ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2020-06-11

      ᠤᠢ᠌ᠷ᠎ᠠ᠎ᠳᠤ᠂ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠢ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠠᠵᠢᠯ᠎ᠢ ᠴᠢᠩᠭ᠋ᠠᠳᠬᠠᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠡᠷᠭᠦᠯᠲᠡ ᠵᠢ ᠲᠦᠷᠭᠡᠳᠬᠡᠵᠦ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠢ ᠪᠡᠬᠢᠵᠢᠯᠬᠦᠯᠬᠦ ᠵᠢ ᠱᠠᠭ᠋ᠠᠷᠳᠠᠪᠠ᠃
      ᠮᠡᠳᠡᠭᠳᠡᠯ᠎ᠳᠤ ᠵᠢᠭ᠋ᠠᠵᠤ ᠭᠠᠷᠭ᠋ᠠᠭᠰᠠᠨ᠎ᠨᠢ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠭᠦᠭᠡᠬᠦ ᠠᠵᠢᠯ᠎ᠢ ᠨᠠᠩ ᠳᠤᠪᠤᠢ᠌ᠮ᠎ᠠ ᠪᠠᠢ᠌ᠷᠢᠨ᠎ᠳᠤ ᠳᠠᠯᠪᠢᠵᠤ᠂ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ ᠣᠷᠣᠭᠤᠯᠵᠤ᠂ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ ᠪᠦᠰᠡ ᠵᠢ᠎ᠨᠢ ᠲᠣᠳᠣᠷᠬᠠᠶ ᠬᠤᠪᠢᠶᠠᠷᠢᠯᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷ᠎ᠢ ᠰᠡᠷᠭᠦᠭᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢᠴᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ ᠭᠡᠪᠡ᠃ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠲᠣᠭᠲᠠᠭ᠋ᠠᠯ᠎ᠤᠨ   ᠦᠨᠳᠦᠰᠦᠯᠡᠯ ᠲᠤᠭᠳᠠᠭ᠋ᠠᠭᠰᠠᠨ ᠦᠭᠡᠢ ᠭᠠᠵᠠᠷ ᠣᠷᠣᠨ ᠬᠠᠮᠢᠶ᠎ᠠ ᠪᠦᠬᠦᠢ ᠬᠠᠤᠯᠢ ᠳᠦᠷᠢᠮ᠎ᠢ ᠲᠣᠭᠲᠠᠭ᠋ᠠᠬᠤ ᠵᠢ ᠲᠦᠷᠭᠡᠳᠬᠡᠨ ᠠᠬᠢᠭᠤᠯᠵᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷ᠎ᠢ ᠰᠡᠷᠭᠦᠭᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠪᠠ ᠨᠠᠶ᠋ᠢᠳᠠᠪᠤᠷᠢᠵᠢᠭᠤᠯᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠨ᠎ᠠ᠃ ᠡᠯ᠎ᠡ ᠭᠠᠵᠠᠷ᠎ᠤᠨ᠎ᠬᠢᠨ ᠬᠦᠨᠳᠦ ᠨᠣᠴᠢᠲᠠᠶ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠵᠢᠭᠰᠡᠨ ᠨᠤᠲᠤᠭ ᠪᠡᠯᠴᠢᠭᠡᠷ᠂ ᠠᠮᠢ ᠠᠬᠤᠶ ᠬᠡᠪᠡᠷᠡᠭ ᠣᠷᠣᠨ᠎ᠤ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠪᠣᠯᠤᠨ ᠠᠮᠢ ᠠᠬᠤᠢ ᠵᠢᠨ ᠬᠤᠷᠢᠭ᠎ᠠ ᠱᠤᠭᠤᠮ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠬᠦ ᠵᠢ ᠴᠠᠭ᠋ᠠᠵᠠᠯᠠᠭᠰᠠᠨ ᠨᠤᠲᠤᠭ ᠪᠡᠯᠴᠢᠭᠡᠷ᠎ᠲᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠢᠲᠡᠭᠦᠮᠵᠢᠯᠡᠨ ᠬᠠᠮᠠᠭ᠋ᠠᠯᠠᠬᠤ ᠵᠢ ᠬᠠᠤᠯᠢ ᠶᠣᠰᠣᠭ᠋ᠠᠷ ᠬᠡᠷᠡᠭᠵᠢᠬᠦᠯᠦᠨ᠎ᠡ᠃ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠣᠷᠣᠨ᠎ᠠᠴᠠ ᠪᠤᠰᠤᠳ ᠤᠷᠤᠨ ᠪᠦᠰᠡ᠎ᠳᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠪᠣᠯᠤᠨ ᠦᠢ᠍ᠯᠡᠳᠪᠦᠷᠢᠯᠡᠵᠤ ᠠᠰᠢᠭᠯᠠᠬᠤ ᠠᠷᠭ᠎ᠠ ᠮᠠᠶᠢᠭ᠎ᠢ ᠦᠨᠳᠦᠰᠦᠯᠡᠨ ᠤᠯᠠᠷᠢᠯ᠎ᠤᠨ ᠴᠢᠨᠠᠷᠲᠠᠶ ᠥᠨᠵᠢᠭᠦᠯᠦᠨ ᠮᠠᠯᠵᠢᠬᠤ ᠵᠢ ᠥᠷᠨᠢᠭᠦᠯᠬᠦ ᠵᠢᠨ ᠬᠠᠮᠲᠤ ᠲᠤᠬᠠᠶ ᠵᠢᠨ ᠭᠠᠵᠠᠷ᠎ᠤᠨ ᠴᠠᠭ ᠠᠭᠤᠷ᠎ᠤᠨ ᠨᠥᠬᠥᠴᠡᠯ᠂ ᠡᠪᠡᠰᠦ ᠪᠡᠯᠴᠢᠭᠡᠷ ᠎ᠤᠨ ᠪᠠᠢ᠌ᠳᠠᠯ᠎ᠲᠠᠢ ᠤᠶᠠᠯᠳᠤᠭᠤᠯᠤᠨ᠂ ᠤᠯᠠᠷᠢᠯ᠎ᠤᠨ ᠴᠢᠨᠠᠷᠲᠠᠶ ᠥᠨᠵᠢᠭᠦᠯᠦᠨ ᠮᠠᠯᠵᠢᠬᠤ ᠪᠣᠳᠠᠲᠠᠶ ᠣᠷᠣᠨ ᠪᠦᠰᠡ ᠪᠣᠯᠤᠨ ᠴᠠᠭ ᠬᠤᠭᠤᠴᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠤᠭᠳᠠᠭ᠋ᠠᠨ᠎ᠠ᠃ ᠦᠨᠵᠢᠬᠦᠯᠦᠨ ᠮᠠᠯᠵᠢᠬᠤ ᠬᠤᠭᠤᠴᠠᠭ᠋ᠠᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠬᠤᠭᠤᠴᠠᠭ᠋ᠠᠨ᠎ᠤ ᠬᠠᠮᠢᠶᠠᠷᠤᠯᠲᠠ᠎ᠯᠤᠭ᠎ᠠ ᠠᠳᠠᠯᠢ ᠪᠠᠷᠢᠮᠵᠢᠶ᠎ᠠ᠎ᠪᠠᠷ ᠬᠡᠷᠡᠭᠵᠢᠬᠦᠯᠦᠨ᠎ᠡ᠃ ᠨᠤᠲᠤᠭ ᠪᠡᠯᠴᠢᠭᠡᠷ᠎ᠤᠨ ᠲᠠᠯᠠᠪᠠᠢ ᠨᠡᠯᠢᠶᠡᠳ ᠶᠡᠬᠡ ᠪᠠᠢ᠌ᠬᠤ ᠰᠢᠶᠠᠨ᠎ᠤ ᠱᠠᠲᠤᠨ᠎ᠠᠴᠠ ᠳᠡᠭᠡᠭᠰᠢᠬᠢ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠶ ᠵᠢᠨ ᠭᠠᠵᠠᠷ᠎ᠤᠨ   ᠵᠠᠰᠠᠭ᠎ᠤᠨ ᠣᠷᠳᠣᠨ᠎ᠢ ᠢᠳᠡᠪᠬᠢᠲᠡᠶ᠎ᠪᠠᠷ ᠤᠷᠢᠵᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠵᠠᠷᠯᠢᠭ᠎ᠢ ᠴᠠᠭ ᠲᠤᠬᠠᠶ᠎ᠳᠤᠨᠢ ᠨᠡᠢ᠌ᠳᠠᠯᠠᠨ᠎ᠠ᠃
      ᠮᠡᠳᠡᠭᠳᠡᠯ᠎ᠳᠤ ᠱᠠᠭ᠋ᠠᠷᠳᠠᠭᠰᠠᠨ᠎ᠨᠢ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠬᠤᠭᠤᠴᠠᠭ᠋ᠠᠨ᠎ᠳᠤ᠂ ᠡᠯ᠎ᠡ ᠭᠠᠵᠠᠷ᠎ᠤᠨ᠎ᠬᠢᠨ ᠪᠠᠶ᠋ᠢᠭᠤᠯᠤᠮᠵᠢ᠂ ᠠᠵᠢᠯᠲᠠᠨ᠂ ᠲᠡᠷᠭᠡ ᠬᠥᠰᠬᠡ ᠪᠠ ᠵᠠᠷᠤᠳᠠᠯ ᠵᠡᠷᠭᠡ ᠲᠠᠯ᠎ᠠ᠎ᠪᠠᠷ ᠪᠠᠲᠤᠯᠠᠭ᠎ᠠ ᠬᠠᠩᠭ᠋ᠠᠬᠤ ᠬᠡᠷᠡᠭᠲᠡᠶ᠃ ᠨᠤᠲᠤᠭ ᠪᠡᠯᠴᠢᠭᠡᠷ᠎ᠤᠨ ᠡᠷᠬᠡ ᠵᠢ ᠨᠤᠲᠠᠯᠠᠨ ᠳᠠᠭ᠋ᠠᠭ᠋ᠠᠴᠢᠯᠠᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠲᠠᠷᠢᠶᠠᠴᠢᠨ ᠮᠠᠯᠴᠢᠳ᠎ᠲᠤ ᠤᠷᠲᠤ ᠬᠤᠭᠤᠴᠠᠭ᠎ᠠ᠎ᠪᠠᠷ ᠲᠣᠭᠲᠠᠪᠤᠷᠢᠲᠠᠶ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠬᠠᠤᠯᠢ ᠶᠣᠰᠣᠭ᠋ᠠᠷ ᠣᠯᠭᠣᠵᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠭᠦᠭᠡᠬᠦ ᠠᠵᠢᠯ᠎ᠳᠤ ᠰᠠᠭᠤᠷᠢ ᠲᠠᠯᠪᠢᠬᠤ ᠬᠡᠷᠡᠭᠲᠡᠶ᠃ ᠬᠢᠨᠠᠨ ᠬᠡᠮᠵᠢᠬᠦ ᠰᠢᠰᠲ᠋ᠧᠮᠵᠢ ᠵᠢ ᠪᠦᠷᠢᠨ ᠪᠣᠯᠭ᠋ᠠᠨ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷ ᠰᠡᠷᠬᠦᠭᠡᠬᠦ ᠦᠷ᠎ᠡ ᠪᠦᠲᠦᠮᠵᠢ ᠵᠢ ᠴᠠᠭ ᠲᠤᠬᠠᠶ᠎ᠳᠤᠨᠢ ᠡᠵᠡᠮᠰᠢᠵᠦ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠬᠦᠭᠡᠬᠦ ᠠᠵᠢᠯ᠎ᠳᠤ ᠦᠨᠡᠯᠡᠯᠲᠡ ᠬᠢᠨ᠎ᠡ᠃ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠭᠦᠭᠡᠬᠦ᠎ᠨᠢ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠳᠤ ᠬᠣᠯᠪᠣᠭᠳᠠᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠱᠠᠩᠨᠠᠯ᠎ᠤᠨ ᠲᠥᠷᠥ ᠵᠢᠨ ᠪᠤᠳᠤᠯᠭ᠎ᠠ ᠵᠢ ᠪᠦᠲᠦᠮᠵᠢᠲᠡᠶ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠨ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠨᠡᠮᠡᠭᠳᠡᠭᠦᠯᠬᠦ᠎ᠪᠠᠷ ᠴᠢᠷᠮᠠᠢ᠌ᠵᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠭᠦᠭᠡᠬᠦ ᠠᠵᠢᠯ᠎ᠢ ᠤᠷᠤᠭᠰᠢᠲᠠᠶ ᠥᠷᠨᠢᠭᠦᠯᠬᠦ᠎ᠳᠤ ᠨᠥᠬᠥᠴᠡᠯ ᠪᠦᠷᠢᠯᠳᠦᠭᠦᠯᠵᠦ ᠥᠭᠭᠦᠨ᠎ᠡ᠃ ᠡᠯ᠎ᠡ ᠭᠠᠵᠠᠷ᠎ᠤᠨ᠎ᠬᠢᠨ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠰᠡᠯᠭᠦᠨ ᠮᠠᠯᠵᠢᠬᠤ ᠵᠢ ᠨᠠᠢ᠌ᠳᠠᠪᠤᠷᠢᠵᠢᠭᠤᠯᠬᠤ ᠵᠢ ᠣᠢ ᠰᠢᠭᠤᠶ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠲᠣᠭᠣᠷᠢᠨ ᠪᠠᠢ᠌ᠴᠠᠭ᠋ᠠᠯᠳᠠ ᠵᠢ ᠴᠢᠩᠭ᠋ᠠᠳᠬᠠᠨ᠂ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠣᠶᠤᠨᠴᠢ ᠬᠢᠨᠠᠨ ᠡᠵᠡᠮᠰᠢᠯ᠂ ᠵᠢᠯᠣᠭᠣᠴᠢ ᠦᠭᠡᠢ ᠨᠢᠰᠬᠡᠯ᠂ ᠲᠣᠮᠣ ᠳ᠋ᠠᠶ᠋ᠢᠲ᠋ᠠ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠵᠦ᠂ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠤᠰᠬᠠᠶ ᠠᠵᠢᠯ᠎ᠤᠨ ᠬᠠᠤᠯᠢ ᠬᠡᠷᠡᠭᠵᠢᠭᠦᠯᠬᠦ ᠬᠦᠴᠦᠨ᠎ᠤ ᠬᠦᠷᠦᠯᠴᠡᠬᠦ ᠦᠭᠡᠢ ᠲᠠᠯ᠎ᠠ ᠵᠢ ᠨᠥᠬᠥᠪᠥᠷᠢᠯᠡᠬᠦ ᠬᠡᠷᠡᠭᠲᠡᠶ᠃ ᠨᠤᠲᠤᠭ ᠪᠡᠯᠴᠢᠭᠡᠷ᠎ᠤᠨ ᠬᠠᠮᠢᠶᠠᠷᠤᠨ ᠬᠠᠮᠠᠭ᠋ᠠᠯᠠᠭᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠮᠢᠶᠠᠷᠤᠨ ᠬᠠᠮᠠᠭ᠋ᠠᠯᠠᠬᠤ ᠵᠠᠷᠤᠳᠠᠯ᠎ᠢ ᠨᠠᠢ᠌ᠳᠠᠪᠤᠷᠢᠵᠢᠭᠤᠯᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ ᠰᠡᠷᠭᠦᠭᠡᠬᠦ ᠠᠵᠢᠯ᠎ᠢ ᠨᠠᠶ᠋ᠢᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠰᠢᠯᠭ᠋ᠠᠨ ᠱᠠᠩᠨᠠᠬᠤ ᠲᠣᠭᠲᠠᠴᠠ ᠵᠢ ᠪᠠᠶ᠋ᠢᠭᠤᠯᠵᠤ᠂ ᠬᠠᠮᠢᠶᠠᠷᠤᠭᠴᠢ ᠵᠢᠨ ᠠᠵᠢᠯ᠎ᠤᠨ ᠢᠳᠡᠪᠬᠢᠵᠢᠯ᠎ᠢ ᠳᠠᠶ᠋ᠢᠴᠢᠯᠠᠵᠤ᠂ ᠬᠠᠮᠢᠶᠠᠷᠤᠨ ᠬᠠᠮᠠᠭ᠋ᠠᠯᠠᠭᠴᠢ ᠵᠢᠨ ᠬᠢᠨᠠᠯᠲᠠ ᠲᠠᠯᠪᠢᠬᠤ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠎ᠠ᠃ (ᠳᠤᠮᠳᠠᠳᠤ ᠤᠯᠤᠰ᠎ᠤᠨ   ᠨᠤᠭᠤᠭ᠋ᠠᠨᠯᠢᠭ ᠴᠠᠭ᠎ᠤᠨ ᠰᠣᠨᠢᠨ᠎ᠤ ᠰᠤᠷᠪᠤᠯᠵᠢᠯᠠᠭᠴᠢ ᠶᠤᠸᠠᠨ ᠲᠢᠶᠸ ᠵᠢᠶᠦ᠋ᠨ   ᠴᠢᠮᠡᠭᠡᠯᠡᠭᠴᠢ ᠬᠤᠤ ᠮᠢᠩ)
      ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ

ᠢᠷᠡᠯᠲᠡ᠄ ᠳᠤᠮᠳᠠᠳᠤ ᠤᠯᠤᠰ᠎ᠤᠨ ᠣᠢ ᠰᠢᠭᠤᠶ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠲᠠᠶ᠋ᠢᠯᠤᠮᠵᠢ
ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠭᠡᠷᠡᠭᠯᠡᠬᠦ ᠬᠢᠨᠠᠯᠳᠠ ᠬᠠᠮᠢᠶᠠᠷᠤᠯᠳᠠ ᠵᠢ ᠴᠢᠡᠭᠭ᠋ᠠᠳᠬᠠᠪᠠ
ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢ ᠲᠥᠷᠭᠡᠳᠬᠡᠨ ᠪᠣᠶ᠋ᠢᠵᠢᠭᠤᠯᠤᠨ ᠬᠥᠭᠵᠢᠭᠦᠯᠬᠦ ᠲᠤᠬᠠᠢ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠪᠠ ᠢᠳᠡᠬᠦ ᠵᠢ ᠴᠠᠭ᠋ᠠᠵᠠᠯᠠᠬᠤ ᠲᠤᠬᠠᠶ ᠮᠡᠳᠡᠭᠳᠡᠯ
ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ
 
             蒙ICP备05000248号