ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ
ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ ᠪᠣᠯ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠭᠤᠷᠢ ᠴᠢᠨᠠᠷᠲᠠᠶ ᠠᠵᠢᠯ ᠮᠥᠨ᠂ ᠥᠨᠳᠥᠷ ᠬᠢᠷᠢ ᠲᠦᠪᠰᠢᠨ ᠪᠥᠬᠦᠶ ᠬᠠᠮᠠᠭ᠋ᠠᠯᠠᠯᠲᠠ ᠵᠢ ᠪᠡᠶᠡᠯᠡᠭᠦᠯᠬᠦ ᠬᠦᠴᠦᠲᠦ ᠵᠡᠪᠰᠡᠭ ᠮᠥᠨ᠃ ᠶᠡᠷᠦᠩᠬᠡᠶ ᠱᠦᠵᠢ ᠰᠢ ᠵᠢᠨ ᠫᠢᠩ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠵᠢᠭ᠋ᠠᠪᠤᠷᠢ ᠴᠣᠬᠤᠯᠠᠪᠤᠷᠢ ᠪᠠ ᠴᠢᠬᠤᠯᠠ ᠶᠡᠭᠡ ᠪᠠᠶ᠋ᠢᠷᠢᠯᠠᠭᠤᠯᠤᠯᠲᠠ ᠬᠢᠵᠦ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠠᠮᠢ ᠠᠬᠤᠢ ᠵᠢᠨ ᠣᠷᠴᠢᠨ ᠲᠣᠭᠤᠷᠢᠨ᠎ᠢ ᠡᠪᠳᠡᠬᠦ ᠠᠵᠢᠯᠯᠠᠭ᠎ᠠ ᠵᠢ ᠡᠷᠡᠰ ᠬᠤᠷᠢᠭᠯᠠᠬᠤ ᠪᠠ ᠵᠠᠯᠬᠠᠭ᠋ᠠᠨ ᠰᠢᠳᠬᠡᠬᠦ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠳᠣᠲᠣᠭ᠋ᠠᠳᠤ ᠱᠠᠭ᠋ᠠᠷᠳᠠᠯᠭ᠎ᠠ ᠪᠣᠯᠬᠤ ᠪᠥᠭᠡᠳ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢᠨ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠭᠦᠨᠵᠡᠭᠡᠢ ᠦᠢ᠍ᠯᠡᠳᠦᠯᠭᠡ ᠪᠣᠯᠤᠨ᠎ᠠ᠃
ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠣᠳᠣ ᠦᠶ᠎ᠡ ᠵᠢᠨ ᠣᠷᠴᠢᠨ ᠲᠣᠭᠤᠷᠢᠨ᠎ᠤ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠬᠡᠷᠡᠭ ᠶᠠᠪᠤᠳᠠᠯ᠎ᠤᠨ ᠳᠤᠮᠳᠠᠬᠢ ᠪᠠ ᠬᠡᠷᠡᠭ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠲᠤᠰᠠᠳᠠ᠂ 2021 ᠣᠨ᠎ᠳᠤ ᠠᠮᠢ ᠠᠬᠤᠶ ᠵᠢᠨ ᠣᠷᠴᠢᠨ ᠲᠣᠭᠤᠷᠢᠨ᠎ᠤ ᠶᠠᠮᠤᠨ 《ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠰᠢᠯᠢᠳᠡᠭᠵᠢᠭᠦᠯᠵᠦ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ》 (ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠬᠦ [2021] 1 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠠᠷᠭ᠎ᠠ ᠪᠠᠷᠢᠯ ᠵᠢᠴᠢ ᠬᠡᠷᠡᠭᠯᠡᠯᠲᠡ ᠵᠢ ᠶᠡᠭᠡ᠎ᠪᠠᠷ ᠥᠷᠭᠡᠳᠬᠡᠵᠦ᠂ ᠲᠡᠭᠦᠨ᠎ᠢ ᠡᠳᠦᠷ ᠲᠤᠲᠤᠮ᠎ᠤᠨ ᠬᠠᠤᠯᠢ ᠬᠡᠷᠡᠭᠵᠢᠭᠦᠯᠦᠨ ᠪᠠᠶ᠋ᠢᠴᠠᠭ᠋ᠠᠯᠲᠠ ᠬᠢᠬᠦ ᠴᠢᠬᠤᠯᠠ ᠠᠷᠭ᠎ᠠ ᠮᠠᠶᠢᠭ ᠪᠣᠯᠭ᠋ᠠᠵᠤ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠵᠢᠷᠤᠮᠵᠢᠭᠤᠯᠤᠯᠲᠠ ᠪᠠ ᠲᠠᠰ ᠳᠠᠷᠠᠭ᠋ᠠᠯᠠᠯ᠎ᠢ ᠠᠬᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ᠎ᠤᠨ ᠡᠬᠢ ᠢᠷᠡᠯᠲᠡ ᠵᠢ ᠠᠦ᠋ᠲ᠋ᠣ᠋᠎ᠪᠠᠷ ᠬᠢᠨᠠᠨ ᠡᠵᠡᠮᠰᠢᠭᠰᠡᠨ ᠲᠤᠭ᠎ᠠ ᠪᠠᠷᠢᠮᠲᠠ ᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠰᠢᠳᠬᠡᠯ᠎ᠳᠤ ᠬᠡᠷᠡᠭᠯᠡᠬᠦ ᠵᠢ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃ ᠣᠳᠣᠬᠠᠨ᠎ᠤ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠪᠠᠶ᠋ᠢᠳᠠᠯ᠎ᠢ ᠢᠳᠡᠪᠬᠢᠲᠡᠶ ᠠᠷᠭ᠋ᠠᠴᠠᠭ᠋ᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠬᠤᠪᠢᠷᠠᠭᠤᠯᠵᠤ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠠᠴᠠ 《ᠠᠵᠢᠯ᠎ᠤᠨ ᠵᠢᠯᠣᠭᠤᠳᠤᠮᠵᠢ》 ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠤᠯᠠᠮ ᠨᠢᠭᠡ ᠠᠯᠬᠤᠮ ᠠᠬᠢᠭᠤᠯᠵᠤ᠂ ᠭᠤᠤᠯᠳᠠᠯᠭ᠎ᠠ᠎ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ᠎ᠤᠨ ᠡᠬᠢ ᠢᠷᠡᠯᠲᠡ ᠵᠢ ᠠᠦ᠋ᠲ᠋ᠣ᠋᠎ᠪᠠᠷ ᠬᠢᠨᠠᠨ ᠡᠵᠡᠮᠳᠡᠬᠦ ᠰᠢᠰᠲ᠋ᠧᠮ ᠵᠶ᠋ᠠᠷ ᠰᠠᠭᠤᠷᠢ ᠪᠣᠯᠭ᠋ᠠᠭᠰᠠᠨ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠠᠯᠤᠰ ᠵᠠᠢ᠎ᠠᠴᠠ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠵᠢ ᠪᠠᠶ᠋ᠢᠭᠤᠯᠤᠨ᠂ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠵᠢᠨ ᠴᠢᠭᠯᠡᠯᠲᠦ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠴᠠᠭ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠵᠦ᠂ ᠬᠢᠨᠠᠨ ᠬᠠᠮᠢᠶᠠᠷᠤᠯᠲᠠ ᠵᠢ ᠬᠡᠷᠡᠭ ᠪᠤᠯᠠᠭ᠋ᠠᠨ᠎ᠳᠤ ᠤᠷᠤᠭᠰᠢᠲᠠᠢ ᠬᠡᠷᠡᠭᠵᠢᠭᠦᠯᠵᠦ᠂ ᠭᠠᠵᠠᠷ ᠪᠣᠯᠭ᠋ᠠᠨ᠎ᠳᠤ ᠪᠠᠶ᠋ᠢᠯᠭ᠋ᠠᠬᠤ ᠵᠢ ᠭᠦᠢ᠍ᠴᠡᠳᠬᠡᠪᠡ᠃
ᠬᠤᠶᠠᠷ᠂ ᠭᠤᠣᠯ ᠠᠴᠢ ᠬᠤᠯᠪᠣᠭᠳᠠᠯ
ᠨᠢᠭᠡ᠎ᠳᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭ᠎ᠤᠨ ᠳᠠᠷᠠᠭ᠎ᠠ ᠰᠢᠢ᠍ᠳᠪᠦᠷᠢᠯᠡᠵᠦ ᠪᠠᠶ᠋ᠢᠭᠰᠠᠨ᠎ᠠᠴᠠ ᠬᠡᠷᠡᠭ᠎ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠲᠡᠶ᠋ᠢᠰᠢ ᠬᠤᠪᠢᠷᠠᠭᠤᠯᠤᠨ᠎ᠠ᠃ 《ᠠᠵᠢᠯ᠎ᠤᠨ ᠵᠢᠯᠣᠭᠤᠳᠤᠮᠵᠢ》᠎ᠳᠤ 《ᠬᠡᠷᠡᠭ᠎ᠤᠨ ᠡᠮᠦᠨ᠎ᠡ ᠰᠡᠷᠡᠮᠵᠢᠯᠡᠭᠦᠯᠬᠦ᠂ ᠬᠡᠷᠡᠭ᠎ᠤᠨ ᠳᠤᠮᠳᠠ ᠬᠢᠨᠠᠨ ᠬᠠᠮᠢᠶᠠᠷᠬᠤ᠂ ᠬᠡᠷᠡᠭ᠎ᠤᠨ ᠳᠠᠷᠠᠭ᠎ᠠ ᠬᠠᠤᠯᠢ ᠬᠡᠷᠡᠭᠵᠢᠭᠦᠯᠬᠦ》 ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠪᠠᠶ᠋ᠢᠭᠤᠯᠵᠤ᠂ ᠭᠤᠤᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠳᠤ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠲᠤᠭ᠎ᠠ ᠪᠠᠷᠢᠮᠲᠠ᠎ᠨᠢ ᠪᠠᠷᠢᠮᠵᠢᠶ᠎ᠠ᠎ᠠᠴᠠ ᠬᠡᠲᠦᠷᠡᠭᠰᠡᠨ᠂ ᠲᠤᠭ᠎ᠠ ᠪᠠᠷᠢᠮᠲᠠ᠎ᠨᠢ ᠬᠡᠪ᠎ᠤᠨ ᠪᠤᠰᠤ ᠵᠡᠷᠭᠡ ᠪᠠᠶ᠋ᠢᠳᠠᠯ᠎ᠳᠤ ᠰᠠᠨᠠᠭᠤᠯᠤᠨ ᠰᠡᠷᠡᠮᠵᠢᠯᠡᠭᠦᠯᠵᠦ᠂ ᠭᠤᠤᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ ᠬᠠᠪᠰᠤᠷᠤᠨ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ ᠪᠠ ᠴᠡᠭᠴᠡᠯᠡᠨ ᠰᠠᠶ᠋ᠢᠵᠢᠷᠠᠭᠤᠯᠵᠤ᠂ ᠣᠷᠴᠢᠨ ᠲᠣᠭᠤᠷᠢᠨ᠎ᠤ ᠬᠠᠤᠯᠢ᠎ᠠᠴᠠ ᠵᠥᠷᠢᠴᠡᠭᠰᠡᠨ ᠬᠡᠷᠡᠭ ᠡᠭᠦᠰᠬᠦ ᠵᠢ ᠪᠦᠲᠦᠮᠵᠢᠲᠡᠶ ᠰᠡᠷᠭᠡᠶ᠋ᠢᠯᠡᠨ᠎ᠡ᠃
