ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠭᠡᠷᠡᠭᠯᠡᠬᠦ ᠬᠢᠨᠠᠯᠳᠠ ᠬᠠᠮᠢᠶᠠᠷᠤᠯᠳᠠ ᠵᠢ ᠴᠢᠡᠭᠭ᠋ᠠᠳᠬᠠᠪᠠ
ᠨᠡᠶ᠋ᠢᠲᠡᠯᠡᠭᠰᠡᠨ ᠴᠠᠭ᠄ 2020-08-04

      ᠲᠤᠰ ᠵᠢᠷᠤᠮ᠎ᠢ ᠶᠠᠮᠠᠷ ᠪᠠᠢ᠍ᠢ᠍ᠳᠠᠯ᠎ᠳᠤ ᠭᠡᠷᠡᠭᠯᠡᠬᠦ ᠪᠤᠢ?
     《ᠵᠢᠷᠤᠮ》᠎ᠤᠨ ᠬᠤᠶᠠᠳᠤᠭ᠋ᠠᠷ ᠵᠦᠢ᠍ᠯ᠎ᠳᠤ ᠲᠤᠤᠷᠠᠬᠢ ᠭᠤᠷᠪᠠᠨ ᠪᠠᠢ᠍ᠢ᠍ᠳᠠᠯ᠎ᠳᠤ ᠭᠡᠷᠡᠭᠯᠡᠨ᠎ᠠ ᠭᠡᠵᠤ ᠲᠤᠬᠳᠠᠭ᠋ᠠᠪᠠ᠄
     (ᠨᠢᠭᠡ) ᠠᠭᠤᠷᠬᠠᠶ ᠵᠢᠨ ᠪᠤᠯᠠᠭᠳᠠᠴᠠ ᠵᠢ ᠮᠠᠯᠲᠠᠬᠤ ᠪᠠ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠬᠢᠬᠦ ᠵᠡᠷᠭᠡ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠨᠤᠳᠤᠭ ᠪᠡᠯᠴᠢᠭᠡᠷ᠎ᠢ ᠬᠡᠷᠡᠭᠯᠡᠬᠦ ᠵᠢ ᠬᠢᠨᠠᠨ ᠬᠠᠷᠭᠤᠭᠤᠯᠬᠤ;
     (ᠬᠣᠶᠠᠷ) ᠨᠤᠲᠤᠭ ᠪᠡᠯᠴᠢᠭᠡᠷ᠎ᠢ ᠲᠤᠢ᠍ᠷ ᠴᠠᠭ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ;

     (ᠭᠤᠷᠪᠠ) ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠶ ᠵᠢᠨ ᠦᠢ᠍ᠯᠡᠳᠪᠤᠷᠢᠯᠡᠯ᠎ᠤᠨ ᠦᠢ᠍ᠯᠡᠴᠢᠯᠡᠭᠡ ᠵᠢᠨ ᠪᠠᠷᠢᠯᠭ᠎ᠠ ᠵᠢᠨ ᠲᠦᠬᠦᠭᠡᠷᠤᠮᠵᠢ ᠵᠢ ᠪᠠᠢ᠍ᠢ᠍ᠭᠤᠯᠬᠤ᠎ᠳᠤ ᠨᠤᠲᠤᠭ ᠪᠡᠯᠴᠢᠭᠡᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠬᠦ᠃

      ᠠᠯᠢ ᠰᠠᠯᠠᠭ᠎ᠠ ᠮᠤᠢ᠍ᠴᠢᠷ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠠᠵᠢᠯ᠎ᠢ ᠬᠠᠷᠢᠭᠤᠴᠠᠬᠤ ᠪᠤᠢ?
      《ᠵᠢᠷᠤᠮ》᠎ᠤᠨ ᠭᠤᠷᠪᠠᠳᠤᠭ᠋ᠠᠷ ᠵᠦᠢ᠍ᠯ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠭᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠨ᠎ᠠ ᠭᠡᠵᠤ ᠲᠤᠬᠳᠠᠭ᠋ᠠᠪᠠ᠃
      《ᠵᠢᠷᠤᠮ》᠎ᠤᠨ ᠵᠢᠷᠭᠤᠳᠤᠭ᠋ᠠᠷ ᠵᠦᠢ᠍ᠯ᠎ᠳᠤ᠂ ᠠᠭᠤᠷᠬᠠᠢ ᠵᠢᠨ ᠪᠤᠯᠠᠭᠳᠠᠴᠠ ᠵᠢ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠬᠦ᠎ᠳᠤ ᠦᠨᠡᠨ ᠬᠦ᠌ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠᠲᠠᠶ ᠪᠠᠶ᠋ᠢᠪᠠᠯ᠂ ᠳᠣᠤᠷ᠎ᠠ ᠲᠤᠬᠳᠠᠭ᠋ᠠᠬᠰᠠᠨ ᠡᠷᠬᠡ ᠵᠢᠨ ᠬᠡᠪᠴᠢᠶ᠎ᠡ ᠶᠣᠰᠣᠭ᠋ᠠᠷ ᠭᠦᠢ᠍ᠴᠡᠳᠬᠡᠨ᠎ᠡ ᠭᠡᠵᠤ ᠲᠤᠬᠳᠠᠭ᠋ᠠᠪᠠ᠄
      (ᠨᠢᠭᠡ) ᠨᠤᠲᠤᠭ ᠪᠡᠯᠴᠢᠭᠡᠷ᠎ᠢ ᠲᠡᠯᠡᠠ ᠡᠾᠸᠺᠲ᠋ᠡᠷ᠎ᠠᠴᠠ ᠲᠡᠭᠡᠭᠰᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠪᠠᠷ ᠪᠠᠶ᠋ᠢᠪᠠᠯ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠨᠠᠨ ᠬᠠᠷᠭᠤᠭᠤᠯᠤᠨ᠎ᠠ;
      (ᠬᠣᠶᠠᠷ) ᠨᠤᠲᠤᠭ ᠪᠡᠯᠴᠢᠭᠡᠷ᠎ᠢ ᠳᠠᠯᠠᠨ ᠾᠧᠺᠲ᠋ᠠᠷ ᠪᠤᠶᠤ ᠲᠡᠬᠦᠨ᠎ᠠᠴᠠ ᠲᠤᠷᠤᠬᠰᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠪᠠᠷ ᠪᠠᠶ᠋ᠢᠪᠠᠯ᠂ ᠮᠤᠵᠢ ᠵᠢᠨ ᠱᠠᠲᠤᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠷᠭᠤᠭᠤᠯᠤᠨ᠎ᠠ᠃
      《ᠵᠢᠷᠤᠮ》᠎ᠤᠨ ᠳᠣᠯᠣᠳᠤᠭ᠋ᠠᠷ ᠵᠦᠢ᠍ᠯ᠎ᠳᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠬᠠᠶ᠋ᠢᠨ ᠪᠠᠶ᠋ᠢᠴᠠᠭ᠋ᠠᠯᠲᠠ᠂ ᠵᠢᠭᠤᠯᠴᠢᠯᠠᠯ ᠵᠡᠷᠭᠡ᠎ᠳᠤ ᠨᠤᠲᠤᠭ ᠪᠡᠯᠴᠢᠭᠡᠷ᠎ᠢ ᠦᠨᠡᠭᠡᠷ ᠲᠦᠷ ᠴᠠᠭ ᠡᠵᠡᠯᠡᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠪᠠᠶ᠋ᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠤᠰᠤᠭ᠋ᠠᠷ ᠱᠠᠳᠤ ᠬᠤᠪᠢᠶᠠᠨ ᠬᠢᠨᠠᠨ ᠵᠥᠪᠰᠢᠶᠡᠷᠡᠨ᠎ᠡ᠃
      ᠨᠤᠲᠤᠭ ᠪᠡᠯᠴᠢᠭᠡᠷ᠎ᠢ ᠲᠤᠢ᠍ᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠵᠢ ᠬᠣᠶᠠᠷ ᠵᠢᠯ᠎ᠠᠴᠠ ᠬᠡᠲᠦᠷᠡᠭᠦᠯᠵᠦ ᠪᠣᠯᠬᠤ ᠤᠢ᠍ᠭᠡᠢ ᠪᠥᠭᠡᠳ ᠲᠤᠢ᠍ᠷ ᠴᠠᠭ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠳᠡᠭᠡᠷ᠎ᠡ ᠡᠭᠦᠷᠢᠳᠡ ᠵᠢᠨ ᠴᠢᠨᠠᠷᠲᠠᠶ ᠪᠠᠷᠢᠯᠭ᠎ᠠ᠂ ᠪᠠᠷᠢᠯᠭ᠎ᠠ ᠵᠢᠨ ᠵᠦᠢ᠍ᠯ ᠪᠠᠶ᠋ᠢᠭᠤᠯᠵᠤ ᠪᠣᠯᠬᠤ ᠤᠢ᠍ᠭᠡᠢ; ᠡᠵᠡᠯᠡᠨ ᠬᠡᠷᠡᠭᠯᠡᠬᠦ ᠬᠤᠭᠤᠴᠠᠭ᠎ᠠ᠎ᠨᠢ ᠳᠦᠭᠦᠷᠪᠡᠯ᠂ ᠨᠤᠲᠤᠭ ᠪᠡᠯᠴᠢᠭᠡᠷ᠎ᠢ ᠬᠡᠷᠡᠭᠯᠡᠭᠰᠡᠨ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠵᠢᠨ ᠬᠠᠮᠲᠤ ᠴᠠᠭ ᠲᠤᠬᠠᠶ᠎ᠳᠤᠨᠢ ᠪᠤᠴᠠᠭ᠋ᠠᠵᠤ ᠥᠭᠬᠦ ᠬᠡᠷᠡᠭᠲᠡᠶ ᠭᠡᠵᠤ ᠲᠤᠬᠳᠠᠭ᠋ᠠᠪᠠ᠃
