ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠦᠭᠦᠯᠡᠬᠦᠢ 】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2022-11-14

      ᠨᠢᠭᠡ᠂ ᠨᠡᠶ᠋ᠢᠲᠡᠯᠡᠭᠰᠡᠨ ᠠᠬᠤᠢ ᠪᠠᠶ᠋ᠢᠳᠠᠯ

     《ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠣᠭᠣᠳᠬᠤ ᠰᠠᠨᠠᠯ》 (ᠥᠪᠥᠷ ᠨᠠᠮ ᠲᠠᠷᠬᠠᠭ᠋ᠠᠭᠰᠠᠨ [2022] 18 ᠳ᠋ᠤᠭ᠋ᠠᠷ ᠲᠣᠭ᠋ᠠᠲᠤ) (ᠳᠣᠷᠣᠭᠰᠢ 《ᠵᠢᠯᠣᠭᠣᠳᠬᠤ ᠰᠠᠨᠠᠯ》 ᠭᠡᠵᠦ ᠲᠣᠪᠴᠢᠯᠠᠨ᠎ᠠ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》 (ᠥᠪᠥᠷ ᠵᠠᠰᠠᠭ ᠲᠠᠷᠬᠠᠭ᠋ᠠᠭᠰᠠᠨ [2022] 21 ᠳ᠋ᠦ᠍ᠭᠡᠷ ᠲᠣᠭ᠋ᠠᠲᠤ) (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠬᠡᠷᠡᠭᠵᠢᠭᠦᠯᠬᠦ ᠲᠥᠰᠦᠯ》 ᠪᠣᠯᠤᠨ 《ᠵᠢᠯᠣᠭᠣᠳᠬᠤ ᠰᠠᠨᠠᠯ》 ᠵᠢᠴᠢ ᠠᠯᠢ ᠣᠯᠠᠨ ᠢᠵᠢ ᠪᠦᠷᠢᠳᠦᠭᠦᠯᠦᠨ ᠨᠠᠷᠢᠯᠢᠭᠵᠢᠭᠤᠯᠬᠤ ᠠᠷᠭ᠎ᠠ ᠬᠡᠮᠵᠢᠶ᠎ᠡ᠎ᠨᠢ ᠬᠠᠮᠲᠤ᠎ᠪᠠᠷ 《1+1+N》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃

      ᠬᠣᠶᠠᠷ᠂ ᠭᠣᠣᠯ ᠠᠭᠤᠯᠭ᠎ᠠ

     《ᠬᠡᠷᠡᠭᠵᠢᠭᠦᠯᠬᠦ ᠲᠥᠰᠦᠯ》᠎ᠤᠨ ᠭᠣᠣᠯ ᠠᠭᠤᠯᠭ᠎ᠠ᠎ᠳᠤ ᠬᠠᠷᠠᠯᠲᠠ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠭᠡᠬᠦ 3 ᠬᠡᠰᠡᠭ ᠪᠠᠭᠲᠠᠨ᠎ᠠ᠃ ᠬᠠᠷᠠᠯᠲᠠ ᠡᠭᠦᠷᠭᠡ᠎ᠨᠢ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠎ᠪᠠᠷ ᠳᠠᠮᠵᠢᠭᠤᠯᠤᠨ᠂ ᠭᠠᠵᠠᠷ ᠰᠢᠷᠣᠢ ᠵᠢᠨ ᠶᠡᠷᠦᠩᠬᠡᠢ ᠠᠰᠢᠭᠯᠠᠯᠲᠠ ᠵᠢᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠵᠢᠨ ᠡᠬᠢ ᠪᠠᠶᠠᠯᠢᠭ᠎ᠢ ᠪᠦᠲᠦᠮᠵᠢᠲᠡᠢ᠎ᠪᠠᠷ ᠠᠰᠢᠭᠯᠠᠯᠲᠠ᠎ᠳᠤ ᠣᠷᠣᠭᠤᠯᠵᠤ᠂ ᠭᠠᠵᠠᠷ ᠰᠢᠷᠣᠢ ᠵᠢ ᠠᠷᠪᠢᠯᠠᠨ ᠡᠷᠴᠢᠮᠵᠢᠭᠦᠯᠵᠦ ᠠᠰᠢᠭᠯᠠᠬᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ᠎ᠤᠨ ᠠᠷᠭ᠎ᠠ ᠬᠡᠮᠵᠢᠶ᠎ᠡ᠎ᠪᠠᠨ 《ᠪᠠᠶ᠋ᠢᠴᠠᠭ᠋ᠠᠵᠤ ᠣᠶ᠋ᠢᠯᠠᠭ᠋ᠠᠨ ᠲᠣᠳᠣᠯᠠᠬᠤ ᠵᠢ ᠪᠡᠶᠡᠯᠡᠭᠦᠯᠵᠦ᠂ ᠲᠥᠷᠥ ᠵᠢᠨ ᠪᠣᠳᠣᠯᠭ᠎ᠠ ᠵᠢᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠬᠦ》᠂ 《ᠬᠠᠮᠢᠶ᠎ᠠ ᠪᠦᠬᠦᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠬᠡᠷᠡᠭᠯᠡᠯᠲᠡ ᠵᠢᠨ ᠵᠠᠬᠢᠷᠤᠨ ᠬᠠᠮᠢᠶᠠᠷᠬᠤ ᠵᠢ ᠴᠢᠩᠭ᠋ᠠᠳᠬᠠᠬᠤ》᠂ 《ᠲᠤᠯᠭ᠋ᠠᠭᠤᠷᠢᠯᠠᠬᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭ᠋ᠠᠬᠤ》᠂ 《ᠲᠥᠷᠥᠯ ᠬᠤᠪᠢᠶᠠᠨ ᠨᠠᠷᠢᠯᠢᠭ ᠣᠨᠣᠴᠠᠲᠠᠢ᠎ᠪᠠᠷ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ》 ᠵᠡᠷᠭᠡ 4 ᠲᠠᠯ᠎ᠠ ᠵᠢᠨ ᠲᠣᠭᠣᠷᠢᠨ᠎ᠳᠤ᠂ 13 ᠵᠦᠢ᠍ᠯ ᠵᠶ᠋ᠠᠷ ᠨᠠᠷᠢᠯᠢᠭᠵᠢᠭᠤᠯᠤᠨ ᠲᠣᠬᠢᠷᠠᠭᠤᠯᠵᠤ ᠪᠠᠶ᠋ᠢᠭ᠋ᠠᠳ ᠳᠤᠷᠠᠳᠤᠨ ᠭᠠᠷᠭ᠋ᠠᠵᠤ᠂ ᠬᠠᠷᠢᠭᠤᠴᠠᠯᠭ᠋ᠠᠲᠤ ᠨᠢᠭᠡᠴᠢ ᠪᠠ ᠪᠡᠶᠡᠯᠡᠭᠦᠯᠬᠦ ᠬᠤᠭᠤᠴᠠᠭ᠎ᠠ ᠵᠢ ᠲᠣᠳᠣᠷᠬᠠᠶ᠋ᠢᠯᠠᠪᠠ᠃ ᠡᠭᠦᠨ᠎ᠤ ᠬᠠᠮᠲᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠮᠡᠳᠡᠭᠡ ᠵᠠᠩᠭᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠬᠤ᠂ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠬᠦᠴᠦᠲᠡᠢ ᠡᠮᠬᠢ ᠵᠢᠷᠤᠮ᠎ᠲᠠᠢ ᠪᠦᠲᠦᠮᠵᠢᠲᠡᠢ ᠠᠬᠢᠭᠤᠯᠬᠤ ᠵᠢ ᠪᠠᠲᠤᠯᠠᠨ᠎ᠠ᠃

