ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠡᠭᠡᠷ᠎ᠡ ᠵᠢᠨ ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
ᠨᠡᠶ᠋ᠢᠲᠡᠯᠡᠭᠰᠡᠨ ᠴᠠᠭ᠄ 2021-08-29

      ᠡᠷᠬᠡ ᠵᠢᠨ ᠨᠡᠷᠡᠶ᠋ᠢᠳᠦᠯ   ᠬᠡᠭᠡᠷ᠎ᠡ ᠵᠢᠨ ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ   ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ      

      ᠡᠷᠬᠡ ᠵᠢᠨ ᠲᠥᠷᠥᠯ ᠠᠩᠬᠢᠯᠠᠯ   ᠵᠠᠰᠠᠭ ᠵᠠᠬᠢᠷᠭ᠋ᠠᠨ᠎ᠤ ᠰᠢᠳᠬᠡᠯᠲᠡ      

      ᠬᠠᠷᠢᠭᠤᠴᠠᠯᠭ᠎ᠠ ᠵᠢᠨ ᠭᠣᠣᠯ ᠴᠣᠭᠴᠠ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ   ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ      

      ᠲᠤᠭᠳᠠᠭ᠋ᠠᠭᠰᠠᠨ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠪᠣᠷ ᠴᠤᠬᠠᠭ   ᠤᠢ ᠮᠣᠳᠣ ᠵᠢ ᠬᠠᠮᠠᠭ᠋ᠠᠯᠠᠬᠤ ᠳᠦᠷᠢᠮ》᠎ᠤᠨ ᠠᠷᠪᠠ ᠶᠢᠰᠦᠳᠦᠭᠡᠷ   ᠵᠤᠷᠪᠤᠰ᠄ ᠲᠡᠬᠦᠨ ᠴᠤᠭᠯᠠᠭᠤᠯᠬᠤ ᠦᠨᠡᠮᠯᠡᠯ   ᠠᠪᠤᠭᠰᠠᠨ ᠦᠭᠡᠢ ᠪᠤᠶᠤ ᠴᠤᠭᠯᠠᠭᠤᠯᠬᠤ ᠦᠨᠡᠮᠯᠡᠯ᠎ᠤᠨ ᠲᠣᠭᠲᠠᠭ᠋ᠠᠯ᠎ᠢ ᠵᠦᠷᠢᠴᠡᠨ ᠬᠡᠭᠡᠷ᠎ᠡ ᠵᠢᠨ ᠬᠣᠪᠣᠷ ᠴᠤᠬᠠᠭ ᠤᠢ   ᠮᠣᠳᠣ ᠵᠢ   ᠴᠤᠭᠯᠠᠭᠤᠯᠤᠭᠰᠠᠨ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ   ᠣᠷᠳᠣᠨ᠎ᠤ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠬᠦᠨ   ᠴᠤᠭᠯᠠᠭᠤᠯᠤᠭᠰᠠᠨ ᠬᠣᠪᠣᠷ ᠴᠤᠬᠠᠭ ᠤᠢ ᠮᠣᠳᠣ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ   ᠬᠤᠷᠢᠶᠠᠨ ᠠᠪᠤᠨ᠎ᠠ᠃ ᠬᠠᠤᠯᠢ ᠪᠤᠰᠤ᠎ᠪᠠᠷ ᠲᠡᠬᠦᠬᠦᠨ ᠴᠤᠭᠯᠠᠭᠤᠯᠤᠭᠰᠠᠨ ᠬᠣᠪᠣᠷ ᠴᠤᠬᠠᠭ ᠮᠣᠳᠣᠨ᠎ᠤ ᠲᠤᠭ᠎ᠠ ᠵᠢᠨ   ᠲᠠᠪᠤ᠎ᠠᠴᠠ ᠠᠷᠪᠠᠨ ᠲᠡᠬᠢᠠ ᠵᠶ᠋ᠡᠷ ᠨᠦᠬᠦᠨ ᠲᠠᠷᠢᠭᠤᠯᠵᠦ᠂ ᠬᠠᠤᠯᠢ ᠵᠢ ᠵᠥᠷᠢᠴᠡᠵᠦ ᠣᠯᠤᠭᠰᠠᠨ ᠠᠰᠢᠭ   ᠣᠯᠵᠠᠪᠤᠷᠢ ᠵᠢᠨ ᠬᠢᠨᠢ ᠬᠣᠶᠠᠷ᠎ᠠᠴᠠ ᠠᠷᠪᠠᠨ ᠲᠡᠬᠢᠠ ᠵᠣᠭᠣᠰ ᠵᠶ᠋ᠠᠷ ᠲᠤᠷᠭ᠋ᠠᠨ᠎ᠠ; ᠲᠡᠬᠦᠵᠦ ᠴᠤᠭᠯᠠᠭᠤᠯᠬᠤ   ᠦᠨᠡᠮᠯᠡᠯ  ᠎ᠲᠠᠢ ᠪᠤᠯ᠂ ᠲᠡᠬᠦᠵᠦ ᠴᠤᠭᠯᠠᠭᠤᠯᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃   ᠲᠡᠬᠦᠵᠦ ᠴᠤᠭᠯᠠᠭᠤᠯᠬᠤ ᠦᠨᠡᠮᠯᠡᠯ ᠦᠭᠡᠢ ᠪᠤᠶᠤ ᠲᠡᠬᠦᠵᠦ ᠴᠤᠭᠯᠠᠭᠤᠯᠬᠤ ᠦᠨᠡᠮᠯᠡᠯ᠎ᠤᠨ ᠲᠤᠭᠳᠠᠭ᠋ᠠᠯ᠎ᠠᠴᠠ   ᠵᠦᠷᠢᠴᠡᠨ ᠬᠡᠭᠡᠷ᠎ᠡ ᠵᠢᠨ ᠬᠣᠪᠣᠷ ᠴᠤᠬᠠᠭ ᠤᠢ ᠮᠤᠳᠤ᠂ ᠤᠢ ᠲᠤᠳᠤᠷᠠᠬᠢ ᠵᠡᠷᠯᠢᠭ ᠤᠷᠭᠤᠮᠠᠯ ᠪᠠ ᠡᠮ᠎ᠤᠨ   ᠮᠠᠲ᠋ᠧᠷᠢᠶᠠᠯ᠎ᠢ ᠴᠤᠭᠯᠠᠭᠤᠯᠤᠭᠰᠠᠨ ᠪᠠᠢ᠌ᠪᠠᠯ ᠦᠨᠡᠮᠯᠡᠯ᠎ᠳᠤ ᠲᠣᠭᠲᠠᠭ᠋ᠠᠭᠰᠠᠨ ᠶᠣᠰᠣᠭ᠋ᠠᠷ᠂ ᠬᠠᠦᠯᠢ᠎ᠠᠴᠠ ᠵᠥᠷᠢᠴᠡᠵᠦ   ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ ᠵᠢᠨ ᠬᠠᠮᠳᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ   ᠠᠰᠢᠭ ᠵᠢᠨ ᠨᠢᠭᠡ᠎ᠠᠴᠠ ᠲᠠᠪᠤᠨ ᠳᠠᠬᠢᠨ ᠵᠣᠭᠣᠰ ᠵᠶ᠋ᠠᠷ ᠲᠤᠷᠭ᠋ᠠᠨ᠎ᠠ᠃      

      ᠬᠠᠷᠢᠭᠤᠴᠠᠯᠭ᠎ᠠ ᠵᠢᠨ ᠵᠦᠢ᠍ᠯᠡᠰ     1. ᠬᠡᠷᠡᠭ ᠪᠣᠯᠭ᠋ᠠᠨ ᠳᠠᠩᠰᠠᠯᠠᠬᠤ ᠬᠠᠷᠢᠭᠤᠴᠠᠯᠭ᠎ᠠ᠄ ᠡᠷᠬᠡ ᠲᠤᠰᠢᠶᠠᠯ ᠵᠶ᠋ᠠᠨ ᠦᠨᠳᠦᠰᠦᠯᠡᠨ ᠣᠯᠵᠤ ᠮᠡᠳᠡᠭᠰᠡᠨ   ᠪᠤᠶᠤ ᠢᠯᠡᠴᠢᠯᠡᠯᠲᠡ᠂ ᠵᠠᠭ᠋ᠠᠯᠳᠤᠯᠭ᠎ᠠ᠂ ᠰᠢᠯᠵᠢᠭᠦᠯᠦᠨ ᠬᠦᠷᠭᠡᠬᠦ᠂ ᠳᠡᠭᠡᠷ᠎ᠡ ᠱᠠᠲᠤᠨ᠎ᠳᠤ ᠲᠤᠰᠢᠶᠠᠨ   ᠰᠢᠢᠳᠪᠦᠷᠢᠯᠡᠭᠦᠯᠦᠭᠰᠡᠨ᠂ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠭᠰᠠᠨ ᠵᠡᠷᠭᠡ ᠤᠢ ᠰᠢᠭᠤᠶ ᠵᠢᠨ ᠬᠠᠤᠯᠢ ᠴᠠᠭ᠋ᠠᠵᠠ   ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠠᠴᠠ ᠵᠦᠷᠢᠴᠡᠭᠰᠡᠨ ᠬᠠᠦᠯᠢ ᠪᠤᠰᠤ ᠦᠢ᠍ᠯᠡ ᠠᠵᠢᠯᠯᠠᠭ᠎ᠠ ᠵᠢ ᠬᠦᠯᠢᠶᠠᠨ   ᠠᠪᠤᠭᠰᠠᠨ ᠪᠠᠢ᠌ᠪᠠᠯ᠂ ᠬᠢᠨᠠᠨ ᠪᠠᠢ᠌ᠴᠠᠭ᠋ᠠᠵᠦ᠂ ᠬᠡᠷᠡᠭ ᠪᠣᠯᠭ᠋ᠠᠨ ᠳᠠᠩᠰᠠᠯᠠᠬᠤ ᠡᠰᠡᠬᠦ᠎ᠪᠠᠨ ᠲᠤᠭᠳᠠᠭ᠋ᠠᠨ᠎ᠠ᠃  2.   ᠪᠠᠢ᠌ᠴᠠᠭ᠋ᠠᠬᠤ ᠬᠠᠷᠢᠭᠤᠴᠠᠯᠭ᠎ᠠ᠄ ᠬᠡᠷᠡᠭ ᠪᠣᠯᠭ᠋ᠠᠨ ᠳᠠᠩᠰᠠᠯᠠᠬᠤ ᠬᠡᠷᠡᠭ᠎ᠢ ᠲᠤᠰᠬᠠᠶ ᠬᠥᠮᠦᠨ ᠵᠶ᠋ᠠᠷ ᠬᠠᠷᠢᠭᠤᠴᠠᠭᠤᠯᠵᠦ᠂   ᠴᠠᠭ ᠲᠤᠬᠠᠶ᠎ᠳᠤᠨᠢ ᠵᠣᠬᠢᠶᠠᠨ ᠪᠠᠢ᠌ᠭᠤᠯᠵᠦ ᠪᠠᠶ᠋ᠢᠴᠠᠭ᠋ᠠᠨ ᠭᠡᠷᠡᠴᠢ ᠠᠪᠴᠤ᠂ ᠪᠠᠶ᠋ᠢᠴᠠᠭ᠋ᠠᠯᠲᠠ ᠬᠢᠬᠦ᠎ᠳᠡᠭᠡᠨ ᠬᠠᠤᠯᠢ   ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠬᠦᠯᠦᠨ᠂ ᠲᠤᠬᠠᠶ ᠵᠢᠨ ᠬᠥᠮᠦᠨ᠎ᠤ ᠵᠦᠪᠳᠡᠭᠡᠨ ᠲᠣᠭ᠋ᠠᠴᠢᠯᠲᠠ ᠵᠢ   ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠬᠣᠯᠪᠣᠭᠳᠠᠯ ᠪᠦᠬᠦᠢ ᠨᠢᠭᠤᠴᠠ ᠵᠢ   ᠬᠠᠮᠠᠭ᠋ᠠᠯᠠᠨ᠎ᠠ᠃ 3. ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠬᠡᠷᠡᠭ᠎ᠤᠨ ᠬᠠᠤᠯᠢ᠎ᠠᠴᠠ ᠵᠥᠷᠢᠴᠡᠭᠰᠡᠨ ᠪᠣᠳᠠᠲᠤ   ᠪᠠᠢ᠌ᠳᠠᠯ᠂ ᠭᠡᠷᠡᠴᠢ ᠪᠠᠷᠢᠮᠲᠠ᠂ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠵᠢᠷᠤᠮ᠂ ᠬᠠᠤᠯᠢ ᠴᠠᠭ᠋ᠠᠵᠠ ᠵᠢᠨ ᠲᠤᠬᠢᠷᠠᠯᠲᠠ᠂ ᠰᠢᠳᠭᠡᠯ᠎ᠤᠨ ᠲᠥᠷᠥᠯ ᠵᠦᠢ᠍ᠯ ᠪᠤᠯᠤᠨ ᠦᠷᠭᠡᠴᠡ᠂ ᠲᠤᠬᠠᠶ ᠵᠢᠨ ᠬᠥᠮᠦᠨ᠎ᠤ ᠲᠣᠭ᠋ᠠᠴᠢᠯᠲᠠ ᠬᠢᠬᠦ ᠪᠠ ᠵᠥᠪᠲᠦᠭᠡᠨ   ᠲᠣᠳᠣᠷᠬᠠᠶ᠋ᠢᠯᠠᠬᠤ ᠤᠴᠢᠷ ᠰᠢᠯᠲᠠᠭ᠋ᠠᠨ ᠵᠡᠷᠭᠡ ᠲᠠᠯ᠎ᠠ ᠵᠢ ᠬᠢᠨᠠᠨ ᠪᠠᠶ᠋ᠢᠴᠠᠭ᠋ᠠᠵᠤ᠂ ᠰᠢᠢᠳᠪᠦᠷᠢᠯᠡᠬᠦ ᠰᠠᠨᠠᠯ ᠵᠶ᠋ᠠᠨ   ᠲᠤᠷᠠᠳᠤᠨ᠎ᠠ᠃ 4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭ᠋ᠠᠨ᠎ᠤ ᠰᠢᠳᠬᠡᠯ ᠥᠭᠬᠦ ᠲᠣᠭᠲᠠᠭ᠋ᠠᠯ ᠭᠠᠷᠭ᠋ᠠᠬᠤ᠎ᠠᠴᠠ   ᠡᠮᠦᠨ᠎ᠡ᠂ ᠲᠤᠬᠠᠶ ᠵᠢᠨ ᠬᠥᠮᠦᠨ᠎ᠳᠤ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠂ ᠤᠴᠢᠷ ᠰᠢᠯᠲᠠᠭ᠋ᠠᠨ ᠪᠠ ᠦᠨᠳᠦᠰᠦ   ᠪᠠᠷᠢᠮᠲᠠ ᠵᠢᠴᠢ ᠲᠣᠭ᠋ᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶ᠋ᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ᠃   ᠰᠠᠨᠠᠯ ᠰᠣᠨᠣᠰᠬᠤ ᠨᠥᠬᠥᠴᠡᠯ᠎ᠳᠤ ᠨᠡᠢ᠌ᠴᠡᠭᠰᠡᠳ᠎ᠲᠤ ᠲᠡᠭᠦᠨ᠎ᠤ ᠡᠳ᠋ᠯᠡᠬᠦ ᠬᠡᠷᠡᠴᠢᠯᠡᠬᠡ ᠰᠤᠨᠤᠰᠬᠤ ᠡᠷᠬᠡ ᠵᠢ ᠮᠡᠳᠡᠭᠳᠡᠬᠦ   ᠬᠡᠷᠡᠭᠳᠡᠢ᠂ ᠭᠡᠷᠡᠴᠢᠯᠡᠭᠡ ᠰᠣᠨᠣᠰᠬᠤ᠎ᠪᠠᠷ ᠱᠠᠭ᠋ᠠᠷᠳᠠᠭᠰᠠᠳ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠵᠤ   ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃ 5. ᠰᠢᠢᠳᠪᠦᠷᠢᠲᠦ ᠪᠤᠳᠤᠯᠭ᠎ᠠ ᠲᠣᠭᠲᠠᠭ᠋ᠠᠬᠤ ᠬᠠᠷᠢᠭᠤᠴᠠᠯᠭ᠎ᠠ᠄ ᠴᠢᠬᠤᠯᠠ   ᠶᠡᠬᠡ ᠵᠠᠰᠠᠭ ᠵᠠᠬᠢᠷᠭ᠋ᠠᠨ᠎ᠤ ᠰᠢᠳᠬᠡᠯ ᠥᠭᠭᠦᠭᠰᠡᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠲᠤ᠎ᠪᠠᠷ   ᠶᠠᠷᠢᠯᠴᠠᠵᠤ᠂ ᠰᠢᠳᠬᠡᠨ ᠲᠣᠷᠭ᠋ᠠᠬᠤ ᠪᠣᠳᠠᠲᠠᠶ ᠠᠭᠤᠯᠭ᠎ᠠ ᠵᠢ ᠲᠤᠭᠳᠠᠭ᠋ᠠᠨ᠎ᠠ᠃ 6. ᠬᠠᠷᠢᠭᠤᠴᠠᠯᠭ᠎ᠠ ᠲᠣᠭᠲᠠᠭ᠋ᠠᠨ᠎ᠠ᠄   ᠵᠠᠰᠠᠭ ᠵᠠᠬᠢᠷᠭ᠋ᠠᠨ᠎ᠤ ᠰᠢᠳᠬᠡᠯ᠎ᠤᠨ ᠲᠣᠭᠲᠠᠭ᠋ᠠᠯ᠎ᠤᠨ ᠪᠢᠴᠢᠭ᠎ᠢ ᠵᠤᠬᠢᠶᠠᠵᠦ᠂ ᠵᠠᠰᠠᠭ ᠵᠠᠬᠢᠷᠭ᠋ᠠᠨ᠎ᠤ ᠰᠢᠳᠬᠡᠯ᠎ᠤᠨ   ᠮᠡᠳᠡᠭᠳᠡᠯ᠂ ᠲᠤᠬᠠᠶ ᠵᠢᠨ ᠬᠥᠮᠦᠨ᠎ᠤ ᠲᠣᠭ᠋ᠠᠴᠢᠭᠰᠠᠨ ᠵᠥᠪᠲᠦᠭᠡᠨ ᠲᠤᠳᠤᠷᠬᠠᠢ᠌ᠯᠠᠯ ᠪᠤᠶᠤ ᠭᠡᠷᠡᠴᠢᠯᠡᠭᠡ ᠰᠤᠨᠤᠰᠤᠭᠰᠠᠨ   ᠪᠠᠶ᠋ᠢᠳᠠᠯ ᠵᠡᠷᠭᠡ ᠠᠭᠤᠯᠭ᠎ᠠ ᠵᠢ ᠲᠣᠳᠣᠷᠬᠠᠶ   ᠲᠡᠮᠳᠡᠭᠯᠡᠨ᠎ᠡ  ᠃ 7. ᠬᠦᠷᠭᠡᠬᠦ ᠬᠠᠷᠢᠭᠤᠴᠠᠯᠭ᠎ᠠ᠄ ᠵᠠᠰᠠᠭ ᠵᠠᠬᠢᠷᠭ᠋ᠠᠨ᠎ᠤ   ᠰᠢᠳᠬᠡᠯ᠎ᠤᠨ ᠲᠣᠭᠲᠠᠭ᠋ᠠᠯ᠎ᠤᠨ ᠪᠢᠴᠢᠭ᠎ᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠠᠷᠭ᠎ᠠ ᠮᠠᠶᠢᠭ ᠵᠶ᠋ᠠᠷ ᠲᠤᠬᠠᠶ ᠵᠢᠨ   ᠬᠥᠮᠦᠨ᠎ᠳᠤ ᠬᠦᠷᠭᠡᠨ᠎ᠡ᠃ 8. ᠭᠦᠢ᠍ᠴᠡᠳᠬᠡᠬᠦ ᠬᠠᠷᠢᠭᠤᠴᠠᠯᠭ᠎ᠠ᠄ ᠬᠦᠴᠦᠨ᠎ᠲᠠᠢ ᠪᠣᠯᠤᠭᠰᠠᠨ ᠵᠠᠰᠠᠭ ᠵᠠᠬᠢᠷᠭ᠋ᠠᠨ᠎ᠤ   ᠰᠢᠳᠬᠡᠯ ᠥᠭᠬᠦ ᠲᠣᠭᠲᠠᠭ᠋ᠠᠯ᠎ᠤᠨ ᠶᠣᠰᠣᠭ᠋ᠠᠷ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠵᠢ ᠬᠦᠢ᠍ᠴᠡᠳᠬᠡᠵᠦ᠂   ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ᠂ ᠵᠣᠭᠣᠰ ᠵᠶ᠋ᠠᠷ ᠲᠣᠷᠭ᠋ᠠᠬᠤ ᠵᠡᠷᠭᠡ   ᠰᠢᠳᠬᠡᠯ ᠥᠭᠬᠦ ᠵᠦᠢ᠍ᠯᠡᠰ᠎ᠢ ᠲᠤᠳᠤᠷᠬᠠᠢ᠌ᠯᠠᠭᠰᠠᠨ ᠪᠠᠢ᠌ᠬᠤ ᠬᠡᠷᠡᠭᠳᠡᠢ᠃ 9. ᠪᠤᠰᠤᠳ ᠬᠠᠤᠯᠢ ᠴᠠᠭ᠋ᠠᠵᠠ ᠬᠠᠤᠯᠢ   ᠲᠣᠭᠲᠠᠭ᠋ᠠᠯ ᠲᠥᠷᠢᠮ ᠲᠣᠭᠲᠠᠭ᠋ᠠᠯ᠎ᠤᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠃      

      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ      《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠤᠷᠭᠤᠮᠠᠯ᠎ᠢ ᠬᠠᠮᠠᠭ᠋ᠠᠯᠠᠬᠤ ᠬᠠᠤᠯᠢ》 ᠵᠢᠨ ᠬᠣᠷᠢ ᠶᠢᠰᠦᠳᠦᠭᠡᠷ ᠵᠤᠷᠪᠤᠰ  ᠬᠡᠭᠡᠷ᠎ᠡ ᠵᠢᠨ ᠤᠷᠭᠤᠮᠠᠯ᠎ᠢ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ   ᠰᠠᠯᠠᠭ᠎ᠠ ᠮᠥᠴᠢᠷ᠎ᠤᠨ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ   ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ   ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ; ᠬᠠᠷᠠᠬᠠᠨ ᠶᠠᠯ᠎ᠠ   ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃      