      《ᠵᠢᠷᠤᠮ》᠎ᠤᠨ   ᠨᠠᠢ᠍ᠮᠠᠳᠤᠭ᠋ᠠᠷ ᠵᠦᠢ᠍ᠯ᠎ᠳᠤ᠂ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠭᠦ ᠪᠠᠷᠢᠯᠭ᠎ᠠ ᠵᠢᠨ ᠲᠥᠬᠥᠭᠡᠷᠦᠮᠵᠢ ᠵᠢ ᠪᠠᠶ᠋ᠢᠭᠤᠯᠬᠤ᠎ᠳᠤ ᠦᠨᠡᠬᠡᠷ ᠨᠤᠲᠤᠭ ᠪᠡᠯᠴᠢᠭᠡᠷ᠎ᠢ ᠬᠡᠷᠡᠭᠯᠡᠬᠦ ᠴᠢᠬᠤᠯᠠᠲᠠᠢ ᠪᠠᠶ᠋ᠢᠪᠠᠯ᠂ ᠲᠤᠤᠷ᠎ᠠ ᠲᠤᠬᠳᠠᠭ᠋ᠠᠬᠰᠠᠨ ᠡᠷᠬᠡ ᠵᠢᠨ ᠬᠡᠪᠴᠢᠶ᠎ᠡ ᠶᠣᠰᠣᠭ᠋ᠠᠷ   ᠬᠦᠢ᠍ᠴᠡᠳᠭᠡᠨ᠎ᠡ ᠭᠡᠵᠤ ᠲᠤᠬᠳᠠᠭ᠋ᠠᠪᠠ᠄
      (ᠨᠢᠭᠡ) ᠬᠡᠷᠡᠭᠯᠡᠬᠦ ᠨᠤᠲᠤᠭ ᠪᠡᠯᠴᠢᠭᠡᠷ᠎ᠨᠢ ᠲᠡᠯᠡᠠ ᠡᠾᠸᠺᠲ᠋ᠡᠷ᠎ᠠᠴᠠ ᠲᠠᠪᠠᠬᠰᠠᠨ ᠪᠠᠶ᠋ᠢᠪᠠᠯ᠂ ᠮᠤᠵᠢ ᠵᠢᠨ ᠱᠠᠲᠤᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠨ᠎ᠡ;
      (ᠬᠣᠶᠠᠷ) ᠭᠡᠷᠡᠭᠯᠡᠬᠦ ᠨᠤᠲᠤᠭ ᠪᠡᠯᠴᠢᠭᠡᠷ᠎ᠨᠢ ᠳᠠᠯᠠᠨ ᠾᠧᠺᠲ᠋ᠠᠷ ᠵᠢᠴᠢ ᠲᠡᠭᠦᠨ᠎ᠠᠴᠠ ᠪᠠᠭ᠎ᠠ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠪᠠᠢ᠌ᠭ᠎ᠠ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠶᠤᠰᠤᠭ᠋ᠠᠷ ᠬᠢᠨᠠᠨ ᠵᠥᠪᠰᠢᠶᠡᠷᠡᠨ᠎ᠡ᠃ ᠪᠤᠰᠤᠳ ᠪᠠᠷᠢᠯᠭ᠎ᠠ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠮᠠᠯ ᠠᠵᠤ ᠠᠬᠤᠢ ᠵᠢᠨ ᠪᠤᠰᠤ ᠦᠢ᠍ᠯᠡᠳᠪᠤᠷᠢᠯᠡᠯ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠴᠢᠬᠤᠯᠠᠲᠠᠶ ᠪᠣᠯ᠂ ᠲᠣᠰ ᠵᠢᠷᠤᠮ᠎ᠤᠨ ᠵᠢᠷᠭᠤᠳᠤᠭ᠋ᠠᠷ   ᠵᠦᠢ᠍ᠯ᠎ᠤᠨ ᠲᠣᠭᠲᠠᠭ᠋ᠠᠯ ᠶᠣᠰᠣᠭ᠋ᠠᠷ   ᠬᠦᠢ᠍ᠴᠡᠳᠬᠡᠬᠦ ᠬᠡᠷᠡᠭᠲᠡᠶ᠃

      ᠤᠯᠤᠰ᠎ᠠᠴᠠ ᠨᠤᠳᠤᠭ ᠪᠡᠯᠴᠢᠭᠡᠷ᠎ᠢ ᠭᠡᠷᠬᠢᠨ ᠬᠠᠮᠠᠭ᠋ᠠᠯᠠᠵᠤ ᠪᠠᠢ᠍ᠢ᠍ᠬᠤ ᠪᠤᠢ?
      《ᠵᠢᠷᠤᠮ》᠎ᠳᠤ᠂ 《ᠨᠤᠲᠤᠭ ᠪᠡᠯᠴᠢᠭᠡᠷ ᠪᠣᠯ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ ᠮᠥᠨ》 ᠭᠡᠵᠤ᠂ ᠤᠯᠤᠰ᠎ᠠᠴᠠ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠵᠤ᠂ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠳᠠ ᠵᠢᠨ ᠲᠤᠢ᠍ᠷᠢᠮ᠎ᠢ ᠬᠡᠷᠡᠭᠵᠢᠭᠦᠯᠤᠨ᠂ ᠨᠤᠲᠤᠭ ᠪᠡᠯᠴᠢᠭᠡᠷ᠎ᠢ ᠪᠤᠰᠤᠳ ᠵᠦᠢ᠍ᠯ᠎ᠳᠤ ᠬᠡᠷᠡᠭᠯᠡᠬᠦ ᠭᠠᠵᠠᠷ ᠪᠤᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠵᠤ ᠪᠠᠢ᠍ᠢ᠍ᠨ᠎ᠠ᠃
      《ᠵᠢᠷᠤᠮ》᠎ᠤᠨ ᠲᠠᠪᠤᠳᠤᠭ᠋ᠠᠷ ᠵᠦᠢ᠍ᠯ᠎ᠳᠤ᠂ ᠠᠭᠤᠷᠬᠠᠶ ᠵᠢᠨ ᠪᠤᠯᠠᠭᠳᠠᠴᠠ ᠵᠢ ᠮᠠᠯᠲᠠᠬᠤ᠂ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠬᠢᠬᠦ ᠪᠠ ᠪᠠᠷᠢᠯᠭ᠎ᠠ ᠵᠢᠨ ᠲᠥᠬᠥᠭᠡᠷᠦᠮᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠡᠵᠡᠯᠡᠬᠦ ᠤᠢ᠍ᠭᠡᠢ ᠪᠤᠶᠤ ᠪᠠᠭ᠎ᠠ ᠡᠵᠡᠯᠡᠬᠦ ᠬᠡᠷᠡᠭᠲᠡᠶ᠃ ᠠᠮᠢ ᠠᠬᠤᠢ ᠵᠢᠨ ᠬᠠᠮᠠᠭ᠋ᠠᠯᠠᠯᠳᠠ ᠵᠢᠨ   ᠬᠤᠷᠢᠭ᠎ᠠ ᠱᠤᠭᠤᠮ᠎ᠤᠨ ᠬᠠᠮᠢᠶᠠᠷᠤᠯᠳᠠ ᠵᠢᠨ ᠬᠤᠯᠪᠤᠬᠳᠠᠯ ᠪᠦᠬᠦᠢ ᠲᠤᠬᠳᠠᠭ᠋ᠠᠯ᠎ᠢ ᠴᠢᠡᠭᠭ᠎ᠠ ᠭᠡᠷᠡᠭᠵᠢᠬᠦᠯᠵᠤ᠂ ᠵᠠᠷᠴᠢᠮ ᠲᠡᠭᠡᠷ᠎ᠠ᠎ᠪᠠᠨ ᠠᠮᠢ ᠠᠬᠤᠢ ᠵᠢᠨ ᠬᠠᠮᠠᠭ᠋ᠠᠯᠠᠯᠳᠠ ᠵᠢᠨ   ᠬᠤᠷᠢᠭ᠎ᠠ ᠱᠤᠭᠤᠮ ᠲᠤᠳᠤᠷᠠᠬᠢ ᠨᠤᠳᠤᠭ ᠪᠡᠯᠴᠢᠭᠡᠷ᠎ᠢ ᠡᠵᠡᠯᠡᠨ ᠭᠡᠷᠡᠭᠯᠡᠵᠤ ᠪᠤᠯᠬᠤ ᠦᠭᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠵᠥᠪᠰᠢᠶᠡᠷᠡᠭᠰᠡᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠬᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠰᠠᠭᠤᠷᠢ ᠲᠦᠬᠦᠭᠡᠷᠤᠮᠵᠢ᠂ ᠣᠯᠠᠨ ᠨᠡᠢ᠍ᠢ᠍ᠲᠡ ᠵᠢᠨ ᠠᠵᠢᠯ   ᠦᠢ᠍ᠯᠡᠰ᠂ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠤᠨ ᠤᠯᠤᠰ᠎ᠤᠨ ᠪᠠᠲᠤᠯᠠᠨ ᠬᠠᠮᠠᠭ᠋ᠠᠯᠠᠯᠲᠠ᠂ ᠭᠠᠳᠠᠭ᠋ᠠᠳᠤ ᠬᠠᠷᠢᠯᠴᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ   ᠵᠦᠢ᠍ᠯ᠎ᠠᠴᠠ ᠭᠠᠳᠠᠨ᠎ᠠ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠵᠦ ᠪᠣᠯᠬᠤ ᠦᠭᠡᠢ ᠭᠡᠵᠤ ᠲᠤᠬᠳᠠᠭ᠋ᠠᠪᠠ᠃

      ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ   ᠦᠢ᠍ᠯᠡᠳᠪᠤᠷᠢᠯᠡᠯ᠎ᠤᠨ ᠦᠢ᠍ᠯᠡᠴᠢᠯᠡᠭᠡ ᠵᠢᠨ ᠪᠠᠷᠢᠯᠭ᠎ᠠ᠎ᠳᠤ ᠶᠠᠭᠤ ᠶᠠᠭᠤ ᠵᠢ ᠪᠠᠬᠳᠠᠭ᠋ᠠᠬᠤ ᠪᠤᠢ?
      ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ   ᠦᠢ᠍ᠯᠡᠳᠪᠤᠷᠢᠯᠡᠯ᠎ᠳᠤ ᠰᠢᠭᠤᠳ   ᠦᠢ᠍ᠯᠡᠴᠢᠯᠡᠬᠦ ᠪᠠᠷᠢᠯᠭ᠎ᠠ ᠵᠢᠨ ᠲᠦᠬᠦᠭᠡᠷᠤᠮᠵᠢ ᠭᠡᠳᠡᠭ᠎ᠨᠢ᠄
     1. ᠡᠪᠡᠰᠦᠨ ᠦᠷ᠎ᠠ ᠪᠠ ᠲᠡᠵᠢᠭᠡᠯ ᠡᠪᠡᠰᠦ ᠪᠣᠷᠳᠣᠭ᠎ᠠ ᠵᠢ   ᠦᠢ᠍ᠯᠡᠳᠪᠤᠷᠢᠯᠡᠬᠦ᠂ ᠬᠠᠳᠠᠭ᠋ᠠᠯᠠᠬᠤ ᠲᠥᠬᠥᠭᠡᠷᠦᠮᠵᠢ;
     2. ᠮᠠᠯ᠎ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠵᠢᠨ ᠴᠡᠭ᠂ ᠨᠣᠣᠰᠣ ᠬᠠᠶ᠋ᠢᠴᠢᠯᠠᠬᠤ ᠴᠡᠭ᠂ ᠡᠮᠲᠦ ᠤᠬᠢᠶᠠᠯᠭ᠎ᠠ ᠵᠢᠨ ᠲᠠᠲᠠᠭ᠋ᠠᠯ᠂ ᠬᠥᠮᠦᠨ ᠮᠠᠯ᠎ᠤᠨ ᠤᠰᠤ ᠤᠮᠳᠠ ᠵᠢᠨ ᠲᠥᠬᠥᠭᠡᠷᠦᠮᠵᠢ;
     3. ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠲᠤᠷᠰᠢᠯᠲᠠ᠂ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ;
     4. ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠭᠡ ᠪᠠ ᠤᠰᠤᠯᠠᠯᠲᠠ ᠵᠢᠨ ᠲᠦᠬᠦᠭᠡᠷᠤᠮᠵᠢ ᠵᠡᠷᠭᠡ᠃
    ᠶᠠᠮᠠᠷ ᠨᠥᠬᠥᠴᠡᠯ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠵᠤ ᠡᠵᠡᠯᠡᠨ ᠭᠡᠷᠡᠭᠯᠡᠵᠤ ᠪᠤᠯᠬᠤ ᠪᠤᠢ?
     《ᠵᠢᠷᠤᠮ》᠎ᠤᠨ ᠶᠢᠰᠦᠳᠦᠭᠡᠷ ᠵᠦᠢ᠍ᠯ᠎ᠳᠤ᠂ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ᠎ᠳᠤ ᠳᠣᠤᠷᠡᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ ᠭᠡᠵᠤ ᠲᠤᠬᠳᠠᠭ᠋ᠠᠪᠠ᠄
     (ᠨᠢᠭᠡ) ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠭᠰᠡᠨ ᠪᠠᠢ᠍ᠢ᠍ᠬᠤ ᠭᠡᠷᠡᠭᠳᠡᠢ᠂ ᠤᠯᠤᠰ᠎ᠠᠴᠠ ᠵᠠᠷᠯᠢᠬᠳᠠᠨ ᠴᠠᠭ᠋ᠠᠵᠠᠯᠠᠭᠰᠠᠨ ᠲᠥᠷᠥᠯ ᠵᠦᠢ᠍ᠯ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠬᠤ ᠪᠤᠶᠤ ᠡᠵᠡᠯᠡᠨ ᠭᠡᠷᠡᠭᠯᠡᠵᠤ ᠪᠣᠯᠬᠤ ᠥᠬᠡᠶ;
     (ᠬᠣᠶᠠᠷ) ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠠᠰᠢᠭᠯᠠᠯᠲᠠ ᠵᠢᠨ ᠲᠥᠯᠥᠪᠵᠢᠭᠦᠯᠭᠡ᠎ᠳᠤ ᠨᠡᠶ᠋ᠢᠴᠡᠵᠦ᠂ ᠬᠡᠷᠡᠭᠯᠡᠬᠦ ᠲᠠᠯᠠᠪᠠᠢ ᠪᠤᠶᠤ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠨᠢ ᠲᠤᠳᠤᠷᠬᠠᠢ ᠪᠠᠢ᠍ᠢ᠍ᠬᠤ ᠭᠡᠷᠡᠭᠳᠡᠢ;
     (ᠭᠤᠷᠪᠠ) ᠪᠠᠢ᠍ᠢ᠍ᠭ᠎ᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠂ ᠮᠠᠯ ᠠᠵᠤ ᠠᠬᠤᠶ ᠵᠢᠨ ᠦᠢ᠍ᠯᠡᠳᠪᠤᠷᠢᠯᠡᠯ ᠪᠠ ᠮᠠᠯᠴᠢᠨ ᠲᠠᠷᠢᠶᠠᠴᠢᠨ᠎ᠤ ᠠᠮᠢᠳᠤᠷᠠᠯ᠎ᠳᠤ ᠭᠦᠨᠳᠤ ᠨᠤᠴᠢᠳᠠᠢ ᠠᠰᠢᠭ ᠥᠬᠡᠶ ᠨᠥᠯᠥᠭᠡ ᠦᠵᠡᠭᠦᠯᠬᠦ ᠥᠬᠡᠶ ᠪᠠᠢ᠍ᠢ᠍ᠬᠤ ᠭᠡᠷᠡᠭᠳᠡᠢ;
     (ᠳᠥᠷᠪᠡ) ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ᠎ᠳᠤ ᠨᠤᠲᠤᠭ ᠪᠡᠯᠴᠢᠭᠡᠷ᠎ᠤᠨ ᠥᠮᠴᠢᠯᠡᠭᠴᠢ ᠪᠤᠶᠤ ᠬᠡᠷᠡᠭᠯᠡᠭᠴᠢ ᠵᠢᠨ ᠵᠥᠪᠰᠢᠶᠡᠷᠡᠯ᠎ᠢ ᠤᠯᠬᠤ ᠬᠡᠷᠡᠭᠲᠡᠶ; ᠨᠢᠭᠡᠨᠲᠡ ᠳᠠᠭ᠋ᠠᠭ᠋ᠠᠴᠢᠯᠠᠨ ᠡᠵᠡᠩᠨᠡᠭᠰᠡᠨ ᠨᠤᠲᠤᠭ ᠪᠡᠯᠴᠢᠭᠡᠷ᠎ᠢ ᠲᠠᠲᠠᠪᠤᠷᠢᠯᠠᠵᠤ ᠡᠵᠡᠯᠡᠨ ᠬᠡᠷᠡᠭᠯᠡᠬᠦ᠎ᠳᠤ᠂ ᠪᠠᠰᠠ ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠭᠴᠢ᠎ᠲᠠᠢ ᠨᠥᠬᠥᠪᠥᠷᠢ ᠥᠭᠬᠦ ᠬᠡᠯᠡᠯᠴᠡᠭᠡᠷ ᠲᠣᠭᠲᠠᠬᠤ ᠬᠡᠷᠡᠭᠲᠡᠶ;
     (ᠲᠠᠪᠤ) ᠨᠤᠲᠤᠭ ᠪᠡᠯᠴᠢᠭᠡᠷ᠎ᠢ ᠲᠤᠢ᠍ᠷ ᠴᠠᠭ ᠡᠵᠡᠯᠡᠨ ᠬᠡᠷᠡᠭᠯᠡᠬᠦ᠎ᠳᠤ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠲᠥᠰᠦᠯ ᠪᠠᠶ᠋ᠢᠬᠤ ᠬᠡᠷᠡᠭᠲᠡᠶ;
     (ᠵᠢᠷᠭᠤᠭ᠎ᠠ) ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠭᠦᠢ᠍ᠴᠡᠳ᠂ ᠦᠨᠡᠨ ᠪᠣᠳᠠᠲᠠᠶ ᠪᠠᠶ᠋ᠢᠬᠤ ᠭᠡᠷᠡᠭᠳᠡᠢ;
     (ᠲᠤᠯᠦᠭ᠎ᠠ) ᠬᠠᠤᠯᠢ ᠴᠠᠭ᠋ᠠᠵᠠ᠂ ᠬᠠᠤᠯᠢ ᠲᠦᠷᠢᠮ᠎ᠳᠤ ᠲᠣᠭᠲᠠᠭ᠋ᠠᠭᠰᠠᠨ ᠪᠤᠰᠤᠳ ᠨᠥᠬᠥᠴᠡᠯ᠃

      ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ᠎ᠳᠤ ᠭᠡᠷᠬᠢᠨ ᠭᠤᠶᠤᠴᠢᠯᠠᠬᠤ ᠪᠤᠢ?
