ᠠᠰᠠᠭᠤᠯᠲᠠ᠄ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ ᠵᠢᠨ ᠴᠢᠬᠤᠯᠠ ᠠᠴᠢ ᠬᠣᠯᠪᠣᠭᠳᠠᠯ᠎ᠨᠢ ᠶᠠᠭᠤ ᠪᠣᠶ?
ᠥᠪᠥᠷ ᠮᠣᠩᠭᠣᠯ ᠪᠣᠯ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ ᠵᠶ᠋ᠡᠷ ᠡᠯᠪᠡᠭ ᠤᠷᠤᠨ ᠪᠣᠯᠤᠨ᠎ᠠ᠂ ᠣᠳᠣ ᠡᠬᠡ ᠬᠠᠭᠤᠷᠠᠶ ᠵᠢᠨ ᠰᠡᠭᠡᠷᠲᠡᠨ ᠠᠮᠢᠲᠠᠨ 613 ᠲᠦᠷᠰᠦ ᠵᠢᠨ ᠲᠦᠷᠦᠯ ᠪᠠᠶ᠋ᠢᠵᠤ᠂ ᠲᠤᠰ ᠲᠤᠰ 29 ᠪᠠᠭ᠎ᠲᠤ ᠬᠠᠷᠢᠶᠠᠯᠠᠭᠳᠠᠨ᠎ᠠ᠃ 93 ᠢᠵᠠᠭᠤᠷ᠂ 291 ᠲᠦᠷᠦᠯ᠎ᠳᠤ ᠬᠠᠷᠢᠶᠠᠯᠠᠭᠳᠠᠨ᠎ᠠ᠃ ᠬᠣᠶᠠᠷ ᠨᠤᠲᠤᠭᠲᠠᠨᠤ ᠠᠩᠭᠢ 8 ᠲᠦᠷᠰᠦ ᠵᠢᠨ ᠲᠦᠷᠦᠯ᠂ ᠮᠥᠯᠬᠥᠭᠴᠢᠳ᠎ᠤᠨ ᠠᠩᠭᠢ 27 ᠲᠦᠷᠰᠦ ᠵᠢᠨ ᠲᠦᠷᠦᠯ᠂ ᠰᠢᠪᠠᠭᠤᠨ᠎ᠤ ᠠᠩᠭᠢ 442 ᠳᠦᠷᠰᠦ ᠵᠢᠨ ᠲᠦᠷᠦᠯ᠂ ᠬᠥᠬᠥᠲᠡᠨᠤ ᠠᠩᠭᠢ 136 ᠲᠦᠷᠰᠦ ᠵᠢᠨ ᠲᠦᠷᠦᠯ ᠪᠤᠶ᠄ ᠡᠬᠦᠨ᠎ᠳᠤ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 28 ᠲᠦᠷᠰᠦ ᠵᠢᠨ ᠲᠦᠷᠦᠯ᠂ ᠤᠯᠤᠰ᠎ᠤᠨ ᠬᠣᠶᠠᠳᠤᠭ᠋ᠠᠷ ᠳᠡᠰ᠎ᠤᠨ ᠭᠣᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 87 ᠲᠦᠷᠦᠰᠦ ᠵᠢᠨ ᠲᠥᠷᠥᠯ ᠪᠤᠢ᠃ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠪᠠ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ) ᠪᠣᠯ 《ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠯᠪᠠᠨ ᠲᠢᠩᠬᠢᠮ᠎ᠤᠨ ᠬᠠᠤᠯᠢ ᠪᠤᠰᠤ᠎ᠪᠠᠷ ᠬᠡᠭᠡᠷ᠎ᠡ ᠵᠢᠨ ᠠᠮᠢᠲᠠᠨ᠎ᠢ ᠠᠷᠠᠯᠵᠢᠶᠠᠯᠠᠬᠤ ᠵᠢ ᠪᠥᠬᠥ ᠲᠠᠯ᠎ᠠ᠎ᠪᠠᠷ ᠴᠠᠭ᠋ᠠᠵᠠᠯᠠᠬᠤ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠵᠶ᠋ᠠᠨ ᠢᠳᠡᠬᠦ ᠮᠠᠭᠤ ᠳᠠᠳᠬᠠᠯ᠎ᠢ ᠠᠷᠢᠯᠭ᠋ᠠᠬᠤ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ᠎ᠢ ᠪᠠᠲᠤᠯᠠᠬᠤ ᠲᠤᠬᠠᠶ ᠲᠤᠭᠳᠠᠭ᠋ᠠᠯ》 (ᠳᠣᠷᠣᠭᠰᠢ 《ᠲᠤᠭᠳᠠᠭ᠋ᠠᠯ》 ᠭᠡᠵᠦ ᠲᠣᠪᠴᠢᠯᠠᠨ᠎ᠠ)᠂ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠦᠯᠢ》᠂ 《ᠤᠯᠤᠰ᠎ᠤᠨ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶᠠᠨ᠎ᠤ ᠲᠣᠭᠲᠠᠭ᠋ᠠᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠮᠡᠳᠡᠭᠳᠡᠯ》 (ᠤᠯᠤᠰ᠎ᠤᠨ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶᠠᠨ᠎ᠠᠴᠠ ᠲᠠᠷᠬᠠᠭ᠋ᠠᠭᠰᠠᠨ 2020 ᠣᠨ᠎ᠤ 22 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠬᠡᠷᠡᠭᠵᠢᠭᠦᠯᠬᠦ ᠴᠢᠨᠠᠷᠲᠠᠶ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠢ᠌ᠳᠠᠪᠤᠷᠢᠵᠢᠭᠤᠯᠬᠤ᠂ 《ᠲᠣᠭᠲᠠᠭ᠋ᠠᠯ》᠎ᠢ ᠪᠦᠬᠦ ᠲᠠᠯ᠎ᠠ᠎ᠪᠠᠷ ᠬᠡᠷᠡᠭᠵᠢᠭᠦᠯᠬᠦ᠂ ᠪᠦᠬᠦ ᠨᠡᠶ᠋ᠢᠭᠡᠮ᠎ᠤᠨ ᠡᠯ᠎ᠡ ᠡᠲᠡᠭᠡᠳ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠮᠰᠠᠷ᠎ᠢ
ᠨᠡᠮᠡᠭᠳᠡᠬᠦᠯᠬᠦ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠢᠳᠡᠬᠦ ᠮᠠᠭᠤ ᠳᠠᠳᠬᠠᠯ᠎ᠢ ᠠᠷᠢᠯᠭ᠋ᠠᠬᠤ᠂ ᠮᠠᠨ᠎ᠤ ᠣᠷᠣᠨ᠎ᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠪᠦᠲᠦᠮᠵᠢᠲᠡᠶ ᠬᠠᠮᠠᠭ᠋ᠠᠯᠠᠬᠤ᠂ ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠬᠥᠮᠦᠨ ᠠᠮᠢᠲᠠᠨ ᠡᠶ᠎ᠡ ᠵᠤᠬᠢᠴᠠᠩᠭᠤᠢ ᠬᠠᠮᠲᠤ ᠣᠷᠣᠰᠢᠬᠤ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠠᠰᠠᠭᠤᠯᠲᠠ᠄ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠴᠠᠭ᠋ᠠᠵᠠᠯᠠᠬᠤ ᠲᠤᠬᠠᠶ ᠬᠡᠷᠬᠢᠨ ᠲᠤᠭᠳᠠᠭ᠋ᠠᠭᠰᠠᠨ ᠪᠣᠶ?
《ᠮᠡᠳᠡᠭᠳᠡᠯ》᠎ᠳᠤ ᠬᠡᠭᠡᠷ᠎ᠡ ᠵᠢᠨ ᠠᠮᠢᠲᠠᠨ᠎ᠤ ᠠᠷᠠᠯᠵᠢᠶ᠎ᠠ᠎ᠳᠤ ᠬᠤᠯᠪᠤᠭᠳᠠᠭᠤᠯᠤᠨ ᠲᠣᠳᠣᠷᠬᠠᠶ ᠲᠣᠭᠲᠠᠭ᠋ᠠᠯ ᠭᠠᠷᠭ᠋ᠠᠭᠰᠠᠨ ᠪᠠᠶ᠋ᠢᠨ᠎ᠠ᠄
ᠨᠢᠭᠡ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠪᠣᠯᠤᠨ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠎ᠳᠤ ᠲᠣᠳᠣᠷᠬᠠᠶ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠠᠵᠢᠯᠯᠠᠭ᠎ᠠ ᠵᠢ ᠡᠷᠬᠡᠪᠰᠢ ᠴᠠᠭ᠋ᠠᠵᠠᠯᠠᠬᠤ ᠬᠡᠷᠡᠭᠲᠡᠶ᠃
ᠬᠣᠶᠠᠷ ᠢᠳᠡᠭᠡᠨ ᠵᠶ᠋ᠠᠷ ᠵᠣᠷᠢᠯᠭ᠎ᠠ ᠪᠣᠯᠭ᠋ᠠᠨ ᠬᠡᠭᠡᠷ᠎ᠡ ᠭᠠᠳᠠᠨ᠎ᠠ ᠠᠶᠠᠨᠳᠠᠭ᠋ᠠᠨ ᠤᠷᠤᠩᠨᠠᠨ ᠦᠷᠡᠵᠢᠳᠡᠭ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠢ ᠠᠩᠨᠠᠬᠤ᠂ ᠠᠷᠠᠯᠵᠢᠶᠠᠯᠠᠬᠤ᠂ ᠵᠥᠭᠡᠭᠡᠪᠦᠷᠢᠯᠡᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠴᠠᠭ᠋ᠠᠵᠠᠯᠠᠨ᠎ᠠ᠃
ᠠᠰᠠᠭᠤᠯᠲᠠ᠄ ᠬᠡᠭᠡᠷ᠎ᠡ ᠵᠢᠨ ᠠᠮᠢᠲᠠᠨ᠎ᠢ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠲᠤᠬᠠᠶ ᠬᠡᠷᠬᠢᠨ ᠲᠤᠭᠲᠠᠭ᠋ᠠᠭᠰᠠᠨ ᠪᠣᠶ? 《ᠮᠡᠳᠡᠭᠳᠡᠯ》᠎ᠳᠤ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ᠎ᠳᠤ ᠬᠣᠯᠪᠣᠭᠳᠠᠭᠰᠠᠨ ᠬᠡᠭᠡᠷ᠎ᠡ ᠵᠢᠨ ᠠᠮᠢᠲᠠᠨ᠎ᠤ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠭᠰᠠᠨ ᠤᠤ?
ᠨᠢᠭᠡ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠪᠠ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠎ᠳᠤ ᠲᠣᠳᠣᠷᠬᠠᠶ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠢᠳᠡᠬᠦ ᠠᠵᠢᠯᠯᠠᠭ᠎ᠠ ᠵᠢ ᠡᠷᠬᠡᠪᠰᠢ ᠴᠢᠩᠭ᠎ᠠ ᠴᠠᠭ᠋ᠠᠵᠠᠯᠠᠬᠤ ᠬᠡᠷᠡᠭᠲᠡᠶ᠃
ᠬᠣᠶᠠᠷ 《ᠭᠤᠷᠪᠠᠨ ᠦᠷᠲᠡᠭ᠎ᠲᠦ ᠠᠮᠢᠲᠠᠨ》 (ᠴᠢᠬᠤᠯᠠ ᠠᠮᠢ ᠠᠬᠤᠶ᠂ ᠰᠢᠨᠵᠢᠯᠡᠬᠦ ᠤᠬᠠᠭ᠋ᠠᠨ᠂ ᠨᠡᠶ᠋ᠢᠭᠡᠮ᠎ᠤᠨ ᠦᠨ᠎ᠡ ᠥᠷᠲᠡᠭ᠎ᠲᠠᠢ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ) ᠵᠢᠴᠢ ᠪᠤᠰᠤᠳ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠢ ᠢᠳᠡᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠴᠠᠭ᠋ᠠᠵᠠᠯᠠᠨ᠎ᠠ᠃ ᠡᠭᠦᠨ᠎ᠳᠤ ᠬᠥᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠦᠭᠰᠡᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠪᠠᠭᠲᠠᠨ᠎ᠠ᠃ 《ᠲᠣᠭᠲᠠᠭ᠋ᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠠᠯ ᠠᠵᠤ ᠠᠬᠤᠶ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠲᠤ ᠵᠢᠭᠰᠠᠭ᠋ᠠᠭᠳᠠᠭᠰᠠᠨ ᠬᠥᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠦᠭᠰᠡᠨ ᠬᠡᠭᠡᠷ᠎ᠡ ᠵᠢᠨ ᠠᠮᠢᠲᠠᠨ ᠪᠣᠯ ᠭᠡᠷ᠎ᠤᠨ ᠲᠡᠵᠢᠭᠡᠪᠦᠷᠢ ᠪᠤᠶᠤ ᠭᠡᠷ᠎ᠤᠨ ᠵᠢᠭᠦᠷᠲᠡᠨ᠎ᠳᠤ ᠲᠣᠭ᠋ᠠᠴᠠᠭᠳᠠᠵᠤ᠂ ᠲᠡᠭᠦᠨ᠎ᠢ ᠠᠮᠢᠲᠠᠨ ᠭᠡᠨ᠎ᠡ; ᠭᠠᠷᠴᠠᠭ᠎ᠲᠤ ᠣᠷᠣᠭᠤᠯᠤᠭᠰᠠᠨ ᠦᠭᠡᠢ ᠬᠡᠭᠡᠷ᠎ᠡ ᠵᠢᠨ ᠠᠮᠢᠲᠠᠨ᠎ᠢ ᠠᠩᠨᠠᠬᠤ᠂ ᠠᠷᠠᠯᠵᠢᠶᠠᠯᠠᠬᠤ᠂ ᠵᠥᠭᠡᠭᠡᠪᠦᠷᠢᠯᠡᠬᠦ᠂ ᠢᠳᠡᠬᠦ ᠵᠢ ᠴᠠᠭ᠋ᠠᠵᠠᠯᠠᠨ᠎ᠠ᠃ ᠲᠥᠬᠥᠮ ᠵᠶ᠋ᠠᠷ ᠬᠡᠯᠡᠪᠡᠯ᠂ ᠬᠡᠭᠡᠷ᠎ᠡ ᠵᠢᠨ ᠠᠮᠢᠲᠠᠨ᠎ᠢ ᠢᠳᠡᠵᠦ ᠪᠣᠯᠬᠤ ᠥᠬᠡᠶ᠂ ᠲᠡᠵᠢᠭᠡᠨ ᠦᠷᠡᠵᠢᠬᠦᠯᠵᠦ ᠪᠠᠢ᠌ᠭ᠎ᠠ ᠭᠠᠷᠴᠠᠭ᠎ᠲᠤ ᠣᠷᠣᠭᠤᠯᠤᠭᠰᠠᠨ ᠦᠭᠡᠢ ᠬᠡᠭᠡᠷ᠎ᠡ ᠵᠢᠨ ᠠᠮᠢᠲᠠᠨ᠎ᠢ ᠴᠦ᠍ ᠢᠳᠡᠵᠦ ᠪᠣᠯᠬᠤ ᠥᠬᠡᠶ᠃
ᠠᠰᠠᠭᠤᠯᠲᠠ᠄ ᠬᠡᠭᠡᠷ᠎ᠡ ᠵᠢᠨ ᠠᠮᠢᠲᠠᠨ᠎ᠤ ᠠᠰᠢᠭᠯᠠᠯᠲᠠ ᠬᠠᠮᠢᠶᠠᠷᠤᠯᠲᠠ ᠪᠠ ᠬᠢᠨᠠᠯᠲᠠ ᠬᠠᠮᠢᠶᠠᠷᠣᠯᠳᠠ ᠵᠢ ᠬᠡᠷᠬᠢᠨ ᠲᠤᠭᠳᠠᠭ᠋ᠠᠭᠰᠠᠨ ᠪᠣᠶ?
《ᠮᠡᠳᠡᠭᠳᠡᠯ》᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠡᠮ ᠡᠮᠨᠡᠯᠭᠡ᠎ᠳᠤ ᠬᠡᠷᠡᠭᠯᠡᠬᠦ᠂ ᠲᠤᠭᠯᠠᠯᠳᠠ ᠦᠵᠡᠬᠦᠯᠦᠯᠭᠡ᠂ ᠳᠦᠷᠰᠦ ᠵᠢᠨ ᠲᠦᠷᠦᠯ᠎ᠤᠨ ᠬᠠᠮᠠᠭ᠋ᠠᠯᠠᠯᠲᠠ᠂ ᠳᠦᠷᠰᠦ ᠵᠢᠨ ᠲᠦᠷᠦᠯ᠎ᠤᠨ ᠡᠬᠡ ᠠᠮᠢᠲᠠᠨ᠎ᠢ ᠦᠷᠡᠵᠢᠬᠦᠯᠬᠦ᠂ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠵᠡᠷᠭᠡ ᠪᠤᠰᠤᠳ ᠣᠨᠴᠠᠭ᠋ᠠᠶ ᠪᠠᠢ᠌ᠳᠠᠯ᠎ᠠᠴᠠ ᠪᠣᠯᠵᠣ᠂ ᠬᠡᠭᠡᠷ᠎ᠡ ᠵᠢᠨ ᠠᠮᠢᠲᠠᠨ᠎ᠢ ᠢᠳᠡᠭᠡᠨ᠎ᠤ ᠪᠤᠰᠤ ᠴᠢᠨᠠᠷᠲᠠᠶ ᠠᠰᠢᠭᠯᠠᠬᠤ ᠴᠢᠬᠤᠯᠠᠲᠠᠶ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠢᠨᠠᠨ ᠵᠥᠪᠰᠢᠶᠡᠷᠡᠬᠦ ᠪᠠ ᠰᠢᠯᠭ᠋ᠠᠨ ᠬᠢᠨᠠᠵᠤ ᠬᠢᠵᠢᠭ᠎ᠤᠨ ᠪᠠᠢ᠌ᠴᠠᠭ᠋ᠠᠯᠳᠠ ᠬᠢᠬᠦ ᠬᠡᠷᠡᠭᠲᠡᠶ᠃ ᠬᠡᠭᠡᠷ᠎ᠡ ᠭᠠᠳᠠᠨ᠎ᠠ ᠠᠶᠠᠨᠳᠠᠭ᠋ᠠᠨ ᠦᠷᠡᠵᠢᠵᠦ ᠪᠠᠶ᠋ᠢᠭ᠎ᠠ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠢ ᠢᠳᠡᠬᠦ᠎ᠪᠠᠷ ᠵᠣᠷᠢᠯᠭ᠎ᠠ ᠪᠣᠯᠭ᠋ᠠᠨ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠵᠢ ᠴᠠᠭ᠋ᠠᠵᠠᠯᠠᠨ᠎ᠠ᠃ ᠬᠡᠭᠡᠷ᠎ᠡ ᠵᠢᠨ ᠠᠮᠢᠲᠠᠨ᠎ᠢ ᠠᠩᠨᠠᠭᠰᠠᠨ᠂ ᠠᠷᠠᠯᠵᠢᠶᠠᠯᠠᠭᠰᠠᠨ᠂ ᠵᠥᠭᠡᠭᠡᠪᠦᠷᠢᠯᠡᠭᠰᠡᠨ᠂ ᠠᠰᠢᠭᠯᠠᠭᠰᠠᠨ᠂ ᠪᠡᠶ᠎ᠡ᠎ᠳᠡᠭᠡᠨ ᠠᠪᠴᠤ ᠶᠠᠪᠤᠭᠰᠠᠨ᠂ ᠭᠤᠪᠢᠭᠤᠯᠤᠭᠰᠠᠨ ᠠᠵᠢᠯᠯᠠᠭ᠎ᠠ᠎ᠨᠢ ᠬᠠᠤᠯᠢ ᠶᠤᠰᠤᠨ᠎ᠤ ᠠᠩ ᠠᠩᠨᠠᠯ᠎ᠤᠨ ᠦᠨᠡᠮᠯᠡᠯ᠂ ᠲᠤᠰᠬᠠᠶ ᠢᠯᠡᠳᠬᠡᠮᠵᠢ ᠲᠡᠮᠳᠡᠭ᠂ ᠬᠦᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠬᠦ ᠵᠥᠪᠰᠢᠶᠡᠷᠡᠯ᠎ᠤᠨ ᠦᠨᠡᠮᠯᠡᠯ᠂ ᠵᠥᠪᠰᠢᠶᠡᠷᠡᠭᠰᠡᠨ ᠪᠢᠴᠢᠭ ᠮᠠᠲᠸᠷᠢᠶᠠᠯ᠎ᠤᠨ ᠬᠠᠭᠤᠯᠪᠤᠷᠢ ᠳᠡᠪᠲᠡᠷ ᠪᠤᠶᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠡᠷᠡᠴᠢ ᠵᠡᠷᠭᠡ ᠬᠠᠤᠯᠢ ᠶᠣᠰᠣᠨ᠎ᠤ ᠢᠷᠡᠯᠲᠡ ᠵᠢᠨ ᠭᠡᠷᠡᠴᠢ ᠪᠠ ᠬᠢᠵᠢᠭ᠎ᠤᠨ ᠪᠠᠶ᠋ᠢᠴᠠᠭ᠋ᠠᠯᠲᠠ ᠵᠢᠨ ᠭᠡᠷᠡᠴᠢ ᠪᠠᠶ᠋ᠢᠬᠤ ᠬᠡᠷᠡᠭᠲᠡᠶ᠃ ᠤᠯᠤᠰ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠢᠳᠡᠭᠡᠨ᠎ᠤ ᠵᠦᠢ᠍ᠯ ᠵᠶ᠋ᠠᠷ ᠵᠣᠷᠢᠯᠭ᠎ᠠ ᠪᠣᠯᠭ᠋ᠠᠭᠰᠠᠨ ᠬᠡᠭᠡᠷ᠎ᠡ ᠵᠢᠨ ᠠᠮᠢᠲᠠᠨ᠎ᠢ ᠠᠩᠨᠠᠬᠤ᠂ ᠬᠤᠳᠠᠯᠳᠤᠬᠤ᠂ ᠬᠤᠳᠠᠯᠳᠤᠨ ᠠᠪᠬᠤ᠂ ᠭᠠᠳᠠᠭ᠋ᠠᠳᠤ᠎ᠠᠴᠠ ᠣᠷᠣᠭᠤᠯᠬᠤ ᠵᠡᠷᠭᠡ ᠠᠵᠢᠯᠯᠠᠭ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢ ᠴᠥᠮ ᠵᠣᠭᠰᠣᠭ᠋ᠠᠬᠤ ᠬᠡᠷᠡᠭᠲᠡᠶ᠃
ᠠᠰᠠᠭᠤᠯᠲᠠ᠄ ᠲᠡᠵᠢᠭᠡᠵᠦ ᠪᠠᠶ᠋ᠢᠭ᠎ᠠ ᠬᠡᠭᠡᠷ᠎ᠡ ᠵᠢᠨ ᠠᠮᠢᠲᠠᠨ᠎ᠳᠤ ᠶᠠᠮᠠᠷ ᠱᠠᠭ᠋ᠠᠷᠳᠠᠯᠭ᠎ᠠ ᠲᠤᠭᠳᠠᠭ᠋ᠠᠭᠰᠠᠨ ᠪᠣᠶ?
