ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠷᠦᠭᠡ ᠠᠮᠠ᠎ᠨᠢ ᠬᠠᠮᠢᠭ᠎ᠠ ᠪᠠᠢ᠍ᠢ᠍ᠭᠰᠠᠨ ᠴᠦ᠍ ᠲᠠᠭ᠋ᠠᠭ᠋ᠠᠴᠢᠯᠡᠭ᠍ᠰᠡᠨ ᠭᠠᠵᠠᠷ ᠰᠢᠷᠤᠢ᠎ᠪᠠᠨ ᠪᠤᠴᠠᠭ᠋ᠠᠬᠤ ᠡᠰᠡᠬᠦ ᠵᠢ ᠮᠠᠯᠴᠢᠨ ᠲᠠᠷᠢᠶᠡᠴᠢᠨ ᠦᠪᠡᠰᠦᠪᠠᠨ ᠲᠤᠭᠳᠠᠭ᠋ᠠᠵᠦ ᠪᠤᠯᠤᠨ᠎ᠠ
ᠨᠡᠶ᠋ᠢᠲᠡᠯᠡᠭᠰᠡᠨ ᠴᠠᠭ᠄ 2020-05-15

      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠍ᠢ᠍ᠨᠭ᠌ᠭᠤ ᠵᠢᠨ ᠬᠤᠷᠢᠶᠠᠨ᠎ᠤ ᠲᠤᠯᠤᠳᠤᠭ᠋ᠠᠷ ᠤᠳᠠᠭ᠋ᠠᠨ᠎ᠤ ᠬᠤᠷᠠᠯ᠎ᠠᠴᠠ ᠵᠠᠰᠠᠪᠤᠷᠢ ᠤᠷᠤᠭᠤᠯᠤᠭᠰᠠᠨ᠎ᠤ ᠲᠠᠷᠠᠭ᠋ᠠᠬᠢ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》 ᠵᠢ ᠪᠠᠳᠤᠯᠠᠭᠰᠠᠨ ᠪᠠᠢ᠍ᠢ᠍ᠨ᠎ᠠ᠃
      ᠰᠢᠨ᠎ᠡ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》᠎ᠨᠢ ᠬᠤᠳᠠ ᠤᠷᠤᠭᠰᠠᠨ ᠮᠠᠯᠴᠢᠨ ᠲᠠᠷᠢᠶᠠᠴᠢᠨ᠎ᠤ ᠭᠠᠵᠠᠷ ᠰᠢᠷᠤᠢ ᠲᠠᠭ᠋ᠠᠭ᠋ᠠᠴᠢᠯᠠᠬᠤ ᠡᠷᠭᠡ ᠵᠢᠨ ᠲᠤᠬᠠᠢ ᠴᠢᠬᠤᠯᠠ ᠶᠡᠬᠡ ᠵᠠᠰᠠᠪᠤᠷᠢ ᠤᠷᠤᠭᠤᠯᠤᠭᠰᠠᠨ ᠪᠠᠢ᠍ᠢ᠍ᠨ᠎ᠠ᠃