     《ᠵᠢᠷᠤᠮ》᠎ᠤᠨ ᠠᠷᠪᠠᠳᠤᠭ᠋ᠠᠷ ᠵᠦᠢ᠍ᠯ᠎ᠳᠤ᠂ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠡᠷᠬᠡ ᠮᠡᠳᠡᠯ ᠪᠦᠬᠦᠢ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠭᠤᠶᠤᠴᠢᠯᠠᠯ ᠵᠶ᠋ᠠᠨ ᠲᠡᠪᠰᠢᠬᠦᠯᠬᠦ ᠭᠡᠷᠡᠭᠳᠡᠢ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠨᠢᠭᠡᠳᠦᠭᠡᠷ ᠵᠦᠢ᠍ᠯ᠎ᠳᠤ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ 《ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠬᠤ ᠬᠡᠷᠡᠭᠲᠡᠶ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠳᠥᠷᠪᠡᠳᠦᠭᠡᠷ   ᠵᠦᠢ᠍ᠯ᠎ᠳᠤ᠂ ᠠᠭᠤᠷᠬᠠᠶ ᠵᠢᠨ ᠪᠤᠯᠠᠭᠳᠠᠴᠠ ᠵᠢ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠬᠦ ᠵᠡᠷᠭᠡ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠᠲᠠᠶ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ ᠨᠢᠭᠡ ᠤᠳᠠᠭ᠎ᠠ ᠭᠤᠶᠤᠴᠢᠯᠠᠨ᠎ᠠ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠳᠤ ᠬᠤᠭᠤᠴᠠᠭ᠎ᠠ ᠬᠤᠪᠢᠶᠠᠬᠤ ᠪᠤᠶᠤ ᠬᠡᠰᠡᠭ ᠬᠤᠪᠢᠶᠠᠨ ᠪᠦᠲᠦᠭᠡᠨ ᠪᠠᠶ᠋ᠢᠭᠤᠯᠬᠤ ᠵᠢ ᠲᠣᠳᠣᠷᠬᠠᠶ᠋ᠢᠯᠠᠭᠰᠠᠨ ᠦᠭᠡᠢ ᠪᠣᠯ᠂ ᠭᠡᠰᠡᠭ ᠬᠤᠪᠢᠶᠠᠨ ᠪᠦᠳᠤᠭᠡᠨ ᠪᠠᠢ᠍ᠢ᠍ᠭᠤᠯᠬᠤ ᠵᠢ ᠴᠢᠩᠭ᠎ᠠ ᠴᠠᠭ᠋ᠠᠵᠠᠯᠠᠨ᠎ᠠ ᠭᠡᠵᠤ ᠲᠤᠬᠳᠠᠭ᠋ᠠᠪᠠ᠃
      ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠳᠤ ᠬᠤᠭᠤᠴᠠᠭ᠎ᠠ ᠬᠤᠪᠢᠶᠠᠬᠤ ᠪᠤᠶᠤ ᠬᠡᠰᠡᠭ ᠬᠤᠪᠢᠶᠠᠨ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ ᠲᠣᠳᠣᠷᠬᠠᠶ᠋ᠢᠯᠠᠬᠰᠠᠨ ᠪᠠᠢ᠍ᠢ᠍ᠪᠠᠯ᠂ ᠬᠤᠭᠤᠴᠠᠭ᠎ᠠ ᠬᠤᠪᠢᠶᠠᠬᠤ ᠪᠤᠶᠤ ᠬᠡᠰᠡᠭ ᠬᠤᠪᠢᠶᠠᠬᠤ ᠲᠣᠬᠢᠷᠠᠭᠤᠯᠤᠯᠲᠠ ᠵᠢ ᠦᠨᠳᠦᠰᠦᠯᠡᠨ ᠭᠡᠷᠡᠭᠵᠢᠬᠦᠯᠵᠤ᠂ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷᠳᠠᠮ᠎ᠢ ᠬᠤᠭᠤᠴᠠᠭ᠎ᠠ ᠬᠤᠪᠢᠶᠠᠨ ᠭᠤᠶᠤᠴᠢᠯᠠᠵᠤ ᠬᠦᠢ᠍ᠴᠡᠳᠭᠡᠵᠤ ᠪᠣᠯᠤᠨ᠎ᠠ᠃
      ᠠᠭᠤᠷᠬᠠᠶ ᠮᠠᠯᠲᠠᠬᠤ ᠲᠥᠷᠥᠯ ᠵᠦᠢ᠍ᠯ᠎ᠤᠨ ᠶᠡᠷᠦᠩᠬᠡᠶ ᠡᠵᠡᠯᠡᠬᠦ ᠬᠡᠪᠴᠢᠶ᠎ᠡ ᠵᠢ ᠲᠣᠭᠲᠠᠭ᠋ᠠᠵᠤ᠂ ᠥᠷᠭᠦᠯᠵᠢᠯᠡᠭᠰᠡᠨ ᠮᠠᠶᠢᠭ ᠵᠶ᠋ᠠᠷ ᠨᠡᠭᠡᠭᠡᠯᠳᠠ ᠬᠢᠬᠦ᠎ᠳᠤ ᠬᠦᠷᠪᠡᠯ᠂ ᠨᠡᠭᠡᠭᠡᠨ ᠠᠰᠢᠭᠯᠠᠬᠤ ᠲᠥᠯᠥᠪᠯᠡᠭᠡ ᠵᠢ ᠦᠨᠳᠦᠰᠦᠯᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷᠳᠠᠮ᠎ᠢ ᠱᠠᠳᠤ ᠬᠤᠪᠢᠶᠠᠨ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠭᠤᠶᠤᠴᠢᠯᠠᠵᠤ ᠬᠦᠢ᠍ᠴᠡᠳᠭᠡᠵᠤ ᠪᠣᠯᠤᠨ᠎ᠠ᠃
      ᠲᠥᠷᠥ ᠵᠢᠨ ᠶᠠᠪᠤᠳᠠᠯ᠎ᠤᠨ ᠬᠣᠷᠢᠶ᠎ᠠ ᠪᠤᠶᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠵᠠᠰᠠᠮᠠᠯ ᠵᠠᠮ᠂ ᠲᠡᠮᠦᠷ ᠵᠠᠮ᠂ ᠲᠣᠰᠣ ᠬᠡᠢ ᠵᠢᠨ ᠬᠣᠭᠣᠯᠠᠶ᠂ ᠤᠰᠤᠨ ᠠᠰᠢᠭᠯᠠᠯᠲᠠ ᠤᠰᠤ ᠴᠠᠬᠢᠯᠭ᠋ᠠᠨ ᠵᠡᠷᠭᠡ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠠᠬᠢ ᠬᠥᠭᠥᠷᠭᠡ᠂ ᠨᠦᠬᠡᠨ ᠵᠠᠮ᠂ ᠬᠦᠷᠢᠶ᠎ᠡ ᠬᠠᠰᠢᠶ᠎ᠠ᠂ ᠤᠷᠤᠰᠬᠠᠯ ᠵᠠᠯᠠᠬᠤ ᠰᠤᠪᠠᠭ᠎ᠤᠨ ᠨᠦᠬᠡ᠂ ᠲᠠᠯᠠᠪᠠᠶ᠎ᠳᠤ ᠣᠷᠣᠬᠤ ᠵᠠᠮ ᠪᠣᠯᠤᠨ ᠴᠠᠬᠢᠯᠭ᠋ᠠᠨ ᠲᠠᠮᠵᠢᠭᠤᠯᠬᠤ ᠲᠥᠬᠥᠭᠡᠷᠦᠮᠵᠢ ᠵᠡᠷᠭᠡ ᠡᠵᠡᠮᠰᠢᠯ᠎ᠤᠨ ᠴᠢᠨᠠᠷᠲᠠᠶ ᠭᠠᠬ᠍ᠴᠠ ᠪᠠᠶᠡᠳᠤ ᠪᠠᠷᠢᠯᠭ᠎ᠠ ᠪᠣᠯᠤᠨ ᠲᠦᠭᠦᠷ ᠪᠠᠷᠢᠯᠭ᠎ᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠬᠦ ᠬᠣᠯᠪᠣᠭᠳᠠᠯ ᠪᠦᠬᠦᠢ ᠵᠦᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ᠂ ᠮᠤᠵᠢ ᠵᠢᠨ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠵᠡᠮᠰᠢᠯ᠎ᠤᠨ ᠴᠢᠨᠠᠷᠲᠠᠶ ᠭᠠᠬ᠍ᠴᠠ ᠪᠠᠶᠡᠳᠤ ᠪᠠᠷᠢᠯᠭ᠎ᠠ ᠪᠣᠯᠤᠨ ᠲᠦᠭᠦᠷ ᠪᠠᠷᠢᠯᠭ᠎ᠠ᠎ᠳᠤ ᠨᠤᠲᠤᠭ ᠪᠡᠯᠴᠢᠭᠡᠷ᠎ᠢ ᠤᠷᠢᠳ ᠵᠶ᠋ᠠᠷ ᠬᠡᠷᠡᠭᠯᠡᠬᠦ᠎ᠪᠠᠷ ᠭᠤᠶᠤᠴᠢᠯᠠᠵᠤ ᠪᠣᠯᠤᠨ᠎ᠠ᠃ ᠪᠦᠬᠦᠯᠢ ᠴᠣᠭᠴᠠ ᠵᠢᠨ ᠲᠥᠷᠥᠯ ᠵᠦᠢ᠍ᠯ᠎ᠢ ᠭᠤᠶᠤᠴᠢᠯᠠᠬᠤ ᠣᠢ᠍ᠶ᠎ᠠ᠎ᠳᠤ᠂ ᠭᠠᠭᠴᠠ ᠪᠡᠶᠡᠲᠦ ᠪᠠᠷᠢᠯᠭ᠎ᠠ ᠪᠤᠯᠤᠨ ᠲᠦᠭᠦᠷ ᠪᠠᠷᠢᠯᠭ᠎ᠠ᠎ᠳᠤ ᠨᠤᠲᠤᠭ ᠪᠡᠯᠴᠢᠭᠡᠷ᠎ᠢ ᠤᠷᠢᠳ ᠵᠶ᠋ᠠᠷ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠪᠠᠷ ᠵᠥᠪᠰᠢᠶᠡᠷᠡᠬᠦᠯᠦᠭᠰᠡᠨ ᠪᠢᠴᠢᠭ ᠮᠠᠲᠸᠷᠢᠶᠠᠯ ᠵᠢᠴᠢ ᠭᠤᠶᠤᠴᠢᠯᠠᠬᠰᠠᠨ ᠮᠠᠲ᠋ᠧᠷᠢᠶᠠᠯ ᠵᠶ᠋ᠠᠨ ᠳᠠᠭ᠋ᠠᠯᠳᠤᠭᠤᠯᠵᠤ᠂ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ ᠭᠠᠷᠳᠠᠮ᠎ᠢ ᠨᠢᠭᠡ ᠤᠳᠠᠭ᠎ᠠ᠎ᠳᠤ ᠭᠤᠶᠤᠴᠢᠯᠠᠨ ᠭᠦᠢ᠍ᠴᠡᠳᠬᠡᠬᠦ ᠬᠡᠷᠡᠭᠲᠡᠶ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠨᠠᠢ᠍ᠮᠠᠳᠤᠭ᠋ᠠᠷ ᠵᠦᠢ᠍ᠯ᠎ᠳᠤ᠂ ᠭᠤᠶᠤᠴᠢᠯᠠᠭᠰᠠᠨ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ ᠵᠥᠪᠰᠢᠶᠡᠷᠡᠭᠰᠡᠨ ᠲᠠᠯᠠᠪᠠᠢ᠎ᠪᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠨ ᠭᠡᠷᠡᠭᠯᠡᠵᠤ᠂ ᠲᠠᠯᠠᠪᠠᠢ ᠵᠢ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠢ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢ ᠬᠤᠪᠢᠷᠠᠭᠤᠯᠤᠭᠰᠠᠨ᠎ᠠᠴᠠ ᠪᠣᠯᠵᠤ ᠲᠠᠲᠠᠪᠤᠷᠢᠯᠠᠬᠤ ᠡᠵᠡᠯᠡᠨ ᠬᠡᠷᠡᠭᠯᠡᠬᠦ ᠨᠤᠲᠤᠭ ᠪᠡᠯᠴᠢᠭᠡᠷ᠎ᠤᠨ ᠲᠠᠯᠠᠪᠠᠢ ᠵᠢ ᠦᠨᠡᠨ ᠬᠦ᠌ ᠥᠷᠭᠡᠳᠬᠡᠬᠦ ᠴᠢᠬᠤᠯᠠ᠎ᠲᠠᠢ ᠪᠣᠯ᠂ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠲᠠᠲᠠᠪᠤᠷᠢᠯᠠᠬᠤ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠬᠦᠢ᠍ᠴᠡᠳᠬᠡᠬᠦ ᠬᠡᠷᠡᠭᠲᠡᠶ᠃ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠲᠠᠯᠠᠪᠠᠢ ᠵᠢ ᠪᠠᠭ᠋ᠠᠰᠬᠠᠬᠤ ᠪᠤᠶᠤ ᠲᠠᠲᠠᠪᠤᠷᠢᠯᠠᠬᠤ ᠡᠵᠡᠯᠡᠨ ᠬᠡᠷᠡᠭᠯᠡᠬᠦ ᠣᠷᠣᠨ ᠪᠠᠶ᠋ᠢᠷᠢ ᠵᠢ ᠬᠤᠪᠢᠷᠠᠭᠤᠯᠬᠤ᠎ᠳᠤ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠬᠤᠪᠢᠷᠠᠭᠤᠯᠬᠤ ᠭᠠᠷᠳᠠᠮ ᠭᠢᠯᠬᠡᠬᠦ᠎ᠪᠠᠷ ᠭᠤᠶᠤᠴᠢᠯᠠᠬᠤ ᠬᠡᠷᠡᠭᠲᠡᠶ ᠭᠡᠵᠤ ᠲᠤᠬᠳᠠᠭ᠋ᠠᠪᠠ᠃

    ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠠᠵᠢᠯ ᠵᠶ᠋ᠠᠨ ᠭᠡᠷᠬᠢᠨ ᠪᠠᠶᠠᠯᠠᠬᠦᠯᠬᠦ ᠪᠤᠢ?
