ᠨᠢᠭᠡ᠂ ᠨᠡᠶ᠋ᠢᠲᠡᠯᠡᠭᠰᠡᠨ ᠠᠬᠤᠢ ᠪᠠᠶ᠋ᠢᠳᠠᠯ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠬᠤᠪᠢᠷᠠᠭᠤᠯᠬᠤ ᠵᠢ ᠠᠬᠢᠭᠤᠯᠬᠤ ᠪᠠ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠳᠤᠮᠳᠠᠬᠢ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠦᠬᠦ ᠣᠷᠣᠨ᠎ᠤ ᠣᠢ ᠰᠢᠭᠤᠢ ᠡᠪᠡᠰᠦ ᠪᠡᠯᠴᠢᠭᠡᠷ᠎ᠤᠨ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 174 ᠳ᠋ᠦ᠍ᠭᠡᠷ ᠲᠣᠭ᠋ᠠᠲᠤ) ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠮᠠᠨ᠎ᠤ ᠣᠷᠣᠨ᠎ᠤ ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠢ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠬᠤ ᠵᠢᠴᠢ ᠲᠦᠷᠦᠭᠦᠦ ᠳᠥᠷᠪᠡᠨ ᠪᠦᠯᠦᠭ ᠨᠢᠭᠡᠨᠲᠡ ᠮᠠᠭ᠋ᠠᠳᠯᠠᠨ ᠲᠣᠭᠲᠠᠭ᠋ᠠᠭᠰᠠᠨ ᠲᠦᠷᠦᠭᠦᠯᠡᠭᠴᠢ ᠠᠵᠤ ᠠᠬᠤᠶ᠋ᠢᠯᠠᠯ᠎ᠢ ᠬᠢᠨᠠᠨ ᠰᠢᠨᠵᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃
ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠢ ᠰᠢᠯᠭ᠋ᠠᠷᠠᠭᠤᠯᠵᠤ ᠲᠣᠭᠲᠠᠭ᠋ᠠᠬᠤ ᠵᠢᠴᠢ ᠲᠦᠷᠦᠭᠦᠦ ᠳᠥᠷᠪᠡᠨ ᠪᠦᠯᠦᠭ ᠨᠢᠭᠡᠨᠲᠡ ᠲᠣᠭᠲᠠᠭ᠋ᠠᠭᠰᠠᠨ ᠲᠦᠷᠦᠭᠦᠯᠡᠭᠴᠢ ᠠᠵᠤ ᠠᠬᠤᠶ᠋ᠢᠯᠠᠯ᠎ᠢ ᠬᠢᠨᠠᠨ ᠰᠢᠨᠵᠢᠯᠡᠬᠦ ᠠᠵᠢᠯ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 174 ᠳ᠋ᠦ᠍ᠭᠡᠷ ᠲᠣᠭ᠋ᠠᠲᠤ) ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
ᠬᠣᠶᠠᠷ᠂ ᠭᠣᠣᠯ ᠠᠭᠤᠯᠭ᠎ᠠ
ᠠᠵᠤ ᠠᠬᠤᠶ᠋ᠢᠯᠠᠯ᠎ᠠᠴᠠ ᠭᠤᠶᠤᠴᠢᠯᠠᠨ ᠮᠡᠳᠡᠭᠦᠯᠬᠦ᠂ ᠡᠯ᠎ᠡ ᠱᠠᠲᠤᠨ᠎ᠤ ᠣᠢ ᠰᠢᠭᠤᠢ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ᠎ᠠᠴᠠ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠬᠣᠯᠪᠣᠭ᠋ᠠᠲᠤ ᠬᠤᠷᠠᠯ᠎ᠠᠴᠠ ᠬᠢᠨᠠᠨ ᠲᠣᠭᠲᠠᠭ᠋ᠠᠬᠤ ᠪᠠ ᠵᠠᠷᠯᠠᠨ ᠨᠡᠶ᠋ᠢᠲᠡᠯᠡᠬᠦ ᠵᠡᠷᠭᠡ ᠳᠡᠰ ᠳᠠᠷᠠᠭ᠋ᠠᠯᠠᠯ ᠵᠶ᠋ᠠᠷ ᠳᠠᠮᠵᠢᠨ᠂ ᠷᠠᠰᠢᠶᠠᠨ ᠬᠣᠲᠠ ᠵᠢᠨ ᠪᠠᠢ ᠯᠠᠩ᠎ᠤᠨ ᠲᠢᠶᠠᠨ ᠶᠤᠸᠠᠨ ᠣᠢ ᠰᠢᠭᠤᠢ ᠵᠢᠨ ᠭᠠᠷᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ 7 ᠠᠵᠤ ᠠᠬᠤᠶ᠋ᠢᠯᠠᠯ᠎ᠢ ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠪᠠ; ᠥᠪᠥᠷ ᠮᠣᠩᠭᠣᠯ᠎ᠤᠨ ᠢᠦᠢ ᠬᠠᠩ ᠷᠧᠨ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠬᠢᠨᠠᠨ ᠰᠢᠨᠵᠢᠯᠡᠯᠲᠡ᠎ᠳᠤ ᠬᠢᠷᠢ ᠲᠡᠩᠴᠡᠭᠰᠡᠨ 52 ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠨᠡᠷ᠎ᠡ ᠵᠢ᠎ᠨᠢ ᠦᠷᠭᠦᠯᠵᠢᠯᠡᠨ ᠦᠯᠡᠳᠡᠭᠡᠨ᠎ᠡ᠃ ᠲᠦᠷᠦᠭᠦᠦ ᠳᠥᠷᠪᠡᠨ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠢᠨᠠᠨ ᠰᠢᠨᠵᠢᠯᠡᠯᠲᠡ᠎ᠳᠤ ᠬᠢᠷᠢ ᠲᠡᠩᠴᠡᠭᠰᠡᠨ ᠨᠡᠷᠡᠰ᠎ᠲᠤ ᠵᠢᠭᠰᠠᠭ᠋ᠠᠭᠳᠠᠭᠰᠠᠨ ᠦᠭᠡᠢ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠢᠷᠢ ᠭᠡᠮ᠎ᠢ᠎ᠨᠢ ᠬᠠᠰᠤᠨ᠎ᠠ᠃
ᠲᠠᠪᠤᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠨᠡᠷᠡᠰ ᠪᠣᠯᠤᠨ ᠲᠦᠷᠦᠭᠦᠦ ᠳᠥᠷᠪᠡᠨ ᠪᠦᠯᠦᠭ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠨ ᠬᠢᠨᠠᠨ ᠰᠢᠨᠵᠢᠯᠡᠯᠲᠡ᠎ᠳᠤ ᠬᠢᠷᠢ ᠲᠡᠩᠴᠡᠭᠰᠡᠨ ᠨᠡᠷᠡᠰ᠎ᠢ ᠪᠢᠴᠢᠭ ᠮᠠᠲ᠋ᠧᠷᠢᠶᠠᠯ᠎ᠤᠨ ᠳᠠᠭ᠋ᠠᠯᠳᠤᠭᠤᠯᠤᠯ᠎ᠳᠤ ᠪᠣᠳᠠᠲᠠᠢ᠎ᠪᠠᠷ ᠦᠵᠡᠭᠦᠯᠦᠨ᠎ᠡ᠃
ᠭᠤᠷᠪᠠ᠂ ᠨᠤᠲᠠᠯᠠᠨ ᠲᠣᠭᠲᠠᠭ᠋ᠠᠭᠰᠠᠨ ᠠᠴᠢ ᠬᠣᠯᠪᠣᠭᠳᠠᠯ
ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ ᠪᠣᠯ ᠮᠠᠨ᠎ᠤ ᠣᠷᠣᠨ᠎ᠤ ᠣᠢ ᠰᠢᠭᠤᠢ ᠵᠢᠨ ᠠᠵᠤ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠴᠢᠨᠠᠷ ᠰᠠᠶ᠋ᠢᠲᠠᠢ ᠬᠥᠭᠵᠢᠬᠦ ᠵᠢ ᠳᠠᠶ᠋ᠢᠴᠢᠯᠠᠬᠤ ᠴᠢᠬᠤᠯᠠ ᠬᠦᠴᠦᠨ ᠪᠠᠶ᠋ᠢᠵᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠢ ᠠᠬᠢᠭᠤᠯᠬᠤ᠂ ᠵᠢᠱ᠌ᠢᠶ᠎ᠡ ᠦᠵᠡᠭᠦᠯᠬᠦ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠬᠢᠬᠦ᠂ ᠣᠷᠣᠨ ᠪᠦᠰᠡ ᠵᠢᠨ ᠠᠵᠤ ᠦᠢ᠍ᠯᠡᠰ᠎ᠤᠨ ᠪᠦᠷᠢᠯᠳᠦᠯ᠎ᠢ ᠳᠠᠶ᠋ᠢᠴᠢᠯᠠᠬᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠦᠨᠡᠯᠡᠨ ᠲᠣᠭᠲᠠᠭ᠋ᠠᠭᠰᠠᠨ ᠣᠢ ᠰᠢᠭᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠲᠦᠷᠦᠭᠦᠯᠡᠭᠴᠢ ᠠᠵᠤ ᠠᠬᠤᠶ᠋ᠢᠯᠠᠯ᠎ᠤᠳ ᠬᠠᠷᠢᠭᠤᠴᠠᠯᠭ᠋ᠠᠲᠤ ᠦᠵᠡᠯ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠵᠡᠩᠨᠡᠯᠲᠡ ᠬᠠᠮᠢᠶᠠᠷᠤᠯᠲᠠ᠎ᠪᠠᠨ ᠴᠢᠩᠭ᠋ᠠᠳᠬᠠᠨ᠂ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠪᠠᠨ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠣᠷᠣᠭᠤᠯᠤᠯᠲᠠ᠎ᠪᠠᠨ ᠨᠡᠮᠡᠭᠳᠡᠭᠦᠯᠦᠨ᠂ ᠨᠡᠷᠡᠲᠦ ᠲᠥᠷᠥᠯ ᠲᠡᠮᠳᠡᠭᠲᠦ ᠵᠢ ᠡᠭᠦᠳᠬᠦ᠎ᠪᠠᠨ ᠲᠦᠷᠭᠡᠳᠬᠡᠵᠦ᠂ ᠲᠤᠰ ᠪᠡᠶ᠎ᠡ ᠵᠢᠨ ᠠᠵᠤ ᠠᠬᠤᠶ᠋ᠢᠯᠠᠯ ᠵᠶ᠋ᠠᠨ ᠲᠠᠰᠤᠷᠠᠯᠲᠠ ᠦᠭᠡᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠦᠢ᠍ᠯᠡᠰ᠎ᠤᠨ ᠲᠥᠪᠯᠡᠷᠡᠯ ᠪᠠ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠨᠡᠩ ᠰᠠᠶ᠋ᠢᠲᠤᠷ ᠳᠠᠶ᠋ᠢᠴᠢᠯᠠᠬᠤ ᠬᠡᠷᠡᠭᠲᠡᠢ᠃