      ᠭᠠᠵᠠᠷ ᠰᠢᠷᠤᠢ (ᠨᠤᠳᠤᠭ ᠪᠠᠯᠴᠢᠭᠡᠷ) ᠲᠠᠭ᠋ᠠᠭ᠋ᠠᠴᠢᠯᠠᠭᠰᠠᠨ ᠮᠠᠯᠴᠢᠨ ᠲᠠᠷᠢᠶᠠᠴᠢᠨ ᠡᠷᠦᠭᠡ ᠬᠤᠳᠠ᠎ᠳᠤ ᠡᠷᠦᠭᠡ ᠠᠮᠠ᠎ᠪᠠᠨ ᠰᠢᠯᠵᠢᠭᠦᠯᠪᠡᠯ ᠲᠤᠰᠬᠤᠨ (ᠭᠠᠴᠠᠭ᠎ᠠ)᠎ᠤ ᠲᠠᠯ᠎ᠠ᠎ᠠᠴᠠ ᠲᠠᠭ᠋ᠠᠭ᠋ᠠᠴᠢᠯᠠᠭᠰᠠᠨ ᠭᠠᠵᠠᠷ ᠰᠢᠷᠤᠢ ᠵᠢ ᠪᠤᠴᠠᠭ᠋ᠠᠨ ᠠᠪᠬᠤ᠎ᠪᠠᠷ ᠱᠠᠭ᠋ᠠᠷᠳᠠᠬᠤ ᠡᠷᠭᠡ ᠦᠭᠡᠢ ᠪᠤᠯᠤᠭᠰᠠᠨ ᠪᠦᠭᠡᠳ ᠡᠮᠡᠭᠳᠠᠢ᠍ᠢ᠍ᠴᠤᠳ ᠴᠦ᠍ ᠠᠳᠠᠯᠢᠬᠠᠨ ᠵᠶ᠋ᠠᠷ ᠭᠠᠵᠠᠷ ᠰᠢᠷᠤᠢ ᠲᠠᠭ᠋ᠠᠭ᠋ᠠᠴᠢᠯᠠᠬᠤ ᠡᠷᠭᠡ ᠠᠰᠢᠭ᠎ᠢ ᠬᠦᠷᠳᠡᠬᠦ ᠪᠤᠯᠤᠭᠰᠠᠨ ᠪᠠᠢ᠍ᠢ᠍ᠨ᠎ᠠ᠃
      ᠵᠠᠰᠠᠪᠤᠷᠢ ᠤᠷᠤᠭᠤᠯᠤᠭᠰᠠᠨ᠎ᠤ ᠲᠠᠷᠠᠭ᠋ᠠᠬᠢ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》᠎ᠳᠤ ᠲᠤᠭᠳᠠᠭ᠋ᠠᠭᠰᠠᠨ᠎ᠨᠢ᠄
      ᠭᠠᠵᠠᠷ ᠰᠢᠷᠤᠢ ᠲᠠᠭ᠋ᠠᠭ᠋ᠠᠴᠢᠯᠠᠬᠤ ᠡᠷᠭᠡ᠎ᠪᠠᠨ ᠪᠤᠴᠠᠭ᠋ᠠᠬᠤ᠎ᠪᠠᠷ ᠮᠠᠯᠴᠢᠨ ᠲᠠᠷᠢᠶᠠᠴᠢᠨ᠎ᠤ ᠬᠤᠳᠠ ᠤᠷᠤᠬᠤ ᠨᠦᠬᠦᠴᠡᠯ ᠪᠤᠯᠭ᠋ᠠᠵᠦ ᠪᠤᠯᠬᠤ ᠦᠭᠡᠢ᠃
      ᠮᠠᠯᠴᠢᠨ ᠲᠠᠷᠢᠶᠠᠴᠢᠨ ᠬᠤᠳᠠ᠎ᠳᠤ ᠡᠷᠦᠭᠡ ᠠᠮᠠ᠎ᠪᠠᠨ ᠰᠢᠯᠵᠢᠭᠦᠯᠪᠡᠯ᠂ ᠶᠠᠮᠠᠷ ᠬᠤᠳᠠ᠎ᠳᠤ ᠤᠴᠢᠭᠰᠠᠨ ᠴᠤ᠌ ᠭᠡᠰᠡᠨ ᠭᠠᠵᠠᠷ ᠰᠢᠷᠤᠢ ᠲᠠᠭ᠋ᠠᠭ᠋ᠠᠴᠢᠯᠠᠬᠤ ᠬᠤᠭᠤᠴᠠᠭ᠋ᠠᠨ᠎ᠳᠤ ᠲᠡᠳᠡᠨ᠎ᠤ ᠭᠠᠵᠠᠷ ᠰᠢᠷᠤᠢ ᠵᠢ᠎ᠨᠢ ᠪᠤᠴᠠᠭ᠋ᠠᠨ ᠠᠪᠴᠦ ᠪᠤᠯᠬᠤ ᠦᠭᠡᠢ ᠬᠡᠵᠠᠢ᠃
