ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠣᠯᠪᠣᠭᠳᠠᠯ ᠪᠦᠬᠦᠢ ᠲᠦᠷᠢᠮ ᠲᠤᠭᠳᠠᠭ᠋ᠠᠯ
ᠨᠡᠶ᠋ᠢᠲᠡᠯᠡᠭᠰᠡᠨ ᠴᠠᠭ᠄ 2021-09-16

      ᠡᠷᠬᠡ ᠵᠢᠨ ᠨᠡᠷᠡᠶ᠋ᠢᠳᠦᠯ᠄ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠣᠯᠪᠣᠭᠳᠠᠯ ᠪᠦᠬᠦᠢ   ᠠᠵᠢᠯ᠎ᠤᠨ ᠵᠢᠯᠤᠭᠤᠳᠤᠯᠭ᠎ᠠ          

      ᠡᠷᠬᠡ ᠵᠢᠨ ᠲᠦᠷᠦᠯ ᠠᠩᠭᠢᠯᠠᠯ᠄ ᠪᠤᠰᠤᠳ ᠵᠠᠰᠠᠭ ᠵᠠᠬᠢᠷᠭ᠋ᠠᠨ᠎ᠤ ᠡᠷᠬᠡ          

      ᠬᠠᠷᠢᠭᠤᠴᠠᠯᠭ᠎ᠠ ᠵᠢᠨ ᠭᠣᠣᠯ ᠴᠣᠭᠴᠠ᠄   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ        

      ᠲᠤᠭᠲᠠᠭ᠋ᠠᠭᠰᠠᠨ ᠦᠨᠳᠦᠰᠦᠯᠡᠯ᠄   《ᠠᠰᠢᠭ ᠬᠣᠨᠵᠢᠪᠣᠷᠢ ᠵᠢᠨ ᠴᠢᠨᠠᠷᠲᠠᠶ ᠡᠯᠡᠰᠦ ᠵᠠᠰᠠᠬᠤ   ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠵᠢᠷᠭᠤᠳᠤᠭ᠋ᠠᠷ ᠵᠤᠷᠪᠤᠰ᠄ ᠠᠰᠢᠭ ᠬᠣᠨᠵᠢᠪᠣᠷᠢ ᠵᠢᠨ ᠴᠢᠨᠠᠷᠲᠠᠶ ᠡᠯᠡᠰᠦ   ᠵᠠᠰᠠᠬᠤ ᠨᠢᠭᠡᠴᠡ ᠪᠠ ᠬᠤᠪᠢ ᠬᠥᠮᠦᠨ᠎ᠨᠢ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ   ᠮᠥᠴᠢᠷ᠎ᠠᠴᠠ ᠵᠢᠯᠣᠭᠤᠳᠬᠣ ᠵᠢ ᠱᠠᠭ᠋ᠠᠷᠳᠠᠵᠣ   ᠪᠤᠯᠣᠨ᠎ᠠ᠃ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠡᠷᠬᠢᠯᠡᠨ   ᠬᠠᠮᠢᠶᠠᠷᠬᠤ ᠰᠠᠯᠠᠭ᠎ᠠ ᠮᠥᠴᠢᠷ ᠠᠰᠢᠭ ᠬᠣᠨᠵᠢᠪᠣᠷᠢ ᠤᠯᠬᠤ ᠴᠢᠨᠠᠷᠲᠠᠶ ᠡᠯᠡᠰᠦ ᠵᠠᠰᠠᠬᠤ ᠨᠢᠭᠡᠴᠡ ᠪᠠ ᠬᠤᠪᠢ   ᠬᠥᠮᠦᠨ᠎ᠤ ᠬᠦᠰᠡᠯ ᠱᠠᠭ᠋ᠠᠷᠳᠠᠯᠭ᠎ᠠ ᠵᠢ ᠳᠣᠣᠷ᠎ᠠ ᠵᠢᠭᠰᠠᠭ᠋ᠠᠭᠰᠠᠨ ᠲᠠᠯ᠎ᠠ᠎ᠪᠠᠷ ᠵᠢᠯᠣᠭᠤᠳᠣᠨ᠎ᠠ᠄ (ᠨᠢᠭᠡ) ᠬᠣᠯᠪᠣᠭᠳᠠᠯ   ᠪᠦᠬᠦᠢ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠤᠨ ᠲᠤᠬᠠᠶ ᠲᠦᠷᠦ ᠵᠢᠨ ᠪᠤᠳᠤᠯᠭ᠎ᠠ ᠪᠠ   ᠬᠠᠤᠯᠢ ᠲᠣᠭᠲᠠᠭ᠋ᠠᠯ᠎ᠤᠨ ᠵᠥᠪᠯᠡᠯᠭᠡ ᠥᠭᠭᠦᠨ᠎ᠡ; (ᠬᠣᠶᠠᠷ) ᠵᠠᠰᠠᠯᠲᠠ ᠵᠢᠨ ᠲᠥᠰᠦᠯ᠎ᠢ ᠨᠠᠢ᠌ᠷᠠᠭᠤᠯᠤᠨ   ᠵᠣᠭᠢᠶᠠᠨ᠎ᠠ; (ᠭᠤᠷᠪᠠ) ᠣᠨ᠎ᠤ ᠪᠣᠳᠠᠲᠠᠶ ᠠᠵᠢᠯᠯᠠᠭ᠋ᠠᠨ᠎ᠤ ᠵᠢᠷᠤᠭ ᠲᠥᠯᠥᠪᠯᠡᠭᠡ ᠵᠢ ᠨᠠᠢ᠌ᠷᠠᠭᠤᠯᠤᠨ ᠵᠣᠭᠢᠶᠠᠨ᠎ᠠ; (ᠲᠦᠷᠪᠡ) ᠬᠣᠯᠪᠣᠭᠳᠠᠯ ᠪᠦᠬᠦᠢ ᠮᠡᠷᠭᠡᠵᠢᠯ᠎ᠤᠨ ᠪᠣᠯᠪᠠᠰᠤᠷᠠᠯ ᠬᠦᠷᠲᠡᠭᠡᠨ᠎ᠡ᠃            