ᠬᠤᠶᠠᠷ᠎ᠲᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠦᠯᠲᠡ ᠵᠢ ᠢᠯᠭ᠋ᠠᠭ᠎ᠠ ᠵᠦᠷᠢᠶ᠎ᠡ ᠦᠭᠡᠢ ᠬᠢᠨᠠᠨ ᠬᠠᠮᠢᠶᠠᠷᠤᠯᠲᠠ᠎ᠠᠴᠠ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠲᠡᠶ᠋ᠢᠰᠢ ᠬᠤᠪᠢᠷᠠᠭᠤᠯᠬᠤ ᠵᠢ ᠪᠡᠶᠡᠯᠡᠭᠦᠯᠦᠨ᠎ᠡ᠃ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ᠎ᠳᠤ ᠠᠦ᠋ᠲ᠋ᠣ᠋᠎ᠪᠠᠷ ᠬᠢᠨᠠᠨ ᠡᠵᠡᠮᠳᠡᠬᠦ ᠰᠢᠰᠲ᠋ᠧᠮ ᠵᠶ᠋ᠠᠷ ᠭᠤᠤᠯ ᠠᠷᠭ᠎ᠠ ᠪᠠᠷᠢᠯ ᠪᠣᠯᠭ᠋ᠠᠵᠤ᠂ ᠸᠢᠳᠢᠤ᠋᠎ᠪᠠᠷ ᠬᠢᠨᠠᠨ ᠡᠵᠡᠮᠳᠡᠬᠦ᠂ ᠴᠠᠬᠢᠯᠭ᠋ᠠᠨ ᠬᠡᠷᠡᠭᠯᠡᠯᠲᠡ ᠵᠢ ᠬᠢᠨᠠᠨ ᠡᠵᠡᠮᠳᠡᠬᠦ᠂ ᠲᠣᠮᠣ ᠳ᠋ᠠᠶ᠋ᠢᠲ᠋ᠠ ᠵᠢᠨ ᠵᠠᠳᠠᠯᠤᠯᠲᠠ ᠬᠢᠬᠦ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠢ ᠠᠰᠢᠭᠯᠠᠬᠤ᠎ᠲᠠᠢ ᠤᠶᠠᠯᠳᠤᠭᠤᠯᠤᠨ᠂ ᠭᠤᠤᠯᠳᠠᠯᠭ᠎ᠠ᠎ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠵᠢᠨ ᠭᠤᠤᠯ ᠪᠣᠯᠬᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠥᠳᠡᠯᠦᠩᠭᠦᠶ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠬᠠᠤᠯᠢ ᠵᠢ ᠰᠠᠬᠢᠵᠤ ᠪᠠᠶ᠋ᠢᠭ᠎ᠠ ᠠᠵᠤ ᠠᠬᠤᠶ᠋ᠢᠯᠠᠯ᠎ᠤᠨ ᠠᠵᠢᠯ ᠦᠢ᠍ᠯᠡᠳᠪᠦᠷᠢᠯᠡᠯ ᠵᠶ᠋ᠠᠨ ᠤᠷᠤᠭᠰᠢᠲᠠᠢ ᠶᠠᠪᠤᠭᠤᠯᠬᠤ ᠵᠢ ᠪᠠᠲᠤᠯᠠᠵᠤ᠂ ᠬᠠᠤᠯᠢ᠎ᠠᠴᠠ ᠵᠥᠷᠢᠴᠡᠭᠰᠡᠨ ᠠᠵᠤ ᠠᠬᠤᠶ᠋ᠢᠯᠠᠯ᠎ᠳᠤ ᠬᠠᠤᠯᠢ ᠵᠢ ᠴᠢᠩᠭ᠎ᠠ ᠬᠡᠷᠡᠭᠵᠢᠭᠦᠯᠬᠦ ᠵᠢ ᠪᠡᠶᠡᠯᠡᠭᠦᠯᠦᠨ᠎ᠡ᠃
ᠭᠤᠷᠪᠠ᠂ ᠭᠤᠣᠯ ᠣᠨᠴᠠᠯᠢᠭ 《ᠠᠵᠢᠯ᠎ᠤᠨ ᠵᠢᠯᠣᠭᠤᠳᠤᠮᠵᠢ》᠎ᠨᠢ ᠭᠤᠤᠯᠳᠠᠭᠤ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠬᠤ ᠲᠠᠰ ᠳᠠᠷᠠᠭ᠋ᠠᠯᠠᠯ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠴᠤ ᠰᠢᠢ᠍ᠳᠪᠦᠷᠢᠯᠡᠬᠦ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠬᠢᠭᠡᠳ ᠲᠤᠬᠠᠶ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢ ᠵᠣᠯᠭ᠋ᠠᠭᠤᠯᠬᠤ ᠭᠤᠷᠪᠠᠨ ᠬᠡᠰᠡᠭ᠎ᠠᠴᠠ ᠠᠵᠢᠯ᠎ᠤᠨ ᠲᠣᠭᠲᠠᠴᠠ ᠵᠢ ᠰᠢᠯᠤᠭᠤᠳᠬᠠᠵᠤ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠠᠭᠤᠯᠭ᠎ᠠ ᠵᠢ ᠵᠢᠷᠤᠮᠵᠢᠭᠤᠯᠪᠠ᠃