     《ᠵᠢᠷᠤᠮ》᠎ᠤᠨ ᠠᠷᠪᠠᠨ ᠬᠣᠶᠠᠳᠤᠭ᠋ᠠᠷ ᠵᠦᠢ᠍ᠯ᠎ᠳᠤ᠂ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠬᠣᠷᠢᠨ ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠬᠤ ᠪᠤᠶᠤ ᠬᠢᠨᠠᠨ ᠵᠥᠪᠰᠢᠶᠡᠷᠡᠬᠦ ᠠᠵᠢᠯ᠎ᠢ ᠪᠡᠶᠡᠯᠡᠭᠦᠯᠬᠦ ᠬᠡᠷᠡᠭᠲᠡᠶ᠃ ᠬᠣᠷᠢᠨ ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠵᠦ ᠳᠠᠢ᠍ᠢ᠍ᠯᠬᠦ ᠦᠭᠡᠢ ᠪᠣᠯ᠂ ᠲᠤᠰ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠬᠤ ᠪᠥᠭᠡᠳ ᠤᠷᠲᠤᠳᠬᠠᠭᠰᠠᠨ ᠤᠴᠢᠷ ᠰᠢᠯᠲᠠᠭ᠋ᠠᠨ ᠵᠶ᠋ᠠᠨ ᠭᠤᠶᠤᠴᠢᠯᠠᠭᠴᠢ᠎ᠳᠤ ᠬᠡᠯᠡᠵᠦ ᠥᠭᠬᠦ ᠬᠡᠷᠡᠭᠲᠡᠶ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠭᠤᠷᠪᠠᠳᠤᠭ᠋ᠠᠷ ᠵᠦᠢ᠍ᠯ᠎ᠳᠤ᠂ ᠮᠤᠵᠢ ᠵᠢᠨ ᠱᠠᠲᠤᠨ᠎ᠠᠴᠠ ᠳᠡᠭᠡᠭᠰᠢᠬᠢ ᠤᠢ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠷᠡᠭᠴᠡᠭᠡ᠎ᠪᠠᠨ ᠦᠨᠳᠦᠰᠦᠯᠡᠨ ᠲᠤᠬᠠᠶ ᠵᠢᠨ ᠲᠠᠯᠠᠪᠠᠢ ᠵᠢ ᠪᠠᠶ᠋ᠢᠴᠠᠭ᠋ᠠᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠣᠯᠤᠨ᠎ᠠ᠃ ᠲᠤᠬᠠᠶ ᠵᠢᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠬᠠᠶ ᠵᠢᠨ ᠲᠠᠯᠠᠪᠠᠢ ᠵᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠪᠠᠨ ᠬᠢᠨᠠᠨ ᠬᠠᠷᠭᠤᠭᠤᠯᠬᠤ ᠵᠢ ᠬᠠᠷᠢᠭᠤᠴᠠᠵᠤ ᠪᠠᠶ᠋ᠢᠭ᠎ᠠ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ ᠭᠡᠵᠤ ᠲᠤᠬᠳᠠᠭ᠋ᠠᠪᠠ᠃
      ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠎ᠳᠤ ᠳᠣᠤᠷᠠᠬᠢ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠄ ᠲᠠᠳᠠᠪᠤᠷᠢᠯᠡᠨ ᠬᠤᠷᠢᠶᠠᠬᠤ᠂ ᠲᠠᠳᠠᠪᠤᠷᠢᠯᠡᠨ ᠭᠡᠷᠡᠭᠯᠡᠬᠦ ᠪᠤᠶᠤ ᠭᠡᠷᠡᠭᠯᠡᠬᠦ᠎ᠪᠠᠷ ᠪᠠᠢ᠍ᠢ᠍ᠭ᠎ᠠ ᠨᠤᠲᠤᠭ ᠪᠡᠯᠴᠢᠭᠡᠷ᠎ᠤᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ; ᠲᠠᠳᠠᠪᠤᠷᠢᠯᠡᠨ ᠬᠤᠷᠢᠶᠠᠬᠤ᠂ ᠲᠠᠳᠠᠪᠤᠷᠢᠯᠡᠨ ᠭᠡᠷᠡᠭᠯᠡᠬᠦ ᠪᠤᠶᠤ ᠭᠡᠷᠡᠭᠯᠡᠬᠦ᠎ᠪᠠᠷ ᠪᠠᠢ᠍ᠢ᠍ᠭ᠎ᠠ ᠨᠤᠲᠤᠭ ᠪᠡᠯᠴᠢᠭᠡᠷ᠎ᠤᠨ ᠡᠷᠬᠡ ᠵᠢᠨ ᠬᠠᠷᠢᠶᠠᠯᠠᠯ᠂ ᠲᠠᠯᠠᠪᠠᠶ᠂ ᠲᠥᠷᠥᠯ᠂ ᠵᠡᠷᠭᠡ ᠳᠡᠰ ᠪᠠ ᠬᠠᠮᠢᠶ᠎ᠠ ᠪᠥᠬᠥᠶ ᠨᠤᠲᠤᠭ ᠪᠡᠯᠴᠢᠭᠡᠷ᠎ᠤᠨ ᠥᠮᠴᠢᠯᠡᠬᠦ ᠡᠷᠬᠡ᠎ᠲᠠᠢ ᠬᠥᠮᠦᠨ᠂ ᠬᠡᠷᠡᠭᠯᠡᠬᠦ ᠡᠷᠬᠡ᠎ᠲᠠᠢ ᠬᠥᠮᠦᠨ ᠪᠠ ᠳᠠᠭ᠋ᠠᠭ᠋ᠠᠴᠢᠯᠠᠨ ᠡᠵᠡᠩᠨᠡᠬᠦ ᠡᠷᠬᠡ᠎ᠲᠠᠢ ᠬᠦᠮᠤᠨ᠎ᠤ ᠲᠣᠭ᠎ᠠ ᠬᠡᠮᠵᠢᠶ᠎ᠡ ᠪᠤᠯᠤᠨ ᠨᠥᠬᠥᠪᠥᠷᠢ ᠥᠭᠬᠦ ᠪᠠᠶ᠋ᠢᠳᠠᠯ; ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠯ᠎ᠡ ᠲᠥᠷᠥᠯ᠎ᠤᠨ ᠪᠠᠢ᠍ᠢ᠍ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠳᠣᠲᠣᠷᠠᠬᠢ ᠨᠤᠲᠤᠭ ᠪᠡᠯᠴᠢᠭᠡᠷ ᠪᠠ ᠵᠥᠪᠰᠢᠶᠡᠷᠡᠭᠦᠯᠦᠭᠡᠳᠦᠶ᠎ᠪᠠᠷ ᠤᠷᠢᠳ ᠵᠶ᠋ᠠᠷ ᠪᠠᠶ᠋ᠢᠭᠤᠯᠤᠭᠰᠠᠨ ᠵᠡᠷᠭᠡ ᠪᠠᠢ᠍ᠢ᠍ᠳᠠᠯ᠎ᠳᠤ ᠬᠣᠯᠪᠣᠭᠳᠠᠭᠰᠠᠨ ᠡᠰᠡᠬᠦ᠃
     《ᠵᠢᠷᠤᠮ》᠎ᠤᠨ ᠠᠷᠪᠠᠨ ᠲᠠᠪᠤᠳᠤᠭ᠋ᠠᠷ ᠵᠦᠢ᠍ᠯ᠎ᠳᠤ᠂ ᠠᠭᠤᠷᠬᠠᠶ ᠵᠢᠨ ᠪᠤᠯᠠᠭᠳᠠᠴᠠ ᠵᠢ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠬᠦ ᠵᠡᠷᠭᠡ᠎ᠳᠤ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠨᠤᠲᠤᠭ ᠪᠡᠯᠴᠢᠭᠡᠷ᠎ᠤᠨ ᠲᠤᠬᠠᠶ ᠵᠢᠨ ᠲᠠᠯᠠᠪᠠᠶ ᠵᠢ ᠪᠠᠶ᠋ᠢᠴᠠᠭ᠋ᠠᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠳᠤ᠂ ᠠᠵᠢᠯᠳᠠᠨ᠎ᠨᠢ ᠭᠤᠷᠪᠠᠨ ᠬᠥᠮᠦᠨ᠎ᠠᠴᠠ ᠴᠦᠭᠡᠨ ᠪᠠᠢ᠍ᠢ᠍ᠵᠤ ᠪᠤᠯᠬᠤ ᠦᠭᠡᠢ᠂ ᠡᠭᠦᠨ᠎ᠳᠤ ᠬᠣᠶᠠᠷ᠎ᠠᠴᠠ ᠳᠡᠭᠡᠭᠰᠢ ᠠᠵᠢᠯᠳᠠᠨ᠎ᠨᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠠᠵᠢᠯᠲᠠᠨ ᠪᠠᠢ᠍ᠢ᠍ᠬᠤ ᠬᠡᠷᠡᠭᠲᠡᠶ᠃ ᠲᠠᠳᠠᠪᠤᠷᠢᠯᠡᠨ ᠬᠤᠷᠢᠶᠠᠬᠤ᠂ ᠲᠠᠳᠠᠪᠤᠷᠢᠯᠡᠨ ᠭᠡᠷᠡᠭᠯᠡᠬᠦ ᠪᠤᠶᠤ ᠭᠡᠷᠡᠭᠯᠡᠬᠦ᠎ᠪᠠᠷ ᠭᠤᠶᠤᠴᠢᠯᠠᠬᠳᠠᠭᠰᠠᠨ ᠨᠤᠲᠤᠭ ᠪᠡᠯᠴᠢᠭᠡᠷ᠎ᠤᠨ ᠳᠦᠷᠰᠦ ᠰᠢᠩᠭᠡᠭᠡᠯᠲᠡ ᠪᠤᠶᠤ ᠭᠡᠷᠡᠯ ᠵᠢᠷᠤᠭ᠂ ᠭᠠᠵᠠᠷ ᠳᠡᠭᠡᠷᠡᠬᠢ ᠪᠠᠷᠢᠯᠭ᠎ᠠ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠸᠢᠳᠢᠣ᠋ ᠮᠠᠲ᠋ᠧᠷᠢᠶᠠᠯ᠎ᠢ 《ᠨᠤᠳᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠲᠤᠬᠠᠶ ᠵᠢᠨ ᠲᠠᠯᠠᠪᠠᠢ ᠵᠢ ᠪᠠᠶ᠋ᠢᠴᠠᠭ᠋ᠠᠨ ᠰᠢᠯᠭ᠋ᠠᠬᠰᠠᠨ ᠬᠦᠰᠦᠨᠦᠭᠲᠦ》 ᠵᠢᠨ ᠳᠠᠭ᠋ᠠᠯᠳᠤᠭᠤᠯᠤᠯ ᠪᠣᠯᠭ᠋ᠠᠵᠤ ᠪᠣᠯᠤᠨ᠎ᠠ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠵᠢᠷᠭᠤᠳᠤᠭ᠋ᠠᠷ ᠵᠦᠢ᠍ᠯ᠎ᠳᠤ᠂ ᠠᠭᠤᠷᠬᠠᠢ ᠵᠢᠨ ᠪᠤᠯᠠᠭᠳᠠᠴᠠ ᠵᠢ ᠮᠠᠯᠲᠠᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠬᠦ ᠵᠡᠷᠭᠡ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ᠎ᠪᠠᠷ ᠭᠤᠶᠤᠴᠢᠯᠠᠭ᠋ᠠᠳ ᠬᠢᠨᠠᠨ ᠪᠠᠶ᠋ᠢᠴᠠᠭ᠋ᠠᠵᠤ ᠵᠥᠪᠰᠢᠶᠡᠷᠡᠭᠰᠡᠨ ᠪᠣᠯ᠂ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠭᠤᠶᠤᠴᠢᠯᠠᠭᠴᠢ᠎ᠠᠴᠠ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠰᠦᠢ᠍ᠳᠬᠡᠯ ᠬᠤᠷᠢᠶᠠᠬᠤ ᠬᠡᠷᠡᠭᠲᠡᠶ᠃ ᠬᠢᠨᠠᠨ ᠬᠠᠷᠭᠤᠭᠤᠯᠤᠭ᠋ᠠᠳ ᠵᠥᠪᠰᠢᠶᠡᠷᠡᠭᠰᠡᠨ ᠦᠭᠡᠢ ᠪᠠᠶ᠋ᠢᠪᠠᠯ᠂ ᠭᠤᠶᠤᠴᠢᠯᠠᠭᠴᠢ᠎ᠳᠤ ᠵᠠᠰᠠᠭ ᠵᠠᠬᠢᠷᠭ᠋ᠠᠨ᠎ᠤ ᠦᠯᠦ ᠵᠥᠪᠰᠢᠶᠡᠷᠡᠭᠰᠠᠨ ᠲᠣᠭᠲᠠᠭ᠋ᠠᠯ᠎ᠤᠨ ᠪᠢᠴᠢᠭ ᠵᠶ᠋ᠠᠨ ᠦᠭᠴᠤ᠂ ᠵᠥᠪᠰᠢᠶᠡᠷᠡᠬᠦ ᠦᠭᠡᠢ ᠰᠢᠯᠲᠠᠭ᠋ᠠᠨ ᠵᠶ᠋ᠠᠨ ᠮᠡᠳᠡᠭᠳᠡᠨ᠎ᠡ᠃
      ᠭᠤᠶᠤᠴᠢᠯᠠᠭᠴᠢ ᠵᠠᠰᠠᠭ ᠵᠠᠬᠢᠷᠭ᠋ᠠᠨ᠎ᠤ ᠵᠦᠪᠰᠢᠶᠡᠷᠡᠭᠰᠡᠨ ᠲᠣᠭᠲᠠᠭ᠋ᠠᠯ᠎ᠤᠨ ᠪᠢᠴᠢᠭ᠎ᠢ ᠣᠯᠤᠭᠰᠠᠨ᠎ᠤ ᠳᠠᠷᠠᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠭᠦᠯᠬᠦ ᠭᠠᠷᠳᠠᠮ   ᠭᠦᠢ᠍ᠴᠡᠳᠬᠡᠬᠦᠯᠬᠦ᠎ᠪᠠᠷ ᠬᠠᠤᠯᠢ ᠶᠣᠰᠣᠭ᠋ᠠᠷ ᠭᠤᠶᠤᠴᠢᠯᠠᠨ᠎ᠠ᠃ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠤᠶᠤᠴᠢᠯᠠᠯ᠎ᠨᠢ ᠵᠥᠪᠰᠢᠶᠡᠷᠡᠯ ᠣᠯᠤᠭᠰᠠᠨ ᠦᠭᠡᠶ ᠪᠣᠯ᠂ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠭᠴᠢ ᠵᠢᠨ ᠲᠤᠰᠢᠶᠠᠭᠰᠠᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠵᠠᠷᠤᠳᠠᠯ᠎ᠢ ᠪᠤᠴᠠᠭ᠋ᠠᠵᠤ ᠥᠭᠬᠦᠨ᠎ᠠ ᠭᠡᠵᠤ ᠲᠤᠬᠳᠠᠭ᠋ᠠᠪᠠ᠃
     《ᠵᠢᠷᠤᠮ》᠎ᠤᠨ ᠠᠷᠪᠠᠨ ᠳᠣᠯᠣᠳᠤᠭ᠋ᠠᠷ ᠵᠦᠢ᠍ᠯ᠎ᠳᠤ᠂ ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ ᠪᠤᠶᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠥᠭᠡᠷᠦᠮᠵᠢ ᠵᠢ ᠪᠠᠶ᠋ᠢᠭᠤᠯᠬᠤ᠎ᠳᠤ᠂ ᠨᠤᠲᠤᠭ ᠪᠡᠯᠴᠢᠭᠡᠷ᠎ᠢ ᠬᠡᠷᠡᠭᠯᠡᠬᠦ ᠭᠤᠶᠤᠴᠢᠯᠠᠯ ᠭᠠᠷᠭ᠋ᠠᠭ᠋ᠠᠳ ᠬᠢᠨᠠᠨ ᠵᠥᠪᠰᠢᠶᠡᠷᠡᠭᠰᠡᠨ ᠪᠣᠯ ᠣᠢ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠵᠥᠪᠰᠢᠶᠡᠷᠡᠭᠰᠡᠨ ᠲᠣᠭᠲᠠᠭ᠋ᠠᠯ᠎ᠤᠨ ᠪᠢᠴᠢᠭ ᠭᠠᠷᠭ᠋ᠠᠬᠤ ᠬᠡᠷᠡᠭᠲᠡᠶ᠃ ᠬᠢᠨᠠᠨ ᠵᠥᠪᠰᠢᠶᠡᠷᠡᠭᠰᠡᠨ ᠦᠭᠡᠢ ᠪᠠᠶ᠋ᠢᠪᠠᠯ᠂ ᠵᠠᠰᠠᠭ ᠵᠠᠬᠢᠷᠭ᠋ᠠᠨ᠎ᠤ ᠦᠯᠦ ᠵᠥᠪᠰᠢᠶᠡᠷᠡᠭᠰᠡᠨ ᠲᠣᠭᠲᠠᠭ᠋ᠠᠯ᠎ᠤᠨ ᠪᠢᠴᠢᠭ ᠭᠠᠷᠭ᠋ᠠᠬᠤ ᠭᠡᠷᠡᠭᠳᠡᠢ ᠭᠡᠵᠤ ᠲᠤᠬᠳᠠᠭ᠋ᠠᠪᠠ᠃

    《ᠵᠢᠷᠤᠮ》᠎ᠢ ᠵᠦᠷᠢᠴᠡᠪᠡᠯ ᠶᠠᠮᠠᠷ ᠰᠢᠢ᠍ᠳᠭᠡᠯ ᠦᠭᠬᠦ ᠪᠤᠢ?