      ᠬᠠᠷᠢᠭᠤᠴᠠᠬᠤ ᠵᠦᠢ᠍ᠯᠡᠰ᠄   1 . ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠭᠤᠶᠤᠴᠢᠯᠠᠯ᠎ᠢ   ᠣᠯᠤᠭᠰᠠᠨ᠎ᠤ ᠳᠠᠷᠠᠭ᠎ᠠ᠂ ᠲᠡᠷᠡ ᠳᠠᠷᠤᠶ᠎ᠳᠤᠨᠢ ᠴᠠᠭ᠎ᠤᠨ ᠲᠤᠬᠢᠷᠠᠭᠤᠯᠤᠯᠲᠠ ᠬᠢᠨ᠎ᠡ;         2 .   ᠵᠢᠯᠣᠭᠣᠳᠣᠯᠭ᠎ᠠ ᠵᠢᠨ ᠬᠠᠷᠢᠭᠤᠴᠠᠯᠭ᠎ᠠ᠄ ᠲᠣᠭᠲᠠᠭᠰᠠᠨ ᠴᠠᠭ᠎ᠤᠨ ᠬᠡᠪᠴᠢᠶᠡᠨ ᠳᠣᠲᠣᠷ᠎ᠠ᠂ ᠲᠤᠰᠬᠠᠶ ᠮᠡᠷᠭᠡᠵᠢᠯ᠎ᠤᠨ   ᠠᠵᠢᠯᠳᠠᠨ᠎ᠤ ᠵᠢᠭ᠋ᠠᠨ ᠵᠢᠯᠣᠭᠣᠳᠣᠯᠭ᠎ᠠ ᠵᠢ ᠦᠭᠡᠢ᠌ᠰᠭᠡᠨ᠎ᠡ;       3 . ᠬᠡᠷᠡᠭ᠎ᠤᠨ ᠳᠠᠷᠠᠭ᠋ᠠᠬᠢ ᠬᠢᠨᠠᠨ ᠬᠠᠮᠢᠶᠠᠷᠬᠤ   ᠬᠠᠷᠢᠭᠤᠴᠠᠯᠭ᠎ᠠ᠄   ᠬᠢᠨᠠᠯᠲᠠ ᠲᠠᠯᠪᠢᠵᠤ ᠬᠠᠮᠢᠶᠠᠷᠬᠤ   ᠠᠵᠢᠯ᠎ᠢ ᠥᠷᠨᠢᠭᠦᠯᠦᠨ᠎ᠡ; 4. ᠬᠠᠤᠯᠢ ᠴᠠᠭ᠋ᠠᠵᠠ ᠬᠠᠤᠯᠢ   ᠲᠣᠭᠲᠠᠭ᠋ᠠᠯ ᠲᠦᠷᠢᠮ ᠲᠣᠭᠲᠠᠭ᠋ᠠᠯ᠎ᠳᠤ ᠲᠣᠭᠲᠠᠭ᠋ᠠᠭᠰᠠᠨ   ᠪᠤᠰᠤᠳ ᠬᠠᠷᠢᠭᠤᠴᠠᠯᠭ᠎ᠠ ᠵᠢ ᠭᠦᠢ᠍ᠴᠡᠳᠬᠡᠨ᠎ᠡ᠃            

