ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠪᠥᠬᠦ ᠣᠷᠣᠨ᠎ᠤ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2022-04-14

      ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠪᠥᠬᠦ ᠣᠷᠣᠨ᠎ᠤ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂ ᠨᠡᠶ᠋ᠢᠭᠡᠮ ᠨᠡᠶ᠋ᠢᠲᠡ ᠵᠢᠨ 《ᠮᠡᠳᠡᠭᠳᠡᠯ》᠎ᠤᠨ ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠠᠷ ᠣᠶ᠋ᠢᠯᠠᠭ᠋ᠠᠬᠤ ᠪᠠ ᠵᠥᠪ ᠣᠶ᠋ᠢᠯᠠᠭ᠋ᠠᠬᠤ᠎ᠳᠤ ᠲᠥᠬᠦᠮ ᠦᠵᠡᠭᠦᠯᠬᠦ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠶ᠋ᠢᠯᠤᠮᠵᠢ ᠬᠢᠪᠡ᠃

      ᠨᠢᠭᠡ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠭᠤᠣᠯ ᠠᠬᠤᠢ ᠪᠠᠶ᠋ᠢᠳᠠᠯ

     (ᠨᠢᠭᠡ) ᠪᠥᠬᠦ ᠣᠷᠣᠨ᠎ᠤ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠬᠦ ᠠᠴᠢ ᠬᠤᠯᠪᠣᠭᠳᠠᠯ

      ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠪᠣᠯ ᠬᠥᠷᠥᠰᠥ ᠰᠢᠷᠣᠢ ᠵᠢᠨ ᠲᠥᠷᠥᠯ ᠬᠡᠯᠪᠡᠷᠢ ᠵᠢᠴᠢ ᠲᠠᠷᠬᠠᠯᠲᠠ ᠵᠢᠨ ᠵᠢᠮ᠎ᠡ ᠶᠣᠰᠣ ᠵᠢ ᠪᠠᠶ᠋ᠢᠴᠠᠭ᠋ᠠᠨ ᠲᠣᠳᠣᠯᠠᠬᠤ᠂ ᠬᠥᠷᠥᠰᠥ ᠰᠢᠷᠣᠢ ᠵᠢᠨ ᠡᠬᠢ ᠪᠠᠶᠠᠯᠢᠭ᠎ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠵᠢ ᠪᠠᠶ᠋ᠢᠴᠠᠭ᠋ᠠᠨ ᠲᠣᠳᠣᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠬᠥᠷᠥᠰᠥ ᠰᠢᠷᠣᠢ ᠵᠢ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠬᠤ᠂ ᠲᠥᠯᠥᠪᠵᠢᠭᠦᠯᠦᠨ ᠠᠰᠢᠭᠯᠠᠬᠤ᠂ ᠬᠥᠷᠥᠰᠥᠵᠢᠭᠦᠯᠦᠨ ᠰᠢᠮᠡᠯᠢᠭᠵᠢᠭᠦᠯᠬᠦ᠂ ᠬᠠᠮᠠᠭ᠋ᠠᠯᠠᠨ ᠬᠠᠮᠢᠶᠠᠷᠬᠤ ᠵᠡᠷᠭᠡ᠎ᠳᠤ ᠰᠢᠨᠵᠢᠯᠡᠬᠦ ᠤᠬᠠᠭ᠋ᠠᠨᠴᠢ ᠲᠤᠯᠭ᠋ᠠᠭᠤᠷᠢᠯᠠᠯ ᠬᠠᠩᠭ᠋ᠠᠵᠤ ᠪᠣᠯᠬᠤ ᠪᠥᠭᠡᠳ ᠪᠠᠰᠠ ᠠᠵᠤ ᠠᠬᠤᠢ ᠨᠡᠶ᠋ᠢᠭᠡᠮ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠶᠡᠭᠡ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠰᠢᠢ᠍ᠳᠪᠦᠷᠢᠲᠦ ᠪᠣᠳᠣᠯᠭ᠎ᠠ ᠵᠢᠨ ᠦᠨᠳᠦᠰᠦᠯᠡᠯ ᠬᠠᠩᠭ᠋ᠠᠵᠤ ᠪᠣᠯᠣᠨ᠎ᠠ᠃

      ᠬᠤᠶᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ (ᠳᠣᠷᠣᠭᠰᠢ 《ᠬᠥᠷᠥᠰᠥ ᠰᠢᠷᠣᠢ ᠵᠢᠨ ᠬᠤᠶᠠᠳᠤᠭ᠋ᠠᠷ ᠨᠡᠶ᠋ᠢᠳᠡᠮ ᠪᠠᠶ᠋ᠢᠴᠠᠭ᠋ᠠᠯᠲᠠ》 ᠭᠡᠵᠦ ᠲᠣᠪᠴᠢᠯᠠᠨ᠎ᠠ)᠎ᠨᠢ ᠣᠳᠣ᠎ᠠᠴᠠ ᠨᠢᠭᠡᠨᠲᠡ 40 ᠵᠢᠯ᠎ᠤᠨ ᠡᠮᠦᠨ᠎ᠡ ᠶᠠᠪᠤᠭᠳᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ᠎ᠨᠢ ᠣᠳᠣᠬᠠᠨ᠎ᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠮ᠎ᠡ ᠵᠢᠨ ᠪᠣᠳᠠᠲᠤ ᠪᠠᠶ᠋ᠢᠳᠠᠯ᠎ᠢ ᠪᠦᠬᠦ ᠲᠠᠯ᠎ᠠ ᠢᠯᠡᠷᠡᠭᠦᠯᠵᠦ ᠴᠢᠳᠠᠬᠤ ᠦᠭᠡᠢ ᠪᠠᠶ᠋ᠢᠬᠤ ᠲᠤᠯᠠ ᠭᠤᠷᠪᠠᠳᠤᠭ᠋ᠠᠷ ᠤᠳᠠᠭ᠋ᠠᠨ᠎ᠤ ᠬᠦᠷᠦᠰᠦ ᠰᠢᠷᠣᠢ ᠵᠢᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠲᠠᠷᠢᠶᠠᠨ ᠭᠠᠵᠠᠷ᠎ᠲᠤ 《ᠪᠥᠬᠦ ᠲᠠᠯ᠎ᠠ ᠵᠢᠨ ᠪᠠᠶ᠋ᠢᠴᠠᠭ᠋ᠠᠯᠲᠠ》 ᠬᠢᠵᠦ᠂ ᠬᠥᠷᠥᠰᠥ ᠰᠢᠷᠣᠢ ᠵᠢᠨ ᠰᠢᠮᠡᠯᠢᠭ ᠴᠢᠨᠠᠷ᠂ ᠰᠢᠨᠵᠢ ᠪᠠᠶ᠋ᠢᠳᠠᠯ ᠪᠠ ᠠᠰᠢᠭᠯᠠᠯᠲᠠ ᠵᠢᠨ ᠪᠠᠶ᠋ᠢᠳᠠᠯ ᠵᠡᠷᠭᠡ ᠵᠢ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠥᠭᠵᠢᠯ ᠪᠠᠳᠠᠷᠠᠯ ᠪᠠ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠬᠤ ᠵᠢ ᠠᠬᠢᠭᠤᠯᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠴᠢᠬᠤᠯᠠᠲᠠᠢ ᠪᠠᠶ᠋ᠢᠨ᠎ᠠ᠃