      ᠦᠭᠡᠷ᠎ᠡ᠎ᠪᠠᠷ ᠬᠡᠯᠡᠪᠡᠯ᠄
      ᠡᠷᠦᠭᠡ ᠠᠮᠠ᠎ᠨᠢ ᠬᠠᠮᠢᠭ᠎ᠠ ᠪᠠᠢ᠍ᠢ᠍ᠭᠰᠠᠨ ᠴᠤ᠌ ᠲᠠᠭ᠋ᠠᠭ᠋ᠠᠴᠢᠯᠠᠭᠰᠠᠨ ᠭᠠᠵᠠᠷ ᠰᠢᠷᠤᠢ᠎ᠪᠠᠨ ᠪᠤᠴᠠᠭ᠋ᠠᠬᠤ ᠡᠰᠡᠬᠦ ᠵᠢ ᠮᠠᠯᠴᠢᠨ ᠲᠠᠷᠢᠶᠠᠴᠢᠨ ᠦᠪᠡᠰᠦᠪᠡᠨ ᠲᠤᠭᠳᠠᠭ᠋ᠠᠵᠦ ᠪᠤᠯᠤᠨ᠎ᠠ᠃ ᠰᠠᠢ᠍ᠢ᠍ᠨ ᠲᠤᠷ᠎ᠠ᠎ᠠᠴᠠ᠎ᠪᠠᠨ ᠪᠤᠴᠠᠭ᠋ᠠᠬᠤ ᠪᠤᠯ ᠲᠠᠷᠢᠭᠦᠨ ᠴᠢᠬᠤᠯᠠ ᠨᠦᠭᠦᠴᠡᠯ ᠪᠤᠯᠤᠨ᠎ᠠ᠃
      ᠵᠠᠰᠠᠪᠤᠷᠢ ᠤᠷᠤᠭᠤᠯᠤᠭᠰᠠᠨ᠎ᠤ ᠲᠠᠷᠠᠭ᠋ᠠᠬᠢ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》᠎ᠳᠤ ᠮᠠᠯᠴᠢᠨ ᠲᠠᠷᠢᠶᠠᠴᠢᠨ ᠲᠠᠭ᠋ᠠᠭ᠋ᠠᠴᠢᠯᠠᠭᠰᠠᠨ ᠭᠠᠵᠠᠷ ᠰᠢᠷᠤᠢ᠎ᠪᠠᠨ ᠭᠤᠷᠪᠠᠨ ᠵᠦᠢ᠍ᠯ᠎ᠤᠨ ᠠᠷᠭ᠎ᠠ᠎ᠪᠠᠷ ᠰᠢᠢ᠍ᠳᠪᠦᠷᠢᠯᠡᠵᠦ ᠪᠤᠯᠤᠨ᠎ᠠ ᠭᠡᠵᠦ ᠲᠤᠭᠳᠠᠭ᠋ᠠᠪᠠ᠄
      ᠨᠢᠭᠡ᠂ ᠰᠠᠢ᠍ᠢ᠍ᠨ ᠲᠤᠷ᠎ᠠ᠎ᠠᠴᠠ᠎ᠪᠠᠨ ᠲᠦᠯᠦᠪᠦᠷᠢ ᠠᠪᠬᠤ ᠵᠠᠷᠴᠢᠮ ᠵᠶ᠋ᠠᠷ ᠭᠠᠵᠠᠷ ᠰᠢᠷᠤᠢ ᠲᠠᠭ᠋ᠠᠭ᠋ᠠᠴᠢᠯᠠᠬᠤ᠎ᠪᠠᠷ ᠲᠤᠰᠬᠤᠨ (ᠭᠠᠴᠠᠭ᠎ᠠ)᠎ᠤ᠎ᠪᠠᠨ ᠪᠤᠰᠤᠳ ᠮᠠᠯᠴᠢᠨ ᠲᠠᠷᠢᠶᠠᠴᠢᠨ᠎ᠳᠤ ᠪᠦᠷᠢᠮᠤᠰᠤᠨ ᠰᠢᠯᠵᠢᠭᠦᠯᠵᠦ ᠪᠤᠯᠤᠨ᠎ᠠ᠃
