ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-07-22

     2020 ᠣᠨ᠎ᠤ 3 ᠰᠠᠷ᠎ᠠ ᠵᠢᠨ 26᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 725 ᠳ᠋ᠤᠭ᠋ᠠᠷ ᠲᠣᠭ᠋ᠠᠲᠤ ᠵᠠᠷᠯᠢᠭ ᠵᠶ᠋ᠠᠷ 《ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ 2020 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃ ᠡᠨᠡ ᠬᠦ᠌ 《ᠳᠦᠷᠢᠮ》᠎ᠢ ᠲᠣᠭᠲᠠᠭ᠋ᠠᠨ ᠨᠡᠶ᠋ᠢᠲᠡᠯᠡᠭᠰᠡᠨ᠎ᠨᠢ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠦᠨᠦᠭᠡᠯ᠎ᠢ ᠰᠡᠷᠭᠡᠶ᠋ᠢᠯᠡᠨ ᠵᠠᠰᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠨ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠵᠤ᠂ ᠲᠠᠷᠢᠶᠠᠯᠠᠩ᠎ᠤᠨ ᠦᠷᠭᠦᠯᠵᠢᠯᠡᠬᠦᠶ᠋ᠢᠴᠡ ᠬᠦᠭᠵᠢᠯᠲᠡ ᠵᠢ ᠠᠬᠢᠭᠤᠯᠬᠤ ᠵᠢᠨ ᠲᠥᠯᠥᠭᠡ ᠶᠤᠮ᠃

      ᠨᠢᠭᠡ᠂ 《ᠲᠦᠷᠢᠮ》᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠲᠠᠷᠢᠮᠠᠯ᠎ᠤᠨ ᠡᠪᠡᠳᠴᠢᠨ ᠬᠤᠷᠣᠬᠠᠶ ᠵᠢᠨ ᠭᠠᠮᠰᠢᠭ ᠪᠣᠯ ᠮᠠᠨ᠎ᠤ ᠤᠯᠤᠰ᠎ᠤᠨ ᠭᠤᠤᠯ ᠪᠣᠯᠬᠤ ᠲᠠᠷᠢᠶᠠᠯᠠᠩ᠎ᠤᠨ ᠭᠠᠮᠰᠢᠭ᠎ᠤᠨ ᠨᠢᠭᠡ ᠪᠣᠯᠤᠨ᠎ᠠ᠂ ᠲᠡᠭᠦᠨ᠎ᠤ ᠲᠦᠷᠦᠯ ᠵᠦᠢ᠍ᠯ᠎ᠨᠢ ᠤᠯᠠᠨ᠂ ᠨᠥᠯᠥᠭᠡ᠎ᠨᠢ ᠶᠡᠭᠡ ᠮᠦᠷᠲᠡᠭᠡᠨ ᠦᠷᠭᠦᠯᠵᠢ ᠳᠡᠯᠭᠡᠷᠡᠭᠡᠳ ᠭᠠᠮᠰᠢᠭ ᠪᠣᠯᠳᠠᠭ ᠣᠨᠴᠠᠯᠢᠭ᠎ᠲᠠᠢ᠃ ᠲᠡᠭᠦᠨ᠎ᠤ ᠡᠭᠦᠰᠬᠦ ᠬᠡᠪᠴᠢᠶ᠎ᠡ ᠪᠠ ᠬᠦᠨᠳᠦ ᠨᠣᠴᠢᠲᠠᠶ ᠬᠡᠮᠵᠢᠶ᠎ᠡ᠎ᠨᠢ ᠮᠠᠨ᠎ᠤ ᠤᠯᠤᠰ᠎ᠤᠨ ᠤᠯᠤᠰ ᠠᠷᠠᠳ᠎ᠤᠨ ᠠᠵᠤ ᠠᠬᠤᠢ᠂ ᠤᠨᠴᠠᠭ᠋ᠠᠶ᠋ᠢᠯᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠦᠷᠭᠦᠯᠵᠢ ᠬᠦᠨᠳᠦ ᠶᠡᠭᠡ ᠬᠤᠬᠢᠷᠠᠯ ᠤᠴᠠᠷᠠᠭᠤᠯᠳᠠᠭ ᠶᠣᠮ᠃ ᠮᠠᠨ᠎ᠤ ᠤᠯᠤᠰ᠎ᠤᠨ ᠲᠠᠷᠢᠮᠠᠯ᠎ᠳᠤ ᠦᠷᠭᠦᠯᠵᠢ ᠲᠣᠬᠢᠶᠠᠯᠳᠤᠳᠠᠭ ᠡᠪᠡᠳᠴᠢᠨ ᠬᠤᠷᠣᠬᠠᠶ ᠵᠢᠨ ᠬᠥᠨᠥᠭᠡᠯ᠎ᠳᠤ᠄ ᠡᠪᠡᠰᠦᠲᠦ ᠭᠠᠵᠠᠷ᠎ᠤᠨ ᠱᠠᠮᠰᠢᠭᠴᠢ ᠢᠳᠤᠬᠠᠨ ᠡᠷᠪᠡᠬᠡᠶ (草地贪夜蛾)᠂ ᠨᠢᠭᠦᠯᠲᠦ ᠴᠠᠷᠴᠠᠬᠠᠶ (飞蝗)᠂ ᠲᠤᠲᠤᠷᠭ᠎ᠠ ᠵᠢᠨ ᠳᠡᠯᠡᠭᠴᠢ ᠬᠤᠷᠤᠬᠠᠢ (稻飞虱)᠂ ᠲᠤᠲᠤᠷᠭ᠎ᠠ ᠵᠢᠨ ᠭᠤᠤᠯᠳᠤ ᠬᠤᠮᠢᠭᠤᠷ ᠮᠢᠩ ᠡᠷᠪᠡᠬᠡᠶ (稻纵卷叶螟)᠂ ᠤᠰᠤᠨ ᠲᠤᠲᠤᠷᠭ᠎ᠠ ᠵᠢᠨ ᠮᠢᠩ ᠬᠤᠷᠣᠬᠠᠶ (水稻螟虫)᠂ ᠡᠷᠳᠡᠨᠢ ᠰᠢᠰᠢ ᠵᠢᠨ ᠮᠢᠩ ᠡᠷᠪᠡᠬᠡᠶ (玉米螟)᠂ ᠨᠠᠩᠭᠢ ᠬᠤᠷᠣᠬᠠᠶ (粘虫)᠂ ᠡᠪᠡᠰᠦᠲᠦ ᠭᠠᠵᠠᠷ᠎ᠤᠨ ᠮᠢᠩ ᠡᠷᠪᠡᠬᠡᠶ (草地螟)᠂ ᠪᠣᠭᠤᠳᠠᠶ ᠵᠢᠨ ᠤᠯᠠᠭ᠋ᠠᠨ ᠬᠥᠭᠡᠴᠦ ᠡᠪᠡᠳᠴᠢᠨ (小麦赤霉病)᠂ ᠪᠣᠭᠤᠳᠠᠶ ᠵᠢᠨ ᠵᠤᠷᠪᠤᠰᠯᠠᠨ ᠵᠢᠪᠡᠷᠡᠬᠦ ᠡᠪᠡᠳᠴᠢᠨ (小麦条锈病) ᠵᠡᠷᠭᠡ ᠪᠣᠢ᠂ ᠪᠠᠰᠠ ᠡᠪᠡᠰᠦᠨ ᠭᠠᠮᠰᠢᠭ ᠪᠠ ᠬᠤᠯᠤᠭ᠋ᠠᠨ᠎ᠠ ᠵᠢᠨ ᠭᠠᠮᠰᠢᠭ ᠪᠠᠭᠲᠠᠵᠤ᠂ ᠨᠢᠭᠡᠨᠲᠡ ᠮᠠᠨ᠎ᠤ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠢ ᠬᠦᠨᠳᠦ ᠨᠣᠴᠢᠲᠠᠶ ᠨᠥᠯᠥᠭᠡᠯᠡᠬᠦ ᠬᠦᠨᠳᠦ ᠶᠡᠭᠡ ᠡᠪᠡᠳᠴᠢᠨ ᠬᠤᠷᠣᠬᠠᠶ ᠵᠢᠨ ᠭᠠᠮᠰᠢᠭ ᠪᠣᠯᠵᠠᠶ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠦᠨᠦᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠣᠢ᠃ ᠤᠶ᠋ᠢᠷ᠎ᠠ ᠵᠢᠨ ᠵᠢᠯ᠎ᠤᠳ᠎ᠲᠤ᠂ ᠠᠭᠤᠷ ᠠᠮᠢᠰᠬᠤᠯ᠎ᠤᠨ ᠬᠤᠪᠢᠷᠠᠯᠲᠠ᠂ ᠲᠠᠷᠢᠵᠤ ᠤᠷᠭᠤᠭᠤᠯᠬᠤ ᠠᠷᠭ᠎ᠠ ᠬᠡᠯᠪᠡᠷᠢ ᠵᠢᠨ ᠬᠤᠪᠢᠷᠠᠯᠲᠠ ᠪᠣᠯᠤᠨ ᠲᠠᠷᠢᠮᠠᠯ᠎ᠤᠨ ᠵᠦᠢ᠍ᠯᠡᠰ᠎ᠢ ᠳᠠᠪᠲᠠᠨ ᠲᠠᠷᠢᠬᠤ ᠵᠢᠭ᠋ᠠᠯᠲᠠ ᠲᠤᠭ᠎ᠠ ᠵᠢᠨ ᠳᠡᠭᠡᠭᠰᠢᠯᠡᠯᠲᠡ ᠵᠢ ᠳᠠᠭ᠋ᠠᠯᠳᠤᠨ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠣᠯᠠᠨ ᠡᠭᠦᠰᠬᠦ ᠪᠠ ᠳᠠᠬᠢᠨ ᠳᠠᠪᠲᠠᠨ ᠡᠭᠦᠰᠬᠦ ᠪᠠᠶ᠋ᠢᠳᠠᠯ᠎ᠲᠠᠢ ᠪᠤᠯᠵᠤ᠂ ᠬᠦᠨᠳᠦ ᠶᠡᠭᠡ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠪᠠᠶ᠋ᠢᠨ ᠳᠠᠬᠢᠨ ᠡᠭᠦᠰᠴᠦ ᠪᠣᠢ᠂ ᠵᠢᠱ᠌ᠢᠶᠡᠯᠡᠪᠡᠯ 2019 ᠣᠨ᠎ᠳᠤ ᠡᠪᠡᠰᠦᠲᠦ ᠭᠠᠵᠠᠷ᠎ᠤᠨ ᠱᠠᠮᠰᠢᠭᠴᠢ ᠢᠳᠤᠬᠠᠨ ᠡᠷᠪᠡᠬᠡᠶ ᠮᠠᠨ᠎ᠤ ᠤᠯᠤᠰ᠎ᠲᠤ ᠳᠦᠷᠢᠮᠡᠬᠡᠶ᠋ᠢᠯᠡᠨ ᠣᠷᠣᠵᠤ ᠢᠷᠡᠨ᠂ ᠡᠷᠳᠡᠨᠢ ᠰᠢᠰᠢ ᠵᠡᠷᠭᠡ ᠲᠠᠷᠢᠮᠠᠯ᠎ᠤᠨ ᠵᠦᠢ᠍ᠯᠡᠰ᠎ᠢ ᠬᠦᠨᠳᠦ ᠨᠣᠴᠢᠲᠠᠶ ᠬᠤᠬᠢᠷᠠᠭᠤᠯᠪᠠ᠃ ᠣᠳᠣ ᠵᠢᠨ ᠬᠡᠷᠡᠭᠵᠢᠭᠦᠯᠵᠦ ᠪᠠᠶ᠋ᠢᠭ᠎ᠠ ᠵᠠᠷᠢᠮ ᠳᠦᠷᠢᠮ ᠵᠢᠷᠤᠮᠵᠢᠯ᠎ᠨᠢ ᠰᠡᠷᠭᠡᠶ᠋ᠢᠯᠡᠨ ᠵᠠᠰᠠᠬᠤ ᠠᠵᠢᠯ᠎ᠳᠤ ᠲᠤᠯᠠᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ᠎ᠯᠦᠭᠡ ᠵᠣᠬᠢᠴᠠᠵᠤ ᠴᠢᠳᠠᠬᠤ ᠦᠭᠡᠢ ᠪᠣᠯᠵᠣ᠂ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠨ᠂ ᠰᠡᠷᠭᠡᠶ᠋ᠢᠯᠡᠨ ᠵᠠᠰᠠᠬᠤ ᠳᠦᠷᠢᠮ ᠪᠣᠯᠤᠨ ᠰᠡᠷᠭᠡᠶ᠋ᠢᠯᠡᠨ ᠵᠠᠰᠠᠬᠤ ᠠᠷᠭ᠎ᠠ ᠬᠡᠯᠪᠡᠷᠢ ᠵᠢ ᠵᠢᠷᠤᠮᠵᠢᠭᠤᠯᠵᠤ᠂ ᠲᠤᠰᠬᠠᠶ᠋ᠢᠵᠢᠭᠰᠠᠨ᠂ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠵᠢ ᠵᠤᠷᠢᠭᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠰᠡᠷᠭᠡᠶ᠋ᠢᠯᠡᠨ ᠵᠠᠰᠠᠬᠤ ᠠᠵᠢᠯ᠎ᠳᠤ ᠬᠦᠴᠦᠲᠡᠶ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠬᠤ ᠵᠢ ᠲᠤᠯᠭ᠋ᠠᠮ ᠱᠠᠭ᠋ᠠᠷᠳᠠᠵᠤ ᠪᠤᠢ᠃

      ᠬᠤᠶᠠᠷ᠂ 《ᠲᠦᠷᠢᠮ》᠎ᠤᠨ ᠠᠴᠢ ᠬᠤᠯᠪᠣᠭᠳᠠᠯ 2020 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠡᠪᠡᠰᠦᠲᠦ ᠲᠠᠯ᠎ᠠ ᠵᠢᠨ ᠱᠠᠮᠰᠢᠭᠴᠢ ᠢᠳᠤᠭ᠋ᠠᠨ ᠡᠷᠪᠡᠬᠡᠶ ᠵᠡᠷᠭᠡ ᠬᠦᠨᠳᠦ ᠶᠡᠭᠡ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ ᠭᠡᠵᠦ ᠣᠨᠴᠠᠭ᠋ᠠᠶ᠋ᠢᠯᠠᠨ ᠳᠤᠷᠠᠳᠴᠤ᠂ ᠮᠠᠨ᠎ᠤ ᠤᠯᠤᠰ᠎ᠤᠨ ᠬᠦᠨᠳᠦ ᠶᠡᠭᠡ ᠡᠪᠡᠳᠴᠢᠨ ᠬᠤᠷᠣᠬᠠᠶ ᠵᠢᠨ ᠭᠠᠮᠰᠢᠭ᠎ᠠᠴᠠ ᠪᠣᠯᠵᠣ ᠠᠮᠤ ᠪᠤᠳᠠᠭ᠋ᠠᠨ᠎ᠤ ᠤᠨᠠᠯᠲᠠ ᠪᠠᠭ᠋ᠠᠰᠬᠤ ᠠᠰᠠᠭᠤᠳᠠᠯ᠎ᠢ ᠴᠢᠬᠤᠯᠠᠴᠢᠯᠠᠵᠤ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃ 2020 ᠣᠨ᠎ᠤ ᠪᠦᠬᠦ ᠤᠯᠤᠰ᠎ᠤᠨ ᠬᠠᠪᠤᠷ᠎ᠤᠨ ᠤᠯᠠᠷᠢᠯ᠎ᠤᠨ ᠦᠢ᠍ᠯᠡᠳᠪᠦᠷᠢᠯᠡᠯ᠎ᠤᠨ ᠲᠧᠯᠸᠢᠰ ᠤᠲᠠᠰᠤ ᠬᠤᠷᠠᠯ ᠳᠡᠭᠡᠷ᠎ᠡ ᠴᠤ᠌᠂ ᠬᠦᠨᠳᠦ ᠶᠡᠭᠡ ᠡᠪᠡᠳᠴᠢᠨ ᠬᠤᠷᠣᠬᠠᠶ ᠵᠢᠨ ᠬᠥᠨᠥᠭᠡᠯ ᠪᠠ ᠠᠮᠢᠲᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠲᠠᠷᠢᠶᠠᠯᠠᠩ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠂ 《ᠳᠦᠷᠢᠮ》 ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠰᠢ ᠵᠢᠨ ᠫᠢᠩ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠠᠮᠤ ᠪᠤᠳᠠᠭ᠋ᠠᠨ᠎ᠤ ᠠᠮᠤᠷ ᠲᠦᠪᠰᠢᠨ ᠪᠣᠯᠤᠨ ᠬᠦᠨᠳᠦ ᠶᠡᠭᠡ ᠡᠪᠡᠳᠴᠢᠨ ᠬᠤᠷᠣᠬᠠᠢ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠲᠤᠬᠠᠢ ᠬᠤᠯᠪᠣᠭᠳᠠᠯ ᠪᠦᠬᠦᠢ ᠵᠢᠭ᠋ᠠᠪᠤᠷᠢ ᠴᠣᠬᠤᠯᠠᠪᠤᠷᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠦᠳᠲᠡᠷ ᠲᠦᠷᠭᠡᠨ ᠠᠵᠢᠯᠯᠠᠭ᠎ᠠ ᠪᠣᠯᠤᠨ᠎ᠠ᠂ ᠲᠠᠷᠢᠶᠠᠯᠠᠩ᠎ᠤᠨ ᠬᠦᠷᠢᠶᠡᠨ᠎ᠤ ᠤᠯᠤᠰ᠎ᠤᠨ ᠵᠠᠰᠠᠯᠲᠠ ᠵᠢᠨ ᠰᠢᠰᠲ᠋ᠧᠮᠵᠢ ᠪᠣᠯᠤᠨ ᠵᠠᠰᠠᠯᠲᠠ ᠵᠢᠨ ᠴᠢᠳᠠᠪᠤᠷᠢ ᠵᠢᠨ ᠤᠳᠤᠬᠢᠴᠢᠯᠠᠯᠲᠠ ᠵᠢ ᠲᠦᠯᠬᠢᠨ ᠠᠬᠢᠭᠤᠯᠤᠭᠰᠠᠨ ᠪᠣᠳᠠᠲᠠᠢ ᠢᠯᠡᠷᠡᠯ ᠮᠦᠨ᠂ ᠶᠠᠭ ᠴᠠᠭ᠎ᠲᠤ᠎ᠪᠠᠨ ᠳᠠᠭ᠋ᠠᠷᠠᠭᠰᠠᠨ ᠭᠡᠵᠦ ᠬᠡᠯᠡᠵᠦ ᠪᠣᠯᠤᠨ᠎ᠠ᠃ 《ᠳᠦᠷᠢᠮ》᠎ᠢ ᠣᠯᠠᠨ ᠵᠢᠯ ᠳᠠᠬᠢᠨ ᠳᠠᠪᠲᠠᠨ ᠨᠤᠲᠠᠯᠠᠬᠤ ᠪᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠲᠥᠷᠥᠯ ᠬᠤᠪᠢᠶᠠᠨ ᠬᠠᠮᠢᠶᠠᠷᠬᠤ᠂ ᠬᠠᠷᠢᠶ᠎ᠠ ᠭᠠᠵᠠᠷ᠎ᠨᠢ ᠬᠠᠷᠢᠭᠤᠴᠠᠬᠤ᠂ ᠰᠢᠨᠵᠢᠯᠡᠭᠡ ᠮᠡᠷᠭᠡᠵᠢᠯ ᠵᠶ᠋ᠠᠷ ᠲᠤᠯᠭ᠋ᠠᠭᠤᠷᠢᠯᠠᠬᠤ᠂ ᠪᠣᠬᠢᠷᠲᠤᠯ ᠦᠭᠡᠢ᠎ᠪᠠᠷ ᠰᠡᠷᠭᠡᠶ᠋ᠢᠯᠡᠨ ᠡᠵᠡᠮᠳᠡᠬᠦ ᠵᠠᠷᠴᠢᠮ᠎ᠢ ᠪᠠᠷᠢᠮᠲᠠᠯᠠᠵᠤ᠂ ᠬᠠᠤᠯᠢ᠎ᠪᠠᠷ ᠤᠯᠤᠰ ᠵᠶ᠋ᠠᠨ ᠵᠠᠰᠠᠬᠤ ᠱᠠᠭ᠋ᠠᠷᠳᠠᠯᠭ᠎ᠠ ᠪᠣᠯᠤᠨ ᠪᠣᠬᠢᠷᠲᠤᠯ ᠦᠭᠡᠢ᠎ᠪᠠᠷ ᠬᠥᠭᠵᠢᠭᠦᠯᠬᠦ ᠴᠢᠭᠯᠡᠯ᠎ᠯᠦᠭᠡ ᠨᠡᠶ᠋ᠢᠴᠡᠵᠦ ᠪᠠᠶ᠋ᠢᠨ᠎ᠠ᠃ ᠡᠭᠦᠨ᠎ᠤ ᠬᠠᠮᠲᠤ᠂ 《ᠳᠦᠷᠢᠮ》 ᠎ᠨᠢ ᠵᠠᠰᠠᠭ ᠵᠠᠬᠢᠷᠭ᠋ᠠᠨ᠎ᠤ ᠤᠳᠤᠷᠢᠳᠬᠤ ᠪᠠᠶ᠋ᠢᠭᠤᠯᠤᠯ᠂ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠡᠩᠨᠡᠭᠡᠨ᠎ᠤ ᠲᠤᠯᠭ᠋ᠠᠭᠤᠷᠢᠯᠠᠯ ᠪᠠ ᠨᠦᠭᠦᠴᠡᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠡᠬᠢ ᠪᠠᠶᠠᠯᠢᠭ᠎ᠤᠨ ᠲᠥᠪᠯᠡᠷᠡᠯ᠂ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ ᠪᠠ ᠠᠷᠠᠳ ᠣᠯᠠᠨ᠎ᠤ ᠬᠦᠯᠢᠶᠡᠨ ᠠᠪᠬᠤ ᠬᠡᠮᠵᠢᠶ᠎ᠡ ᠵᠡᠷᠭᠡ ᠲᠠᠯ᠎ᠠ ᠵᠢᠨ ᠲᠤᠷᠰᠢᠯᠭ᠎ᠠ ᠳ᠋ᠦᠩᠨᠡᠯᠲᠡ ᠪᠠ ᠦᠢ᠍ᠯᠡᠳᠦᠯᠭᠡ ᠵᠢᠨ ᠰᠢᠯᠭ᠋ᠠᠯᠲᠠ᠎ᠨᠢ ᠪᠦᠷ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠰᠢᠨ᠎ᠡ ᠴᠠᠭ ᠦᠶ᠎ᠡ ᠵᠢᠨ ᠬᠠᠤᠯᠢ᠎ᠪᠠᠷ ᠣᠯᠣᠰ ᠵᠶ᠋ᠠᠨ ᠵᠠᠰᠠᠬᠤ ᠰᠢᠨ᠎ᠡ ᠠᠷᠪᠠᠨ ᠵᠢᠷᠭᠤᠭ᠋ᠠᠨ ᠦᠰᠦᠭ᠎ᠤᠨ ᠴᠢᠭᠯᠡᠯᠲᠡ ᠶᠣᠰᠣᠭ᠋ᠠᠷ᠂ ᠤᠬᠠᠭᠤᠯᠵᠤ ᠬᠥᠲᠥᠯᠥᠨ ᠵᠢᠯᠣᠭᠤᠳᠬᠤ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠ ᠨᠡᠶ᠋ᠢᠭᠡᠮ᠎ᠤᠨ ᠬᠢᠨᠠᠯᠲᠠ᠎ᠪᠠᠨ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠨᠡᠶ᠋ᠢᠳᠡᠮ ᠠᠩᠬᠠᠷᠴᠤ᠂ ᠭᠦᠢ᠍ᠴᠡᠳ ᠤᠶ᠋ᠢᠯᠠᠭ᠋ᠠᠨ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠮᠡᠳᠡᠵᠦ ᠬᠠᠤᠯᠢ ᠵᠢ ᠰᠠᠬᠢᠬᠤ ᠪᠠ ᠬᠠᠮᠲᠤ᠎ᠪᠠᠷ ᠬᠠᠮᠠᠭ᠋ᠠᠯᠠᠬᠤ ᠬᠢᠷᠢ ᠲᠦᠪᠰᠢᠨ᠎ᠳᠤ ᠬᠦᠷᠦᠭᠦᠯᠦᠨ᠎ᠡ᠂ ᠡᠭᠦᠨ᠎ᠢ ᠪᠠᠰᠠ ᠵᠦᠶ ᠶᠣᠰᠣᠨ᠎ᠤ ᠶᠣᠰᠣ ᠭᠡᠵᠦ ᠬᠡᠯᠡᠵᠦ ᠪᠣᠯᠤᠨ᠎ᠠ᠃

      ᠭᠤᠷᠪᠠ᠂ 《ᠲᠦᠷᠢᠮ》᠎ᠤᠨ ᠭᠤᠤᠯ ᠠᠭᠤᠯᠭ᠎ᠠ 《ᠳᠦᠷᠢᠮ》᠎ᠨᠢ ᠨᠡᠶ᠋ᠢᠲᠡ 7 ᠪᠦᠯᠦᠭ 45 ᠵᠤᠷᠪᠤᠰ ᠪᠣᠢ᠂ 4 ᠲᠠᠯ᠎ᠠ᠎ᠠᠴᠠ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠵᠢᠷᠤᠮᠵᠢᠭᠤᠯᠪᠠ᠂ ᠨᠢᠭᠡ᠎ᠳᠤ ᠡᠯ᠎ᠡ ᠲᠠᠯ᠎ᠠ ᠵᠢᠨ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠪᠠ; ᠬᠤᠶᠠᠷ᠎ᠲᠤ ᠰᠡᠷᠭᠡᠶ᠋ᠢᠯᠡᠨ ᠵᠠᠰᠠᠬᠤ ᠲᠦᠷᠢᠮ᠎ᠢ ᠲᠡᠭᠦᠯᠳᠡᠷᠵᠢᠭᠦᠯᠪᠡ; ᠭᠤᠷᠪᠠ᠎ᠳᠤ ᠲᠤᠰᠬᠠᠶ᠋ᠢᠵᠢᠭᠰᠠᠨ ᠰᠡᠷᠭᠡᠶ᠋ᠢᠯᠡᠨ ᠵᠠᠰᠠᠬᠤ ᠦᠢ᠍ᠯᠡᠴᠢᠯᠡᠭᠡ ᠵᠢ ᠵᠢᠷᠤᠮᠵᠢᠭᠤᠯᠪᠠ; ᠳᠥᠷᠪᠡ᠎ᠳᠤ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠵᠢ ᠶᠡᠬᠡᠪᠡᠷ ᠵᠣᠷᠢᠭᠵᠢᠭᠤᠯᠤᠨ᠎ᠠ᠃

      ᠡᠭᠦᠨ᠎ᠠᠴᠠ ᠭᠠᠳᠠᠨ᠎ᠠ᠂ ᠲᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠴᠢᠩᠭ᠎ᠠ ᠬᠠᠷᠢᠭᠤᠴᠠᠯᠭ᠎ᠠ ᠲᠣᠭᠲᠠᠭ᠋ᠠᠵᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠪᠠ᠃

     1. 《ᠳᠦᠷᠢᠮ》᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠦᠴᠢᠷ᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠵᠢ ᠲᠣᠳᠣᠷᠬᠠᠶ ᠲᠣᠭᠲᠠᠭ᠋ᠠᠪᠠ 《ᠲᠦᠷᠢᠮ》᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠢᠨ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠲᠤᠬᠠᠢ (ᠳᠥᠷᠪᠡᠨ ᠲᠣᠳᠣᠷᠬᠠᠶ) ᠲᠣᠭᠲᠠᠭ᠋ᠠᠯ ᠭᠠᠷᠭ᠋ᠠᠪᠠ᠄ ᠨᠢᠭᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠡᠷᠭᠡᠶ᠋ᠢᠯᠡᠨ ᠵᠠᠰᠠᠬᠤ ᠠᠵᠢᠯ᠎ᠤᠨ ᠵᠠᠷᠤᠳᠠᠯ᠎ᠢ ᠲᠣᠰ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠤᠷᠤᠭᠤᠯᠤᠨ᠎ᠠ ᠭᠡᠵᠦ ᠲᠣᠳᠣᠷᠬᠠᠶ ᠱᠠᠭ᠋ᠠᠷᠳᠠᠪᠠ᠃ ᠬᠤᠶᠠᠷ᠎ᠲᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠴᠠᠭ ᠠᠭᠤᠷ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠰᠡᠷᠭᠡᠶ᠋ᠢᠯᠡᠨ ᠵᠠᠰᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃ ᠭᠤᠷᠪᠠ᠎ᠳᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠎ᠯᠦᠭᠡ ᠬᠠᠮᠵᠢᠯᠴᠠᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢ ᠤᠬᠠᠭᠤᠯᠬᠤ᠂ ᠳᠠᠶ᠋ᠢᠴᠢᠯᠠᠬᠤ᠂ ᠵᠣᠬᠢᠶᠠᠨ ᠪᠠᠶ᠋ᠢᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠵᠠᠶ᠃ ᠳᠥᠷᠪᠡ᠎ᠳᠤ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠡᠷᠭᠡ ᠬᠤᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠦᠢ᠍ᠯᠡᠳᠪᠦᠷᠢᠯᠡᠨ ᠡᠵᠡᠩᠨᠡᠬᠦ ᠬᠡᠪᠴᠢᠶᠡᠨ᠎ᠳᠠᠬᠢ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ ᠡᠪᠡᠳᠴᠢᠨ ᠬᠤᠷᠣᠬᠠᠶ ᠵᠢᠨ ᠬᠥᠨᠥᠭᠡᠯ ᠳᠡᠯᠭᠡᠷᠡᠬᠦ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠴᠤ᠂ ᠡᠪᠡᠳᠴᠢᠨ ᠬᠤᠷᠣᠬᠠᠶ ᠵᠢᠨ ᠬᠥᠨᠥᠭᠡᠯ ᠬᠦᠨᠳᠦ ᠨᠣᠴᠢᠲᠠᠶ ᠡᠭᠦᠰᠬᠦ ᠪᠤᠶᠤ ᠭᠡᠨᠡᠳᠲᠡ ᠡᠭᠦᠰᠬᠦ ᠦᠶ᠎ᠡ᠎ᠳᠤ ᠪᠠᠶ᠋ᠢᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃

     2 . 《ᠲᠦᠷᠢᠮ》᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠠᠯ᠎ᠠ᠎ᠪᠠᠷ᠎ᠬᠢ ᠲᠣᠭᠲᠠᠭ᠋ᠠᠯ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠣᠯ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠬᠢᠬᠦ ᠤᠷᠢᠲᠠᠯ ᠪᠣᠯᠤᠨ ᠰᠠᠭᠤᠷᠢ ᠠᠵᠢᠯ ᠪᠣᠯᠤᠨ᠎ᠠ᠃ 《ᠲᠦᠷᠢᠮ》᠎ᠳᠤ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠬᠦ᠎ᠪᠠᠷ ᠳᠠᠮᠵᠢᠭᠤᠯᠤᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠨᠢᠭᠡ᠎ᠳᠤ ᠬᠢᠨᠠᠨ ᠬᠡᠮᠵᠢᠬᠦ ᠰᠦᠯᠵᠢᠶᠡᠨ᠎ᠤ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠡᠮᠵᠢᠬᠦ ᠲᠣᠣᠷ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠲᠤᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠡᠮᠵᠢᠬᠦ ᠲᠣᠤᠷ ᠰᠦᠯᠵᠢᠶᠡᠨ᠎ᠤ ᠬᠠᠮᠢᠶᠠᠷᠤᠯᠲᠠ᠎ᠪᠠᠨ ᠴᠢᠩᠭ᠋ᠠᠳᠬᠠᠬᠤ ᠶᠤᠰᠤᠲᠠᠢ᠂ ᠶᠠᠮᠠᠷᠪᠠ ᠨᠢᠭᠡᠴᠢ ᠪᠠ ᠬᠤᠪᠢ ᠬᠥᠮᠦᠨ ᠬᠢᠨᠠᠨ ᠬᠡᠮᠵᠢᠬᠦ ᠪᠡᠯᠡᠳᠭᠡᠮᠵᠢ ᠲᠥᠬᠦᠭᠡᠷᠦᠮᠵᠢ ᠵᠢ ᠡᠵᠡᠯᠡᠬᠦ᠂ ᠡᠪᠳᠡᠬᠦ᠂ ᠨᠤᠷᠠᠭ᠋ᠠᠬᠤ᠂ ᠳᠤᠷ᠎ᠠ᠎ᠪᠠᠷ ᠵᠶ᠋ᠠᠨ ᠰᠢᠯᠵᠢᠭᠦᠯᠬᠦ ᠪᠤᠶᠤ ᠬᠢᠨᠠᠨ ᠬᠡᠮᠵᠢᠬᠦ ᠪᠡᠯᠡᠳᠭᠡᠮᠵᠢ ᠲᠥᠬᠦᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠤᠰᠤᠳ ᠠᠷᠭ᠎ᠠ ᠮᠠᠶᠢᠭ ᠵᠶ᠋ᠠᠷ ᠬᠠᠷᠰᠢᠯᠠᠵᠤ ᠪᠣᠯᠬᠤ ᠦᠭᠡᠢ ᠭᠡᠵᠦ ᠲᠤᠭᠲᠠᠭ᠋ᠠᠬᠤ ᠵᠢᠨ ᠬᠠᠮᠲᠤ ᠲᠣᠷᠭ᠋ᠠᠬᠤ ᠳᠦᠷᠢᠮ ᠲᠣᠭᠲᠠᠭ᠋ᠠᠪᠠ᠃ ᠬᠤᠶᠠᠷ᠎ᠲᠤ ᠬᠢᠨᠠᠨ ᠬᠡᠮᠵᠢᠬᠦ ᠠᠭᠤᠯᠭ᠎ᠠ ᠵᠢ ᠵᠢᠷᠤᠮᠵᠢᠭᠤᠯᠪᠠ᠃ ᠡᠪᠡᠳᠴᠢᠨ ᠬᠤᠷᠣᠬᠠᠶ ᠵᠢᠨ ᠬᠥᠨᠥᠭᠡᠯ ᠡᠭᠦᠰᠬᠦ ᠲᠥᠷᠥᠯ ᠵᠦᠢ᠍ᠯ᠂ ᠴᠠᠭ ᠬᠤᠭᠤᠴᠠᠭ᠎ᠠ᠂ ᠬᠡᠪᠴᠢᠶ᠎ᠡ᠂ ᠬᠡᠮᠵᠢᠶ᠎ᠡ ᠵᠢ ᠬᠢᠨᠠᠨ ᠬᠡᠮᠵᠢᠬᠦ ᠲᠤᠬᠠᠶ ᠨᠠᠷᠢᠨ ᠲᠣᠳᠣᠷᠬᠠᠶ ᠲᠣᠭᠲᠠᠭ᠋ᠠᠯ ᠭᠠᠷᠭ᠋ᠠᠬᠤ ᠵᠢᠨ ᠬᠠᠮᠲᠤ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ᠎ᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠭᠲᠠᠭ᠋ᠠᠨ᠎ᠠ ᠭᠡᠵᠦ ᠲᠣᠭᠲᠠᠭ᠋ᠠᠪᠠ᠃ ᠭᠤᠷᠪᠠ᠎ᠳᠤ ᠬᠢᠨᠠᠨ ᠬᠡᠮᠵᠢᠭᠰᠡᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠴᠢ ᠤᠷᠢᠳᠴᠢᠯᠠᠭᠰᠠᠨ ᠮᠡᠳᠡᠭᠡ ᠵᠢ ᠨᠡᠶ᠋ᠢᠲᠡᠯᠡᠬᠦ ᠵᠢ ᠵᠢᠷᠤᠮᠵᠢᠭᠤᠯᠤᠨ᠎ᠠ᠃ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠬᠢᠨᠠᠨ ᠬᠡᠮᠵᠢᠭᠰᠡᠨ ᠮᠡᠳᠡᠭᠡ ᠵᠠᠩᠭᠢ ᠪᠠ ᠤᠷᠢᠳᠴᠢᠯᠠᠭᠰᠠᠨ ᠮᠡᠳᠡᠭᠡ ᠵᠢ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠵᠦ᠂ ᠤᠷᠢᠳᠴᠢᠯᠠᠭᠰᠠᠨ ᠮᠡᠳᠡᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠡᠶ᠋ᠢᠲᠡᠯᠡᠨ᠎ᠡ ᠭᠡᠵᠦ ᠲᠤᠭᠲᠠᠭ᠋ᠠᠪᠠ᠃

      3. 《ᠲᠦᠷᠢᠮ》᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ᠎ᠬᠢ ᠲᠣᠭᠲᠠᠭ᠋ᠠᠯ 《ᠲᠦᠷᠢᠮ》᠎ᠳᠤ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠪᠠ᠃ ᠨᠢᠭᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠢ ᠲᠤᠭᠲᠠᠭ᠋ᠠᠵᠤ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠤᠨ ᠡᠮ ᠳᠠᠭ᠋ᠠᠭ᠋ᠠᠬᠤ ᠴᠢᠨᠠᠷ᠎ᠢ ᠬᠢᠨᠠᠨ ᠬᠡᠮᠵᠢᠵᠦ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢᠳ᠎ᠲᠤ ᠮᠡᠷᠭᠡᠵᠢᠯ᠎ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠵᠠᠶ᠃ ᠬᠤᠶᠠᠷ᠎ᠲᠤ ᠲᠥᠷᠥᠯ ᠬᠤᠪᠢᠶᠠᠨ ᠰᠡᠷᠭᠡᠶ᠋ᠢᠯᠡᠨ ᠡᠵᠡᠮᠳᠡᠬᠦ ᠵᠢ ᠬᠡᠷᠡᠭᠵᠢᠭᠦᠯᠬᠦ ᠵᠢ ᠲᠣᠭᠲᠠᠭ᠋ᠠᠪᠠ᠃ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠤᠨ ᠣᠨᠴᠠᠯᠢᠭ ᠪᠠ ᠬᠥᠨᠥᠭᠡᠯ᠎ᠤᠨ ᠬᠡᠮᠵᠢᠶ᠎ᠡ ᠵᠢ᠎ᠨᠢ ᠦᠨᠳᠦᠰᠦᠯᠡᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠭᠤᠷᠪᠠᠨ ᠲᠥᠷᠥᠯ᠎ᠳᠤ ᠬᠤᠪᠢᠶᠠᠪᠠ᠄ ᠨᠢᠭᠡᠳᠦᠭᠡᠷ ᠲᠥᠷᠥᠯ᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠬᠦᠨᠳᠦ ᠨᠣᠴᠢᠲᠠᠶ ᠡᠭᠦᠰᠬᠦ ᠦᠶ᠎ᠡ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠵᠡᠮᠳᠡᠬᠦ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠵᠤ᠂ ᠵᠢᠯᠣᠭᠤᠳᠬᠤ ᠬᠡᠷᠡᠭᠲᠡᠶ; ᠬᠤᠶᠠᠳᠤᠭ᠋ᠠᠷ᠂ ᠭᠤᠷᠪᠠᠳᠤᠭ᠋ᠠᠷ ᠲᠦᠷᠦᠯ᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠬᠦᠨᠳᠦ ᠨᠤᠴᠢᠲᠠᠢ ᠡᠭᠦᠰᠬᠦ ᠦᠶ᠎ᠡ᠎ᠳᠤ᠂ ᠮᠤᠵᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠵᠡᠮᠳᠡᠬᠦ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠵᠤ᠂ ᠵᠢᠯᠣᠭᠤᠳᠬᠤ ᠬᠡᠷᠡᠭᠲᠡᠶ᠃ ᠭᠤᠷᠪᠠ᠎ᠳᠤ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠨᠡᠶ᠋ᠢᠲᠡᠯᠡᠬᠦ ᠵᠢ ᠵᠢᠷᠤᠮᠵᠢᠭᠤᠯᠵᠤ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠵᠥᠪᠬᠡᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠵᠥᠪᠳᠡᠯᠴᠡᠵᠦ ᠪᠠᠶ᠋ᠢᠭ᠋ᠠᠳ ᠨᠡᠶ᠋ᠢᠲᠡᠯᠡᠨ᠎ᠡ᠂ ᠪᠤᠰᠤᠳ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠠᠴᠠ ᠨᠡᠶ᠋ᠢᠭᠡᠮ᠎ᠳᠤ ᠨᠡᠶ᠋ᠢᠲᠡᠯᠡᠵᠦ ᠪᠣᠯᠬᠤ ᠦᠭᠡᠢ ᠭᠡᠵᠦ ᠲᠣᠭᠲᠠᠭ᠋ᠠᠪᠠ᠃

     4. 《ᠲᠦᠷᠢᠮ》᠎ᠤᠨ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠲᠠᠯ᠎ᠠ᠎ᠪᠠᠷ᠎ᠬᠢ ᠲᠤᠭᠲᠠᠭ᠋ᠠᠯ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠭᠡᠨᠡᠳᠲᠡ ᠡᠭᠦᠰᠬᠦ ᠦᠶ᠎ᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ 《ᠲᠦᠷᠢᠮ》᠎ᠳᠤ ᠭᠤᠤᠯᠳᠠᠭᠤ ᠳᠣᠤᠷᠠᠬᠢ ᠬᠡᠳᠦᠨ ᠲᠠᠯ᠎ᠠ ᠵᠢ ᠲᠣᠭᠲᠠᠭ᠋ᠠᠪᠠ᠄ ᠨᠢᠭᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠴᠤᠤᠷᠢᠶᠠᠳᠤᠨ ᠳᠠᠭ᠋ᠠᠬᠤ ᠪᠠ ᠰᠢᠢ᠍ᠳᠪᠦᠷᠢᠯᠡᠬᠦ ᠲᠣᠭᠲᠠᠴᠠ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠪᠠ ᠰᠣᠷᠢᠯᠲᠠ ᠥᠷᠨᠢᠭᠦᠯᠵᠦ᠂ ᠴᠢᠬᠤᠯᠠ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠵᠢ ᠨᠥᠭᠡᠴᠡᠯᠡᠬᠦ ᠬᠡᠷᠡᠭᠲᠡᠶ ᠭᠡᠵᠦ ᠲᠣᠭᠲᠠᠭ᠋ᠠᠪᠠ᠃ ᠬᠤᠶᠠᠷ᠎ᠲᠤ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ ᠭᠡᠨᠡᠳᠲᠡ ᠡᠭᠦᠰᠬᠦ ᠦᠶ᠎ᠡ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠤᠤᠷᠢᠶᠠᠲᠤᠯ᠎ᠢ ᠲᠡᠷᠡ ᠳᠠᠷᠤᠶ᠎ᠳᠤ᠎ᠨᠢ ᠡᠬᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠬᠡᠪᠴᠢᠶ᠎ᠠ ᠪᠠ ᠲᠠᠯᠠᠪᠠᠢ ᠵᠢ ᠵᠠᠭ᠋ᠠᠭᠯᠠᠨ ᠲᠣᠭᠲᠠᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠡᠩᠨᠡᠭᠡ ᠵᠢ ᠵᠣᠬᠢᠶᠠᠨ ᠪᠠᠶ᠋ᠢᠭᠤᠯᠤᠨ ᠴᠤᠭᠯᠠᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠡᠳ᠋ ᠪᠣᠳᠠᠰ᠎ᠢ ᠬᠡᠷᠡᠭᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠲᠣᠭᠲᠠᠭ᠋ᠠᠪᠠ᠃ ᠭᠤᠷᠪᠠ᠎ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠵᠢᠯᠴᠠᠬᠤ ᠡᠭᠦᠷᠭᠡ ᠵᠢ ᠲᠣᠳᠣᠷᠬᠠᠶ᠋ᠢᠯᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠴᠠᠭ ᠠᠭᠤᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠤᠳ ᠲᠤᠰ ᠲᠤᠰ᠎ᠤᠨ ᠵᠶ᠋ᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠲᠠᠷᠢᠮᠠᠯ᠎ᠤᠨ ᠡᠪᠡᠳᠴᠢᠨ ᠬᠤᠷᠤᠬᠠᠢ ᠵᠢᠨ ᠬᠥᠨᠥᠭᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠭᠲᠠᠭ᠋ᠠᠪᠠ᠃

     5. 《ᠳᠦᠷᠢᠮ》᠎ᠨᠢ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠪᠠ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠰᠢᠯᠵᠢᠯᠲᠡ ᠪᠠ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢᠨ ᠬᠥᠭᠵᠢᠯᠲᠡ ᠵᠢ ᠳᠠᠭ᠋ᠠᠯᠳᠤᠨ᠂ ᠡᠪᠡᠳᠴᠢᠨ ᠬᠤᠷᠣᠬᠠᠶ ᠵᠢᠨ ᠬᠥᠨᠥᠭᠡᠯ᠎ᠢ ᠲᠤᠰᠬᠠᠶ᠋ᠢᠵᠢᠭᠰᠠᠨ ᠰᠡᠷᠭᠡᠶ᠋ᠢᠯᠡᠨ ᠵᠠᠰᠠᠯᠲᠠ ᠵᠢᠨ ᠴᠢᠬᠤᠯᠠ ᠴᠢᠨᠠᠷ ᠡᠳᠦᠷ ᠢᠷᠡᠬᠦᠶ᠎ᠡ ᠲᠣᠪᠤᠶ᠋ᠢᠮ᠎ᠠ ᠪᠣᠯᠵᠣ ᠪᠠᠶ᠋ᠢᠨ᠎ᠠ᠂ ᠡᠶ᠋ᠢᠮᠦ᠎ᠠᠴᠠ 《ᠲᠦᠷᠢᠮ》᠎ᠳᠤ ᠲᠤᠰᠬᠠᠶ ᠲᠤᠭᠲᠠᠭ᠋ᠠᠯ ᠭᠠᠷᠭ᠋ᠠᠵᠤ ᠵᠢᠷᠤᠮᠵᠢᠭᠤᠯᠤᠭᠰᠠᠨ ᠬᠠᠮᠢᠶᠠᠷᠤᠯᠲᠠ ᠶᠠᠪᠤᠭᠤᠯᠵᠠᠶ᠂ ᠡᠭᠦᠨ᠎ᠳᠤ ᠭᠤᠤᠯᠳᠠᠭᠤ ᠳᠣᠤᠷᠠᠬᠢ ᠬᠡᠳᠦᠨ ᠲᠠᠯ᠎ᠠ ᠵᠢ ᠲᠣᠭᠲᠠᠭ᠋ᠠᠪᠠ᠄ ᠨᠢᠭᠡ᠎ᠳᠤ ᠤᠯᠤᠰ᠎ᠠᠴᠠ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠡᠪᠡᠳᠴᠢᠨ ᠬᠤᠷᠤᠬᠠᠢ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠤᠨ ᠲᠡᠳᠬᠦᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠷᠤᠮᠵᠢᠭᠤᠯᠤᠨ ᠬᠠᠮᠢᠶᠠᠷᠬᠤ ᠬᠡᠷᠡᠭᠲᠡᠶ ᠪᠥᠭᠡᠳ ᠲᠡᠭᠦᠨ᠎ᠳᠤ ᠮᠡᠷᠭᠡᠵᠢᠯ᠎ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠪᠠ᠃ ᠬᠤᠶᠠᠷ᠎ᠲᠤ᠂ ᠰᠡᠷᠭᠡᠶ᠋ᠢᠯᠡᠨ ᠵᠠᠰᠠᠬᠤ ᠦᠢ᠍ᠯᠡᠴᠢᠯᠡᠭᠡᠨ ᠲᠤᠰᠬᠠᠶ᠋ᠢᠵᠢᠭᠰᠠᠨ ᠴᠢᠨᠠᠷ᠂ ᠮᠡᠷᠭᠡᠵᠢᠯ᠎ᠤᠨ ᠴᠢᠨᠠᠷ᠎ᠢ ᠪᠣᠳᠣᠯᠬᠢᠯᠠᠵᠤ᠂ 《ᠲᠦᠷᠢᠮ》᠎ᠳᠤ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠨᠢ ᠬᠠᠷᠠᠭ᠋ᠠᠯᠵᠠᠭᠰᠠᠨ ᠮᠡᠷᠭᠡᠵᠢᠯ᠎ᠤᠨ ᠠᠵᠢᠯᠲᠠᠨ᠂ ᠪᠡᠯᠡᠳᠭᠡᠮᠵᠢ ᠲᠥᠬᠦᠭᠡᠷᠦᠮᠵᠢ ᠵᠢᠴᠢ ᠵᠢᠷᠤᠮᠵᠢᠭᠰᠠᠨ ᠬᠠᠮᠢᠶᠠᠷᠤᠯᠲᠠ ᠵᠢᠨ ᠲᠦᠷᠢᠮ᠎ᠢ ᠪᠦᠷᠢᠯᠳᠦᠭᠦᠯᠬᠦ ᠬᠡᠷᠡᠭᠲᠡᠶ ᠭᠡᠵᠦ ᠲᠣᠭᠲᠠᠭ᠋ᠠᠵᠠᠶ᠃ ᠲᠠᠷᠢᠶᠠᠨ ᠠᠵᠢᠯ ᠬᠢᠭᠰᠡᠳ᠎ᠨᠢ ᠦᠢ᠍ᠯᠡᠴᠢᠯᠡᠭᠡᠨ᠎ᠤ ᠣᠷᠣᠨ᠎ᠤ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠵᠥᠪ ᠢᠯᠭ᠋ᠠᠨ ᠲᠠᠨᠢᠵᠤ᠂ ᠲᠠᠷᠢᠶᠠᠨ ᠡᠮ ᠬᠡᠷᠡᠭᠯᠡᠬᠦ ᠬᠦᠷᠢᠶ᠎ᠡ ᠬᠡᠪᠴᠢᠶ᠎ᠡ᠂ ᠬᠡᠷᠡᠭᠯᠡᠬᠦ ᠠᠷᠭ᠎ᠠ᠂ ᠠᠶᠤᠯᠭᠦᠢ ᠵᠠᠪᠰᠠᠷ᠎ᠤᠨ ᠬᠤᠭᠤᠴᠠᠭ᠎ᠠ ᠵᠡᠷᠭᠡ ᠲᠤᠰᠬᠠᠢ ᠮᠡᠷᠭᠡᠵᠢᠯ᠎ᠤᠨ ᠮᠡᠳᠡᠯᠭᠡ ᠵᠢᠴᠢ ᠲᠠᠷᠢᠶᠠᠨ ᠠᠵᠢᠯ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠵᠥᠪ ᠣᠨᠣᠪᠴᠢᠲᠠᠢ ᠡᠵᠡᠮᠰᠢᠵᠤ᠂ ᠡᠮ ᠣᠷᠣᠭᠤᠯᠬᠤ ᠮᠠᠰᠢᠨ ᠵᠢᠴᠢ ᠬᠠᠮᠢᠶ᠎ᠠ ᠪᠦᠬᠦᠢ ᠬᠡᠷᠡᠭᠰᠡᠯ᠎ᠢ ᠵᠥᠪ ᠵᠶ᠋ᠠᠷ ᠬᠡᠷᠡᠭᠯᠡᠬᠦ ᠬᠡᠷᠡᠭᠲᠡᠶ᠃ ᠭᠤᠷᠪᠠ᠎ᠳᠤ ᠰᠡᠷᠭᠡᠶ᠋ᠢᠯᠡᠨ ᠵᠠᠰᠠᠬᠤ ᠦᠢ᠍ᠯᠡᠴᠢᠯᠡᠭᠡᠨ᠎ᠤ ᠰᠢᠨᠵᠢᠯᠡᠬᠦ ᠤᠬᠠᠭ᠋ᠠᠨᠴᠢ ᠴᠢᠨᠠᠷ᠂ ᠳᠦᠷᠢᠮᠵᠢᠯ᠎ᠢ ᠪᠠᠲᠤᠯᠠᠬᠤ ᠵᠢᠨ ᠲᠤᠰᠠᠳᠠ᠂ 《ᠲᠦᠷᠢᠮ》᠎ᠳᠤ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠨᠢ ᠤᠯᠤᠰ᠎ᠤᠨ ᠬᠤᠯᠪᠣᠭᠳᠠᠯ ᠪᠦᠬᠦᠢ ᠲᠠᠷᠢᠶᠠᠨ ᠡᠮ᠎ᠢ ᠠᠶᠤᠯᠭᠦᠶ ᠵᠦᠶ ᠵᠣᠬᠢᠰᠲᠠᠶ ᠬᠡᠷᠡᠭᠯᠡᠬᠦ ᠲᠦᠷᠢᠮ᠎ᠢ ᠵᠢᠷᠤᠮᠯᠠᠵᠤ᠂ ᠦᠢ᠍ᠯᠡᠴᠢᠯᠡᠭᠡᠨ᠎ᠤ ᠲᠠᠩᠰᠠ ᠡᠪᠬᠡᠮᠡᠯ ᠪᠠᠶ᠋ᠢᠭᠤᠯᠵᠤ᠂ ᠲᠠᠷᠢᠶᠠᠨ ᠠᠵᠢᠯ ᠬᠢᠭᠰᠡᠳ᠎ᠲᠤ ᠴᠢᠬᠤᠯᠠ ᠪᠦᠬᠦᠢ ᠬᠠᠮᠠᠭ᠋ᠠᠯᠠᠯᠲᠠ ᠵᠢᠨ ᠬᠡᠷᠡᠭᠰᠡᠯ ᠵᠡᠷᠭᠡ ᠠᠭᠤᠯᠭ᠎ᠠ ᠵᠢ ᠲᠤᠬᠢᠷᠠᠭᠤᠯᠵᠤ ᠥᠭᠬᠦ ᠬᠡᠷᠡᠭᠲᠡᠶ ᠭᠡᠵᠦ ᠲᠤᠭᠲᠠᠭ᠋ᠠᠪᠠ᠃

     6. 《ᠲᠦᠷᠢᠮ》᠎ᠳᠤ 《ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ》 ᠵᠢ ᠪᠠᠷᠢᠮᠲᠠᠯᠠᠬᠤ ᠵᠢ ᠰᠠᠨᠠᠭ᠋ᠠᠴᠢᠯᠠᠪᠠ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠠᠬᠢ ᠪᠣᠬᠢᠷᠲᠤᠯ ᠦᠭᠡᠢ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠲᠠᠷᠢᠶᠠᠯᠠᠩ᠎ᠤᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠪᠴᠢᠯᠡᠨ ᠬᠤᠪᠢᠷᠠᠭᠤᠯᠵᠤ᠂ ᠲᠠᠷᠢᠶᠠᠯᠠᠩ᠎ᠤᠨ ᠡᠬᠢ ᠪᠠᠶᠠᠯᠢᠭ᠎ᠤᠨ ᠠᠰᠢᠭᠯᠠᠯᠲᠠ ᠪᠣᠯᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ᠎ᠳᠤ ᠪᠣᠬᠢᠷᠲᠤᠯ ᠦᠭᠡᠶ ᠰᠡᠷᠭᠡᠶ᠋ᠢᠯᠡᠯᠲᠡ᠎ᠪᠠᠷ ᠬᠢᠮᠢ ᠵᠢᠨ ᠰᠡᠷᠭᠡᠶ᠋ᠢᠯᠡᠯᠲᠡ ᠵᠢ ᠣᠷᠣᠯᠠᠭᠤᠯᠵᠣ᠂ ᠠᠮᠢ ᠠᠬᠤᠶ ᠵᠢᠨ ᠲᠤᠬᠢᠷᠠᠭᠤᠯᠤᠯ ᠡᠵᠡᠮᠳᠡᠯ᠂ ᠹᠢᠽᠢᠺ᠎ᠤᠨ ᠰᠡᠷᠭᠡᠶ᠋ᠢᠯᠡᠨ ᠵᠠᠰᠠᠯᠲᠠ᠂ ᠠᠮᠢᠳᠤ ᠪᠣᠳᠠᠰ᠎ᠤᠨ ᠰᠡᠷᠭᠡᠶ᠋ᠢᠯᠡᠯᠲᠡ ᠵᠡᠷᠭᠡ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠢ ᠳᠡᠯᠭᠡᠷᠡᠭᠦᠯᠦᠨ᠂ ᠪᠣᠬᠢᠷᠲᠤᠯ ᠦᠭᠡᠢ ᠬᠦᠭᠵᠢᠯᠲᠡ ᠵᠢᠨ ᠵᠠᠮ ᠵᠶ᠋ᠠᠷ ᠵᠠᠮᠨᠠᠬᠤ ᠵᠢᠨ ᠲᠤᠰᠠᠳᠠ᠂ 《ᠲᠦᠷᠢᠮ》᠎ᠳᠤ ᠤᠯᠤᠰ᠎ᠠᠴᠠ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠬᠠᠤᠯᠢ ᠶᠣᠰᠣᠭ᠋ᠠᠷ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ᠎ᠤ ᠮᠡᠳᠡᠭᠡ ᠵᠠᠩᠭᠢ ᠵᠢᠨ ᠮᠡᠷᠭᠡᠵᠢᠯ᠂ ᠠᠮᠢᠳᠤ ᠪᠣᠳᠠᠰ᠎ᠤᠨ ᠮᠡᠷᠭᠡᠵᠢᠯ᠎ᠢ ᠲᠦᠭᠡᠮᠡᠯᠵᠢᠭᠦᠯᠦᠨ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠤᠶᠤᠨᠴᠢᠯᠠᠬᠤ᠂ ᠲᠤᠰᠬᠠᠶ᠋ᠢᠵᠢᠭᠤᠯᠬᠤ᠂ ᠪᠣᠬᠢᠷᠲᠤᠯ ᠦᠭᠡᠢ ᠪᠣᠯᠭ᠋ᠠᠬᠤ ᠵᠢ ᠲᠦᠯᠬᠢᠨ ᠠᠬᠢᠭᠤᠯᠤᠨ᠎ᠠ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭ᠋ᠠᠭᠤᠯᠢ ᠵᠡᠷᠭᠡ ᠨᠢᠭᠡᠴᠢ ᠪᠠ ᠬᠤᠪᠢ ᠬᠥᠮᠦᠨ᠎ᠤ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠢ ᠰᠤᠳᠤᠯᠬᠤ᠂ ᠬᠠᠤᠯᠢ ᠶᠣᠰᠣᠭ᠋ᠠᠷ ᠳᠡᠯᠭᠡᠷᠡᠭᠦᠯᠬᠦ ᠵᠢ ᠵᠣᠷᠢᠭᠵᠢᠭᠤᠯᠤᠨ ᠳᠠᠮᠵᠢᠵᠤ᠂ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠳᠤ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠮᠡᠷᠭᠡᠵᠢᠯ ᠵᠡᠷᠭᠡ ᠵᠢ ᠬᠡᠷᠡᠭᠯᠡᠬᠦ ᠵᠢ ᠵᠣᠷᠢᠭᠵᠢᠭᠤᠯᠤᠨ᠎ᠠ᠃ ᠲᠠᠷᠢᠶᠠᠯᠠᠩ ᠬᠥᠳᠡᠭᠡ ᠠᠵᠤ ᠠᠬᠤᠢ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠳᠣᠯᠣᠭ᠋ᠠᠨ ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠤᠯᠤᠰ᠎ᠤᠨ ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠲᠦᠯᠦᠪᠵᠢᠭᠦᠯᠭᠡ (2018 — 2022 ᠣᠨ)》᠎ᠳᠤ᠂ ᠦᠷᠭᠦᠯᠵᠢᠯᠡᠨ ᠪᠦᠬᠦᠯᠢ ᠰᠢᠶᠠᠨ᠎ᠤ ᠳᠦᠷᠢᠮ ᠵᠶ᠋ᠠᠷ᠂ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠠᠵᠢᠯ᠎ᠢ ᠲᠦᠯᠬᠢᠨ ᠠᠬᠢᠭᠤᠯᠵᠤ᠂ ᠲᠠᠷᠢᠶᠠᠯᠠᠩ᠎ᠤᠨ ᠣᠷᠣᠭᠤᠯᠤᠯᠲᠠ ᠡᠳ᠋᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠣᠬᠢᠷᠲᠤᠯ ᠦᠭᠡᠶ ᠰᠡᠷᠭᠡᠶ᠋ᠢᠯᠡᠨ ᠡᠵᠡᠮᠳᠡᠬᠦ ᠵᠢᠱ᠌ᠢᠶ᠎ᠡ ᠦᠵᠡᠭᠦᠯᠬᠦ ᠰᠢᠶᠠᠨ᠎ᠢ 300 ᠪᠠᠶ᠋ᠢᠭᠤᠯᠵᠤ᠂ ᠭᠤᠤᠯ ᠪᠣᠯᠬᠤ ᠲᠠᠷᠢᠮᠠᠯ᠎ᠤᠨ ᠡᠪᠡᠳᠴᠢᠨ ᠬᠤᠷᠣᠬᠠᠶ ᠵᠢᠨ ᠪᠣᠬᠢᠷᠲᠤᠯ ᠦᠭᠡᠶ ᠰᠡᠷᠭᠡᠶ᠋ᠢᠯᠡᠨ ᠡᠵᠡᠮᠳᠡᠬᠦ ᠪᠦᠷᠬᠦᠴᠡ ᠵᠢᠨ ᠨᠣᠷᠮ᠎ᠠ ᠵᠢ 50%᠎ᠠᠴᠠ ᠳᠡᠭᠡᠭᠰᠢ᠎ᠳᠤ ᠬᠦᠷᠦᠭᠦᠯᠦᠨ᠂ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠲᠠᠷᠢᠮᠠᠯ᠎ᠤᠨ ᠪᠣᠬᠢᠷᠲᠤᠯ ᠦᠭᠡᠢ ᠴᠢᠨᠠᠷᠯᠢᠭ ᠬᠥᠭᠵᠢᠯᠲᠡ ᠵᠢ ᠠᠬᠢᠭᠤᠯᠤᠨ᠎ᠠ ᠭᠡᠵᠦ ᠲᠤᠳᠤᠷᠬᠠᠢ ᠲᠤᠷᠠᠳᠪᠠ᠃
   

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠭᠡᠷᠡᠭᠯᠡᠬᠦ ᠬᠢᠨᠠᠯᠳᠠ ᠬᠠᠮᠢᠶᠠᠷᠤᠯᠳᠠ ᠵᠢ ᠴᠢᠡᠭᠭ᠋ᠠᠳᠬᠠᠪᠠ
ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢ ᠲᠥᠷᠭᠡᠳᠬᠡᠨ ᠪᠣᠶ᠋ᠢᠵᠢᠭᠤᠯᠤᠨ ᠬᠥᠭᠵᠢᠭᠦᠯᠬᠦ ᠲᠤᠬᠠᠢ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠪᠠ ᠢᠳᠡᠬᠦ ᠵᠢ ᠴᠠᠭ᠋ᠠᠵᠠᠯᠠᠬᠤ ᠲᠤᠬᠠᠶ ᠮᠡᠳᠡᠭᠳᠡᠯ
ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ
ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ
 
             蒙ICP备05000248号