     (ᠨᠢᠭᠡ) ᠪᠠᠶ᠋ᠢᠴᠠᠭ᠋ᠠᠵᠤ ᠣᠶ᠋ᠢᠯᠠᠭ᠋ᠠᠨ ᠲᠣᠳᠣᠯᠠᠬᠤ ᠵᠢ ᠪᠡᠶᠡᠯᠡᠭᠦᠯᠵᠦ᠂ ᠲᠥᠷᠥ ᠵᠢᠨ ᠪᠣᠳᠣᠯᠭ᠎ᠠ ᠵᠢᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠦᠨ᠎ᠡ᠃ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠲᠠᠷᠢᠶᠠᠨ ᠭᠠᠵᠠᠷ᠎ᠤᠨ ᠨᠥᠭᠡᠴᠡ ᠡᠬᠢ ᠪᠠᠶᠠᠯᠢᠭ᠎ᠤᠨ ᠳᠠᠯᠳᠠ ᠬᠦᠴᠦᠨ᠂ ᠬᠣᠲᠠ ᠪᠠᠯᠭ᠋ᠠᠰᠤ ᠲᠣᠰᠬᠣᠨ ᠵᠢᠴᠢ ᠨᠡᠭᠡᠭᠡᠯᠲᠡ ᠵᠢᠨ ᠣᠷᠣᠨ᠎ᠤ ᠦᠷ᠎ᠡ ᠠᠰᠢᠭ ᠵᠶ᠋ᠠᠷ ᠳᠣᠣᠷ᠎ᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠤᠨ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ᠂ ᠠᠭᠤᠷᠬᠠᠢ᠎ᠳᠤ ᠬᠡᠷᠡᠭᠯᠡᠬᠦ ᠭᠠᠵᠠᠷ ᠵᠢᠴᠢ ᠳᠠᠬᠢᠨ ᠬᠠᠭ᠋ᠠᠯᠪᠤᠷᠢᠯᠠᠭᠰᠠᠨ ᠵᠡᠷᠭᠡ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ ᠡᠭᠦᠨ᠎ᠤ ᠬᠠᠮᠲᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠵᠦ᠂ ᠪᠤᠰᠤᠳ ᠮᠤᠵᠢ (ᠣᠷᠣᠨ᠂ ᠬᠣᠲᠠ) ᠵᠢᠨ ᠲᠡᠷᠢᠭᠦᠨ᠎ᠤ ᠲᠤᠷᠰᠢᠯᠭ᠎ᠠ ᠬᠢᠳᠡᠯ᠎ᠢ ᠰᠤᠷᠤᠯᠴᠠᠨ ᠲᠣᠯᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ᠃

     (ᠬᠣᠶᠠᠷ) ᠬᠠᠮᠢᠶ᠎ᠠ ᠪᠦᠬᠦᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠬᠡᠷᠡᠭᠯᠡᠯᠲᠡ ᠵᠢᠨ ᠵᠠᠬᠢᠷᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠬᠠᠤᠯᠢ ᠵᠢ ᠵᠥᠷᠢᠴᠡᠨ ᠭᠠᠵᠠᠷ ᠬᠡᠷᠡᠭᠯᠡᠭᠰᠡᠨ᠎ᠢ ᠲᠤᠰᠬᠠᠢ ᠵᠦᠢ᠍ᠯ ᠵᠶ᠋ᠠᠷ ᠢᠯᠭ᠋ᠠᠷᠠᠭᠤᠯᠤᠨ ᠴᠡᠭᠴᠡᠯᠡᠬᠦ ᠵᠢ ᠪᠦᠬᠦ ᠲᠠᠯ᠎ᠠ᠎ᠪᠠᠷ ᠥᠷᠨᠢᠭᠦᠯᠬᠦ 《ᠡᠷᠭᠢᠨ ᠬᠠᠷᠠᠬᠤ》 ᠵᠢᠴᠢ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ ᠲᠤᠶ᠋ᠢᠯᠪᠤᠷᠢᠲᠠᠢ ᠪᠠᠶ᠋ᠢᠴᠠᠭ᠋ᠠᠬᠤ ᠪᠠ ᠲᠥᠪᠯᠡᠷᠡᠭᠦᠯᠦᠨ ᠰᠢᠢ᠍ᠳᠪᠦᠷᠢᠯᠡᠬᠦ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠡᠷᠭᠡ ᠬᠣᠶᠠᠷ ᠲᠠᠯ᠎ᠠ᠎ᠪᠠᠷ ᠠᠵᠢᠯ᠎ᠤᠨ ᠱᠠᠭ᠋ᠠᠷᠳᠠᠯᠭ᠎ᠠ ᠳᠤᠷᠠᠳᠪᠠ᠃ ᠤᠯᠤᠰ᠎ᠤᠨ ᠭᠠᠵᠠᠷ ᠰᠢᠷᠣᠢ᠎ᠤᠨ ᠣᠷᠣᠨ ᠵᠠᠢ ᠵᠢ ᠨᠡᠭᠡᠭᠡᠨ ᠠᠰᠢᠭᠯᠠᠬᠤ ᠬᠣᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠣᠷᠣᠨ ᠵᠠᠢ ᠵᠢ ᠲᠣᠭᠲᠠᠭ᠋ᠠᠵᠤ᠂ ᠬᠣᠲᠠ ᠪᠠᠯᠭ᠋ᠠᠰᠤᠨ᠎ᠤ ᠡᠮᠬᠢ ᠵᠢᠷᠤᠮ ᠦᠭᠡᠢ᠎ᠪᠠᠷ ᠥᠷᠭᠡᠵᠢᠬᠦ ᠵᠢ ᠬᠢᠵᠠᠭ᠋ᠠᠷᠯᠠᠬᠤ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠤ ᠬᠠᠮᠲᠤ ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠵᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠣᠭᠲᠠᠴᠠ ᠵᠢ ᠴᠢᠩᠭ᠋ᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠶ᠋ᠢᠵᠢᠭᠤᠯᠵᠤ᠂ 《ᠥᠴᠦᠬᠡᠨ ᠴᠦ᠍ ᠠᠭᠤᠴᠢᠯᠠᠬᠤ ᠦᠭᠡᠢ》 ᠣᠪᠣᠷ ᠵᠶ᠋ᠠᠷ ᠰᠢᠨ᠎ᠡ᠎ᠪᠠᠷ ᠨᠡᠮᠡᠭᠳᠡᠭᠰᠡᠨ ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ ᠦᠶᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠤᠯᠢ᠎ᠠᠴᠠ ᠵᠥᠷᠢᠴᠡᠨ ᠭᠠᠵᠠᠷ ᠬᠡᠷᠡᠭᠯᠡᠬᠦ ᠦᠯᠡᠳᠡᠭᠡᠯ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠎ᠡ᠃

     (ᠭᠤᠷᠪᠠ) ᠲᠤᠯᠭ᠋ᠠᠭᠤᠷᠢᠯᠠᠬᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠨᠥᠭᠡᠴᠡᠯᠡᠬᠦ ᠲᠥᠪ᠎ᠢ ᠪᠠᠶ᠋ᠢᠭᠤᠯᠵᠤ᠂ ᠪᠦᠬᠦ ᠣᠷᠣᠨ᠎ᠤ ᠭᠠᠵᠠᠷ ᠰᠢᠷᠣᠢ ᠨᠥᠭᠡᠴᠡᠯᠡᠬᠦ ᠠᠵᠢᠯ᠎ᠢ ᠵᠢᠯᠣᠭᠤᠳᠤᠭᠤᠯᠤᠨ᠂ ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠰᠢᠭᠦᠯᠬᠦ ᠭᠦᠢ᠍ᠴᠡᠳᠬᠡᠯ ᠲᠣᠭ᠎ᠠ᠂ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠪᠦᠷᠢ ᠭᠦᠢ᠍ᠴᠡᠳᠬᠡᠯ ᠲᠣᠭ᠎ᠠ ᠵᠢ ᠮᠤᠵᠢ ᠵᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ᠎ᠢ ᠡᠭᠦᠷᠭᠡᠯᠡᠭᠦᠯᠦᠨ᠎ᠡ᠃ ᠡᠭᠦᠨ᠎ᠤ ᠬᠠᠮᠲᠤ 《ᠵᠢᠯᠣᠭᠣᠳᠬᠤ ᠰᠠᠨᠠᠯ》 ᠪᠠ 《ᠬᠡᠷᠡᠭᠵᠢᠭᠦᠯᠬᠦ ᠲᠥᠰᠦᠯ》᠎ᠤᠨ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠵᠢ ᠦᠨᠳᠦᠰᠦᠯᠡᠨ᠂ ᠠᠯᠢ ᠣᠯᠠᠨ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ 《1+1+N》 ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠷᠢᠯᠳᠦᠭᠦᠯᠦᠨ᠎ᠡ᠃

     (ᠳᠥᠷᠪᠡ) ᠲᠥᠷᠥᠯ ᠬᠤᠪᠢᠶᠠᠨ ᠨᠠᠷᠢᠯᠢᠭ ᠣᠨᠣᠴᠠᠲᠠᠢ᠎ᠪᠠᠷ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ᠎ᠢ ᠠᠬᠢᠭᠤᠯᠤᠨ᠎ᠠ᠃ ᠬᠥᠳᠡᠭᠡ ᠲᠣᠰᠬᠣᠨ᠎ᠤ ᠭᠠᠵᠠᠷ ᠰᠢᠷᠣᠢ ᠵᠢ ᠴᠡᠭᠴᠡᠯᠡᠨ ᠵᠠᠰᠠᠬᠤ ᠵᠢ ᠴᠢᠩᠭ᠋ᠠᠳᠬᠠᠬᠤ᠂ ᠬᠣᠲᠠ ᠪᠠᠯᠭ᠋ᠠᠰᠤᠨ᠎ᠤ ᠦᠯᠡᠳᠡᠭᠡᠯ ᠬᠡᠷᠡᠭᠯᠡᠬᠦ ᠭᠠᠵᠠᠷ᠎ᠢ ᠠᠰᠢᠭᠯᠠᠯᠲᠠ᠎ᠳᠤ ᠣᠷᠣᠭᠤᠯᠬᠤ᠂ ᠬᠦᠷᠢᠶᠡᠯᠡᠩ ᠲᠣᠭᠣᠷᠢᠭ᠎ᠤᠨ ᠭᠠᠵᠠᠷ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠭᠠᠵᠠᠷ ᠰᠢᠷᠣᠢ ᠵᠢ ᠰᠢᠯᠵᠢᠭᠦᠯᠦᠨ ᠬᠤᠳᠠᠯᠳᠤᠬᠤ ᠠᠷᠭ᠎ᠠ ᠮᠠᠶᠢᠭ᠎ᠢ ᠬᠤᠪᠢᠷᠠᠭᠤᠯᠬᠤ᠂ ᠳᠣᠣᠷ᠎ᠠ ᠠᠰᠢᠭᠯᠠᠮᠵᠢ᠎ᠲᠠᠢ ᠭᠠᠵᠠᠷ ᠰᠢᠷᠣᠢ ᠵᠢᠨ ᠥᠷᠲᠡᠭ᠎ᠢ ᠳᠡᠭᠡᠭᠰᠢᠯᠡᠭᠦᠯᠬᠦ᠂ ᠭᠠᠵᠠᠷ ᠰᠢᠷᠣᠢ ᠵᠢᠨ ᠦᠨ᠎ᠡ ᠬᠠᠩᠰᠢ ᠵᠢᠨ ᠲᠣᠬᠢᠷᠠᠭᠤᠯᠤᠯ ᠡᠵᠡᠮᠳᠡᠯ᠎ᠢ ᠴᠢᠩᠭ᠋ᠠᠳᠬᠠᠬᠤ᠂ ᠭᠠᠵᠠᠷ ᠰᠢᠷᠣᠢ ᠵᠢᠨ ᠨᠥᠭᠡᠴᠡᠯᠡᠯ᠎ᠤᠨ ᠠᠷᠭ᠎ᠠ ᠮᠠᠶᠢᠭ᠎ᠲᠤ ᠰᠢᠨ᠎ᠡ ᠵᠢ ᠡᠭᠦᠳᠬᠦ ᠵᠡᠷᠭᠡ 7 ᠲᠠᠯ᠎ᠠ᠎ᠪᠠᠷ ᠨᠠᠷᠢᠯᠢᠭᠵᠢᠭᠤᠯᠤᠨ ᠲᠣᠬᠢᠷᠠᠭᠤᠯᠵᠤ᠂ ᠠᠵᠢᠯ᠎ᠤᠨ ᠬᠠᠷᠠᠯᠲᠠ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠂ ᠡᠯ᠎ᠡ ᠵᠦᠢ᠍ᠯ᠎ᠤᠨ ᠡᠭᠦᠷᠭᠡ ᠵᠢ ᠬᠦᠴᠦᠲᠡᠢ ᠡᠮᠬᠢ ᠵᠢᠷᠤᠮ᠎ᠲᠠᠢ ᠪᠥᠭᠡᠳ ᠪᠦᠲᠦᠮᠵᠢᠲᠡᠢ ᠠᠬᠢᠭᠤᠯᠬᠤ ᠵᠢ ᠦᠨᠡᠨ ᠬᠦ᠌ ᠪᠠᠲᠤᠯᠠᠨ᠎ᠠ᠃

      ᠭᠤᠷᠪᠠ᠂ ᠲᠣᠳᠣᠷᠬᠠᠶ᠋ᠢᠯᠠᠬᠤ ᠴᠢᠬᠤᠯᠠᠲᠠᠢ ᠬᠡᠳᠦᠨ ᠭᠣᠣᠯ ᠠᠰᠠᠭᠤᠳᠠᠯ

     《ᠬᠡᠷᠡᠭᠵᠢᠭᠦᠯᠬᠦ ᠲᠥᠰᠦᠯ》᠎ᠨᠢ ᠤᠯᠤᠰ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ 《ᠵᠢᠯᠣᠭᠣᠳᠬᠤ ᠰᠠᠨᠠᠯ》᠎ᠳᠤ ᠳᠤᠷᠠᠳᠤᠭᠰᠠᠨ ᠭᠣᠣᠯᠳᠠᠯᠭ᠎ᠠ᠎ᠲᠠᠢ ᠡᠭᠦᠷᠭᠡ᠎ᠳᠤ ᠴᠢᠭᠯᠡᠭᠦᠯᠵᠦ᠂ ᠵᠣᠷᠢᠭᠲᠠᠢ᠎ᠪᠠᠷ ᠰᠢᠨ᠎ᠡ ᠵᠢ ᠡᠭᠦᠳᠬᠦ ᠪᠠ ᠭᠣᠣᠯᠳᠠᠯᠭ᠎ᠠ᠎ᠲᠠᠢ ᠰᠢᠪᠲᠤᠯᠤᠯᠲᠠ ᠬᠢᠵᠦ᠂ ᠡᠯ᠎ᠡ ᠵᠦᠢ᠍ᠯ᠎ᠤᠨ ᠡᠭᠦᠷᠭᠡ ᠵᠢᠨ 《ᠬᠠᠷᠠᠯᠲᠠ᠎ᠲᠠᠢ᠂ ᠠᠷᠭ᠎ᠠ ᠵᠠᠮ᠎ᠲᠠᠢ᠂ ᠦᠷ᠎ᠡ ᠪᠦᠲᠦᠮᠵᠢ᠎ᠲᠠᠢ᠂ ᠬᠡᠷᠡᠭᠵᠢᠭᠦᠯᠦᠰᠢᠲᠡᠢ》 ᠪᠠᠶ᠋ᠢᠬᠤ ᠵᠢ ᠦᠨᠡᠨ ᠬᠦ᠌ ᠪᠠᠲᠤᠯᠠᠨ᠎ᠠ᠃