     《ᠵᠢᠷᠤᠮ》᠎ᠤᠨ ᠠᠷᠪᠠ ᠶᠢᠰᠦᠳᠦᠭᠡᠷ ᠵᠦᠢ᠍ᠯ᠎ᠳᠤ᠂ ᠲᠤᠰ ᠵᠢᠷᠤᠮ᠎ᠤᠨ ᠲᠣᠭᠲᠠᠭ᠋ᠠᠯ᠎ᠢ ᠵᠥᠷᠢᠴᠡᠵᠦ᠂ ᠳᠣᠤᠷᠠᠬᠢ ᠦᠢ᠍ᠯᠨ ᠪᠠᠢ᠍ᠢ᠍ᠳᠠᠯ᠎ᠤᠨ ᠨᠢᠭᠡ᠎ᠨᠢ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠤ ᠲᠤᠬᠳᠠᠭ᠋ᠠᠪᠠ᠄
     (ᠨᠢᠭᠡ) ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠵᠥᠪᠰᠢᠶᠡᠷᠡᠬᠦ ᠡᠷᠬᠡ ᠥᠬᠡᠶ ᠪᠠᠢ᠍ᠢ᠍ᠭᠤᠯᠭ᠎ᠠ ᠨᠢᠭᠡᠴᠢ ᠪᠤᠶᠤ ᠬᠤᠪᠢ ᠬᠥᠮᠦᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠠᠤᠯᠢ ᠪᠤᠰᠤ᠎ᠪᠠᠷ ᠵᠥᠪᠰᠢᠶᠡᠷᠡᠭᠰᠡᠨ;
     (ᠬᠣᠶᠠᠷ) ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠡᠷᠭᠡ ᠵᠢᠨ ᠬᠡᠪᠴᠢᠶ᠎ᠡ᠎ᠠᠴᠠ᠎ᠪᠠᠨ ᠲᠠᠪᠠᠭᠤᠯᠤᠨ ᠬᠠᠤᠯᠢ ᠪᠤᠰᠤ᠎ᠪᠠᠷ ᠵᠥᠪᠰᠢᠶᠡᠷᠡᠭᠰᠡᠨ;
     (ᠭᠤᠷᠪᠠ) ᠲᠤᠬᠳᠠᠬᠰᠠᠨ ᠵᠢᠷᠤᠮ ᠳᠠᠷᠠᠭ᠋ᠠᠯᠠᠯ᠎ᠢ ᠵᠥᠷᠢᠴᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠵᠥᠪᠰᠢᠶᠡᠷᠡᠭᠰᠡᠨ;
     (ᠳᠥᠷᠪᠡ) ᠵᠥᠪᠰᠢᠶᠡᠷᠡᠯ ᠤᠯᠤᠬᠰᠠᠨ ᠦᠭᠡᠶ ᠪᠤᠶᠤ ᠮᠡᠬᠡᠯᠡᠬᠦ ᠠᠷᠭ᠎ᠠ᠎ᠪᠠᠷ ᠵᠥᠪᠰᠢᠶᠡᠷᠡᠭᠦᠯᠤᠭᠡᠳ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠰᠡᠨ;
     (ᠲᠠᠪᠤ) ᠲᠦᠷ ᠴᠠᠭ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠳᠡᠭᠡᠷ᠎ᠡ ᠡᠭᠦᠷᠢᠳᠡ ᠵᠢᠨ ᠴᠢᠨᠠᠷᠲᠠᠶ ᠪᠠᠷᠢᠯᠭ᠎ᠠ ᠪᠠ ᠲᠠᠭ᠋ᠠᠯᠳᠠ ᠪᠠᠷᠢᠯᠭ᠎ᠠ ᠪᠠᠶ᠋ᠢᠭᠤᠯᠤᠭᠰᠠᠨ;
     (ᠵᠢᠷᠭᠤᠭ᠎ᠠ) ᠨᠤᠲᠤᠭ ᠪᠡᠯᠴᠢᠭᠡᠷ᠎ᠢ ᠲᠤᠢ᠍ᠷ ᠴᠠᠭ ᠡᠵᠡᠯᠡᠨ ᠬᠡᠷᠡᠭᠯᠡᠭᠡᠳ ᠡᠵᠡᠯᠡᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠰᠡᠨ ᠪᠠᠶ᠋ᠢᠲᠠᠯ᠎ᠠ ᠭᠠᠵᠠᠷ ᠬᠡᠷᠡᠭᠯᠡᠭᠰᠡᠨ ᠪᠠᠢ᠍ᠢ᠍ᠭᠤᠯᠭ᠎ᠠ ᠨᠢᠭᠡᠴᠢ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠭᠰᠡᠨ ᠤᠢ᠍ᠭᠡᠢ;
     (ᠳᠣᠯᠣᠭ᠎ᠠ) ᠬᠠᠤᠯᠢ ᠲᠦᠷᠢᠮ᠎ᠤᠨ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠨ ᠭᠡᠷᠡᠭᠯᠡᠭᠰᠡᠨ ᠪᠤᠰᠤᠳ ᠦᠢ᠍ᠯᠨ ᠪᠠᠶ᠋ᠢᠳᠠᠯ᠃

     《ᠵᠢᠷᠤᠮ》᠎ᠳᠤ ᠲᠤᠬᠳᠠᠭ᠋ᠠᠬᠰᠠᠨ ᠪᠤᠰᠤᠳ ᠵᠦᠢ᠍ᠯ
     《ᠵᠢᠷᠤᠮ》᠎ᠤᠨ ᠬᠣᠷᠢᠳᠤᠭ᠋ᠠᠷ ᠵᠦᠢ᠍ᠯ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠰᠡᠨ ᠬᠠᠮᠢᠶᠠᠷᠤᠯᠲᠠ ᠵᠢᠨ ᠳᠠᠩᠰᠠ ᠡᠪᠬᠡᠮᠡᠯ ᠪᠠᠶ᠋ᠢᠭᠤᠯᠬᠤ ᠬᠡᠷᠡᠭᠲᠡᠶ ᠭᠡᠵᠤ ᠲᠤᠬᠳᠠᠭ᠋ᠠᠪᠠ᠃
     《ᠵᠢᠷᠤᠮ》᠎ᠤᠨ ᠬᠣᠷᠢᠨ ᠨᠢᠭᠡᠳᠦᠭᠡᠷ ᠵᠦᠢ᠍ᠯ᠎ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠢ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯ ᠪᠦᠷᠢ ᠵᠢᠨ ᠨᠢᠭᠡᠳᠦᠭᠡᠷ ᠤᠯᠠᠷᠢᠯ᠎ᠳᠤ ᠳᠡᠭᠡᠷ᠎ᠡ ᠵᠢᠯ᠎ᠤᠨ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠨ ᠬᠡᠷᠡᠭᠯᠡᠭᠰᠡᠨ ᠪᠠᠶ᠋ᠢᠳᠠᠯ ᠵᠶ᠋ᠠᠨ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠤᠷᠢᠶᠠᠩᠭᠤᠶ᠋ᠢᠯᠠᠨ ᠮᠡᠳᠡᠭᠦᠯᠬᠦ ᠬᠡᠷᠡᠭᠲᠡᠶ ᠭᠡᠵᠤ ᠲᠤᠬᠳᠠᠭ᠋ᠠᠪᠠ᠃

                  ᠨᠠᠢ᠍ᠢ᠍ᠷᠠᠭᠤᠯᠤᠬ᠍ᠴᠢ ᠵᠢᠨ ᠦᠭᠡ᠄
      ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠳᠦᠷᠢᠮᠵᠢᠭᠦᠯᠤᠨ᠂ ᠨᠤᠲᠤᠭ ᠪᠡᠯᠴᠢᠭᠡᠷ᠎ᠤᠨ ᠡᠬᠢ ᠪᠠᠶᠠᠯᠢᠭ ᠪᠣᠯᠤᠨ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠦᠯᠦᠭᠡ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠨ᠂ 《ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮ》᠎ᠢ ᠲᠤᠬᠳᠠᠭ᠋ᠠᠵᠤ᠂ 2020 ᠤᠨ᠎ᠤ 7 ᠰᠠᠷ᠎ᠠ ᠵᠢᠨ 31᠎ᠤ ᠡᠳᠤᠷ᠎ᠠᠴᠠ ᠡᠬᠢᠯᠡᠨ ᠭᠡᠷᠡᠭᠵᠢᠬᠦᠯᠪᠡ᠃ 《ᠵᠢᠷᠤᠮ》᠎ᠳᠤ ᠲᠤᠤᠷᠠᠬᠢ ᠮᠡᠳᠤ ᠵᠢᠨ ᠲᠤᠬᠳᠠᠭ᠋ᠠᠯ᠎ᠤᠳ᠎ᠢ ᠲᠤᠬᠳᠠᠭ᠋ᠠᠪᠠ᠃      《ᠵᠢᠷᠤᠮ》᠎ᠤᠨ ᠬᠤᠷᠢᠨ ᠬᠣᠶᠠᠳᠤᠭ᠋ᠠᠷ ᠵᠦᠢ᠍ᠯ᠎ᠳᠤ᠂ 《ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠬᠡᠷᠡᠭᠯᠡᠬᠦ ᠭᠤᠶᠤᠴᠢᠯᠠᠯ᠎ᠤᠨ ᠬᠦᠰᠦᠨᠦᠭᠲᠦ》᠂ 《ᠨᠤᠲᠤᠭ ᠪᠡᠯᠴᠢᠭᠡᠷ᠎ᠢ ᠲᠠᠲᠠᠪᠤᠷᠢᠯᠠᠬᠤ ᠡᠵᠡᠯᠡᠨ ᠭᠡᠷᠡᠭᠯᠡᠬᠦ ᠲᠤᠬᠠᠶ ᠵᠢᠨ ᠲᠠᠯᠠᠪᠠᠶ ᠵᠢᠨ ᠪᠠᠶ᠋ᠢᠴᠠᠭ᠋ᠠᠨ ᠰᠢᠯᠭ᠋ᠠᠯᠳᠠ ᠵᠢᠨ ᠬᠦᠰᠦᠨᠦᠭᠲᠦ》 ᠵᠢᠨ ᠵᠠᠭᠪᠤᠷ᠎ᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠣᠭᠲᠠᠭ᠋ᠠᠨ᠎ᠠ ᠭᠡᠵᠤ ᠲᠤᠬᠳᠠᠭ᠋ᠠᠪᠠ᠃

ᠢᠷᠡᠯᠲᠡ᠄ ᠤᠷᠳᠤᠰ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢ ᠲᠥᠷᠭᠡᠳᠬᠡᠨ ᠪᠣᠶ᠋ᠢᠵᠢᠭᠤᠯᠤᠨ ᠬᠥᠭᠵᠢᠭᠦᠯᠬᠦ ᠲᠤᠬᠠᠢ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠪᠠ ᠢᠳᠡᠬᠦ ᠵᠢ ᠴᠠᠭ᠋ᠠᠵᠠᠯᠠᠬᠤ ᠲᠤᠬᠠᠶ ᠮᠡᠳᠡᠭᠳᠡᠯ
ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ
ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ ᠲᠤᠬᠠᠢ
 
             蒙ICP备05000248号