ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
【ᠦᠰᠦᠭ ᠪᠢᠴᠢᠭ ᠵᠶ᠋ᠡᠷ ᠦᠬᠦᠯᠡᠬᠦᠢ】 ᠰᠠᠯᠬᠢᠨ ᠬᠦᠴᠦᠨ᠎ᠤ ᠴᠠᠬᠢᠯᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠨᠢ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠵᠦ ᠪᠤᠯᠤᠨ᠎ᠠ ᠤᠤ? ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠨᠢ ᠶᠠᠮᠠᠷ ᠪᠤᠢ?
ᠨᠡᠶ᠋ᠢᠲᠡᠯᠡᠭᠰᠡᠨ ᠴᠠᠭ᠄ 2022-11-09

     《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ》

      ᠠᠷᠪᠠ ᠶᠢᠰᠦᠳᠦᠭᠡᠷ ᠵᠦᠢ᠍ᠯ ᠤᠯᠤᠰ᠎ᠠᠴᠠ ᠰᠠᠯᠬᠢᠨ ᠬᠦᠴᠦᠨ᠎ᠤ ᠴᠠᠬᠢᠯᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠨ᠎ᠠ᠃ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠂ ᠤᠯᠤᠰ᠎ᠤᠨ ᠭᠤᠤᠯᠳᠠᠯᠭ᠋ᠠᠲᠤ ᠲᠦᠷᠦᠯ ᠵᠦᠢ᠍ᠯ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠦᠷᠦᠯ ᠵᠦᠢ᠍ᠯ᠂ ᠴᠢᠬᠤᠯᠠ ᠤᠰᠤᠨ ᠠᠰᠢᠭᠯᠠᠯᠲᠠ ᠵᠢᠴᠢ ᠬᠠᠮᠠᠭ᠋ᠠᠯᠠᠯᠲᠠ ᠵᠢᠨ ᠲᠥᠬᠥᠭᠡᠷᠦᠮᠵᠢ ᠵᠢᠨ ᠲᠦᠷᠦᠯ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠦᠯ ᠵᠦᠢ᠍ᠯ᠎ᠠᠴᠠ ᠭᠠᠳᠠᠨᠠᠬᠢ ᠪᠤᠰᠤᠳ ᠲᠦᠷᠦᠯ ᠵᠦᠢ᠍ᠯ᠎ᠳᠤ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠬᠦ ᠵᠢ ᠴᠠᠭ᠋ᠠᠵᠠᠯᠠᠨ᠎ᠠ᠃
      ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯᠡᠰ᠎ᠨᠢ ᠭᠠᠵᠠᠷ ᠰᠣᠩᠭᠣᠬᠤ᠂ ᠵᠠᠭ᠋ᠠᠭ ᠱᠤᠭᠤᠮ ᠲᠤᠭᠲᠠᠭ᠋ᠠᠬᠤ᠎ᠳᠠᠭᠠᠨ ᠴᠢᠭᠢᠭᠯᠢᠭ ᠭᠠᠵᠠᠷ᠎ᠢ ᠰᠤᠩᠭᠤᠬᠤ᠎ᠠᠴᠠ ᠵᠠᠢ᠌ᠯᠠᠰᠬᠢᠬᠤ ᠬᠡᠷᠡᠭᠲᠡᠢ᠂   ᠬᠡᠷᠪᠡ ᠵᠠᠢ᠌ᠯᠠᠰᠬᠢᠬᠤ ᠵᠢᠨ ᠠᠷᠭ᠎ᠠ ᠦᠭᠡᠢ ᠪᠣᠯ ᠡᠵᠡᠯᠡᠨ ᠬᠡᠷᠡᠭᠯᠡᠬᠦ ᠲᠠᠯᠠᠪᠠᠢ ᠵᠢ ᠠᠯᠢ ᠴᠢᠳᠠᠬᠤ᠎ᠪᠠᠷ ᠪᠠᠭ᠋ᠠᠰᠬᠠᠬᠤ ᠵᠢᠨ ᠬᠠᠮᠲᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠴᠢᠭᠢᠭᠯᠢᠭ ᠭᠠᠵᠠᠷ᠎ᠤᠨ ᠠᠮᠢ ᠠᠬᠤᠢ ᠵᠢᠨ ᠴᠢᠳᠠᠮᠵᠢ᠎ᠳᠤ ᠦᠵᠡᠭᠦᠯᠬᠦ ᠠᠰᠢᠭ ᠦᠭᠡᠢ ᠨᠥᠯᠥᠭᠡ ᠵᠢ ᠪᠠᠭ᠋ᠠᠰᠬᠠᠬᠤ ᠬᠡᠷᠡᠭᠲᠡᠢ᠃
      ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠲᠥᠯᠥᠪᠵᠢᠭᠦᠯᠭᠡ ᠵᠢᠨ ᠭᠠᠵᠠᠷ ᠰᠣᠩᠭᠣᠬᠤ᠂ ᠵᠠᠭ᠋ᠠᠭ ᠱᠤᠭᠤᠮ ᠰᠣᠩᠭᠣᠬᠤ ᠵᠢ ᠬᠢᠨᠠᠨ ᠵᠥᠪᠰᠢᠶᠡᠷᠡᠬᠦ ᠪᠤᠶᠤ ᠬᠢᠨᠠᠨ ᠲᠤᠭᠲᠠᠭ᠋ᠠᠬᠤ   ᠦᠶᠡᠰ᠂ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠎ᠲᠤ ᠬᠣᠯᠪᠣᠭᠳᠠᠭᠰᠠᠨ ᠪᠠᠶ᠋ᠢᠪᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠢ; ᠮᠤᠵᠢ ᠵᠢᠨ ᠱᠠᠲᠤᠨ᠎ᠤ ᠭᠤᠤᠯᠳᠠᠯᠭ᠋ᠠᠲᠤ ᠴᠢᠭᠢᠭᠯᠢᠭ ᠭᠠᠵᠠᠷ ᠪᠤᠶᠤ ᠡᠩ᠎ᠤᠨ ᠴᠢᠭᠢᠭᠯᠢᠭ ᠭᠠᠵᠠᠷ᠎ᠲᠤ ᠬᠣᠯᠪᠣᠭᠳᠠᠭᠰᠠᠨ ᠪᠠᠶ᠋ᠢᠪᠠᠯ᠂ ᠬᠠᠮᠢᠶᠠᠷᠤᠯᠲᠠ ᠵᠢᠨ ᠡᠷᠬᠡ ᠵᠢᠨ ᠬᠠᠷᠢᠶᠠᠯᠠᠯ ᠶᠣᠰᠣᠭ᠋ᠠᠷ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠡᠷᠬᠡ ᠣᠯᠭᠣᠭᠰᠠᠨ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠢ᠃
      ᠬᠣᠷᠢᠳᠤᠭ᠋ᠠᠷ ᠵᠦᠢ᠍ᠯ   ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠴᠢᠭᠢᠭᠯᠢᠭ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ ᠴᠢᠬᠤᠯᠠᠲᠠᠢ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠢ ᠰᠢᠭᠤᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ ᠵᠢᠨ ᠣᠷᠣᠨ᠎ᠢ ᠬᠡᠷᠡᠭᠯᠡᠬᠦ ᠬᠠᠮᠢᠶᠠᠷᠤᠯᠲᠠ ᠵᠢᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃ ᠴᠢᠭᠢᠭᠯᠢᠭ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠵᠢ ᠡᠩ᠎ᠤᠨ ᠪᠠᠶ᠋ᠢᠳᠠᠯ᠎ᠳᠤ ᠬᠣᠶᠠᠷ ᠵᠢᠯ᠎ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠲᠦᠷ ᠴᠠᠭ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ ᠳᠡᠭᠡᠷ᠎ᠡ ᠡᠭᠦᠷᠢᠳᠡ ᠵᠢᠨ ᠴᠢᠨᠠᠷᠲᠠᠢ ᠪᠠᠷᠢᠯᠭ᠎ᠠ ᠪᠠᠷᠢᠵᠤ ᠪᠣᠯᠬᠤ ᠦᠭᠡᠢ᠃
      ᠴᠢᠭᠢᠭᠯᠢᠭ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ᠎ᠤ ᠳᠠᠷᠠᠭ᠋ᠠᠬᠢ ᠨᠢᠭᠡ ᠵᠢᠯ᠎ᠤᠨ ᠳᠣᠲᠣᠷ᠎ᠠ᠂ ᠭᠠᠵᠠᠷ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠴᠢᠭᠢᠭᠯᠢᠭ ᠭᠠᠵᠠᠷ᠎ᠤᠨ ᠲᠠᠯᠠᠪᠠᠢ ᠪᠠ ᠠᠮᠢ ᠠᠬᠤᠢ ᠵᠢᠨ ᠨᠥᠬᠥᠴᠡᠯ᠎ᠢ ᠰᠡᠷᠭᠦᠭᠡᠬᠦ ᠬᠡᠷᠡᠭᠲᠡᠢ᠃
      ᠬᠣᠷᠢᠨ ᠨᠢᠭᠡᠳᠦᠭᠡᠷ ᠵᠦᠢ᠍ᠯ   ᠦᠶᠡᠷ᠎ᠢ ᠰᠡᠷᠭᠡᠶ᠋ᠢᠯᠡᠬᠦ᠂ ᠤᠰᠤᠨ ᠠᠶᠠᠯᠠᠯ᠎ᠤᠨ ᠵᠠᠮ᠂ ᠭᠠᠷᠠᠮ ᠪᠤᠶᠤ ᠪᠤᠰᠤᠳ ᠤᠰᠤᠨ᠎ᠤ ᠢᠨᠵᠧᠨᠧᠷᠢᠩ᠎ᠤᠨ ᠡᠵᠡᠯᠡᠨ ᠬᠡᠷᠡᠭᠯᠡᠭᠰᠡᠨ ᠤᠷᠤᠨ᠎ᠤ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢᠴᠢ ᠦᠶᠡᠷ᠎ᠢ ᠲᠤᠭᠲᠠᠭ᠋ᠠᠬᠤ ᠣᠷᠣᠨ᠎ᠤ ᠳᠣᠲᠣᠷᠠᠬᠢ ᠴᠢᠭᠢᠭᠯᠢᠭ ᠭᠠᠵᠠᠷ᠎ᠢ ᠭᠠᠷᠭ᠋ᠠᠪᠠᠯ᠂ ᠭᠤᠤᠯᠳᠠᠯᠭ᠋ᠠᠲᠤ ᠴᠢᠭᠢᠭᠯᠢᠭ ᠭᠠᠵᠠᠷ᠎ᠢ ᠬᠠᠤᠯᠢ ᠶᠣᠰᠣᠭ᠋ᠠᠷ ᠵᠥᠪᠰᠢᠶᠡᠷᠡᠭᠦᠯᠦᠭᠡᠳ ᠡᠵᠡᠯᠡᠨ ᠬᠡᠷᠡᠭᠯᠡᠭᠰᠡᠨ ᠨᠢᠭᠡᠴᠢ᠎ᠨᠢ ᠲᠤᠬᠠᠢ ᠵᠢᠨ ᠭᠠᠵᠠᠷ᠎ᠤᠨ ᠪᠠᠶ᠋ᠢᠭ᠋ᠠᠯᠢ ᠵᠢᠨ ᠨᠥᠬᠥᠴᠡᠯ᠎ᠢ ᠦᠨᠳᠦᠰᠦᠯᠡᠨ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ᠎ᠤᠨ ᠲᠠᠯᠠᠪᠠᠢ ᠪᠠ ᠠᠮᠢ ᠠᠬᠤᠢ ᠵᠢᠨ ᠴᠢᠳᠠᠮᠵᠢ᠎ᠨᠢ ᠠᠳᠠᠯᠢᠪᠲᠤᠷ ᠤᠷᠤᠨ ᠪᠦᠰᠡ ᠵᠢ ᠴᠢᠭᠢᠭᠯᠢᠭ ᠭᠠᠵᠠᠷ ᠪᠤᠯᠭ᠋ᠠᠨ ᠰᠡᠷᠭᠦᠭᠡᠬᠦ ᠪᠤᠶᠤ ᠳᠠᠬᠢᠨ ᠪᠠᠶ᠋ᠢᠭᠤᠯᠬᠤ ᠬᠡᠷᠡᠭᠲᠡᠢ; ᠰᠡᠷᠭᠦᠭᠡᠬᠦ᠂ ᠳᠠᠬᠢᠨ ᠪᠠᠶ᠋ᠢᠭᠤᠯᠬᠤ ᠨᠥᠬᠥᠴᠡᠯ ᠦᠭᠡᠢ ᠪᠣᠯ᠂ ᠴᠢᠭᠢᠭᠯᠢᠭ ᠭᠠᠵᠠᠷ᠎ᠢ ᠰᠡᠷᠭᠦᠭᠡᠬᠦ ᠰᠦᠢ᠍ᠳᠬᠡᠯ ᠲᠤᠰᠢᠶᠠᠬᠤ ᠬᠡᠷᠡᠭᠲᠡᠢ᠃ ᠴᠢᠭᠢᠭᠯᠢᠭ ᠭᠠᠵᠠᠷ᠎ᠢ ᠰᠡᠷᠭᠦᠭᠡᠬᠦ ᠰᠦᠢ᠍ᠳᠬᠡᠯ ᠲᠤᠰᠢᠶᠠᠭᠰᠠᠨ ᠪᠠᠶ᠋ᠢᠪᠠᠯ᠂ ᠪᠤᠰᠤᠳ ᠠᠳᠠᠯᠢ ᠰᠢᠨᠵᠢ ᠴᠢᠨᠠᠷ᠎ᠲᠠᠢ ᠰᠡᠷᠭᠦᠭᠡᠨ ᠪᠠᠢ᠌ᠭᠤᠯᠬᠤ ᠵᠠᠷᠤᠳᠠᠯ   ᠲᠠᠬᠢᠨ ᠲᠤᠰᠢᠶᠠᠬᠤ ᠦᠭᠡᠢ᠃
      ᠴᠢᠭᠢᠭᠯᠢᠭ ᠭᠠᠵᠠᠷ᠎ᠢ ᠰᠡᠷᠭᠦᠭᠡᠬᠦ ᠵᠠᠷᠤᠳᠠᠯ ᠲᠤᠰᠢᠶᠠᠬᠤ ᠪᠠ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠢ ᠰᠢᠭᠤᠢ ᠨᠤᠲᠤᠭ ᠪᠡᠯᠴᠢᠭᠡᠷ ᠵᠡᠷᠭᠡ ᠬᠣᠯᠪᠣᠭᠳᠠᠯ ᠪᠦᠬᠦᠢ ᠰᠠᠯᠠᠭ᠎ᠠ ᠮᠦᠴᠢᠷ᠎ᠲᠠᠢ ᠵᠦᠪᠳᠡᠯᠡᠯᠴᠡᠨ ᠲᠤᠭᠲᠠᠭ᠋ᠠᠨ᠎ᠠ᠃
 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠦᠰᠦᠭ ᠪᠢᠴᠢᠭ ᠵᠶ᠋ᠠᠷ ᠦᠭᠦᠯᠡᠬᠦᠢ 】《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠦᠰᠦᠭ ᠪᠢᠴᠢᠭ ᠵᠶ᠋ᠠᠷ ᠦᠭᠦᠯᠡᠬᠦᠢ】 ᠵᠠᠰᠠᠪᠤᠷᠢ ᠣᠷᠣᠭᠤᠯᠤᠭᠰᠠᠨ ᠣᠢ ᠰᠢᠭᠤᠢ ᠵᠢᠨ ᠬᠠᠤᠯᠢ ᠵᠢᠨ ᠲᠤᠬᠠᠢ ᠰᠢᠷᠢᠰ ᠲᠠᠶ᠋ᠢᠯᠤᠮᠵᠢ
【ᠵᠢᠷᠤᠭᠲᠤ ᠲᠠᠢ᠌ᠯᠤᠮᠵᠢ】 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠋ᠠᠨ᠎ᠤ ᠲᠥᠰᠦᠯ》 (ᠨᠢᠭᠡ)
【ᠵᠢᠷᠤᠭᠲᠤ ᠲᠠᠢ᠌ᠯᠤᠮᠵᠢ】 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠋ᠠᠨ᠎ᠤ ᠲᠥᠰᠦᠯ》 (ᠬᠤᠶᠠᠷ)
【ᠦᠰᠦᠭ ᠪᠢᠴᠢᠭ ᠵᠶ᠋ᠠᠷ ᠥᠭᠦᠯᠡᠬᠦᠢ】᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠨᠥᠭᠡᠯ᠎ᠳᠤ ᠨᠥᠬᠦᠪᠦᠷᠢ ᠣᠯᠭᠤᠬᠤ ᠬᠠᠮᠢᠶᠠᠷᠤᠯᠲᠠ ᠵᠢᠨ ᠠᠷᠭ᠎ᠠ》 ᠵᠢᠨ ᠲᠦᠷᠦ ᠵᠢᠨ ᠪᠣᠳᠣᠯᠭ᠎ᠠ ᠵᠢᠨ ᠲᠠᠶ᠋ᠢᠯᠤᠮᠵᠢ
 
             蒙ICP备05000248号