    (ᠬᠤᠶᠠᠷ) 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠦᠨᠳᠦᠰᠦᠯᠡᠯ

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠳᠤ᠎ᠪᠠᠨ 《ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2022] 4 ᠳ᠋ᠦ᠍ᠭᠡᠷ ᠲᠣᠭ᠋ᠠᠲᠤ) ᠪᠣᠯᠣᠨ 《ᠭᠤᠷᠪᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠲᠥᠰᠥᠯ》᠎ᠤᠨ ᠬᠠᠮᠢᠶ᠎ᠠ ᠪᠦᠬᠦᠢ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠦᠨᠳᠦᠰᠦᠯᠡᠪᠡ᠃

      ᠬᠤᠶᠠᠷ᠂ 《ᠮᠡᠳᠡᠭᠳᠡᠯ》᠎ᠤᠨ ᠭᠤᠣᠯ ᠠᠭᠤᠯᠭ᠎ᠠ

     (ᠨᠢᠭᠡ) ᠨᠡᠶ᠋ᠢᠳᠡᠮ ᠪᠠᠶ᠋ᠢᠴᠠᠭ᠋ᠠᠬᠤ ᠵᠦᠢ᠍ᠯ
      ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠭᠤᠣᠯᠳᠠᠭᠤ ᠪᠥᠬᠦ ᠣᠷᠣᠨ᠎ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶ᠋ᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠣᠨ ᠬᠡᠰᠡᠭ ᠠᠰᠢᠭᠯᠠᠭ᠋ᠠᠳᠤᠢ ᠭᠠᠵᠠᠷ᠎ᠤᠨ ᠬᠥᠷᠥᠰᠥ ᠰᠢᠷᠣᠢ ᠪᠣᠯᠣᠨ᠎ᠠ᠃ ᠡᠭᠦᠨ᠎ᠳᠤ ᠣᠶ᠋ᠢᠲᠤ ᠭᠠᠵᠠᠷ᠂ ᠡᠪᠡᠰᠦᠲᠦ ᠭᠠᠵᠠᠷ᠎ᠲᠤ ᠢᠳᠡᠭᠡᠨ᠎ᠤ ᠦᠢ᠍ᠯᠡᠳᠪᠦᠷᠢᠯᠡᠯ᠎ᠲᠠᠢ ᠬᠤᠯᠪᠣᠭᠳᠠᠬᠤ ᠭᠠᠵᠠᠷ ᠰᠢᠷᠣᠢ ᠵᠢ ᠭᠤᠣᠯᠳᠠᠯᠭ᠎ᠠ᠎ᠲᠠᠢ ᠪᠠᠶ᠋ᠢᠴᠠᠭ᠋ᠠᠵᠤ᠂ ᠠᠰᠢᠭᠯᠠᠭ᠋ᠠᠳᠤᠢ ᠭᠠᠵᠠᠷ᠎ᠲᠤ ᠬᠠᠭ᠋ᠠᠯᠠᠪᠤᠷᠢᠯᠠᠨ ᠲᠠᠷᠢᠶᠠᠯᠠᠵᠤ ᠪᠣᠯᠬᠤ ᠡᠬᠢ ᠪᠠᠶᠠᠯᠢᠭ᠎ᠲᠠᠢ ᠬᠤᠯᠪᠣᠭᠳᠠᠬᠤ ᠭᠠᠵᠠᠷ ᠰᠢᠷᠣᠢ ᠵᠢ ᠭᠤᠣᠯᠳᠠᠯᠭ᠎ᠠ᠎ᠲᠠᠢ ᠪᠠᠶ᠋ᠢᠴᠠᠭ᠋ᠠᠨ᠎ᠠ᠂ ᠵᠢᠱ᠌ᠢᠶᠡᠯᠡᠪᠡᠯ ᠬᠤᠵᠢᠷᠯᠢᠭ ᠭᠠᠵᠠᠷ ᠵᠡᠷᠭᠡ᠃