     (ᠨᠢᠭᠡ) ᠤᠯᠤᠰ᠎ᠤᠨ ᠭᠠᠵᠠᠷ ᠰᠢᠷᠣᠢ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠴᠢᠩᠭ᠎ᠠ ᠬᠢᠵᠠᠭ᠋ᠠᠷᠯᠠᠯ᠎ᠢ ᠲᠣᠪᠣᠶ᠋ᠢᠯᠭ᠋ᠠᠵᠤ᠂ ᠤᠯᠤᠰ᠎ᠤᠨ ᠭᠠᠵᠠᠷ ᠰᠢᠷᠣᠢ᠎ᠤᠨ ᠣᠷᠣᠨ ᠵᠠᠢ ᠵᠢᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ ᠵᠢ ᠴᠢᠩᠭ᠋ᠠᠳᠬᠠᠨ᠎ᠠ᠃ 《ᠬᠡᠷᠡᠭᠵᠢᠭᠦᠯᠬᠦ ᠲᠥᠰᠦᠯ》᠎ᠳᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠬᠤ᠎ᠪᠠᠷ ᠳᠠᠮᠵᠢᠭᠤᠯᠤᠨ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢ ᠨᠡᠭᠡᠭᠡᠨ ᠠᠰᠢᠭᠯᠠᠬᠤ ᠬᠣᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠣᠷᠣᠨ ᠵᠠᠢ ᠵᠢ ᠲᠣᠭᠲᠠᠭ᠋ᠠᠵᠤ᠂ ᠬᠣᠲᠠ ᠪᠠᠯᠭ᠋ᠠᠰᠤᠨ᠎ᠤ ᠡᠮᠬᠢ ᠵᠢᠷᠤᠮ ᠦᠭᠡᠢ᠎ᠪᠠᠷ ᠥᠷᠭᠡᠵᠢᠬᠦ ᠵᠢ ᠬᠢᠵᠠᠭ᠋ᠠᠷᠯᠠᠨ᠎ᠠ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠨᠠᠷᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠠᠬᠢᠭᠤᠯᠵᠤ᠂ ᠭᠠᠵᠠᠷ ᠰᠢᠷᠣᠢ ᠵᠢᠨ ᠬᠠᠳᠠᠭ᠋ᠠᠯᠠᠯᠲᠠ ᠵᠢᠨ ᠬᠡᠮᠵᠢᠶ᠎ᠡ ᠵᠢ ᠠᠰᠢᠭᠯᠠᠯᠲᠠ᠎ᠳᠤ ᠣᠷᠣᠭᠤᠯᠬᠤ᠂ ᠨᠡᠮᠡᠭᠳᠡᠯ᠎ᠤᠨ ᠬᠡᠮᠵᠢᠶ᠎ᠡ ᠵᠢ ᠰᠢᠯᠢᠳᠡᠭᠵᠢᠭᠦᠯᠬᠦ ᠪᠠ ᠶᠠᠰᠤ ᠴᠢᠨᠠᠷ᠎ᠢ ᠳᠡᠭᠡᠭᠰᠢᠯᠡᠭᠦᠯᠵᠦ᠂ 《ᠭᠠᠵᠠᠷ ᠰᠢᠷᠣᠢ ᠵᠢᠨ ᠬᠠᠳᠠᠭ᠋ᠠᠯᠠᠯᠲᠠ ᠵᠢᠨ ᠬᠡᠮᠵᠢᠶ᠎ᠡ》 ᠵᠢ 《ᠬᠥᠭᠵᠢᠯᠲᠡ ᠵᠢᠨ ᠨᠡᠮᠡᠭᠳᠡᠯ᠎ᠤᠨ ᠬᠡᠮᠵᠢᠶ᠎ᠡ》 ᠪᠣᠯᠭ᠋ᠠᠬᠤ ᠭᠠᠵᠠᠷ ᠰᠢᠷᠣᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠠᠭᠪᠤᠷ᠎ᠢ ᠪᠤᠢ ᠪᠣᠯᠭ᠋ᠠᠨ᠎ᠠ᠃ ᠡᠭᠦᠨ᠎ᠤ ᠬᠠᠮᠲᠤ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡ ᠵᠢᠷᠤᠭ》᠎ᠤᠨ᠎ᠤᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠤᠯᠤᠰ᠎ᠤᠨ ᠭᠠᠵᠠᠷ ᠰᠢᠷᠣᠢ᠎ᠤᠨ ᠣᠷᠣᠨ ᠵᠠᠢ ᠵᠢᠨ ᠬᠡᠷᠡᠭᠯᠡᠯᠲᠡ ᠵᠢᠨ ᠵᠠᠬᠢᠷᠤᠨ ᠬᠠᠮᠢᠶᠠᠷᠤᠯᠲᠠ ᠵᠢ ᠨᠢᠭᠡᠳᠬᠡᠬᠦ ᠪᠠ ᠲᠥᠯᠥᠪᠵᠢᠭᠦᠯᠭᠡ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠎ᠳᠤ ᠦᠨᠳᠦᠰᠦᠯᠡᠯ ᠪᠠ ᠲᠤᠯᠭ᠋ᠠᠭᠤᠷᠢᠯᠠᠯ ᠬᠠᠩᠭ᠋ᠠᠨ᠎ᠠ᠃

     (ᠬᠣᠶᠠᠷ) ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠰᠢᠭᠦᠯᠬᠦ ᠪᠠ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠠᠵᠢᠯ᠎ᠳᠤ ᠰᠢᠨ᠎ᠡ ᠵᠢ ᠡᠭᠦᠳᠴᠦ᠂ ᠡᠬᠢ ᠪᠠᠶᠠᠯᠢᠭ᠎ᠤᠨ ᠬᠥᠷᠥᠩᠭᠡᠵᠢᠯᠲᠡ ᠵᠢ ᠠᠬᠢᠭᠤᠯᠤᠨ᠎ᠠ᠃ 《ᠬᠡᠷᠡᠭᠵᠢᠭᠦᠯᠬᠦ ᠲᠥᠰᠦᠯ》᠎ᠳᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠦᠬᠦ ᠣᠷᠣᠨ᠎ᠤ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠭᠦᠢ᠍ᠴᠡᠳᠬᠡᠯ ᠲᠣᠭ᠎ᠠ 100 ᠲᠦᠮᠡᠨ ᠮᠦ᠍᠂ ᠰᠢᠨ᠎ᠡ᠎ᠪᠠᠷ ᠨᠡᠮᠡᠭᠳᠡᠭᠰᠡᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠭᠦᠢ᠍ᠴᠡᠳᠬᠡᠯ ᠲᠣᠭ᠎ᠠ 5 ᠲᠦᠮᠡᠨ ᠮᠦ᠍ ᠪᠠᠶ᠋ᠢᠬᠤ ᠵᠢ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠨᠥᠭᠡᠴᠡᠯᠡᠬᠦ ᠲᠥᠪ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠭᠦᠢ᠍ᠴᠡᠳᠬᠡᠯ ᠲᠣᠭ᠎ᠠ ᠪᠠ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠭᠡᠯ ᠭᠦᠢ᠍ᠴᠡᠳᠬᠡᠯ ᠲᠣᠭ᠎ᠠ ᠵᠢ ᠮᠤᠵᠢ ᠵᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ᠎ᠢ ᠥᠷᠭᠡᠳᠬᠡᠵᠦ᠂ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠲᠥᠯᠥᠪᠵᠢᠭᠦᠯᠬᠦ ᠬᠡᠪᠴᠢᠶ᠎ᠡ ᠵᠢᠨ ᠭᠦᠢ᠍ᠴᠡᠳᠬᠡᠯ ᠲᠣᠭ᠎ᠠ ᠵᠢ ᠨᠢᠭᠡᠳᠦᠯᠲᠡᠢ ᠲᠥᠯᠥᠪᠯᠡᠬᠦ ᠬᠠᠮᠢᠶᠠᠷᠤᠯᠲᠠ ᠵᠢᠨ ᠠᠷᠭ᠎ᠠ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠬᠡᠷᠡᠭᠵᠢᠭᠦᠯᠬᠦ ᠨᠠᠷᠢᠨ ᠳᠦᠷᠢᠮ ᠵᠡᠷᠭᠡ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ 《1+1+N》 ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃ ᠡᠭᠦᠨ᠎ᠤ ᠵᠡᠷᠭᠡ᠎ᠳᠤ᠂ ᠬᠣᠯᠪᠣᠭᠳᠠᠯ ᠪᠦᠬᠦᠢ ᠮᠤᠵᠢ (ᠣᠷᠣᠨ᠂ ᠬᠣᠲᠠ)᠎ᠯᠤᠭ᠎ᠠ ᠵᠢᠨ ᠨᠡᠪᠲᠡᠷᠡᠯᠴᠡᠭᠡ ᠵᠣᠯᠭ᠋ᠠᠯᠴᠠᠭ᠎ᠠ ᠵᠢ ᠴᠢᠩᠭ᠋ᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ᠎ᠢ ᠨᠡᠪᠲᠡᠷᠡᠭᠦᠯᠵᠦ᠂ ᠭᠠᠵᠠᠷ ᠰᠢᠷᠣᠢ ᠵᠢᠨ ᠡᠳ᠋ ᠬᠥᠷᠥᠩᠭᠡ ᠵᠢᠨ ᠥᠷᠲᠡᠭ᠎ᠢ ᠢᠯᠡ ᠪᠣᠯᠭ᠋ᠠᠨ᠎ᠠ᠃

     (ᠭᠤᠷᠪᠠ) ᠬᠣᠲᠠ ᠪᠠᠯᠭ᠋ᠠᠰᠤ ᠵᠢᠨ ᠦᠯᠡᠳᠡᠭᠡᠯ ᠬᠡᠷᠡᠭᠯᠡᠬᠦ ᠭᠠᠵᠠᠷ ᠰᠢᠷᠣᠢ ᠵᠢ ᠠᠰᠢᠭᠯᠠᠯᠲᠠ᠎ᠳᠤ ᠣᠷᠣᠭᠤᠯᠵᠤ᠂ ᠭᠠᠵᠠᠷ ᠰᠢᠷᠣᠢ ᠵᠢ ᠪᠦᠳᠦᠭᠦᠯᠢᠭ ᠵᠶ᠋ᠠᠷ ᠠᠰᠢᠭᠯᠠᠵᠤ ᠪᠠᠶ᠋ᠢᠭ᠎ᠠ ᠪᠠᠶ᠋ᠢᠳᠠᠯ᠎ᠢ ᠬᠤᠪᠢᠷᠠᠭᠤᠯᠤᠨ᠎ᠠ᠃ 《ᠬᠡᠷᠡᠭᠵᠢᠭᠦᠯᠬᠦ ᠲᠥᠰᠦᠯ》᠎ᠳᠤ ᠵᠥᠪᠰᠢᠶᠡᠷᠡᠭᠰᠡᠨ ᠪᠣᠯᠪᠠᠴᠤ ᠬᠠᠩᠭ᠋ᠠᠭ᠋ᠠᠳᠤᠢ ᠪᠠ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ ᠰᠢᠩᠭᠡᠭᠡᠵᠦ ᠰᠢᠢ᠍ᠳᠪᠦᠷᠢᠯᠡᠬᠦ ᠰᠢᠪᠲᠤᠯᠤᠯᠲᠠ ᠵᠢᠨ ᠠᠵᠢᠯᠯᠠᠭ᠎ᠠ ᠵᠢ ᠲᠦᠷᠭᠡᠬᠡᠨ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠵᠥᠪᠰᠢᠶᠡᠷᠡᠭᠰᠡᠨ ᠪᠣᠯᠪᠠᠴᠤ ᠬᠠᠩᠭ᠋ᠠᠭ᠋ᠠᠳᠤᠢ ᠪᠠ ᠰᠤᠯᠠ ᠲᠠᠯᠪᠢᠭᠳᠠᠵᠤ ᠪᠠᠶ᠋ᠢᠭ᠎ᠠ 67.9 ᠲᠦᠮᠡᠨ ᠮᠦ᠍ ᠭᠠᠵᠠᠷ ᠰᠢᠷᠣᠢ ᠵᠢ ᠠᠰᠢᠭᠯᠠᠯᠲᠠ᠎ᠳᠤ ᠣᠷᠣᠭᠤᠯᠬᠤ᠎ᠪᠠᠷ ᠴᠢᠷᠮᠠᠶ᠋ᠢᠨ᠎ᠠ᠂ ᠡᠭᠦᠨ᠎ᠳᠤ 2022 ᠣᠨ᠎ᠳᠤ ᠵᠥᠪᠰᠢᠶᠡᠷᠡᠭᠰᠡᠨ ᠪᠣᠯᠪᠠᠴᠤ ᠬᠠᠩᠭ᠋ᠠᠭ᠋ᠠᠳᠤᠢ ᠪᠠ ᠰᠤᠯᠠ ᠲᠠᠯᠪᠢᠭᠳᠠᠵᠤ ᠪᠠᠶ᠋ᠢᠭ᠎ᠠ 13. 4 ᠲᠦᠮᠡᠨ ᠮᠦ᠍ ᠭᠠᠵᠠᠷ ᠰᠢᠷᠣᠢ ᠵᠢ ᠠᠰᠢᠭᠯᠠᠯᠲᠠ᠎ᠳᠤ ᠣᠷᠣᠭᠤᠯᠤᠨ᠎ᠠ᠃ 2022 ᠣᠨ᠎ᠤ ᠡᠴᠦᠰ᠎ᠠᠴᠠ ᠡᠮᠦᠨ᠎ᠡ ᠭᠠᠵᠠᠷ ᠰᠢᠷᠣᠢ ᠵᠢᠨ ᠬᠣᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠤᠨ ᠪᠠᠶ᠋ᠢᠭᠤᠯᠤᠯᠲᠠ ᠵᠢ ᠪᠡᠶᠡᠯᠡᠭᠦᠯᠵᠦ᠂ ᠠᠷᠠᠯᠵᠢᠶᠠᠨ᠎ᠤ ᠳᠦᠷᠢᠮ ᠵᠢᠷᠤᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠨ᠎ᠤ ᠪᠣᠱ᠌ᠣᠭ᠎ᠠ ᠬᠡᠳᠦ ᠥᠨᠳᠥᠷ᠂ ᠡᠷᠭᠢᠯᠲᠡ᠎ᠳᠤ ᠰᠠᠭ᠋ᠠᠳ ᠶᠡᠬᠡᠲᠡᠢ ᠪᠠᠶ᠋ᠢᠬᠤ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠨ᠂ ᠳᠣᠣᠷ᠎ᠠ ᠠᠰᠢᠭᠯᠠᠮᠵᠢ᠎ᠲᠠᠢ ᠬᠡᠷᠡᠭᠯᠡᠬᠦ ᠭᠠᠵᠠᠷ᠎ᠢ ᠳᠠᠬᠢᠨ ᠠᠰᠢᠭᠯᠠᠬᠤ ᠵᠢ ᠠᠬᠢᠭᠤᠯᠵᠤ᠂ ᠭᠠᠵᠠᠷ ᠰᠢᠷᠣᠢ ᠵᠢᠨ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠬᠤ ᠵᠢ ᠠᠬᠢᠭᠤᠯᠤᠨ᠎ᠠ᠃

     (ᠳᠥᠷᠪᠡ) ᠭᠠᠵᠠᠷ ᠰᠢᠷᠣᠢ ᠵᠢ ᠠᠰᠢᠭᠯᠠᠬᠤ ᠠᠷᠭ᠎ᠠ ᠮᠠᠶᠢᠭ᠎ᠢ ᠬᠤᠪᠢᠷᠠᠭᠤᠯᠵᠤ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠠᠰᠢᠭ ᠣᠷᠣᠯᠭ᠎ᠠ ᠵᠢ ᠨᠡᠮᠡᠭᠳᠡᠭᠦᠯᠦᠨ᠎ᠡ᠃

      ᠨᠢᠭᠡ᠎ᠳᠤ᠂ ᠬᠦᠷᠢᠶᠡᠯᠡᠩ ᠲᠣᠭᠣᠷᠢᠭ᠎ᠤᠨ ᠭᠠᠵᠠᠷ ᠬᠡᠷᠡᠭᠯᠡᠬᠦ ᠵᠠᠭᠪᠤᠷ᠎ᠲᠤ ᠰᠢᠨ᠎ᠡ ᠵᠢ ᠡᠭᠦᠳᠴᠦ᠂ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠪᠠᠷ ᠬᠦᠷᠲᠡᠬᠦ ᠪᠠ 《ᠪᠠᠷᠢᠮᠵᠢᠶᠠᠲᠤ ᠭᠠᠵᠠᠷ》᠎ᠢ ᠰᠢᠯᠵᠢᠭᠦᠯᠦᠨ ᠬᠤᠳᠠᠯᠳᠤᠬᠤ ᠵᠢ ᠪᠡᠶᠡᠯᠡᠭᠦᠯᠵᠦ᠂ ᠦᠷ᠎ᠡ ᠠᠰᠢᠭ ᠵᠶ᠋ᠠᠷ ᠳᠣᠣᠷ᠎ᠠ ᠴᠢᠨᠠᠷ ᠮᠠᠭᠤᠲᠠᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠰᠤᠯᠠᠯᠠᠨ ᠪᠤᠴᠠᠭ᠋ᠠᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠣᠷᠢᠭ᠎ᠤᠨ ᠭᠠᠵᠠᠷ ᠰᠢᠷᠣᠢ ᠵᠢ ᠠᠷᠪᠢᠲᠠᠢ ᠡᠷᠴᠢᠮᠯᠢᠭ ᠠᠰᠢᠭᠯᠠᠬᠤ ᠵᠢ ᠠᠬᠢᠭᠤᠯᠤᠨ᠂ ᠬᠦᠷᠢᠶᠡᠯᠡᠩ ᠲᠣᠭᠣᠷᠢᠭ᠎ᠤᠨ ᠭᠠᠷᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃

      ᠬᠣᠶᠠᠷ᠎ᠲᠤ᠂ ᠭᠠᠵᠠᠷ ᠰᠢᠷᠣᠢ ᠵᠢ ᠰᠢᠯᠵᠢᠭᠦᠯᠦᠨ ᠬᠤᠳᠠᠯᠳᠤᠬᠤ ᠠᠷᠭ᠎ᠠ ᠮᠠᠶᠢᠭ᠎ᠢ ᠬᠤᠪᠢᠷᠠᠭᠤᠯᠵᠤ᠂ ᠡᠯ᠎ᠡ ᠭᠠᠵᠠᠷ᠎ᠤᠨ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠬᠠᠩᠭ᠋ᠠᠬᠤ ᠵᠢ ᠲᠡᠮᠵᠢᠵᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠪᠠᠶ᠋ᠢᠳᠠᠯ᠎ᠳᠤ ᠬᠡᠷᠡᠭᠯᠡᠬᠦ ᠭᠠᠵᠠᠷ ᠰᠢᠷᠣᠢ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠤᠨ᠎ᠠ᠃