《ᠮᠡᠳᠡᠭᠳᠡᠯ》᠎ᠳᠤ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠷᠢᠶ᠎ᠠ ᠣᠷᠣᠨ᠎ᠳᠠᠬᠢ ᠬᠡᠭᠡᠷ᠎ᠡ ᠵᠢᠨ ᠠᠮᠢᠲᠠᠨ᠎ᠢ ᠬᠥᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠬᠦ᠂ ᠡᠵᠡᠩᠨᠡᠨ ᠠᠰᠢᠭᠯᠠᠬᠤ ᠪᠠᠢ᠌ᠭᠤᠯᠤᠮᠵᠢ ᠵᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂ ᠢᠳᠡᠭᠡᠨ᠎ᠳᠤ ᠬᠡᠷᠡᠭᠯᠡᠬᠦ᠎ᠪᠠᠷ ᠵᠣᠷᠢᠯᠭ᠎ᠠ ᠪᠣᠯᠭ᠋ᠠᠭᠰᠠᠨ ᠲᠡᠵᠢᠭᠡᠨ ᠦᠷᠡᠵᠢᠭᠦᠯᠬᠦ ᠡᠷᠦᠬᠡ ᠵᠢ ᠵᠢᠯᠤᠭᠤᠳᠴᠤ ᠪᠠᠶ᠋ᠢᠭ᠋ᠠᠳ ᠬᠡᠭᠡᠷ᠎ᠡ ᠵᠢᠨ ᠠᠮᠢᠲᠠᠨ᠎ᠢ ᠲᠣᠬᠢᠲᠠᠶ ᠰᠢᠢ᠍ᠳᠪᠦᠷᠢᠯᠡᠵᠦ᠂ ᠠᠰᠠᠭᠤᠳᠠᠯ ᠡᠭᠦᠰᠬᠦ᠎ᠠᠴᠠ ᠰᠡᠷᠭᠡᠶ᠋ᠢᠯᠡᠨ᠎ᠡ᠃ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨᠤ ᠳᠠᠷᠠᠭ᠎ᠠ ᠲᠡᠵᠢᠭᠡᠬᠦ᠎ᠪᠠᠨ ᠵᠣᠭᠰᠣᠭᠰᠠᠨ ᠬᠡᠭᠡᠷ᠎ᠡ ᠵᠢᠨ ᠠᠮᠢᠲᠠᠨ᠎ᠢ ᠪᠠᠶ᠋ᠢᠭ᠋ᠠᠯᠢ᠎ᠳᠤᠨᠢ ᠪᠤᠴᠠᠭ᠋ᠠᠬᠤ ᠴᠢᠬᠤᠯᠠᠳᠠᠢ ᠪᠠᠢ᠌ᠪᠠᠯ᠂ ᠮᠠᠨ᠎ᠤ ᠣᠷᠣᠨ᠎ᠤ ᠳᠦᠷᠰᠦ ᠵᠢᠨ ᠲᠦᠷᠦᠯ᠎ᠤᠨ ᠪᠠᠢ᠌ᠭ᠋ᠠᠯᠢ ᠵᠢᠨ ᠲᠠᠷᠬᠠᠯᠳᠠ ᠵᠢᠨ ᠪᠠᠢ᠌ᠳᠠᠯ᠎ᠳᠤ ᠴᠢᠭᠯᠡᠭᠦᠯᠦᠨ᠂ ᠲᠣᠰ ᠳᠦᠷᠰᠦ ᠵᠢᠨ ᠲᠦᠷᠦᠯ᠎ᠤᠨ ᠪᠠᠶ᠋ᠢᠭ᠋ᠠᠯᠢ ᠵᠢᠨ ᠲᠠᠷᠬᠠᠯᠲᠠ ᠵᠢᠨ ᠣᠷᠣᠨ ᠪᠤᠶᠤ ᠲᠡᠦᠬᠡᠨ ᠲᠠᠷᠬᠠᠯᠲᠠ ᠵᠢᠨ ᠤᠬᠢ ᠰᠠᠢ᠌ᠨ ᠣᠷᠣᠨ᠎ᠢ ᠰᠣᠩᠭᠣᠵᠤ᠂ ᠲᠣᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠳᠠᠭ᠋ᠠᠭ᠋ᠠᠴᠠ ᠵᠢᠨ ᠬᠡᠮᠵᠢᠶᠡᠨ᠎ᠳᠤ ᠬᠢᠵᠠᠭ᠋ᠠᠷᠯᠠᠨ᠎ᠠ᠃ ᠪᠠᠢ᠌ᠭ᠋ᠠᠯᠢ᠎ᠳᠤᠨᠢ ᠪᠤᠴᠠᠭ᠋ᠠᠬᠤ ᠪᠣᠳᠠᠭ᠋ᠠᠯᠢ ᠪᠡᠶ᠎ᠡ᠎ᠳᠤ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠵᠦ᠂ ᠵᠤᠬᠢᠴᠠᠭᠤᠯᠬᠤ ᠴᠢᠨᠠᠷᠲᠠᠶ ᠪᠡᠯᠡᠳᠬᠡᠯ ᠠᠵᠢᠯ ᠬᠢᠵᠦ᠂ ᠪᠠᠢ᠌ᠭ᠋ᠠᠯᠢ᠎ᠳᠤᠨᠢ ᠪᠤᠴᠠᠭ᠋ᠠᠬᠤ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠭᠰᠠᠨ᠎ᠤ ᠳᠠᠷᠠᠭ᠎ᠠ ᠬᠡᠷᠡᠭᠵᠢᠬᠦᠯᠵᠦ᠂ ᠠᠮᠢ ᠠᠬᠤᠶ ᠵᠢᠨ ᠬᠣᠤᠷ ᠬᠥᠨᠥᠭᠡᠯ ᠤᠴᠠᠷᠠᠭᠤᠯᠬᠤ ᠥᠬᠡᠶ ᠪᠠᠶ᠋ᠢᠬᠤ ᠵᠢ ᠪᠠᠲᠤᠯᠠᠨ᠎ᠠ; ᠬᠡᠮᠵᠢᠶ᠎ᠡ᠎ᠨᠢ ᠶᠡᠬᠡ᠂ ᠲᠤᠬᠠᠶ ᠵᠢᠨ ᠤᠷᠤᠨ᠎ᠤ ᠳᠠᠭ᠋ᠠᠭ᠋ᠠᠴᠠ᠎ᠠᠴᠠ ᠳᠠᠪᠠᠭᠰᠠᠨ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠦᠴᠢᠷ᠎ᠠᠴᠠ ᠵᠣᠬᠢᠴᠠᠭᠤᠯᠤᠨ ᠣᠷᠣᠨ ᠪᠦᠰᠡ ᠠᠯᠤᠰᠯᠠᠵᠤ᠂ ᠬᠤᠭᠤᠴᠠᠭ᠎ᠠ ᠪᠦᠯᠦᠭ ᠬᠤᠪᠢᠶᠠᠨ ᠲᠠᠷᠠᠬᠠᠶ ᠪᠤᠲᠠᠷᠬᠠᠶ᠎ᠪᠠᠷ ᠪᠠᠢ᠌ᠭ᠋ᠠᠯᠢ᠎ᠳᠤᠨᠢ ᠪᠤᠴᠠᠭ᠋ᠠᠬᠤ ᠵᠢ ᠬᠡᠷᠡᠭᠵᠢᠭᠦᠯᠵᠦ᠂ ᠡᠮ᠎ᠳᠤ ᠬᠡᠷᠡᠭᠯᠡᠬᠦ᠂ ᠰᠣᠨᠢᠷᠬᠠᠬᠤ ᠦᠨ᠎ᠡ ᠥᠷᠲᠡᠭ ᠪᠦᠬᠦᠢ ᠲᠡᠵᠢᠭᠡᠪᠦᠷᠢ ᠬᠡᠭᠡᠷ᠎ᠡ ᠵᠢᠨ ᠠᠮᠢᠲᠠᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠲᠦᠷᠭᠡᠳᠬᠡᠨ ᠠᠬᠢᠭᠤᠯᠵᠤ᠂ ᠢᠳᠡᠭᠡᠨ᠎ᠤ ᠪᠤᠰᠤ ᠴᠢᠨᠠᠷᠲᠠᠶ ᠬᠠᠤᠯᠢ ᠶᠣᠰᠣᠨ᠎ᠤ ᠬᠡᠷᠡᠭᠴᠡᠭᠡ ᠪᠣᠯᠭ᠋ᠠᠨ ᠬᠤᠪᠢᠷᠠᠭᠤᠯᠵᠤ ᠪᠣᠯᠤᠨ᠎ᠠ; ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠬᠡᠪᠴᠢᠶᠡᠨ ᠳᠣᠲᠣᠷᠠᠬᠢ ᠭᠠᠳᠠᠨ᠎ᠠ᠎ᠠᠴᠠ ᠢᠷᠡᠭᠰᠡᠨ ᠬᠡᠭᠡᠷ᠎ᠡ ᠵᠢᠨ ᠠᠮᠢᠲᠠᠨ᠎ᠢ ᠪᠠᠢ᠌ᠭ᠋ᠠᠯᠢ᠎ᠳᠤᠨᠢ ᠪᠤᠴᠠᠭ᠋ᠠᠵᠤ ᠪᠣᠯᠬᠤ ᠦᠭᠡᠢ᠂ ᠨᠠᠶ᠋ᠢᠳᠠᠨ ᠣᠷᠣᠯᠠᠨ ᠲᠡᠵᠢᠭᠡᠯᠭᠡᠬᠦ ᠪᠤᠶᠤ ᠨᠥᠬᠥᠴᠡᠯ ᠪᠦᠷᠢᠯᠳᠦᠭᠦᠯᠦᠭᠰᠡᠨ ᠬᠤᠷᠢᠶᠠᠮᠵᠢᠯᠠᠨ ᠠᠪᠤᠷᠠᠬᠤ ᠪᠠᠢ᠌ᠭᠤᠯᠤᠮᠵᠢ᠎ᠳᠤ ᠰᠢᠯᠵᠢᠭᠦᠯᠦᠨ ᠲᠤᠰᠢᠶᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠬᠦᠯᠬᠦ ᠰᠤᠷᠭ᠋ᠠᠨ ᠬᠥᠮᠦᠵᠢᠯ ᠵᠡᠷᠭᠡ ᠵᠢ ᠦᠨᠳᠦᠰᠦᠯᠡᠨ ᠵᠣᠬᠢᠰᠲᠠᠶ ᠲᠣᠬᠢᠷᠠᠭᠤᠯᠤᠯᠲᠠ ᠬᠢᠵᠦ ᠪᠤᠯᠤᠨ᠎ᠠ᠄ ᠰᠢᠢ᠍ᠳᠪᠦᠷᠢᠯᠡᠬᠦ ᠵᠢᠨ ᠠᠷᠭ᠎ᠠ ᠥᠬᠡᠶ ᠲᠡᠵᠢᠭᠡᠪᠦᠷᠢ ᠵᠢᠨ ᠬᠡᠭᠡᠷ᠎ᠡ ᠵᠢᠨ ᠠᠮᠢᠲᠠᠨ᠎ᠢ ᠴᠠᠭ ᠲᠤᠬᠠᠶ᠎ᠳᠤᠨᠢ ᠵᠤᠬᠢᠰᠳᠠᠢ ᠰᠢᠢ᠍ᠳᠪᠦᠷᠢᠯᠡᠨ᠎ᠡ᠃
ᠠᠰᠠᠭᠤᠯᠲᠠ᠄ ᠬᠡᠭᠡᠷ᠎ᠡ ᠵᠢᠨ ᠠᠮᠢᠲᠠᠨ᠎ᠤ ᠨᠥᠬᠥᠪᠥᠷᠢ ᠥᠭᠬᠦ ᠲᠤᠭᠳᠠᠭ᠋ᠠᠯ᠎ᠳᠤ ᠬᠡᠷᠬᠢᠨ ᠱᠠᠭ᠋ᠠᠷᠳᠠᠭᠰᠠᠨ ᠪᠣᠶ?
《ᠮᠡᠳᠡᠭᠳᠡᠯ》᠎ᠳᠤ᠂ ᠪᠥᠬᠥ ᠣᠷᠣᠨ᠎ᠤ ᠡᠯ᠎ᠡ ᠬᠣᠯᠪᠣᠭᠳᠠᠯ ᠪᠥᠬᠥᠶ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠤᠷᠳᠤᠨ ᠲᠡᠵᠢᠭᠡᠨ ᠦᠷᠡᠵᠢᠭᠦᠯᠬᠦ ᠡᠷᠦᠬᠡ ᠵᠢ ᠢᠳᠡᠪᠬᠢᠲᠡᠶ ᠬᠥᠲᠥᠯᠦᠨ ᠵᠢᠯᠣᠭᠣᠳᠴᠤ᠂ ᠬᠠᠪᠰᠤᠷᠤᠨ ᠲᠡᠳᠬᠦᠵᠦ ᠪᠠᠶ᠋ᠢᠭ᠋ᠠᠳ ᠦᠢ᠍ᠯᠡᠳᠪᠦᠷᠢᠯᠡᠯ ᠡᠵᠡᠩᠨᠡᠯᠲᠡ ᠵᠢᠨ ᠴᠢᠭᠯᠡᠯ᠎ᠢ᠎ᠨᠢ ᠬᠤᠪᠢᠷᠠᠭᠤᠯᠵᠤ᠂ ᠲᠡᠷᠡᠴᠢᠯᠡᠨ ᠪᠣᠳᠠᠲᠤ ᠪᠠᠶ᠋ᠢᠳᠠᠯ᠎ᠢ ᠦᠨᠳᠦᠰᠦᠯᠡᠨ ᠵᠣᠬᠢᠬᠤ ᠬᠡᠮᠵᠢᠶᠡᠨ᠎ᠤ ᠨᠥᠬᠥᠪᠥᠷᠢ ᠥᠭᠭᠦᠨ᠎ᠡ᠃ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠠᠷᠭ᠎ᠠ ᠬᠡᠮᠵᠢᠶ᠎ᠡ᠎ᠠᠴᠠ ᠪᠣᠯᠤᠭᠰᠠᠨ ᠬᠣᠬᠢᠷᠠᠯ᠎ᠤᠨ ᠪᠠᠢ᠌ᠳᠠᠯ᠎ᠳᠤ ᠴᠢᠭᠯᠡᠭᠦᠯᠦᠨ᠂ ᠡᠯ᠎ᠡ ᠭᠠᠵᠠᠷ᠎ᠤᠨ᠎ᠬᠢᠨ ᠨᠠᠷᠢᠨ ᠬᠢᠨᠠᠮᠠᠭ᠋ᠠᠶ᠎ᠪᠠᠷ ᠪᠠᠶ᠋ᠢᠳᠠᠯ᠎ᠢ ᠣᠶ᠋ᠢᠯᠠᠭ᠋ᠠᠵᠤ᠂ ᠰᠢᠨᠵᠢᠯᠡᠬᠦ ᠤᠬᠠᠭ᠋ᠠᠨᠴᠢ ᠦᠨᠡᠯᠡᠨ ᠵᠢᠱ᠌ᠢᠯᠳᠠ ᠬᠢᠵᠦ᠂ ᠵᠦᠶ ᠵᠣᠬᠢᠰᠲᠠᠶ ᠨᠥᠬᠥᠪᠥᠷᠢ ᠥᠭᠬᠦ ᠲᠥᠰᠦᠯ ᠳᠤᠷᠠᠳᠴᠤ᠂ ᠨᠥᠬᠥᠪᠥᠷᠢ ᠥᠭᠬᠦ ᠬᠡᠪᠴᠢᠶ᠎ᠡ ᠵᠢ ᠲᠣᠳᠣᠷᠬᠠᠶ᠋ᠢᠯᠠᠵᠤ᠂ ᠬᠠᠤᠯᠢ ᠶᠣᠰᠣᠭ᠋ᠠᠷ ᠲᠡᠵᠢᠭᠡᠨ ᠦᠷᠡᠵᠢᠭᠦᠯᠦᠭᠰᠡᠨ᠂ ᠲᠣᠭᠲᠠᠭ᠋ᠠᠯ ᠶᠣᠰᠣᠭ᠋ᠠᠷ ᠠᠵᠢᠯ ᠵᠶ᠋ᠠᠨ ᠵᠣᠭᠰᠣᠭ᠋ᠠᠭᠰᠠᠨ ᠪᠣᠯ ᠨᠦᠬᠦᠪᠦᠷᠢ ᠥᠭᠬᠦ ᠡᠲᠡᠭᠡᠳ ᠪᠣᠯᠭ᠋ᠠᠵᠤ᠂ ᠲᠣᠭᠲᠠᠭ᠋ᠠᠯ᠎ᠠᠴᠠ ᠵᠥᠷᠢᠴᠡᠨ ᠵᠥᠪᠰᠢᠶᠡᠷᠡᠯ᠎ᠤᠨ ᠦᠨᠡᠮᠯᠡᠯ ᠣᠯᠤᠭᠰᠠᠨ ᠪᠤᠶᠤ ᠬᠠᠦᠯᠢ᠎ᠠᠴᠠ ᠵᠥᠷᠢᠴᠡᠨ ᠲᠡᠵᠢᠭᠡᠨ ᠦᠷᠡᠵᠢᠭᠦᠯᠦᠭᠰᠡᠨ ᠪᠣᠯ ᠨᠥᠬᠥᠪᠥᠷᠢ ᠥᠭᠬᠦ ᠥᠬᠡᠶ᠃ ᠨᠥᠬᠥᠪᠥᠷᠢᠯᠡᠬᠦ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠲᠣᠭᠲᠠᠭ᠋ᠠᠵᠤ᠂ ᠬᠡᠭᠡᠷ᠎ᠡ ᠵᠢᠨ ᠠᠮᠢᠲᠠᠨ ᠲᠡᠵᠢᠭᠡᠬᠦ ᠲᠥᠷᠥᠯ ᠵᠦᠢ᠍ᠯ᠂ ᠲᠣᠭ᠎ᠠ ᠬᠡᠮᠵᠢᠶ᠎ᠡ ᠵᠢ ᠭᠣᠤᠯᠳᠠᠯᠭ᠎ᠠ᠎ᠲᠠᠢ ᠪᠣᠳᠣᠯᠬᠢᠯᠠᠵᠤ᠂ ᠲᠡᠵᠢᠭᠡᠨ ᠦᠷᠡᠵᠢᠭᠦᠯᠬᠦ ᠲᠥᠬᠥᠭᠡᠷᠦᠮᠵᠢ ᠵᠢᠨ ᠣᠷᠣᠭᠤᠯᠤᠯᠲᠠ ᠪᠣᠯᠤᠨ ᠲᠡᠵᠢᠭᠡᠨ ᠦᠷᠡᠵᠢᠭᠦᠯᠬᠦ ᠵᠠᠭᠪᠤᠷ ᠵᠡᠷᠭᠡ ᠬᠦᠴᠦᠨ ᠵᠦᠢ᠍ᠯ᠎ᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠶ᠃ ᠣᠷᠣᠨ ᠪᠦᠰᠡ ᠠᠯᠤᠰᠯᠠᠭᠰᠠᠨ ᠬᠣᠲᠠ ᠵᠢᠨ ᠬᠠᠷᠢᠯᠴᠠᠭ᠎ᠠ ᠵᠣᠬᠢᠴᠠᠭᠤᠯᠭ᠎ᠠ ᠵᠢ ᠴᠢᠩᠭ᠋ᠠᠳᠬᠠᠵᠤ᠂ ᠨᠥᠬᠥᠪᠥᠷᠢ ᠵᠢᠨ ᠪᠠᠷᠢᠮᠵᠢᠶ᠎ᠡ ᠵᠢᠨ ᠵᠥᠷᠢᠶ᠎ᠡ ᠬᠡᠲᠦ ᠶᠡᠬᠡ᠎ᠠᠴᠠ ᠪᠤᠯᠵᠤ ᠰᠢᠨ᠎ᠡ ᠵᠥᠷᠢᠴᠡᠯ ᠡᠭᠦᠰᠬᠦ᠎ᠠᠴᠠ ᠵᠠᠢ᠌ᠯᠠᠰᠬᠢᠬᠤ ᠬᠡᠷᠡᠭᠳᠡᠢ᠃ ᠠᠶ᠋ᠢᠮᠠᠭ ᠬᠣᠲᠠ᠂ ᠬᠣᠰᠢᠭᠤ (ᠬᠣᠲᠠ᠂ ᠲᠣᠭᠣᠷᠢᠭ) ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ᠎ᠤᠨ ᠶᠣᠰᠣᠭ᠋ᠠᠷ᠂ ᠨᠥᠬᠥᠪᠥᠷᠢ ᠥᠭᠬᠦ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠬᠦᠢ᠍ᠴᠡᠳᠬᠡᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠥᠪ᠎ᠤᠨ ᠲᠥᠷᠥ ᠵᠢᠨ ᠪᠣᠳᠣᠯᠭ᠎ᠠ᠂ ᠪᠡᠯᠡ ᠮᠥᠩᠭᠥ ᠵᠢᠨ ᠳᠡᠮᠵᠢᠯᠭᠡ ᠵᠢ ᠢᠳᠡᠪᠬᠢᠲᠡᠶ ᠣᠯᠬᠤ ᠬᠡᠷᠡᠭᠲᠡᠶ᠃
ᠠᠰᠠᠭᠤᠯᠲᠠ᠄ ᠬᠣᠶ᠋ᠢᠰᠢᠳᠠ ᠬᠥᠮᠦᠨ᠎ᠤ ᠬᠦᠴᠦ᠎ᠪᠠᠷ ᠬᠡᠭᠡᠷ᠎ᠡ ᠵᠢᠨ ᠠᠮᠢᠲᠠᠨ᠎ᠢ ᠲᠡᠵᠢᠭᠡᠨ ᠦᠷᠡᠵᠢᠬᠦᠯᠬᠦ ᠭᠤᠶᠤᠴᠢᠯᠠᠯ᠎ᠢ ᠬᠡᠷᠬᠢᠨ ᠰᠢᠢ᠍ᠳᠪᠦᠷᠢᠯᠡᠬᠦ ᠪᠣᠶ?
《ᠲᠣᠭᠲᠠᠭ᠋ᠠᠯ》᠎ᠤᠨ ᠱᠠᠭ᠋ᠠᠷᠳᠠᠯᠭ᠎ᠠ ᠶᠣᠰᠣᠭ᠋ᠠᠷ᠂ 《ᠤᠯᠤᠰ᠎ᠤᠨ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ》᠎ᠲᠤ ᠣᠷᠣᠭᠤᠯᠤᠭᠰᠠᠨ ᠦᠭᠡᠢ ᠢᠳᠡᠭᠡᠨ ᠵᠶ᠋ᠠᠷ ᠵᠣᠷᠢᠯᠭ᠎ᠠ ᠪᠤᠯᠭ᠋ᠠᠭᠰᠠᠨ ᠬᠡᠭᠡᠷ᠎ᠡ ᠵᠢᠨ ᠠᠮᠢᠲᠠᠨ᠎ᠢ ᠬᠦᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢ ᠴᠥᠮ ᠵᠣᠭᠰᠣᠭ᠋ᠠᠨ᠎ᠠ; 《ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ》᠎ᠲᠤ ᠨᠢᠭᠡᠨᠲᠡ ᠵᠢᠭᠰᠠᠭ᠋ᠠᠭᠳᠠᠭᠰᠠᠨ ᠬᠥᠮᠦᠨ᠎ᠤ ᠬᠦᠴᠦ᠎ᠪᠠᠷ ᠲᠡᠵᠢᠭᠡᠨ ᠦᠷᠡᠵᠢᠬᠦᠯᠬᠦ ᠬᠡᠭᠡᠷ᠎ᠡ ᠵᠢᠨ ᠠᠮᠢᠲᠠᠨ᠎ᠨᠢ ᠭᠡᠷ᠎ᠤᠨ ᠲᠡᠵᠢᠭᠡᠪᠦᠷᠢ ᠪᠤᠶᠤ ᠭᠡᠷ᠎ᠤᠨ ᠵᠢᠭᠦᠷᠲᠡᠨ᠎ᠳᠤ ᠬᠠᠷᠢᠶᠠᠯᠠᠭᠳᠠᠨ᠎ᠠ᠂ 《ᠮᠠᠯ ᠠᠵᠤ ᠠᠬᠤᠢ ᠵᠢᠨ ᠬᠠᠤᠯᠢ》 ᠵᠢᠨ ᠲᠣᠭᠲᠠᠭ᠋ᠠᠯ᠎ᠢ ᠬᠡᠷᠡᠭᠯᠡᠵᠦ᠂ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠴᠢᠬᠤᠯᠠ ᠦᠭᠡᠢ᠂ ᠨᠢᠭᠡᠨᠲᠡ ᠬᠥᠮᠦᠨ᠎ᠤ ᠬᠦᠴᠦ᠎ᠪᠠᠷ ᠦᠷᠡᠵᠢᠭᠦᠯᠦᠨ ᠪᠣᠶ᠋ᠢᠵᠢᠭᠤᠯᠬᠤ ᠵᠥᠪᠰᠢᠶᠡᠷᠡᠯ᠎ᠤᠨ ᠦᠨᠡᠮᠯᠡᠯ ᠪᠤᠶᠤ ᠪᠢᠴᠢᠭ ᠮᠠᠲᠸᠷᠢᠶᠠᠯ᠎ᠢ ᠬᠢᠨᠠᠨ ᠣᠯᠭᠣᠭᠰᠠᠨ ᠪᠠᠢ᠌ᠪᠠᠯ᠂ ᠬᠢᠨᠠᠨ ᠣᠯᠭᠣᠭᠰᠠᠨ ᠵᠥᠪᠰᠢᠶᠡᠷᠡᠯ᠎ᠤᠨ ᠦᠨᠡᠮᠯᠡᠯ ᠪᠤᠶᠤ ᠦᠨᠡᠮᠯᠡᠯ᠎ᠢ ᠡᠷᠬᠡᠪᠰᠢ ᠴᠥᠮ ᠬᠦᠴᠦᠨ ᠦᠭᠡᠢ ᠪᠣᠯᠭ᠋ᠠᠬᠤ ᠬᠡᠷᠡᠭᠳᠡᠢ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠡᠮ᠎ᠳᠤ ᠬᠡᠷᠡᠭᠯᠡᠬᠦ᠂ ᠳᠡᠯᠭᠡᠨ ᠦᠵᠡᠬᠦᠯᠦᠯᠭᠡ ᠵᠡᠷᠭᠡ ᠣᠨᠴᠠᠭ᠋ᠠᠶ ᠪᠠᠶ᠋ᠢᠳᠠᠯ᠎ᠠᠴᠠ ᠪᠤᠯᠵᠤ ᠬᠥᠮᠦᠨ᠎ᠤ ᠬᠦᠴᠦ᠎ᠪᠠᠷ 《ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ》᠎ᠲᠤ ᠣᠷᠣᠭᠤᠯᠤᠭᠰᠠᠨ ᠦᠭᠡᠢ ᠬᠡᠭᠡᠷ᠎ᠡ ᠵᠢᠨ ᠠᠮᠢᠲᠠᠨ᠎ᠢ ᠦᠷᠡᠵᠢᠭᠦᠯᠦᠨ ᠪᠣᠶ᠋ᠢᠵᠢᠭᠤᠯᠬᠤ ᠴᠢᠬᠤᠯᠠᠲᠠᠶ ᠪᠠᠢ᠌ᠪᠠᠯ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠢᠨᠠᠨ ᠵᠥᠪᠰᠢᠶᠡᠷᠡᠬᠦ ᠬᠡᠷᠡᠭᠲᠡᠶ᠃