    (ᠬᠤᠶᠠᠷ) ᠨᠡᠶ᠋ᠢᠳᠡᠮ ᠪᠠᠶ᠋ᠢᠴᠠᠭ᠋ᠠᠯᠲᠠ ᠵᠢᠨ ᠬᠠᠷᠠᠯᠲᠠ

     2025 ᠣᠨ ᠪᠣᠯᠬᠤ᠎ᠳᠤ ᠪᠥᠬᠦ ᠣᠷᠣᠨ᠎ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶ᠋ᠢᠲᠤ ᠭᠠᠵᠠᠷ᠂ ᠡᠪᠡᠰᠦᠲᠦ ᠭᠠᠵᠠᠷ ᠪᠠ ᠬᠡᠰᠡᠭ ᠠᠰᠢᠭᠯᠠᠭ᠋ᠠᠳᠤᠢ ᠭᠠᠵᠠᠷ ᠵᠡᠷᠭᠡ ᠬᠥᠷᠥᠰᠥ ᠰᠢᠷᠣᠢ᠎ᠳᠤ 《ᠪᠥᠬᠦ ᠲᠠᠯ᠎ᠠ ᠵᠢᠨ ᠪᠠᠶ᠋ᠢᠴᠠᠭ᠋ᠠᠯᠲᠠ》 ᠬᠢᠬᠦ ᠵᠢ ᠪᠡᠶᠡᠯᠡᠭᠦᠯᠵᠦ᠂ ᠬᠥᠷᠥᠰᠥ ᠰᠢᠷᠣᠢ ᠵᠢᠨ ᠰᠢᠮᠡᠯᠢᠭ ᠴᠢᠨᠠᠷ᠎ᠤᠨ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠨ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠰᠠᠬᠢᠬᠤ᠂ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ᠂ ᠲᠠᠷᠢᠶᠠᠯᠠᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃

     (ᠭᠤᠷᠪᠠ) ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ

      ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ᠎ᠳᠤ ᠳᠥᠷᠪᠡᠨ ᠲᠠᠯ᠎ᠠ ᠪᠠᠭᠲᠠᠨ᠎ᠠ᠄ ᠨᠢᠭᠡ᠎ᠳᠤ᠂ ᠬᠥᠷᠥᠰᠥ ᠰᠢᠷᠣᠢ ᠵᠢᠨ ᠰᠢᠨᠵᠢ ᠪᠠᠶ᠋ᠢᠳᠠᠯ᠎ᠤᠨ ᠨᠡᠶ᠋ᠢᠳᠡᠮ ᠪᠠᠶ᠋ᠢᠴᠠᠭ᠋ᠠᠯᠲᠠ᠂ ᠡᠭᠦᠨ᠎ᠳᠤ ᠬᠡᠭᠡᠷ᠎ᠡ ᠵᠢᠨ ᠬᠥᠷᠥᠰᠥ ᠰᠢᠷᠣᠢ ᠵᠢᠨ ᠥᠩᠭᠡᠨ ᠳᠠᠪᠬᠤᠷᠭ᠎ᠠ ᠵᠢᠨ ᠥᠯᠢᠭᠡᠷ ᠡᠳ᠋ ᠴᠤᠭᠯᠠᠭᠤᠯᠬᠤ ᠪᠠ ᠬᠥᠷᠥᠰᠥ ᠰᠢᠷᠣᠢ ᠵᠢᠨ ᠹᠢᠽᠢᠺ ᠬᠢᠮᠢ ᠵᠢᠨ ᠰᠢᠨᠵᠢ ᠪᠠᠶ᠋ᠢᠳᠠᠯ᠂ ᠠᠮᠢᠳᠤ ᠪᠣᠳᠠᠰ᠎ᠤᠨ ᠰᠢᠨᠵᠢ ᠪᠠᠶ᠋ᠢᠳᠠᠯ᠎ᠤᠨ ᠭᠦᠢ᠍ᠴᠡᠳᠬᠡᠯ ᠲᠤᠭ᠎ᠠ ᠵᠢ ᠵᠠᠳᠠᠯᠵᠤ ᠰᠢᠨᠵᠢᠯᠡᠨ ᠰᠢᠯᠭ᠋ᠠᠬᠤ ᠵᠡᠷᠭᠡ ᠪᠠᠭᠲᠠᠨ᠎ᠠ; ᠬᠤᠶᠠᠷ᠎ᠲᠤ᠂ ᠬᠥᠷᠥᠰᠥ ᠰᠢᠷᠣᠢ ᠵᠢᠨ ᠲᠥᠷᠥᠯ ᠵᠦᠢ᠍ᠯ᠎ᠤᠨ ᠨᠡᠶ᠋ᠢᠳᠡᠮ ᠪᠠᠶ᠋ᠢᠴᠠᠭ᠋ᠠᠯᠲᠠ᠂ ᠡᠭᠦᠨ᠎ᠳᠤ ᠭᠤᠣᠯ ᠪᠣᠯᠬᠤ ᠬᠥᠷᠥᠰᠥ ᠰᠢᠷᠣᠢ ᠵᠢᠨ ᠲᠥᠷᠥᠯ ᠵᠦᠢ᠍ᠯ᠎ᠤᠨ ᠣᠭᠲᠣᠯᠣᠭ᠋ᠠᠰᠤ ᠵᠢ ᠠᠭᠤᠳᠠᠯᠤᠨ ᠠᠵᠢᠭᠯᠠᠬᠤ᠂ ᠥᠯᠢᠭᠡᠷ ᠠᠪᠴᠤ ᠰᠢᠨᠵᠢᠯᠡᠨ ᠰᠢᠯᠭ᠋ᠠᠬᠤ ᠵᠡᠷᠭᠡ ᠵᠢ ᠪᠠᠭᠲᠠᠭ᠋ᠠᠵᠤ᠂ ᠬᠥᠷᠥᠰᠥ ᠰᠢᠷᠣᠢ ᠵᠢᠨ ᠲᠥᠷᠥᠯ ᠵᠦᠢ᠍ᠯ᠎ᠢ ᠨᠥᠬᠦᠪᠦᠷᠢᠯᠡᠨ ᠪᠦᠷᠢᠨᠰᠢᠭᠦᠯᠦᠨ᠎ᠡ;   ᠭᠤᠷᠪᠠ᠎ᠳᠤ᠂ ᠬᠥᠷᠥᠰᠥ ᠰᠢᠷᠣᠢ ᠵᠢᠨ ᠣᠷᠴᠢᠨ ᠲᠣᠭᠤᠷᠢᠨ᠎ᠤ ᠨᠥᠬᠦᠴᠡᠯ᠎ᠤᠨ ᠨᠡᠶ᠋ᠢᠳᠡᠮ ᠪᠠᠶ᠋ᠢᠴᠠᠭ᠋ᠠᠯᠲᠠ᠂ ᠡᠭᠦᠨ᠎ᠳᠤ ᠭᠠᠵᠠᠷ᠎ᠤᠨ ᠪᠠᠶ᠋ᠢᠴᠠ ᠭᠠᠵᠠᠷ᠎ᠤᠨ ᠭᠠᠳᠠᠷᠭᠤ᠂ ᠤᠷᠭᠤᠮᠠᠯ᠎ᠤᠨ ᠬᠤᠴᠢᠯᠭ᠎ᠠ ᠵᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ᠎ᠤ ᠭᠠᠵᠠᠷ ᠰᠢᠨᠵᠢᠯᠡᠭᠡ ᠵᠡᠷᠭᠡ ᠪᠠᠭᠲᠠᠨ᠎ᠠ; ᠳᠥᠷᠪᠡ᠎ᠳᠤ᠂ ᠬᠥᠷᠥᠰᠥ ᠰᠢᠷᠣᠢ ᠵᠢᠨ ᠠᠰᠢᠭᠯᠠᠯᠲᠠ ᠵᠢᠨ ᠪᠠᠶ᠋ᠢᠳᠠᠯ᠎ᠢ ᠨᠡᠶ᠋ᠢᠳᠡᠮ ᠪᠠᠶ᠋ᠢᠴᠠᠭ᠋ᠠᠨ᠎ᠠ᠂ ᠡᠭᠦᠨ᠎ᠳᠤ ᠰᠠᠭᠤᠷᠢ ᠪᠡᠯᠡᠳᠬᠡᠮᠵᠢ ᠵᠢᠨ ᠨᠥᠬᠦᠴᠡᠯ᠂ ᠲᠠᠷᠢᠮᠠᠯ᠎ᠤᠨ ᠳᠦᠷᠢᠮ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠢᠷᠢ ᠲᠦᠪᠰᠢᠨ ᠵᠡᠷᠭᠡ ᠵᠢ ᠪᠠᠭᠲᠠᠭ᠋ᠠᠨ᠎ᠠ᠃

    (ᠳᠥᠷᠪᠡ) ᠨᠡᠶ᠋ᠢᠳᠡᠮ ᠪᠠᠶ᠋ᠢᠴᠠᠭ᠋ᠠᠬᠤ ᠠᠷᠭ᠎ᠠ ᠮᠠᠶᠢᠭ

      ᠤᠯᠤᠰ᠎ᠤᠨ ᠨᠢᠭᠡᠳᠦᠯᠲᠡᠢ ᠠᠵᠢᠯ᠎ᠤᠨ ᠲᠠᠪᠴᠠᠩ᠂ ᠨᠢᠭᠡᠳᠦᠯᠲᠡᠢ ᠮᠡᠷᠭᠡᠵᠢᠯ᠎ᠤᠨ ᠳᠦᠷᠢᠮ᠂ ᠨᠢᠭᠡᠳᠦᠯᠲᠡᠢ ᠠᠵᠢᠯ᠎ᠤᠨ ᠰᠠᠭᠤᠷᠢ ᠵᠢᠷᠤᠭ᠂ ᠨᠢᠭᠡᠳᠦᠯᠲᠡᠢ ᠦᠯᠢᠭᠡᠷ ᠶᠠᠩᠵᠤ ᠵᠢᠨ ᠴᠡᠭ ᠪᠠᠶ᠋ᠢᠷᠢᠯᠠᠭᠤᠯᠬᠤ᠂ ᠨᠢᠭᠡᠳᠦᠯᠲᠡᠢ ᠰᠢᠯᠢᠨ ᠰᠣᠩᠭᠤᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ᠂ ᠨᠢᠭᠡᠳᠦᠯᠲᠡᠢ ᠰᠢᠮᠡᠯᠢᠭ ᠴᠢᠨᠠᠷ᠎ᠢ ᠡᠵᠡᠮᠳᠡᠬᠦ ᠲᠣᠭᠲᠠᠯᠴᠠᠭ᠋ᠠᠨ᠎ᠤ ᠰᠠᠭᠤᠷᠢᠨ ᠳᠡᠭᠡᠷ᠎ᠡ᠂ ᠬᠤᠰᠢᠭᠤ ᠰᠢᠶᠠᠨ ᠵᠶ᠋ᠠᠷ ᠨᠢᠭᠡᠴᠢ ᠪᠣᠯᠭ᠋ᠠᠨ ᠬᠡᠭᠡᠷ᠎ᠡ ᠵᠢᠨ ᠠᠵᠢᠯ ᠲᠥᠷᠥᠯ᠎ᠤᠨ ᠪᠠᠶ᠋ᠢᠴᠠᠭ᠋ᠠᠯᠲᠠ ᠵᠢᠨ ᠦᠯᠢᠭᠡᠷ ᠠᠪᠬᠤ ᠪᠠ ᠳᠣᠲᠣᠭ᠋ᠠᠳᠤ ᠠᠵᠢᠯ ᠲᠥᠷᠥᠯ᠎ᠤᠨ ᠰᠢᠯᠭ᠋ᠠᠨ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ᠎ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ ᠨᠡᠶ᠋ᠢᠳᠡᠮ ᠪᠠᠶ᠋ᠢᠴᠠᠭ᠋ᠠᠯᠲᠠ ᠬᠢᠨ᠎ᠡ᠃

     (ᠲᠠᠪᠤ) ᠨᠡᠶ᠋ᠢᠳᠡᠮ ᠪᠠᠶ᠋ᠢᠴᠠᠭ᠋ᠠᠯᠲᠠ ᠵᠢᠨ ᠠᠬᠢᠴᠠ ᠵᠢᠨ ᠲᠣᠬᠢᠷᠠᠭᠤᠯᠤᠯᠲᠠ

     2022 ᠣᠨ᠎ᠳᠤ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠪᠠᠶ᠋ᠢᠴᠠᠭ᠋ᠠᠯᠲᠠ ᠵᠢᠨ ᠠᠵᠢᠯ᠎ᠢ ᠡᠬᠢᠯᠡᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠬᠢᠨ᠎ᠡ;