      ᠬᠤᠶᠠᠷ᠂ ᠲᠠᠭ᠋ᠠᠭ᠋ᠠᠴᠢᠯᠠᠭᠰᠠᠨ ᠭᠠᠵᠠᠷ ᠰᠢᠷᠤᠢ᠎ᠪᠠᠨ ᠰᠠᠨᠠᠭ᠋ᠠᠴᠢᠯᠠᠭ᠎ᠠ᠎ᠠᠴᠠ᠎ᠪᠠᠨ ᠬᠠᠮᠳᠦ ᠨᠡᠢ᠍ᠢ᠍ᠳᠡ᠎ᠳᠤ ᠪᠤᠴᠠᠭ᠋ᠠᠵᠦ᠂ ᠬᠠᠮᠳᠦ ᠨᠡᠢ᠍ᠢ᠍ᠳᠡ᠎ᠠᠴᠠ ᠵᠤᠬᠢᠬᠤ ᠨᠦᠬᠦᠪᠦᠷᠢ ᠠᠪᠴᠦ ᠪᠤᠯᠤᠨ᠎ᠠ᠃
      ᠭᠤᠷᠪᠠ᠂ ᠡᠭᠦᠨ᠎ᠠᠴᠠ ᠭᠠᠳᠠᠨ᠎ᠠ᠂ ᠲᠠᠭ᠋ᠠᠭ᠋ᠠᠴᠢᠯᠠᠬᠤ ᠡᠷᠭᠡ᠎ᠪᠠᠨ ᠦᠯᠡᠳᠡᠭᠡᠵᠦ᠂ ᠡᠵᠡᠨᠭᠨᠡᠬᠦ ᠡᠷᠭᠡ᠎ᠪᠠᠨ ᠪᠤᠰᠤᠳ ᠬᠦᠮᠦᠨ᠎ᠳᠤ ᠰᠢᠯᠵᠢᠭᠦᠯᠵᠦ ᠪᠤᠯᠤᠨ᠎ᠠ᠃
      ᠡᠨᠡ ᠭᠤᠷᠪᠠᠨ ᠵᠦᠢ᠍ᠯ᠎ᠤᠨ ᠬᠡᠯᠪᠡᠷᠢ ᠵᠢ ᠮᠠᠯᠴᠢᠨ ᠲᠠᠷᠢᠶᠠᠴᠢᠨ ᠦᠪᠡᠷ ᠵᠶ᠋ᠠᠨ ᠰᠤᠨᠭ᠌ᠭᠤᠵᠦ ᠪᠤᠯᠤᠨ᠎ᠠ᠃ ᠤᠷᠢᠳᠡᠯ ᠨᠦᠬᠦᠴᠡᠯ᠎ᠨᠢ ᠭᠠᠵᠠᠷ ᠰᠢᠷᠤᠢ ᠲᠠᠭ᠋ᠠᠭ᠋ᠠᠴᠢᠯᠠᠬᠤ ᠬᠤᠭᠤᠴᠠᠭ᠋ᠠᠨ᠎ᠳᠤ ᠪᠠᠢ᠍ᠢ᠍ᠬᠤ ᠬᠡᠷᠡᠭᠳᠠᠢ᠃ ᠶᠠᠮᠠᠷ ᠪᠠᠢ᠍ᠢ᠍ᠳᠠᠯ ᠲᠤᠤᠷ᠎ᠠ ᠴᠤ᠌ ᠭᠡᠰᠡᠨ ᠲᠤᠰᠬᠤᠨ (ᠭᠠᠴᠠᠭ᠎ᠠ)᠎ᠤ ᠬᠠᠮᠳᠦ ᠨᠡᠢ᠍ᠢ᠍ᠳᠡ᠎ᠠᠴᠠ ᠮᠠᠯᠴᠢᠨ ᠲᠠᠷᠢᠶᠠᠴᠢᠨ᠎ᠤ ᠲᠠᠭ᠋ᠠᠭ᠋ᠠᠴᠢᠯᠠᠭᠰᠠᠨ ᠭᠠᠵᠠᠷ ᠰᠢᠷᠤᠢ ᠵᠢ ᠠᠯᠪᠠᠳᠠᠯᠭ᠎ᠠ᠎ᠪᠠᠷ ᠪᠤᠴᠠᠭ᠋ᠠᠨ ᠠᠪᠴᠦ ᠪᠤᠯᠬᠤ ᠦᠭᠡᠢ᠂ ᠰᠠᠢ᠍ᠢ᠍ᠨ ᠲᠤᠷ᠎ᠠ᠎ᠠᠴᠠ᠎ᠪᠠᠨ ᠪᠠᠢ᠍ᠢ᠍ᠬᠤ ᠪᠤᠯ ᠬᠠᠮᠤᠭ ᠴᠢᠬᠤᠯᠠ ᠶᠤᠮ᠃