(ᠨᠢᠭᠡ) ᠡᠯᠧᠺᠳ᠋ᠷᠣᠨ ᠵᠶ᠋ᠠᠷ ᠰᠢᠮᠳᠠᠭᠤᠯᠤᠨ ᠭᠦᠢ᠍ᠴᠡᠳᠬᠡᠬᠦ ᠵᠢ ᠬᠡᠷᠡᠭᠵᠢᠭᠦᠯᠵᠦ᠂ ᠣᠯᠠᠨ ᠲᠠᠯ᠎ᠠ ᠵᠢᠨ ᠮᠡᠳᠡᠭᠡ ᠵᠠᠩᠭᠢ ᠵᠢ ᠬᠠᠷᠢᠯᠴᠠᠨ ᠰᠣᠯᠢᠯᠴᠠᠬᠤ ᠵᠢ ᠪᠡᠶᠡᠯᠡᠭᠦᠯᠦᠨ᠎ᠡ᠃ 《ᠠᠵᠢᠯ᠎ᠤᠨ ᠵᠢᠯᠣᠭᠤᠳᠤᠮᠵᠢ》᠎ᠳᠤ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠬᠤ ᠠᠵᠢᠯ᠎ᠤᠨ ᠲᠠᠰ ᠳᠠᠷᠠᠭ᠋ᠠᠯᠠᠯ᠎ᠳᠤ ᠪᠥᠬᠦ ᠶᠠᠪᠤᠴᠠ᠎ᠳᠤ ᠡᠯᠧᠺᠳ᠋ᠷᠣᠨ ᠵᠶ᠋ᠠᠷ ᠰᠢᠮᠳᠠᠭᠤᠯᠤᠨ ᠭᠦᠢ᠍ᠴᠡᠳᠬᠡᠬᠦ ᠵᠢ ᠬᠡᠷᠡᠭᠵᠢᠭᠦᠯᠵᠦ᠂ ᠣᠬᠤᠷ ᠮᠡᠳᠡᠭᠡ᠂ ᠸᠢᠴᠠᠲ᠂ APP ᠠᠵᠤ ᠠᠬᠤᠶ᠋ᠢᠯᠠᠯ᠎ᠤᠨ ᠦᠵᠦᠭᠦᠷ ᠵᠡᠷᠭᠡ ᠠᠷᠭ᠎ᠠ ᠮᠠᠶᠢᠭ ᠵᠶ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠪᠠ ᠠᠮᠢ ᠠᠬᠤᠶ ᠵᠢᠨ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠡᠯᠧᠺᠳ᠋ᠷᠣᠨ ᠵᠶ᠋ᠠᠷ ᠰᠢᠮᠳᠠᠭᠤᠯᠤᠨ ᠭᠦᠢ᠍ᠴᠡᠳᠬᠡᠬᠦ ᠬᠠᠭᠤᠳᠠᠰᠤ ᠢᠯᠡᠭᠡᠨ᠎ᠡ᠃ ᠭᠤᠤᠯᠳᠠᠯᠭ᠎ᠠ᠎ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ᠎ᠨᠢ ᠡᠯᠧᠺᠳ᠋ᠷᠣᠨ ᠰᠢᠮᠳᠠᠭᠤᠯᠤᠨ ᠭᠦᠢ᠍ᠴᠡᠳᠬᠡᠬᠦ ᠲᠠᠪᠴᠠᠩ ᠵᠶ᠋ᠠᠷ ᠳᠠᠮᠵᠢᠭᠤᠯᠤᠨ ᠣᠷᠴᠢᠨ ᠲᠣᠭᠤᠷᠢᠨ᠎ᠤ ᠬᠠᠤᠯᠢ᠎ᠠᠴᠠ ᠵᠥᠷᠢᠴᠡᠭᠰᠡᠨ ᠰᠡᠵᠢᠭᠯᠡᠯᠲᠡᠶ ᠦᠢ᠍ᠯᠡ ᠠᠵᠢᠯᠯᠠᠭ᠎ᠠ᠎ᠳᠤ᠎ᠪᠠᠨ ᠭᠡᠷᠡᠴᠢ ᠳᠤᠷᠠᠳᠴᠤ ᠥᠪᠡᠷ᠎ᠢ᠎ᠪᠠᠨ ᠥᠮᠥᠭᠯᠡᠬᠦ᠂ ᠨᠤᠲᠠᠯᠠᠯᠲᠠ ᠬᠢᠬᠦ ᠵᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠵᠢ ᠬᠠᠷᠢᠭᠤ ᠲᠤᠰᠬᠠᠵᠤ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
(ᠬᠤᠶᠠᠷ) ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ 《ᠠᠵᠢᠯ᠎ᠤᠨ ᠵᠢᠯᠣᠭᠤᠳᠤᠮᠵᠢ》᠎ᠳᠤ 《ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ》 ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠤᠯᠳᠠᠯᠭ᠎ᠠ᠎ᠲᠠᠢ ᠨᠢᠭᠡᠴᠢ᠎ᠨᠢ ᠠᠦ᠋ᠲ᠋ᠣ᠋᠎ᠪᠠᠷ ᠬᠢᠨᠠᠨ ᠰᠢᠨᠵᠢᠯᠡᠬᠦ ᠪᠡᠯᠡᠳᠬᠡᠮᠵᠢ ᠵᠢ ᠤᠭᠰᠠᠷᠠᠬᠤ᠂ ᠠᠵᠢᠯᠯᠠᠭᠤᠯᠤᠨ ᠬᠠᠮᠢᠶᠠᠷᠬᠤ ᠪᠠ ᠲᠤᠭ᠎ᠠ ᠪᠠᠷᠢᠮᠲᠠ ᠵᠢᠨ ᠦᠨᠡᠨ ᠪᠣᠳᠠᠲᠠᠶ ᠣᠨᠣᠪᠴᠢᠲᠠᠶ ᠪᠥᠭᠡᠳ ᠪᠦᠲᠦᠮᠵᠢᠲᠡᠶ ᠪᠠᠶ᠋ᠢᠬᠤ᠎ᠳᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠨᠢ ᠠᠦ᠋ᠲ᠋ᠣ᠋᠎ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ᠎ᠳᠤ ᠢᠯᠡᠷᠡᠭᠰᠡᠨ ᠬᠡᠪ᠎ᠤᠨ ᠪᠤᠰᠤ ᠪᠠᠶ᠋ᠢᠳᠠᠯ᠂ ᠳᠤᠲᠠᠭᠤᠳᠠᠯ᠎ᠳᠤ ᠲᠡᠮᠳᠡᠭ ᠲᠠᠯᠪᠢᠵᠤ ᠪᠣᠯᠤᠨ᠎ᠠ᠂ ᠬᠤᠭᠤᠴᠠᠭ᠎ᠠ᠎ᠨᠢ ᠬᠡᠲᠦᠷᠡᠲᠡᠯ᠎ᠡ ᠲᠡᠮᠳᠡᠭ ᠲᠠᠯᠪᠢᠭᠰᠠᠨ ᠥᠬᠡᠶ ᠪᠣᠯ ᠲᠤᠭ᠎ᠠ ᠪᠠᠷᠢᠮᠲᠠ᠎ᠨᠢ ᠬᠦᠴᠦᠨ᠎ᠲᠠᠢ ᠪᠠᠶ᠋ᠢᠬᠤ᠎ᠪᠠᠷ ᠦᠵᠡᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠥᠪᠡᠷ ᠵᠶ᠋ᠠᠨ ᠪᠠᠯᠠ ᠭᠠᠷᠭ᠋ᠠᠵᠤ᠂ ᠪᠡᠯᠡᠳᠬᠡᠮᠵᠢ ᠵᠢᠴᠢ ᠬᠠᠮᠢᠶ᠎ᠠ ᠪᠥᠬᠦᠶ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡ ᠬᠤᠳᠠᠯᠳᠤᠨ ᠠᠪᠴᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ ᠬᠡᠪ᠎ᠤᠨ ᠵᠠᠬ᠎ᠠ ᠳᠡᠯᠭᠡᠭᠦᠷ᠎ᠤᠨ ᠠᠵᠢᠯᠯᠠᠭ᠎ᠠ᠎ᠳᠤ ᠭᠠᠷ ᠳᠦᠷᠦᠵᠦ ᠪᠣᠯᠬᠤ ᠥᠬᠡᠶ᠃
(ᠭᠤᠷᠪᠠ) ᠠᠦ᠋ᠲ᠋ᠣ᠋᠎ᠪᠠᠷ ᠬᠢᠨᠠᠨ ᠡᠵᠡᠮᠳᠡᠭᠰᠡᠨ ᠲᠤᠭ᠎ᠠ ᠪᠠᠷᠢᠮᠲᠠ ᠵᠢ ᠬᠡᠷᠡᠭᠯᠡᠬᠦ ᠲᠦᠷᠢᠮ ᠵᠢᠷᠤᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 《ᠠᠵᠢᠯ᠎ᠤᠨ ᠵᠢᠯᠣᠭᠤᠳᠤᠮᠵᠢ》᠎ᠳᠤ ᠠᠦ᠋ᠲ᠋ᠣ᠋᠎ᠪᠠᠷ ᠬᠢᠨᠠᠨ ᠡᠵᠡᠮᠰᠢᠭᠰᠡᠨ ᠲᠤᠭ᠎ᠠ ᠪᠠᠷᠢᠮᠲᠠ ᠵᠢ ᠬᠡᠷᠡᠭᠯᠡᠨ ᠪᠠᠷᠢᠮᠵᠢᠶ᠎ᠠ᠎ᠠᠴᠠ ᠬᠡᠲᠦᠷᠡᠭᠰᠡᠨ ᠡᠰᠡᠬᠦ ᠵᠢ ᠮᠠᠭ᠋ᠠᠳᠯᠠᠬᠤ ᠦᠶᠡᠰ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠳᠤ ᠴᠠᠭ᠎ᠤᠨ ᠳᠤᠮᠳᠠᠴᠢ ᠬᠡᠮᠵᠢᠭᠳᠡᠯ ᠪᠤᠶᠤ ᠡᠳᠦᠷ᠎ᠤᠨ ᠳᠤᠮᠳᠠᠴᠢ ᠬᠡᠮᠵᠢᠭᠳᠡᠯ (24 ᠴᠠᠭ᠎ᠤᠨ ᠳᠤᠮᠳᠠᠴᠢ ᠬᠡᠮᠵᠢᠭᠳᠡᠯ)᠎ᠢ ᠬᠡᠷᠡᠭᠯᠡᠬᠦ᠎ᠪᠠᠷ ᠲᠣᠳᠣᠷᠬᠠᠶ ᠲᠣᠭᠲᠠᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ; ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠳᠤ ᠲᠣᠳᠣᠷᠬᠠᠶ ᠲᠣᠭᠲᠠᠭ᠋ᠠᠯ ᠦᠭᠡᠢ ᠪᠠᠶ᠋ᠢᠪᠠᠯ᠂ ᠤᠰᠤᠨ᠎ᠤ ᠪᠣᠬᠢᠷᠳᠤᠯ ᠪᠣᠳᠠᠰ ᠭᠠᠳᠠᠭᠰᠢᠯᠠᠭᠤᠯᠬᠤ ᠥᠳᠬᠡᠴᠡ ᠵᠢᠨ ᠪᠠᠷᠢᠮᠵᠢᠶ᠎ᠠ᠎ᠠᠴᠠ ᠬᠡᠲᠦᠷᠡᠭᠰᠡᠨ ᠡᠰᠡᠬᠦ᠎ᠪᠠᠷ ᠦᠨᠳᠦᠰᠦᠯᠡᠯ ᠪᠣᠯᠭ᠋ᠠᠨ ᠡᠳᠦᠷ᠎ᠤᠨ ᠳᠤᠮᠳᠠᠴᠢ ᠬᠡᠮᠵᠢᠭᠳᠡᠯ᠎ᠢ ᠮᠠᠭ᠋ᠠᠳᠯᠠᠵᠤ᠂ ᠠᠭ᠋ᠠᠷ ᠮᠠᠨᠳᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠥᠳᠬᠡᠴᠡ ᠵᠢᠨ ᠪᠠᠷᠢᠮᠵᠢᠶ᠎ᠠ᠎ᠠᠴᠠ ᠬᠡᠲᠦᠷᠡᠭᠰᠡᠨ ᠡᠰᠡᠬᠦ᠎ᠪᠠᠷ ᠦᠨᠳᠦᠰᠦᠯᠡᠯ ᠪᠣᠯᠭ᠋ᠠᠵᠤ ᠴᠠᠭ᠎ᠤᠨ ᠳᠤᠮᠳᠠᠴᠢ ᠬᠡᠮᠵᠢᠭᠳᠡᠯ᠎ᠢ ᠮᠠᠭ᠋ᠠᠳᠯᠠᠨ᠎ᠠ᠃ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠳᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠤᠯᠤᠰ᠎ᠤᠨ ᠠᠵᠢᠯ ᠲᠥᠷᠥᠯ᠎ᠤᠨ ᠭᠠᠳᠠᠭᠰᠢᠯᠠᠭᠤᠯᠬᠤ ᠪᠠᠷᠢᠮᠵᠢᠶ᠎ᠠ᠎ᠳᠠᠬᠢ ᠬᠠᠮᠢᠶ᠎ᠠ ᠪᠥᠬᠦᠶ ᠪᠣᠬᠢᠷᠲᠤᠯ ᠪᠣᠳᠠᠰ᠎ᠤᠨ ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ᠎ᠢ ᠬᠡᠷᠡᠭᠯᠡᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠡᠮᠵᠢᠶ᠎ᠡ᠎ᠳᠤ ᠤᠷᠢᠳ ᠵᠶ᠋ᠠᠷ ᠠᠦ᠋ᠲ᠋ᠣ᠋᠎ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠵᠢ ᠬᠡᠷᠡᠭᠯᠡᠨ ᠪᠤᠳᠤᠵᠤ᠂ ᠠᠦ᠋ᠲ᠋ᠣ᠋᠎ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠳᠤᠲᠠᠭᠳᠠᠭᠰᠠᠨ ᠦᠶ᠎ᠡ᠎ᠳᠤ᠂ ᠬᠥᠮᠦᠨ᠎ᠤ ᠬᠦᠴᠦ᠎ᠪᠠᠷ ᠣᠷᠣᠯᠠᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ᠎ᠪᠠᠷ ᠨᠥᠬᠦᠪᠥᠷᠢᠯᠡᠬᠦ ᠲᠤᠭ᠎ᠠ ᠪᠠᠷᠢᠮᠲᠠ ᠪᠣᠯᠭ᠋ᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠵᠢ ᠪᠤᠳᠤᠵᠤ ᠪᠦᠷᠢᠨᠰᠢᠭᠦᠯᠬᠦ ᠵᠢᠨ ᠦᠨᠳᠦᠰᠦᠯᠡᠯ ᠪᠣᠯᠭ᠋ᠠᠵᠤ ᠪᠣᠯᠤᠨ᠎ᠠ᠃