      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ᠄   1 . 《ᠪᠥᠬᠥᠳᠡ ᠨᠠᠶ᠋ᠢᠷᠠᠮᠳᠠᠬᠤ ᠳᠤᠮᠳᠠᠳᠤ   ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ   ᠡᠯᠡᠰᠦ ᠵᠢ ᠵᠠᠰᠠᠬᠤ ᠬᠠᠤᠯᠢ》 ᠵᠢᠨ ᠳᠥᠴᠢᠨ ᠲᠠᠪᠤᠳᠤᠭ᠋ᠠᠷ   ᠵᠣᠷᠪᠤᠰ   ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠬᠢᠨᠠᠵᠤ ᠬᠠᠮᠢᠶᠠᠷᠬᠤ ᠬᠥᠮᠦᠰ ᠡᠷᠬᠡ   ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂   ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ   ᠨᠠᠶ᠋ᠢᠷ ᠵᠶ᠋ᠠᠷ ᠬᠠᠤᠯᠢ ᠶᠤᠰᠣ ᠵᠢ ᠵᠦᠷᠢᠴᠡᠵᠦ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ   ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃         2 . 《ᠠᠰᠢᠭ ᠬᠣᠨᠵᠢᠪᠣᠷᠢ ᠵᠢᠨ ᠴᠢᠨᠠᠷᠲᠠᠶ ᠡᠯᠡᠰᠦ   ᠵᠠᠰᠠᠬᠤ ᠬᠠᠮᠢᠶᠠᠷᠤᠯᠲᠠ ᠵᠢᠨ ᠠᠷᠭ᠎ᠠ》 ᠵᠢᠨ ᠬᠣᠷᠢᠨ   ᠨᠢᠭᠡᠳᠦᠭᠡᠷ ᠵᠣᠷᠪᠣᠰ     ᠤᠢ ᠰᠢᠭᠤᠶ ᠵᠢᠨ ᠵᠠᠰᠠᠭ   ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠠᠨ ᠬᠠᠮᠢᠶᠠᠷᠤᠯᠲᠠ ᠵᠢᠨ ᠠᠵᠢᠯᠯᠠᠭ᠎ᠠ ᠳᠤᠮᠳᠠ ᠡᠷᠬᠡ   ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂   ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ   ᠨᠠᠶ᠋ᠢᠷ ᠵᠶ᠋ᠠᠷ ᠬᠠᠤᠯᠢ ᠵᠢ ᠵᠥᠷᠢᠴᠡᠭᠰᠡᠨ᠂ ᠬᠠᠤᠯᠢ   ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠭᠡᠯ ᠥᠭᠭᠦᠨ᠎ᠡ᠂ ᠶᠠᠯ᠎ᠠ   ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ   ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃      
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠡᠭᠡᠷ᠎ᠡ ᠵᠢᠨ ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠠᠪᠤ)
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠵᠢᠷᠭᠤᠭ᠎ᠠ)
【ᠵᠢᠷᠤᠭᠲᠤ ᠲᠠᠢ᠌ᠯᠤᠮᠵᠢ】《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠶᠡᠬᠡ ᠪᠠᠭ᠎ᠠ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠠᠵᠤ ᠠᠬᠤᠶ ᠵᠢᠨ ᠬᠡᠯᠪᠡᠷᠢ ᠵᠢᠨ ᠬᠤᠪᠢᠷᠠᠭᠤᠯᠤᠯᠳᠠ ᠵᠢᠨ ᠠᠵᠢᠯᠯᠠᠭ᠎ᠠ ᠵᠢᠨ ᠲᠥᠰᠦᠯ》
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠤᠯᠤᠭ᠎ᠠ)
 
             蒙ICP备05000248号