      ᠵᠠᠰᠠᠪᠤᠷᠢ ᠤᠷᠤᠭᠤᠯᠤᠭᠰᠠᠨ᠎ᠤ ᠲᠠᠷᠠᠭ᠋ᠠᠬᠢ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》᠎ᠳᠤ ᠡᠮᠡᠭᠳᠠᠢ᠍ᠢ᠍ᠴᠤᠳ᠎ᠤᠨ ᠭᠠᠵᠠᠷ ᠰᠢᠷᠤᠢ ᠲᠠᠭ᠋ᠠᠭ᠋ᠠᠴᠢᠯᠠᠬᠤ ᠡᠷᠭᠡ ᠮᠡᠳᠡᠯ᠎ᠢ ᠲᠦᠢ᠍ᠯ ᠵᠶ᠋ᠠᠷ ᠴᠢᠬᠤᠯᠠᠴᠢᠯᠠᠨ ᠦᠵᠡᠵᠦ ᠬᠠᠮᠠᠭ᠋ᠠᠯᠠᠭᠰᠠᠭ᠋ᠠᠷ ᠢᠷᠡᠵᠠᠢ᠃
      ᠤᠤᠯ᠎ᠤᠨ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》 ᠵᠢᠨ 31 ᠳ᠋ᠤᠭᠡᠷ ᠵᠤᠷᠪᠤᠰ᠎ᠲᠤ᠄
      ᠭᠠᠵᠠᠷ ᠰᠢᠷᠤᠢ ᠲᠠᠭ᠋ᠠᠭ᠋ᠠᠴᠢᠯᠠᠬᠤ ᠬᠤᠭᠤᠴᠠᠭ᠋ᠠᠨ᠎ᠳᠤ ᠡᠮᠡᠭᠳᠠᠢ ᠬᠦᠮᠦᠨ ᠬᠤᠷᠢᠮᠯᠠᠭᠰᠠᠨ᠎ᠤ ᠲᠠᠷᠠᠭ᠎ᠠ ᠰᠢᠨ᠎ᠡ ᠰᠠᠭᠤᠭ᠎ᠠ ᠭᠠᠵᠠᠷ᠎ᠲᠠᠭᠠᠨ ᠭᠠᠵᠠᠷ ᠰᠢᠷᠤᠢ ᠲᠠᠭ᠋ᠠᠭ᠋ᠠᠴᠢᠯᠠᠵᠦ ᠤᠯᠤᠭᠰᠠᠨ ᠦᠭᠡᠢ ᠪᠤᠯ ᠤᠤᠯ᠎ᠤᠨ ᠲᠠᠭ᠋ᠠᠭ᠋ᠠᠴᠢᠯᠠᠭᠰᠠᠨ ᠭᠠᠵᠠᠷ ᠰᠢᠷᠤᠢ ᠵᠢ᠎ᠨᠢ ᠪᠤᠴᠠᠭ᠋ᠠᠵᠦ ᠠᠪᠴᠦ ᠪᠤᠯᠬᠤ ᠦᠭᠡᠢ᠃ ᠬᠡᠷᠪᠠ ᠡᠮᠡᠭᠳᠠᠢ᠍ᠢ᠍ᠴᠤᠳ ᠤᠷᠤᠭ ᠰᠠᠯᠬᠤ ᠪᠤᠶᠤ ᠬᠠᠨᠢ ᠨᠦᠭᠦᠷ ᠵᠶ᠋ᠠᠨ ᠠᠯᠳᠠᠭᠰᠠᠨ᠎ᠤ ᠲᠠᠷᠠᠭ᠎ᠠ ᠮᠦᠨ ᠯᠠ ᠲᠠᠨᠳᠠ ᠠᠮᠢᠳᠤᠷᠠᠬᠤ᠂ ᠡᠰᠡᠭᠦᠯ᠎ᠡ ᠲᠡᠨᠳᠡ ᠠᠮᠢᠳᠤᠷᠠᠬᠤ ᠦᠭᠡᠢ ᠴᠤ᠌ ᠭᠡᠰᠡᠨ ᠰᠢᠨ᠎ᠡ ᠰᠠᠭᠤᠭ᠎ᠠ ᠭᠠᠵᠠᠷ᠎ᠲᠠᠭᠠᠨ ᠭᠠᠵᠠᠷ ᠰᠢᠷᠤᠢ ᠲᠠᠭ᠋ᠠᠭ᠋ᠠᠴᠢᠯᠠᠵᠦ ᠤᠯᠤᠭᠰᠠᠨ ᠪᠤᠯ ᠤᠤᠯ᠎ᠤᠨ ᠲᠠᠭ᠋ᠠᠭ᠋ᠠᠴᠢᠯᠠᠭᠰᠠᠨ ᠭᠠᠵᠠᠷ ᠰᠢᠷᠤᠢ ᠵᠢ᠎ᠨᠢ ᠮᠦᠨ ᠪᠤᠴᠠᠭ᠋ᠠᠨ ᠠᠪᠴᠦ ᠪᠤᠯᠬᠤ ᠦᠭᠡᠢ ᠬᠡᠵᠠᠢ᠃
      ᠵᠠᠰᠠᠪᠤᠷᠢ ᠤᠷᠤᠭᠤᠯᠤᠭᠰᠠᠨ᠎ᠤ ᠲᠠᠷᠠᠭ᠋ᠠᠬᠢ 《ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠠᠤᠯᠢ》᠎ᠳᠤ ᠬᠤᠶᠠᠷ ᠵᠤᠷᠪᠤᠰ ᠨᠡᠮᠡᠵᠦ ᠤᠷᠤᠭᠤᠯᠪᠠ᠄
      ᠨᠢᠭᠡ᠂ ᠭᠡᠷ ᠪᠦᠯᠢ ᠵᠢᠨ ᠪᠦᠷᠢᠯᠳᠦᠭᠦᠨ ᠭᠠᠵᠠᠷ ᠰᠢᠷᠤᠢ ᠲᠠᠭ᠋ᠠᠭ᠋ᠠᠴᠢᠯᠠᠬᠤ ᠡᠯ᠎ᠡ ᠲᠦᠷᠦᠯ᠎ᠤᠨ ᠡᠷᠭᠡ ᠠᠰᠢᠭ᠎ᠢ ᠬᠠᠤᠯᠢ ᠶᠤᠰᠤᠭ᠋ᠠᠷ ᠡᠷᠭᠡ ᠲᠡᠭᠰᠢ᠎ᠪᠠᠷ ᠬᠦᠷᠳᠡᠬᠦ ᠡᠷᠬᠡ᠎ᠲᠠᠢ᠃
      ᠬᠤᠶᠠᠷ᠂ ᠭᠠᠵᠠᠷ ᠰᠢᠷᠤᠢ ᠲᠠᠭ᠋ᠠᠭ᠋ᠠᠴᠢᠯᠠᠨ ᠡᠵᠡᠨᠭᠨᠡᠬᠦ ᠡᠷᠭᠡ ᠵᠢ ᠪᠦᠷᠢᠳᠭᠡᠨ ᠲᠠᠨᠭ᠌ᠰᠠᠯᠠᠵᠦ᠂ ᠨᠤᠳᠠᠯᠠᠨ ᠲᠤᠭᠳᠠᠭ᠋ᠠᠵᠦ ᠦᠨᠡᠮᠯᠡᠯ ᠤᠯᠭᠤᠬᠤ ᠬᠡᠷᠡᠭᠳᠠᠢ᠂ ᠲᠠᠭ᠋ᠠᠭ᠋ᠠᠴᠢᠯᠡᠨ ᠡᠵᠡᠨᠭᠨᠡᠬᠦ ᠡᠷᠭᠡ ᠵᠢᠨ ᠦᠨᠡᠮᠯᠡᠯ ᠪᠠ ᠤᠢ ᠰᠢᠭᠤᠢ ᠵᠢᠨ ᠡᠷᠭᠡ ᠵᠢᠨ ᠦᠨᠡᠮᠯᠡᠯ ᠤᠯᠭᠤᠬᠤ ᠦᠶ᠎ᠡ᠎ᠳᠤ ᠮᠠᠯᠴᠢᠨ ᠲᠠᠷᠢᠶᠠᠴᠢᠨ ᠡᠷᠦᠭᠡ ᠵᠢᠨ ᠬᠡᠷ ᠪᠦᠯᠢ ᠵᠢᠨ ᠪᠦᠷᠢᠯᠳᠦᠭᠦᠨ᠎ᠢ ᠪᠦᠷ ᠲᠠᠨᠭ᠌ᠰᠠᠯᠠᠵᠦ ᠲᠡᠮᠳᠡᠭᠯᠡᠬᠦ ᠬᠡᠷᠡᠭᠳᠠᠢ᠃
      ᠡᠨᠡ ᠬᠤᠶᠠᠷ ᠲᠤᠭᠳᠠᠭ᠋ᠠᠯ᠎ᠤᠨ ᠭᠤᠤᠯ ᠵᠤᠷᠢᠯᠭ᠎ᠠ᠎ᠨᠢ ᠲᠠᠷᠤᠢ ᠡᠮᠡᠭᠳᠠᠢ᠍ᠢ᠍ᠴᠤᠳ᠎ᠤᠨ ᠭᠠᠵᠠᠷ ᠰᠢᠷᠤᠢ ᠵᠢᠨ ᠡᠷᠭᠡ ᠠᠰᠢᠭ᠎ᠢ ᠬᠠᠮᠠᠭ᠋ᠠᠯᠠᠬᠤ ᠵᠢᠨ ᠲᠦᠯᠦᠭᠡ ᠶᠤᠮ᠃

ᠢᠷᠡᠯᠲᠡ᠄ ᠲᠦᠩᠯᠢᠶᠤᠤ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠭᠤᠤᠯᠳᠠᠯᠭ᠎ᠠ
ᠵᠢᠷᠤᠭ ᠵᠶ᠋ᠠᠷ ᠥᠭᠦᠯᠡᠬᠦᠢ᠄ ᠲᠣᠭ᠋ᠠᠵᠢᠯᠠᠭᠰᠠᠨ ᠰᠢᠨ᠎ᠡ ᠰᠠᠭᠤᠷᠢ ᠪᠠᠶ᠋ᠢᠭᠤᠯᠤᠯᠲᠠ᠎ᠨᠢ ᠥᠪᠥᠷ ᠮᠣᠩᠭᠤᠯ᠎ᠳᠤ ᠶᠠᠮᠠᠷ ᠬᠤᠪᠢᠷᠠᠯᠲᠠ ᠵᠢ ᠠᠪᠴᠢᠷᠠᠬᠤ ᠪᠣᠢ
ᠵᠢᠷᠤᠭ ᠵᠶ᠋ᠠᠷ ᠥᠭᠦᠯᠡᠬᠦᠢ᠄ ᠰᠤᠮᠤ ᠰᠢᠶᠠᠩ ᠪᠠᠯᠭ᠋ᠠᠰᠤ ᠵᠢᠨ ᠲᠤᠭ᠎ᠠ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠠᠶ᠋ᠢᠷᠢᠯᠠᠭᠤᠯᠪᠠ
《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠲᠠᠶ᠋ᠢᠯᠤᠮᠵᠢ
 
             蒙ICP备05000248号