(ᠳᠥᠷᠪᠡ) ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠵᠢᠷᠤᠮᠵᠢᠭᠤᠯᠵᠤ᠂ ᠰᠠᠯᠠᠭ᠎ᠠ ᠮᠥᠴᠢᠷ᠎ᠤᠳ᠎ᠤᠨ ᠬᠤᠭᠤᠷᠣᠨᠳᠣᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ 《ᠬᠡᠨ ᠬᠠᠮᠢᠶᠠᠷᠬᠤ》 ᠪᠠ 《ᠶᠠᠭᠤ ᠵᠢ ᠬᠠᠮᠢᠶᠠᠷᠬᠤ》 ᠠᠰᠠᠭᠤᠳᠠᠯ᠎ᠳᠤ ᠬᠠᠷᠢᠭᠤᠯᠲᠠ ᠥᠭᠪᠡ᠃ 《ᠠᠵᠢᠯ᠎ᠤᠨ ᠵᠢᠯᠣᠭᠤᠳᠤᠮᠵᠢ》᠎ᠳᠤ ᠲᠤᠭ᠎ᠠ ᠪᠠᠷᠢᠮᠲᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠪᠠ ᠵᠥᠪᠰᠢᠶᠡᠷᠡᠭᠰᠡᠨ ᠬᠡᠮᠵᠢᠶ᠎ᠡ᠎ᠠᠴᠠ ᠳᠠᠪᠠᠭᠰᠠᠨ᠂ ᠲᠤᠭ᠎ᠠ ᠪᠠᠷᠢᠮᠲᠠ ᠵᠢᠨ ᠬᠡᠪ᠎ᠤᠨ ᠪᠤᠰᠤ ᠪᠠᠶ᠋ᠢᠳᠠᠯ ᠵᠢᠴᠢ ᠪᠤᠰᠤᠳ ᠪᠠᠶ᠋ᠢᠳᠠᠯ᠎ᠢ ᠬᠡᠷᠬᠢᠨ ᠰᠢᠢ᠍ᠳᠪᠦᠷᠢᠯᠡᠬᠦ ᠲᠤᠬᠠᠶ ᠠᠵᠢᠯ᠎ᠤᠨ ᠬᠤᠪᠢᠶᠠᠷᠢᠯᠠᠯ ᠬᠢᠵᠡᠶ᠃
(ᠲᠠᠪᠤ) ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠲᠤᠬᠠᠶ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ᠎ᠯᠦᠭᠡ ᠪᠦᠲᠦᠮᠵᠢᠲᠡᠶ ᠵᠤᠯᠭ᠋ᠠᠭᠤᠯᠤᠨ᠎ᠠ᠃ 《ᠠᠵᠢᠯ᠎ᠤᠨ ᠵᠢᠯᠣᠭᠤᠳᠤᠮᠵᠢ》᠎ᠳᠤ᠂ ᠡᠯ᠎ᠡ ᠱᠠᠲᠤᠨ᠎ᠤ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠳᠦᠷ ᠲᠤᠲᠤᠮ᠎ᠤᠨ ᠠᠮᠢ ᠠᠬᠤᠶ ᠵᠢᠨ ᠣᠷᠴᠢᠨ ᠲᠣᠭᠤᠷᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠬᠠᠷᠢᠶᠠᠲᠤ ᠣᠷᠣᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠠᠦ᠋ᠲ᠋ᠣ᠋᠎ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠵᠢᠨ ᠪᠠᠷᠢᠮᠵᠢᠶ᠎ᠠ᠎ᠠᠴᠠ ᠬᠡᠲᠦᠷᠡᠭᠰᠡᠨ᠂ ᠬᠡᠪ᠎ᠤᠨ ᠪᠤᠰᠤ ᠪᠣᠯᠤᠭᠰᠠᠨ ᠵᠡᠷᠭᠡ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ᠎ᠳᠤ ᠲᠤᠬᠠᠶ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ ᠶᠣᠰᠣᠭ᠋ᠠᠷ ᠲᠤᠬᠠᠶ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ ᠬᠡᠷᠡᠭᠲᠡᠶ ᠭᠡᠵᠦ ᠳᠤᠷᠠᠳᠪᠠ᠃