     2023 — 2024 ᠣᠨ᠎ᠳᠤ ᠨᠡᠶ᠋ᠢᠳᠡᠮ ᠪᠠᠶ᠋ᠢᠴᠠᠭ᠋ᠠᠯᠲᠠ ᠵᠢ ᠪᠦᠬᠦ ᠲᠠᠯ᠎ᠠ᠎ᠪᠠᠷ ᠡᠬᠢᠯᠡᠭᠦᠯᠦᠨ᠎ᠡ;

     2025 ᠣᠨ᠎ᠳᠤ ᠦᠷ᠎ᠡ ᠪᠦᠲᠦᠭᠡᠯ᠎ᠢ ᠬᠤᠷᠢᠶᠠᠩᠭᠤᠶ᠋ᠢᠯᠠᠵᠤ᠂ ᠰᠢᠯᠭ᠋ᠠᠨ ᠬᠤᠷᠢᠶᠠᠵᠤ᠂ ᠳ᠋ᠦᠩᠨᠡᠨ᠎ᠡ᠃

     2022 ᠣᠨ᠎ᠳᠤ᠂ ᠪᠥᠬᠦ ᠣᠷᠣᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠲᠥᠰᠥᠯ᠂ ᠣᠨ᠎ᠤ ᠲᠤᠷᠰᠢᠯᠲᠠ ᠵᠢᠨ ᠲᠥᠰᠥᠯ ᠪᠠ ᠬᠤᠵᠢᠷᠯᠢᠭ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠥᠯ᠎ᠢ ᠲᠣᠭᠲᠠᠭ᠋ᠠᠨ᠎ᠠ; ᠲᠠᠪᠤᠨ ᠲᠤᠷᠰᠢᠯᠲᠠ ᠵᠢᠨ ᠬᠤᠰᠢᠭᠤ ᠰᠢᠶᠠᠨ᠎ᠢ ᠵᠣᠬᠢᠶᠠᠨ ᠪᠠᠶ᠋ᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠷᠰᠢᠯᠲᠠ ᠬᠢᠨ᠎ᠡ; ᠪᠥᠬᠦ ᠣᠷᠣᠨ᠎ᠤ ᠬᠤᠵᠢᠷᠯᠢᠭ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠡᠬᠢᠯᠡᠭᠦᠯᠬᠦ ᠵᠢᠨ ᠬᠠᠮᠲᠤ ᠪᠡᠶᠡᠯᠡᠭᠦᠯᠦᠨ᠎ᠡ᠃

     2023 — 2024 ᠣᠨ᠎ᠳᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠥᠷᠨᠢᠭᠦᠯᠵᠦ᠂ ᠣᠯᠠᠨ ᠲᠠᠰ ᠳᠠᠪᠬᠤᠷᠭ᠎ᠠ ᠵᠢᠨ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ᠎ᠤᠨ ᠵᠢᠯᠣᠭᠤᠳᠤᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠡᠭᠡᠷ᠎ᠡ ᠵᠢᠨ ᠠᠵᠢᠯ ᠲᠥᠷᠥᠯ᠎ᠤᠨ ᠪᠠᠶ᠋ᠢᠴᠠᠭ᠋ᠠᠯᠲᠠ ᠵᠢᠨ ᠥᠯᠢᠭᠡᠷ ᠠᠪᠬᠤ ᠪᠠ ᠳᠣᠲᠣᠭ᠋ᠠᠳᠤ ᠠᠵᠢᠯ ᠲᠥᠷᠥᠯ᠎ᠤᠨ ᠰᠢᠯᠭ᠋ᠠᠨ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ ᠵᠢ ᠪᠡᠶᠡᠯᠡᠭᠦᠯᠵᠦ᠂ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠬᠥᠮᠥᠷᠭᠡ ᠬᠢᠭᠡᠳ ᠥᠯᠢᠭᠡᠷ ᠡᠳ᠋᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠦᠨ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ᠎ᠢ ᠪᠣᠶ ᠪᠣᠯᠭ᠋ᠠᠨ᠎ᠠ᠃ ᠬᠡᠭᠡᠷ᠎ᠡ ᠵᠢᠨ ᠠᠵᠢᠯ ᠲᠥᠷᠥᠯ᠎ᠤᠨ ᠪᠠᠶ᠋ᠢᠴᠠᠭ᠋ᠠᠯᠲᠠ ᠵᠢᠨ ᠥᠯᠢᠭᠡᠷ ᠠᠪᠬᠤ᠂ ᠳᠣᠲᠣᠭ᠋ᠠᠳᠤ ᠠᠵᠢᠯ ᠲᠥᠷᠥᠯ᠎ᠤᠨ ᠰᠢᠯᠭ᠋ᠠᠯᠲᠠ ᠵᠢᠨ ᠰᠢᠨᠵᠢᠯᠡᠨ ᠰᠢᠯᠭ᠋ᠠᠬᠤ ᠴᠠᠭ᠎ᠢ 2024 ᠣᠨ᠎ᠤ 11 ᠰᠠᠷ᠎ᠠ ᠵᠢᠨ ᠰᠡᠭᠦᠯᠴᠢ ᠪᠣᠯᠲᠠᠯ᠎ᠠ ᠶᠠᠪᠤᠭᠳᠠᠭᠤᠯᠤᠨ᠎ᠠ᠃

     2025 ᠣᠨ᠎ᠤ ᠳᠡᠭᠡᠷ᠎ᠡ ᠬᠠᠭ᠋ᠠᠰ ᠵᠢᠯ᠎ᠳᠤ᠂ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠡᠮᠬᠢᠯᠡᠬᠦ᠂ ᠲᠤᠭ᠎ᠠ ᠪᠠᠷᠢᠮᠲᠠ ᠵᠢ ᠬᠢᠨᠠᠨ ᠬᠠᠷᠭᠤᠭᠤᠯᠬᠤ᠂ ᠰᠢᠩᠭᠡᠭᠡᠨ ᠣᠷᠣᠭᠤᠯᠬᠤ ᠵᠡᠷᠭᠡ ᠠᠵᠢᠯ᠎ᠢ ᠪᠡᠶᠡᠯᠡᠭᠦᠯᠵᠦ᠂ ᠭᠤᠷᠪᠠᠳᠤᠭ᠋ᠠᠷ ᠤᠳᠠᠭ᠋ᠠᠨ᠎ᠤ ᠪᠥᠬᠦ ᠣᠷᠣᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠨᠳᠦᠰᠦᠨ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠨ ᠪᠦᠷᠢᠯᠳᠦᠭᠦᠯᠦᠨ᠎ᠡ; ᠳᠣᠣᠷ᠎ᠠ ᠬᠠᠭ᠋ᠠᠰ ᠵᠢᠯ᠎ᠳᠤ᠂ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠰᠢᠯᠭ᠋ᠠᠨ ᠠᠪᠬᠤ᠂ ᠬᠤᠷᠢᠶᠠᠩᠭᠤᠶ᠋ᠢᠯᠠᠨ ᠲᠤᠰᠢᠶᠠᠬᠤ ᠪᠠ ᠳ᠋ᠦᠩᠨᠡᠬᠦ ᠵᠢ ᠪᠡᠶᠡᠯᠡᠭᠦᠯᠵᠦ᠂ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠬᠥᠮᠥᠷᠭᠡ ᠪᠠ ᠥᠯᠢᠭᠡᠷ ᠡᠳ᠋᠎ᠤᠨ ᠬᠥᠮᠥᠷᠭᠡ ᠵᠢ ᠪᠠᠶ᠋ᠢᠭᠤᠯᠵᠤ᠂ ᠪᠥᠬᠦ ᠣᠷᠣᠨ᠎ᠤ ᠲᠠᠷᠢᠶᠠᠨ ᠭᠠᠵᠠᠷ᠎ᠤᠨ ᠰᠢᠮᠡᠯᠢᠭ ᠴᠢᠨᠠᠷ᠎ᠤᠨ ᠮᠡᠳᠡᠭᠦᠯᠦᠯᠲᠡ ᠪᠠ ᠪᠥᠬᠦ ᠣᠷᠣᠨ᠎ᠤ ᠬᠥᠷᠥᠰᠥ ᠰᠢᠷᠣᠢ ᠵᠢᠨ ᠠᠰᠢᠭᠯᠠᠯᠲᠠ ᠵᠢᠨ ᠵᠣᠬᠢᠴᠠᠬᠤ ᠴᠢᠨᠠᠷ᠎ᠤᠨ ᠦᠨᠡᠯᠡᠯᠲᠡ ᠵᠢᠨ ᠮᠡᠳᠡᠭᠦᠯᠦᠯᠲᠡ ᠵᠢ ᠪᠣᠶ ᠪᠣᠯᠭ᠋ᠠᠨ᠎ᠠ᠃

     (ᠵᠢᠷᠭᠤᠭ᠎ᠠ) ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ

      ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠬᠥᠮᠥᠷᠭᠡ ᠬᠢᠭᠡᠳ ᠥᠯᠢᠭᠡᠷ ᠡᠳ᠋᠎ᠤᠨ ᠬᠥᠮᠥᠷᠭᠡ ᠵᠢ ᠪᠠᠶ᠋ᠢᠭᠤᠯᠵᠤ᠂ ᠪᠥᠬᠦ ᠣᠷᠣᠨ᠎ᠤ ᠲᠠᠷᠢᠶᠠᠨ ᠭᠠᠵᠠᠷ᠎ᠤᠨ ᠰᠢᠮᠡᠯᠢᠭ ᠴᠢᠨᠠᠷ᠎ᠤᠨ ᠮᠡᠳᠡᠭᠦᠯᠦᠯᠲᠡ ᠪᠠ ᠪᠥᠬᠦ ᠣᠷᠣᠨ᠎ᠤ ᠬᠥᠷᠥᠰᠥ ᠰᠢᠷᠣᠢ ᠵᠢᠨ ᠠᠰᠢᠭᠯᠠᠯᠲᠠ ᠵᠢᠨ ᠵᠣᠬᠢᠴᠠᠬᠤ ᠴᠢᠨᠠᠷ᠎ᠤᠨ ᠦᠨᠡᠯᠡᠯᠲᠡ ᠵᠢᠨ ᠮᠡᠳᠡᠭᠦᠯᠦᠯᠲᠡ ᠵᠢ ᠪᠣᠶ ᠪᠣᠯᠭ᠋ᠠᠨ᠎ᠠ᠃

     (ᠲᠤᠯᠤᠭ᠎ᠠ) ᠪᠠᠲᠤᠯᠠᠭ᠎ᠠ ᠵᠢᠨ ᠠᠷᠭ᠎ᠠ ᠬᠡᠮᠵᠢᠶ᠎ᠡ

      ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠪᠥᠬᠦ ᠣᠷᠣᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠭᠤᠣᠯ ᠴᠣᠭᠴᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠷᠪᠠᠳᠤᠭ᠋ᠠᠷ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ᠎ᠠ᠃ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ ᠨᠢᠭᠡᠴᠢ᠎ᠨᠦᠭᠦᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ᠂ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠨᠢᠭᠲᠠᠷᠠᠨ ᠬᠠᠮᠵᠢᠯᠴᠠᠨ᠂ ᠮᠡᠷᠭᠡᠵᠢᠯ᠎ᠤᠨ ᠵᠢᠯᠣᠭᠤᠳᠤᠯᠭ᠎ᠠ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ᠂ ᠶᠠᠰᠤ ᠴᠢᠨᠠᠷ᠎ᠢ ᠡᠵᠡᠮᠳᠡᠬᠦ᠂ ᠵᠠᠷᠤᠳᠠᠯ ᠡᠳ᠋ ᠪᠠᠷᠠᠭ᠎ᠠ ᠵᠢ ᠪᠠᠲᠤᠯᠠᠬᠤ ᠵᠡᠷᠭᠡ ᠠᠵᠢᠯ᠎ᠢ ᠴᠢᠩᠭ᠋ᠠᠳᠬᠠᠬᠤ ᠬᠡᠷᠡᠭᠲᠡᠢ᠃ ᠠᠶ᠋ᠢᠮᠠᠭ ᠬᠤᠳᠠ᠂ ᠬᠤᠰᠢᠭᠤ ᠰᠢᠶᠠᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠲᠤᠬᠠᠢ ᠵᠢᠨ ᠭᠠᠵᠠᠷ᠎ᠤᠨ ᠬᠥᠷᠥᠰᠥ ᠰᠢᠷᠣᠢ ᠵᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠬᠠᠷᠢᠭᠤᠴᠠᠯᠭ᠎ᠠ ᠵᠢᠨ ᠭᠤᠣᠯ ᠴᠣᠭᠴᠠ ᠪᠣᠯᠬᠤ ᠲᠤᠯᠠ᠂ ᠬᠠᠷᠢᠴᠠᠩᠭᠤᠢ ᠪᠦᠬᠦᠢ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠬᠢᠭᠡᠳ ᠠᠯᠪᠠᠨ ᠭᠡᠷ᠎ᠢ ᠵᠣᠬᠢᠶᠠᠨ ᠪᠠᠶ᠋ᠢᠭᠤᠯᠵᠤ ᠰᠢᠰᠲ᠋ᠧᠮ᠎ᠲᠠᠢ᠎ᠪᠠᠷ ᠲᠥᠯᠥᠪᠯᠡᠵᠦ᠂ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃

      ᠬᠤᠶᠠᠷ᠎ᠲᠤ᠂ ᠮᠡᠷᠭᠡᠵᠢᠯ᠎ᠤᠨ ᠪᠠᠲᠤᠯᠠᠭ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠤᠭᠤᠶ᠋ᠢᠯᠠᠩ ᠪᠣᠯᠣᠨ ᠲᠤᠰᠬᠠᠢ ᠮᠡᠷᠭᠡᠵᠢᠯᠲᠡᠨ᠎ᠤ ᠯᠠᠪᠯᠠᠯᠭ᠎ᠠ ᠥᠭᠬᠦ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠤᠭᠤᠶ᠋ᠢᠯᠠᠩ᠎ᠨᠢ ᠥᠪᠡᠷᠲᠡᠭᠡᠨ ᠵᠠᠰᠠᠭ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ᠂ ᠲᠠᠷᠢᠶᠠᠯᠠᠩ᠎ᠤᠨ ᠶᠡᠭᠡ ᠰᠤᠷᠭ᠋ᠠᠭᠤᠯᠢ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠨᠢᠭᠡᠴᠢ ᠵᠢᠨ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠨ ᠵᠶ᠋ᠠᠷ ᠪᠦᠷᠢᠯᠳᠦᠵᠦ᠂ ᠪᠦᠬᠦ ᠣᠷᠣᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠣᠳᠠᠲᠠᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ; ᠲᠤᠰᠬᠠᠢ ᠮᠡᠷᠭᠡᠵᠢᠯᠲᠡᠨ᠎ᠤ ᠠᠰᠠᠭᠤᠨ ᠯᠠᠪᠯᠠᠬᠤ ᠳᠤᠭᠤᠶ᠋ᠢᠯᠠᠩ᠎ᠨᠢ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ ᠪᠠ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠲᠤᠰᠬᠠᠢ ᠮᠡᠷᠭᠡᠵᠢᠯᠲᠡᠨ ᠵᠶ᠋ᠠᠷ ᠪᠦᠷᠢᠯᠳᠦᠵᠦ᠂ ᠬᠠᠮᠢᠶ᠎ᠠ ᠪᠦᠬᠦᠢ ᠲᠥᠰᠥᠯ᠎ᠢ ᠬᠢᠨᠠᠨ ᠪᠠᠶ᠋ᠢᠴᠠᠭ᠋ᠠᠬᠤ᠂ ᠠᠵᠢᠯ᠎ᠤᠨ ᠳᠤᠮᠳᠠᠬᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠮᠡᠷᠭᠡᠵᠢᠯ᠎ᠤᠨ ᠪᠣᠯᠪᠠᠰᠤᠷᠠᠯ ᠬᠢᠬᠦ᠂ ᠲᠤᠬᠠᠢ ᠵᠢᠨ ᠭᠠᠵᠠᠷ᠎ᠲᠤ᠎ᠨᠢ ᠵᠢᠯᠤᠭᠤᠳᠬᠤ ᠵᠡᠷᠭᠡ ᠵᠢ ᠬᠠᠷᠢᠭᠤᠴᠠᠨ᠎ᠠ᠃

