠲᠡᠶ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠪᠤᠰᠤ ᠣᠷᠣᠯᠭ᠎ᠠ ᠵᠢᠨ ᠵᠣᠭᠣᠰ ᠲᠤᠰᠢᠶᠠᠬᠤ ᠪᠢᠴᠢᠭ》᠎ᠢ ᠪᠢᠴᠢᠵᠦ᠂ ᠣᠶ ᠰᠢᠭᠤᠶ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠤᠷᠢᠳᠴᠢᠯᠠᠨ ᠬᠤᠷᠢᠶᠠᠬᠤ ᠬᠡᠷᠡᠭᠲᠡᠶ᠃ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠵᠥᠪᠰᠢᠶᠡᠷᠡᠯ ᠤᠯᠤᠭᠰᠠᠨ ᠲᠦᠷ ᠬᠡᠷᠡᠭᠯᠡᠬᠦ ᠰᠢᠭᠤᠶ᠋ᠢᠲᠤ ᠭᠠᠵᠠᠷ᠎ᠤᠨ ᠲᠥᠷᠥᠯ ᠵᠦᠢ᠍ᠯ᠎ᠤᠨ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠴᠠᠭ ᠲᠤᠬᠠᠶ᠎ᠳᠤᠨᠢ ᠬᠥᠮᠥᠷᠭᠡ᠎ᠳᠤ ᠲᠤᠰᠢᠶᠠᠬᠤ ᠬᠡᠷᠡᠭᠲᠡᠶ; ᠰᠢᠭᠤᠶ᠋ᠢᠲᠤ ᠭᠠᠵᠠᠷ᠎ᠢ ᠳᠦᠷ ᠴᠠᠭ ᠬᠡᠷᠡᠭᠯᠡᠬᠦ ᠵᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠵᠦᠢ᠍ᠯᠡᠰ᠎ᠤᠨ ᠵᠣᠭᠣᠰ᠎ᠢ ᠲᠣᠭᠲᠠᠭ᠋ᠠᠯ ᠶᠣᠰᠣᠭ᠋ᠠᠷ ᠪᠤᠴᠠᠭ᠋ᠠᠬᠤ ᠬᠡᠷᠡᠭᠲᠡᠶ᠃
4. ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠄ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠤᠨ ᠲᠤᠰᠬᠠᠶ ᠵᠣᠭᠣᠰ᠎ᠢ ᠲᠤᠰᠬᠠᠶ ᠬᠡᠷᠡᠭᠯᠡᠵᠦ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠣᠳᠣ ᠲᠡᠷᠢᠵᠦ ᠣᠶ᠋ᠢᠵᠢᠭᠤᠯᠬᠤ ᠵᠢ ᠨᠢᠭᠡᠳᠦᠯᠲᠡᠶ ᠲᠣᠬᠢᠷᠠᠭᠤᠯᠤᠨ᠎ᠠ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠨ᠂ ᠲᠤᠤᠷ᠎ᠠ ᠱᠠᠲᠤᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠮᠣᠳᠣ ᠲᠡᠷᠢᠵᠦ ᠣᠶ᠋ᠢᠵᠢᠭᠤᠯᠬᠤ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠢ ᠵᠣᠬᠢᠶᠠᠨ ᠪᠠᠶ᠋ᠢᠭᠤᠯᠵᠤ ᠪᠠᠢ᠌ᠭ᠎ᠠ ᠪᠠᠶ᠋ᠢᠳᠠᠯ᠎ᠢ ᠲᠤᠭᠳᠠᠭᠰᠠᠨ ᠬᠤᠭᠤᠴᠠᠭ᠎ᠠ᠎ᠲᠠᠢ᠎ᠪᠠᠷ ᠰᠢᠪᠠᠳᠠᠨ ᠪᠠᠢ᠌ᠴᠠᠭ᠋ᠠᠨ᠎ᠠ᠃
5. ᠪᠤᠰᠤᠳ ᠬᠠᠤᠯᠢ ᠴᠠᠭ᠋ᠠᠵᠠ᠂ ᠬᠠᠤᠯᠢ ᠲᠦᠷᠢᠮ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ
1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠦᠢ᠍ᠯ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
2. 《 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ〉 ᠵᠢ ᠬᠡᠷᠡᠭᠵᠢᠬᠦᠯᠬᠦ ᠠᠷᠭ᠎ᠠ》 ᠵᠢᠨ ᠲᠠᠪᠢᠨ ᠨᠢᠭᠡᠳᠦᠭᠡᠷ ᠵᠦᠢ᠍ᠯ ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠶ᠋᠊ ᠵᠦᠷᠢᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