      ᠭᠤᠷᠪᠠ᠎ᠳᠤ᠂ ᠰᠢᠨ᠎ᠡ ᠡᠨᠧᠷᠭᠢ ᠵᠢᠨ ᠬᠥᠭᠵᠢᠯᠲᠡ ᠵᠢᠨ ᠠᠵᠠ ᠲᠣᠬᠢᠶᠠᠯ᠎ᠢ ᠡᠵᠡᠮᠳᠡᠵᠦ᠂ ᠮᠠᠨ᠎ᠤ ᠣᠷᠣᠨ᠎ᠤ ᠠᠰᠢᠭᠯᠠᠭ᠋ᠠᠳᠤᠢ ᠭᠠᠵᠠᠷ᠎ᠤᠨ ᠡᠬᠢ ᠪᠠᠶᠠᠯᠢᠭ ᠡᠯᠪᠡᠭ ᠳᠡᠯᠪᠡᠭ ᠪᠠᠶ᠋ᠢᠬᠤ ᠳᠠᠪᠠᠭᠤᠯᠢᠭ᠎ᠢ ᠪᠠᠳᠠᠷᠠᠭᠤᠯᠤᠨ᠂ ᠲᠣᠮᠣ ᠬᠡᠯᠪᠡᠷᠢ ᠵᠢᠨ ᠰᠠᠯᠬᠢᠨ ᠬᠦᠴᠦᠨ ᠪᠠ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠳᠤ ᠡᠯᠡᠰᠦ ᠮᠠᠩᠬ᠎ᠠ᠂ ᠭᠣᠪᠢ᠂ ᠡᠯᠡᠰᠦᠨ ᠴᠥᠯ ᠵᠡᠷᠭᠡ ᠠᠰᠢᠭᠯᠠᠭ᠋ᠠᠳᠤᠢ ᠭᠠᠵᠠᠷ᠎ᠢ ᠬᠡᠷᠡᠭᠯᠡᠬᠦ ᠵᠢ ᠵᠣᠷᠢᠭᠵᠢᠭᠤᠯᠵᠤ᠂ 《ᠳᠡᠭᠡᠷ᠎ᠡ ᠲᠠᠯ᠎ᠠ᠎ᠳᠤ᠎ᠨᠢ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠵᠤ ᠳᠣᠣᠷ᠎ᠠ ᠲᠠᠯ᠎ᠠ᠎ᠳᠤ᠎ᠨᠢ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ》 ᠵᠡᠷᠭᠡ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠨᠡᠶ᠋ᠢᠯᠡᠮᠡᠯ ᠬᠡᠯᠪᠡᠷᠢ᠎ᠪᠠᠷ ᠭᠠᠵᠠᠷ ᠬᠡᠷᠡᠭᠯᠡᠬᠦ ᠵᠢ ᠠᠬᠢᠭᠤᠯᠵᠤ᠂ ᠭᠠᠵᠠᠷ ᠰᠢᠷᠣᠢ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

      ᠳᠥᠷᠪᠡ᠎ᠳᠤ᠂ ᠭᠠᠵᠠᠷ ᠰᠢᠷᠣᠢ ᠨᠥᠭᠡᠴᠡᠯᠡᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠮᠡᠳᠡᠭᠡ ᠵᠠᠩᠭᠢ ᠵᠢ ᠨᠥᠭᠡᠴᠡᠯᠡᠬᠦ ᠲᠠᠪᠴᠠᠩ᠎ᠢ ᠪᠠᠶ᠋ᠢᠭᠤᠯᠤᠨ᠂ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠭᠦᠢ᠍ᠴᠡᠳᠬᠡᠯ ᠲᠣᠭ᠎ᠠ᠂ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠭᠦᠢ᠍ᠴᠡᠳᠬᠡᠯ ᠲᠣᠭ᠎ᠠ ᠵᠢ ᠮᠡᠳᠡᠭᠡ ᠵᠠᠩᠭᠢ ᠨᠥᠭᠡᠴᠡᠯᠡᠬᠦ ᠲᠠᠪᠴᠠᠩ᠎ᠳᠤ ᠣᠷᠣᠭᠤᠯᠵᠤ᠂ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠪᠠ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠭᠦᠢ᠍ᠴᠡᠳᠬᠡᠯ ᠲᠣᠭ᠎ᠠ ᠵᠢ ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ᠎ᠢ ᠥᠷᠭᠡᠳᠬᠡᠨ᠎ᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
【ᠦᠰᠦᠭ ᠪᠢᠴᠢᠭ ᠵᠶ᠋ᠠᠷ ᠦᠭᠦᠯᠡᠬᠦᠢ】 ᠵᠠᠰᠠᠪᠤᠷᠢ ᠣᠷᠣᠭᠤᠯᠤᠭᠰᠠᠨ ᠣᠢ ᠰᠢᠭᠤᠢ ᠵᠢᠨ ᠬᠠᠤᠯᠢ ᠵᠢᠨ ᠲᠤᠬᠠᠢ ᠰᠢᠷᠢᠰ ᠲᠠᠶ᠋ᠢᠯᠤᠮᠵᠢ
【ᠵᠢᠷᠤᠭᠲᠤ ᠲᠠᠢ᠌ᠯᠤᠮᠵᠢ】 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠋ᠠᠨ᠎ᠤ ᠲᠥᠰᠦᠯ》 (ᠨᠢᠭᠡ)
【ᠵᠢᠷᠤᠭᠲᠤ ᠲᠠᠢ᠌ᠯᠤᠮᠵᠢ】 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠋ᠠᠨ᠎ᠤ ᠲᠥᠰᠦᠯ》 (ᠬᠤᠶᠠᠷ)
【ᠦᠰᠦᠭ ᠪᠢᠴᠢᠭ ᠵᠶ᠋ᠠᠷ ᠥᠭᠦᠯᠡᠬᠦᠢ】᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠨᠥᠭᠡᠯ᠎ᠳᠤ ᠨᠥᠬᠦᠪᠦᠷᠢ ᠣᠯᠭᠤᠬᠤ ᠬᠠᠮᠢᠶᠠᠷᠤᠯᠲᠠ ᠵᠢᠨ ᠠᠷᠭ᠎ᠠ》 ᠵᠢᠨ ᠲᠦᠷᠦ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠶ᠋ᠢᠯᠤᠮᠵᠢ 】 ᠲᠠᠷᠢᠶᠠᠴᠢᠳ ᠮᠠᠯᠴᠢᠳ᠎ᠲᠤ ᠠᠰᠢᠭ ᠬᠥᠷᠲᠡᠭᠡᠬᠦ ᠲᠥᠷᠥ ᠵᠢᠨ ᠪᠣᠳᠣᠯᠭ᠎ᠠ ᠵᠢᠨ ᠭᠤᠷᠪᠠᠳᠤᠭ᠋ᠠᠷ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠨᠥᠬᠦᠪᠦᠷᠢ ᠥᠭᠴᠦ ᠱᠠᠩᠨᠠᠬᠤ ᠲᠥᠷᠥ ᠵᠢᠨ ᠪᠣᠳᠣᠯᠭ᠎ᠠ
 
             蒙ICP备05000248号