     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ   ᠵᠢᠷᠭᠤᠳᠤᠭ᠋ᠠᠷ ᠵᠤᠷᠪᠤᠰ     ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ   ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ   ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ   ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ   ᠨᠡᠬᠡᠮᠵᠢᠯᠡᠨ᠎ᠠ; ᠬᠠᠷᠠᠬᠠᠨ ᠶᠠᠯ᠎ᠠ   ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ  ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠠᠪᠤ)
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠵᠢᠷᠭᠤᠭ᠎ᠠ)
【ᠵᠢᠷᠤᠭᠲᠤ ᠲᠠᠢ᠌ᠯᠤᠮᠵᠢ】《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠶᠡᠬᠡ ᠪᠠᠭ᠎ᠠ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠠᠵᠤ ᠠᠬᠤᠶ ᠵᠢᠨ ᠬᠡᠯᠪᠡᠷᠢ ᠵᠢᠨ ᠬᠤᠪᠢᠷᠠᠭᠤᠯᠤᠯᠳᠠ ᠵᠢᠨ ᠠᠵᠢᠯᠯᠠᠭ᠎ᠠ ᠵᠢᠨ ᠲᠥᠰᠦᠯ》
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠤᠯᠤᠭ᠎ᠠ)
【ᠵᠢᠷᠤᠭᠲᠤ ᠲᠠᠢ᠌ᠯᠤᠮᠵᠢ】《〈ᠠᠷᠪᠠᠨ ᠳᠦᠷᠪᠡᠳᠦᠭᠡᠷ ᠳᠠᠪᠣᠨ ᠵᠢᠯ〉᠎ᠤᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠠᠬᠢ ᠡᠨᠧᠷᠬᠢ ᠵᠢᠨ ᠬᠤᠷᠣᠭᠳᠠᠯ᠎ᠤᠨ ᠬᠤᠣᠰ ᠡᠵᠡᠮᠳᠡᠯ᠎ᠤᠨ ᠬᠠᠷᠠᠯᠳᠠ ᠵᠢ ᠪᠡᠶᠡᠯᠡᠬᠦᠯᠬᠦ ᠵᠢ ᠦᠨᠡᠨᠬᠦ ᠪᠠᠳᠣᠯᠠᠬᠤ ᠲᠣᠬᠠᠢ ᠠᠷᠭ᠎ᠠ ᠬᠡᠮᠵᠢᠶ᠎ᠡ ᠎ᠨᠦᠭᠦᠳ》᠎ᠢ ᠵᠢᠷᠤᠭ ᠵᠶ᠋ᠠᠷ ᠣᠶ᠋ᠢᠯᠠᠭ᠋ᠠᠶ᠎ᠠ
 
             蒙ICP备05000248号