      ᠭᠤᠷᠪᠠ᠎ᠳᠤ᠂ ᠵᠠᠷᠤᠳᠠᠯ᠎ᠤᠨ ᠪᠠᠲᠤᠯᠠᠭ᠎ᠠ᠃ ᠲᠣᠰ ᠤᠳᠠᠭ᠋ᠠᠨ᠎ᠤ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠲᠥᠪ᠎ᠤᠨ ᠡᠳ᠋᠎ᠤᠨ ᠵᠠᠰᠠᠭ ᠪᠣᠯᠣᠨ ᠣᠷᠣᠨ ᠨᠤᠲᠤᠭ᠎ᠤᠨ ᠡᠳ᠋᠎ᠤᠨ ᠵᠠᠰᠠᠭ ᠡᠭᠦᠷᠭᠡᠯᠡᠬᠦ ᠠᠵᠢᠯ᠎ᠤᠨ ᠡᠭᠦᠷᠭᠡ᠎ᠪᠠᠷ ᠵᠶ᠋ᠠᠨ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ᠎ᠤᠨ ᠡᠳ᠋᠎ᠤᠨ ᠵᠠᠰᠠᠭ᠎ᠨᠢ ᠲᠣᠰ ᠣᠷᠣᠨ ᠪᠦᠰᠡ ᠵᠢᠨ ᠵᠶ᠋ᠠᠨ ᠬᠡᠭᠡᠷ᠎ᠡ ᠵᠢᠨ ᠠᠵᠢᠯ ᠲᠥᠷᠥᠯ᠎ᠤᠨ ᠪᠠᠶ᠋ᠢᠴᠠᠭ᠋ᠠᠯᠲᠠ ᠵᠢᠨ ᠥᠯᠢᠭᠡᠷ ᠠᠪᠬᠤ᠂ ᠳᠣᠲᠣᠭ᠋ᠠᠳᠤ ᠠᠵᠢᠯ ᠲᠥᠷᠥᠯ᠎ᠤᠨ ᠰᠢᠯᠭ᠋ᠠᠨ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ᠂ ᠮᠡᠷᠭᠡᠵᠢᠯ᠎ᠤᠨ ᠪᠣᠯᠪᠠᠰᠤᠷᠠᠯ᠂ ᠲᠤᠰᠬᠠᠢ ᠮᠡᠷᠭᠡᠵᠢᠯᠲᠡᠨ᠎ᠤ ᠵᠢᠯᠣᠭᠤᠳᠤᠯᠭ᠎ᠠ ᠦᠢ᠍ᠯᠡᠴᠢᠯᠡᠭᠡ᠂ ᠲᠤᠭ᠎ᠠ ᠪᠠᠷᠢᠮᠲᠠ ᠵᠢᠨ ᠵᠠᠳᠠᠯᠤᠯᠲᠠ᠂ ᠦᠷ᠎ᠡ ᠪᠦᠲᠦᠭᠡᠯ᠎ᠤᠨ ᠬᠤᠷᠢᠶᠠᠩᠭᠤᠶ᠋ᠢᠯᠠᠯ ᠪᠠ ᠳ᠋ᠠᠶ᠋ᠢᠲ᠋ᠠ ᠵᠢᠨ ᠬᠥᠮᠥᠷᠭᠡ ᠪᠠ ᠥᠯᠢᠭᠡᠷ ᠡᠳ᠋᠎ᠤᠨ ᠬᠥᠮᠥᠷᠭᠡ ᠵᠢᠨ ᠪᠠᠶ᠋ᠢᠭᠤᠯᠤᠯᠲᠠ ᠵᠡᠷᠭᠡ ᠵᠢ ᠬᠠᠷᠢᠭᠤᠴᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠷᠤᠳᠠᠯ᠎ᠢ ᠵᠣᠬᠢᠬᠤ ᠣᠨ᠎ᠤ ᠲᠥᠰᠥᠪ᠎ᠲᠤ ᠣᠷᠣᠭᠤᠯᠤᠨ ᠪᠠᠲᠤᠯᠠᠬᠤ ᠬᠡᠷᠡᠭᠲᠡᠢ᠃

      ᠳᠥᠷᠪᠡ᠎ᠳᠤ᠂ ᠤᠬᠠᠭᠤᠯᠭ᠎ᠠ ᠵᠢᠨ ᠪᠠᠲᠤᠯᠠᠭ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ᠎ᠢ ᠰᠠᠶ᠋ᠢᠲᠤᠷ ᠬᠡᠷᠡᠭᠯᠡᠨ᠂ ᠬᠥᠷᠥᠰᠥ ᠰᠢᠷᠣᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠴᠢᠬᠤᠯᠠ ᠠᠴᠢ ᠬᠤᠯᠪᠣᠭᠳᠠᠯ ᠪᠣᠯᠣᠨ ᠱᠠᠭ᠋ᠠᠷᠳᠠᠯᠭ᠎ᠠ ᠵᠢ ᠥᠷᠭᠡᠨ ᠵᠶ᠋ᠠᠷ ᠤᠬᠠᠭᠤᠯᠵᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠥᠲᠥᠯᠥᠨ ᠵᠢᠯᠤᠭᠤᠳᠬᠤ ᠵᠢ ᠬᠢᠨᠠᠮᠠᠭ᠋ᠠᠢ ᠰᠠᠶ᠋ᠢᠲᠤᠷ ᠬᠢᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠠᠬᠤᠢ ᠵᠢ ᠪᠤᠢ ᠪᠣᠯᠭ᠋ᠠᠵᠤ ᠥᠭᠭᠦᠨ᠎ᠡ᠃
   
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
【ᠵᠢᠷᠦᠭ᠍ᠲᠤ ᠲᠠᠢ᠌ᠯᠤᠮᠵᠢ】 ᠪᠡᠶ᠎ᠡ ᠵᠢᠨ ᠲᠠᠮᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ (ᠨᠠᠢ᠍ᠮᠠ)
《2022 ᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠭᠤᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠭᠰᠠᠨ᠎ᠢ ᠬᠠᠷᠢᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠲᠣᠭᠳᠠᠭᠤᠨ᠎ᠤ ᠲᠣᠮᠳᠠ ᠣᠷᠣᠭᠰᠢᠯᠠᠨ ᠳᠠᠪᠰᠢᠬᠤ ᠵᠢ ᠪᠠᠷᠢᠮᠳᠠᠯᠠᠵᠣ ᠠᠵᠣ ᠦᠢ᠍ᠯᠡᠰ᠎ᠤᠨ ᠴᠢᠨᠠᠷ ᠰᠠᠶ᠋ᠢᠳᠠᠢ ᠬᠦᠭᠵᠢᠯᠳᠡ ᠵᠢ ᠠᠬᠢᠭᠤᠯᠬᠤ ᠲᠦᠷᠦ ᠵᠢᠨ ᠪᠣᠳᠣᠯᠭ᠎ᠠ ᠵᠢᠨ ᠨᠠᠷᠢᠨ ᠳᠠᠩᠰᠠ
【ᠵᠢᠷᠤᠭᠲᠤ ᠲᠠᠶ᠋ᠢᠯᠤᠮᠵᠢ】᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠠᠷᠠᠳ᠎ᠤᠨ ᠪᠡᠶ᠎ᠡ ᠴᠢᠬᠢᠷᠠᠭᠵᠢᠭᠤᠯᠤᠯᠲᠠ ᠵᠢᠨ ᠬᠡᠷᠡᠭᠵᠢᠭᠦᠯᠬᠦ ᠲᠦᠯᠦᠪᠯᠡᠭᠡ (2021-2025 ᠣᠨ)
【ᠵᠢᠷᠤᠭᠲᠤ ᠲᠠᠢ᠌ᠯᠤᠮᠵᠢ】《ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》 ᠎ᠤᠨ ᠲᠠᠢ᠌ᠯᠤᠮᠵᠢ (ᠨᠢᠭᠡ)
 
             蒙ICP备05000248号